[2019.3.17]ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | —— 2019 ᠣᠨ ᠤ 3 ᠰᠠᠷ᠎ᠠ ᠶᠢᠨ 17 ᠤ ᠡᠳᠦᠷ ᠤᠨ ᠦᠣᠰᠢᠨ ᠬᠤᠰᠢᠭᠤᠨ ᠤ ᠠᠷᠪᠠᠨ | ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ | ᠣᠳᠠᠭᠠᠨ ᠤ ᠬᠤᠷᠠᠯᠳᠤᠭᠠᠨ ᠳᠡᠭᠡᠷ᠎ᠡ | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠣᠷᠣᠯᠠᠭᠴᠢ ᠲᠠᠷᠤᠭ᠎ᠠ | ᠵᠣᠣ ᠹᠧᠢ ᠯᠤ᠋ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠪᠣᠯᠪᠠᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ | ᠬᠤᠷᠠᠯ ᠳᠤ ᠤᠷᠤᠯᠴᠠᠭᠰᠡᠳ ᠰᠠᠨᠠᠯ ᠰᠠᠨᠠᠭᠤᠯᠭ᠎ᠠ ᠪᠠᠨ ᠳᠡᠪᠰᠢᠬᠦᠯᠬᠦ ᠪᠤᠯᠪᠠᠤ᠃ | ᠨᠢᠬᠡ᠂ ᠦᠩᠬᠡᠷᠡᠭᠰᠡᠨ ᠨᠢᠬᠡ ᠵᠢᠯ ᠤᠨ ᠠᠵᠢᠯ ᠤᠨ ᠡᠷᠬᠢᠴᠡᠬᠦᠯᠥᠯ | 2018 ᠣᠨ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤ | ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ᠂ ᠣᠯᠣᠰ ᠲᠦᠷᠤ ᠶᠢᠨ ᠵᠦᠪᠯᠡᠯᠭᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ | ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ | ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠣ ᠨᠠᠮ ᠤᠨ ᠠᠷᠪᠠ | ᠶᠢᠰᠣᠳᠣᠬᠡᠷ ᠶᠡᠭᠡ ᠬᠤᠷᠠᠯ᠂ ᠠᠷᠪᠠ ᠶᠢᠰᠣᠳᠣᠬᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ ᠪᠦᠬᠦᠳᠠ ᠬᠤᠷᠠᠯ | ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠥᠷ ᠮᠣᠩᠭᠤᠯ ᠤᠨ ᠠᠵᠢᠯ ᠤᠨ ᠳᠣᠬᠠᠢ | ᠴᠢᠬᠤᠯᠠ ᠶᠠᠷᠢᠶ᠎ᠠ ᠪᠤᠯᠤᠨ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ | ᠳᠣᠭᠤᠰᠢᠯᠠᠭᠤᠯᠣᠨ ᠨᠠᠶᠢᠳᠠᠪᠣᠷᠢᠵᠢᠭᠤᠯᠵᠣ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ | ᠪᠦᠯᠬᠦᠮᠳᠡᠭᠦᠯᠦᠨ ᠳᠠᠶᠢᠴᠢᠯᠠᠵᠣ ᠳᠠᠰᠪᠣᠷᠢ ᠬᠠᠳᠠᠭᠤᠵᠢᠯᠳᠡᠢ ᠪᠠᠷ ᠬᠦᠴᠣ ᠪᠠᠨ ᠬᠠᠮᠳᠣᠳᠬᠠᠨ ᠰᠢᠭᠤᠷᠬᠠᠢ ᠳᠠᠮᠠᠴᠠᠵᠣ | ᠬᠤᠰᠢᠭᠤ ᠠᠷᠪᠠᠨ ᠳᠤᠯᠤᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠬᠤᠶᠠᠳᠣᠭᠠᠷ ᠣᠳᠠᠭᠠᠨ ᠤ ᠬᠤᠷᠠᠯᠳᠤᠭᠠᠨ ᠳᠤ ᠲᠣᠭᠲᠠᠭᠠᠭᠰᠠᠨ ᠡᠯ᠎ᠡ ᠲᠦᠷᠦᠯ ᠤᠨ ᠬᠠᠷᠠᠯᠳᠠ ᠡᠭᠦᠷᠭᠡ ᠶᠢ | ᠠᠮᠵᠢᠯᠳᠠᠳᠠᠢ ᠪᠠᠶᠠᠯᠡᠬᠦᠯᠪᠠ᠃ | ︵ᠨᠢᠬᠡ︶ ᠳᠣᠭᠳᠠᠭᠤᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠵᠣ ᠠᠵᠣ ᠠᠬᠤᠢ ᠶᠢᠨ ᠡᠷᠬᠢᠯᠳᠡ | ᠦᠷᠬᠦᠯᠵᠢᠯᠡᠨ ᠰᠠᠶᠢᠵᠢᠷᠠᠪᠠ᠃ ᠣᠷᠣᠨ ᠨᠣᠲᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ ᠢ 387.1 | ᠳ᠋ᠦᠩᠰᠢᠭᠤᠷ ᠲᠥᠭᠦᠷᠢᠭ ᠪᠡᠶᠡᠯᠡᠭᠦᠯᠵᠤ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ︔ ᠣᠯᠠᠨ | ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠣᠷᠣᠯᠭ᠎ᠠ ᠶᠢ 21 ᠳ᠋ᠦᠩᠰᠢᠭᠤᠷ ᠲᠥᠭᠦᠷᠢᠭ ᠪᠡᠶᠡᠯᠡᠭᠦᠯᠵᠣ | ᠠᠳᠠᠯᠢ ᠬᠤᠭᠤᠴᠠᠭᠠᠨ ᠤ ᠬᠢ ᠠᠴᠠ 28.7% ᠪᠠᠷ ᠨᠡᠮᠡᠭᠳᠡᠪᠠ︔ ᠨᠡᠶᠢᠬᠡᠮ ᠤᠨ ᠬᠡᠷᠡᠭᠯᠡᠭᠡᠨ ᠤ ᠵᠣᠶᠢᠯᠡᠰ ᠢ | ᠵᠢᠵᠢᠭᠯᠡᠨ ᠪᠣᠷᠣᠯᠠᠭᠤᠯᠣᠭᠰᠡᠠ ᠶᠡᠷᠥᠩᠬᠡᠢ ᠲᠤᠭ᠎ᠠ ᠶᠢ ᠳᠥᠰᠥᠭᠡᠯᠡᠪᠡᠯ 40.4 ᠳ᠋ᠦᠩᠰᠢᠭᠤᠷ ᠲᠥᠭᠦᠷᠢᠭ ᠪᠡᠶᠡᠯᠡᠭᠦᠯᠵᠣ | ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠶᠢ ᠲᠣᠰᠪᠣᠷᠢ 44784 | ᠲᠥᠭᠦᠷᠢᠭ ᠪᠠ 18263 ᠲᠥᠭᠦᠷᠢᠭ ᠬᠦᠷᠬᠡᠵᠣ ᠠᠳᠠᠯᠢ ᠬᠤᠭᠤᠴᠠᠭᠠᠨ ᠤ ᠬᠢ ᠠᠴᠠ 7.7% ᠪᠠ 9.3% ᠪᠠᠷ | ᠨᠡᠮᠡᠭᠳᠡᠪᠠ᠃ ᠬᠤᠳᠠ ᠪᠠᠯᠭᠠᠰᠣᠨ ᠳᠤ 2008 ᠬᠦᠮᠦᠨ ᠢ ᠰᠢᠨ᠎ᠡ ᠪᠠᠷ ᠠᠵᠢᠯ ᠣᠯᠭᠤᠵᠣ ᠳᠠᠩᠰᠡᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 3.1% ᠲᠣᠲᠣᠷ᠎ᠠ ᠬᠢᠵᠠᠭᠠᠷᠯᠠᠪᠠ︔ 4905 ᠮᠠᠯᠴᠢᠨ ᠳᠠᠷᠢᠶᠠᠴᠢᠨ ᠢ | ᠨᠡᠬᠦᠯᠬᠡᠨ ᠰᠢᠯᠵᠢᠬᠦᠯᠵᠣ ᠠᠵᠢᠯ ᠣᠯᠭᠤᠪᠠ᠃ ᠵᠠᠰᠠᠭ ᠤᠨ ᠣᠷᠳᠣᠨ ᠤ ᠳᠠᠷᠬᠠᠭᠠᠭᠰᠠᠨ ᠵᠢᠭᠡᠯᠡᠯᠭᠡ ᠶᠢᠨ ᠳᠡᠮᠳᠡᠭᠳᠣ | ᠶᠢᠨ ᠪᠡᠯᠡ ᠮᠦᠩᠬᠦ ᠶᠢ 5.2 ᠳ᠋ᠦᠩᠰᠢᠭᠤᠷ ᠲᠦᠬᠦᠷᠢᠭ ᠳᠠᠮᠠᠴᠠᠨ ᠣᠯᠵᠣ ᠮᠦᠩᠬᠦᠨ ᠬᠦᠢᠯᠬᠡᠬᠡᠨ ᠤ ᠪᠠᠶᠢᠭᠤᠯᠣᠮᠵᠢ | ᠶᠢᠨ ᠬᠠᠳᠠᠭᠠᠯᠠᠮᠵᠢ᠂ ᠵᠢᠬᠡᠯᠡᠯᠬᠡ ᠶᠢᠨ ᠦᠯᠡᠳᠠᠪᠣᠷᠢ ᠳᠤᠭ᠎ᠠ ᠶᠢ ᠳᠣᠰᠪᠣᠷᠢ 84.5 ᠳ᠋ᠦᠩᠰᠢᠭᠤᠷ ᠲᠦᠬᠦᠷᠢᠭ᠂115. | 2 ᠳ᠋ᠦᠩᠰᠢᠭᠤᠷ ᠲᠦᠬᠦᠷᠢᠭ ᠬᠦᠷᠬᠡᠪᠠ᠃ 25 ᠲᠦᠷᠥᠯ ᠤᠨ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠴᠢᠬᠤᠯᠠ | ᠶᠡᠭᠡ ᠲᠦᠷᠥᠯ ᠵᠣᠶᠢᠯ ᠢ ᠬᠡᠷᠡᠭᠵᠢᠬᠦᠯᠵᠣ᠂ ᠶᠢᠩ ᠫᠠᠨ ᠬᠤᠣ ᠨᠡᠬᠦᠷᠠᠰᠣᠨ ᠠᠭᠤᠷᠬᠠᠢ ᠶᠢᠨ ᠣᠶᠢᠯᠡᠳᠪᠣᠷᠢᠯᠡᠯ ᠤᠨ | ᠣᠶᠢᠯᠡᠴᠢᠯᠡᠬᠡᠨ ᠤ ᠲᠦᠪ ᠵᠡᠷᠬᠡ 7 ᠲᠦᠷᠥᠯ ᠵᠣᠶᠢᠯ ᠢ ᠪᠠᠶᠢᠭᠤᠯᠣᠨ ᠠᠰᠢᠭᠯᠠᠯᠳᠠ ᠳᠤ ᠣᠷᠣᠭᠤᠯᠵᠣ ᠬᠡᠪᠴᠢᠶᠠᠵᠢᠯ | ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ ᠠᠬᠤᠶᠢᠯᠡᠯ ᠢ ᠰᠢᠨ᠎ᠡ ᠪᠠᠷ 2 ᠨᠡᠮᠡᠭᠳᠡᠬᠦᠯᠪᠠ᠃ ᠣᠷᠣᠨ | ᠨᠣᠲᠤᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠯᠠᠪᠳᠠᠭᠤᠨ ᠳᠡᠬᠡᠭᠰᠢᠯᠡᠵᠣ ᠳᠣᠮᠳᠠᠳᠣ ᠣᠯᠣᠰ ᠤᠨ ᠪᠠᠷᠠᠭᠤᠨ | ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 7 ᠳ᠋ᠤᠭᠠᠷ ᠪᠠ ᠳᠣᠮᠳᠠᠳᠣ ᠤᠯᠤᠰ ᠤᠨ ᠠᠵᠣ ᠠᠬᠤᠢ ᠶᠢᠨ | ᠵᠠᠭᠤᠨ ᠬᠦᠴᠦᠷᠬᠡᠭ ᠰᠢᠶᠠᠨ ︵ᠬᠤᠳᠠ︶ ᠤ 51 ᠳ᠋ᠦ᠋ᠬᠡᠷ ᠲᠤ ᠪᠠᠶᠢᠷᠢᠯᠠᠪᠠ᠃ | ︵ᠬᠤᠶᠡᠷ︶ ᠨᠠᠶᠢᠳᠠᠪᠣᠷᠢᠵᠢᠭᠤᠯᠣᠯᠳᠠ ᠶᠢ ᠲᠦᠪᠯᠡᠷᠡᠬᠦᠯᠥᠨ ᠣᠨᠣᠪᠴᠢᠳᠠᠢ ᠠᠳᠬᠤᠵᠣ ᠪᠤᠭᠤᠮᠲᠠ | ᠰᠢᠪᠳᠣᠯᠬᠤ ᠠᠵᠢᠯ ᠤᠨ ᠰᠠᠶᠢᠨ ᠰᠠᠶᠢᠬᠠᠨ ᠡᠬᠢᠯᠠᠯᠳᠠ ᠶᠢ ᠪᠣᠢ ᠪᠣᠯᠭᠠᠪᠠ᠃ ᠬᠦᠨᠳᠣ ᠶᠡᠭᠡ ᠠᠶᠣᠯ ᠲᠦᠭᠰᠢᠬᠦᠷᠢ ᠶᠢ | ᠪᠦᠬᠦ ᠬᠦᠴᠦᠨ ᠢᠶᠠᠷ ᠢᠶᠠᠨ ᠰᠠᠷᠬᠡᠶᠢᠯᠡᠨ ᠰᠢᠢᠳᠪᠣᠷᠢᠯᠡᠵᠡᠢ᠃ ᠵᠠᠰᠠᠭ ᠤᠨ ᠣᠷᠳᠣᠨ ᠤ ᠦᠷᠢ ᠰᠢᠷᠢ ᠶᠢ 30.1 | ᠳ᠋ᠦᠩᠰᠢᠭᠤᠷ ᠲᠦᠬᠦᠷᠢᠭ ᠢᠯᠭᠠᠷᠠᠭᠤᠯᠪᠠ᠃ ᠪᠠᠩᠬᠢ ᠶᠢᠨ ᠪᠦᠳᠣᠮᠵᠢ ᠦᠬᠡᠢ ᠵᠢᠬᠡᠯᠡᠯᠬᠡ ᠶᠢ 7296 ᠲᠦᠮᠡᠨ | ᠲᠦᠬᠦᠷᠢᠭ ᠰᠢᠢᠳᠪᠣᠷᠢᠯᠡᠵᠣ ᠮᠦᠩᠬᠦᠨ ᠬᠦᠢᠯᠬᠡᠬᠡᠨ ᠤ ᠪᠦᠳᠣᠮᠵᠢ ᠦᠬᠡᠢ ᠵᠢᠬᠡᠯᠡᠯᠬᠡ ᠶᠢᠨ ᠨᠣᠷᠮ᠎ᠠ ᠶᠢ 1.96% | ᠳᠣᠷᠣᠭᠰᠢᠯᠠᠭᠤᠯᠪᠠ᠃ ᠬᠠᠣᠯᠢ ᠪᠣᠰᠣ ᠪᠠᠷ ᠪᠡᠯᠡ ᠴᠣᠭᠯᠠᠭᠤᠯᠣᠭᠰᠠᠨ ᠬᠡᠷᠡᠭ ᠤᠨ ᠡᠳ᠋ ᠬᠦᠷᠦᠩᠬᠡ ᠶᠢ | ᠵᠣᠬᠢᠴᠠᠭᠤᠯᠣᠨ ᠰᠢᠢᠳᠪᠣᠷᠢᠯᠡᠬᠦ ᠲᠦᠪ ᠢ ᠪᠠᠶᠢᠭᠤᠯᠪᠠ᠃ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ | ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ 4893 ᠲᠦᠮᠡᠨ ᠲᠦᠬᠦᠷᠢᠭ ᠤᠨ ᠡᠯ᠎ᠡ ᠲᠦᠷᠥᠯ | ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢ ᠨᠠᠶᠢᠳᠠᠪᠣᠷᠢᠵᠢᠭᠤᠯᠵᠣ ᠰᠢᠨ᠎ᠡ ᠪᠠᠷ ᠢᠯᠭᠠᠨ ᠳᠣᠭᠳᠠᠭᠠᠭᠰᠠᠨ 12 | ᠡᠷᠦᠬᠡ ᠶᠢᠨ 40 ᠶᠠᠳᠠᠭᠤ ᠬᠦᠴᠢᠷᠳᠡᠯᠳᠡᠢ ᠬᠦᠮᠦᠨ ᠢ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠣ᠂ 2 | ᠡᠷᠦᠬᠡ ᠶᠢᠨ 5 ᠬᠦᠮᠦᠨ ᠢ ᠠᠮᠢᠳᠣᠷᠠᠯ ᠤᠨ ᠪᠦᠬᠦ ᠵᠠᠷᠣᠳᠠᠯ ᠢ ᠳᠠᠭᠠᠭᠠᠬᠤ ᠪᠠᠳᠣᠯᠠᠭ᠎ᠠ ᠶᠢᠨ ᠬᠡᠪᠴᠢᠶᠠᠨ ᠳᠤ | ᠣᠷᠣᠭᠤᠯᠵᠣ᠂ 438 ᠡᠷᠦᠬᠡ ᠶᠢᠨ 1116 ᠪᠠᠬᠢᠵᠢᠬᠦᠯᠥᠨ ᠳᠡᠳᠬᠦᠬᠦ ᠬᠦᠮᠦᠨ ᠤ ᠣᠷᠣᠯᠭ᠎ᠠ ᠶᠢ ᠦᠷᠬᠦᠯᠵᠢᠯᠠᠨ | ᠨᠡᠮᠡᠭᠳᠡᠬᠦᠯᠪᠠ᠃ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠪᠡᠳᠴᠢᠨ ᠦᠵᠡᠬᠦᠯᠵᠣ ᠡᠮᠴᠢᠯᠡᠬᠦᠯᠥᠭᠰᠡᠨ | ᠰᠦᠢᠳᠬᠡᠯ ᠤᠨ ᠳᠠᠩᠰᠠᠨ ᠠᠴᠠ ᠳᠠᠶᠢᠯᠬᠤ ᠬᠠᠷᠢᠴᠠᠯ ᠢ 90% ᠠᠴᠠ ᠳᠡᠬᠡᠭᠰᠢ ᠪᠣᠯᠭᠠᠪᠠ᠃ ᠨᠠᠶᠢᠳᠠ ᠶᠢᠨ | ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ ᠳᠣᠬᠢᠷᠠᠭᠤᠯᠬᠤ᠂ ᠣᠢ ᠰᠢᠭᠤᠢ ᠶᠢᠨ ᠬᠠᠮᠠᠭᠠᠯᠠᠭᠴᠢ ᠪᠠ ᠨᠣᠳᠤᠭ | ᠪᠠᠯᠴᠢᠬᠡᠷ ᠤᠨ ᠬᠠᠮᠢᠶᠠᠷᠣᠨ ᠬᠠᠮᠠᠭᠠᠯᠠᠭᠴᠢ ᠶᠢ ᠡᠯᠰᠡᠨ ᠬᠡᠷᠡᠭᠯᠡᠬᠦ ᠵᠡᠷᠬᠡ ᠠᠷᠭ᠎ᠠ ᠪᠠᠷᠢᠯ ᠢᠶᠠᠷ ᠳᠠᠮᠵᠢᠨ 91 ᠶᠠᠳᠠᠭᠤ | ᠬᠦᠴᠢᠷᠳᠡᠯᠳᠡᠢ ᠬᠦᠮᠦᠨ ᠳᠤ ᠠᠵᠢᠯ ᠣᠯᠭᠤᠪᠠ᠃ ᠪᠦᠬᠦ ᠵᠠᠷᠣᠳᠠᠯ ᠢ ᠨᠢ ᠳᠠᠭᠠᠭᠠᠨ ᠬᠡᠷ ᠪᠠᠶᠢᠰᠢᠩ ᠰᠢᠨ᠎ᠡ ᠪᠠᠷ | ᠪᠠᠷᠢᠵᠣ ᠦᠭᠬᠦᠭᠰᠡᠨ ᠶᠠᠳᠠᠭᠤ ᠬᠦᠴᠢᠷᠳᠡᠯᠳᠡᠢ 8 ᠡᠷᠦᠬᠡ ᠰᠢᠨ᠎ᠠ ᠰᠠᠭᠤᠷᠢᠰᠢᠯ ᠳᠠᠭᠠᠨ ᠨᠠᠬᠦᠨ ᠣᠷᠣᠪᠠ᠃ | ᠪᠣᠬᠢᠷᠳᠣᠯ ᠢ ᠰᠠᠷᠬᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠪᠦᠬᠦ ᠬᠦᠴᠦᠨ ᠢᠶᠠᠷ ᠢᠶᠠᠨ ᠰᠠᠶᠢᠳᠣᠷ | ᠬᠢᠪᠠ᠃ ᠲᠦᠪ ᠤᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠶᠢᠨ ︽ᠡᠷᠬᠢᠵᠣ ᠬᠠᠷᠠᠬᠤ︾ | ᠂ ᠳᠠᠯ᠎ᠠ ᠨᠣᠳᠤᠭ ᠤᠨ ᠠᠮᠢ ᠠᠬᠤᠢ ᠶᠢᠨ ᠳᠣᠰᠬᠠᠢ ᠲᠦᠷᠥᠯ ᠤᠨ ᠬᠢᠨᠠᠨ ᠪᠠᠶᠢᠴᠭᠠᠠᠯᠳᠠ ᠶᠢᠨ ᠬᠠᠷᠢᠭᠤ | ᠳᠣᠰᠬᠠᠭᠰᠠᠨ ᠠᠰᠠᠭᠤᠳᠠᠯ ᠢ ᠬᠦᠴᠦᠳᠡᠢ ᠴᠡᠭᠴᠡᠯᠡᠨ ᠬᠠᠯᠠᠨ ᠰᠠᠶᠢᠵᠢᠷᠠᠭᠤᠯᠵᠣ᠂ ᠬᠤᠶᠠᠳᠣᠭᠠᠷ ᠣᠳᠠᠭᠠᠨ ᠤ ᠪᠦᠬᠦ | ᠣᠯᠣᠰ ᠤᠨ ᠪᠣᠬᠢᠷᠳᠣᠯ ᠤᠨ ᠡᠬᠢ ᠢᠷᠡᠯᠳᠡ ᠶᠢᠨ ᠨᠠᠶᠢᠳᠠᠮ ᠪᠠᠶᠢᠴᠠᠭᠠᠯᠳᠠ ᠶᠢᠨ ᠨᠢᠬᠡᠳᠣᠬᠡᠷ ᠱᠠᠳᠣᠨ ᠤ | ᠪᠠᠶᠢᠴᠠᠭᠠᠯᠳᠠ ᠶᠢ ᠪᠡᠶᠡᠯᠡᠬᠦᠯᠪᠡ᠃ ᠵᠦᠩ ᠲᠢᠶᠠᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ | ᠣᠰᠣ ᠶᠢ ᠬᠦᠨᠵᠡᠬᠡᠢ ᠰᠢᠢᠳᠪᠣᠷᠢᠯᠡᠬᠦ ᠣᠶᠢᠯᠡᠳᠪᠣᠷᠢ ᠪᠠ ᠾᠧᠩ ᠱᠧᠩ ᠵᠡᠷᠬᠡ ᠪᠠᠶᠢᠭᠠᠯᠢ ᠶᠢᠨ ᠰᠢᠳᠠᠮᠠᠬᠠᠢ ᠬᠡᠢ ᠶᠢᠨ | ᠬᠤᠳᠳᠤᠭ ᠦᠷᠣᠮᠳᠡᠬᠦ ᠳᠤ ᠢᠯᠭᠠᠷᠠᠭᠤᠯᠣᠭᠰᠠᠨ ᠬᠠᠶᠠᠭᠳᠠᠮᠠᠯ ᠪᠣᠳᠠᠰ ᠢ ᠲᠦᠪᠯᠡᠷᠡᠬᠦᠯᠥᠨ ᠰᠢᠢᠳᠪᠣᠷᠢᠯᠡᠬᠦ 2 | ᠣᠶᠢᠯᠡᠳᠪᠣᠷᠢ ᠶᠢ ᠠᠰᠢᠭᠯᠠᠯᠳᠠ ᠳᠤ ᠣᠷᠣᠭᠤᠯᠵᠣ᠂ ᠪᠦᠬᠦ ᠵᠢᠯ ᠤᠨ ᠠᠭᠠᠷ ᠮᠠᠨᠳᠠᠯ ᠤᠨ ᠴᠡᠪᠡᠷᠴᠡ ᠶᠢᠨ ᠨᠣᠷᠮ᠎ᠠ ᠶᠢ | 88% ᠠᠴᠠ ᠳᠡᠬᠡᠭᠰᠢ ᠬᠦᠷᠬᠡᠵᠣ ᠭᠤᠣᠯ ᠪᠣᠯᠬᠤ ᠭᠤᠣᠯ ᠮᠦᠷᠡᠨ᠂ ᠲᠦᠪᠯᠡᠷᠡᠩᠬᠦᠢ ᠮᠠᠶ᠋ᠢᠭ ᠤᠨ ᠣᠣᠭᠤᠬᠤ | ᠣᠰᠣᠨ ᠰᠣᠷᠪᠣᠯᠵᠢ ᠶᠢᠨ ᠣᠷᠣᠨ ᠤ ᠣᠰᠣᠨ ᠤ ᠴᠢᠨᠡᠷ ᠢ ᠪᠠᠷᠢᠮᠵᠢᠶ᠎ᠠ ᠳᠤ ᠬᠦᠷᠬᠡᠵᠣ ᠴᠢᠨᠡᠷ ᠰᠠᠶᠢᠳᠠᠢ ᠬᠦᠭᠵᠢᠯᠳᠡ | ᠶᠢ ᠬᠢᠵᠠᠭᠠᠷᠯᠠᠵᠣ ᠪᠠᠶᠢᠬᠤ ᠴᠢᠬᠤᠯᠠ ᠪᠣᠯᠬᠤ ︽ᠪᠣᠭᠤᠮᠢ︾ ᠶᠢ ᠠᠯᠬᠤᠮ ᠳᠠᠷᠠᠭᠠᠯᠠᠨ ᠰᠢᠢᠳᠪᠣᠷᠢᠯᠡᠪᠠ᠃ | ︵ᠭᠤᠷᠪᠠ︶ ᠢᠳᠡᠪᠬᠢᠳᠡᠢ ᠯᠠᠪᠳᠠᠭᠤᠨ ᠢᠶᠠᠷ ᠪᠦᠳᠦᠴᠡ ᠶᠢ ᠳᠣᠬᠢᠷᠠᠭᠤᠯᠵᠣ ᠬᠦᠭᠵᠢᠯᠳᠡ ᠶᠢᠨ ᠬᠡᠯᠪᠠᠷᠢ ᠶᠢ | ᠬᠤᠪᠢᠷᠠᠭᠤᠯᠣᠨ ᠳᠠᠰ ᠳᠠᠪᠰᠢᠬᠦᠯᠬᠦ ᠠᠯᠬᠤᠴᠠ ᠶᠢ ᠲᠦᠷᠬᠡᠳᠬᠡᠪᠠ᠃ ᠮᠠᠯ ᠳᠠᠷᠢᠶᠠᠯᠠᠩ ᠠᠵᠣ ᠠᠬᠤᠢ ᠶᠢᠨ ᠠᠮᠢᠵᠢᠷᠠᠯ | ᠤᠨ ᠬᠦᠴᠦᠨ ᠲᠤᠪᠤᠶᠢᠪᠠ᠃ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ | ᠬᠡᠷᠡᠭᠵᠢᠬᠦᠯᠥᠯᠳᠡ ᠶᠢᠨ ᠰᠠᠨᠠᠯ ᠢ ᠳᠣᠭᠳᠠᠭᠠᠵᠣ ᠦᠪᠡᠷᠳᠡᠬᠡᠨ ᠵᠠᠰᠠᠬᠤ ᠣᠷᠣᠨ ᠤ ᠬᠦᠳᠡᠭᠡ ᠳᠣᠰᠬᠤᠨ ᠤ | ᠶᠡᠷᠦᠩᠬᠡᠶᠢᠯᠡᠭᠰᠡᠨ ᠴᠤᠭᠴᠠ ᠶᠢᠨ ᠳᠣᠷᠰᠢᠯᠳᠡ ᠶᠢᠨ ᠴᠡᠭ ᠢᠶᠠᠷ ᠰᠣᠩᠭᠤᠭᠳᠠᠵᠣ ᠣᠯᠠᠭᠠᠠᠳᠣᠯᠣᠭᠠᠢ ᠪᠠᠯᠭᠠᠰᠣ ︽ | ᠳᠣᠮᠳᠠᠳᠣ ᠣᠯᠣᠰ ᠤᠨ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠵᠢᠱᠢᠶᠠᠴᠢ ᠪᠠᠯᠭᠠᠰᠣ︾ ᠪᠠᠷ | ᠦᠨᠡᠯᠡᠭᠳᠡᠵᠣ ᠪᠠᠶᠠᠠᠭᠤᠣᠯ ᠭᠠᠴᠠᠭ᠎ᠠ᠂ ᠷᠠᠰᠢᠶᠠᠨ ᠳᠣᠬᠤᠢ ᠳᠣᠰᠬᠤᠨ ᠵᠡᠷᠬᠡ 9 ᠵᠢᠱᠢᠶᠠᠴᠢ ᠴᠡᠭ ᠤᠨ ᠪᠠᠶᠢᠭᠤᠯᠣᠯᠳᠠ | ᠢ ᠯᠠᠪᠳᠠᠭᠤᠨ ᠠᠬᠢᠭᠤᠯᠪᠠ᠃ ᠠᠮᠣ ᠪᠣᠳᠠᠭᠠᠨ ᠤ ᠣᠶᠢᠯᠡᠳᠪᠣᠷᠢᠯᠡᠯ ᠤᠨ ᠴᠢᠳᠠᠪᠬᠢᠳᠣ ᠣᠷᠣᠨ ᠢ 30 ᠲᠦᠮᠡᠨ ᠮᠣ᠋ | ᠬᠤᠪᠢᠶᠠᠷᠢᠯᠠᠨ ᠳᠣᠭᠳᠠᠭᠠᠵᠣ ᠦᠨᠳᠣᠷ ᠪᠠᠷᠢᠮᠵᠢᠶᠠᠳᠣ ᠳᠠᠷᠢᠶᠠᠨ ᠭᠠᠵᠠᠷ ᠢ 4.1 ᠲᠦᠮᠡᠨ ᠮᠣ᠋᠂ ᠣᠰᠣ ᠠᠷᠪᠢᠯᠠᠬᠤ | ᠣᠰᠣᠯᠠᠯᠳᠠ ᠶᠢ 4 ᠲᠦᠮᠡᠨ ᠮᠣ᠋ ᠬᠡᠷᠡᠭᠵᠢᠬᠦᠯᠵᠣ 61 ᠰᠢᠨ᠎ᠡ ᠲᠦᠷᠥᠯ ᠤᠨ ᠳᠠᠷᠢᠮᠠᠯ ᠤᠨ ᠵᠣᠶᠢᠯ ᠢ ᠣᠷᠣᠭᠤᠯᠣᠨ | ᠮᠣᠣᠠᠣᠰᠣ ᠴᠢᠪᠠᠭ᠎ᠠ ᠵᠡᠷᠬᠡ 3 ᠲᠦᠷᠥᠯ ᠤᠨ ᠪᠦᠳᠦᠬᠡᠭᠳᠡᠬᠦᠨ ᠨᠢ 19 ᠳ᠋ᠦ᠋ᠬᠡᠷ ᠬᠤᠭᠤᠴᠠᠭᠠᠨ ᠤ ᠳᠣᠮᠳᠠᠳᠣ ᠣᠯᠣᠰ | ᠤᠨ ᠪᠣᠬᠢᠷᠳᠣᠯ ᠦᠬᠡᠢ ᠢᠳᠡᠬᠡᠨ ᠤ ᠦᠵᠡᠰᠭᠦᠯᠡᠩ ᠤᠨ ᠴᠤᠭᠯᠠᠭᠠᠨ ᠳᠤ ᠠᠯᠲᠠᠨ ᠮᠧᠳᠠᠯ ᠬᠦᠷᠲᠡᠵᠤ᠂ ᠠᠮᠣ | ᠪᠣᠳᠠᠭᠠᠨ ᠤ ᠣᠨᠠᠯᠳᠠ ᠶᠢᠨ ᠬᠡᠮᠵᠢᠶ᠎ᠠ ᠶᠢ ᠲᠦᠰᠦᠬᠡᠯᠡᠪᠠᠯ 41.5 ᠲᠦᠮᠡᠨ ᠳᠣᠨ ᠬᠦᠷᠬᠡᠪᠠ᠃ ᠠᠩᠬᠢᠰ ᠠᠯᠠᠰᠢᠨ | ᠦᠬᠡᠷ ᠤᠨ ᠰᠢᠯᠢᠳᠡᠭ ᠡᠬᠦᠯᠳᠡᠷ ᠢ ᠣᠷᠣᠭᠤᠯᠣᠨ ᠠᠪᠴᠢᠷᠠᠵᠣ ᠹᠦ᠋ ᠷᠦᠢ ᠳ᠋ᠠ᠂ ᠦ᠋ ᠶᠤᠸᠠᠨ ᠣᠯᠠᠭᠠᠨ ᠢᠳᠡᠬᠡᠨ | ᠵᠡᠷᠬᠡ 2 ᠨᠢᠳᠣᠯᠭ᠎ᠠ ᠶᠢᠨ ᠭᠠᠵᠠᠷ ᠢ ᠠᠰᠢᠭᠯᠠᠯᠳᠠ ᠳᠤ ᠣᠷᠣᠭᠤᠯᠵᠣ ᠮᠠᠯ ᠪᠠ ᠬᠡᠷ ᠤᠨ ᠳᠡᠵᠢᠬᠡᠪᠣᠷᠢ ᠶᠢ | ᠲᠦᠰᠦᠭᠡᠯᠡᠪᠡᠯ 163 ᠲᠦᠮᠡᠨ ᠳᠣᠯᠣᠭᠠᠢ ᠮᠠᠯᠵᠢᠨ ᠲᠡᠵᠢᠭᠡᠵᠦ ᠪᠠᠶᠢᠨ᠎ᠠ᠃ ᠸᠠᠩ ᠶᠣᠣ ᠸᠠᠨ ᠳᠣᠰᠬᠤᠨ ᠵᠡᠷᠬᠡ | ᠠᠵᠣ ᠣᠶᠢᠯᠡᠰᠵᠢᠭᠰᠡᠨ ᠬᠤᠯᠪᠣᠭᠠᠳᠣ ᠴᠣᠭᠴᠠ ᠶᠢ 2 ᠪᠠᠶᠢᠭᠤᠯᠪᠠ᠃ ᠰᠢᠷᠬᠤᠰᠣ ᠳᠠᠷᠢᠶᠠᠯᠠᠩ ᠮᠠᠯ ᠠᠵᠣ ᠠᠬᠤᠢ | ᠶᠢᠨ ᠺᠣᠮᠫᠠᠨᠢ ᠶᠢᠨ ᠠᠯᠮᠣᠷᠠᠳ ᠪᠠ ᠬᠤᠨ ᠭᠠᠯᠠᠭᠤ ᠳᠡᠮᠳᠡᠭᠳᠣ ᠪᠣᠭᠤᠳᠠᠢ ᠶᠢ ᠣᠷᠭᠠᠨᠢᠭ ᠢᠳᠡᠬᠡᠨ ᠢᠶᠠᠷ | ᠬᠡᠷᠡᠴᠢᠯᠡᠬᠦᠯᠵᠣ᠂ ᠣᠩᠭᠤᠨ ᠰᠢᠯᠢ ᠳᠡᠮᠳᠡᠭᠳᠣ ᠳᠠᠷᠪᠣᠰ ᠵᠡᠷᠬᠡ 10 ᠲᠦᠷᠥᠯ ᠤᠨ ᠪᠦᠳᠦᠬᠡᠭᠳᠡᠬᠦᠨ ᠢ ᠪᠣᠬᠢᠷᠳᠣᠯ | ᠦᠬᠡᠢ ᠪᠦᠳᠦᠬᠡᠭᠳᠡᠬᠦᠨ ᠢᠶᠠᠷ ᠠᠮᠵᠢᠯᠳᠠᠳᠠᠢ ᠮᠡᠳᠡᠬᠦᠯᠵᠣ᠂ ᠣᠷᠳᠣᠰ ᠨᠠᠷᠢᠨ ᠨᠣᠣᠰᠣᠳᠣ ᠬᠤᠨᠢᠨ ᠮᠢᠬ᠎ᠠ ᠵᠡᠷᠬᠡ 3 | ᠲᠦᠷᠥᠯ ᠤᠨ ᠮᠠᠯ ᠳᠠᠷᠢᠶᠠᠯᠠᠩ ᠤᠨ ᠪᠦᠳᠦᠬᠡᠭᠳᠡᠬᠦᠨ ᠢ ᠦᠪᠡᠷᠳᠡᠬᠡᠨ ᠵᠠᠰᠠᠬᠤ ᠣᠷᠣᠨ ᠤ ︽ᠨᠠᠷᠠᠳᠣ ᠰᠢᠯᠢᠳᠡᠭ | ᠣᠨᠴᠠᠯᠢᠭᠳᠣ︾ ᠪᠦᠳᠦᠬᠡᠭᠳᠡᠬᠦᠨ ᠢᠶᠠᠷ ᠦᠨᠡᠯᠡᠬᠦᠯᠵᠣ 125 ᠳᠠᠸᠠᠷ ᠤᠨ ᠳᠡᠮᠳᠡᠭᠳᠣ ᠶᠢ ᠰᠢᠨ᠎ᠡ ᠪᠠᠷ | ᠳᠠᠩᠰᠠᠯᠠᠭᠤᠯᠪᠠ᠃ ᠡᠯ᠎ᠡ ᠲᠦᠷᠥᠯ ᠤᠨ ᠨᠦᠬᠦᠪᠦᠷᠢ ᠲᠠᠢ ᠳᠠᠷᠢᠶᠠᠯᠠᠩ ᠤᠨ ᠮᠠᠰᠢᠨ ᠬᠡᠷᠡᠭᠰᠡᠯ ᠢ 1256 ᠰᠠᠭᠤᠷᠢ ︵ | ᠢᠵᠢ︶ ᠳᠠᠷᠬᠠᠭᠠᠪᠠ᠃ ᠠᠹᠧᠷᠢᠺᠠ ᠲᠢᠪ ᠤᠨ ᠭᠠᠭ᠋ᠠᠢ ᠶᠢᠨ ᠬᠢᠵᠢᠭ ᠵᠡᠷᠬᠡ ᠠᠮᠢᠳᠠᠨ ᠤ ᠬᠢᠵᠢᠭ ᠡᠪᠡᠳᠴᠢᠨ ᠪᠠ | ᠳᠠᠷᠢᠮᠠᠯ ᠤᠨ ᠡᠪᠡᠳᠴᠢᠨ ᠬᠤᠷᠣᠬᠠᠢ ᠶᠢᠨ ᠬᠦᠨᠦᠬᠡᠯ ᠢ ᠰᠢᠨᠵᠢᠯᠡᠬᠦ ᠣᠬᠠᠭᠠᠨᠴᠢ ᠪᠠᠷ ᠰᠠᠷᠬᠡᠶᠢᠯᠡᠨ ᠬᠤᠷᠢᠭᠯᠠᠪᠠ᠃ | ᠣᠯᠠᠮᠵᠢᠯᠠᠯᠳᠣ ᠮᠠᠯ ᠳᠠᠷᠢᠶᠠᠯᠠᠩ ᠠᠵᠣ ᠠᠬᠤᠢ ᠶᠢᠨ ᠳᠣᠮᠣ ᠬᠤᠰᠢᠭᠤ ᠨᠢᠬᠡᠨᠳᠠ ᠪᠣᠬᠢᠷᠳᠣᠯ ᠦᠬᠡᠢ ᠣᠷᠭᠠᠨᠢᠭ᠂ | ᠬᠡᠪᠴᠢᠶᠠᠵᠢᠨ ᠡᠷᠴᠢᠮᠵᠢᠭᠰᠡᠨ᠂ ᠴᠢᠨᠡᠷ ᠰᠠᠶᠢᠳᠠᠢ ᠦᠨ᠎ᠡ ᠳᠣᠬᠢᠷᠠᠮᠵᠢᠳᠡᠢ ᠣᠳᠣᠬᠢᠴᠢᠯᠠᠭᠰᠠᠨ ᠬᠦᠭᠵᠢᠯᠳᠡ ᠶᠢᠨ ᠵᠠᠮ | ᠢᠶᠠᠷ ᠵᠠᠮᠨᠠᠪᠠ᠃ ᠠᠵᠣ ᠣᠶᠢᠯᠡᠳᠪᠣᠷᠢ ᠶᠢᠨ ᠠᠵᠣ ᠠᠬᠤᠢ ᠶᠢ ᠬᠦᠴᠦᠳᠡᠢ ᠬᠦᠭᠵᠢᠬᠦᠯᠪᠠ᠃ ᠨᠠᠷᠢᠠᠭᠤᠣᠯ ᠠᠭᠤᠷᠬᠠᠢ | ᠶᠢᠨ ᠳᠣᠭᠤᠷᠢᠭ ᠤᠨ ᠶᠡᠷᠦᠩᠬᠡᠢ ᠲᠥᠯᠥᠪᠵᠢᠬᠦᠯᠬᠡ ᠶᠢᠨ ᠣᠷᠴᠢᠨ ᠳᠣᠭᠤᠷᠢᠨ ᠤ ᠦᠨᠡᠯᠡᠯᠳᠡ ᠶᠢ ᠵᠦᠪᠰᠢᠶᠠᠷᠠᠬᠦᠯᠵᠣ | ᠮᠣᠳᠣᠨᠴᠠᠶᠢᠳᠠᠮ᠂ ᠨᠠᠷᠢᠠᠭᠤᠣᠯ ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠶᠢᠨ ᠳᠣᠭᠤᠷᠢᠭ ᠤᠨ ᠬᠦᠷᠢᠶ᠎ᠠ | ᠬᠡᠪᠴᠢᠶ᠎ᠠ ᠶᠢ ᠵᠠᠭᠠᠭᠯᠠᠨ ᠳᠣᠭᠳᠠᠭᠠᠵᠣ ᠪᠦᠬᠦ ᠵᠢᠯ ᠤᠨ ᠨᠠᠬᠦᠷᠠᠰᠣᠨ ᠤ ᠭᠠᠷᠭᠠᠯᠳᠠ ᠶᠢ 4036 ᠲᠦᠮᠡᠨ ᠳᠣᠨ | ᠬᠦᠷᠬᠡᠪᠠ᠃ ᠰᠢᠨ᠎ᠡ ᠪᠠᠷ 500 ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠳᠳᠤᠭ ᠮᠠᠯᠳᠠᠪᠠ᠃ ᠵᠦᠩ ᠲᠢᠶᠠᠨ ᠾᠧ | ᠴᠤᠸᠠᠩ ᠺᠣᠮᠫᠠᠨᠢ ᠶᠢᠨ 90 ᠲᠦᠮᠡᠨ ᠳᠣᠨ ᠮᠧᠲ᠋ᠢᠯ ᠠᠯᠺᠦᠦᠯ ᠤᠨ ᠴᠡᠪᠡᠷ ᠨᠠᠷᠠᠮᠠᠯ ᠤᠨ ᠨᠠᠮᠠᠵᠣ ᠣᠭᠰᠠᠷᠠᠭᠰᠠᠨ | ᠳᠣᠨᠤᠭ ᠲᠦᠬᠦᠬᠡᠷᠣᠮᠵᠢ ᠶᠢ ᠠᠰᠢᠭᠯᠠᠯᠳᠠ ᠳᠤ ᠣᠷᠣᠭᠤᠯᠵᠣ ᠵᠦᠩ ᠮᠧᠢ ᠪᠦᠯᠥᠭᠯᠡᠯ ᠤᠨ ᠣᠷᠳᠣᠰ ᠡᠨᠧᠷᠬᠢ ᠶᠢᠨ | ᠬᠢᠮᠢ ᠶᠢᠨ ᠠᠵᠣ ᠣᠶᠢᠯᠡᠳᠪᠣᠷᠢ ᠶᠢᠨ ᠺᠣᠮᠫᠠᠨᠢ ᠶᠢᠨ 100 ᠲᠦᠮᠡᠨ ᠳᠣᠨ ᠨᠡᠶᠢᠯᠡᠮᠡᠯ ᠬᠡᠢ ᠪᠠᠷ ᠮᠧᠲ᠋ᠢᠯ ᠠᠯᠺᠦᠦᠯ | ᠣᠶᠢᠯᠡᠳᠪᠣᠷᠢᠯᠡᠬᠦ ᠮᠡᠷᠬᠡᠵᠢᠯ ᠤᠨ ᠦᠬᠡᠷᠡᠴᠢᠯᠡᠯᠳᠡ᠂ ᠶᠢᠨ ᠴᠧᠩ ᠲᠠᠢ ᠺᠣᠮᠫᠠᠨᠢ ᠶᠢᠨ 30 ᠲᠦᠮᠡᠨ ᠳᠣᠨ ᠤ ᠡᠲ᠋ᠢᠯ | ᠬᠤᠶᠡᠷᠴᠢ ᠠᠯᠺᠥᠥᠯ ᠵᠡᠷᠬᠡ ᠲᠦᠷᠥᠯ ᠵᠣᠶᠢᠯ ᠢ ᠡᠬᠢᠯᠡᠬᠦᠯᠥᠨ ᠪᠠᠶᠢᠭᠤᠯᠪᠠ᠃ ᠠᠯᠺᠧᠨ ᠶᠢᠨ ᠭᠠᠷᠭᠠᠯᠳᠠ ᠶᠢ 201. | 8 ᠲᠦᠮᠡᠨ ᠳᠣᠨ ᠬᠦᠷᠬᠡᠵᠣ ᠪᠦᠬᠦ ᠣᠯᠣᠰ ᠤᠨ ᠠᠯᠺᠧᠨ ᠶᠢᠨ ᠣᠶᠢᠯᠡᠳᠪᠣᠷᠢᠯᠡᠯ ᠤᠨ ᠴᠢᠳᠠᠪᠬᠢ ᠶᠢᠨ 16.7% | ᠶᠢ ᠡᠵᠡᠯᠡᠵᠡᠢ᠃ ᠭᠤᠣᠯ ᠪᠣᠯᠬᠤ ᠠᠵᠣ ᠣᠶᠢᠯᠡᠳᠪᠣᠷᠢ ᠶᠢᠨ ᠣᠶᠢᠯᠡᠳᠬᠦᠨ ᠤ ᠦᠨ᠎ᠡ ᠦᠨᠳᠣᠷ ᠪᠠᠶᠢᠵᠣ᠂ | ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ ᠠᠬᠤᠶᠢᠯᠡᠯ ᠤᠨ ᠠᠰᠢᠭ ᠬᠤᠨᠵᠢᠪᠣᠷᠢ ᠠᠳᠠᠯᠢ | ᠬᠤᠭᠤᠴᠠᠭᠠᠨ ᠤ ᠬᠢ ᠠᠴᠠ 89.6% ᠪᠠᠷ ᠨᠡᠮᠡᠭᠳᠡᠪᠠ᠃ ᠣᠳᠣ ᠦᠶ᠎ᠡ ᠶᠢᠨ ᠣᠶᠢᠯᠡᠴᠢᠯᠡᠬᠡᠨ ᠤ ᠣᠶᠢᠯᠡᠰ ᠦᠷᠨᠢᠨ | ᠬᠦᠭᠵᠢᠪᠠ᠃ ᠪᠣᠷᠣᠳᠣᠬᠤᠢ ᠬᠦᠮᠦᠨ ︵ᠣᠷᠳᠣᠰ ᠬᠦᠮᠦᠨ︶ ᠢ ᠢᠯᠡᠷᠡᠬᠦᠯᠥᠭᠰᠡᠨ 95 ᠵᠢᠯ ᠤᠨ ᠣᠢ ᠶᠢᠨ ᠡᠷᠳᠡᠮ | ᠰᠢᠨᠵᠢᠯᠡᠬᠡᠨ ᠤ ᠰᠣᠳᠣᠯᠣᠨ ᠶᠠᠷᠢᠯᠴᠠᠬᠤ ᠬᠤᠷᠠᠯ ᠪᠠ ᠳᠠᠯᠠᠬᠡᠢ ᠶᠢᠨ ᠪᠦᠳᠦᠨ ᠦᠬᠡᠷ ᠤᠨ ᠰᠢᠷᠠᠮᠠᠯ ᠢᠳᠡᠬᠡᠨ ᠤ | ᠴᠣᠭᠯᠠᠭᠠᠨ ᠵᠡᠷᠬᠡ ᠳᠣᠮᠣ ᠬᠡᠯᠪᠡᠷᠢ ᠶᠢᠨ ᠠᠵᠢᠯᠯᠠᠭ᠎ᠠ ᠶᠢ 8 ᠳᠠᠯᠠᠪᠣᠷ ᠠᠮᠵᠢᠯᠳᠠᠳᠠᠢ ᠡᠷᠬᠢᠯᠡᠵᠣ᠂ 113 ᠲᠦᠮᠡᠨ | ᠬᠦᠮᠥᠨ ᠣᠳᠠᠭ᠎ᠠ ᠶᠢᠨ ᠵᠢᠭᠤᠯᠴᠢᠯᠠᠭᠰᠠᠳ ᠢ ᠬᠦᠯᠢᠶᠠᠨ ᠵᠣᠴᠢᠯᠠᠵᠣ᠂ ᠵᠢᠭᠤᠯᠴᠢᠯᠡᠯ ᠤᠨ ᠶᠡᠷᠦᠩᠬᠡᠢ ᠣᠷᠣᠯᠭ᠎ᠠ ᠶᠢ | 36.5 ᠳ᠋ᠦᠩᠰᠢᠭᠤᠷ ᠲᠦᠬᠦᠷᠢᠭ ᠬᠦᠷᠬᠡᠪᠠ᠃ ᠳᠠᠮᠣᠷ ᠵᠠᠮ᠂ ᠵᠠᠰᠠᠮᠠᠯ ᠵᠠᠮ ᠤᠨ ᠪᠠᠷᠠᠭ᠎ᠠ ᠳᠠᠬᠡᠬᠡᠪᠣᠷᠢᠯᠡᠭᠰᠡᠨ | ᠬᠡᠮᠵᠢᠶ᠎ᠠ ᠶᠢ ᠳᠣᠰᠪᠣᠷᠢ 1091 ᠲᠦᠮᠡᠨ ᠳᠣᠨ᠂ 1871 ᠲᠦᠮᠡᠨ ᠳᠣᠨ ᠬᠦᠷᠬᠡᠵᠣ 13% ᠪᠠ 4.6% ᠪᠠᠷ | ᠨᠡᠮᠡᠭᠳᠡᠪᠠ᠃ ᠴᠠᠭᠠᠨ ᠢᠳᠡᠬᠡᠨ ᠪᠣᠯᠪᠠᠰᠣᠷᠠᠭᠤᠯᠬᠤ ᠵᠡᠷᠬᠡ ᠣᠯᠠᠮᠵᠢᠯᠠᠯᠳᠣ ᠦᠪᠡᠷᠮᠢᠴᠡ ᠣᠨᠴᠠᠯᠢᠭᠳᠣ ᠭᠠᠷ | ᠣᠶᠢᠯᠡᠳᠪᠣᠷᠢ ᠶᠢᠨ ᠡᠷᠦᠬᠡ ᠶᠢ 289 ᠪᠠᠶᠢᠭᠤᠯᠪᠠ᠃ ᠭᠠᠷ ᠳᠠᠮᠵᠢᠭᠰᠠᠨ ᠳᠡᠷᠬᠡᠨ ᠠᠷᠠᠯᠵᠢᠶ᠎ᠠ᠂ ᠡᠯᠺᠲᠷᠣᠨ | ᠬᠤᠳᠠᠯᠳᠤᠭ᠎ᠠ᠂ ᠲᠦᠷᠬᠡᠨ ᠬᠦᠷᠬᠡᠯᠳᠡ᠂ ᠪᠠᠷᠠᠭᠠᠨ ᠬᠦᠢᠯᠬᠡᠬᠡ᠂ ᠬᠡᠷ ᠠᠬᠤᠢ ᠶᠢᠨ ᠣᠶᠢᠯᠡᠴᠢᠯᠡᠭᠡ᠂ ᠵᠠᠬᠢᠶᠠᠯᠠᠯᠭ᠎ᠠ | ᠶᠢᠨ ᠬᠦᠷᠬᠡᠯᠳᠡ ᠶᠢᠨ ᠣᠶᠢᠯᠡᠴᠢᠯᠡᠭᠡ᠂ ᠰᠣᠷᠭᠠᠨ ᠬᠦᠮᠦᠵᠢᠯ ᠪᠣᠯᠪᠠᠰᠣᠷᠠᠯ ᠵᠡᠷᠬᠡ ᠠᠮᠢᠳᠣᠷᠠᠯ ᠤᠨ ᠴᠢᠨᠡᠷᠳᠡᠢ | ᠣᠶᠢᠯᠡᠴᠢᠯᠡᠬᠡᠨ ᠤ ᠣᠶᠢᠯᠡᠰ ᠢ ᠲᠦᠷᠬᠡᠨ ᠬᠦᠭᠵᠢᠬᠦᠯᠪᠠ᠃ ᠪᠦᠬᠦ ᠬᠤᠰᠢᠭᠤᠨ ᠤ ᠠᠵᠣ ᠠᠬᠤᠢ ᠶᠢᠨ ᠠᠮᠢᠵᠢᠷᠠᠯ ᠤᠨ | ᠬᠦᠴᠦᠨ ᠴᠢᠩᠭᠠᠷᠠᠵᠦ ᠨᠢᠬᠡᠳᠣᠬᠡᠷ᠂ ᠬᠤᠶᠠᠳᠣᠭᠠᠷ᠂ ᠭᠤᠷᠪᠠᠳᠣᠭᠠᠷ ᠠᠵᠣ ᠣᠶᠢᠯᠡᠰ ᠢ ᠬᠠᠮᠳᠣ ᠳᠤᠨᠢ ᠬᠦᠭᠵᠢᠬᠦᠯᠣᠨ | ᠬᠠᠷᠢᠯᠴᠠᠨ ᠠᠬᠢᠭᠤᠯᠵᠤ ᠬᠠᠷᠢᠯᠴᠠᠨ ᠨᠦᠬᠦᠪᠦᠷᠢᠯᠡᠵᠣ ᠣᠷᠢᠳ ᠡᠮᠣᠨ᠎ᠠ ᠭᠠᠷᠤᠭ᠎ᠠ ᠦᠬᠡᠢ ᠬᠦᠭᠵᠢᠯᠳᠡ ᠶᠢᠨ | ᠬᠠᠨᠳᠣᠰᠢ ᠪᠠᠷ ᠪᠦᠬᠦ ᠬᠤᠳᠠ ᠶᠢᠨ ᠡᠮᠣᠨ᠎ᠠ ᠡᠩᠨᠡᠬᠡᠨ ᠳᠤ ᠣᠷᠣᠬᠤ ᠪᠠᠷ ᠣᠷᠣᠭᠰᠢᠯᠠᠵᠣ ᠪᠠᠶᠢᠨ᠎ᠠ᠃ | ︵ᠲᠦᠷᠪᠠ︶ ᠳᠣᠳᠠᠭᠤᠳᠠᠯ ᠢᠶᠠᠨ ᠨᠠᠷᠢᠯᠢᠭ ᠣᠨᠣᠪᠴᠢᠳᠠᠢ ᠨᠦᠬᠦᠪᠦᠷᠢᠯᠡᠵᠣ ᠬᠦᠭᠵᠢᠯᠳᠡ ᠶᠢᠨ ᠰᠠᠭᠤᠷᠢ ᠶᠢ | ᠳᠠᠰᠣᠷᠠᠯᠳᠠ ᠦᠬᠡᠢ ᠪᠠᠬᠢᠵᠢᠬᠦᠯᠪᠠ᠃ ᠪᠦᠬᠦ ᠣᠯᠣᠰ ᠤᠨ ᠬᠤᠰᠢᠭᠤ ᠰᠢᠶᠠᠨ ᠤ ᠳᠠᠰ ᠤᠨ ᠪᠣᠯᠪᠠᠰᠣᠨ ᠬᠤᠳᠠ ᠶᠢᠨ | ᠡᠭᠦᠳᠦᠨ ᠪᠠᠶᠢᠭᠤᠯᠤᠯᠲᠠ ᠳᠤ ᠪᠦᠬᠦ ᠠᠷᠠᠳ ᠢᠶᠠᠷ ᠢᠶᠠᠨ ᠬᠦᠳᠡᠯᠦᠯᠴᠡᠪᠡ᠃ ᠪᠦᠬᠦ ᠬᠤᠰᠢᠭᠤᠨ ᠤ ᠵᠠᠭᠤ ᠭᠠᠷᠤᠢ | ᠪᠠᠶᠢᠭᠤᠯᠭ᠎ᠠ ᠨᠢᠬᠡᠴᠢ ᠶᠢᠨ ᠲᠦᠮᠡ ᠭᠠᠷᠤᠢ ᠺᠠᠳ᠋ᠷ ᠠᠵᠢᠯᠳᠠᠨ ᠬᠠᠮᠳᠣᠪᠠᠷ ᠬᠦᠳᠡᠯᠥᠯᠴᠡᠨ ᠠᠵᠢᠯᠯᠠᠵᠣ ᠣᠷᠣᠨ ᠬᠡᠰᠡᠭ | ᠬᠤᠪᠢᠶᠠᠨ ᠳᠠᠭᠠᠭᠠᠴᠢᠯᠠᠵᠣ ᠨᠡᠶᠢᠬᠡᠮ ᠳᠣᠭᠤᠷᠢᠭ᠂ ᠠᠶᠢᠯ ᠡᠷᠦᠬᠡ ᠪᠠᠷ ᠬᠦᠨᠵᠡᠬᠡᠶᠢᠷᠡᠨ ᠪᠦᠬᠦ ᠣᠯᠣᠰ ᠤᠨ ᠬᠤᠰᠢᠭᠤ | ᠰᠢᠶᠠᠨ ᠤ ᠳᠠᠰ ᠤᠨ ᠪᠣᠯᠪᠠᠰᠣᠨ ᠬᠤᠳᠠ ᠶᠢᠨ ᠡᠬᠦᠳᠣᠨ ᠪᠠᠶᠢᠭᠤᠯᠣᠯᠳᠠ ᠶᠢ ᠣᠬᠠᠭᠤᠯᠣᠨ ᠳᠠᠶᠢᠯᠪᠣᠷᠢᠯᠡᠵᠤ ᠦᠵᠡᠯ | ᠰᠠᠨᠠᠭ᠎ᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠦ ᠲᠦᠮᠡᠨ ᠣᠯᠠᠨ ᠨᠢᠭᠳᠠᠷᠠᠨ ᠪᠦᠯᠬᠦᠮᠳᠡᠭᠰᠡᠨ ᠨᠡᠶᠢᠯᠡᠮᠠᠯ | ᠬᠦᠴᠦᠨ ᠢ ᠪᠦᠷᠢᠯᠳᠦᠬᠦᠯᠵᠣ ᠠᠩᠬᠠᠨ ᠤ ᠵᠢᠯ ᠤᠨ ᠬᠡᠮᠵᠢᠨ ᠳᠣᠭᠳᠠᠭᠠᠯᠳᠠ ᠳᠤ ᠪᠦᠬᠦ ᠣᠷᠣᠨ ᠤ ᠨᠢᠬᠡᠳᠣᠬᠡᠷ ᠲᠤ | ᠵᠢᠭᠰᠠᠭᠠᠭᠳᠠᠪᠠ᠃ ᠬᠤᠳᠠ ᠶᠢᠨ ᠶᠠᠪᠣᠳᠠᠯ ᠤᠨ ᠳᠣᠳᠠᠭᠤᠳᠠᠯ ᠢ ᠬᠦᠴᠥᠯᠡᠨ ᠳᠡᠬᠦᠯᠳᠡᠷᠵᠢᠬᠦᠯᠵᠣ ᠬᠤᠳᠠ ᠶᠢᠨ | ᠴᠢᠳᠠᠪᠬᠢ ᠶᠢ ᠴᠢᠩᠭᠠᠷᠠᠭᠤᠯᠣᠨ ᠬᠤᠳᠠ ᠶᠢᠨ ᠵᠡᠷᠬᠡ ᠳᠠᠰ ᠢ ᠳᠡᠬᠡᠭᠰᠢᠯᠡᠬᠦᠯᠵᠣ ᠪᠦᠬᠦ ᠵᠢᠯ ᠳᠤ ︽ᠭᠠᠯᠠᠭᠤᠳᠣ | ᠪᠠᠯᠭᠠᠰᠣᠨ ᠤ ᠬᠤᠳᠠ ᠶᠢᠨ ᠶᠡᠷᠦᠩᠬᠡᠢ ᠲᠥᠯᠥᠪᠵᠢᠬᠦᠯᠬᠡ ︵2018 — 2035︶︾ ᠵᠡᠷᠬᠡ 15 ᠲᠦᠷᠥᠯ ᠤᠨ | ᠲᠥᠯᠥᠪᠵᠢᠬᠦᠯᠬᠡ ᠶᠢ ᠵᠠᠰᠠᠪᠣᠷᠢᠯᠡᠨ ᠨᠠᠶᠢᠷᠠᠭᠤᠯᠵᠣ ᠡᠯ᠎ᠡ ᠲᠦᠷᠥᠯ ᠤᠨ ᠬᠤᠭᠤᠯᠠᠢ ᠳᠣᠣᠷᠵᠢᠯ ᠢ 30 ᠺᠢᠯᠥᠮᠧᠲᠷ | ᠳᠠᠪᠢᠰᠴᠣ ᠣᠰᠣ ᠪᠠᠷ ᠵᠠᠶᠢᠯᠠᠬᠤ ᠮᠠᠶ᠋ᠢᠭ ᠤᠨ ᠵᠣᠷᠯᠣᠩ ᠢ 14 ᠰᠢᠨ᠎ᠡ ᠪᠠᠷ ᠪᠣᠶᠣ ᠦᠬᠡᠷᠡᠴᠢᠯᠡᠨ ᠪᠠᠶᠢᠭᠤᠯᠵᠣ ᠵᠡᠬᠡᠯᠢ | ᠭᠤᠳᠣᠮᠵᠢ ᠶᠢ 10 ᠲᠦᠮᠡᠨ ᠳᠡᠭᠰᠢ ᠲᠦᠷᠪᠠᠯᠵᠢᠨ ᠮᠧᠲᠷ ᠬᠠᠳᠠᠭᠤᠷᠠᠭᠤᠯᠪᠠ᠃ ᠰᠣᠪᠣᠷᠭ᠎ᠠ ᠠᠭᠤᠳᠠᠮ ᠳᠠᠯᠠᠪᠠᠢ᠂ | ᠳᠣᠭᠤᠶᠢᠯᠠᠩ ᠠᠭᠤᠳᠠᠮ ᠳᠠᠯᠠᠪᠠᠢ ᠪᠠ ᠰᠣᠷᠭᠠᠨ ᠬᠦᠮᠦᠵᠢᠯ ᠤᠨ ᠬᠦᠷᠢᠶᠠᠯᠠᠩ ᠳᠣᠭᠤᠷᠢᠭ ᠵᠡᠷᠬᠡ ᠭᠤᠣᠯ ᠪᠣᠯᠬᠤ | ᠬᠤᠳᠠ ᠶᠢᠨ ᠶᠠᠪᠣᠳᠠᠯ ᠤᠨ ᠠᠭᠤᠯᠵᠠᠷ ᠴᠡᠭ ᠤᠨ ᠦᠵᠡᠮᠵᠢ ᠶᠢ ᠦᠭᠡᠷᠡᠴᠢᠯᠡᠨ ᠰᠠᠶᠢᠵᠢᠷᠠᠭᠤᠯᠵᠦ᠂ 12 ᠲᠦᠮᠡᠨ | ᠳᠡᠭᠰᠢ ᠲᠦᠷᠪᠠᠯᠵᠢᠨ ᠮᠧᠲᠷ ᠭᠠᠵᠠᠷ ᠢ ᠨᠤᠭᠤᠭᠠᠷᠠᠭᠤᠯᠪᠠ᠃ 17 ᠬᠠᠭᠤᠴᠢᠨ ᠰᠠᠭᠤᠭᠠᠯᠢ ᠳᠣᠭᠤᠷᠢᠭ ᠢ | ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠵᠣ ᠪᠥᠸᠧ ᠵᠢᠤᠸᠠᠢ ᠰᠠᠭᠤᠭᠠᠯᠢ ᠳᠣᠭᠤᠷᠢᠭ᠂ ᠸᠠᠨ ᠯᠢ ᠰᠠᠭᠤᠭᠠᠯᠢ | ᠳᠣᠭᠤᠷᠢᠭ ᠵᠡᠷᠭᠡ ᠰᠠᠭᠤᠭᠠᠯᠢ ᠳᠣᠭᠤᠷᠢᠭ ᠤᠨ ᠰᠠᠭᠤᠷᠢ ᠲᠦᠬᠦᠬᠡᠷᠣᠮᠵᠢ ᠶᠢ ᠰᠠᠶᠢᠵᠢᠷᠠᠭᠤᠯᠣᠨ ᠰᠢᠨ᠎ᠡ ᠡᠨᠧᠷᠬᠢᠳᠣ | ᠨᠠᠶᠢᠳᠠ ᠶᠢᠨ ᠮᠠᠰᠢᠨ ᠳᠡᠷᠬᠡ ᠶᠢ 6 ᠲᠤᠬᠢᠷᠠᠭᠤᠯᠵᠦ 36 ᠲᠦᠷᠢᠶᠠᠰᠣᠨ ᠮᠠᠰᠢᠨ ᠳᠡᠷᠬᠡᠨ ᠵᠣᠭᠰᠣᠭᠠᠯ ᠤᠨ ᠴᠡᠭ | ᠳᠣᠬᠢᠷᠠᠭᠤᠯᠪᠠ᠃ ᠮᠠᠯᠵᠢᠬᠤ ᠳᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠤ ᠵᠠᠰᠠᠯᠳᠠ | ᠶᠢ ᠯᠠᠪᠳᠠᠭᠤᠨ ᠠᠬᠢᠭᠤᠯᠵᠣ ᠰᠣᠮᠣ ᠪᠠᠯᠭᠠᠰᠣᠨ ᠤ ᠠᠮᠢᠳᠣᠷᠠᠯ ᠤᠨ ᠬᠤᠭ ᠨᠣᠪᠰᠢ᠂ ᠪᠣᠬᠢᠷ ᠣᠰᠣ ᠶᠢ | ᠲᠦᠪᠯᠠᠷᠠᠬᠦᠯᠥᠨ ᠰᠢᠢᠳᠪᠣᠷᠢᠯᠡᠬᠦ ᠳᠠᠯᠠᠪᠣᠷ ᠤᠨ ᠲᠥᠯᠥᠪᠵᠢᠬᠦᠯᠬᠡ ᠶᠢ ᠨᠠᠶᠢᠷᠠᠭᠤᠯᠣᠨ ᠵᠣᠬᠢᠶᠠᠵᠣ 656 ᠡᠷᠦᠭᠡ ᠶᠢᠨ | ᠣᠰᠣ ᠪᠠᠷ ᠵᠠᠶᠢᠯᠠᠬᠤ ᠮᠠᠶ᠋ᠢᠭ ᠤᠨ ᠵᠣᠷᠯᠥᠩ ᠢ ᠦᠬᠡᠷᠡᠴᠢᠯᠡᠨ ᠪᠠᠷᠢᠵᠦ᠂ ᠳᠣᠯᠢ ᠲᠦᠪᠯᠡᠷᠠᠨ ᠰᠠᠭᠤᠷᠢᠰᠢᠬᠤ | ᠰᠠᠭᠤᠭᠠᠯᠢ ᠠᠷᠠᠳ ᠤᠨ ᠴᠡᠭ ᠤᠨ ᠪᠠᠭ᠎ᠠ ᠬᠡᠯᠪᠠᠷᠢ ᠶᠢᠨ ᠪᠣᠬᠢᠷ ᠣᠰᠣ ᠰᠢᠢᠳᠪᠣᠷᠢᠯᠡᠬᠦ ᠳᠠᠯᠠᠪᠣᠷ ᠢ ᠠᠰᠢᠭᠯᠠᠯᠳᠠ ᠳᠤ | ᠣᠷᠣᠭᠤᠯᠵᠣ ᠣᠯᠠᠨ ᠨᠠᠶᠢᠳᠠ ᠶᠢᠨ ᠣᠷᠴᠢᠨ ᠳᠣᠭᠤᠷᠢᠨ ᠢ ᠪᠠᠶᠢᠩᠭᠤ ᠴᠡᠪᠡᠷᠯᠡᠨ ᠬᠠᠮᠠᠭᠠᠯᠠᠬᠤ ᠣᠯᠠᠨ ᠲᠦᠷᠥᠯ ᠤᠨ | ᠲᠦᠷᠢᠮ ᠳᠣᠭᠳᠠᠭᠠᠯ ᠢ ᠲᠤᠭᠲᠠᠭᠠᠪᠠ᠃ ᠰᠠᠭᠤᠷᠢ ᠲᠦᠬᠦᠬᠡᠷᠣᠮᠵᠢ ᠶᠢᠨ ᠪᠠᠶᠢᠭᠤᠯᠣᠯᠳᠠ ᠶᠢ ᠬᠦᠴᠦᠯᠡᠨ | ᠳᠡᠬᠦᠯᠳᠡᠷᠵᠢᠬᠦᠯᠪᠠ᠃ ᠦᠪᠣᠷ ᠮᠣᠩᠭᠤᠯ ᠤᠨ ᠪᠠᠷᠠᠭᠤᠨ ᠬᠡᠰᠡᠭ ᠠᠴᠠ ᠳᠣᠮᠳᠠᠳᠣ ᠣᠷᠣᠨ ᠬᠦᠷᠬᠦ ᠳᠠᠮᠣᠷ ᠵᠠᠮ ᠤᠨ | ᠵᠠᠮ ᠳᠠᠪᠢᠰᠬᠦ ᠠᠵᠢᠯ ᠢ ᠦᠨᠳᠣᠰᠣᠨ ᠳᠡᠭᠡᠨ ᠳᠠᠭᠤᠰᠬᠠᠵᠣ ᠲᠦᠩᠽᠢ ᠠᠴᠠ ᠱᠠᠷᠯᠢᠭ ᠬᠦᠷᠬᠦ 20 ᠺᠢᠯᠣᠮᠧᠲᠷ ᠤᠨ | ᠵᠠᠰᠠᠮᠠᠯ ᠵᠠᠮ ᠢ ᠶᠡᠭᠡ ᠪᠠᠷ ᠵᠠᠰᠠᠬᠤ ᠠᠵᠢᠯ ᠢ ᠳᠠᠭᠤᠰᠬᠠᠨ ᠳᠡᠷᠬᠡ ᠨᠡᠪᠳᠡᠷᠡᠬᠦᠯᠵᠣ ᠭᠠᠯᠠᠭᠤᠳᠣ ᠠᠴᠠ ᠣᠯᠠᠭᠠᠨᠪᠠᠯᠭᠠᠰᠣ | ᠬᠦᠷᠬᠦ᠂ ᠳᠣᠯᠢ ᠠᠴᠠ ᠨᠠᠩᠰᠣ ᠬᠦᠷᠬᠦ ᠨᠢᠬᠡᠳᠣᠬᠡᠷ ᠳᠠᠰ ᠤᠨ ᠵᠠᠰᠠᠮᠠᠯ ᠵᠠᠮ ᠤᠨ ᠵᠠᠮ ᠤᠨ ᠰᠠᠭᠤᠷᠢ᠂ ᠬᠦᠬᠦᠷᠬᠡᠨ | ᠭᠤᠯᠳᠣᠩ ᠤᠨ ᠪᠠᠷᠢᠯᠭ᠎ᠠ ᠶᠢᠨ ᠠᠵᠢᠯ ᠢ ᠦᠨᠳᠣᠰᠣᠨ ᠳᠡᠭᠡᠨ ᠳᠠᠭᠤᠰᠬᠠᠪᠠ᠃ ᠬᠤᠨᠴᠢᠨᠭᠤᠤᠯ ᠠᠴᠠ ᠲᠤᠭᠤᠯᠳᠠᠢ | ᠬᠦᠷᠬᠦ 220 ᠺᠢᠯᠤᠸᠤᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ᠂ ᠳᠠᠪᠴᠠᠭ ᠪᠠᠯᠭᠠᠰᠣ ᠠᠴᠠ | ᠳᠣᠯᠢ 35 ᠺᠢᠯᠤᠸᠤᠯᠲ ᠤᠨ ᠴᠠᠬᠢᠯᠭᠠᠨ ᠦᠷᠳᠡᠭᠡ ᠬᠦᠷᠬᠦ ᠴᠠᠬᠢᠯᠭᠠᠨ ᠣᠳᠠᠰᠣᠨ ᠵᠠᠮ ᠤᠨ ᠦᠬᠡᠷᠡᠴᠢᠯᠡᠯᠳᠡ ᠶᠢᠨ | ᠢᠨᠵᠧᠨᠧᠷᠢᠩ ᠢ ᠳᠠᠭᠤᠰᠬᠠᠵᠣ᠂ ᠮᠣᠣᠪᠣᠯᠠᠭ 35 ᠺᠢᠯᠤᠸᠤᠯᠲ ᠤᠨ ᠴᠠᠬᠢᠯᠭᠠᠨ ᠬᠦᠷᠬᠡᠵᠣ ᠬᠤᠪᠢᠰᠬᠠᠬᠤ | ᠢᠨᠵᠧᠨᠧᠷᠢᠩ ᠤᠨ ᠪᠠᠷᠢᠯᠭ᠎ᠠ ᠶᠢ ᠠᠰᠢᠭᠯᠠᠯᠳᠠ ᠳᠤ ᠣᠷᠣᠭᠤᠯᠵᠣ ᠳᠠᠷᠢᠶᠠᠯᠠᠩ ᠤᠨ ᠴᠠᠬᠢᠯᠭᠠᠨ ᠳᠣᠣᠷ ᠢ 650 | ᠺᠢᠯᠣᠮᠧᠲᠷ ᠦᠬᠡᠷᠡᠴᠢᠯᠡᠪᠠ᠃ | ︵ᠳᠠᠪᠤ︶ ᠠᠷᠠᠳ ᠤᠨ ᠠᠮᠢᠳᠣᠷᠠᠯ ᠢ ᠪᠦᠬᠦ ᠰᠠᠳᠬᠢᠯ ᠪᠦᠬᠦ ᠬᠦᠴᠦ ᠪᠠᠷ ᠢᠶᠠᠨ ᠬᠠᠷᠠᠭᠠᠯᠵᠠᠵᠣ ᠠᠷᠠᠳ | ᠲᠥᠮᠡᠨ ᠤ ᠠᠮᠢᠳᠣᠷᠠᠯ ᠨᠡᠩ ᠵᠣᠯ ᠵᠢᠷᠭᠠᠯᠳᠠᠢ ᠪᠣᠯᠪᠠ᠃ 22.9 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ | ᠠᠵᠢᠯ ᠣᠯᠭᠤᠯᠳᠠ᠂ ᠰᠣᠷᠭᠠᠨ ᠬᠦᠮᠦᠵᠢᠯ᠂ ᠡᠮ ᠡᠮᠨᠡᠯᠬᠡ᠂ ᠨᠠᠰᠣᠳᠠᠨ ᠤ ᠠᠰᠠᠷᠠᠮᠵᠢ᠂ ᠰᠣᠶᠣᠯ ᠵᠡᠷᠬᠡ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠨᠠᠶᠢᠳᠠᠮ ᠠᠩᠬᠠᠷᠴᠤ ᠪᠠᠶᠢᠭ᠎ᠠ ᠣᠴᠢᠷ ᠶᠠᠪᠤᠳᠠᠯ ᠤᠳ ᠠᠴᠠ ᠭᠠᠷᠳᠠᠨ | ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠠᠵᠢᠯ ᠢ ᠴᠢᠩᠭᠠᠳᠬᠠᠪᠠ᠃ 1200 ᠲᠦᠮᠡᠨ ᠲᠦᠬᠦᠷᠢᠭ ᠤᠨ ᠪᠠᠭ᠎ᠠ | ᠳᠣᠭᠠᠨ ᠤ ᠵᠢᠬᠡᠯᠡᠯᠬᠡ ᠳᠠᠯᠪᠢᠵᠣ ᠶᠡᠭᠡ ᠳᠡᠬᠡᠳᠣ ᠰᠣᠷᠭᠠᠭᠤᠯᠢ ᠳᠡᠬᠦᠰᠦᠭᠰᠡᠨ ᠰᠣᠷᠣᠭᠴᠢᠳ ᠢ 100 ᠨᠠᠷᠠ ᠨᠠᠶᠢᠳᠠᠨ | ᠬᠦᠮᠦᠵᠢᠬᠦᠯᠵᠣ ᠦᠨᠳᠣᠰᠣᠨ ᠱᠠᠳᠣ ᠪᠠ ᠦᠢᠯᠡᠴᠢᠯᠡᠭᠡᠨ ᠤ ᠴᠣᠩᠬᠤᠪᠴᠢ ᠶᠢᠨ ᠠᠵᠢᠯᠳᠠᠨ ᠢ 140 ᠨᠠᠷᠠ | ᠳᠣᠬᠢᠷᠠᠭᠤᠯᠪᠠ᠃ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠳᠡᠬᠡᠳᠣ ᠰᠣᠷᠭᠠᠭᠤᠯᠢ | ᠵᠢᠴᠢ ︽ᠬᠤᠣᠰ ᠳᠡᠷᠢᠬᠦᠨ ᠳᠠᠰ︾ ᠤᠨ ᠶᠡᠭᠡ ᠰᠣᠷᠭᠠᠭᠤᠯᠢ ᠶᠢᠨ ᠰᠣᠷᠭᠠᠨ ᠬᠦᠮᠦᠵᠢᠯ ᠤᠨ 14 ᠴᠢᠳᠠᠪᠣᠷᠢᠳᠠᠨ ᠢ | ᠣᠷᠢᠨ ᠠᠪᠴᠢᠷᠠᠵᠣ᠂ 212 ᠪᠠᠭᠰᠢ ᠶᠢ ᠰᠢᠯᠭᠠᠨ ᠡᠯᠰᠡᠪᠠ︔ ᠭᠤᠷᠪᠠᠳᠣᠭᠠᠷ ᠬᠡᠣᠬᠡᠳ ᠤᠨ ᠴᠡᠴᠡᠷᠯᠢᠭ ᠤᠨ | ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠣ ᠣᠷᠳᠣᠪᠠᠶᠠ ᠰᠣᠷᠭᠠᠭᠤᠯᠢ ᠶᠢᠨ ᠪᠠᠭᠰᠢ ᠶᠢᠨ ᠪᠠᠶᠢᠷᠢ ᠶᠢ | ᠠᠰᠢᠭᠯᠠᠯᠳᠠ ᠳᠤ ᠣᠷᠣᠭᠤᠯᠪᠠ᠃ ᠪᠣᠷᠣ ᠬᠡᠷᠳᠣ ᠳᠣᠭᠤᠷᠢᠭ ᠤᠨ ᠦᠬᠡᠷᠡᠴᠢᠯᠡᠯᠳᠡ ᠶᠢ 980 ᠢᠵᠢ ᠪᠠᠶᠠᠯᠡᠬᠦᠯᠪᠠ᠃ | ᠬᠤᠳᠠ ᠬᠦᠳᠡᠭᠡ ᠶᠢᠨ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠬᠦᠯᠥᠬᠡᠳ 611 ᠲᠦᠬᠦᠷᠢᠭ ᠪᠠ 476 ᠲᠦᠬᠦᠷᠢᠭ ᠪᠣᠯᠭᠠᠵᠣ᠂ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠦᠨᠳᠣᠰᠣᠨ ᠨᠠᠰᠣᠵᠢᠯ ᠤᠨ ᠮᠦᠩᠬᠦ ᠶᠢ ᠰᠠᠷ᠎ᠠ ᠪᠣᠯᠭᠠᠨ 68 ᠲᠦᠬᠦᠷᠢᠭ ᠳᠡᠬᠡᠭᠰᠢᠯᠡᠬᠦᠯᠵᠣ ᠠᠵᠣ | ᠠᠬᠤᠶᠢᠯᠡᠯ ᠤᠨ ᠠᠵᠢᠯᠴᠢᠨ ᠤ ᠨᠠᠰᠦᠵᠢᠯ ᠤᠨ ᠳᠠᠭᠠᠳᠬᠠᠯ ᠤᠨ ᠰᠦᠢᠳᠬᠡᠯ ᠳᠣᠰᠢᠶᠠᠬᠤ ᠨᠣᠷᠮ᠎ᠠ ᠶᠢ 1% ᠪᠠᠷ | ᠳᠣᠷᠣᠭᠰᠢᠯᠠᠭᠤᠯᠪᠠ᠃ ᠪᠦᠬᠦ ᠣᠯᠣᠰ ᠤᠨ ᠡᠷᠡᠬᠦᠯ ᠡᠩᠬᠡ ᠶᠢ ᠠᠬᠢᠭᠤᠯᠬᠤ ᠬᠤᠰᠢᠭᠤ ᠶᠢ ᠡᠬᠢᠯᠡᠬᠦᠯᠥᠨ ᠪᠦᠳᠦᠬᠡᠨ | ᠪᠠᠶᠢᠭᠤᠯᠵᠣ᠂ ᠦᠪᠡᠷᠳᠡᠬᠡᠨ ᠵᠠᠰᠠᠬᠤ ᠣᠷᠣᠨ ᠤ ᠣᠳᠠᠭᠠᠨ ᠴᠢᠨᠡᠷᠳᠡᠢ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠬᠦ | ᠵᠢᠱᠢᠶᠠᠴᠢ ᠣᠷᠣᠨ ᠢ ᠡᠬᠦᠳᠣᠨ ᠪᠠᠶᠢᠭᠤᠯᠵᠣ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ | ᠠᠰᠢᠭᠯᠠᠯᠲᠠ ᠳᠤ ᠤᠷᠤᠭᠤᠯᠤᠨ ᠬᠢᠵᠢᠭ ᠢ ᠡᠵᠡᠮᠳᠡᠬᠦ ᠲᠦᠪ ᠤᠨ ᠬᠠᠯᠳᠠᠪᠤᠷᠢᠲᠤ ᠡᠪᠡᠳᠴᠢᠨ ᠢ ᠪᠠᠴᠢᠮ | ᠰᠢᠢᠳᠪᠦᠷᠢᠯᠡᠬᠦ ᠲᠤᠷᠰᠢᠯᠲᠠ ᠶᠢᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ ᠴᠢᠩᠬᠤᠸᠠ ᠶᠡᠭᠡ | ᠰᠣᠷᠭᠠᠭᠤᠯᠢ ᠶᠢᠨ ᠨᠢᠬᠡᠳᠣᠬᠡᠷ ᠬᠠᠷᠢᠶᠠᠳᠣ ᠡᠮᠨᠡᠯᠬᠡ ᠶᠢᠨ ᠬᠤᠷᠢᠶ᠎ᠠ᠂ ᠣᠯᠠᠨ ᠣᠯᠣᠰ ᠤᠨ ᠮᠣᠩᠭᠤᠯ ᠡᠮᠨᠡᠯᠬᠡ ᠶᠢᠨ | ᠬᠤᠷᠢᠶ᠎ᠠ ᠵᠡᠷᠬᠡ ᠡᠮᠨᠡᠯᠭᠡ ᠶᠢᠨ ᠬᠤᠷᠢᠶᠠᠨ ᠤ ᠨᠠᠷᠠᠳᠣ ᠳᠣᠰᠬᠠᠢ ᠮᠡᠷᠬᠡᠵᠢᠯᠳᠡᠨ ᠢ ᠮᠠᠨ ᠤ ᠬᠤᠰᠢᠭᠤᠨ ᠳᠤ ᠣᠷᠢᠵᠦ | ᠠᠪᠴᠢᠷᠠᠨ ᠠᠯᠪᠠᠨ ᠵᠢᠷᠣᠮ ᠤᠨ ᠡᠮᠴᠢᠯᠡᠬᠡᠨ ᠤ ᠠᠵᠢᠯᠯᠠᠭ᠎ᠠ ᠶᠢ 9 ᠣᠳᠠᠭ᠎ᠠ ᠲᠦᠪᠯᠡᠷᠡᠬᠦᠯᠦᠨ ᠦᠷᠨᠢᠬᠦᠯᠵᠣ 65 | ᠪᠦᠬᠦᠯᠢ ᠨᠠᠰᠤᠨ ᠠᠴᠠ ᠲᠡᠭᠡᠭᠰᠢᠬᠢ ᠨᠠᠰᠤᠲᠠᠶᠢᠴᠤᠳ ᠲᠤ ᠠᠭᠤᠰᠬᠢ ᠶᠢᠨ ᠦᠷᠪᠢᠰᠦᠯ᠂ ᠲᠠᠭᠰᠢᠭᠤᠷ ᠤᠨ ᠸᠠᠺᠼᠢᠨ | ᠢ ᠰᠦᠢᠳᠬᠡᠯ ᠬᠤᠷᠢᠶᠠᠬᠤ ᠦᠭᠡᠢ ᠪᠠᠷ ᠳᠠᠷᠢᠨ 4900 ᠭᠠᠷᠦᠢ ᠬᠦᠮᠦᠨ ᠳᠤ ᠠᠰᠢᠭ ᠬᠦᠷᠳᠡᠬᠡᠪᠠ᠃ ᠭᠠᠳᠠᠭᠰᠢ | ᠭᠠᠷᠴᠣ ᠳᠣᠭᠯᠠᠯᠳᠠ ᠭᠠᠷᠭᠠᠭᠰᠠᠨ ᠰᠣᠶᠣᠯ ᠤᠨ ᠦᠷ᠎ᠡ ᠪᠦᠳᠣᠮᠵᠢ ᠢᠶᠠᠷ ᠰᠠᠶᠢᠨ ᠪᠠᠶᠢᠵᠣ ᠣᠯᠠᠭᠠᠠᠮᠦ᠋ᠴᠢᠷ᠂ ᠮᠣᠷᠢᠨ | ᠬᠤᠭᠤᠷ ᠤᠨ ᠰᠢᠮᠫᠣᠨᠢ ᠬᠦᠭᠵᠢᠮ ᠤᠨ ᠪᠦᠯᠬᠦᠮ ᠨᠢ ᠭᠧᠷᠮᠠᠨ᠂ ᠹᠷᠠᠨᠼᠢ ᠵᠡᠷᠬᠡ ᠤᠯᠤᠰ ᠣᠷᠣᠨ ᠢᠶᠠᠷ ᠬᠦᠷᠴᠣ | ᠰᠣᠶᠣᠯ ᠤᠨ ᠰᠣᠯᠢᠯᠴᠠᠭᠠᠨ ᠤ ᠳᠣᠭᠯᠠᠯᠳᠠ ᠭᠠᠷᠭᠠᠵᠣ ᠳᠠᠯ᠎ᠠ ᠨᠣᠳᠤᠭ ᠤᠨ ᠰᠣᠶᠣᠯ ᠤᠨ ᠭᠠᠶᠢᠬᠠᠮᠰᠢᠭᠳᠣ ᠰᠠᠶᠢᠬᠠᠨ | ᠢᠷᠡᠭᠤ ᠡᠬᠡᠰᠢᠭ ᠢᠶᠠᠷ ᠡᠶ᠎ᠡ ᠵᠣᠬᠢᠴᠠᠯᠳᠣ ᠨᠦᠬᠦᠷᠯᠡᠯ ᠤᠨ ᠠᠶᠠᠰ ᠢ ᠴᠣᠣᠷᠢᠶᠠᠳᠣᠭᠤᠯᠪᠠ︔ ︽ᠳᠣᠭᠠᠴᠠᠯᠠᠭᠰᠠᠨ | ᠰᠣᠶᠣᠯ ᠢ ᠮᠠᠯᠴᠢᠳ ᠤᠨ ᠬᠡᠷ ᠲᠤ ᠬᠦᠷᠬᠡᠬᠦ︾ ᠢᠨᠵᠧᠨᠧᠷᠢᠩ ᠤᠨ ᠪᠠᠶᠢᠭᠤᠯᠣᠯᠳᠠ ᠪᠠ ︽ᠭᠤᠷᠪᠠ ᠶᠢ ᠬᠦᠳᠡᠭᠡ | ᠪᠠᠭᠤᠯᠭᠠᠬᠤ︾᠂ ᠣᠯᠠᠨ ᠬᠤᠷᠠᠬᠤ ᠣᠳᠬ᠎ᠠ ᠣᠷᠠᠯᠢᠭ ᠤᠨ ᠴᠢᠭᠤᠯᠭᠠᠨ᠂ ᠰᠣᠶᠣᠯ ᠤᠨ ᠳᠣᠭᠤᠶᠢᠯᠡᠩ ᠤᠨ | ᠦᠵᠡᠬᠦᠯᠥᠯᠬᠡ ᠶᠢᠨ ᠳᠣᠭᠯᠠᠯᠳᠠ ᠵᠡᠷᠬᠡ ᠠᠵᠢᠯᠯᠠᠭ᠎ᠠ ᠶᠢ ᠦᠷᠨᠢᠬᠦᠯᠵᠣ ᠦᠨᠳᠣᠰᠣᠨ ᠱᠠᠳᠣᠨ ᠤ ᠰᠣᠶᠣᠯ ᠤᠨ | ᠠᠮᠢᠳᠣᠷᠠᠯ ᠢ ᠪᠠᠶᠠᠯᠢᠭᠵᠢᠭᠤᠯᠵᠣ ᠦᠨᠳᠣᠰᠣᠨ ᠱᠠᠳᠣᠨ ᠤ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠬᠡᠨ ᠤ ︽ | ᠬᠠᠮᠤᠭ ᠡᠴᠣᠰ ᠤᠨ ᠨᠢᠬᠡ ᠺᠢᠯᠥᠮᠧᠲᠷ︾ ᠢ ᠰᠢᠯᠣᠭᠤᠳᠬᠠᠪᠠ᠃ | ︵ᠵᠢᠷᠭᠤᠭ᠎ᠠ︶ ᠦᠬᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠣ ᠬᠦᠭᠵᠢᠯᠳᠡ ᠶᠢᠨ ᠠᠮᠢᠵᠢᠷᠠᠯ ᠤᠨ | ᠬᠦᠴᠦᠨ ᠡᠳᠦᠷ ᠢᠷᠡᠬᠦᠶ᠎ᠠ ᠳᠣᠪᠣᠶᠢᠪᠠ᠃ ᠬᠦᠮᠦᠷᠬᠡᠯᠡᠭᠳᠡᠵᠣ ᠪᠠᠶᠢᠬᠤ ᠳᠠᠸᠡᠷ ᠤᠨ ᠬᠡᠷ ᠪᠠᠶᠢᠰᠢᠩ ᠢ 32.6 ᠲᠦᠮᠡᠨ | ᠳᠡᠭᠰᠢ ᠲᠦᠷᠪᠠᠯᠵᠢᠨ ᠮᠧᠲᠷ ᠰᠢᠢᠳᠪᠣᠷᠢᠯᠡᠪᠠ᠃ ᠵᠦᠩ ᠮᠧᠢ ᠪᠦᠯᠥᠭᠯᠡᠯ ᠤᠨ ᠮᠧᠩ ᠳ᠋ᠠ ᠺᠣᠮᠫᠠᠨᠢ ᠨᠢ ᠣᠯᠣᠰ ᠤᠨ | ᠣᠶᠣᠨᠴᠢ ᠣᠶᠢᠯᠡᠳᠪᠣᠷᠢ ᠶᠢᠨ ᠵᠢᠱᠢᠶᠠᠴᠢ ᠳᠣᠷᠰᠢᠯᠳᠡ ᠶᠢᠨ ᠴᠡᠭ ᠢᠶᠠᠷ ᠰᠣᠩᠭᠤᠭᠳᠠᠵᠣ᠂ ᠵᠦᠩ ᠲᠢᠶᠠᠨ ᠾᠧ | ᠴᠤᠸᠠᠩ ᠺᠣᠮᠫᠠᠨᠢ ᠨᠢ ᠣᠯᠣᠰ ᠤᠨ ᠦᠨᠳᠤᠷ ᠰᠢᠨ᠎ᠡ ᠮᠡᠷᠬᠡᠵᠢᠯ ᠤᠨ ᠠᠵᠣ ᠠᠬᠤᠶᠢᠯᠡᠯ ᠢᠶᠠᠷ ᠳᠣᠭᠳᠠᠭᠠᠭᠳᠠᠨ | ᠬᠡᠷᠡᠭᠯᠡᠬᠡᠨ ᠤ ᠰᠢᠨ᠎ᠡ ᠬᠡᠯᠪᠠᠷᠢ ᠶᠢᠨ ᠳᠣᠰᠬᠠᠢ ᠠᠰᠢᠭ ᠢ ᠰᠢᠨ᠎ᠡ ᠪᠠᠷ 30 ᠨᠡᠮᠡᠭᠳᠡᠬᠦᠯᠵᠣ᠂ ᠰᠢᠨᠵᠢᠯᠡᠬᠦ ᠣᠬᠠᠭᠠᠨᠴᠢ | ᠪᠠᠷ ᠰᠢᠨ᠎ᠡ ᠶᠢ ᠡᠬᠦᠳᠬᠦ ᠬᠦᠭᠵᠢᠯᠳᠡ ᠶᠢᠨ ᠬᠢᠷᠢ ᠲᠦᠪᠰᠢᠨ ᠢ ᠯᠠᠪᠳᠠᠭᠤᠨ ᠳᠡᠭᠡᠭᠰᠢᠯᠡᠬᠦᠯᠪᠠ︔ ᠠᠵᠣ ᠠᠬᠤᠶᠢᠯᠡᠯ | ᠤᠨ ᠳᠡᠩᠰᠡᠯᠡᠯᠳᠡ ᠶᠢᠨ ᠪᠦᠬᠦ ᠶᠠᠪᠣᠴᠠ ᠶᠢ ᠡᠯᠺᠲᠷᠣᠨᠴᠢᠯᠠᠬᠤ ᠵᠡᠷᠬᠡ ᠲᠦᠬᠦᠮ ᠲᠦᠳᠡ ᠠᠷᠭ᠎ᠠ ᠪᠠᠷᠢᠯ ᠢ | ᠨᠠᠶᠢᠳᠠᠪᠣᠷᠢᠵᠢᠭᠤᠯᠵᠣ 2522 ᠵᠠᠬ᠎ᠠ ᠳᠡᠯᠬᠡᠬᠦᠷ ᠤᠨ ᠭᠤᠣᠯ ᠴᠣᠭᠴᠠ ᠶᠢ ᠰᠢᠨ᠎ᠡ ᠪᠠᠷ ᠳᠠᠩᠰᠠᠯᠠᠪᠠ︔ ᠮᠠᠨ ᠤ | ᠬᠤᠰᠢᠭᠤ ᠠᠴᠠ ᠭᠤᠣᠯᠯᠠᠨ ᠳᠣᠭᠳᠠᠭᠠᠭᠰᠠᠨ ︽ᠰᠣᠮᠣ ᠪᠠᠯᠭᠠᠰᠣᠨ ᠤ ᠠᠷᠠᠳ ᠲᠤ ᠲᠦᠬᠦᠮ ᠦᠵᠡᠬᠦᠯᠬᠦ | ᠣᠶᠢᠯᠡᠴᠢᠯᠡᠬᠡᠨ ᠤ ᠲᠦᠪ ᠤᠨ ᠪᠦᠳᠦᠬᠡᠨ ᠪᠠᠶᠢᠭᠤᠯᠣᠯᠳᠠ ᠶᠢᠨ ᠲᠦᠷᠢᠮᠵᠢᠯ︾ ︵ᠦᠪᠡᠷᠳᠡᠬᠡᠨ ᠵᠠᠰᠠᠬᠤ ᠣᠷᠣᠨ ᠤ | ᠪᠠᠷᠢᠮᠵᠢᠶ᠎ᠠ︶ ᠢ ᠨᠠᠶᠢᠳᠠᠯᠠᠨ ᠬᠡᠷᠡᠭᠵᠢᠬᠦᠯᠪᠠ︔ ︽ᠨᠢᠬᠡ ᠰᠦᠯᠵᠢᠶᠠᠨ ᠳᠡᠬᠡᠷ᠎ᠡ᠂ ᠨᠢᠬᠡ ᠭᠠᠵᠠᠷ ᠲᠤ᠂ ᠨᠢᠬᠡ ᠯᠡ | ᠣᠳᠠᠭ᠎ᠠ ᠳᠡᠬᠡᠷ᠎ᠡ ᠬᠦᠢᠴᠡᠳᠬᠡᠬᠦ︾ ᠦᠬᠡᠷᠡᠴᠢᠯᠡᠯᠳᠡ ᠶᠢ ᠲᠦᠯᠬᠢᠨ ᠠᠬᠢᠭᠤᠯᠵᠣ ᠬᠢᠨᠡᠨ ᠵᠦᠪᠰᠢᠶᠡᠷᠡᠬᠦᠯᠬᠦ ᠣᠴᠢᠷ | ᠶᠠᠪᠣᠳᠠᠯ ᠢ ᠲᠦᠪᠯᠡᠷᠡᠬᠦᠯᠥᠨ ᠬᠦᠢᠴᠡᠳᠬᠡᠬᠦ ᠨᠣᠷᠮ᠎ᠠ ᠶᠢ 90% ᠳᠤ ᠬᠦᠷᠬᠡᠨ ︽ᠳᠠᠷᠦᠢ ᠳᠤᠨᠢ ᠬᠦᠢᠴᠡᠳᠬᠡᠬᠦ᠂ | ᠰᠦᠯᠵᠢᠶᠠᠨ ᠳᠡᠬᠡᠷ᠎ᠡ ᠬᠦᠢᠴᠡᠳᠬᠡᠬᠦ᠂ ᠬᠠᠮᠤᠭ ᠣᠶᠢᠷ᠎ᠠ ᠭᠠᠵᠠᠷ ᠲᠤ ᠬᠦᠢᠴᠡᠳᠬᠡᠬᠦ᠂ ᠨᠢᠭᠡ ᠯᠠ ᠣᠳᠠᠭ᠎ᠠ ᠳᠡᠬᠡᠷ᠎ᠡ | ᠬᠦᠢᠴᠡᠳᠬᠡᠬᠦ︾ ᠣᠴᠢᠷ ᠶᠠᠪᠣᠳᠠᠯ ᠢ 391 ᠬᠤᠪᠢ ᠨᠡᠶᠢᠳᠠᠯᠠᠵᠣ ᠠᠵᠢᠯ ᠬᠦᠢᠴᠡᠳᠬᠡᠬᠦ ᠴᠠᠭ ᠤᠨ ᠬᠢᠵᠠᠭᠠᠷ ᠢ | ᠬᠠᠣᠯᠢ ᠳᠤ ᠳᠣᠭᠳᠠᠭᠠᠭᠰᠠᠨ ᠴᠠᠭ ᠤᠨ ᠬᠢᠵᠠᠭᠠᠷ ᠤᠨ ᠬᠠᠭᠠᠰ ᠠᠴᠠ ᠳᠡᠬᠡᠭᠰᠢ ᠪᠠᠭᠠᠰᠬᠠᠪᠠ︔ ᠭᠠᠷ | ᠣᠳᠠᠰᠣᠨAPP ᠢᠶᠠᠷ ᠠᠵᠢᠯ ᠠᠴᠠ ᠪᠠᠨ ᠠᠮᠠᠷᠠᠭᠰᠠᠨ ᠬᠦᠮᠦᠰ ᠤᠨ ᠠᠮᠢᠳᠣ ᠮᠠᠨᠳᠣ ᠪᠠᠶᠢᠬᠤ ᠶᠢ ᠬᠡᠷᠡᠴᠢᠯᠡᠨ | ᠨᠣᠳᠠᠯᠠᠬᠤ᠂ ︽ᠬᠤᠷᠣᠭᠤᠨ ᠦᠵᠦᠬᠦᠷ ᠲᠠᠬᠢ ᠳᠣᠮᠢᠯᠠᠭᠰᠠᠨ ᠰᠠᠯᠪᠣᠷᠢ︾ ᠵᠡᠷᠬᠡ ᠨᠢᠬᠡ ᠪᠦᠯᠥᠭ ᠠᠷᠠᠳ ᠲᠤ | ᠲᠦᠬᠦᠮ ᠦᠵᠡᠬᠦᠯᠬᠦ ᠣᠶᠢᠯᠡᠴᠢᠯᠡᠬᠡᠨ ᠤ ᠠᠷᠭ᠎ᠠ ᠪᠠᠷᠢᠯ ᠢ ᠬᠡᠷᠡᠭᠯᠡᠵᠦ ᠮᠣᠵᠢ ᠠᠯᠣᠰᠯᠠᠨ ᠡᠮᠴᠢᠯᠡᠬᠦᠯᠦᠭᠰᠡᠨ | ᠰᠦᠢᠳᠬᠡᠯ ᠢ ᠰᠢᠭᠤᠳ ᠳᠠᠩᠰᠠᠨ ᠠᠴᠠ ᠳᠠᠶᠢᠯᠬᠤ ᠶᠢ ᠪᠠᠶᠠᠯᠡᠬᠦᠯᠪᠠ︔ ᠳᠠᠭᠠᠭᠤᠯᠢ ᠣᠳᠣᠨ ᠠᠯᠣᠰ ᠡᠵᠡᠮᠰᠢᠯᠳᠣ | ᠵᠢᠷᠤᠭ ᠲᠦᠷᠰᠣ ᠪᠠᠷ ᠭᠠᠵᠠᠷ ᠰᠢᠷᠦᠢ ᠶᠢ ᠪᠠᠶᠢᠴᠠᠭᠠᠬᠤ ᠬᠠᠣᠯᠢ ᠬᠡᠷᠡᠭᠵᠢᠬᠦᠯᠥᠯᠳᠡ ᠪᠠ ᠵᠣᠷᠰᠢᠯ ᠬᠢᠨᠡᠨ | ᠪᠠᠶᠢᠴᠠᠭᠠᠯᠳᠠ ᠴᠡᠭᠴᠡᠯᠡᠨ ᠰᠠᠶᠢᠵᠢᠷᠠᠭᠤᠯᠣᠯᠳᠠ ᠶᠢᠨ ᠠᠵᠢᠯ ᠢ ᠲᠦᠷᠬᠡᠳᠬᠡᠨ ᠠᠬᠢᠭᠤᠯᠵᠣ᠂ ᠪᠠᠶᠢᠭᠠᠯᠢ ᠶᠢᠨ ᠡᠬᠢ | ᠪᠠᠶᠠᠯᠢᠭ ᠡᠳ᠋ ᠬᠦᠷᠦᠩᠬᠡ ᠶᠢᠨ ᠦᠷᠢ ᠶᠢᠨ ᠬᠦᠰᠦᠨᠦᠭᠳᠣ ᠶᠢ ᠨᠠᠶᠢᠷᠠᠭᠤᠯᠬᠤ ᠠᠵᠢᠯ ᠱᠠᠳᠣᠴᠢ ᠴᠢᠨᠡᠷᠳᠡᠢ ᠠᠬᠢᠯᠳᠠ | ᠲᠠᠢ ᠪᠣᠯᠪᠠ᠃ ᠭᠠᠵᠠᠷ ᠰᠢᠷᠦᠢ᠂ ᠨᠣᠳᠤᠭ ᠪᠠᠯᠴᠢᠬᠡᠷ ᠤᠨ ᠡᠷᠬᠡ ᠶᠢ ᠳᠣᠭᠳᠠᠭᠠᠵᠣ ᠳᠠᠩᠰᠠᠯᠠᠨ ᠦᠨᠡᠮᠯᠡᠯ | ᠣᠯᠭᠤᠭᠰᠠᠨ ᠨᠣᠷᠮ᠎ᠠ ᠶᠢ 96 %᠂ 92% ᠬᠦᠷᠬᠡᠵᠣ ᠦᠭᠡᠷᠡᠴᠢᠯᠡᠯᠲᠡ ᠶᠢᠨ ᠲᠤᠭᠳᠠᠭᠠᠭᠰᠠᠨ ᠡᠭᠦᠷᠭᠡ ᠶᠢ | ᠪᠦᠳᠦᠬᠡᠯᠴᠢ ᠪᠠᠷ ᠪᠡᠶᠡᠯᠡᠬᠦᠯᠵᠦ ᠬᠦᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ ᠪᠦᠬᠦ ᠣᠯᠣᠰ ᠤᠨ | ᠬᠤᠶᠠᠳᠣᠭᠠᠷ ᠪᠦᠯᠥᠭ ᠮᠠᠯ ᠳᠠᠷᠢᠶᠠᠯᠠᠩ ᠤᠨ ᠪᠦᠳᠦᠬᠡᠭᠳᠡᠬᠦᠨ ᠤ ᠶᠠᠰᠣ ᠴᠢᠨᠡᠷ ᠤᠨ ᠠᠶᠣᠯᠬᠦᠢ ᠬᠤᠰᠢᠭᠤ ᠶᠢᠨ | ᠡᠬᠦᠳᠣᠨ ᠪᠠᠶᠢᠭᠤᠯᠣᠯᠳᠠ ᠶᠢᠨ ᠠᠵᠢᠯ ᠰᠢᠯᠭᠠᠨ ᠬᠤᠷᠢᠶᠠᠯᠳᠠ ᠶᠢ ᠲᠤᠭᠤᠯᠵᠦ᠂ 230 ᠭᠠᠷᠦᠢ ᠮᠠᠯ ᠳᠠᠷᠢᠶᠠᠯᠠᠩ | ᠠᠵᠣ ᠠᠬᠤᠢ ᠶᠢᠨ ᠠᠵᠣ ᠠᠬᠤᠶᠢᠯᠡᠯ ︵ᠵᠣᠬᠢᠶᠠᠨ ᠪᠠᠶᠢᠭᠤᠯᠣᠯᠳᠠ︶ ᠤᠨ ᠪᠦᠳᠦᠬᠡᠭᠳᠡᠬᠦᠨ ᠪᠠ ᠣᠷᠣᠨ ᠨᠣᠳᠤᠭ ᠤᠨ | ᠭᠠᠷᠣᠯᠳᠠᠳᠣ ᠢᠳᠡᠬᠡᠨ ᠢ ᠮᠦᠷᠳᠡᠵᠣ ᠪᠣᠯᠬᠤ ᠪᠤᠯᠭᠠᠵᠦ᠂ ᠢᠳᠡᠬᠡᠨ ᠣᠮᠳᠠᠭᠠᠨ ᠤ ᠠᠮᠣᠷ ᠲᠦᠪᠰᠢᠨ ᠨᠢ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠨᠢᠬᠡᠳᠣᠯᠳᠡᠢ ᠬᠦᠷᠢᠶᠠᠯᠠᠯ ᠢ ᠣᠯᠣᠭᠰᠠᠨ ᠪᠠᠶᠢᠨ᠎ᠠ᠃ | ︵ᠳᠣᠯᠤᠭ᠎ᠠ︶ ᠳᠠᠶᠠᠭᠠᠷ ᠢᠶᠠᠨ ᠰᠠᠳᠬᠢᠯ ᠨᠢᠬᠡᠳᠣᠨ ᠡᠶ᠎ᠡ ᠵᠣᠬᠢᠴᠠᠯ ᠢ ᠠᠬᠢᠭᠤᠯᠵᠣ ᠨᠡᠶᠢᠬᠡᠮ ᠨᠠᠶᠢᠳᠠ ᠪᠠᠷ | ᠢᠶᠠᠨ ᠠᠮᠣᠷ ᠳᠣᠭᠳᠠᠭᠤᠨ ᠪᠣᠯᠪᠠ᠃ ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠣᠢ ᠶᠢ ᠪᠡᠯᠬᠡᠯᠡᠬᠦ ᠣᠯᠣᠰ | ᠢᠶᠠᠨ ᠬᠠᠶᠢᠷᠠᠯᠠᠬᠤ ᠬᠦᠮᠦᠵᠢᠯ ᠤᠨ ᠲᠤᠰᠬᠠᠢ ᠰᠡᠲᠤᠪᠲᠤ ᠰᠢᠷᠢᠰ ᠠᠵᠢᠯᠯᠠᠭ᠎ᠠ ᠶᠢ ᠡᠷᠬᠢᠯᠡᠪᠠ᠃ ᠪᠦᠬᠦ ᠣᠷᠣᠨ ᠤ | ᠦᠨᠳᠣᠰᠣᠳᠠᠨ ᠤ ᠪᠦᠯᠬᠦᠮᠳᠠᠯ ᠳᠠᠪᠰᠢᠯᠳᠠ ᠶᠢᠨ ᠡᠬᠦᠳᠣᠨ ᠪᠠᠶᠢᠭᠤᠯᠣᠯᠳᠠ ᠶᠢᠨ ᠳᠣᠷᠰᠢᠯᠭ᠎ᠠ ᠰᠣᠯᠢᠯᠴᠡᠬᠤ ᠳᠣᠬᠠᠢ | ᠶᠢᠨ ᠳᠠᠯᠠᠪᠣᠷ ᠤᠨ ᠬᠤᠷᠠᠯ ᠢ ᠳᠠᠭᠠᠭᠠᠴᠢᠯᠡᠨ ᠡᠷᠬᠢᠯᠡᠵᠣ ᠮᠣᠩᠭᠤᠯ ᠬᠡᠯᠡᠨ ᠤ ᠵᠠᠰᠠᠭ ᠤᠨ ᠶᠠᠪᠣᠳᠠᠯ ᠤᠨ ᠰᠦᠯᠵᠢᠶ᠎ᠠ | ᠶᠢ ᠠᠰᠢᠭᠯᠠᠯᠳᠠ ᠳᠤ ᠣᠷᠣᠭᠤᠯᠤᠨ ᠦᠣᠰᠢᠨᠵᠣᠣ ᠰᠦᠮ᠎ᠡ ᠶᠢᠨ ᠴᠠᠭᠠᠨ ᠰᠣᠪᠣᠷᠭ᠎ᠠ ᠶᠢ ᠪᠠᠬᠢᠵᠢᠬᠦᠯᠵᠣ ᠴᠦᠬᠡᠨ | ᠳᠣᠭᠠᠳᠣ ᠦᠨᠳᠣᠰᠣᠳᠠᠨ ᠤ ᠠᠮᠢᠳᠣᠷᠠᠯ ᠬᠦᠴᠢᠷᠳᠡᠯᠳᠡᠢ ᠣᠯᠠᠨ ᠲᠦᠮᠡᠨ ᠳᠤ 350 ᠠᠮᠣᠭᠤᠯᠠᠩ ᠣᠷᠣᠨ ᠰᠠᠭᠤᠴᠠ | ᠶᠢ ᠪᠠᠷᠢᠨ ᠦᠭᠴᠣ ᠪᠦᠬᠦ ᠣᠯᠣᠰ ᠤᠨ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠵᠢᠱᠢᠶᠠᠴᠢ ᠬᠤᠰᠢᠭᠤ ᠶᠢ | ᠠᠮᠵᠢᠯᠳᠠᠳᠠᠢ ᠡᠭᠦᠳᠦᠨ ᠪᠠᠶᠢᠭᠤᠯᠪᠠ᠃ ᠮᠠᠨ ᠤ ᠬᠤᠰᠢᠭᠤᠨ ᠤ ᠳᠠᠮᠢᠷᠴᠢᠳ ᠦᠪᠡᠷᠳᠡᠬᠡᠨ ᠵᠠᠰᠠᠬᠤ ᠣᠷᠣᠨ ᠤ | ᠠᠷᠪᠠᠨ ᠲᠦᠷᠪᠡᠳᠣᠬᠡᠷ ᠬᠤᠭᠤᠴᠠᠭᠠᠨ ᠤ ᠪᠠᠶ᠎ᠠ ᠳᠠᠮᠢᠷ ᠤᠨ ᠴᠣᠭᠯᠠᠭᠠᠨ ᠳᠡᠬᠡᠷ᠎ᠡ ᠰᠢᠯᠢᠳᠡᠭ ᠬᠢᠷᠢ ᠪᠦᠳᠣᠮᠵᠢ ᠣᠯᠵᠣ | ᠰᠣᠷ ᠬᠠᠷᠪᠣᠬᠤ᠂ ᠠᠨᠳᠠᠢ ᠪᠠᠶ᠎ᠠ ᠴᠢᠬᠢᠷᠠᠭᠵᠢᠭᠤᠯᠬᠤ ᠳᠠᠮᠢᠷ ᠵᠡᠷᠬᠡ ᠲᠦᠷᠥᠯ ᠤᠨ ᠤᠷᠤᠯᠳᠤᠭᠠᠨ ᠳᠤ 4 ᠠᠯᠳᠠᠨ | ᠮᠧᠳᠡᠯ 2 ᠮᠦᠩᠬᠦᠨ ᠮᠧᠳᠡᠯ ᠢ ᠬᠦᠷᠳᠡᠵᠡᠢ᠃ 34 ᠲᠥᠷᠥᠯ ᠤᠨ ᠱᠠᠩᠨᠠᠵᠣ ᠳᠣᠷᠭᠠᠬᠤ ᠠᠷᠭ᠎ᠠ ᠪᠠᠷᠢᠯ ᠢ | ᠳᠣᠭᠳᠠᠭᠠᠵᠣ ᠢᠳᠡᠬᠡᠯ ᠨᠠᠶᠢᠳᠠᠪᠣᠷᠢ ᠲᠠᠢ ᠶᠢ ᠨᠢ ᠱᠠᠩᠨᠡᠨ ᠬᠦᠭᠢᠬᠦᠯᠬᠦ ᠪᠠ ᠢᠳᠡᠬᠡᠯ ᠨᠠᠶᠢᠳᠠᠪᠣᠷᠢ ᠪᠠᠨ ᠠᠯᠳᠠᠭᠰᠠᠨ ᠢ | ᠨᠢ ᠰᠢᠳᠬᠡᠨ ᠳᠣᠷᠭᠠᠬᠤ ᠲᠦᠷᠢᠮ ᠳᠣᠭᠳᠠᠭᠠᠯ ᠢ ᠪᠦᠷᠢᠨᠰᠢᠬᠦᠯᠪᠠ᠃ ᠬᠠᠣᠯᠢ ᠴᠠᠭᠠᠵᠠ ᠶᠢᠨ ᠣᠬᠠᠭᠤᠯᠭ᠎ᠠ ᠶᠢ | ᠠᠯᠪᠠᠨ ᠪᠠᠶᠢᠭᠤᠯᠭ᠎ᠠ᠂ ᠬᠦᠳᠡᠭᠡ ᠳᠣᠰᠬᠤᠨ᠂ ᠨᠡᠶᠢᠬᠡᠮ ᠳᠣᠭᠤᠷᠢᠭ᠂ ᠰᠣᠷᠭᠠᠭᠤᠯᠢ᠂ ᠠᠵᠣ ᠠᠬᠤᠶᠢᠯᠡᠯ᠂ ᠠᠵᠢᠯ | ᠣᠶᠢᠯᠡᠰ ᠤᠨ ᠪᠠᠶᠢᠭᠤᠯᠭ᠎ᠠ ᠨᠢᠬᠡᠴᠢ᠂ ᠰᠦᠮ᠎ᠡ ᠬᠡᠶᠢᠳ ᠲᠤ ᠣᠷᠣᠭᠤᠯᠬᠤ ᠠᠵᠢᠯᠯᠠᠭ᠎ᠠ ᠶᠢ ᠦᠷᠨᠢᠬᠦᠯᠵᠣ ᠠᠶᠣᠯᠬᠦᠢ | ᠶᠢᠨ ᠳᠠᠯᠳᠡ ᠬᠡᠮ ᠢ ᠳᠠᠷᠠᠭᠠᠯᠠᠨ ᠪᠠᠶᠢᠴᠠᠭᠠᠬᠤ ᠪᠠ ᠵᠦᠷᠢᠴᠡᠯ ᠵᠢᠭᠤᠷᠠᠭᠠᠨ ᠢ ᠰᠢᠢᠳᠪᠣᠷᠢᠯᠡᠬᠦ ᠠᠵᠢᠯ ᠢ ᠴᠢᠩᠭᠠᠳᠬᠠᠨ | ︽ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ︾ ᠳᠣᠰᠬᠠᠢ ᠲᠦᠷᠥᠯ ᠤᠨ ᠳᠠᠮᠠᠴᠠᠯ ᠱᠠᠳᠣᠴᠢ ᠴᠢᠨᠡᠷᠳᠡᠢ | ᠦᠷ᠎ᠡ ᠪᠦᠳᠣᠮᠵᠢ ᠣᠯᠪᠠ᠃ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ ᠪᠦᠬᠦ ᠳᠠᠯ᠎ᠠ ᠪᠠᠷ | ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠤᠨ ᠵᠠᠰᠠᠭ ᠤᠨ ᠣᠷᠳᠣᠨ ᠤ | ᠪᠠᠶᠢᠭᠤᠯᠣᠮᠵᠢ ᠶᠢᠨ ᠦᠬᠡᠷᠡᠴᠢᠯᠡᠯᠳᠡ ᠶᠢ ᠲᠦᠯᠬᠢᠨ ᠠᠬᠢᠭᠤᠯᠵᠣ ᠳᠣᠭᠤᠷᠢᠨ ᠪᠠᠶᠢᠴᠠᠭᠠᠯᠳᠠ ᠴᠠᠭᠳᠠᠨ ᠪᠠᠶᠢᠴᠠᠭᠠᠯᠳᠠ | ᠶᠢᠨ ᠬᠠᠷᠢᠭᠤ ᠳᠣᠰᠬᠠᠭᠰᠠᠨ ᠠᠰᠠᠭᠤᠳᠠᠯ ᠤᠨ ᠴᠡᠭᠴᠡᠯᠡᠯᠲᠡ ᠶᠢ ᠴᠢᠩᠭᠠᠳᠬᠠᠪᠠ᠃ ︽ᠭᠤᠷᠪᠠᠨ ᠴᠢᠬᠤᠯᠠ ᠨᠢᠬᠡ | ᠶᠡᠭᠡ︾ ᠲᠦᠷᠢᠮ ᠢ ᠴᠢᠩᠭ᠎ᠠ ᠬᠡᠷᠡᠭᠵᠢᠬᠦᠯᠣᠨ ᠬᠢᠨᠠᠨ ᠪᠣᠳᠣᠯᠳᠠ ᠶᠢᠨ ᠦᠷ᠎ᠡ ᠳ᠋ᠦᠩ ᠢ ᠰᠠᠶᠢᠲᠤᠷ ᠬᠡᠷᠡᠭᠯᠡᠵᠦ | ᠴᠢᠬᠤᠯᠠ ᠶᠡᠭᠡ ᠣᠴᠢᠷ ᠶᠠᠪᠣᠳᠠᠯ ᠤᠨ ᠰᠢᠢᠳᠪᠣᠷᠢᠳᠣ ᠪᠣᠳᠣᠯᠭ᠎ᠠ ᠶᠢ ᠨᠡᠩ ᠲᠦᠷᠢᠮᠵᠢᠬᠦᠯᠪᠠ᠃ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠡᠯᠬᠡᠨ ᠤ | ᠠᠷᠠᠳᠴᠢᠯᠠᠯᠳᠣ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ | ᠤᠨ ᠲᠥᠯᠥᠬᠡᠯᠡᠭᠴᠢᠳ ᠤᠨ 83 ᠬᠤᠪᠢ ᠰᠠᠨᠠᠯ ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ | 64 ᠬᠤᠪᠢ ᠰᠠᠨᠠᠯ ᠳᠣᠷᠠᠳᠣᠯᠭ᠎ᠠ ᠶᠢ ᠬᠦᠢᠴᠡᠳᠬᠡᠪᠠ᠃ 4 ᠣᠳᠠᠭᠠᠨ ᠤ ᠰᠣᠨᠢᠨ ᠮᠡᠳᠡᠭᠡ ᠨᠡᠶᠢᠳᠡᠯᠡᠬᠦ ᠬᠤᠷᠠᠯ ᠢ | ᠬᠤᠷᠠᠯᠳᠣᠭᠤᠯᠵᠣ ᠨᠡᠶᠢᠬᠡᠮ ᠨᠠᠶᠢᠳᠠ ᠪᠠᠷ ᠢᠶᠠᠨ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠴᠠᠭ ᠳᠣᠬᠠᠢ ᠳᠤᠨᠢ | ᠬᠠᠷᠢᠭᠤᠯᠳᠠ ᠦᠭᠬᠦᠭᠰᠡᠨ ᠪᠠᠶᠢᠨ᠎ᠠ᠃ ᠡᠬᠦᠨ ᠠᠴᠠ ᠭᠠᠳᠠᠨ᠎ᠠ ᠠᠷᠠᠳ ᠤᠨ ᠵᠠᠪᠰᠡᠭᠳᠣ ᠬᠦᠴᠦᠨ᠂ ᠳᠠᠩᠰᠠ ᠡᠪᠬᠡᠮᠡᠯ | ᠳᠡᠣᠬᠡ ᠣᠶᠢᠯᠠᠯᠭ᠎ᠠ᠂ ᠡᠮᠡᠭᠳᠡᠶᠢᠴᠣᠳ ᠬᠡᠣᠬᠡᠳ᠂ ᠠᠭᠠᠷ ᠤᠨ ᠰᠠᠷᠬᠡᠶᠢᠯᠡᠯᠳᠡ ᠴᠠᠭ ᠠᠭᠤᠷ᠂ ᠭᠠᠵᠠᠷ ᠬᠦᠳᠡᠯᠥᠯᠳᠡ | ᠠᠴᠠ ᠰᠡᠷᠬᠡᠶᠢᠯᠡᠵᠣ ᠭᠠᠮᠰᠢᠭ ᠢ ᠪᠠᠭᠠᠰᠬᠠᠬᠤ ᠵᠡᠷᠬᠡ ᠠᠵᠢᠯ ᠰᠢᠨ᠎ᠡ ᠳᠠᠪᠰᠢᠯᠳᠡ ᠲᠠᠢ ᠪᠣᠯᠪᠠ᠃ | ᠲᠥᠯᠥᠬᠡᠯᠡᠭᠴᠢᠳ ᠡ᠂ ᠦᠩᠬᠡᠷᠡᠭᠰᠡᠨ ᠨᠢᠬᠡ ᠵᠢᠯ ᠢᠶᠠᠨ ᠡᠷᠬᠢᠴᠡᠬᠦᠯᠪᠠᠯ ᠪᠢᠳᠡ ᠬᠦᠴᠢᠷ ᠪᠡᠷᠬᠡᠰᠢᠶᠠᠯ ᠪᠠ | ᠨᠣᠭᠤᠷᠠᠯ ᠪᠦᠳᠦᠷᠡᠯ ᠳᠤ ᠳᠣᠯᠭᠠᠷᠠᠭᠰᠠᠨ ᠴᠤ ᠡᠷᠡᠮᠡᠬᠡᠶᠢᠯᠡᠨ ᠣᠷᠣᠭᠰᠢᠯᠡᠵᠣ ᠠᠶᠣᠯ ᠲᠦᠭᠰᠢᠬᠦᠷᠢ ᠦᠷᠢᠰᠣᠯᠳᠣᠬᠡᠨ | ᠳᠣᠯᠭᠠᠷᠠᠭᠰᠠᠨ ᠴᠣ᠋ ᠢᠮᠠᠭᠳᠠ ᠢᠳᠡᠬᠡᠯ ᠵᠣᠷᠢᠭ ᠳᠡᠬᠦᠯᠳᠡᠷ ᠪᠠᠶᠢᠵᠣ ᠠᠵᠠ ᠳᠣᠬᠢᠶᠠᠯ ᠪᠠ ᠰᠣᠩᠭᠤᠯᠳᠠ ᠳᠤ | ᠵᠣᠷᠢᠭᠳᠡᠢ ᠦᠷᠢᠰᠣᠯᠳᠣᠵᠣ ᠠᠷᠠᠳ ᠲᠦᠮᠡᠨ ᠤ ᠲᠥᠯᠥᠬᠡ ᠬᠠᠷᠢᠭᠤᠴᠠᠵᠦ ᠵᠣᠷᠢᠭᠳᠡᠢ ᠡᠬᠦᠷᠬᠡᠯᠡᠨ ᠬᠦᠴᠢᠷ | ᠪᠡᠷᠬᠡᠰᠢᠶᠡᠯ ᠢ ᠢᠯᠡᠨ ᠳᠡᠪᠠᠭ᠋ᠣ ᠵᠣᠷᠢᠭ ᠰᠦᠯᠳᠡ ᠪᠠᠷ ᠠᠷᠠᠳ ᠢᠶᠠᠨ ᠪᠠᠶᠠᠵᠢᠭᠤᠯᠵᠦ ᠬᠤᠰᠢᠭᠤ ᠪᠠᠨ | ᠬᠦᠴᠦᠷᠬᠡᠭᠵᠢᠬᠦᠯᠤᠨ ᠴᠢᠨᠡᠷ ᠰᠠᠶᠢᠳᠡᠢ ᠬᠦᠭᠵᠢᠯᠳᠡ ᠶᠢᠨ ᠵᠠᠮ ᠢᠶᠠᠷ ᠰᠢᠭᠤᠷᠬᠠᠢ ᠣᠷᠣᠭᠰᠢᠯᠠᠪᠠ᠃ ᠨᠢᠬᠡ ᠵᠢᠯ ᠤᠨ | ᠳᠣᠷᠰᠢᠬᠢ ᠳᠠᠪᠰᠢᠯᠳᠡ ᠬᠦᠭᠵᠢᠯᠳᠡ ᠨᠢ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ᠂ | ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠬᠡᠨ ᠪᠠ ᠨᠡᠶᠢᠬᠡᠮ ᠤᠨ | ᠡᠯ᠎ᠡ ᠡᠲᠡᠭᠡᠳ ᠤᠨ ᠬᠢᠨ ᠤ ᠬᠢᠨᠠᠯᠳᠠ ᠳᠡᠮᠵᠢᠯᠬᠡ ᠠᠴᠠ ᠪᠣᠯᠣᠭᠰᠠᠨ ᠶᠣᠮ᠂ ᠪᠦᠬᠦ ᠬᠤᠰᠢᠭᠤᠨ ᠤ ᠡᠯ᠎ᠡ | ᠦᠨᠳᠣᠰᠣᠳᠠᠨ ᠤ ᠺᠠᠳ᠋ᠷ ᠣᠯᠠᠨ ᠲᠦᠮᠡᠨ ᠤ ᠰᠢᠷᠭᠠᠭᠤ ᠴᠢᠷᠮᠠᠶᠢᠯᠭ᠎ᠠ ᠠᠴᠠ ᠪᠣᠯᠤᠭᠰᠠᠨ ᠶᠤᠮ᠃ ᠠᠳᠠ ᠪᠢ | ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠪᠦᠬᠦ ᠲᠥᠯᠤᠭᠡᠯᠡᠭᠴᠢᠳ᠂ ᠤᠯᠤᠰ ᠲᠥᠷᠦ ᠶᠢᠨ | ᠵᠦᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠠ ᠦᠤᠰᠢᠨ ᠤ ᠬᠥᠭᠵᠢᠯᠲᠡ ᠳᠤ | ᠣᠷᠣᠯᠴᠠᠨ ᠬᠠᠯᠠᠮᠵᠢᠯᠠᠵᠤ ᠳᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ | ᠳᠠᠯᠠᠷᠬᠠᠯ ᠢᠶᠠᠨ ᠳᠡᠪᠰᠢᠬᠦᠯᠥᠶ᠎ᠠ︕ | ᠪᠢᠳᠠ ᠣᠯᠣᠭᠰᠠᠨ ᠠᠮᠵᠢᠯᠳᠠ ᠪᠦᠳᠣᠮᠵᠢ ᠳᠡᠭᠡᠨ ᠪᠠᠶᠠᠷᠯᠠᠨ ᠣᠮᠣᠭᠰᠢᠬᠤ ᠶᠢᠨ ᠬᠠᠮᠳᠣ ᠣᠳᠣᠬᠠᠨ ᠤ ᠵᠠᠰᠠᠭ | ᠤᠨ ᠣᠷᠳᠣᠨ ᠤ ᠦᠷᠢ ᠰᠢᠷᠢ ᠶᠢ ᠢᠯᠭᠠᠷᠠᠭᠤᠯᠬᠤ᠂ ᠶᠠᠳᠠᠭᠤ ᠠᠴᠠ ᠠᠩᠬᠢᠵᠢᠷᠠᠭᠤᠯᠤᠨ ᠪᠣᠭᠤᠮᠳᠠ ᠰᠢᠪᠳᠣᠯᠬᠤ | ᠪᠠᠬᠢᠵᠢᠬᠦᠯᠬᠦ᠂ ᠣᠷᠴᠢᠨ ᠳᠣᠭᠤᠷᠢᠨ ᠤ ᠪᠣᠬᠢᠷᠳᠣᠯ ᠢ ᠰᠠᠷᠬᠡᠶᠢᠯᠡᠨ ᠵᠠᠰᠠᠬᠤ ᠠᠵᠢᠯ ᠤᠨ ᠳᠠᠷᠣᠯᠳᠠ ᠮᠦᠨ ᠯᠠ | ᠨᠠᠯᠢᠶᠡᠳ ᠶᠡᠭᠡ ᠪᠠᠶᠢᠵᠣ᠂ ᠴᠢᠬᠤᠯᠠ ᠶᠡᠭᠡ ᠲᠦᠷᠥᠯ ᠵᠣᠶᠢᠯ ᠤᠨ ᠨᠦᠭᠡᠴᠡ ᠬᠦᠢᠴᠡᠳ ᠪᠣᠰᠣ᠂ ᠳᠣᠭᠳᠠᠮᠠᠯ | ᠬᠦᠷᠦᠩᠬᠡ ᠶᠢᠨ ᠪᠡᠯᠡ ᠣᠷᠣᠭᠤᠯᠣᠯᠳᠠ ᠶᠢᠨ ᠨᠡᠮᠡᠭᠳᠡᠯ ᠰᠣᠯᠠ ᠳᠣᠷᠣᠢ᠂ ᠠᠵᠣ ᠣᠶᠢᠯᠡᠰ ᠤᠨ ᠬᠦᠭᠵᠢᠯᠲᠡ ᠶᠢᠨ | ᠬᠡᠯᠪᠠᠷᠢ ᠶᠢ ᠬᠤᠪᠢᠷᠠᠭᠤᠯᠣᠨ ᠳᠡᠰ ᠳᠡᠪᠰᠢᠬᠦᠯᠬᠦ ᠠᠯᠬᠤᠴᠠ ᠨᠠᠯᠢᠶᠠᠳ ᠣᠳᠠᠭᠠᠨ᠂ ᠠᠵᠣ ᠠᠬᠤᠢ ᠶᠢᠨ ᠪᠦᠳᠦᠴᠡ | ᠨᠠᠯᠢᠶᠠᠳ ᠲᠡᠩ ᠴᠣᠯᠭᠤᠢ᠂ ᠠᠷᠠᠳ ᠤᠨ ᠡᠵᠡᠩᠨᠡᠭᠰᠡᠨ ᠠᠵᠣ ᠠᠬᠤᠶᠢᠯᠡᠯ ᠤᠨ ᠬᠦᠭᠵᠢᠯᠳᠡ ᠶᠢᠨ ᠠᠮᠢᠵᠢᠷᠠᠯ ᠤᠨ | ᠬᠦᠴᠦᠨ ᠪᠠ ᠡᠬᠦᠳᠣᠯᠳᠡ ᠶᠢᠨ ᠬᠦᠴᠦᠨ ᠴᠢᠩᠭ᠎ᠠ ᠪᠣᠰᠣ᠂ ᠠᠷᠠᠳ ᠲᠦᠮᠡᠨ ᠤ ᠰᠢᠯᠢᠳᠡᠭ ᠰᠣᠷᠭᠠᠨ ᠬᠦᠮᠦᠵᠢᠯ᠂ | ᠡᠮ ᠡᠮᠨᠡᠯᠬᠡ᠂ ᠨᠠᠰᠣᠳᠠᠶᠢᠴᠤᠳ ᠤᠨ ᠠᠰᠠᠷᠠᠮᠵᠢ ᠶᠢᠨ ᠡᠬᠢ ᠰᠣᠷᠪᠣᠯᠵᠢ ᠶᠢᠨ ᠳᠠᠯ᠎ᠠ ᠶᠢᠨ ᠱᠠᠭᠠᠷᠳᠠᠯᠭ᠎ᠠ ᠳᠠᠰᠣᠷᠠᠯᠳᠡ | ᠦᠬᠡᠢ ᠨᠡᠮᠡᠭᠳᠡᠵᠣ᠂ ᠣᠨᠴᠠᠭᠠᠢ ᠵᠠᠷᠢᠮ ᠺᠠᠳ᠋ᠷ ᠠᠵᠢᠯᠳᠠᠳ ᠤᠨ ᠰᠣᠷᠳᠠᠯ ᠲᠦᠪ ᠪᠣᠰᠣ᠂ ᠵᠣᠷᠢᠭᠳᠡᠢ ᠡᠬᠦᠷᠬᠡᠯᠡᠬᠦ | ᠦᠬᠡᠢ᠂ ᠤᠯᠠᠮ ᠠᠴᠠ ᠬᠦᠨᠳᠦᠷᠡᠵᠦ ᠪᠠᠶᠢᠭ᠎ᠠ ᠦᠬᠡᠷᠡᠴᠢᠯᠡᠯᠳᠡ ᠬᠦᠭᠵᠢᠯᠳᠡ ᠶᠢ ᠲᠤᠭᠲᠠᠭᠤᠨᠵᠢᠭᠤᠯᠬᠤ ᠡᠬᠦᠷᠬᠡ ᠶᠢ | ᠡᠬᠦᠷᠬᠡᠯᠡᠨ ᠪᠠᠶᠠᠯᠡᠬᠦᠯᠬᠦ ᠳᠤ ᠬᠦᠴᠢᠷᠳᠡᠵᠣ ᠪᠠᠶᠢᠬᠤ ᠵᠡᠷᠬᠡ ᠪᠠᠶᠢᠳᠠᠯ ᠢ ᠰᠡᠷᠬᠡᠭ ᠢᠶᠠᠷ ᠣᠯᠵᠣ ᠳᠠᠨᠢᠪᠠ᠃ ᠪᠢᠳᠡ | ᠡᠳᠡᠬᠡᠷ ᠠᠰᠠᠭᠤᠳᠠᠯ ᠢ ᠬᠤᠶᠢᠰᠢᠳᠠ ᠶᠢᠨ ᠠᠵᠢᠯ ᠳᠣᠮᠳᠠ ᠪᠠᠨ ᠨᠠᠷᠢᠨ ᠬᠢᠨᠠᠮᠠᠭᠠᠢ ᠰᠣᠳᠣᠯᠵᠣ ᠰᠢᠨᠵᠢᠯᠡᠬᠦ ᠣᠬᠠᠭᠠᠨᠴᠢ | ᠂ ᠪᠣᠯᠭᠤᠮᠵᠢᠳᠡᠢ ᠣᠪᠣᠷ ᠢᠶᠠᠷ ᠰᠢᠢᠳᠪᠣᠷᠢᠯᠡᠬᠦ ᠴᠢᠬᠤᠯᠠᠲᠠᠢ ᠪᠠᠶᠢᠨ᠎ᠠ᠃ | ᠬᠤᠶᠡᠷ᠂ 2019 ᠣᠨ ᠤ ᠠᠵᠢᠯ ᠤᠨ ᠪᠠᠶᠢᠷᠢᠯᠠᠭᠤᠯᠣᠯᠳᠠ | ᠲᠥᠯᠥᠬᠡᠯᠡᠭᠴᠢᠳ ᠡ᠂ 2019 ᠣᠨ ᠪᠣᠯ ᠰᠢᠨ᠎ᠡ ᠳᠣᠮᠳᠠᠳᠣ ᠣᠯᠣᠰ ᠪᠠᠶᠢᠭᠤᠯᠣᠭᠳᠠᠭᠰᠠᠨ 70 ᠵᠢᠯ ᠤᠨ | ᠣᠢ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠡᠯᠡᠬᠦᠯᠬᠦ᠂ ᠨᠢᠬᠡᠳᠣᠬᠡᠷ ᠵᠠᠭᠤᠨ ᠵᠢᠯ ᠤᠨ ᠳᠠᠮᠠᠴᠡᠬᠦ ᠬᠠᠷᠠᠯᠳᠠ | ᠶᠢᠨ ᠵᠠᠩᠬᠢᠯᠠᠭ᠎ᠠ ᠶᠢᠨ ᠵᠢᠯ ᠮᠦᠨ᠂ ᠮᠦᠨᠴᠣ ᠪᠦᠬᠦ ᠬᠤᠰᠢᠭᠤ ᠪᠠᠷ ᠢᠶᠠᠨ ᠰᠠᠳᠬᠢᠯ ᠨᠢᠬᠡᠳᠣᠨ ᠬᠦᠴᠦ ᠪᠠᠨ | ᠬᠠᠮᠳᠣᠳᠬᠠᠵᠣ ᠪᠣᠳᠠᠳᠠᠢ ᠠᠵᠢᠯᠯᠠᠨ ᠵᠣᠷᠢᠭᠳᠡᠢ ᠡᠬᠦᠷᠬᠡᠯᠡᠵᠣ ︽ᠨᠣᠮᠢᠨ ᠳᠠᠩᠰᠤᠭ ᠬᠦᠭᠵᠢᠨ ᠮᠠᠨᠳᠣᠯᠳᠠ︾ ᠶᠢᠨ ᠴᠤ᠋ | ᠰᠢᠨ᠎ᠡ ᠬᠠᠭᠤᠳᠠᠰᠣ ᠶᠢ ᠪᠢᠴᠢᠭᠯᠡᠬᠦ ᠡᠬᠢᠯᠡᠯᠳᠡ ᠶᠢᠨ ᠵᠢᠯ ᠪᠠᠶᠢᠵᠦ᠂ ᠪᠦᠬᠦ ᠵᠢᠯ ᠤᠨ ᠠᠵᠢᠯ ᠢ ᠰᠠᠶᠢᠲᠤᠷ ᠬᠢᠬᠦ | ᠬᠠᠷᠢᠭᠤᠴᠠᠯᠭ᠎ᠠ ᠬᠦᠨᠳᠣ᠂ ᠣᠳᠬ᠎ᠠ ᠬᠦᠨᠵᠡᠬᠡᠢ ᠶᠣᠮ᠃ | ᠦᠨᠣ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠦ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠤᠨ ᠳᠡᠭᠡᠳᠦ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠵᠦ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ ᠨᠡᠮᠡᠭᠳᠡᠯ ᠢ ᠳᠣᠭᠳᠠᠪᠣᠷᠢᠰᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠢ ᠬᠠᠷᠠᠭᠠᠯᠵᠠᠬᠤ᠂ ᠲᠦᠭᠰᠢᠭᠦᠷᠢ ᠶᠢ | ᠰᠡᠷᠭᠡᠶᠢᠯᠡᠬᠦ᠂ ᠲᠤᠭᠳᠠᠭᠤᠨ ᠢ ᠪᠠᠲᠤᠯᠠᠬᠤ ᠠᠵᠢᠯ ᠢ ᠨᠢᠭᠡᠳᠦᠯᠲᠡᠢ ᠠᠬᠢᠭᠤᠯᠤᠨ ᠵᠠᠬ᠎ᠠ ᠳᠡᠯᠭᠡᠭᠦᠷ ᠤᠨ ᠢᠲᠡᠭᠡᠯ ᠢ | ᠨᠡᠮᠡᠭᠳᠡᠭᠦᠯᠵᠦ ᠬᠥᠭᠵᠢᠯᠲᠡ ᠂ ᠠᠮᠢ ᠠᠬᠤᠶ᠂ ᠠᠷᠠᠳ ᠤᠨ ᠠᠮᠢᠳᠤᠷᠠᠯ᠂ ᠲᠣᠭᠲᠠᠭᠤᠨ ᠪᠠᠶᠢᠳᠠᠯ᠂ ᠴᠢᠬᠡᠴᠢ ᠵᠠᠰᠠᠭ | ᠤᠨ ᠲᠠᠪᠤᠨ ᠵᠤᠷᠪᠤᠰ ᠬᠤᠷᠢᠭ᠎ᠠ ᠱᠤᠭᠤᠮ ᠢ ᠰᠠᠬᠢᠨ ᠴᠢᠨᠠᠷ ᠰᠠᠶᠢᠲᠠᠢ ᠬᠥᠭᠵᠢᠯᠲᠡ ᠶᠢᠨ ᠨᠣᠮᠢᠨ ᠳᠠᠩᠰᠤᠭ ᠬᠦᠭᠵᠢᠨ | ᠮᠠᠨᠳᠣᠯᠳᠠ ᠶᠢᠨ ᠵᠠᠮ ᠢᠶᠠᠷ ᠵᠠᠮᠨᠠᠵᠦ ᠠᠷᠠᠳ ᠤᠯᠠᠨ ᠤ ᠬᠦᠷᠳᠡᠭᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ | ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠤᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠳᠣᠯᠠᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠳᠤ ᠰᠢᠢᠳᠪᠦᠷᠢᠯᠡᠭᠴᠢ ᠰᠠᠭᠤᠷᠢ ᠲᠠᠯᠪᠢᠨ ᠰᠢᠯᠢᠳᠡᠭ ᠬᠢᠷᠢ ᠪᠦᠲᠦᠮᠵᠢ ᠪᠠᠷ ᠢᠶᠠᠨ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠶᠠᠪᠤᠳᠠᠯ ᠪᠤᠯᠤᠨ᠎ᠠ᠃ | | ᠭᠤᠣᠯ ᠪᠣᠯᠬᠤ ᠵᠢᠱᠢᠭᠰᠡᠨ ᠬᠠᠷᠠᠯᠲᠠ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ | 7% ᠨᠡᠮᠡᠭᠳᠡᠬᠦᠯᠵᠣ ᠤᠯᠠᠨ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ ᠶᠢ 23.8 % | ᠨᠡᠮᠡᠭᠳᠡᠭᠦᠯᠦᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 11% ᠨᠡᠮᠡᠭᠳᠡᠬᠦᠯᠵᠤ ᠨᠡᠶᠢᠬᠡᠮ ᠤᠨ | ᠬᠡᠷᠡᠭᠯᠡᠭᠡᠨ ᠤ ᠵᠣᠶᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ ᠶᠢ 7.3% ᠨᠡᠮᠡᠭᠳᠡᠬᠦᠯᠤᠨ ᠬᠤᠳᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠳᠣᠰᠪᠣᠷᠢ 7%᠂ 8.5% ᠬᠦᠷᠬᠡᠨ᠎ᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠳᠠ ᠶᠢᠨ ᠨᠤᠷᠮ᠎ᠠ ᠶᠢ 4.5% ᠳᠣᠲᠣᠷ᠎ᠠ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠯᠣᠭᠠᠨ ᠳᠠᠯ᠎ᠠ ᠶᠢᠨ ᠠᠵᠢᠯ ᠢ ᠰᠠᠶᠢᠲᠤᠷ | ᠬᠢᠨ᠎ᠡ᠃ | ︵ᠨᠢᠭᠡ︶ ᠲᠦᠷᠥᠯ ᠵᠣᠶᠢᠯ ᠢ ᠠᠳᠬᠤᠨ ᠳᠣᠭᠳᠠᠭᠤᠨ ᠢᠶᠠᠷ ᠠᠵᠢᠯᠯᠠᠭᠤᠯᠵᠣ ᠬᠦᠭᠵᠢᠯᠳᠡ ᠶᠢᠨ ᠬᠡᠯᠪᠠᠷᠢ ᠶᠢ | ᠬᠤᠪᠢᠷᠠᠭᠤᠯᠣᠨ ᠠᠵᠣ ᠠᠬᠤᠢ ᠶᠢᠨ ᠳᠣᠭᠳᠠᠭᠤᠨ ᠡᠷᠡᠬᠦᠯ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠡᠯᠪᠡᠭ | ᠪᠠᠶᠠᠯᠢᠭ ᠨᠡᠬᠦᠷᠠᠰᠣ᠂ ᠬᠡᠢ᠂ ᠣᠰᠣᠨ ᠡᠬᠢ ᠪᠠᠶᠠᠯᠢᠭ ᠪᠠ ᠮᠢᠩᠭᠠᠨ ᠲᠦᠮᠡᠨ ᠳᠣᠨ ᠤ ᠳᠠᠰ ᠤᠨ ᠮᠧᠲ᠋ᠢᠯ ᠠᠯᠺᠦᠦᠯ᠂ | ᠠᠯᠺᠧᠨ ᠶᠢᠨ ᠠᠵᠣ ᠣᠶᠢᠯᠡᠳᠪᠣᠷᠢ ᠶᠢᠨ ᠲᠦᠬᠦᠭᠡᠢ ᠡᠳ᠋ ᠤᠨ ᠳᠠᠪᠠᠭᠤᠯᠢᠭ ᠲᠤ ᠰᠠᠭᠤᠷᠢᠯᠡᠨ ᠲᠦᠷᠥᠯ ᠵᠣᠶᠢᠯ ᠤᠨ | ᠬᠦᠮᠦᠷᠬᠡ ᠶᠢ ᠳᠡᠬᠦᠯᠳᠡᠷᠵᠢᠬᠦᠯᠵᠦ ᠠᠵᠣ ᠣᠶᠢᠯᠡᠰ ᠤᠨ ᠬᠡᠯᠬᠢᠶᠠᠵᠢᠯ ᠢ ᠣᠷᠳᠣᠳᠬᠠᠨ ᠳᠠᠭᠠᠯᠲᠠ ᠨᠡᠮᠡᠭᠳᠡᠯ ᠦᠷᠳᠡᠭ ᠢ | ᠳᠡᠬᠡᠭᠰᠢᠯᠡᠬᠦᠯᠵᠦ ᠲᠦᠷᠦ ᠶᠢᠨ ᠪᠣᠳᠣᠯᠭ᠎ᠠ ᠶᠢ ᠣᠷᠣᠨᠵᠢᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠢ | ᠰᠢᠯᠢᠳᠡᠭᠵᠢᠬᠦᠯᠬᠦ ᠶᠢ ᠴᠢᠬᠤᠯᠠᠴᠢᠯᠡᠵᠣ ᠬᠦᠴᠦ ᠪᠠᠨ ᠲᠦᠪᠯᠡᠷᠡᠬᠦᠯᠥᠨ ᠲᠦᠷᠥᠯ ᠵᠣᠶᠢᠯ ᠢ ᠣᠷᠣᠭᠤᠯᠵᠣ ᠪᠠᠰᠠ ᠨᠢᠬᠡ | ᠪᠦᠯᠥᠭ ᠳᠣᠮᠣ ᠲᠦᠷᠥᠯ ᠵᠣᠶᠢᠯ᠂ ᠰᠠᠶᠢᠨ ᠲᠦᠷᠥᠯ ᠵᠣᠶᠢᠯ ᠢ ᠣᠷᠣᠨᠵᠢᠭᠤᠯᠵᠣ ᠬᠡᠷᠡᠭᠵᠢᠬᠦᠯᠬᠦ ᠪᠠᠷ ᠴᠢᠷᠮᠡᠶᠢᠵᠦ ᠠᠮᠢ | ᠠᠬᠤᠶᠢᠴᠢ᠂ ᠪᠤᠬᠢᠷᠳᠤᠯ ᠦᠬᠡᠢ ᠬᠦᠭᠵᠢᠯᠲᠡ ᠪᠠᠷ ᠵᠢᠯᠤᠭᠤᠳᠤᠭᠤᠯᠤᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ | ᠵᠠᠮ ᠢ ᠢᠳᠡᠪᠬᠢᠲᠡᠢ ᠰᠦᠪᠡᠭᠴᠢᠯᠡᠨ ᠵᠠᠮᠨᠠᠨ᠎ᠠ᠃ | ᠲᠦᠷᠥᠯ ᠵᠣᠶᠢᠯ ᠤᠨ ᠬᠦᠮᠦᠷᠬᠡ ᠶᠢᠨ ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ᠠᠮᠵᠢᠯᠳᠠ ᠪᠦᠳᠦᠮᠵᠢ | ᠬᠡᠵᠢᠶᠠᠳᠠ ᠪᠡᠯᠡᠳᠬᠡᠯ ᠲᠠᠢ ᠬᠦᠮᠦᠨ ᠢ ᠢᠪᠡᠬᠡᠳᠡᠭ᠃ ᠣᠳᠣᠬᠠᠨ ᠳᠤ ᠮᠠᠨ ᠤ ᠬᠤᠰᠢᠭᠤᠨ ᠤ ᠠᠵᠣ ᠣᠶᠢᠯᠡᠳᠪᠣᠷᠢ | ᠶᠢᠨ ᠠᠵᠣ ᠠᠬᠤᠢ ᠨᠢᠬᠡᠨᠳᠠ ᠰᠠᠶᠢᠨ ᠰᠠᠶᠢᠬᠠᠨ ᠬᠦᠭᠵᠢᠯᠳᠡ ᠶᠢᠨ ᠵᠠᠮ ᠳᠤ ᠣᠷᠣᠵᠣ ᠰᠢᠨ᠎ᠡ ᠭᠠᠪᠢᠶ᠎ᠠ ᠵᠢᠳᠬᠦᠯ | ᠭᠠᠷᠭᠠᠬᠤ ᠡᠰᠡᠬᠦ ᠨᠢ ᠪᠢᠳᠠᠨ ᠢ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠳᠠᠯᠠᠨ ᠤᠯᠤᠰ ᠤᠨ ᠭᠠᠵᠠᠷ ᠰᠢᠷᠦᠢ | ᠶᠢᠨ ᠲᠦᠯᠦᠪᠵᠢᠬᠦᠯᠭᠡ᠂ ᠬᠠᠮᠠᠭᠠᠯᠠᠯᠲᠠ ᠶᠢᠨ ᠬᠤᠷᠢᠭ᠎ᠠ ᠱᠤᠭᠤᠮ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ | ᠰᠠᠭᠤᠷᠢᠯᠡᠬᠤ ᠶᠢ ᠱᠠᠭᠠᠷᠳᠠᠵᠦ ᠠᠵᠣ ᠣᠶᠢᠯᠡᠳᠪᠣᠷᠢ ᠶᠢᠨ ᠠᠵᠣ ᠠᠬᠤᠢ ᠶᠢᠨ ᠬᠦᠭᠵᠢᠯᠳᠡ ᠶᠢᠨ ᠳᠠᠪᠠᠭᠤᠯᠢᠭ ᠢ | ᠪᠣᠰᠣᠳᠴᠢ ᠪᠠᠷ ᠰᠣᠳᠣᠯᠣᠨ ᠮᠠᠭᠠᠳᠯᠠᠵᠣ ᠣᠯᠣᠰ ᠤᠨ ᠳᠣᠳᠣᠭᠠᠳᠣ ᠶᠢᠨ ᠦᠵᠦᠬᠦᠷ ᠳᠠᠰ ᠤᠨ ᠬᠢᠮᠢ ᠶᠢᠨ ᠠᠵᠣ | ᠣᠶᠢᠯᠡᠳᠪᠣᠷᠢ ᠶᠢᠨ ᠲᠥᠯᠥᠪᠵᠢᠬᠦᠯᠬᠡ ᠶᠢᠨ ᠪᠠᠶᠢᠭᠤᠯᠣᠮᠵᠢ ᠶᠢ ᠣᠷᠢᠵᠣ ᠨᠡᠬᠦᠷᠠᠰᠣ ᠬᠡᠢ ᠶᠢᠨ ᠡᠬᠢ ᠪᠠᠶᠠᠯᠢᠭ ᠤᠨ | ᠠᠵᠣ ᠣᠶᠢᠯᠡᠰ ᠪᠠ ᠮᠧᠲ᠋ᠢᠯ ᠠᠯᠺᠦᠦᠯ᠂ ᠠᠯᠺᠧᠨ ᠶᠢᠨ ᠠᠵᠣ ᠣᠶᠢᠯᠡᠳᠪᠣᠷᠢ ᠶᠢᠨ ᠲᠦᠬᠦᠬᠡᠢ ᠡᠳ᠋ ᠤᠨ ᠳᠠᠭᠠᠯᠳᠠ | ᠣᠶᠢᠯᠡᠳᠬᠦᠨ ᠤ ᠨᠡᠬᠡᠬᠡᠯᠳᠡ ᠬᠢᠬᠦ ᠳᠠᠯ᠎ᠠ ᠳᠤ ᠨᠢᠬᠡ ᠪᠦᠯᠥᠭ ᠵᠠᠬ᠎ᠠ ᠳᠡᠯᠬᠡᠬᠦᠷ ᠤᠨ ᠢᠷᠡᠬᠡᠳᠣᠢ ᠲᠠᠢ᠂ ᠠᠵᠣ ᠠᠬᠤᠢ | ᠶᠢᠨ ᠦᠷ᠎ᠡ ᠪᠦᠳᠦᠮᠵᠢ ᠢᠶᠠᠷ ᠦᠨᠳᠣᠷ᠂ ᠡᠨᠧᠷᠬᠢ ᠠᠷᠪᠢᠯᠡᠵᠣ ᠣᠷᠴᠢᠨ ᠳᠣᠭᠤᠷᠢᠨ ᠢ ᠬᠠᠮᠠᠭᠠᠯᠠᠬᠤ ᠬᠢᠮᠢ ᠶᠢᠨ ᠠᠵᠣ | ᠣᠶᠢᠯᠡᠳᠪᠣᠷᠢ ᠶᠢᠨ ᠰᠣᠳᠣᠨ ᠲᠦᠷᠥᠯ ᠵᠣᠶᠢᠯ ᠢ ᠲᠦᠯᠥᠪᠯᠡᠵᠣ ᠳᠠᠯᠡᠬᠡᠢ ᠶᠢᠨ ᠳᠠᠷᠢᠬᠦᠨ ᠤ ᠳᠡᠰ ᠤᠨ ᠣᠳᠣ ᠦᠶ᠎ᠡ | ᠶᠢᠨ ᠨᠡᠬᠦᠷᠠᠰᠣ ᠬᠡᠢ ᠶᠢᠨ ᠬᠢᠮᠢ ᠶᠢᠨ ᠠᠵᠣ ᠣᠶᠢᠯᠡᠳᠪᠣᠷᠢ ᠶᠢᠨ ᠠᠵᠣ ᠣᠶᠢᠯᠡᠰ ᠤᠨ ᠰᠦᠷᠦᠭᠵᠢᠯ ᠢ ᠪᠠᠶᠢᠭᠤᠯᠬᠤ | ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠡᠬᠦᠨ ᠤ ᠬᠠᠮᠳᠣ ᠮᠠᠯ ᠳᠠᠷᠢᠶᠠᠯᠠᠩ ᠣᠢ ᠰᠢᠭᠤᠢ ᠣᠰᠣ᠂ ᠵᠠᠮ | ᠬᠠᠷᠢᠯᠴᠠᠭ᠎ᠠ᠂ ᠰᠣᠷᠭᠠᠨ ᠬᠦᠮᠦᠵᠢᠯ᠂ ᠰᠣᠶᠣᠯ᠂ ᠡᠷᠡᠬᠦᠯ ᠬᠠᠮᠠᠭᠠᠯᠠᠯ ᠵᠡᠷᠬᠡ ᠳᠠᠯ᠎ᠠ ᠠᠴᠠ ᠭᠠᠷᠳᠠᠨ ᠨᠢᠬᠡ ᠪᠦᠯᠥᠭ | ᠪᠦᠳᠦᠬᠡᠨ ᠪᠠᠶᠢᠭᠤᠯᠬᠤ ᠲᠦᠷᠥᠯ ᠵᠣᠶᠢᠯ ᠢ ᠲᠥᠯᠥᠪᠯᠡᠬᠦ ᠶᠢᠨ ᠬᠠᠮᠳᠣ ᠳᠡᠬᠡᠷ᠎ᠡ ᠱᠠᠳᠣᠨ ᠤ ᠪᠡᠯᠡ ᠮᠦᠩᠬᠦ ᠶᠢ | ᠢᠳᠡᠪᠬᠢᠳᠡᠢ ᠳᠠᠮᠠᠴᠠᠨ ᠣᠯᠵᠣ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠵᠣᠬᠢᠴᠠᠩᠭᠤᠢ ᠬᠦᠭᠵᠢᠯᠳᠡ ᠶᠢ | ᠲᠦᠯᠬᠢᠨ ᠠᠬᠢᠭᠤᠯᠣᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠰᠠᠶᠢᠲᠤᠷ ᠠᠳᠬᠤᠨ᠎ᠠ᠃ ᠭᠤᠤᠯᠳᠠᠯᠭ᠎ᠠ ᠲᠠᠢ ᠲᠤᠮᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠮᠦᠨ ᠤᠳᠤᠬᠠᠨ ᠤ ᠪᠦᠬᠦ ᠬᠤᠰᠢᠭᠤᠨ ᠤ ᠠᠵᠤ ᠠᠬᠤᠢ ᠶᠢᠨ | ᠴᠢᠨᠠᠷ ᠰᠠᠶᠢᠲᠠᠢ ᠭᠦᠭᠵᠢᠯᠲᠡ ᠶᠢ ᠠᠬᠢᠭᠤᠯᠬᠤ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ | ᠶᠢ ᠲᠠᠭᠠᠭᠤᠯᠬᠤ ᠶᠢᠨ ᠴᠢᠬᠤᠯᠠ ᠭᠠᠷᠳᠠᠴᠠ ᠪᠤᠯᠵᠤ ᠪᠠᠶᠢᠨ᠎ᠠ᠃ ᠪᠢᠳᠠ ᠤᠯᠤᠰ ᠤᠨ ᠠᠵᠤ ᠦᠢᠯᠡᠰ ᠤᠨ | ᠬᠦᠭᠵᠢᠯᠲᠡ ᠪᠠ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠲᠠ ᠶᠢᠨ ᠴᠢᠭᠯᠡᠯ ᠢ ᠲᠠᠭᠠᠵᠤ ᠲᠤᠭᠲᠠᠯᠴᠠᠭ᠎ᠠ ᠪᠠᠨ | ᠲᠡᠭᠦᠯᠳᠡᠷᠵᠢᠬᠦᠯᠦᠨ ᠲᠤᠰᠬᠠᠢ ᠠᠩᠭᠢ ᠵᠤᠬᠢᠶᠠᠨ ᠪᠠᠶᠢᠭᠤᠯᠵᠤ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ | ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠵᠡᠷᠭᠡ ᠠᠷᠭ᠎ᠠ ᠪᠠᠷᠢᠯ ᠢᠶᠠᠷ ᠤᠨᠴᠠᠭᠠᠶᠢᠯᠠᠨ ᠠᠵᠤ | ᠠᠬᠤᠶᠢᠯᠠᠯᠲᠠᠨ ᠠᠷᠠᠯᠵᠢᠶᠠᠴᠢᠨ ᠤᠷᠢᠬᠤ ᠦᠢᠯᠡᠳᠦᠯ ᠢ ᠬᠦᠢᠴᠡᠳ ᠪᠠᠳᠠᠷᠠᠭᠤᠯᠵᠤ ᠲᠡᠳᠡᠨ ᠢᠶᠠᠷ ᠲᠠᠮᠵᠢᠭᠤᠯᠤᠨ ᠰᠢᠨ᠎ᠡ | ᠨᠠᠶᠢᠵᠠ ᠲᠠᠨᠢᠯᠴᠠᠨ ᠰᠠᠨᠠᠭ᠎ᠠ ᠲᠠᠢ ᠠᠵᠤ ᠠᠬᠤᠶᠢᠯᠠᠯ ᠲᠠᠢ ᠵᠤᠬᠢᠴᠠᠭᠤᠯᠵᠤ ᠨᠢᠭᠡ ᠪᠦᠯᠦᠭ ᠲᠦᠷᠦᠯ ᠵᠦᠢᠯ ᠢ ᠲᠠᠬᠢᠨ | ᠰᠢᠨ᠎ᠡ ᠪᠠᠷ ᠤᠷᠤᠭᠤᠯᠬᠤ ᠶᠢ ᠪᠠᠲᠤᠯᠠᠨ᠎ᠠ᠃ ᠵᠢᠯ ᠤᠨ ᠲᠤᠳᠤᠷ᠎ᠠ ᠱᠠᠨᠳᠦ᠋ᠩ᠂ ᠠᠨᠾᠦ᠋ᠢ ᠵᠡᠷᠭᠡ ᠭᠠᠵᠠᠷ ᠬᠦᠷᠬᠦ | ᠴᠠᠬᠢᠯᠭᠠᠨ ᠬᠦᠴᠦ ᠶᠢ ᠭᠠᠳᠠᠭᠰᠢ ᠬᠦᠷᠬᠡᠬᠦ ᠵᠠᠮ ᠤᠨ ᠪᠠᠶᠢᠷᠢᠯᠠᠭᠤᠯᠤᠯᠲᠠ ᠶᠢ ᠲᠡᠮᠡᠴᠡᠨ ᠤᠯᠵᠤ ᠱᠠᠨᠳᠦ᠋ᠩ ᠤᠨ ᠶᠠᠨ | ᠺᠤᠸᠠᠩ ᠪᠦᠯᠦᠭᠯᠡᠯ᠂ ᠪᠡᠭᠡᠵᠢᠩ ᠤᠨ ᠡᠨᠧᠷᠬᠢ ᠶᠢᠨ ᠪᠦᠯᠦᠭᠯᠡᠯ᠂ ᠦᠪᠦᠷ ᠮᠤᠩᠭᠤᠯ ᠤᠨ ᠡᠨᠧᠷᠬᠢ ᠶᠢᠨ ᠴᠠᠬᠢᠯᠭᠠᠨ ᠤ | ᠪᠡᠯᠡ ᠤᠷᠤᠭᠤᠯᠤᠯᠲᠠ ᠶᠢᠨ ᠪᠦᠯᠦᠭᠯᠡᠯ ᠵᠡᠷᠭᠡ ᠠᠵᠤ ᠠᠬᠤᠶᠢᠯᠠᠯ ᠤᠨ ᠲᠤᠮᠤ ᠬᠡᠯᠪᠡᠷᠢ ᠶᠢᠨ ᠨᠡᠭᠦᠷᠡᠰᠦᠨ ᠠᠭᠤᠷᠬᠠᠢ | ᠶᠢᠨ ᠠᠮᠠᠰᠠᠷ ᠤᠨ ᠬᠠᠵᠠᠭᠤ ᠬᠠᠪᠢ ᠪᠠᠷ ᠪᠠᠶᠢᠷᠢᠯᠠᠬᠤ ᠴᠠᠬᠢᠯᠭᠠᠨ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ | ᠬᠠᠷᠢᠯᠴᠠᠵᠤ ᠵᠦᠩ ᠲᠢᠶᠠᠨ ᠾᠧ ᠴᠤᠸᠠᠩ ᠺᠤᠮᠫᠠᠨᠢ ᠶᠢᠨ ᠭᠤᠷᠪᠠᠳᠤᠭᠠᠷ ᠬᠤᠭᠤᠴᠠᠭ᠎ᠠ ᠪᠠ ᠵᠦᠩ ᠮᠸᠢ ᠪᠦᠯᠦᠭᠯᠡᠯ | ᠤᠨ ᠡᠨᠧᠷᠬᠢ ᠶᠢᠨ ᠠᠵᠤ ᠦᠢᠯᠡᠳᠪᠦᠷᠢ ᠶᠢᠨ ᠨᠡᠬᠦᠷᠡᠰᠦ ᠪᠠᠷ ᠡᠲ᠋ᠢᠯ ᠬᠤᠶᠠᠷᠴᠢ ᠠᠯᠺᠤᠤᠯ ᠦᠢᠯᠡᠳᠬᠦ ᠵᠡᠷᠭᠡ ᠲᠦᠷᠦᠯ | ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠠᠬᠢᠭᠤᠯᠵᠤ ᠬᠤᠶᠠᠷ ᠵᠢᠯ ᠤᠨ ᠲᠤᠳᠤᠷ᠎ᠠ ᠤᠷᠤᠨᠵᠢᠭᠤᠯᠤᠨ ᠪᠠᠷᠢᠯᠭ᠎ᠠ | ᠡᠬᠢᠯᠡᠬᠦᠯᠬᠦ ᠪᠠᠷ ᠴᠢᠷᠮᠠᠶᠢᠨ᠎ᠠ᠃ | ᠲᠦᠷᠦᠯ ᠵᠦᠢᠯ ᠤᠨ ᠠᠵᠢᠯ ᠢᠶᠠᠨ ᠡᠬᠢᠯᠡᠬᠦᠯᠬᠦ ᠰᠡᠷᠬᠦᠬᠡᠬᠦ ᠶᠢ ᠰᠠᠶᠢᠲᠤᠷ ᠠᠳᠬᠤᠨ᠎ᠠ᠃ ᠭᠤᠤᠯᠳᠠᠯᠭᠠᠲᠤ | ᠲᠦᠷᠦᠯ ᠵᠦᠢᠯ ᠢ ᠰᠢᠶᠠᠨ ᠤ ᠲᠡᠰ ᠤᠨ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ᠂ ᠲᠤᠯᠤᠭᠠᠶᠢᠯᠠᠬᠤ ᠰᠠᠯᠠᠭ᠎ᠠ | ᠮᠦᠴᠢᠷ ᠳᠠᠭᠠᠭᠤᠯᠤᠨ ᠬᠦᠢᠴᠡᠳᠬᠡᠬᠦ ᠦᠢᠯᠡᠴᠢᠯᠡᠭᠡᠨ ᠤ ᠲᠦᠷᠢᠮ ᠢ ᠬᠡᠷᠡᠭᠵᠢᠬᠦᠯᠵᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠤᠭᠳᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠤᠷᠤᠰᠢᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠴᠠᠭ ᠲᠠᠷᠤᠢ ᠳᠤ ᠨᠢ ᠵᠤᠬᠢᠴᠠᠭᠤᠯᠤᠨ ᠰᠢᠢᠳᠪᠦᠷᠢᠯᠡᠵᠤ ᠲᠦᠯᠬᠢᠬᠦ ᠦᠭᠡᠢ ᠬᠤᠶᠢᠰᠢᠯᠠᠭᠤᠯᠬᠤ ᠦᠬᠡᠢ | ᠬᠦᠯᠢᠶᠡᠬᠦ ᠦᠭᠡᠢ ᠲᠦᠰᠢᠬᠦ ᠦᠭᠡᠢ ᠠᠵᠢᠯ ᠤᠨ ᠠᠭᠤᠷ ᠠᠮᠢᠰᠬᠤᠯ ᠢ ᠪᠦᠷᠢᠯᠳᠦᠬᠦᠯᠦᠨ ᠵᠤᠷᠢᠭᠲᠠᠢ ᠪᠠᠷ | ᠬᠠᠷᠢᠭᠤᠴᠠᠯᠭ᠎ᠠ ᠡᠬᠦᠷᠭᠡᠯᠡᠨ ᠬᠠᠮᠵᠢᠯᠴᠠᠨ ᠠᠬᠢᠭᠤᠯᠵᠦ ᠬᠠᠮᠳᠤᠪᠡᠷ ᠨᠠᠶᠢᠳᠠᠪᠤᠷᠢᠵᠢᠭᠤᠯᠤᠨ 132 ᠲᠦᠷᠦᠯ ᠤᠨ | 500 ᠲᠥᠮᠡᠨ ᠲᠦᠬᠦᠷᠢᠭ ᠠᠴᠠ ᠳᠡᠭᠡᠭᠰᠢ ᠳ᠋ᠦᠩᠰᠢᠭᠤᠷ ᠲᠦᠭᠦᠷᠢᠭ ᠠᠴᠠ ᠲᠤᠷᠤᠭᠰᠢ ᠲᠦᠷᠦᠯ ᠵᠦᠢᠯ ᠢ | ᠯᠠᠪᠳᠠᠭᠤᠨ ᠬᠡᠷᠡᠭᠵᠢᠬᠦᠯᠵᠣ᠂ ᠳ᠋ᠦᠩᠰᠢᠭᠤᠷ ᠲᠦᠬᠦᠷᠢᠭ ᠠᠴᠠ ᠲᠡᠭᠡᠭᠰᠢᠬᠢ 38 ᠭᠤᠤᠯᠳᠠᠯᠭᠠᠲᠤ ᠲᠦᠷᠦᠯ ᠵᠦᠢᠯ ᠢ | ᠲᠤᠭᠲᠠᠭᠰᠠᠨ ᠬᠤᠭᠤᠴᠠᠭᠠᠨ ᠳᠤ ᠠᠵᠢᠯ ᠢᠶᠠᠨ ᠡᠬᠢᠯᠡᠬᠦᠯᠬᠦ ᠰᠡᠷᠬᠦᠬᠡᠬᠦ ᠶᠢᠨ ᠬᠠᠮᠲᠤ ᠲᠡᠰ ᠲᠠᠷᠠᠭ᠎ᠠ ᠲᠠᠢ ᠴᠠᠭ ᠲᠤ | ᠪᠠᠨ ᠪᠡᠯᠡ ᠤᠷᠤᠭᠤᠯᠬᠤ ᠲᠦᠯᠦᠪᠯᠡᠭᠡ ᠪᠠᠨ ᠪᠡᠶᠡᠯᠡᠬᠦᠯᠬᠦ ᠶᠢ ᠪᠠᠲᠤᠯᠠᠨ᠎ᠠ᠃ ᠨᠡᠭᠦᠷᠡᠰᠦ ᠬᠡᠢ ᠶᠢᠨ ᠡᠬᠢ ᠪᠠᠶᠠᠯᠢᠭ ᠤᠨ | ᠨᠡᠬᠡᠭᠡᠨ ᠬᠦᠭᠵᠢᠬᠦᠯᠦᠯᠲᠡ ᠶᠢ ᠡᠮᠬᠢ ᠴᠡᠭᠴᠡᠲᠠᠢ ᠠᠬᠢᠭᠤᠯᠤᠨ᠎ᠠ᠃ ᠬᠤᠶᠢᠳᠤ ᠪᠤᠷᠭᠠᠰᠤᠨ ᠲᠦᠬᠦᠮ ᠵᠡᠷᠭᠡ 4 | ᠰᠠᠭᠤᠷᠢ ᠬᠤᠳᠳᠤᠭ ᠤᠨ ᠠᠢ ᠰᠠᠪᠠ ᠶᠢᠨ ᠠᠭᠤᠷᠬᠠᠢ ᠬᠠᠶᠢᠬᠤ ᠡᠷᠭᠡ ᠶᠢᠨ ᠮᠡᠳᠡᠬᠦᠯᠦᠯᠲᠡ ᠶᠢᠨ ᠲᠠᠩᠰᠠᠯᠠᠯᠲᠠ ᠶᠢ | ᠠᠬᠢᠭᠤᠯᠵᠦ ᠪᠠᠶᠢᠭᠤᠯᠵᠦ ᠪᠠᠶᠢᠭ᠎ᠠ ᠳᠠᠩ ᠬᠤᠳᠳᠤᠭ ᠤᠨ ᠭᠠᠷᠳᠠᠮ ᠢ ᠲᠦᠷᠭᠡᠨ ᠬᠦᠢᠴᠡᠳᠬᠡᠵᠦ ᠮᠦᠩᠭᠡᠴᠢᠨ ᠵᠡᠷᠭᠡ | 3 ᠨᠡᠭᠦᠷᠡᠰᠦᠨ ᠠᠭᠤᠷᠬᠠᠢ ᠶᠢᠨ ᠪᠠᠷᠢᠯᠭ᠎ᠠ ᠪᠠᠨ ᠲᠠᠭᠤᠰᠬᠠᠵᠦ ᠠᠰᠢᠭᠯᠠᠯᠲᠠ ᠳᠤ ᠣᠷᠣᠬᠤ ᠶᠢ ᠪᠠᠲᠤᠯᠠᠨ | ᠮᠤᠳᠤᠨᠴᠠᠶᠢᠳᠠᠮ᠂ ᠨᠠᠷᠢᠠᠭᠤᠤᠯ ᠬᠤᠶᠠᠳᠤᠭᠠᠷ ᠨᠤᠮᠧᠷᠲᠤ ᠨᠡᠬᠦᠷᠡᠰᠦᠨ ᠠᠭᠤᠷᠬᠠᠢ ᠶᠢᠨ ᠠᠭᠤᠷᠬᠠᠢ ᠨᠡᠬᠡᠬᠡᠬᠦ | ᠵᠦᠪᠰᠢᠶᠡᠷᠡᠯ ᠤᠨ ᠦᠨᠡᠮᠯᠡᠯ ᠢ ᠤᠯᠬᠤ᠂ ᠶᠢᠩ ᠫᠠᠨ ᠬᠤᠤ ᠪᠠ ᠪᠠᠢ ᠵᠢᠶᠠ ᠬᠠᠢ ᠽᠢ ᠨᠡᠬᠦᠷᠡᠰᠦᠨ ᠠᠭᠤᠷᠬᠠᠢ ᠶᠢ | ᠬᠢᠨᠠᠨ ᠵᠦᠪᠰᠢᠶᠡᠷᠡᠬᠦᠯᠵᠤ ᠨᠡᠭᠦᠷᠡᠰᠦᠨ ᠭᠠᠷᠤᠯᠲᠠ ᠶᠢ 5000 ᠲᠦᠮᠡᠨ ᠲᠤᠨ ᠢ ᠲᠠᠪᠠᠭᠤᠯᠬᠤ ᠪᠠᠷ ᠴᠢᠷᠮᠠᠶᠢᠨ᠎ᠠ᠃ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦᠯᠬᠦ | ᠠᠬᠢᠴᠠ ᠶᠢ ᠲᠦᠷᠭᠡᠳᠬᠡᠨ᠎ᠡ᠃ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ | ᠺᠤᠮᠫᠠᠨᠢ ᠶᠢᠨ 100 ᠲᠦᠮᠡᠨ ᠲᠤᠨ ᠨᠡᠶᠢᠯᠡᠮᠡᠯ ᠬᠡᠢ ᠪᠠᠷ ᠮᠧᠲ᠋ᠢᠯ ᠠᠯᠺᠤᠤᠯ ᠦᠢᠯᠡᠳᠬᠦ ᠮᠡᠷᠭᠡᠵᠢᠯ ᠤᠨ | ᠦᠭᠡᠷᠡᠴᠢᠯᠡᠯᠲᠡ᠂ ᠶᠢᠨ ᠴᠧᠩ ᠲᠠᠢ ᠺᠤᠮᠫᠠᠨᠢ ᠶᠢᠨ 30 ᠲᠦᠮᠡᠨ ᠲᠤᠨ ᠤ ᠡᠲ᠋ᠢᠯ ᠬᠤᠶᠠᠷᠴᠢ ᠠᠯᠺᠤᠤᠯ᠂ ᠵᠦᠩ | ᠲᠢᠶᠠᠨ ᠾᠧ ᠴᠤᠸᠠᠩ ᠺᠤᠮᠫᠠᠨᠢ ᠶᠢᠨ ᠲᠦᠷᠭᠡᠳᠬᠡᠬᠦᠷ ᠢᠶᠠᠷ ᠬᠠᠭᠠᠷᠠᠭᠤᠯᠬᠤ ᠲᠤᠨᠤᠭ ᠲᠦᠬᠦᠭᠡᠷᠦᠮᠵᠢ ᠵᠡᠷᠭᠡ 8 | ᠲᠦᠷᠦᠯ ᠵᠦᠢᠯ ᠤᠨ ᠠᠵᠢᠯ ᠢ ᠡᠬᠢᠯᠡᠬᠦᠯᠦᠨ ᠰᠡᠷᠬᠦᠭᠡᠵᠤ ᠬᠤᠸᠠ ᠢᠤᠢ ᠪᠦᠯᠦᠭᠯᠡᠯ ᠤᠨ 20 ᠲᠦᠮᠡᠨ ᠲᠤᠨ | ᠢᠳᠡᠭᠡᠨ ᠤ ᠲᠡᠰ ᠤᠨ ᠨᠡᠬᠦᠷᠡᠰᠦᠳᠦ᠋ᠷᠦᠭᠴᠢ ᠶᠢᠨ ᠲᠠᠪᠬᠤᠷ ᠢᠰᠦᠯ᠂ ᠦᠪᠦᠷ ᠮᠤᠩᠭᠤᠯ ᠤᠨ ᠴᠠᠩ ᠬᠤᠩ | ᠰᠦᠯᠢᠶᠤᠤ ᠶᠢᠨ ᠦᠢᠯᠡᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ 2000 ᠲᠦᠮᠡᠨ ᠵᠤᠷᠪᠤᠰ | ᠬᠦᠨᠳᠦ ᠠᠴᠢᠶ᠎ᠠ ᠶᠢ ᠪᠤᠭᠤᠳᠠᠯᠯᠠᠬᠤ ᠪᠦᠷᠬᠦᠪᠴᠢ ᠤᠭᠤᠳᠠ ᠶᠢᠨ ᠲᠦᠷᠦᠯ ᠵᠦᠢᠯ ᠢ ᠪᠦᠲᠦᠭᠡᠨ ᠪᠠᠶᠢᠭᠤᠯᠵᠤ ᠵᠦᠸᠧ | ᠵᠧᠩ ᠺᠤᠮᠫᠠᠨᠢ ᠶᠢᠨ 120 ᠲᠦᠮᠡᠨ ᠲᠤᠨ ᠨᠡᠬᠦᠷᠡᠰᠦ ᠪᠠᠷ ᠮᠧᠲ᠋ᠢᠯ ᠠᠯᠺᠤᠤᠯ ᠦᠢᠯᠡᠳᠪᠦᠷᠢᠯᠡᠬᠦ ᠲᠦᠷᠦᠯ ᠵᠦᠢᠯ ᠤᠨ | ᠠᠵᠢᠯ ᠰᠡᠷᠭᠦᠭᠡᠵᠤ ᠱᠠᠨᠰᠢ ᠶᠢᠨ ᠨᠡᠭᠦᠷᠡᠰᠦᠨ ᠦᠢᠯᠡᠰ ᠤᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ | ᠵᠢᠶᠠᠨ ᠹᠧᠩ ᠺᠤᠮᠫᠠᠨᠢ ᠶᠢᠨ ᠲᠦᠷᠦᠯ ᠵᠦᠢᠯ ᠢ ᠲᠠᠬᠢᠨ ᠡᠬᠢᠯᠡᠬᠦᠯᠬᠦ ᠠᠵᠢᠯ ᠢ ᠮᠦᠷᠳᠡᠨ ᠠᠬᠢᠭᠤᠯᠤᠨ᠎ᠠ᠃ | ᠬᠦᠷᠢᠶᠡᠯᠡᠩ ᠲᠤᠭᠤᠷᠢᠭ ᠤᠨ ᠴᠢᠳᠠᠪᠬᠢ ᠶᠢᠨ ᠢᠵᠢ ᠪᠦᠷᠢᠳᠦᠯ ᠢ ᠰᠠᠶᠢᠲᠤᠷ ᠠᠳᠬᠤᠨ᠎ᠠ᠃ ᠨᠠᠷᠢᠯᠢᠭ ᠬᠢᠮᠢ | ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠭᠤᠶᠤᠴᠢᠯᠠᠨ ᠪᠠᠷᠢᠮᠵᠢᠶᠠᠵᠢᠭᠰᠠᠨ | ᠦᠢᠯᠡᠳᠪᠦᠷᠢ ᠶᠢᠨ ᠪᠠᠶᠢᠰᠢᠩ ᠢ ᠢᠵᠢ ᠪᠦᠷᠢᠳᠦᠬᠦᠯᠦᠨ ᠪᠠᠶᠢᠭᠤᠯᠵᠤ ᠲᠤᠮᠳᠠ ᠪᠠᠭ᠎ᠠ ᠠᠵᠤ ᠠᠬᠤᠶᠢᠯᠠᠯ ᠪᠤᠯᠤᠨ | ᠲᠤᠮᠤ ᠠᠵᠤ ᠠᠬᠤᠶᠢᠯᠠᠯ ᠤᠨ ᠢᠵᠢ ᠪᠦᠷᠢᠳᠦᠭᠰᠡᠨ ᠬᠠᠮᠵᠢᠯᠴᠠᠭᠠᠨ ᠤ ᠲᠠᠪᠴᠠᠩ ᠢ ᠪᠠᠶᠢᠭᠤᠯᠤᠨ᠎ᠠ᠃ ᠦᠪᠡᠷᠳᠡᠭᠡᠨ | ᠵᠠᠰᠠᠬᠤ ᠤᠷᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠦᠭᠵᠢᠬᠦᠯᠦᠯᠲᠡ ᠶᠢᠨ ᠲᠤᠰᠬᠠᠢ ᠪᠡᠯᠡ | ᠮᠦᠩᠭᠦ ᠪᠠ ᠰᠠᠭᠤᠷᠢ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠲᠡᠮᠳᠡᠭᠲᠤ ᠶᠢᠨ ᠪᠡᠯᠡ ᠮᠦᠩᠭᠦ ᠶᠢ ᠲᠡᠮᠡᠴᠡᠨ | ᠤᠯᠵᠤ ᠬᠦᠷᠢᠶᠡᠯᠡᠩ ᠲᠤᠭᠤᠷᠢᠭ ᠤᠨ ᠤᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠦᠨ | ᠰᠤᠶᠤᠯ᠂ ᠰᠤᠷᠭᠠᠨ ᠬᠦᠮᠦᠵᠢᠯ᠂ ᠰᠡᠯᠡᠬᠦᠴᠡᠯ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ | ᠴᠠᠬᠢᠯᠭᠠᠨ ᠲᠦᠭᠡᠭᠡᠭᠦ ᠬᠡᠮᠵᠢᠶ᠎ᠡ ᠶᠢ ᠨᠡᠮᠡᠭᠳᠡᠬᠦᠯᠬᠦ ᠲᠤᠷᠰᠢᠯᠲᠠ ᠶᠢᠨ ᠴᠡᠭ ᠤᠨ ᠦᠭᠡᠷᠡᠴᠢᠯᠡᠯᠲᠡ ᠶᠢ ᠠᠬᠢᠭᠤᠯᠵᠤ | ᠬᠦᠷᠢᠶᠡᠯᠡᠩ ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠤᠷᠴᠢᠨ ᠢ ᠰᠢᠯᠢᠳᠡᠭᠵᠢᠬᠦᠯᠦᠨ | ᠬᠦᠷᠢᠶᠡᠯᠡᠩ ᠲᠤᠭᠤᠷᠢᠭ ᠤᠨ ᠠᠴᠢᠶᠠᠯᠠᠬᠤ ᠬᠦᠴᠦᠨ ᠢ ᠲᠡᠭᠡᠭᠰᠢᠯᠡᠬᠦᠯᠦᠨ᠎ᠡ᠃ ᠬᠦᠷᠢᠶᠡᠯᠡᠩ ᠲᠤᠭᠤᠷᠢᠭ ᠦᠪᠡᠷ ᠤᠨ | ᠲᠠᠷᠤᠯᠲᠠ ᠪᠠᠨ ᠨᠡᠮᠡᠭᠳᠡᠬᠦᠯᠵᠤ ᠠᠵᠢᠯ ᠤᠨ ᠭᠤᠤᠯᠳᠠᠯᠭ᠎ᠠ ᠪᠠᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠠ | ᠦᠢᠯᠡᠴᠢᠯᠡᠭᠡᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠬᠦ ᠲᠡᠭᠡᠷ᠎ᠡ ᠲᠠᠯᠪᠢᠵᠤ ᠬᠦᠷᠢᠶᠡᠯᠡᠩ ᠲᠤᠭᠤᠷᠢᠭ ᠤᠨ ᠠᠵᠤ | ᠠᠬᠤᠶᠢᠯᠠᠯ ᠳᠤ ᠬᠢᠷᠢ ᠲᠡᠩᠴᠡᠭᠰᠡᠨ ᠰᠠᠭᠤᠷᠢ ᠲᠠᠢ᠂ ᠢᠵᠢ ᠪᠦᠷᠢᠳᠦᠭᠰᠡᠨ ᠴᠢᠳᠠᠪᠬᠢ ᠲᠠᠢ᠂ ᠦᠨᠳᠦᠷ ᠪᠦᠲᠦᠮᠵᠢᠲᠤ | ᠵᠠᠰᠠᠭ ᠵᠠᠬᠢᠷᠭᠠᠨ ᠲᠠᠢ᠂ ᠨᠢᠭᠡ ᠭᠡᠷ ᠪᠦᠯᠢ ᠮᠡᠲᠤ ᠲᠤᠳᠤᠨᠤᠰᠤᠭ ᠠᠷᠠᠯᠵᠢᠶᠠᠴᠢᠨ ᠤᠷᠢᠵᠤ ᠠᠷᠠᠯᠵᠢᠶ᠎ᠠ ᠡᠵᠡᠩᠨᠡᠨ | ᠠᠮᠤᠷ ᠲᠤᠭᠲᠠᠭᠤᠨ ᠪᠠᠶᠠᠵᠢᠨ ᠴᠢᠨᠡᠭᠡᠯᠢᠭᠵᠢᠬᠦ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠦᠢᠯᠡᠳᠬᠦᠨ ᠤ ᠦᠷᠳᠡᠭ | ᠨᠢ ᠮᠢᠩᠭᠠᠨ ᠳ᠋ᠦᠩᠰᠢᠭᠤᠷ ᠢ ᠲᠠᠪᠠᠭᠰᠠᠨ ︽ᠠᠮᠢ ᠠᠬᠤᠢ ᠶᠢᠨ ᠬᠡᠯᠪᠡᠷᠢ᠂ ᠰᠢᠨ᠎ᠡ ᠡᠭᠦᠳᠦᠯᠲᠡ ᠶᠢᠨ ᠬᠡᠯᠪᠡᠷᠢ᠂ | ᠤᠶᠤᠨᠴᠢ ᠬᠡᠯᠪᠡᠷᠢ︾ ᠶᠢᠨ ᠤᠳᠤᠬᠢᠴᠢᠯᠠᠭᠰᠠᠨ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠤᠨ᠎ᠠ᠃ | ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠰᠠᠶᠢᠲᠤᠷ ᠠᠳᠬᠤᠨ᠎ᠠ᠃ ᠠᠷᠠᠳ ᠤᠨ | ᠡᠵᠡᠩᠨᠡᠭᠰᠡᠨ ᠠᠵᠤ ᠠᠬᠤᠢ ᠪᠤᠯ ᠮᠠᠨ ᠤ ᠬᠤᠰᠢᠭᠤᠨ ᠤ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ | ᠪᠠᠶᠢᠵᠤ ᠪᠤᠯᠪᠠᠰᠤᠷᠠᠩᠭᠤᠢ᠂ ᠦᠶᠡᠯᠡᠯ ᠤᠨ ᠬᠤᠭᠤᠴᠠᠭ᠎ᠠ ᠨᠢ ᠤᠬᠤᠷ᠂ ᠠᠮᠵᠢᠯᠲᠠ ᠭᠠᠷᠬᠤ ᠨᠢ ᠲᠦᠷᠭᠡᠨ ᠵᠡᠷᠭᠡ | ᠲᠠᠪᠠᠭᠤᠯᠢᠭ ᠲᠠᠢ᠃ ᠪᠢᠳᠠ ᠨᠢᠭᠡ ᠲᠠᠯ᠎ᠠ ᠪᠠᠷ ︽ᠤᠯᠠᠨ ᠦᠨᠡᠮᠯᠡᠯ ᠢ ᠨᠢᠭᠡᠳᠬᠡᠬᠦ︾ ︽ᠦᠨᠡᠮᠯᠡᠯ ᠭᠡᠷᠡᠴᠢ ᠶᠢ | ᠰᠠᠯᠭᠠᠬᠤ︾ ᠦᠭᠡᠷᠡᠴᠢᠯᠡᠯᠲᠡ ᠶᠢ ᠦᠷᠬᠦᠯᠵᠢᠯᠡᠨ ᠬᠦᠨᠵᠡᠭᠡᠶᠢᠷᠡᠬᠦᠯᠵᠤ ᠭᠠᠶᠢᠯᠢ ᠶᠢ ᠪᠠᠭᠤᠷᠠᠭᠤᠯᠤᠨ ᠵᠠᠷᠤᠳᠠᠯ ᠢ | ᠪᠠᠭᠠᠰᠬᠠᠬᠤ ︽ᠬᠠᠮᠳᠤᠷᠠᠯ ᠬᠦᠴᠦᠨ︾ ᠢ ᠰᠠᠶᠢᠨ ᠬᠢᠵᠤ ︽ᠠᠵᠤ ᠠᠬᠤᠶᠢᠯᠠᠯ ᠢ ᠡᠬᠦᠯᠡᠨ ᠲᠠᠪᠴᠠᠩ︾ ᠳᠤ | ᠭᠠᠷᠭᠠᠵᠤ ᠠᠵᠤ ᠠᠬᠤᠶᠢᠯᠠᠯ ᠤᠨ ᠦᠪᠡᠷ ᠤᠨ ᠦᠷᠳᠡᠭ ᠢ ᠦᠷᠬᠦᠯᠵᠢᠯᠡᠨ ᠪᠠᠭᠤᠷᠠᠭᠤᠯᠵᠤ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠳᠤ ᠦᠷᠢᠳᠦᠭᠰᠡᠨ ᠪᠡᠯᠡ ᠮᠦᠩᠭᠦ ᠶᠢ ᠲᠡᠰ ᠲᠠᠷᠠᠭ᠎ᠠ ᠲᠠᠢ ᠲᠦᠯᠦᠵᠤ ᠤᠳᠤᠬᠠᠨ ᠳᠤ ᠪᠠᠶᠢᠭ᠎ᠠ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠡᠮᠬᠢ ᠴᠡᠭᠴᠡᠲᠠᠢ ᠡᠷᠡᠬᠦᠯ ᠬᠦᠭᠵᠢᠯᠲᠡ ᠶᠢ ᠪᠠᠲᠤᠯᠠᠨ᠎ᠠ᠃ | ᠨᠦᠭᠦᠭᠡ ᠲᠠᠯ᠎ᠠ ᠪᠠᠷ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠨᠡᠩ ᠴᠢᠬᠤᠯᠠᠴᠢᠯᠠᠨ ᠲᠡᠮᠵᠢᠵᠤ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠰᠤᠩᠭᠤᠭᠰᠠᠨ ᠲᠦᠷᠦᠯ ᠵᠦᠢᠯ ᠨᠢ ᠤᠯᠤᠰ ᠤᠨ ᠠᠵᠤ ᠦᠢᠯᠡᠰ | ᠤᠨ ᠲᠦᠷᠦ ᠶᠢᠨ ᠪᠤᠳᠤᠯᠭ᠎ᠠ ᠪᠠ ᠤᠷᠤᠨ ᠨᠤᠲᠤᠭ ᠤᠨ ᠪᠤᠳᠠᠲᠠᠢ ᠲᠠᠢ ᠨᠡᠶᠢᠴᠡᠬᠦ ᠳᠤ ᠬᠦᠷᠪᠡᠯ ᠲᠦᠷᠦᠯ ᠵᠦᠢᠯ ᠤᠨ | ᠭᠠᠷ ᠬᠦᠢᠴᠡᠳᠬᠡᠯ ᠵᠡᠷᠭᠡ ᠲᠠᠯ᠎ᠠ ᠪᠠᠷ ᠭᠤᠣᠯᠳᠠᠯᠭᠠᠲᠠᠢ ᠲᠡᠮᠵᠢᠵᠤ ᠲᠡᠭᠡᠷ᠎ᠡ ᠱᠠᠲᠤᠨ ᠤ ᠲᠤᠰᠬᠠᠢ ᠲᠦᠷᠦᠯ ᠤᠨ ᠪᠡᠯᠡ | ᠮᠦᠩᠭᠦ ᠶᠢ ᠤᠯᠵᠤ ᠪᠤᠯᠬᠤ ᠳᠤ ᠬᠦᠷᠪᠡᠯ ᠢᠳᠡᠪᠬᠢᠲᠠᠢ ᠲᠠᠢ ᠬᠠᠪᠰᠤᠷᠤᠨ ᠤᠯᠬᠤ ᠶᠢᠨ ᠬᠠᠮᠲᠤ ᠬᠦᠢᠴᠡᠳ ᠲᠤᠭ᠎ᠠ | ᠪᠠᠷ ᠦᠭᠭᠦᠨ᠎ᠡ᠃ ︽ᠲᠤᠰᠬᠠᠢ ᠨᠠᠷᠢᠯᠢᠭ ᠦᠪᠡᠷᠮᠢᠴᠡ ᠰᠢᠨ᠎ᠡ︾ ᠪᠠᠭ᠎ᠠ ᠪᠢᠴᠢᠯ ᠠᠵᠤ ᠠᠬᠤᠶᠢᠯᠠᠯ ᠢ ᠬᠦᠮᠦᠵᠢᠬᠦᠯᠬᠦ | ᠢᠨᠵᠧᠨᠧᠷᠢᠩ ᠢ ᠬᠡᠷᠡᠭᠵᠢᠬᠦᠯᠵᠤ ᠣᠯᠠᠨ ᠢᠶᠠᠷ ᠢᠶᠠᠨ ᠣᠶᠢᠯᠡᠰ ᠪᠣᠰᠬᠠᠬᠤ ᠶᠢ ᠵᠣᠷᠢᠭᠵᠢᠭᠤᠯᠵᠣ ᠬᠤᠪᠢ ᠶᠢᠨ | ᠣᠶᠢᠯᠡᠳᠪᠣᠷᠢ ᠬᠤᠳᠠᠯᠳᠣᠭᠠᠨ ᠤ ᠡᠵᠡᠩᠨᠡᠯᠳᠡ ᠶᠢᠨ ᠡᠷᠦᠬᠡ ᠪᠠᠭ᠎ᠠ ᠪᠢᠴᠢᠯ ᠠᠵᠣ ᠠᠬᠤᠢ ᠪᠣᠯᠣᠨ ᠬᠦᠭᠵᠢᠵᠣ᠂ | ᠪᠠᠭ᠎ᠠ ᠪᠢᠴᠢᠯ ᠠᠵᠣ ᠠᠬᠤᠶᠢᠯᠡᠯ ᠬᠡᠪᠴᠢᠶᠠᠵᠢᠯ ᠠᠴᠠ ᠳᠡᠬᠡᠭᠰᠢᠬᠢ ᠠᠵᠣ ᠠᠬᠤᠶᠢᠯᠠᠯ ᠪᠣᠯᠬᠤ ᠵᠠᠮ ᠢᠶᠠᠷ ᠱᠠᠳᠣᠴᠢ | ᠴᠢᠨᠡᠷᠳᠡᠢ ᠬᠦᠮᠦᠵᠢᠬᠦᠯᠬᠦ ᠰᠢᠰᠲ᠋ᠧᠮ ᠢ ᠪᠠᠶᠢᠭᠤᠯᠵᠣ ︽ᠤᠯᠠᠨ ᠢᠶᠠᠷ ᠢᠶᠠᠨ ᠦᠢᠯᠡᠰ ᠪᠦᠲᠦᠭᠡᠵᠤ ᠲᠠᠶᠠᠭᠠᠷ ᠢᠶᠠᠨ | ᠰᠢᠨ᠎ᠡ ᠶᠢ ᠡᠭᠦᠳᠬᠦ︾ ᠭᠦᠭᠵᠢᠯᠲᠡ ᠶᠢᠨ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠠᠵᠤ ᠠᠬᠤᠶᠢᠯᠠᠯᠲᠠᠨ ᠤ | ᠡᠩᠨᠡᠭᠡ ᠶᠢ ᠬᠠᠯᠠᠮᠵᠢᠯᠠᠨ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠲᠡᠭᠡᠲᠦ ᠵᠡᠷᠭᠡ ᠶᠢᠨ ᠬᠠᠷᠢᠭᠤᠴᠠᠯᠭᠠᠲᠠᠨ | ᠡᠰᠡᠬᠦᠯ᠎ᠡ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠠᠷᠢᠭᠤᠴᠠᠯᠭᠠᠲᠠᠨ ᠴᠦᠮ ᠮᠠᠨ ᠤ ᠬᠤᠰᠢᠭᠤᠨ ᠤ ᠠᠵᠤ | ᠠᠬᠤᠢ ᠶᠢᠨ ᠬᠦᠭᠵᠢᠯᠲᠡ ᠪᠠ ᠠᠵᠢᠯ ᠤᠯᠭᠤᠵᠤ ᠦᠢᠯᠡᠰ ᠪᠦᠲᠦᠭᠡᠬᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ | ᠰᠢᠪᠲᠤᠯᠬᠤ᠂ ᠪᠤᠳᠠᠰ ᠤᠨ ᠲᠡᠮᠵᠢᠯᠭᠡ ᠰᠤᠷᠭᠠᠨ ᠬᠦᠮᠦᠵᠢᠯ ᠤᠨ ᠲᠤᠰᠠᠯᠠᠮᠵᠢ ᠵᠡᠷᠭᠡ ᠬᠦᠷᠢᠶ᠎ᠡ ᠴᠠᠷᠠᠭᠠᠨ ᠳᠤ | ᠴᠢᠬᠤᠯᠠ ᠬᠤᠪᠢ ᠨᠡᠮᠡᠷᠢ ᠦᠵᠡᠬᠦᠯᠵᠤ ᠪᠢᠳᠠ ᠲᠡᠳᠡᠨ ᠲᠠᠢ ᠨᠠᠶᠢᠵᠠᠯᠠᠨ ᠠᠵᠤ ᠠᠬᠤᠶᠢᠯᠠᠯ ᠤᠨ ᠬᠦᠭᠵᠢᠯᠲᠡ ᠶᠢ | ᠬᠠᠯᠠᠮᠵᠢᠯᠠᠬᠤ ᠪᠠᠷ ᠪᠠᠷᠠᠬᠤ ᠦᠭᠡᠢ ᠠᠵᠤ ᠠᠬᠤᠶᠢᠯᠠᠯᠲᠠᠨ ᠤ ᠬᠦᠭᠵᠢᠯᠲᠡ ᠶᠢ ᠴᠢᠬᠤᠯᠠᠴᠢᠯᠠᠵᠤ ᠲᠡᠳᠡᠨ ᠢ | ᠬᠠᠪᠰᠤᠷᠤᠨ ᠨᠢᠭᠡ ᠪᠦᠯᠦᠭ ᠪᠤᠳᠠᠲᠠᠢ ᠠᠰᠠᠭᠤᠳᠠᠯ ᠢ ᠰᠢᠢᠳᠪᠦᠷᠢᠯᠡᠨ ᠲᠡᠳᠡᠨ ᠢ ᠦᠣᠰᠢᠨ ᠳᠤ ᠠᠭᠤᠰᠣᠯᠴᠠᠭᠤᠯᠵᠣ | ᠦᠤᠰᠢᠨ ᠳᠤ ᠬᠠᠷᠢᠭᠤᠴᠠᠨ ᠦᠤᠰᠢᠨ ᠤ ᠬᠦᠴᠢᠷᠳᠡᠯ ᠢ ᠰᠢᠢᠳᠪᠦᠷᠢᠯᠡᠵᠤ ᠦᠤᠰᠢᠨ ᠤ ᠬᠦᠭᠵᠢᠯᠲᠡ ᠶᠢ ᠳᠡᠮᠵᠢᠳᠡᠭ | ᠦᠤᠰᠢᠨ ᠬᠦᠮᠦᠨ ᠪᠤᠯᠭᠠᠨ᠎ᠠ᠃ | ︵ᠬᠤᠶᠠᠷ︶ ᠪᠦᠲᠦᠴᠡ ᠶᠢ ᠲᠤᠬᠢᠷᠠᠭᠤᠯᠤᠨ ᠴᠢᠨᠠᠷ ᠪᠦᠲᠦᠮᠵᠢ ᠶᠢ ᠲᠡᠭᠡᠭᠰᠢᠯᠡᠬᠦᠯᠵᠤ ᠤᠷᠴᠢᠨ ᠲᠤᠭᠤᠷᠢᠨ ᠢ | ᠰᠢᠯᠢᠳᠡᠭᠵᠢᠬᠦᠯᠦᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠢᠨ᠎ᠡ | ᠬᠠᠭᠤᠳᠠᠰᠤ ᠶᠢ ᠪᠢᠴᠢᠭᠯᠡᠨ᠎ᠡ᠃ ᠤᠶᠢᠯᠠᠭᠠᠭᠳᠠᠬᠤᠨ ᠢᠶᠠᠨ ᠬᠤᠪᠢᠷᠠᠭᠤᠯᠬᠤ ᠪᠠᠷ ᠭᠠᠷᠳᠠᠴᠠ ᠪᠤᠯᠭᠠᠵᠤ ᠪᠡᠯᠡ ᠮᠦᠩᠭᠦᠨ | ᠤ ᠤᠷᠤᠭᠤᠯᠤᠯᠲᠠ ᠪᠠᠨ ᠤᠯᠠᠮ ᠨᠢᠬᠡ ᠠᠯᠬᠤᠮ ᠨᠡᠮᠡᠭᠳᠡᠬᠦᠯᠦᠨ ᠲᠦᠯᠦᠪᠵᠢᠬᠦᠯᠭᠡ ᠶᠢᠨ ᠲᠤᠭᠳᠠᠯᠴᠠᠭ᠎ᠠ ᠪᠠᠨ | ᠲᠡᠭᠦᠯᠳᠡᠷᠵᠢᠬᠦᠯᠵᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠵᠤ | ᠮᠠᠯᠴᠢᠨ ᠲᠠᠷᠢᠶᠠᠴᠢᠨ ᠢ ᠵᠢᠯᠤᠭᠤᠳᠤᠨ ᠣᠷᠣᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠲᠡ ᠳᠤ | ᠤᠷᠤᠯᠴᠠᠭᠤᠯᠵᠤ ᠮᠠᠯ ᠲᠠᠷᠢᠶᠠᠯᠠᠩ ᠤᠨ ᠦᠢᠯᠡᠰ ᠢ ᠬᠦᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠢ | ᠭᠤᠶᠤᠵᠢᠭᠤᠯᠤᠨ᠂ ᠮᠠᠯᠴᠢᠨ ᠲᠠᠷᠢᠶᠠᠴᠢᠨ ᠢ ᠴᠢᠨᠡᠭᠡᠯᠢᠭᠵᠢᠬᠦᠯᠬᠦ ᠶᠢ ᠲᠦᠯᠬᠢᠨ ᠠᠬᠢᠭᠤᠯᠤᠨ᠎ᠠ᠃ | ᠮᠠᠯᠴᠢᠨ ᠲᠠᠷᠢᠶᠠᠴᠢᠨ ᠤ ᠭᠤᠤᠯ ᠴᠤᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠰᠠᠶᠢᠨ | ᠰᠠᠶᠢᠬᠠᠨ ᠠᠮᠢᠳᠤᠷᠠᠯ ᠢ ᠴᠦᠮ ᠦᠪᠡᠷᠳᠡᠭᠡᠨ ᠲᠡᠮᠡᠴᠡᠵᠤ ᠪᠠᠶᠢᠭᠠᠳ ᠤᠯᠳᠠᠭ ᠶᠤᠮ᠃ ᠪᠢᠳᠠ ᠮᠠᠯᠴᠢᠨ ᠲᠠᠷᠢᠶᠠᠴᠢᠨ ᠢ | ᠬᠦᠮᠦᠵᠢᠬᠦᠯᠵᠦ ᠵᠢᠯᠤᠭᠤᠳᠬᠤ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠲᠡᠷᠢᠬᠦᠨ | ᠭᠠᠷᠳᠠᠴᠠ ᠪᠤᠯᠭᠠᠵᠤ ᠦᠵᠡᠯ ᠰᠠᠨᠠᠭᠠᠨ ᠤ ᠤᠶᠢᠯᠠᠭᠠᠭᠳᠠᠬᠤᠨ᠂ ᠲᠦᠷᠦ ᠶᠢᠨ ᠪᠤᠳᠤᠯᠭ᠎ᠠ ᠶᠢᠨ ᠤᠨᠤᠯ᠂ ᠬᠡᠷᠡᠭᠯᠡᠭᠡᠨ | ᠤ ᠮᠡᠷᠭᠡᠵᠢᠯ ᠵᠡᠷᠭᠡ ᠲᠠᠯ᠎ᠠ ᠪᠠᠷ ᠬᠦᠮᠦᠵᠢᠯ ᠪᠤᠯᠪᠠᠰᠤᠷᠠᠯ ᠢ ᠡᠷᠬᠢᠯᠡᠵᠤ ᠲᠠᠨᠢᠯᠲᠠ ᠪᠠᠨ ᠨᠠᠮ ᠤᠨ ᠲᠦᠪ ᠬᠤᠷᠢᠶ᠎ᠠ ᠪᠠ | ᠲᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠴᠢᠭᠯᠡᠯᠳᠡ ᠳᠡᠭᠡᠷ᠎ᠡ | ᠨᠢᠭᠡᠳᠬᠡᠵᠦ ᠣᠶᠢᠯᠠ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠤ | ᠪᠤᠳᠤᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠡ ᠨᠢᠭᠡᠳᠬᠡᠨ ᠦᠷᠭᠡᠨ ᠤᠯᠠᠨ ᠮᠠᠯᠴᠢᠨ ᠲᠠᠷᠢᠶᠠᠴᠢᠨ ᠤ ᠲᠤᠳᠤᠭᠠᠲᠤ | ᠬᠦᠳᠡᠯᠭᠡᠭᠴᠢ ᠬᠦᠴᠦᠨ ᠢ ᠪᠠᠳᠠᠷᠠᠭᠤᠯᠵᠤ ᠮᠠᠯᠴᠢᠨ ᠲᠠᠷᠢᠶᠠᠴᠢᠨ ᠢ ᠤᠬᠠᠮᠰᠠᠷ ᠲᠠᠢ ᠰᠠᠶᠢᠨ ᠲᠤᠷ᠎ᠠ ᠠᠴᠠ ᠪᠠᠨ ᠠᠵᠤ | ᠦᠢᠯᠡᠰ ᠤᠨ ᠪᠦᠲᠦᠴᠡ ᠶᠢ ᠲᠤᠬᠢᠷᠠᠭᠤᠯᠬᠤ᠂ ᠣᠷᠣᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠬᠦ ᠳᠤ | ᠤᠷᠤᠯᠴᠠᠳᠠᠭ ᠪᠤᠯᠭᠠᠪᠠᠯ ᠯᠠᠪᠲᠠᠢ ᠨᠢᠭᠡᠨ ᠬᠦᠴᠦᠷᠭᠡᠭ ᠬᠦᠴᠦᠨ ᠢ ᠪᠦᠷᠢᠯᠳᠦᠬᠦᠯᠵᠤ ᠮᠠᠯᠵᠢᠬᠤ ᠲᠠᠷᠢᠶᠠᠯᠠᠬᠤ ᠤᠷᠤᠨ | ᠤ ᠠᠵᠢᠯ ᠤᠨ ᠰᠢᠨ᠎ᠡ ᠨᠢᠭᠡ ᠬᠠᠭᠤᠳᠠᠰᠤ ᠶᠢ ᠰᠡᠬᠦᠬᠦ ᠶᠤᠮ᠃ | ᠤᠷᠢᠳᠠᠪᠡᠷ ᠲᠦᠯᠦᠪᠵᠢᠬᠦᠯᠬᠦ ᠶᠢ ᠪᠠᠷᠢᠮᠳᠠᠯᠠᠨ᠎ᠠ᠃ ᠬᠤᠰᠢᠭᠤ ᠱᠠᠲᠤᠨ ᠤ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ︽1+5︾ ᠬᠡᠷᠡᠭᠵᠢᠬᠦᠯᠬᠦ ᠲᠦᠰᠦᠯ ᠢ ᠲᠤᠭᠲᠠᠭᠠᠨ | ᠲᠦᠪᠯᠡᠷᠡᠬᠦᠯᠦᠨ ᠲᠡᠭᠡᠭᠰᠢᠯᠡᠬᠦᠯᠬᠦ᠂ ᠬᠤᠲᠠ ᠶᠢᠨ ᠲᠡᠬᠦᠷᠭᠡ ᠳᠤ ᠠᠭᠤᠰᠤᠯᠴᠠᠬᠤ᠂ ᠦᠪᠡᠷᠮᠢᠴᠡ ᠤᠨᠴᠠᠯᠢᠭ ᠢᠶᠠᠨ | ᠬᠠᠮᠠᠭᠠᠯᠠᠬᠤ᠂ ᠨᠡᠬᠦᠯᠭᠡᠵᠤ ᠬᠠᠰᠤᠵᠤ ᠨᠡᠶᠢᠯᠡᠬᠦᠯᠬᠦ ᠰᠡᠳᠬᠢᠴᠡ ᠪᠠᠷ ᠮᠠᠯᠴᠢᠨ ᠲᠠᠷᠢᠶᠠᠴᠢᠨ ᠦᠷᠭᠡᠨ ᠢᠶᠠᠷ | ᠤᠷᠤᠯᠴᠠᠭᠰᠠᠨ ᠤᠷᠢᠳᠠᠯ ᠲᠤᠤᠷ᠎ᠠ ᠰᠤᠮᠤ ᠪᠠᠯᠭᠠᠰᠤᠨ ᠠᠴᠠ ᠭᠤᠤᠯᠯᠠᠨ ᠭᠠᠴᠠᠭ᠎ᠠ ᠲᠤᠰᠬᠤᠨ ᠤ ᠲᠦᠯᠦᠪᠵᠢᠬᠦᠯᠭᠡ | ᠪᠠ ᠬᠡᠷᠡᠭᠵᠢᠬᠦᠯᠬᠦ ᠲᠦᠰᠦᠯ ᠢ ᠨᠠᠶᠢᠷᠠᠭᠤᠯᠤᠨ ᠲᠤᠭᠳᠠᠭᠠᠨ᠎ᠠ᠃ ᠲᠤᠬᠠᠢ ᠶᠢᠨ ᠭᠠᠵᠠᠷ ᠤᠨ ᠨᠦᠬᠦᠴᠡᠯ ᠪᠠ ᠡᠬᠢ | ᠪᠠᠶᠠᠯᠢᠭ ᠤᠨ ᠲᠠᠪᠠᠭᠤᠯᠢᠭ ᠲᠤ ᠲᠦᠰᠢᠭᠯᠡᠨ ᠲᠦᠷᠦᠯ ᠵᠦᠢᠯ ᠤᠨ ᠨᠦᠭᠡᠴᠡ᠂ ᠪᠡᠯᠡ ᠮᠦᠩᠭᠦᠨ ᠤ ᠲᠤᠬᠢᠷᠠᠭᠤᠯᠤᠯᠲᠠ | ᠂ ᠴᠢᠳᠠᠪᠤᠷᠢᠲᠠᠨ ᠤ ᠲᠤᠯᠭᠠᠭᠤᠷᠢᠯᠠᠯ ᠵᠡᠷᠭᠡ ᠠᠵᠢᠯ ᠢ ᠨᠠᠶᠢᠲᠠᠪᠤᠷᠢᠵᠢᠭᠤᠯᠵᠤ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠠᠵᠢᠯ ᠤᠨ ᠬᠦᠭᠵᠢᠯᠲᠡ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ | ᠦᠮᠴᠢᠯᠡᠯ ᠤᠨ ᠡᠷᠭᠡ ᠶᠢᠨ ᠲᠦᠷᠢᠮ᠂ ᠲᠠᠷᠢᠶᠠᠯᠠᠩ ᠤᠨ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ | ᠵᠡᠷᠭᠡ ᠰᠠᠭᠤᠷᠢ ᠴᠢᠨᠠᠷᠲᠠᠢ ᠦᠭᠡᠷᠡᠴᠢᠯᠡᠯᠲᠡ ᠪᠠ ᠬᠦᠭᠵᠢᠯᠲᠡ ᠶᠢᠨ ᠭᠤᠤᠯᠯᠠᠬᠤ ᠠᠵᠤ ᠦᠢᠯᠡᠰ ᠢ ᠬᠦᠭᠵᠢᠬᠦᠯᠬᠦ᠂ | ᠬᠠᠮᠲᠤ ᠶᠢᠨ ᠠᠵᠤ ᠠᠬᠤᠢ ᠶᠢ ᠪᠤᠢ ᠪᠤᠯᠭᠠᠬᠤ᠂ ᠭᠠᠴᠠᠭ᠎ᠠ ᠲᠤᠰᠬᠤᠨ ᠤ ᠲᠦᠷᠢ ᠲᠦᠷᠬᠦ ᠶᠢ ᠰᠠᠶᠢᠵᠢᠷᠠᠭᠤᠯᠬᠤ | ᠵᠡᠷᠭᠡ ᠲᠠᠯ᠎ᠠ ᠪᠠᠷ ᠡᠮᠦᠨ᠎ᠡ ᠡᠩᠨᠡᠭᠡᠨ ᠳᠤ ᠤᠷᠤᠵᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠦᠷ᠎ᠡ | ᠪᠦᠲᠦᠮᠵᠢ ᠤᠯᠵᠤ ᠲᠠᠭᠤᠷᠢᠶᠠᠵᠤ ᠪᠤᠯᠬᠤ ᠲᠡᠯᠭᠡᠷᠡᠬᠦᠯᠵᠤ ᠪᠤᠯᠬᠤ ᠶᠢ ᠪᠠᠲᠤᠯᠠᠨ᠎ᠠ᠃ | ᠠᠵᠤ ᠦᠢᠯᠡᠰ ᠤᠨ ᠬᠦᠭᠵᠢᠨ ᠮᠠᠨᠳᠤᠯᠲᠠ ᠶᠢ ᠠᠬᠢᠭᠤᠯᠤᠨ᠎ᠠ᠃ ᠮᠠᠯ ᠲᠠᠷᠢᠶᠠᠯᠠᠩ ᠳᠤ ᠬᠤᠯᠪᠤᠭᠳᠠᠭᠰᠠᠨ | ᠪᠡᠯᠡ ᠮᠦᠩᠭᠦ ᠶᠢ 1 ᠳ᠋ᠦᠩᠰᠢᠭᠤᠷ ᠲᠦᠬᠦᠷᠢᠭ ᠠᠴᠠ ᠲᠡᠭᠡᠭᠰᠢ ᠨᠢᠭᠡᠲᠤᠯᠲᠠᠢ ᠲᠤᠬᠢᠷᠠᠭᠤᠯᠤᠨ ᠮᠠᠯ ᠲᠠᠷᠢᠶᠠᠯᠠᠩ ᠤᠨ | ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ 10 ᠶᠡᠭᠡ ᠠᠵᠢᠯᠯᠠᠭᠠᠨ ᠤ ᠲᠦᠯᠦᠪᠯᠡᠭᠡ ᠶᠢ | ᠨᠠᠶᠢᠲᠠᠪᠤᠷᠢᠵᠢᠭᠤᠯᠵᠤ ᠮᠠᠯ ᠲᠠᠷᠢᠶᠠᠯᠠᠩ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ᠂ ᠨᠡᠷᠡᠲᠦ | ᠲᠡᠮᠳᠡᠭᠵᠢᠬᠦᠯᠦᠯᠲᠡ᠂ ᠤᠬᠢᠵᠢᠭᠤᠯᠤᠯᠲᠠ ᠶᠢ ᠠᠬᠢᠭᠤᠯᠤᠨ᠎ᠠ᠃ ᠰᠤᠮᠤ ᠪᠠᠯᠭᠠᠰᠤ ᠪᠤᠯᠭᠠᠨ ᠳᠤ 200 ᠲᠦᠮᠡᠨ | ᠲᠦᠬᠦᠷᠢᠭ ᠤᠨ ᠪᠡᠯᠡ ᠮᠦᠩᠭᠦ ᠲᠤᠬᠢᠷᠠᠭᠤᠯᠤᠨ ᠭᠤᠤᠯᠯᠠᠬᠤ ᠠᠵᠤ ᠦᠢᠯᠡᠰ᠂ ᠦᠪᠡᠷᠮᠢᠴᠡ ᠤᠨᠴᠠᠯᠢᠭ ᠲᠠᠢ | ᠰᠢᠯᠢᠳᠡᠭ ᠠᠵᠤ ᠦᠢᠯᠡᠰ ᠢ ᠬᠦᠴᠦᠷᠭᠡᠭᠵᠢᠬᠦᠯᠬᠦ ᠶᠢ ᠲᠡᠮᠵᠢᠨ᠎ᠡ᠃ ᠵᠤᠬᠢᠬᠤ ᠬᠡᠪᠴᠢᠶᠡᠵᠢᠯ ᠡᠵᠡᠩᠨᠡᠯᠲᠡ ᠬᠢᠬᠦ ᠶᠢ | ᠵᠤᠷᠢᠭᠵᠢᠭᠤᠯᠤᠨ 700 ᠮᠤ᠋ ᠲᠦᠬᠦᠭᠡᠷᠦᠮᠵᠢᠲᠤ ᠲᠠᠷᠢᠶᠠᠯᠠᠩ ᠢ ᠬᠦᠭᠵᠢᠬᠦᠯᠵᠤ 3.6 ᠲᠦᠮᠡᠨ ᠮᠤ᠋ ᠳᠤ ᠤᠰᠤ | ᠠᠷᠪᠢᠯᠠᠬᠤ ᠤᠰᠤᠯᠠᠯᠲᠠ ᠶᠢ ᠭᠡᠷᠡᠭᠯᠡᠵᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 2.5 ᠲᠦᠮᠡᠨ ᠮᠤ᠋ ᠪᠤᠯᠭᠠᠨ᠎ᠠ᠃ | ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠡᠪᠡᠰᠦ ᠪᠤᠷᠳᠤᠭ᠎ᠠ ᠶᠢᠨ ᠬᠠᠷᠢᠴᠠᠯ ᠢ ᠲᠤᠬᠢᠷᠠᠭᠤᠯᠤᠨ | ᠰᠢᠯᠢᠳᠡᠭᠵᠢᠬᠦᠯᠵᠤ ᠡᠪᠡᠰᠦ ᠪᠤᠷᠳᠤᠭᠠᠨ ᠤ ᠲᠠᠷᠢᠮᠠᠯ ᠤᠨ ᠲᠠᠯᠠᠪᠠᠢ ᠶᠢ ᠨᠡᠮᠡᠭᠳᠡᠬᠦᠯᠤᠨ ᠡᠷᠳᠡᠨᠢ ᠰᠢᠰᠢ ᠵᠡᠷᠭᠡ ᠭᠤᠤᠯ | ᠪᠤᠯᠬᠤ ᠲᠠᠷᠢᠮᠠᠯ ᠤᠨ ᠪᠦᠬᠦ ᠶᠠᠪᠤᠴᠠ ᠶᠢ ᠮᠠᠰᠢᠨᠴᠢᠯᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠤᠳᠤ ᠦᠶ᠎ᠡ ᠶᠢᠨ | ᠭᠡᠷ ᠪᠦᠯᠢ ᠶᠢᠨ ᠮᠠᠯᠵᠢᠯ ᠤᠨ 100 ᠡᠷᠦᠬᠡ ᠶᠢ ᠲᠡᠮᠵᠢᠨ ᠬᠦᠭᠵᠢᠬᠦᠯᠵᠤ ᠵᠧᠩ ᠺᠠᠩ ᠮᠠᠯ ᠲᠠᠷᠢᠶᠠᠯᠠᠩ ᠤᠨ ᠺᠤᠮᠫᠠᠨᠢ | ᠠᠴᠠ 200 ᠠᠩᠭᠢᠰ ᠠᠯᠠᠰᠢᠨ ᠦᠭᠡᠷ ᠲᠠᠢ ᠲᠡᠵᠢᠭᠡᠪᠤᠷᠢ ᠶᠢᠨ ᠲᠦᠷᠦᠯ ᠢ ᠤᠷᠤᠭᠤᠯᠵᠤ 30 ᠠᠴᠠ ᠲᠡᠭᠡᠭᠰᠢ | ᠰᠢᠯᠢᠳᠡᠭ ᠡᠬᠦᠯᠳᠡᠷ ᠤᠨ ᠠᠯᠠᠰᠢᠨ ᠦᠭᠡᠷ ᠲᠠᠢ ᠲᠡᠵᠢᠭᠡᠪᠤᠷᠢ ᠶᠢᠨ ᠲᠤᠮᠤ ᠡᠷᠦᠬᠡ ᠶᠢ ᠰᠢᠨ᠎ᠡ ᠪᠠᠷ 20 ᠨᠡᠮᠡᠵᠤ | ᠬᠤᠸᠠᠩ ᠰᠢᠶᠠᠩ ᠭᠠᠭ᠋ᠠᠢ ᠶᠢᠨ ᠠᠵᠤ ᠦᠢᠯᠡᠰ ᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠠᠢ | ᠠᠭᠤᠰᠤᠯᠴᠠᠭᠤᠯᠤᠨ ᠬᠦᠭᠵᠢᠬᠦᠯᠬᠦ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠤ ᠵᠢᠯ ᠤᠨ | ᠪᠤᠷᠤᠯᠠᠭᠤᠯᠤᠯᠲᠠ ᠨᠢ 300 ᠠᠴᠠ ᠲᠡᠭᠡᠭᠰᠢᠬᠢ ᠭᠠᠭ᠋ᠠᠢ ᠶᠢᠨ ᠪᠤᠬᠢᠷᠳᠤᠯ ᠦᠭᠡᠢ ᠪᠠᠷᠢᠮᠵᠢᠶᠠᠵᠢᠭᠰᠠᠨ ᠲᠡᠵᠢᠭᠡᠪᠤᠷᠢ | ᠶᠢᠨ ᠲᠤᠮᠤ ᠡᠷᠦᠬᠡ ᠶᠢ 8 ᠪᠤᠢ ᠪᠤᠯᠭᠠᠨ᠎ᠠ᠃ 1000 ᠲᠦᠮᠡᠨ ᠲᠦᠬᠦᠷᠢᠭ ᠤᠨ ᠲᠤᠯᠤᠭᠠᠶᠢᠯᠠᠬᠤ ᠠᠵᠤ ᠠᠬᠤᠶᠢᠯᠠᠯ | ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠤᠭᠰᠠᠨ ᠲᠤᠭᠳᠠᠯᠴᠠᠭ᠎ᠠ ᠶᠢᠨ ᠲᠡᠮᠵᠢᠯᠭᠡ ᠶᠢᠨ ᠪᠡᠯᠡ | ᠮᠦᠩᠭᠦ ᠶᠢ ᠲᠤᠬᠢᠷᠠᠭᠤᠯᠵᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠬᠦᠯᠦᠨ | ᠯᠢᠤᠢ ᠶᠤᠸᠠᠨ ᠨᠤᠲᠤᠭ ᠤᠨ ᠭᠠᠷᠤᠯᠲᠠ ᠶᠢᠨ ᠢᠳᠡᠭᠡᠨ ᠤ ᠬᠦᠷᠢᠶᠡᠯᠡᠩ ᠤᠨ ᠠᠵᠤ ᠦᠢᠯᠡᠰ ᠤᠨ ᠬᠤᠯᠪᠤᠭᠠᠯᠠᠯ ᠢ | ᠪᠤᠢ ᠪᠤᠯᠭᠠᠵᠤ ᠬᠤᠲᠠ ᠶᠢᠨ ᠲᠡᠰ ᠠᠴᠠ ᠲᠡᠭᠡᠭᠰᠢᠬᠢ ᠮᠠᠯ ᠲᠠᠷᠢᠶᠠᠯᠠᠩ ᠤᠨ ᠠᠵᠤ ᠠᠬᠤᠢ ᠶᠢᠨ ᠲᠤᠯᠤᠭᠠᠶᠢᠯᠠᠬᠤ | ᠠᠵᠤ ᠠᠬᠤᠶᠢᠯᠠᠯ ᠢ 5᠂ ᠲᠤᠰᠬᠠᠢ ᠬᠤᠷᠰᠢᠶᠠᠵᠢᠯ ᠢ 20 ᠪᠤᠢ ᠪᠤᠯᠭᠠᠨ᠎ᠠ᠃ ︽3 + 1︾ ᠬᠠᠷᠢᠯᠴᠠᠨ | ᠬᠠᠪᠰᠤᠷᠤᠯᠴᠠᠵᠤ ᠬᠠᠮᠲᠤᠪᠡᠷ ᠪᠠᠶᠢᠭᠤᠯᠬᠤ ᠪᠠ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ | ᠲᠤᠰᠠᠯᠠᠬᠤ︾ ᠠᠵᠢᠯᠯᠠᠭ᠎ᠠ ᠶᠢ ᠬᠦᠨᠵᠡᠭᠡᠶᠢᠷᠡᠬᠦᠯᠦᠨ ᠬᠠᠮᠲᠤ ᠶᠢᠨ ᠠᠵᠤ ᠠᠬᠤᠢ ᠶᠢᠨ 20 ᠲᠦᠷᠦᠯ ᠵᠦᠢᠯ ᠢ | ᠲᠡᠮᠵᠢᠨ ᠬᠦᠭᠵᠢᠬᠦᠯᠵᠤ 60% ᠶᠢᠨ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ 10 | ᠲᠦᠮᠡᠨ ᠲᠦᠭᠦᠷᠢᠭ ᠠᠴᠠ ᠲᠡᠭᠡᠭᠰᠢᠬᠢ ᠪᠤᠯᠭᠠᠬᠤ ᠪᠠᠷ ᠴᠢᠷᠮᠠᠶᠢᠨ᠎ᠠ᠃ ︽ᠦᠤᠰᠢᠨ ᠭᠠᠷᠤᠯᠲᠠᠲᠤ︾ ᠨᠡᠷᠡᠲᠦ ᠲᠡᠮᠳᠡᠭ | ᠤᠨ ᠲᠤᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ ︽ᠦᠤᠰᠢᠨᠵᠤᠤ ᠶᠢᠨ ᠡᠯᠡᠰᠦ ᠮᠠᠩᠬᠠᠨ ᠤ ᠱᠤᠷᠠᠭᠯᠢᠭ | ᠵᠠᠮᠠᠭ︾ ᠤᠨ ᠭᠠᠵᠠᠷ ᠵᠦᠢ ᠤᠨ ᠪᠡᠯᠭᠡ ᠲᠡᠮᠳᠡᠭᠲᠤ ᠪᠦᠲᠦᠭᠡᠭᠳᠡᠬᠦᠨ᠂ ᠷᠠᠰᠢᠶᠠᠨ ᠲᠤᠬᠤᠢ ᠶᠢᠨ ᠤᠷᠭᠠᠨᠢᠭ | ᠲᠤᠳᠤᠷᠭ᠎ᠠ ᠪᠠ 10 ᠵᠦᠢᠯ ᠤᠨ ᠪᠤᠬᠢᠷᠳᠤᠯ ᠦᠭᠡᠢ ᠢᠳᠡᠭᠡᠨ ᠢ ᠭᠤᠶᠤᠴᠢᠯᠠᠵᠤ ᠲᠠᠸᠠᠷ ᠤᠨ ᠲᠡᠮᠳᠡᠭ ᠲᠠᠩᠰᠠᠯᠠᠬᠤ | ᠨᠡᠮᠡᠭᠳᠡᠯ ᠤᠨ ᠨᠤᠷᠮ᠎ᠠ ᠶᠢ 12% ᠠᠴᠠ ᠲᠡᠭᠡᠭᠰᠢ ᠭᠦᠷᠭᠡᠨ᠎ᠡ᠃ | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠬᠦᠯᠦᠨ᠎ᠡ᠃ ᠲᠦᠪ | ᠤᠨ ᠲᠤᠭᠤᠷᠢᠨ ᠪᠠᠶᠢᠴᠠᠭᠠᠯᠲᠠ ᠶᠢᠨ ᠨᠠᠢᠮᠠᠳᠤᠭᠠᠷ ᠲᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ | ᠰᠢᠪᠲᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠬᠢᠨᠠᠮᠠᠭᠠᠢ | ᠴᠡᠭᠴᠡᠯᠡᠨ ᠰᠠᠶᠢᠵᠢᠷᠠᠭᠤᠯᠵᠤ ᠠᠵᠤ ᠦᠢᠯᠡᠰ ᠢᠶᠠᠷ ᠲᠡᠳᠬᠦᠬᠦ ᠶᠢ ᠲᠦᠷᠦᠯ ᠬᠤᠪᠢᠶᠠᠨ ᠬᠡᠷᠡᠭᠵᠢᠬᠦᠯᠵᠤ ᠰᠤᠷᠭᠠᠨ | ᠬᠦᠮᠦᠵᠢᠯ᠂ ᠡᠮ ᠡᠮᠨᠡᠯᠭᠡ᠂ ᠨᠡᠶᠢᠬᠡᠮ ᠤᠨ ᠪᠠᠲᠤᠯᠠᠭ᠎ᠠ ᠶᠢᠨ ︽ᠴᠢᠰᠦ ᠶᠡᠭᠦᠯᠡᠬᠦ︾ ᠲᠦᠷᠦ ᠶᠢᠨ ᠪᠤᠳᠤᠯᠭ᠎ᠠ ᠶᠢᠨ | ᠦᠷᠬᠦᠯᠵᠢ ᠶᠢᠨ ᠴᠢᠨᠠᠷ᠂ ᠲᠤᠭᠲᠠᠭᠤᠨ ᠴᠢᠨᠠᠷ ᠢ ᠪᠠᠷᠢᠮᠳᠠᠯᠠᠨ ᠤᠶᠤᠨ ᠤᠬᠠᠭᠠᠨ ᠢ ᠨᠢ ᠲᠡᠮᠵᠢᠬᠦ ᠪᠠ ᠵᠤᠷᠢᠭ | ᠰᠦᠯᠳᠡ ᠶᠢ ᠨᠢ ᠲᠡᠮᠵᠢᠬᠦ ᠶᠢ ᠬᠠᠷᠢᠯᠴᠠᠨ ᠤᠶᠠᠯᠳᠤᠭᠤᠯᠤᠨ ᠶᠠᠳᠠᠭᠤ ᠬᠦᠴᠢᠷᠳᠡᠯᠲᠠᠢ ᠬᠦᠮᠦᠨ ᠤ ᠲᠤᠳᠤᠭᠠᠲᠤ | ᠠᠮᠢᠵᠢᠷᠠᠯ ᠤᠨ ᠬᠦᠴᠦᠨ ᠢ ᠬᠦᠭᠵᠢᠭᠡᠨ ᠲᠡᠮᠵᠢᠨ ᠲᠤᠰᠠᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠲᠡᠭᠡᠭᠰᠢᠯᠡᠬᠦᠯᠵᠦ 2 ᠡᠷᠦᠬᠡ ᠶᠢᠨ 5 ᠬᠦᠮᠦᠨ ᠢ ᠲᠤᠭᠳᠠᠭᠰᠠᠨ ᠬᠤᠭᠤᠴᠠᠭ᠎ᠠ ᠶᠤᠰᠤᠭᠠᠷ ᠶᠠᠳᠠᠭᠤ ᠠᠴᠠ | ᠠᠩᠭᠢᠵᠢᠷᠠᠭᠤᠯᠬᠤ᠂ 262 ᠡᠷᠦᠬᠡ ᠶᠢᠨ 627 ᠬᠦᠮᠦᠨ ᠢ ᠪᠠᠬᠢᠵᠢᠬᠦᠯᠦᠨ ᠲᠡᠳᠬᠦᠵᠤ ᠤᠷᠤᠯᠭ᠎ᠠ ᠶᠢ ᠲᠤᠭᠳᠠᠭᠤᠨ | ᠨᠡᠮᠡᠭᠳᠡᠬᠦᠯᠬᠦ ᠶᠢ ᠪᠠᠲᠤᠯᠠᠨ᠎ᠠ᠃ ᠶᠠᠳᠠᠭᠤ ᠬᠦᠴᠢᠷᠳᠡᠯᠲᠠᠢ ᠡᠷᠦᠬᠡ ᠶᠢᠨ ᠪᠠᠷᠢᠮᠵᠢᠶᠠᠨ ᠳᠤ ᠤᠶᠢᠷᠠᠳᠤᠵᠤ ᠪᠠᠶᠢᠭ᠎ᠠ | ᠡᠷᠦᠬᠡ ᠪᠠ ᠬᠤᠲᠠ ᠪᠠᠯᠭᠠᠰᠤᠨ ᠤ ᠤᠨᠴᠠ ᠬᠦᠴᠢᠷᠳᠠᠯᠲᠠᠢ ᠤᠯᠠᠨ ᠲᠦᠮᠡᠨ ᠢ ᠠᠩᠬᠠᠷᠴᠤ ᠰᠤᠷᠭᠠᠨ ᠬᠦᠮᠦᠵᠢᠯ ᠤᠨ | ᠲᠡᠮᠵᠢᠯᠭᠡ᠂ ᠡᠮ ᠡᠮᠨᠡᠯᠭᠡ ᠶᠢᠨ ᠲᠤᠰᠠᠯᠠᠯᠲᠠ ᠶᠢᠨ ᠠᠷᠭ᠎ᠠ ᠶᠢ ᠲᠤᠭᠲᠠᠭᠠᠵᠤ ᠡᠪᠡᠳᠴᠢᠨ᠂ ᠭᠠᠮᠰᠢᠭ ᠠᠴᠠ ᠪᠤᠯᠵᠤ | ᠶᠠᠳᠠᠭᠤ ᠬᠦᠴᠢᠷᠳᠡᠯᠲᠠᠢ ᠪᠤᠯᠬᠤ ᠶᠢ ᠡᠷᠡᠰ ᠰᠡᠷᠭᠡᠶᠢᠯᠡᠨ᠎ᠡ᠃ ᠲᠡᠭᠡᠷ᠎ᠡ ᠱᠠᠲᠤᠨ ᠤ ᠶᠠᠳᠠᠭᠤ ᠠᠴᠠ ᠠᠩᠭᠢᠵᠢᠷᠠᠭᠤᠯᠤᠨ | ᠪᠤᠭᠤᠮᠳᠠ ᠰᠢᠪᠲᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠪᠤᠳᠠᠲᠠᠢ | ᠲᠠᠢ ᠤᠶᠠᠯᠳᠤᠭᠤᠯᠤᠨ ᠲᠡᠮᠵᠢᠨ ᠲᠤᠰᠠᠯᠠᠬᠤ ᠪᠠᠶᠢᠭᠤᠯᠤᠯ ᠲᠤᠭᠲᠠᠯᠴᠠᠭ᠎ᠠ ᠶᠢ ᠲᠡᠭᠦᠯᠳᠡᠷᠵᠢᠬᠦᠯᠤᠨ ᠪᠠᠶᠢᠩᠭᠤᠵᠢᠭᠰᠠᠨ᠂ | ᠤᠷᠳᠤ ᠬᠤᠭᠤᠴᠠᠭ᠎ᠠ ᠬᠦᠴᠦᠨ ᠲᠠᠢ᠂ ᠲᠦᠷᠢᠮᠵᠢᠭᠰᠡᠨ ᠠᠵᠢᠯ ᠤᠨ ᠪᠦᠲᠦᠴᠡ ᠶᠢ ᠪᠦᠷᠢᠯᠳᠦᠬᠦᠯᠦᠨ᠎ᠡ᠃ | ᠦᠵᠡᠰᠬᠦᠯᠡᠩᠲᠤ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ᠡᠯ᠎ᠡ ᠲᠦᠷᠥᠯ ᠤᠨ | ᠪᠦᠳᠣᠮᠵᠢᠳᠡᠢ ᠵᠣᠷᠢᠭᠵᠢᠭᠤᠯᠣᠯ ᠪᠠ ᠬᠢᠵᠠᠭᠠᠷᠯᠠᠯ ᠤᠨ ᠲᠦᠷᠢᠮ ᠢᠶᠠᠷ ᠳᠠᠮᠵᠢᠭᠤᠯᠣᠨ ᠮᠠᠯᠴᠢᠨ ᠲᠠᠷᠢᠶᠠᠴᠢᠨ ᠢ | ᠢᠳᠡᠪᠬᠢᠲᠠᠢ ᠵᠤᠬᠢᠶᠠᠨ ᠪᠠᠶᠢᠭᠤᠯᠵᠤ ᠭᠠᠴᠠᠭ᠎ᠠ ᠲᠤᠰᠬᠤᠨ ᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ | ᠠᠵᠢᠯ ᠳᠤ ᠤᠷᠤᠯᠴᠠᠭᠤᠯᠵᠤ ᠤᠯᠠᠮᠵᠢᠯᠠᠯᠲᠤ ᠠᠮᠢᠳᠤᠷᠠᠯ ᠤᠨ ᠦᠵᠡᠯᠲᠡ ᠶᠢ ᠨᠢ ᠬᠤᠪᠢᠷᠠᠭᠤᠯᠤᠨ ᠲᠠᠶᠠᠭᠠᠷ ᠢ | ᠲᠠᠶᠢᠴᠢᠯᠠᠨ ︽ᠭᠤᠷᠪᠠ ᠶᠢ ᠴᠡᠪᠡᠷᠯᠡᠵᠤ ᠨᠢᠭᠡ ᠶᠢ ᠦᠭᠡᠷᠡᠴᠢᠯᠡᠬᠦ︾ ᠠᠵᠢᠯᠯᠠᠭ᠎ᠠ ᠦᠷᠨᠢᠬᠦᠯᠵᠤ ᠭᠡᠷ ᠤᠨ ᠲᠤᠳᠤᠨ᠎ᠠ | ᠭᠠᠳᠠᠨᠠᠬᠢ ᠡᠷᠡᠬᠦᠯ ᠬᠠᠮᠠᠭᠠᠯᠠᠯ ᠢ ᠰᠠᠶᠢᠲᠤᠷ ᠬᠢᠵᠤ ᠭᠡᠷ ᠤᠷᠤᠨ ᠢᠶᠠᠨ ᠰᠠᠶᠢᠲᠤᠷ ᠴᠡᠪᠡᠷᠯᠡᠵᠤ ᠴᠡᠪᠡᠷ ᠲᠤᠬᠢᠯᠢᠭ | ᠦᠵᠡᠰᠬᠦᠯᠡᠩᠲᠤ ᠰᠠᠶᠢᠬᠠᠨ ᠭᠡᠷ ᠤᠷᠤᠨ ᠢ ᠪᠤᠢ ᠪᠤᠯᠭᠠᠨ᠎ᠠ᠃ ᠶᠡᠭᠡ ᠲᠠᠯ᠎ᠠ ᠶᠢᠨ ᠤᠬᠠᠮᠰᠠᠷ ᠲᠠᠢ ᠪᠠᠶᠢᠵᠤ ᠤᠷᠴᠢᠨ | ᠲᠤᠭᠤᠷᠢᠨ ᠤ ᠴᠡᠪᠡᠷᠯᠡᠨ ᠴᠡᠭᠴᠡᠯᠡᠬᠦ ᠡᠳᠦᠷ ᠢ ᠲᠤᠬᠢᠷᠠᠭᠤᠯᠤᠨ ᠪᠦᠬᠦ ᠠᠷᠠᠳ ᠢᠶᠠᠷ ᠢᠶᠠᠨ ᠬᠦᠳᠡᠯᠦᠯᠴᠡᠨ ᠭᠠᠴᠠᠭ᠎ᠠ | ᠲᠤᠰᠬᠤᠨ ᠤ ᠪᠠᠨ ᠤᠯᠠᠨ ᠨᠡᠶᠢᠲᠡ ᠶᠢᠨ ᠤᠷᠴᠢᠨ ᠲᠤᠭᠤᠷᠢᠨ ᠢ ᠴᠡᠪᠡᠷᠯᠡᠨ ᠴᠡᠭᠴᠡᠯᠡᠬᠦ ᠠᠵᠢᠯ ᠳᠤ ᠢᠳᠡᠪᠬᠢᠲᠡᠢ | ᠤᠷᠤᠯᠴᠠᠵᠤ ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠢ ᠲᠦᠷᠢ ᠲᠦᠷᠬᠦ ᠶᠢ ᠰᠠᠶᠢᠵᠢᠷᠠᠭᠤᠯᠤᠨ ᠭᠤᠶᠢᠳᠠ | ᠦᠵᠡᠮᠵᠢ ᠲᠠᠢ ᠨᠠᠶᠢᠷᠰᠠᠭ ᠰᠠᠶᠢᠬᠠᠨ ᠭᠡᠷ ᠤᠷᠤᠨ ᠢ ᠪᠦᠲᠦᠭᠡᠨ ᠪᠠᠶᠢᠭᠤᠯᠤᠨ᠎ᠠ᠃ ᠵᠢᠯ ᠤᠨ ᠲᠤᠳᠤᠷ᠎ᠠ ᠬᠤᠭ ᠨᠤᠪᠰᠢ | ᠶᠢ ᠰᠢᠯᠵᠢᠬᠦᠯᠦᠨ ᠲᠡᠭᠡᠭᠡᠪᠦᠷᠢᠯᠡᠬᠦ ᠦᠷᠳᠡᠭᠡ ᠪᠠ ᠰᠢᠳᠠᠭᠠᠬᠤ ᠦᠢᠯᠡᠳᠪᠦᠷᠢ ᠶᠢ ᠰᠢᠨ᠎ᠡ ᠪᠠᠷ 8᠂ ᠪᠠᠭ᠎ᠠ ᠭᠡᠯᠪᠡᠷᠢ | ᠶᠢᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ 5 ᠪᠠᠷᠢᠵᠤ᠂ ᠲᠦᠪᠯᠡᠷᠡᠨ ᠰᠠᠭᠤᠷᠢᠰᠢᠭᠰᠠᠨ | ᠲᠤᠭᠤᠷᠢᠭ ᠲᠤ ᠰᠢᠨ᠎ᠡ ᠪᠠᠷ 13 ᠤᠯᠠᠨ ᠨᠡᠶᠢᠲᠡ ᠶᠢᠨ ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠢ ᠪᠠᠷᠢᠵᠤ | 5000 ᠡᠷᠦᠬᠡ ᠳᠤ ᠬᠡᠷᠡᠭᠯᠡᠬᠦ ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠢ ᠦᠭᠡᠷᠡᠴᠢᠯᠡᠨ ᠪᠠᠷᠢᠵᠤ | ᠲᠦᠭᠡᠮᠡᠯᠵᠢᠭᠰᠡᠨ ᠨᠤᠷᠮ᠎ᠠ ᠶᠢ 40% ᠳᠤ ᠬᠦᠷᠭᠡᠨ᠎ᠡ᠃ ᠪᠡᠯᠴᠢᠭᠡᠷᠯᠡᠬᠦᠯᠬᠦ ᠶᠢ ᠬᠤᠷᠢᠭᠯᠠᠵᠤ ᠰᠡᠯᠬᠦᠨ ᠮᠠᠯᠵᠢᠬᠤ | ᠲᠦᠷᠢᠮ ᠢ ᠴᠢᠩᠭ᠎ᠠ ᠬᠡᠷᠡᠭᠵᠢᠬᠦᠯᠦᠨ ᠰᠢᠨᠵᠢᠯᠡᠬᠦ ᠤᠬᠠᠭᠠᠨᠴᠢ ᠪᠠᠷ ᠤᠷᠤᠨ ᠪᠦᠰᠡ ᠬᠤᠪᠢᠶᠠᠨ ᠡᠭᠡᠯᠵᠢᠯᠡᠬᠦᠯᠦᠨ | ᠮᠠᠯᠵᠢᠨ᠎ᠠ᠃ ᠲᠠᠷᠢᠶᠠᠯᠠᠩ ᠤᠨ ᠡᠮ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠬᠤ᠂ ᠡᠰᠢ ᠰᠦᠷᠡᠯ ᠪᠠ ᠮᠠᠯ | ᠲᠡᠵᠢᠭᠡᠪᠦᠷᠢ ᠶᠢᠨ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ ᠰᠢᠨ᠎ᠡ ᠮᠡᠷᠭᠡᠵᠢᠯ ᠢ ᠲᠡᠯᠭᠡᠷᠡᠬᠦᠯᠦᠨ ᠲᠠᠷᠢᠶᠠᠨ | ᠭᠠᠵᠠᠷ ᠤᠨ ᠪᠤᠬᠢᠷᠳᠤᠯ ᠢ ᠪᠦᠲᠦᠮᠵᠢᠲᠠᠢ ᠵᠠᠰᠠᠨ᠎ᠠ᠃ | ᠲᠦᠯᠦᠭᠡᠯᠡᠭᠴᠢᠳ ᠡ᠂ ᠪᠢᠳᠠ ᠰᠡᠳᠬᠢᠯ ᠬᠦᠴᠦᠨ ᠢᠶᠠᠷ ᠲᠦᠪᠯᠡᠷᠡᠬᠦᠯᠦᠨ ᠲᠦᠷᠦᠯ ᠵᠦᠢᠯ ᠤᠨ ᠪᠡᠯᠡ | ᠮᠦᠩᠭᠦ ᠶᠢ ᠤᠷᠤᠨᠵᠢᠭᠤᠯᠬᠤ ᠶᠢ ᠰᠠᠶᠢᠲᠤᠷ ᠠᠳᠬᠤᠪᠠᠯ ᠦᠤᠰᠢᠨ ᠡᠬᠡ ᠲᠡᠯᠡᠭᠡᠢ ᠠᠮᠢᠵᠢᠷᠠᠯ ᠤᠨ ᠬᠦᠴᠦᠨ ᠢᠶᠠᠷ | ᠪᠢᠯᠬᠠᠵᠤ ᠨᠢᠭᠡᠨ ᠠᠵᠤ ᠦᠢᠯᠡᠰ ᠨᠢ ᠬᠦᠭᠵᠢᠭᠰᠡᠨ᠂ ᠠᠮᠢ ᠠᠬᠤᠶᠢᠴᠢ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ | ᠂ ᠬᠦᠳᠡᠭᠡ ᠨᠤᠲᠤᠭ ᠨᠢ ᠪᠤᠯᠪᠠᠰᠤᠨ᠂ ᠵᠠᠰᠠᠨ ᠴᠡᠭᠴᠡᠯᠡᠯᠲᠡ ᠨᠢ ᠪᠦᠲᠦᠮᠵᠢᠲᠡᠢ᠂ ᠠᠮᠢᠳᠤᠷᠠᠯ ᠨᠢ ᠴᠢᠨᠡᠭᠡᠯᠢᠭ | ᠤᠳᠤᠬᠢᠴᠢᠯᠠᠭᠰᠠᠨ ᠮᠠᠯᠵᠢᠬᠤ ᠲᠠᠷᠢᠶᠠᠯᠠᠬᠤ ᠤᠷᠤᠨ ᠪᠢᠳᠠᠨ ᠤ ᠴᠢᠷᠮᠠᠶᠢᠯᠭ᠎ᠠ ᠪᠠᠷ ᠪᠦᠲᠦᠭᠡᠨ ᠪᠠᠶᠢᠭᠤᠯᠤᠭᠳᠠᠵᠦ | ᠬᠤᠵᠢᠮ ᠯᠠᠪᠲᠠᠢ ᠦᠪᠡᠷᠮᠢᠴᠡ ᠴᠤᠭ ᠵᠢᠪᠬᠤᠭ᠎ᠠ ᠪᠠᠨ ᠢᠯᠡᠷᠡᠭᠦᠯᠬᠦ ᠶᠤᠮ᠃ | ︵ᠭᠤᠷᠪᠠ︶ ᠲᠤᠭᠳᠠᠯᠴᠠᠭ᠎ᠠ ᠶᠢ ᠪᠠᠶᠢᠭᠤᠯᠵᠤ ᠬᠠᠮᠢᠶᠠᠷᠤᠯᠲᠠ ᠪᠠᠨ ᠴᠢᠩᠭᠠᠳᠬᠠᠨ ᠴᠢᠨᠠᠷ ᠲᠡᠰ ᠢᠶᠠᠨ | ᠲᠡᠭᠡᠭᠰᠢᠯᠡᠬᠦᠯᠵᠤ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠲᠠ ᠶᠢ ᠪᠦᠬᠦ ᠬᠦᠴᠦᠨ ᠢᠶᠠᠷ | ᠡᠬᠦᠳᠦᠨ ᠪᠠᠶᠢᠭᠤᠯᠤᠨ᠎ᠠ᠃ ᠡᠭᠦᠳᠦᠯᠲᠡ ᠪᠠᠷ ᠪᠠᠶᠢᠭᠤᠯᠤᠯᠲᠠ ᠶᠢ ᠠᠬᠢᠭᠤᠯᠤᠨ ︽ᠬᠤᠲᠠ ᠶᠢᠨ ᠶᠠᠪᠤᠳᠠᠯ ᠤᠨ ᠵᠠᠮ | ᠤᠨ ᠲᠤᠤᠷᠵᠢᠯ᠂ ᠴᠢᠳᠠᠪᠬᠢ ᠶᠢᠨ ᠢᠵᠢ ᠪᠦᠷᠢᠳᠦᠯ᠂ ᠬᠤᠲᠠ ᠬᠦᠳᠡᠭᠡ ᠶᠢᠨ ᠲᠦᠷᠢ ᠲᠦᠷᠬᠦ᠂ ᠦᠵᠡᠮᠵᠢ ᠶᠢᠨ | ᠤᠰᠤᠨ ᠰᠢᠰᠲ᠋ᠧᠮ᠂ ᠠᠮᠤᠭᠤᠯᠠᠩ ᠰᠠᠭᠤᠷᠢᠰᠢᠯ᠂ ᠨᠠᠷᠢᠯᠢᠭ ᠬᠠᠮᠢᠶᠠᠷᠤᠯᠲᠠ᠂ ᠤᠨᠴᠠᠯᠢᠭᠲᠤ ᠵᠢᠵᠢᠭ ᠬᠤᠲᠠ | ᠪᠠᠯᠭᠠᠰᠤ᠂ ᠬᠦᠮᠦᠨ ᠨᠡᠶᠢᠬᠡᠮ ᠤᠨ ᠬᠡᠪ ᠴᠢᠨᠠᠷ︾ ᠵᠡᠷᠭᠡ ᠲᠤᠯᠤᠭᠠᠨ ᠲᠦᠷᠦᠯ ᠤᠨ ᠠᠵᠢᠯ ᠢ ᠦᠷᠨᠢᠬᠦᠯᠵᠤ ᠨᠤᠮᠢᠨ | ᠲᠠᠩᠰᠤᠭ᠂ ᠠᠮᠢ ᠠᠬᠤᠶᠢᠴᠢ᠂ ᠤᠷᠤᠰᠢᠨ ᠰᠠᠭᠤᠷᠢᠰᠢᠬᠤ ᠳᠤ ᠲᠤᠬᠢᠲᠠᠢ᠂ ᠭᠤᠶᠢᠳᠠ ᠰᠠᠶᠢᠬᠠᠨ ᠴᠢᠨᠠᠷ ᠲᠡᠰᠲᠦ | ᠬᠤᠲᠠ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ | ᠬᠤᠲᠠ ᠶᠢᠨ ᠶᠠᠪᠤᠳᠠᠯ ᠤᠨ ᠵᠠᠮ ᠤᠨ ᠲᠤᠤᠷᠵᠢᠯ ᠢ ᠲᠡᠬᠦᠯᠳᠡᠷᠵᠢᠬᠦᠯᠵᠤ ᠤᠢ ᠶᠢᠨ ᠰᠡᠭᠦᠳᠡᠷᠲᠤ ᠵᠠᠮ᠂ | ᠰᠤᠪᠤᠷᠭ᠎ᠠ ᠵᠡᠭᠡᠯᠢ ᠵᠡᠷᠭᠡ 3 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠵᠠᠰᠠᠨ ᠰᠢᠨᠡᠳᠬᠡᠵᠤ ᠭᠠᠯᠠᠭᠤᠲᠤ | ᠶᠡᠷᠦᠩᠬᠡᠶᠢᠯᠡᠭᠰᠡᠨ ᠪᠠᠷᠠᠭᠠᠨ ᠬᠦᠢᠯᠭᠡᠭᠡᠨ ᠤ ᠬᠦᠷᠢᠶᠡᠯᠡᠩ ᠠᠴᠠ ᠭᠠᠯᠲᠤ ᠲᠡᠷᠭᠡᠨ ᠦᠷᠳᠡᠭᠡᠨ ᠳᠤ ᠬᠦᠷᠬᠦ ᠵᠦᠷᠢᠯᠢᠭ | ᠬᠦᠬᠦᠷᠭᠡ ᠶᠢᠨ ᠢᠨ᠋ᠵᠧᠨᠧᠷᠢᠩ ᠢ ᠡᠬᠢᠯᠡᠬᠦᠯᠦᠨ ᠬᠤᠲᠠ ᠶᠢᠨ ᠶᠠᠪᠤᠳᠠᠯ ᠤᠨ ᠬᠠᠳᠠᠭᠤᠵᠢᠭᠤᠯᠤᠯᠲᠠ ᠶᠢ 20 ᠲᠦᠮᠡᠨ | ᠲᠡᠭᠰᠢ ᠲᠦᠷᠪᠡᠯᠵᠢᠨ ᠮᠧᠲᠷ ᠪᠡᠶᠡᠯᠡᠬᠦᠯᠦᠨ᠎ᠡ︔ ᠡᠯ᠎ᠡ ᠲᠦᠷᠦᠯ ᠤᠨ ᠬᠤᠭᠤᠯᠠᠢ ᠲᠤᠤᠷ ᠢ ᠬᠠᠷᠢᠯᠴᠠᠨ ᠨᠡᠪᠲᠡᠷᠡᠬᠦᠯᠵᠦ | ᠪᠠᠭᠲᠠᠭᠠᠮᠵᠢ ᠶᠢ ᠨᠡᠮᠡᠭᠳᠡᠬᠦᠯᠬᠦ᠂ ᠰᠡᠳᠡᠷᠡᠵᠤ ᠭᠤᠭᠤᠵᠢᠬᠤ ᠶᠢ ᠵᠠᠰᠠᠬᠤ ᠦᠭᠡᠷᠡᠴᠢᠯᠡᠯᠲᠡ ᠶᠢ ᠴᠢᠩᠭᠠᠳᠬᠠᠨ ᠡᠯ᠎ᠡ | ᠲᠦᠷᠦᠯ ᠤᠨ ᠬᠤᠭᠤᠯᠠᠢ ᠲᠤᠤᠷ ᠢ ᠰᠢᠨ᠎ᠡ ᠪᠠᠷ 100 ᠺᠢᠯᠤᠮᠧᠲᠷ ᠨᠡᠮᠡᠨ᠎ᠡ᠃ ᠰᠠᠭᠤᠷᠢ ᠢᠵᠢ ᠪᠦᠷᠢᠳᠦᠯ ᠤᠨ ᠬᠢᠷᠢ | ᠲᠦᠪᠰᠢᠨ ᠢ ᠲᠡᠭᠡᠭᠰᠢᠯᠡᠬᠦᠯᠵᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠶᠦᠩ ᠲᠠᠢ ᠢᠯᠴᠢ ᠴᠠᠬᠢᠯᠭᠠᠨ | ᠬᠤᠯᠪᠤᠭᠠᠯᠠᠭᠰᠠᠨ ᠲᠦᠷᠦᠯ ᠵᠦᠢᠯ ᠢ ᠬᠡᠷᠡᠭᠯᠡᠯᠲᠡ ᠳᠤ ᠤᠷᠤᠭᠤᠯᠵᠤ 16 ᠤᠰᠤ ᠪᠠᠷ ᠵᠠᠶᠢᠯᠠᠬᠤ ᠮᠠᠶ᠋ᠢᠭ ᠤᠨ | ᠵᠤᠷᠯᠤᠩ ᠢ ᠰᠢᠨ᠎ᠡ ᠪᠠᠷ ᠪᠤᠶᠤ ᠦᠬᠡᠷᠡᠴᠢᠯᠡᠨ ᠪᠠᠷᠢᠨ᠎ᠠ︔ ᠭᠤᠤᠯ ᠲᠡᠳ᠋ ᠵᠠᠮ ᠱᠤᠭᠤᠮ ᠤᠨ ᠵᠢᠷᠤᠭᠠᠰᠤ ᠲᠡᠮᠳᠡᠭ᠂ | ᠫᠠᠶᠢᠰᠠ ᠢᠯᠡᠷᠬᠡᠶᠢᠯᠡᠯ᠂ ᠵᠠᠮ ᠬᠠᠷᠢᠯᠴᠠᠭᠠᠨ ᠤ ᠲᠤᠬᠢᠶᠠᠨ ᠳ᠋ᠧᠩ ᠵᠡᠷᠭᠡ ᠲᠠᠭᠠᠯᠲᠠ ᠲᠦᠬᠦᠭᠡᠷᠦᠮᠵᠢ ᠶᠢ | ᠲᠡᠭᠦᠯᠳᠡᠷᠵᠢᠬᠦᠯᠦᠨ ᠤᠢ ᠶᠢᠨ ᠰᠡᠭᠦᠳᠡᠷᠲᠤ ᠲᠡᠷᠭᠡᠨ ᠵᠤᠭᠰᠤᠭᠠᠯ ᠢ ᠰᠢᠨᠡᠳᠬᠡᠨ ᠵᠠᠰᠠᠨ᠎ᠠ᠃ ᠬᠤᠲᠠ ᠪᠠᠯᠭᠠᠰᠤᠨ ᠤ | ᠲᠦᠷᠢ ᠲᠦᠷᠬᠦ ᠶᠢ ᠲᠡᠭᠡᠭᠰᠢᠯᠡᠬᠦᠯᠦᠨ ᠵᠠᠮ ᠤᠨ ᠠᠭᠤᠯᠵᠠᠷ᠂ ᠴᠡᠴᠡᠷᠯᠢᠭᠵᠢᠬᠦᠯᠦᠯᠲᠡ ᠶᠢᠨ ᠦᠵᠡᠮᠵᠢ᠂ ᠴᠡᠴᠡᠷᠯᠢᠭ | ᠠᠭᠤᠳᠠᠮ ᠲᠠᠯᠠᠪᠠᠢ᠂ ᠨᠤᠭᠤᠭᠠᠨ ᠬᠤᠩᠭᠢᠯ ᠨᠤᠭᠤᠭᠠᠨ ᠭᠡᠷᠡᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ 12 | ᠲᠦᠮᠡᠨ ᠲᠡᠭᠰᠢ ᠲᠦᠷᠪᠡᠯᠵᠢᠨ ᠮᠧᠲᠷ ᠤᠨ ᠨᠤᠭᠤᠭᠠᠨ ᠭᠠᠵᠠᠷ ᠢ ᠰᠢᠨ᠎ᠡ ᠪᠠᠷ ᠨᠡᠮᠡᠨ ᠦᠬᠡᠷᠡᠴᠢᠯᠡᠨ᠎ᠠ᠃ ᠤᠢ ᠶᠢᠨ | ᠰᠡᠭᠦᠳᠡᠷᠲᠤ ᠵᠠᠮ ᠤᠨ ᠵᠠᠮ ᠤᠨ ᠳ᠋ᠧᠩ ᠤᠨ ᠡᠨᠧᠷᠬᠢ ᠠᠷᠪᠢᠯᠠᠬᠤ ᠦᠭᠡᠷᠡᠴᠢᠯᠡᠯᠲᠡ ᠶᠢ ᠡᠬᠢᠯᠡᠬᠦᠯᠦᠨ ᠰᠠᠭᠤᠭᠠᠯᠢ | ᠠᠷᠠᠳ ᠤᠨ ᠭᠤᠳᠤᠮᠵᠢ ᠳᠤ 450 ᠳ᠋ᠧᠩ ᠤᠭᠰᠠᠷᠠᠨ᠎ᠠ᠃ ᠠᠷᠠᠳ ᠲᠦᠮᠡᠨ ᠤ ᠠᠮᠤᠭᠤᠯᠠᠩ ᠰᠠᠭᠤᠷᠢᠰᠢᠯ ᠤᠨ | ᠢᠨᠵᠧᠨᠧᠷᠢᠩ ᠢ ᠠᠬᠢᠭᠤᠯᠤᠨ ᠭᠠᠯᠠᠭᠤᠲᠤ ᠪᠠᠯᠭᠠᠰᠤᠨ ᠤ ᠪᠤᠷᠤ ᠭᠡᠷᠲᠦ ᠲᠤᠭᠤᠷᠢᠭ ᠤᠨ ᠦᠭᠡᠷᠡᠴᠢᠯᠡᠯᠲᠡ ᠶᠢ 300 | ᠡᠷᠦᠬᠡ ᠬᠡᠷᠡᠭᠵᠢᠬᠦᠯᠵᠤ 10 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠡᠷᠦᠩᠬᠡᠶᠢᠯᠡᠨ ᠵᠠᠰᠠᠨ ᠴᠡᠭᠴᠡᠯᠡᠨ᠎ᠡ᠃ | ᠠᠳᠠᠯ ᠠᠬᠤᠢ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠵᠤ ᠬᠤᠳᠠᠯᠳᠣᠭᠠᠨ ᠤ ᠦᠢᠯᠡᠰ ᠤᠨ ᠭᠡᠷ ᠪᠠᠶᠢᠰᠢᠩ ᠤᠨ | ᠬᠦᠮᠦᠷᠭᠡᠯᠡᠯᠲᠡ ᠶᠢ ᠦᠭᠡᠶᠢᠰᠬᠡᠬᠦ ᠪᠠ ᠭᠡᠷ ᠪᠠᠶᠢᠰᠢᠩ ᠤᠨ ᠦᠮᠴᠢᠯᠡᠬᠦ ᠡᠷᠭᠡ ᠶᠢ ᠲᠦᠪᠯᠡᠷᠡᠬᠦᠯᠦᠨ ᠴᠡᠭᠴᠡᠯᠡᠬᠦ ᠠᠵᠢᠯ | ᠢ ᠰᠠᠶᠢᠲᠤᠷ ᠬᠢᠵᠤ ᠪᠠᠷᠢᠵᠤ ᠪᠠᠶᠢᠭ᠎ᠠ ᠪᠠ ᠪᠠᠷᠢᠵᠤ ᠪᠠᠶᠢᠭᠠᠳ ᠵᠤᠭᠰᠤᠭᠰᠠᠨ ᠭᠡᠷ ᠬᠦᠷᠦᠩᠬᠡ ᠶᠢᠨ ᠲᠦᠷᠥᠯ ᠵᠣᠶᠢᠯ | ᠤᠨ ᠦᠯᠡᠳᠡᠭᠳᠡᠯ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠬᠤᠲᠠ ᠪᠠᠯᠭᠠᠰᠤᠨ ᠤ ᠠᠮᠢ ᠠᠬᠤᠢ ᠶᠢᠨ ᠣᠰᠣᠨ | ᠦᠵᠡᠮᠵᠢ ᠶᠢᠨ ᠰᠢᠰᠲ᠋ᠧᠮ ᠢ ᠪᠠᠶᠢᠭᠤᠯᠵᠤ ᠠᠭᠤᠷᠬᠠᠢ ᠶᠢᠨ ᠬᠤᠳᠳᠤᠭ ᠤᠨ ᠤᠰᠤ ᠪᠠ ᠴᠡᠪᠡᠷᠰᠢᠬᠦᠯᠦᠭᠰᠡᠨ ᠪᠤᠬᠢᠷ | ᠤᠰᠤ ᠶᠢ ᠶᠡᠷᠦᠩᠬᠡᠶᠢᠯᠡᠨ ᠠᠰᠢᠭᠯᠠᠬᠤ ᠲᠠᠢ ᠤᠶᠠᠯᠳᠤᠭᠤᠯᠤᠨ ᠭᠠᠯᠲᠤ ᠲᠡᠷᠭᠡᠨ ᠦᠷᠳᠡᠭᠡᠨ ᠤ ᠠᠭᠤᠳᠠᠮ ᠲᠠᠯᠠᠪᠠᠢ᠂ | ᠮᠤᠷᠢᠨ ᠬᠤᠭᠤᠷ ᠤᠨ ᠰᠤᠶᠤᠯ ᠤᠨ ᠮᠦᠽᠸᠢ ᠵᠡᠷᠭᠡ ᠶᠢᠨ ᠤᠰᠤᠨ ᠰᠢᠰᠲ᠋ᠧᠮ ᠤᠨ ᠡᠮᠦᠨ᠎ᠡ ᠬᠤᠭᠤᠴᠠᠭᠠᠨ ᠤ ᠠᠵᠢᠯ | ᠢ ᠡᠬᠢᠯᠡᠬᠦᠯᠵᠤ ᠤᠰᠤ ᠪᠠᠷ ᠬᠤᠲᠠ ᠪᠠᠨ ᠴᠢᠮᠡᠭᠯᠡᠨ ᠬᠤᠲᠠ ᠪᠠᠨ ᠤᠮᠳᠠᠯᠠᠵᠤ ᠬᠤᠲᠠ ᠶᠢᠨ ᠦᠵᠡᠮᠵᠢ ᠶᠢ | ᠨᠡᠮᠡᠭᠳᠡᠭᠦᠯᠦᠨ᠎ᠡ᠃ ︽ᠬᠤᠸᠠᠷ ᠬᠠᠳᠬᠤᠬᠤ︾ ᠴᠢᠷᠮᠠᠶᠢᠯᠭ᠎ᠠ ᠪᠠᠷ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠢᠷᠢ | ᠲᠦᠪᠰᠢᠨ ᠢ ᠲᠡᠭᠡᠭᠰᠢᠯᠡᠬᠦᠯᠵᠤ ᠤᠶᠤᠨᠴᠢ ᠬᠤᠲᠠ ᠶᠢᠨ ᠶᠠᠪᠤᠳᠠᠯ᠂ ᠤᠶᠤᠨᠴᠢ ᠴᠡᠴᠡᠷᠯᠢᠭᠵᠢᠬᠦᠯᠦᠯᠲᠡ᠂ | ᠲᠤᠭᠠᠴᠠᠯᠠᠭᠰᠠᠨ ᠪᠠᠷᠢᠯᠭ᠎ᠠ ᠶᠢᠨ ᠭᠠᠵᠠᠷ ᠵᠡᠷᠭᠡ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠴᠢᠮᠡᠭᠡ | ᠵᠠᠩᠭᠢᠴᠢᠯᠠᠭᠰᠠᠨ ᠲᠠᠪᠴᠠᠩ ᠢ ᠨᠡᠶᠢᠯᠡᠬᠦᠯᠵᠤ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠠᠵᠢᠯ ᠪᠠ ᠬᠠᠮᠠᠭᠠᠯᠠᠯᠲᠠ | ᠬᠠᠮᠢᠶᠠᠷᠤᠯᠲᠠ ᠶᠢ ᠨᠢᠭᠡᠳᠦᠯᠲᠠᠢ ᠲᠤᠬᠢᠷᠠᠭᠤᠯᠤᠨ ᠬᠤᠲᠠ ᠪᠠᠯᠭᠠᠰᠤᠨ ᠤ ᠬᠠᠤᠯᠢ ᠬᠡᠷᠡᠭᠵᠢᠬᠦᠯᠬᠦ ᠪᠠ | ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠴᠢᠳᠠᠪᠤᠷᠢ ᠶᠢ ᠲᠡᠭᠡᠭᠰᠢᠯᠡᠬᠦᠯᠤᠨ᠎ᠡ᠃ ︽ᠬᠡᠰᠡᠭ ᠲᠤᠭᠤᠷᠢᠭ ᠤᠨ | ᠲᠠᠷᠤᠭ᠎ᠠ ᠶᠢᠨ ᠲᠦᠷᠢᠮ︾ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠬᠦᠯᠦᠨ ᠲᠦᠷᠢᠮ ᠢ ᠵᠦᠷᠢᠴᠡᠨ ᠵᠠᠮ | ᠡᠵᠡᠯᠡᠨ ᠡᠵᠡᠩᠨᠡᠯᠲᠡ ᠬᠢᠬᠦ᠂ ᠬᠠᠮᠢᠶ᠎ᠠ ᠨᠠᠮᠢᠶ᠎ᠠ ᠦᠭᠡᠢ ᠵᠤᠭᠰᠤᠭᠠᠵᠤ ᠲᠠᠯᠪᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ | ᠃ ᠬᠠᠶᠠᠭᠳᠠᠮᠠᠯ ᠪᠤᠳᠠᠰ ᠢ ᠬᠤᠷᠢᠶᠠᠨ ᠠᠪᠬᠤ ᠦᠷᠳᠡᠭᠡ ᠶᠢ ᠡᠬᠢᠯᠡᠬᠦᠯᠦᠨ ᠪᠦᠲᠦᠭᠡᠨ ᠪᠠᠶᠢᠭᠤᠯᠵᠤ ᠬᠤᠲᠠ | ᠪᠠᠯᠭᠠᠰᠤᠨ ᠤ ᠵᠠᠯᠭᠠᠯᠳᠤᠯ ᠬᠡᠰᠡᠭ᠂ ᠭᠤᠳᠤᠮᠵᠢ ᠶᠢ ᠶᠡᠷᠦᠩᠬᠡᠶᠢᠯᠡᠨ ᠵᠠᠰᠠᠵᠤ ᠱᠦᠢᠨᠢ᠂ ᠬᠠᠶᠢᠷ ᠴᠢᠯᠠᠭᠤ᠂ ᠨᠡᠬᠦᠷᠡᠰᠦ | ᠡᠵᠡᠩᠨᠡᠨ ᠪᠤᠷᠤᠯᠠᠭᠤᠯᠬᠤ ᠡᠷᠦᠬᠡ ᠶᠢ ᠲᠦᠪᠯᠡᠷᠡᠬᠦᠯᠬᠦ ᠪᠠ ᠲᠤᠰᠤ ᠬᠡᠢ ᠶᠢᠨ ᠠᠢ ᠰᠠᠪᠠ ᠶᠢᠨ ᠨᠡᠭᠡᠭᠡᠯᠲᠡ ᠳᠤ | ᠬᠡᠷᠡᠭᠯᠡᠬᠦ ᠡᠳ᠋ ᠪᠤᠳᠠᠰ ᠲᠦᠬᠦᠭᠡᠷᠦᠮᠵᠢ ᠶᠢ ᠲᠦᠪᠯᠡᠷᠡᠬᠦᠯᠦᠨ ᠬᠠᠳᠠᠭᠠᠯᠠᠨ᠎ᠠ᠃ ᠭᠤᠤᠯᠳᠠᠯᠭᠠᠲᠤ ᠤᠷᠤᠨ ᠤ ᠬᠤᠭᠤᠯᠠᠨ | ᠭᠡᠷ ᠤᠨ ᠬᠤᠭ ᠨᠤᠪᠰᠢ ᠶᠢ ᠨᠢᠭᠡᠳᠦᠯᠲᠠᠢ ᠬᠤᠷᠢᠶᠠᠬᠤ ᠬᠠᠮᠢᠶᠠᠷᠤᠯᠲᠠ ᠶᠢ ᠪᠡᠶᠡᠯᠡᠬᠦᠯᠦᠨ᠎ᠡ᠃ ᠤᠨᠴᠠᠯᠢᠭᠲᠤ ᠵᠢᠵᠢᠭ | ᠬᠤᠲᠠ ᠪᠠᠯᠭᠠᠰᠤ ᠶᠢ ᠪᠦᠲᠦᠭᠡᠨ ᠪᠠᠶᠢᠭᠤᠯᠵᠤ ᠪᠤᠰᠤᠳ ᠰᠤᠮᠤ ᠪᠠᠯᠭᠠᠰᠤ ᠡᠬᠦᠳᠦᠨ ᠪᠠᠶᠢᠭᠤᠯᠤᠯᠲᠠ ᠶᠢᠨ ᠠᠵᠢᠯ ᠤᠨ | ᠱᠠᠭᠠᠷᠳᠠᠯᠭ᠎ᠠ ᠪᠠ ᠤᠯᠠᠨ ᠲᠦᠮᠡᠨ ᠤ ᠪᠤᠳᠠᠲᠠᠢ ᠬᠡᠷᠡᠭᠴᠡᠭᠡ ᠲᠠᠢ ᠬᠠᠷᠭᠤᠭᠤᠯᠵᠤ ᠰᠤᠮᠤ ᠪᠠᠯᠭᠠᠰᠤ ᠭᠠᠴᠠᠭ᠎ᠠ | ᠲᠤᠰᠬᠤᠨ ᠤ ᠤᠷᠴᠢᠨ ᠲᠤᠭᠤᠷᠢᠨ ᠤ ᠵᠠᠰᠠᠨ ᠴᠡᠭᠴᠡᠯᠡᠯᠲᠡ ᠶᠢ ᠰᠢᠰᠲ᠋ᠧᠮ ᠲᠠᠢ ᠦᠷᠨᠢᠬᠦᠯᠤᠨ ᠨᠤᠭᠤᠭᠠᠷᠠᠭᠤᠯᠤᠯᠲᠠ | ᠭᠤᠶᠤᠵᠢᠭᠤᠯᠤᠯᠲᠠ᠂ ᠬᠤᠲᠠ ᠶᠢᠨ ᠶᠠᠪᠤᠳᠠᠯ ᠤᠨ ᠵᠠᠮ᠂ ᠪᠤᠷᠤᠭᠠᠨ ᠤ ᠣᠰᠤ ᠪᠠ ᠪᠤᠬᠢᠷ ᠤᠰᠤᠨ ᠤ ᠬᠤᠭᠤᠯᠠᠢ | ᠲᠤᠤᠷ᠂ ᠵᠡᠭᠡᠯᠢ ᠭᠤᠳᠤᠮᠵᠢ ᠶᠢᠨ ᠬᠡᠷᠡᠯᠳᠦᠬᠦᠯᠭᠡ ᠪᠠ ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠤᠨ ᠪᠦᠲᠦᠭᠡᠨ | ᠪᠠᠶᠢᠭᠤᠯᠤᠯᠲᠠ ᠶᠢ ᠴᠢᠳᠠᠯ ᠤᠨ ᠢᠶᠠᠨ ᠬᠢᠷᠢ ᠪᠠᠷ ᠠᠯᠬᠤᠮ ᠬᠤᠪᠢᠶᠠᠨ ᠬᠡᠷᠡᠭᠵᠢᠬᠦᠯᠵᠤ ᠵᠢᠵᠢᠭ ᠬᠤᠲᠠ ᠪᠠᠯᠭᠠᠰᠤᠨ ᠤ | ᠴᠢᠳᠠᠪᠬᠢ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠦᠨ ᠰᠤᠷᠤᠯᠴᠠᠵᠦ᠂ ᠠᠮᠢᠳᠤᠷᠠᠵᠦ᠂ ᠠᠵᠢᠯᠯᠠᠬᠤ ᠤᠷᠴᠢᠨ ᠢ | ᠰᠠᠶᠢᠵᠢᠷᠠᠭᠤᠯᠵᠤ ᠬᠦᠮᠦᠨ ᠤᠯᠠᠨ ᠴᠤᠭᠯᠠᠷᠠᠭᠤᠯᠤᠨ ᠠᠷᠠᠯᠵᠢᠶ᠎ᠠ ᠬᠤᠳᠠᠯᠳᠤᠭ᠎ᠠ ᠶᠢ ᠬᠦᠭᠵᠢᠬᠦᠯᠦᠨ᠎ᠡ᠃ ᠪᠤᠯᠪᠠᠰᠤᠨ | ᠬᠡᠪ ᠪᠤᠯᠪᠠᠰᠤᠷᠠᠯ ᠢ ᠲᠡᠭᠡᠭᠰᠢᠯᠡᠬᠦᠯᠵᠤ ᠪᠦᠬᠦ ᠤᠯᠤᠰ ᠤᠨ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠤ | ᠶᠡᠷᠤᠩᠬᠡᠶᠢᠯᠡᠭᠰᠡᠨ ᠱᠠᠩᠨᠠᠯ ᠪᠠ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠵᠢᠱᠢᠶᠡᠴᠢ ᠬᠤᠰᠢᠭᠤ | ᠰᠢᠶᠠᠨ ᠤ ᠡᠭᠦᠳᠦᠨ ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠬᠦᠯᠵᠣ ᠰᠢᠨ᠎ᠡ ᠴᠠᠭ ᠦᠶ᠎ᠡ ᠶᠢᠨ ᠪᠣᠯᠪᠠᠰᠣᠨ ᠢ | ᠣᠶᠢᠯᠡᠳᠣᠯᠬᠡᠵᠢᠬᠦᠯᠬᠦ ᠲᠦᠪ ᠤᠨ ᠳᠣᠷᠰᠢᠯᠳᠡ ᠶᠢᠨ ᠠᠵᠢᠯ ᠢ ᠦᠷᠨᠢᠬᠦᠯᠥᠨ ᠨᠡᠶᠢᠬᠡᠮ ᠵᠢᠷᠤᠮ ᠤᠨ ᠭᠤᠤᠯᠯᠠᠭᠴᠢ | ᠦᠷᠳᠡᠭ ᠤᠨ ᠦᠵᠡᠯᠲᠡ ᠶᠢ ᠦᠷᠭᠡᠨ ᠢᠶᠠᠷ ᠤᠬᠠᠭᠤᠯᠵᠤ ᠬᠤᠲᠠ ᠬᠦᠳᠡᠭᠡ ᠶᠢᠨ ᠰᠠᠭᠤᠭᠠᠠᠯᠢ ᠠᠷᠠᠳ ᠤᠨ ᠭᠡᠪ | ᠴᠢᠨᠠᠷ ᠢ ᠶᠡᠬᠡᠪᠡᠷ ᠲᠡᠭᠡᠭᠰᠢᠯᠡᠬᠦᠯᠬᠦ ᠠᠵᠢᠯᠯᠠᠭ᠎ᠠ ᠪᠠ ᠪᠤᠯᠪᠠᠰᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠶᠢ ᠦᠷᠨᠢᠬᠦᠯᠦᠨ ᠪᠣᠯᠪᠠᠰᠣᠨ ᠤ ᠡᠬᠦᠳᠣᠨ ᠪᠠᠶᠢᠭᠤᠯᠣᠯᠳᠠ ᠶᠢᠨ ᠬᠢᠨᠡᠨ ᠰᠢᠯᠭᠠᠷᠠᠭᠤᠯᠣᠯᠳᠠ ᠶᠢᠨ ᠠᠵᠢᠯᠯᠠᠭ᠎ᠠ ᠶᠢ | ᠡᠷᠬᠢᠯᠡᠵᠣ ᠨᠡᠶᠢᠬᠡᠮ ᠨᠡᠶᠢᠲᠡ ᠶᠢᠨ ᠶᠤᠰᠤ ᠰᠤᠷᠲᠠᠬᠤᠨ᠂ ᠲᠤᠬᠠᠶᠢᠯᠠᠭᠰᠠᠨ ᠠᠵᠢᠯ ᠤᠨ ᠶᠤᠰᠤ ᠰᠤᠷᠲᠠᠬᠤᠨ᠂ ᠭᠡᠷ | ᠪᠦᠯᠢ ᠶᠢᠨ ᠶᠤᠰᠤ ᠰᠤᠷᠲᠠᠬᠤᠨ᠂ ᠬᠤᠪᠢ ᠬᠦᠮᠦᠨ ᠤ ᠶᠤᠰᠤ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ | ᠲᠦᠬᠦᠮ ᠤᠶᠢᠯᠠᠭᠠᠮᠵᠢᠲᠠᠢ᠂ ᠪᠤᠳᠠᠲᠠᠢ ᠬᠡᠷᠡᠭᠯᠡᠵᠤ ᠪᠤᠯᠬᠤ ᠭᠠᠴᠠᠭ᠎ᠠ ᠲᠤᠰᠬᠤᠨ ᠤ ᠲᠦᠷᠢᠮ ᠠᠷᠠᠳ ᠤᠨ ᠬᠡᠷ᠎ᠡ ᠶᠢ | ᠲᠤᠭᠲᠠᠭᠠᠨ ᠶᠤᠰᠤ ᠰᠤᠷᠲᠠᠬᠤᠨ ᠤ ᠵᠢᠱᠢᠶᠡᠴᠢ᠂ ᠲᠡᠷᠢᠬᠦᠨ ᠤ ᠨᠡᠶᠢᠲᠡᠯᠢᠭ ᠵᠢᠱᠢᠶ᠎ᠠ ᠶᠢ ᠬᠦᠮᠦᠵᠢᠬᠦᠯᠦᠨ ᠪᠤᠯᠪᠠᠰᠤᠨ | ᠢ ᠡᠭᠦᠳᠦᠨ ᠪᠠᠶᠢᠭᠤᠯᠬᠤ᠂ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠤ ᠬᠠᠤᠯᠢ ᠪᠠᠷ ᠵᠠᠰᠠᠬᠤ᠂ ᠶᠤᠰᠤ ᠰᠤᠷᠲᠠᠬᠤᠨ | ᠢᠶᠠᠷ ᠵᠠᠰᠠᠬᠤ᠂ ᠦᠪᠡᠷ ᠢ ᠪᠠᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠨᠡᠶᠢᠬᠡᠮ ᠤᠨ ᠵᠠᠰᠠᠯᠲᠠ ᠶᠢᠨ | ᠰᠢᠰᠲ᠋ᠧᠮ ᠢ ᠪᠠᠶᠢᠭᠤᠯᠤᠨ᠎ᠠ᠃ | ︵ᠲᠦᠷᠪᠡ︶ ᠨᠡᠷᠡᠲᠦ ᠲᠡᠮᠳᠡᠭ ᠢ ᠪᠤᠢ ᠪᠤᠯᠭᠠᠨ ᠠᠮᠢᠵᠢᠷᠠᠯ ᠤᠨ ᠬᠦᠴᠦᠨ ᠨᠡᠮᠡᠷᠢᠯᠡᠵᠤ ᠬᠦᠳᠡᠯᠭᠡᠭᠴᠢ | ᠬᠦᠴᠦᠨ ᠢᠶᠠᠨ ᠴᠢᠩᠭᠠᠷᠠᠭᠤᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠡᠴᠡᠭᠯᠡᠨ ᠬᠦᠭᠵᠢᠯᠲᠡ ᠶᠢ | ᠠᠬᠢᠭᠤᠯᠤᠨ᠎ᠠ᠃ ᠬᠦᠨ ᠵᠤᠵᠠᠭᠠᠨ ᠰᠤᠶᠤᠯ᠂ ᠦᠪᠡᠷᠮᠢᠴᠡ ᠰᠠᠶᠢᠬᠠᠨ ᠦᠵᠡᠮᠵᠢ᠂ ᠰᠢᠨ᠎ᠡ ᠪᠠᠷ ᠮᠠᠨᠳᠤᠭᠰᠠᠨ ᠠᠵᠤ | ᠦᠢᠯᠡᠳᠪᠦᠷᠢ ᠳᠤ ᠰᠠᠭᠤᠷᠢᠯᠠᠨ ᠵᠠᠬ᠎ᠠ ᠲᠡᠯᠭᠡᠭᠦᠷ ᠤᠨ ᠦᠷᠢᠰᠦᠯᠳᠦᠭᠡᠨ ᠤ ᠬᠦᠴᠦᠨ ᠢᠶᠠᠷ ᠰᠠᠶᠢᠨ ᠰᠤᠶᠤᠯ | ᠵᠢᠭᠤᠯᠴᠢᠯᠠᠯ᠂ ᠤᠳᠤ ᠦᠶ᠎ᠡ ᠶᠢᠨ ᠪᠠᠷᠠᠭᠠᠨ ᠬᠦᠢᠯᠭᠡᠭᠡ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ | ᠵᠡᠷᠭᠡ ᠭᠤᠷᠪᠠᠳᠤᠭᠠᠷ ᠠᠵᠤ ᠦᠢᠯᠡᠰ ᠢ ᠭᠤᠶᠢᠪᠢᠰᠢ ᠦᠭᠡᠢ ᠪᠤᠢ ᠪᠤᠯᠭᠠᠵᠦ ᠡᠬᠢ ᠪᠠᠶᠠᠯᠢᠭ ᠤᠨ ᠪᠤᠰᠤ ᠬᠡᠯᠪᠡᠷᠢ ᠶᠢᠨ | ᠠᠵᠤ ᠦᠢᠯᠡᠰ ᠢ ᠶᠡᠬᠡᠪᠡᠷ ᠬᠦᠭᠵᠢᠬᠦᠯᠦᠨ ᠰᠢᠨ᠎ᠡ ᠨᠡᠮᠡᠭᠳᠡᠯ ᠤᠨ ᠲᠤᠶᠢᠯ ᠢ ᠪᠦᠷᠢᠯᠳᠦᠬᠦᠯᠦᠨ᠎ᠡ᠃ | ᠵᠢᠭᠤᠯᠴᠢᠯᠠᠯ ᠤᠨ ᠰᠢᠯᠢᠳᠡᠭ ᠨᠡᠷᠡᠲᠦ ᠲᠡᠮᠳᠡᠭ ᠢ ᠡᠭᠦᠳᠦᠨ᠎ᠡ᠃ ᠰᠤᠶᠤᠯ ᠵᠢᠭᠤᠯᠴᠢᠯᠠᠯ ᠤᠨ ᠠᠭᠤᠰᠤᠯᠴᠠᠯ ᠢ | ᠠᠬᠢᠭᠤᠯᠤᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠵᠤ ᠬᠦᠴᠦᠨ ᠢᠶᠠᠨ ᠲᠦᠪᠯᠡᠷᠡᠬᠦᠯᠦᠨ ᠰᠢᠷᠬᠤᠰᠤ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠢ | ᠱᠤᠭᠤᠵᠤ ᠨᠢᠭᠡᠳᠤᠯᠲᠠᠢ᠂ ᠬᠦᠴᠦᠲᠠᠢ ᠭᠠᠳᠠᠭᠠᠲᠤ ᠤᠬᠠᠭᠤᠯᠭ᠎ᠠ ᠶᠢᠨ ᠠᠭᠤᠷ ᠠᠮᠢᠰᠬᠤᠯ ᠢ ᠪᠦᠷᠢᠯᠳᠦᠬᠦᠯᠦᠨ᠎ᠡ᠃ | ᠰᠢᠷᠬᠤᠰᠤ ᠵᠢᠭᠤᠯᠴᠢᠯᠠᠯ ᠤᠨ ᠶᠡᠷᠦᠩᠬᠡᠢ ᠴᠤᠭᠴᠠ ᠶᠢ ᠲᠦᠰᠦᠪᠯᠡᠨ ᠪᠠᠶᠢᠭᠤᠯᠵᠤ ᠰᠢᠷᠬᠤᠰᠤ ᠤᠯᠤᠰ ᠤᠨ 5A ᠲᠡᠰ | ᠤᠨ ᠦᠵᠡᠮᠵᠢ ᠶᠢᠨ ᠤᠷᠤᠨ ᠢ ᠡᠭᠦᠳᠦᠨ ᠪᠠᠶᠢᠭᠤᠯᠬᠤ ᠪᠠ ᠲᠡᠯᠡᠭᠡᠢ ᠶᠢᠨ ᠰᠤᠶᠤᠯ ᠪᠤᠯᠤᠨ ᠪᠠᠶᠢᠭᠠᠯᠢ ᠶᠢᠨ ︽ᠬᠤᠤᠰ | ᠦᠯᠡᠳᠡᠭᠳᠡᠯ︾ ᠢ ᠭᠤᠶᠤᠴᠢᠯᠠᠬᠤ ᠠᠵᠢᠯ ᠢ ᠡᠬᠢᠯᠡᠬᠦᠯᠵᠤ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠤᠨ | ᠬᠠᠮᠳᠤᠷᠠᠯᠴᠠᠭ᠎ᠠ ᠶᠢᠨ ᠪᠤᠳᠠᠲᠠᠢ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃ ᠪᠠᠶᠠᠠᠨᠠᠭᠤᠷ ᠤᠨ ᠲᠠᠯ᠎ᠠ ᠨᠤᠲᠤᠭ ᠪᠠ | ᠤᠩᠭᠤᠨ ᠮᠠᠩᠬ᠎ᠠ᠂ ᠪᠦᠷᠢᠲᠤ ᠶᠢᠨ ᠡᠯᠡᠰᠦ ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠶᠢ ᠠᠬᠢᠭᠤᠯᠤᠨ | ᠪᠡᠶᠡᠴᠢᠯᠡᠨ ᠤᠶᠢᠯᠠᠭᠠᠬᠤ ᠲᠠᠯ᠎ᠠ ᠪᠠᠷ ᠰᠠᠶᠢᠨ᠂ ᠤᠷᠤᠯᠴᠠᠬᠤ ᠨᠤᠷᠮ᠎ᠠ ᠪᠠᠷ ᠦᠨᠳᠦᠷ ᠵᠢᠭᠤᠯᠴᠢᠯᠠᠯ ᠤᠨ ᠲᠦᠷᠦᠯ | ᠵᠦᠢᠯ ᠢ ᠲᠡᠭᠦᠯᠳᠡᠷᠵᠢᠬᠦᠯᠵᠤ ᠨᠦᠭᠡᠨ ᠭᠡᠷ᠂ ᠮᠤᠩᠭᠤᠯ ᠭᠡᠷ ᠵᠡᠷᠭᠡ ᠦᠪᠡᠷᠮᠢᠴᠡ ᠤᠨᠴᠠᠯᠢᠭ ᠲᠠᠢ ᠬᠤᠨᠤᠭ ᠤᠨ | ᠭᠠᠵᠠᠷ ᠢ ᠬᠦᠭᠵᠢᠬᠦᠯᠵᠤ ᠲᠤᠭ ᠬᠦᠳᠡᠭᠡ ᠨᠤᠲᠤᠭ ᠤᠨ ᠵᠢᠭᠤᠯᠴᠢᠯᠠᠯ ᠤᠨ ᠦᠷᠳᠡᠭᠡ ᠶᠢ ᠪᠠᠶᠢᠭᠤᠯᠵᠣ ᠵᠢᠭᠤᠯᠴᠢᠯᠡᠯ | ᠤᠨ ᠤᠷᠤᠨ ᠳᠤ 12 ᠵᠤᠷᠯᠤᠩ ᠢ ᠪᠠᠷᠢᠨ᠎ᠠ᠃ ︽ᠮᠠᠯᠵᠢᠬᠤ ᠳ᠋ᠠᠵᠠᠢ︾ ᠂ 1949 ᠤᠨ ᠤ ᠨᠠᠮᠤᠷ ᠠᠴᠠ | ᠰᠡᠬᠦᠯᠡᠷᠬᠢ ᠬᠤᠰᠢᠭᠤ ᠨᠠᠮ ᠤᠨ ᠬᠤᠷᠢᠶ᠎ᠠ ᠶᠢᠨ ᠬᠠᠭᠤᠴᠢᠨ ᠠᠯᠪᠠᠯᠠᠬᠤ ᠭᠠᠵᠠᠷ ᠵᠡᠷᠭᠡ ᠬᠤᠪᠢᠰᠬᠠᠯ ᠤᠨ ᠵᠢᠭᠤᠯᠴᠢᠯᠠᠯ | ᠤᠨ ᠡᠬᠢ ᠪᠠᠶᠠᠯᠢᠭ ᠢ ᠬᠦᠨᠵᠡᠭᠡᠢ ᠠᠭᠤᠳᠠᠯᠠᠵᠤ ᠦᠤᠰᠢᠨ ᠤ ᠬᠤᠪᠢᠰᠬᠠᠯ ᠤᠨ ᠲᠡᠤᠬᠡ ᠶᠢᠨ ᠮᠦᠽᠸᠢ ᠶᠢ | ᠲᠦᠯᠦᠪᠯᠡᠨ ᠪᠠᠶᠢᠭᠤᠯᠤᠨ᠎ᠠ᠃ ᠢᠷᠭᠠᠢ᠂ ᠲᠡᠮᠡᠭᠡᠲᠦ ᠵᠡᠷᠭᠡ ᠤᠶᠢᠷ᠎ᠠ ᠬᠠᠪᠢ ᠶᠢᠨ ᠵᠢᠭᠤᠯᠴᠢᠯᠠᠭᠰᠠᠳ ᠤᠨ ᠡᠬᠢ | ᠪᠠᠶᠠᠯᠢᠭ ᠤᠨ ᠵᠠᠬ᠎ᠠ ᠲᠡᠯᠭᠡᠭᠦᠷ ᠲᠠᠢ ᠢᠳᠡᠪᠬᠢᠲᠠᠢ ᠠᠭᠤᠰᠤᠯᠴᠠᠨ ᠨᠠᠷᠢᠯᠢᠭ ᠤᠨᠤᠪᠴᠢᠲᠠᠢ ᠤᠬᠠᠭᠤᠯᠭ᠎ᠠ ᠶᠢ | ᠦᠷᠨᠢᠬᠦᠯᠦᠨ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠪᠠᠶᠠᠷ ᠴᠤᠭᠯᠠᠭᠠᠨ ᠤ ᠠᠵᠢᠯᠯᠠᠭ᠎ᠠ ᠶᠢ ᠡᠷᠬᠢᠯᠡᠵᠤ | ᠮᠤᠷᠢᠨ ᠬᠤᠭᠤᠷ ᠵᠡᠷᠭᠡ ᠦᠨᠳᠦᠰᠦᠲᠡᠨ ᠤ ᠤᠨᠴᠠᠯᠢᠭᠲᠤ ᠰᠤᠶᠤᠯ ᠤᠨ ᠨᠦᠯᠦᠭᠡᠯᠡᠬᠦ ᠬᠦᠴᠦᠨ ᠢ ᠲᠡᠭᠡᠭᠰᠢᠯᠡᠬᠦᠯᠵᠤ | ᠪᠠᠶᠢᠭᠠᠯᠢ ᠤᠨ ᠦᠵᠡᠮᠵᠢ ᠶᠢ ᠰᠤᠨᠢᠷᠬᠠᠬᠤ᠂ ᠠᠷᠠᠳ ᠤᠨ ᠵᠠᠩ ᠦᠢᠯᠡ ᠶᠢᠨ ᠰᠤᠶᠤᠯ ᠢ ᠪᠠᠶᠠᠴᠢᠯᠡᠨ ᠤᠶᠢᠯᠠᠭᠠᠬᠤ᠂ | ᠤᠨᠴᠠᠯᠢᠭᠲᠤ ᠢᠳᠡᠭᠡᠨ ᠤᠮᠳᠠᠭᠠᠨ ᠢ ᠠᠮᠳᠠᠯᠠᠬᠤ ᠪᠠ ᠡᠯᠡᠰᠦ ᠮᠠᠩᠬᠠᠨ ᠳᠡᠭᠡᠷ᠎ᠡ ᠦᠷᠢᠰᠦᠯᠳᠦᠨ ᠤᠷᠤᠯᠳᠤᠬᠤ᠂ | ᠬᠠᠪᠴᠢᠯ ᠤᠨ ᠪᠠᠷᠳᠠᠭ᠎ᠠ ᠰᠢᠨᠵᠢᠯᠡᠬᠦ᠂ ᠵᠢᠭᠠᠰᠤ ᠬᠦᠬᠢᠳᠡᠬᠦ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ | ᠴᠢᠨᠠᠷᠲᠠᠢ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠢ ᠠᠩᠬ᠎ᠠ ᠠᠯᠬᠤᠮ ᠪᠦᠷᠢᠯᠳᠦᠬᠦᠯᠵᠤ ᠪᠦᠬᠦ ᠵᠢᠯ ᠳᠤ | ᠬᠦᠯᠢᠶᠡᠨ ᠵᠤᠴᠢᠯᠠᠬᠤ ᠵᠢᠭᠤᠯᠴᠢᠯᠠᠭᠰᠠᠳ ᠤᠨ ᠲᠤᠭ᠎ᠠ ᠶᠢ 130 ᠲᠦᠮᠡᠨ ᠬᠦᠮᠦᠨ ᠤᠳᠠᠭ᠎ᠠ ᠶᠢ ᠲᠠᠪᠠᠭᠤᠯᠬᠤ ᠪᠠᠷ | ᠴᠢᠷᠮᠠᠶᠢᠨ᠎ᠠ᠃ | ᠤᠳᠤ ᠦᠶ᠎ᠡ ᠶᠢᠨ ᠪᠠᠷᠠᠭᠠᠨ ᠬᠦᠢᠯᠭᠡᠭᠡᠨ ᠤ ᠦᠢᠯᠡᠰ ᠢ ᠲᠦᠷᠭᠡᠳᠬᠡᠨ ᠬᠦᠭᠵᠢᠬᠦᠯᠦᠨ᠎ᠡ᠃ ᠦᠪᠦᠷ ᠮᠤᠩᠭᠤᠯ | ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠬᠦᠷᠬᠦ ᠲᠡᠮᠦᠷ ᠵᠠᠮ ᠤᠨ ᠱᠤᠭᠤᠮ ᠳᠠᠭᠠᠤ ᠭᠠᠵᠠᠷ ᠤᠷᠤᠨ ᠲᠠᠢ | ᠬᠠᠮᠳᠤᠷᠠᠯᠴᠠᠭ᠎ᠠ ᠪᠠᠨ ᠠᠬᠢᠭᠤᠯᠵᠤ ᠭᠠᠯᠠᠭᠤᠲᠤ᠂ ᠨᠠᠷᠢᠠᠭᠤᠤᠯ᠂ ᠬᠤᠯᠪᠤᠭᠠᠯᠵᠢ ᠲᠡᠮᠦᠷ ᠵᠠᠮ ᠤᠨ ᠲᠦᠪᠯᠡᠷᠡᠬᠦᠯᠦᠨ | ᠰᠠᠪᠠᠯᠠᠬᠤ ᠦᠷᠳᠡᠭᠡᠨ ᠤ ᠲᠦᠷᠥᠯ ᠵᠣᠶᠢᠯ ᠢ ᠡᠬᠢᠯᠡᠬᠦᠯᠵᠤ ᠲᠦᠪᠯᠡᠷᠡᠬᠦᠯᠦᠨ ᠬᠠᠳᠠᠭᠠᠯᠠᠬᠤ᠂ ᠵᠦᠭᠡᠭᠡᠪᠦᠷᠢᠯᠡᠬᠦ᠂ | ᠴᠢᠮᠡᠭᠡ ᠵᠠᠩᠭᠢ ᠵᠡᠷᠭᠡ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠪᠠᠷᠠᠭᠠᠨ | ᠬᠦᠢᠯᠭᠡᠭᠡᠨ ᠤ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠵᠤ ᠵᠢᠯ ᠤᠨ ᠲᠤᠳᠤᠷ᠎ᠠ ᠲᠡᠮᠦᠷ ᠵᠠᠮ ᠤᠨ ᠭᠠᠳᠠᠭᠰᠢ | ᠵᠦᠭᠡᠭᠡᠪᠦᠷᠢᠯᠡᠬᠦ ᠴᠢᠳᠠᠪᠤᠷᠢ ᠶᠢ 6000 ᠲᠦᠮᠡᠨ ᠲᠤᠨ ᠰᠢᠨ᠎ᠡ ᠪᠠᠷ ᠨᠡᠮᠡᠭᠳᠡᠬᠦᠯᠦᠨ ᠬᠦᠭᠡᠬᠤᠲᠠ ᠪᠤᠭᠤᠲᠤ ᠤᠷᠳᠤᠰ | ᠢᠷᠭᠠᠢ ᠲᠡᠮᠡᠭᠡᠲᠤ ᠶᠢᠨ ᠤᠷᠤᠨ ᠪᠦᠰᠡ ᠶᠢᠨ ᠴᠢᠨᠠᠷᠲᠠᠢ ᠪᠠᠷᠠᠭᠠᠨ ᠬᠦᠢᠯᠭᠡᠭᠡᠨ ᠤ ᠠᠭᠤᠯᠵᠠᠷ ᠴᠡᠭ ᠪᠠ ᠤᠮᠠᠷᠠᠲᠤ | ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ᠲᠤᠳᠤᠭᠠᠲᠤ ᠬᠠᠭᠤᠷᠠᠢ ᠶᠢᠨ ᠭᠠᠷᠠᠮ᠂ ᠡᠮᠦᠨᠡᠲᠦ ᠶᠢᠨ ᠪᠠᠷᠠᠭ᠎ᠠ ᠶᠢ | ᠤᠮᠠᠷᠠᠰᠢ ᠵᠦᠭᠡᠭᠡᠪᠦᠷᠢᠯᠡᠬᠦ ᠪᠠᠷᠠᠭᠠᠨ ᠬᠦᠢᠯᠭᠡᠭᠡᠨ ᠤ ᠲᠦᠪᠯᠡᠷᠡᠬᠦᠯᠦᠨ ᠲᠠᠷᠬᠠᠭᠠᠬᠤ ᠭᠠᠵᠠᠷ ᠢ ᠪᠦᠲᠦᠭᠡᠨ | ᠪᠠᠶᠢᠭᠤᠯᠤᠨ᠎ᠠ᠃ | ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠦᠭᠵᠢᠬᠦᠯᠦᠨ᠎ᠡ᠃ ᠬᠡᠷᠡᠭᠯᠡᠭᠡ ᠶᠢ | ᠲᠡᠰ ᠲᠡᠪᠰᠢᠬᠦᠯᠬᠦ ᠴᠢᠭᠯᠡᠯ ᠤᠨ ᠲᠤᠭᠤᠷᠢᠨ ᠳᠤ ᠴᠢᠨᠠᠷ ᠰᠠᠶᠢᠲᠠᠢ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ | ᠶᠢ ᠴᠢᠷᠮᠠᠶᠢᠨ ᠨᠡᠮᠡᠭᠳᠡᠬᠦᠯᠦᠨ᠎ᠡ᠃ ᠭᠡᠷ ᠠᠬᠤᠢ᠂ ᠭᠡᠷ ᠲᠤ ᠨᠢ ᠬᠦᠷᠴᠦ ᠨᠠᠰᠤᠲᠠᠳ ᠢ ᠠᠰᠠᠷᠠᠬᠤ ᠵᠡᠷᠭᠡ | ᠦᠢᠯᠡᠴᠢᠯᠡᠭᠡ ᠶᠢ ᠬᠦᠭᠵᠢᠬᠦᠯᠬᠦ ᠶᠢ ᠵᠤᠷᠢᠭᠵᠢᠭᠤᠯᠤᠨ᠎ᠠ᠃ ᠴᠠᠶᠢᠯᠭᠠᠭᠰᠠᠨ ᠠᠮᠤ ᠪᠤᠳᠠᠭ᠎ᠠ ᠶᠢᠨ ᠪᠠᠴᠢᠮ ᠪᠠᠶᠢᠳᠠᠯ ᠢ | ᠰᠢᠢᠳᠪᠦᠷᠢᠯᠡᠬᠦ ᠬᠠᠳᠠᠭᠠᠯᠠᠯᠲᠠ ᠶᠢᠨ ᠬᠦᠮᠦᠷᠭᠡ ᠶᠢ ᠡᠬᠢᠯᠡᠬᠦᠯᠦᠨ ᠪᠦᠲᠦᠭᠡᠨ ᠪᠠᠶᠢᠭᠤᠯᠵᠤ ᠨᠤᠲᠤᠭ ᠤᠨ ᠭᠠᠷᠤᠯᠲᠠ | ᠶᠢᠨ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠪᠠ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠦᠭᠡᠷᠡᠴᠢᠯᠡᠨ | ᠰᠠᠶᠢᠵᠢᠷᠠᠭᠤᠯᠵᠤ ᠬᠤᠨᠵᠢᠨ ᠴᠠᠶᠢᠳᠠᠮ ᠤᠨ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠬᠦᠷ ᠢ ᠪᠠᠶᠢᠭᠤᠯᠵᠤ ᠪᠦᠬᠦ | ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠤᠭᠰᠠᠨ | ᠵᠢᠱᠢᠶᠡᠴᠢ ᠬᠤᠰᠢᠭᠤ ᠰᠢᠶᠠᠨ ᠢ ᠭᠤᠶᠤᠴᠢᠯᠠᠨ ᠮᠡᠳᠡᠬᠦᠯᠵᠤ ᠪᠦᠳᠦᠬᠡᠨ ᠪᠠᠶᠢᠭᠤᠯᠣᠨ ᠦᠨᠳᠦᠰᠦᠨ ᠱᠠᠲᠤᠨ ᠤ | ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠦᠷᠳᠡᠭᠡ ᠶᠢ ᠰᠢᠨ᠎ᠡ ᠪᠠᠷ 20 ᠪᠠᠶᠢᠭᠤᠯᠵᠤ ᠰᠦᠯᠵᠢᠶᠡᠨ | ᠲᠡᠯᠭᠡᠭᠦᠷ ᠪᠠ ᠲᠡᠯᠭᠡᠬᠦᠷ ᠤᠨ ᠪᠤᠷᠤᠯᠠᠭᠤᠯᠭ᠎ᠠ ᠶᠢ ᠬᠦᠭᠵᠢᠬᠦᠯᠦᠨ᠎ᠡ᠃ ︽ᠰᠠᠨᠠᠭ᠎ᠠ ᠠᠮᠤᠷ ᠬᠡᠷᠡᠭᠯᠡᠭᠡ ᠬᠢᠬᠦ ᠬᠤᠲᠠ︾ | ᠶᠢᠨ ᠡᠬᠦᠳᠣᠨ ᠪᠠᠶᠢᠭᠤᠯᠤᠯᠲᠠ ᠶᠢ ᠠᠬᠢᠭᠤᠯᠤᠨ ᠡᠷᠭᠡ ᠠᠰᠢᠭ ᠢᠶᠠᠨ ᠬᠠᠮᠠᠭᠠᠯᠠᠬᠤ ᠪᠠᠳᠤᠯᠠᠭ᠎ᠠ ᠶᠢ ᠴᠢᠩᠭᠠᠳᠬᠠᠵᠤ | ᠪᠦᠬᠦ ᠬᠦᠷᠢᠶ᠎ᠠ ᠴᠠᠷᠠᠭᠠᠨ ᠳᠤ ᠰᠠᠨᠠᠭ᠎ᠠ ᠠᠮᠤᠷ ᠬᠡᠷᠡᠭᠯᠡᠭᠡ ᠬᠢᠬᠦ ᠤᠷᠴᠢᠨ ᠢ ᠪᠦᠷᠢᠯᠳᠦᠬᠦᠯᠦᠨ᠎ᠡ᠃ | ︵ᠲᠠᠪᠤ︶ ᠲᠤᠳᠠᠭᠤᠳᠠᠯ ᠢᠶᠠᠨ ᠨᠦᠬᠦᠪᠦᠷᠢᠯᠡᠵᠤ ᠰᠠᠭᠤᠷᠢ ᠪᠠᠨ ᠪᠠᠳᠤᠳᠬᠠᠨ ᠬᠦᠴᠢᠷᠳᠡᠯ ᠢ ᠲᠤᠭᠤᠯᠵᠤ | ᠬᠦᠭᠵᠢᠯᠲᠡ ᠶᠢᠨ ᠠᠴᠢᠶᠠᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠬᠦᠬᠡᠬᠤᠲᠠ ᠪᠤᠭᠤᠲᠤ | ᠤᠷᠳᠤᠰ ᠲᠡᠮᠡᠭᠡᠲᠤ ᠶᠢᠨ ᠬᠤᠲᠠ ᠶᠢᠨ ᠰᠦᠷᠦᠭᠵᠢᠯ ᠬᠦᠭᠵᠢᠯᠲᠡ ᠶᠢᠨ ᠲᠤᠬᠢᠶᠠᠯ ᠢ ᠠᠳᠬᠤᠵᠤ ᠬᠠᠷᠢᠯᠴᠠᠨ | ᠬᠤᠯᠪᠤᠯᠳᠤᠨ ᠨᠡᠪᠳᠡᠷᠡᠭᠰᠡᠨ ᠪᠤᠬᠢᠷᠳᠤᠯ ᠦᠭᠡᠢ ᠦᠨᠳᠦᠷ ᠪᠦᠲᠦᠮᠵᠢᠲᠠᠢ ᠰᠠᠭᠤᠷᠢ ᠲᠦᠬᠦᠭᠡᠷᠦᠮᠵᠢ ᠶᠢᠨ | ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠡ ᠬᠦᠴᠦᠲᠤ | ᠲᠤᠯᠭᠠᠭᠤᠷᠢᠯᠠᠯ ᠬᠠᠩᠭᠠᠨ᠎ᠠ᠃ | ᠲᠦᠩᠽᠢ ᠠᠴᠠ ᠵᠠᠮᠪᠠᠨ ᠤ ᠲᠠᠯ᠎ᠠ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ᠂ ᠭᠠᠯᠠᠭᠤᠲᠤ ᠠᠴᠠ ᠪᠤᠯᠠᠭ | ᠤᠨ ᠭᠤᠤᠯ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ ᠡᠬᠢᠯᠡᠬᠦᠯᠦᠨ ᠵᠠᠰᠠᠵᠤ ᠭᠠᠯᠠᠭᠤᠳᠤ ᠠᠴᠠ | ᠤᠯᠠᠭᠠᠨᠪᠠᠯᠭᠠᠰᠤ᠂ ᠲᠤᠯᠢ ᠠᠴᠠ ᠨᠠᠩᠰᠣ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠲᠡᠷᠭᠡ ᠨᠡᠪᠳᠡᠷᠡᠬᠦ ᠨᠦᠬᠦᠴᠡᠯ | ᠳᠤ ᠬᠦᠷᠭᠡᠨ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ︵ᠱᠠᠨᠰᠢ ᠶᠢᠨ | ᠬᠡᠰᠡᠭ︶ ᠤᠨ ᠡᠮᠦᠨ᠎ᠡ ᠬᠤᠭᠤᠴᠠᠭᠠᠨ ᠤ ᠭᠠᠷ ᠬᠦᠢᠴᠡᠳᠬᠡᠯ ᠬᠦᠢᠴᠡᠳᠬᠡᠬᠦ ᠶᠢ ᠠᠬᠢᠭᠤᠯᠤᠨ ᠭᠠᠯᠠᠭᠤᠲᠤ ᠠᠴᠠ | ᠲᠡᠮᠡᠭᠡᠲᠤ ᠶᠢᠨ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠢ ᠲᠦᠯᠦᠪᠯᠡᠵᠤ ᠨᠢᠭᠡ ᠴᠠᠭ ᠤᠨ ᠲᠤᠳᠤᠷ᠎ᠠ ᠬᠠᠵᠠᠭᠤ | ᠬᠠᠪᠢ ᠶᠢᠨ ᠬᠤᠰᠢᠭᠤ ᠰᠢᠶᠠᠨ ︵ᠲᠤᠭᠤᠷᠢᠭ︶ ᠳᠤ ᠬᠦᠷᠬᠦ ᠠᠵᠤ ᠠᠬᠤᠢ ᠶᠢᠨ ᠴᠠᠭᠠᠷᠢᠭ ᠢ ᠪᠠᠶᠢᠭᠤᠯᠤᠨ᠎ᠠ᠃ | ᠲᠦᠩᠽᠢ ᠠᠴᠠ ᠴᠠᠩ ᠴᠢᠩ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠴᠡᠪᠡᠷᠰᠢᠬᠦᠯᠬᠦ ᠬᠤᠶᠠᠳᠤᠭᠠᠷ ᠦᠢᠯᠡᠳᠪᠦᠷᠢ | ᠬᠦᠷᠬᠦ᠂ ᠲᠠᠮᠠᠭᠠᠯᠠᠢ ᠶᠢᠨ ᠴᠠᠶᠢᠳᠠᠮ ᠠᠴᠠ ᠤᠷᠤᠭᠰᠢᠯᠠᠯᠲᠠ ᠲᠤᠰᠬᠤᠨ ᠬᠦᠷᠬᠦ ᠵᠡᠷᠭᠡ 7 ᠵᠤᠷᠪᠤᠰ 141 ᠺᠢᠯᠤᠮᠧᠲᠷ | ᠬᠦᠳᠡᠭᠡ ᠲᠤᠰᠬᠤᠨ ᠤ ᠵᠠᠰᠠᠮᠠᠯ ᠵᠠᠮ ᠢ ᠶᠡᠭᠡᠪᠡᠷ ᠰᠡᠯᠪᠢᠨ ᠵᠠᠰᠠᠵᠤ ︽ᠵᠠᠮ ᠤᠨ ᠲᠠᠷᠤᠭ᠎ᠠ ᠶᠢᠨ ᠲᠦᠷᠢᠮ︾ ᠤᠨ | ᠬᠠᠮᠢᠶᠠᠷᠤᠯᠲᠠ ᠶᠢᠨ ᠬᠡᠯᠪᠡᠷᠢ ᠶᠢ ᠬᠡᠷᠡᠭᠵᠢᠬᠦᠯᠦᠨ ᠲᠤᠰᠢᠶᠠᠯ ᠬᠠᠷᠢᠭᠤᠴᠠᠯᠭ᠎ᠠ ᠲᠤᠳᠤᠷᠬᠠᠢ ᠵᠠᠰᠠᠮᠠᠯ ᠵᠠᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠲᠤᠭᠳᠠᠯᠴᠠᠭ᠎ᠠ ᠶᠢ ᠪᠠᠶᠢᠭᠤᠯᠵᠤ ᠦᠪᠡᠷᠳᠡᠭᠡᠨ ᠵᠠᠰᠠᠬᠤ ᠤᠷᠤᠨ ᠤ ︽ᠲᠦᠷᠪᠡᠨ | ᠰᠠᠶᠢᠲᠠᠢ ᠬᠦᠳᠡᠭᠡ ᠲᠤᠰᠬᠤᠨ ᠤ ᠵᠠᠮ︾ ᠤᠨ ᠵᠢᠱᠢᠶᠡᠴᠢ ᠬᠤᠰᠢᠭᠤ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ | ᠪᠤᠭᠤᠲᠤ ᠶᠢᠨ ᠴᠢᠭᠯᠡᠯ ᠤᠨ ᠠᠶᠠᠨᠴᠢᠳ ᠤᠨ ᠭᠠᠯᠳᠤ ᠲᠡᠷᠭᠡ ᠶᠢ ᠴᠢᠷᠮᠠᠶᠢᠨ ᠨᠡᠪᠳᠡᠷᠡᠬᠦᠯᠵᠤ ᠨᠠᠷᠢᠠᠭᠤᠤᠯ ᠬᠤᠶᠠᠳᠤᠭᠠᠷ | ᠨᠤᠮᠧᠷᠲᠤ ᠬᠤᠳᠲᠤᠭ ᠤᠨ ᠲᠡᠮᠦᠷ ᠵᠠᠮ ᠤᠨ ᠲᠤᠰᠬᠠᠢ ᠱᠤᠭᠤᠮ ᠢ ᠡᠬᠢᠯᠡᠬᠦᠯᠦᠨ ᠵᠠᠰᠠᠨ᠎ᠠ᠃ ᠵᠢᠯ ᠤᠨ ᠲᠤᠳᠤᠷ᠎ᠠ | ᠨᠡᠶᠢᠳᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦᠯᠬᠦ ᠨᠦᠬᠦᠴᠡᠯ ᠢ ᠪᠦᠷᠢᠯᠳᠦᠬᠦᠯᠦᠨ᠎ᠡ᠃ | ᠦᠤᠰᠢᠨ ᠤ 500 ᠺᠢᠯᠤᠸᠤᠯᠲ᠂ ᠤᠷᠳᠤᠪᠡᠶ᠎ᠡ ᠠᠴᠠ ᠪᠤᠷᠤᠪᠠᠯᠭᠠᠰᠤ ᠬᠦᠷᠬᠦ 110 ᠺᠢᠯᠤᠸᠤᠯᠲ ᠴᠠᠬᠢᠯᠭᠠᠨ | ᠬᠦᠷᠭᠡᠬᠦ ᠬᠤᠪᠢᠰᠬᠠᠬᠤ ᠢᠨᠵᠧᠨᠧᠷᠢᠩ ᠢ ᠡᠬᠢᠯᠡᠬᠦᠯᠦᠨ ᠪᠠᠶᠢᠭᠤᠯᠵᠤ ᠰᠢᠷᠬᠤᠰᠤ ᠶᠢᠨ 220 ᠺᠢᠯᠤᠸᠤᠯᠲ ᠤᠨ | ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠵᠤ ᠨᠠᠷᠢᠠᠭᠤᠤᠯ ᠠᠵᠤ | ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ︽ᠬᠤᠤᠰ ᠴᠠᠬᠢᠯᠭᠠᠨ ᠱᠤᠭᠤᠮ︾ ︽ᠬᠤᠤᠰ ᠴᠠᠬᠢᠯᠭᠠᠨ | ᠡᠬᠦᠰᠬᠡᠭᠴᠢ︾ ᠪᠠᠷ ᠴᠠᠬᠢᠯᠭᠠᠨ ᠬᠠᠩᠭᠠᠬᠤ ᠶᠢ ᠪᠡᠶᠡᠯᠡᠬᠦᠯᠦᠨ᠎ᠡ᠃ ᠪᠠᠶᠠᠨᠨᠠᠭᠤᠷ ᠵᠡᠷᠭᠡ ᠲᠦᠷᠪᠡᠨ 35 ᠺᠢᠯᠤᠸᠤᠯᠲ | ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠤᠨ ᠬᠦᠳᠡᠭᠡ ᠲᠤᠰᠬᠤᠨ ᠤ | ᠴᠠᠬᠢᠯᠭᠠᠨ ᠤ ᠲᠤᠤᠷᠵᠢᠯ ᠢ 500 ᠺᠢᠯᠤᠮᠧᠲᠷ ᠠᠴᠠ ᠲᠡᠭᠡᠭᠰᠢ ᠰᠢᠨ᠎ᠡ ᠪᠠᠷ ᠪᠤᠶᠤ ᠦᠭᠡᠷᠡᠴᠢᠯᠡᠨ ᠲᠠᠳᠠᠵᠤ ᠵᠤᠨ ᠤ | ᠲᠠᠷᠢᠶᠠᠯᠠᠩ ᠤᠨ ᠤᠰᠤᠯᠠᠯᠲᠠ ᠳᠤ ︽ᠡᠭᠡᠯᠵᠢᠯᠡᠵᠦ ᠴᠠᠬᠢᠯᠭᠠᠨ ᠬᠡᠷᠡᠭᠯᠡᠬᠦ︾ ᠠᠰᠠᠭᠤᠳᠠᠯ ᠢ ᠪᠦᠲᠦᠮᠵᠢᠲᠠᠢ | ᠪᠠᠭᠠᠰᠬᠠᠨ᠎ᠠ᠃ ᠰᠢᠷᠬᠤᠰᠣᠨ ᠪᠠᠯᠭᠠᠰᠣᠨ ᠤ ᠪᠠᠯᠭᠠᠰᠣᠨ ᠳᠣᠭᠤᠷᠢᠭ ᠤᠨ ᠤᠤᠭᠤᠬᠤ ᠤᠰᠤᠨ ᠤ ᠠᠶᠤᠯᠬᠦᠢ ᠶᠢᠨ | ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠥᠨ᠎ᠠ᠃ ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ | ᠰᠢᠨ᠎ᠡ ᠪᠠᠷ 21 ᠪᠠᠶᠢᠭᠤᠯᠵᠤ ᠲᠤᠬᠢᠶᠠᠨ ᠲᠡᠮᠳᠡᠭ ᠲᠤᠰᠴᠤ ᠲᠡᠶᠢᠯᠬᠦ ᠦᠭᠡᠢ ᠤᠷᠤᠨ ᠤ ᠠᠰᠠᠭᠤᠳᠠᠯ ᠢ | ᠪᠦᠲᠦᠮᠵᠢᠲᠠᠢ ᠰᠢᠢᠳᠪᠦᠷᠢᠯᠡᠨ᠎ᠡ᠃ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠪᠠ ᠠᠭᠤᠷᠬᠠᠢ ᠶᠢᠨ | ᠤᠷᠤᠨ ᠤ ᠠᠷᠠᠳ ᠢ ᠨᠡᠬᠦᠯᠭᠡᠨ ᠲᠦᠪᠬᠢᠨᠡᠬᠦᠯᠬᠦ ᠠᠵᠢᠯ ᠢ ᠯᠠᠪᠳᠠᠭᠤᠨ ᠠᠬᠢᠭᠤᠯᠤᠨ᠎ᠠ᠃ ᠠᠮᠢ ᠠᠬᠤᠢ ᠶᠢᠨ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠲᠤᠭᠲᠠᠯ ᠬᠦᠴᠦᠨ | ᠢ ᠦᠷᠭᠦᠯᠵᠢᠯᠡᠨ ᠴᠢᠩᠭᠠᠳᠬᠠᠵᠦ ᠠᠮᠢ ᠠᠬᠤᠢ ᠶᠢᠨ ᠰᠢᠰᠲ᠋ᠧᠮ ᠤᠨ ᠲᠤᠲᠤᠭᠠᠳᠤ ᠶᠤᠰᠤ ᠵᠦᠢ ᠪᠠ ᠵᠢᠮ᠎ᠡ ᠶᠤᠰᠤ ᠶᠢ | ᠵᠢᠷᠦᠮᠯᠠᠵᠦ ︽ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠪᠠᠯᠠᠷ︾ ᠢ ᠨᠢᠭᠡᠲᠦᠯᠲᠠᠢ ᠲᠦᠯᠦᠪᠵᠢᠬᠦᠯᠦᠨ | ᠶᠡᠷᠦᠩᠬᠡᠶᠢᠯᠡᠨ ᠵᠠᠰᠠᠵᠤ ᠦᠪᠡᠷᠳᠡᠭᠡᠨ ᠰᠡᠷᠭᠦᠭᠡᠬᠦ ᠪᠠᠷ ᠭᠤᠤᠯᠳᠠᠭᠤᠯᠤᠨ ᠨᠤᠭᠤ ᠭᠠᠵᠠᠷ᠂ ᠪᠠᠶᠢᠭᠠᠯᠢ ᠶᠢᠨ | ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠪᠠ ᠨᠠᠭᠤᠷ ᠭᠤᠤᠯ ᠤᠨ ᠲᠤᠭᠤᠷᠢᠨ ᠪᠠᠶᠢᠴᠠᠭᠠᠯᠲᠠ ᠬᠠᠮᠠᠭᠠᠯᠠᠯᠲᠠ ᠪᠠᠨ | ᠴᠢᠩᠭᠠᠳᠬᠠᠨ ᠬᠠᠤᠯᠢ ᠪᠤᠰᠤ ᠪᠠᠷ ᠤᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠦᠷᠢᠯᠠᠭᠰᠠᠨ ᠠᠵᠢᠯᠯᠠᠭ᠎ᠠ ᠳᠤ | ᠬᠦᠨᠲᠤ ᠴᠤᠬᠢᠯᠲᠠ ᠦᠭᠬᠦᠨ᠎ᠡ︔ ᠪᠡᠭᠡᠵᠢᠩ ᠲᠢᠶᠠᠨᠵᠢᠨ ᠤ ᠡᠯᠡᠰᠦᠨ ᠰᠢᠭᠤᠷᠭᠠᠨ ᠤ ᠢᠷᠡᠯᠲᠡ᠂ ᠮᠠᠭᠤᠳᠠᠭᠰᠠᠨ ᠤᠢ | ᠰᠢᠭᠤᠢ ᠶᠢ ᠬᠡᠰᠡᠭ ᠬᠤᠪᠢᠶᠠᠨ ᠲᠠᠷᠢᠵᠦ ᠠᠷᠠᠴᠢᠯᠠᠬᠤ ᠦᠭᠡᠷᠡᠴᠢᠯᠡᠯᠲᠡ ᠵᠡᠷᠭᠡ ᠠᠮᠢ ᠠᠬᠤᠢ ᠶᠢ ᠰᠡᠷᠬᠦᠬᠡᠬᠦ | ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠬᠦᠯᠵᠤ ᠨᠤᠲᠤᠭ ᠪᠡᠯᠴᠢᠭᠡᠷ ᠢ ᠬᠤᠯᠤᠭᠠᠨ᠎ᠠ ᠬᠤᠷᠤᠬᠠᠢ ᠰᠢᠪᠡᠵᠢ ᠶᠢᠨ | ᠬᠦᠨᠦᠬᠡᠯ ᠠᠴᠠ ᠴᠢᠩᠭ᠎ᠠ ᠰᠡᠷᠬᠡᠶᠢᠯᠡᠵᠤ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 15 | ᠲᠦᠮᠡᠨ ᠮᠤ᠋᠂ ᠬᠦᠷᠦᠰᠦ ᠰᠢᠷᠤᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠲᠠ ᠶᠢ 20 ᠲᠦᠮᠡᠨ ᠮᠤ᠋ | ᠪᠡᠶᠡᠯᠡᠬᠦᠯᠵᠤ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ︵ᠵᠢᠷᠭᠤᠭ᠎ᠠ︶ ᠦᠨᠳᠦᠰᠦᠨ ᠵᠦᠢᠯ ᠢ ᠪᠠᠲᠤᠯᠠᠵᠦ ᠬᠢᠵᠠᠭᠠᠷ ᠱᠤᠭᠤᠮ ᠢ ᠰᠠᠬᠢᠨ ᠠᠷᠠᠳ ᠤᠨ ᠠᠮᠢᠳᠤᠷᠠᠯ ᠳᠤ | ᠠᠰᠢᠭ ᠬᠦᠷᠳᠡᠭᠡᠵᠦ ᠣᠯᠠᠨ ᠨᠡᠶᠢᠳᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠶᠡᠭᠡ ᠬᠦᠴᠦᠨ ᠢᠶᠠᠷ | ᠳᠡᠭᠡᠭᠰᠢᠯᠡᠬᠦᠯᠦᠨ᠎ᠡ᠃ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠪᠤᠯ ᠳᠠᠷᠤᠢ ᠪᠢᠳᠠᠨ ᠤ ᠴᠢᠷᠮᠠᠶᠢᠬᠤ ᠴᠢᠭᠯᠡᠯ | ᠪᠠᠶᠢᠵᠦ᠂ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠲᠠ ᠪᠤᠯᠤᠨ ᠠᠵᠤ ᠠᠬᠤᠢ ᠶᠢᠨ ᠬᠦᠭᠵᠢᠯᠲᠡ ᠶᠢ | ᠵᠤᠬᠢᠴᠠᠩᠭᠤᠢ ᠪᠠᠷ ᠨᠡᠮᠡᠭᠳᠡᠬᠦᠯᠬᠦ ᠲᠤᠭᠲᠠᠯᠴᠠᠭ᠎ᠠ ᠶᠢ ᠪᠦᠲᠦᠭᠡᠨ ᠪᠠᠶᠢᠭᠤᠯᠵᠦ ᠬᠦᠴᠦ ᠴᠢᠳᠠᠯ ᠢᠶᠠᠨ ᠭᠠᠷᠭᠠᠵᠦ | ᠪᠠᠶᠢᠭᠠᠳ ᠤᠯᠠᠨ ᠲᠦᠮᠡᠨ ᠤ ᠲᠤᠪᠤᠶᠢᠮ᠎ᠠ ᠲᠤᠰᠬᠠᠵᠦ ᠪᠠᠶᠢᠭ᠎ᠠ ᠠᠷᠠᠳ ᠤᠨ ᠠᠮᠢᠳᠤᠷᠠᠯ ᠤᠨ ᠲᠤᠳᠠᠭᠤᠳᠠᠯ ᠢ ᠨᠢᠭᠡ | ᠨᠢᠭᠡ ᠲᠦᠷᠦᠯ ᠢᠶᠠᠷ ᠨᠦᠬᠦᠪᠦᠷᠢᠯᠡᠨ ᠺᠠᠳ᠋ᠷ ᠠᠵᠢᠯᠳᠠᠨ ᠤ ︽ᠶᠠᠳᠠᠷᠠᠵᠦ ᠵᠦᠳᠡᠷᠡᠭᠰᠡᠨ ᠵᠢᠭᠠᠯᠲᠠ ᠲᠤᠭ᠎ᠠ︾ ᠪᠠᠷ | ᠤᠯᠠᠨ ᠲᠦᠮᠡᠨ ᠤ ︽ᠵᠤᠯ ᠵᠢᠷᠭᠠᠯ ᠤᠨ ᠵᠢᠭᠠᠯᠲᠠ ᠲᠤᠭ᠎ᠠ︾ ᠶᠢ ᠰᠤᠯᠢᠨ᠎ᠠ᠃ | ᠵᠢᠱᠢᠯᠲᠡ ᠶᠤᠰᠤᠭᠠᠷ ᠠᠵᠢᠯ ᠣᠯᠭᠤᠬᠤ ᠶᠢ ᠲᠤᠭᠳᠠᠪᠤᠷᠢᠵᠢᠭᠤᠯᠵᠦ ᠦᠢᠯᠡᠰ ᠪᠤᠰᠬᠠᠬᠤ ᠠᠮᠢᠵᠢᠷᠠᠯ ᠤᠨ | ᠬᠦᠴᠦᠨ ᠢ ᠴᠢᠩᠭᠠᠳᠬᠠᠨ᠎ᠠ᠃ ᠠᠷᠭ᠎ᠠ ᠪᠦᠬᠦᠨ ᠢ ᠰᠦᠪᠡᠭᠴᠢᠯᠡᠨ ᠦᠢᠯᠡᠰ ᠪᠤᠰᠬᠠᠬᠤ ᠶᠢ ᠠᠬᠢᠭᠤᠯᠵᠦ ᠠᠵᠢᠯ | ᠤᠯᠭᠤᠬᠤ ᠶᠢ ᠲᠤᠭᠳᠠᠪᠤᠷᠢᠵᠢᠭᠤᠯᠤᠨ ᠡᠯ᠎ᠡ ᠲᠦᠷᠦᠯ ᠤᠨ ᠦᠢᠯᠡᠰ ᠪᠤᠰᠬᠠᠬᠤ ᠬᠦᠷᠢᠶᠡᠯᠡᠩ ᠲᠤᠭᠤᠷᠢᠭ ᠤᠨ | ᠬᠦᠮᠦᠵᠢᠬᠦᠯᠬᠦ ᠴᠢᠳᠠᠪᠤᠷᠢ ᠶᠢ ᠳᠡᠭᠡᠭᠰᠢᠯᠡᠬᠦᠯᠵᠦ ᠮᠡᠷᠭᠡᠵᠢᠯ ᠤᠨ ᠳᠠᠭᠠᠭᠤᠯᠤᠭᠴᠢ ᠶᠢᠨ ᠰᠢᠨ᠎ᠡ ᠶᠢ ᠡᠬᠦᠳᠬᠦ ᠠᠵᠢᠯᠯᠠᠬᠤ | ᠳᠠᠰᠤᠭ ᠢ ᠪᠠᠶᠢᠭᠤᠯᠤᠨ ᠦᠢᠯᠡᠰ ᠪᠤᠰᠬᠠᠬᠤ ᠪᠦᠯᠬᠦᠮ ᠤᠨ ᠦᠨᠳᠦᠷ ᠳᠡᠰ ᠳᠡᠰᠢ ᠬᠦᠭᠵᠢᠬᠦ ᠶᠢ ᠳᠠᠭᠠᠭᠤᠯᠤᠨ᠎ᠠ᠃ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ᠂ ᠰᠤᠷᠭᠠᠨ ᠬᠦᠮᠦᠵᠢᠯ᠂ ᠮᠠᠯ ᠲᠠᠷᠢᠶᠠᠯᠠᠩ | ᠵᠡᠷᠭᠡ ᠰᠠᠯᠠᠭ᠎ᠠ ᠮᠦᠴᠢᠷ ᠪᠠ ᠨᠡᠶᠢᠬᠡᠮ ᠤᠨ ᠪᠤᠯᠪᠠᠰᠤᠷᠠᠯ ᠤᠨ ᠪᠠᠶᠢᠭᠤᠯᠤᠮᠵᠢ ᠶᠢᠨ ᠡᠬᠢ ᠰᠤᠷᠪᠤᠯᠵᠢ ᠶᠢ ᠨᠡᠶᠢᠯᠡᠭᠦᠯᠵᠦ | ᠦᠨᠳᠦᠷ ᠪᠠᠷᠢᠮᠵᠢᠶ᠎ᠠ ᠲᠠᠢ ᠬᠤᠰᠢᠭᠤ ᠳᠡᠰ ᠤᠨ ᠶᠡᠷᠤᠩᠬᠡᠶᠢᠯᠡᠭᠰᠡᠨ ᠴᠢᠨᠠᠷᠲᠤ ᠠᠵᠢᠯ ᠮᠡᠷᠭᠡᠵᠢᠯ ᠤᠨ ᠪᠤᠯᠪᠠᠰᠤᠷᠠᠯ ᠤᠨ | ᠰᠤᠷᠢᠯᠲᠠ ᠶᠢᠨ ᠰᠠᠭᠤᠷᠢᠨ ᠭᠠᠵᠠᠷ ᠪᠠ ᠬᠦᠳᠡᠯᠮᠦᠷᠢ ᠦᠢᠯᠡᠴᠢᠯᠡᠭᠡᠨ ᠤ ᠺᠤᠮᠫᠠᠨᠢ ᠶᠢ ᠵᠤᠬᠢᠶᠠᠨ ᠪᠠᠶᠢᠭᠤᠯᠵᠦ | ᠠᠵᠢᠯᠴᠢᠨ ᠬᠡᠷᠡᠭᠯᠡᠬᠦ ᠡᠯ᠎ᠡ ᠲᠦᠷᠦᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠠᠵᠢᠯ ᠣᠯᠭᠤᠬᠤ ᠵᠠᠮ ᠰᠤᠪᠠᠭ ᠢ | ᠦᠷᠭᠡᠳᠬᠡᠨ ᠠᠵᠢᠯ ᠣᠯᠭᠤᠯᠲᠠ ᠶᠢᠨ ᠨᠤᠷᠮ᠎ᠠ ᠶᠢ ᠳᠡᠭᠡᠭᠰᠢᠯᠡᠬᠦᠯᠦᠨ᠎ᠠ᠃ ᠵᠢᠯ ᠤᠨ ᠲᠤᠲᠤᠷ᠎ᠠ ᠠᠵᠢᠯ ᠮᠡᠷᠭᠡᠵᠢᠯ ᠤᠨ | ᠴᠢᠳᠠᠪᠤᠷᠢ ᠶᠢᠨ ᠪᠤᠯᠪᠠᠰᠤᠷᠠᠯ ᠢ 710 ᠬᠦᠮᠦᠨ ᠤᠳᠠᠭ᠎ᠠ ᠦᠷᠨᠢᠬᠦᠯᠵᠦ ᠶᠡᠭᠡ ᠳᠡᠭᠡᠲᠤ ᠰᠣᠷᠭᠠᠭᠤᠯᠢ ᠪᠠ ᠲᠤᠮᠳᠠ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ 120 ᠰᠣᠷᠣᠭᠴᠢ ᠶᠢ ᠨᠡᠶᠢᠳᠡᠨ ᠬᠦᠮᠦᠵᠢᠬᠦᠯᠵᠦ | 600 ᠲᠦᠮᠡᠨ ᠲᠦᠬᠦᠷᠢᠭ ᠤᠨ ᠦᠢᠯᠡᠰ ᠪᠤᠰᠬᠠᠬᠤ ᠵᠢᠭᠡᠯᠡᠯᠭᠡ ᠶᠢᠨ ᠮᠦᠩᠬᠦ ᠶᠢ ᠲᠠᠷᠬᠠᠭᠠᠵᠤ ᠬᠤᠳᠠ ᠪᠠᠯᠭᠠᠰᠤᠨ ᠤ | ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠲᠤᠭ᠎ᠠ ᠶᠢ 1450 ᠬᠦᠮᠦᠨ ᠢ ᠳᠠᠪᠠᠭᠤᠯᠤᠨ᠎ᠠ᠃ | ᠰᠣᠷᠭᠠᠨ ᠬᠦᠮᠦᠵᠢᠯ ᠤᠨ ᠦᠢᠯᠡᠰ ᠢ ᠴᠢᠬᠤᠯᠠᠴᠢᠯᠠᠵᠦ ᠰᠤᠷᠭᠠᠨ ᠬᠦᠮᠦᠵᠢᠯ ᠤᠨ ᠶᠠᠰᠣ ᠴᠢᠨᠠᠷ ᠢ | ᠴᠢᠩᠭᠠᠳᠬᠠᠨ᠎ᠠ᠃ ᠪᠢᠳᠠ ᠰᠤᠷᠭᠠᠨ ᠬᠦᠮᠦᠵᠢᠯ ᠨᠢ ᠣᠯᠣᠰ ᠤᠨ ᠬᠦᠭᠵᠢᠯᠲᠡ᠂ ᠦᠨᠳᠦᠰᠦᠳᠡᠨ ᠤ ᠬᠦᠭᠵᠢᠯ ᠮᠠᠨᠳᠤᠯ | ᠂ ᠬᠡᠷ ᠪᠦᠯᠢ ᠶᠢᠨ ᠵᠤᠯ ᠵᠢᠷᠭᠠᠯ ᠳᠤ ᠴᠢᠬᠤᠯᠠ ᠠᠴᠢ ᠬᠤᠯᠪᠤᠭᠳᠠᠯ ᠲᠠᠢ ᠭᠡᠳᠡᠭ ᠢ ᠬᠦᠨ ᠣᠶᠢᠯᠠᠭᠠᠨ᠎ᠠ᠃ ᠪᠢᠳᠠ | ᠠᠯᠢᠪᠠ ᠬᠦᠴᠢᠷ ᠵᠤᠪᠠᠯᠠᠩ ᠢ ᠢᠯᠠᠨ ᠳᠠᠪᠠᠵᠦ ᠬᠦᠴᠦᠲᠡᠢ ᠠᠷᠭ᠎ᠠ ᠬᠡᠮᠵᠢᠶ᠎ᠠ ᠠᠪᠴᠤ ᠠᠷᠭ᠎ᠠ ᠪᠦᠬᠦᠨ ᠢ | ᠰᠦᠪᠡᠭᠴᠢᠯᠡᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠵᠢᠭᠠᠨ ᠰᠤᠷᠭᠠᠬᠤ ᠲᠦᠭᠦᠬᠡᠷᠤᠮᠵᠢ | ᠶᠢ ᠪᠦᠷᠢᠨ᠂ ᠰᠢᠯᠢᠳᠡᠭ᠂ ᠭᠦᠢᠴᠡᠳ ᠲᠤᠬᠢᠷᠠᠭᠤᠯᠵᠦ ᠪᠠᠭᠰᠢ ᠶᠢᠨ ᠡᠩᠨᠡᠭᠡ ᠶᠢ ᠰᠢᠯᠢᠳᠡᠭᠵᠢᠬᠦᠯᠦᠨ ᠰᠢᠨᠳᠠᠷᠠᠰᠢ | ᠦᠭᠡᠢ ᠴᠢᠷᠮᠠᠶᠢᠯᠭ᠎ᠠ ᠪᠠᠷ ᠳᠠᠮᠵᠢᠨ ᠠᠷᠠᠳ ᠲᠦᠮᠡᠨ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ | ᠵᠢᠯ ᠤᠨ ᠲᠤᠲᠤᠷ᠎ᠠ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠣᠭᠠᠷ ᠳᠤᠮᠳᠠᠳᠤ ᠰᠤᠷᠭᠠᠭᠤᠯᠢ᠂ ᠨᠠᠷᠢᠠᠭᠤᠤᠯ | ᠠᠵᠤ ᠦᠢᠯᠡᠳᠪᠤᠷᠢ ᠬᠦᠷᠢᠶᠡᠯᠡᠩ ᠲᠤᠭᠤᠷᠢᠭ ᠤᠨ ᠬᠡᠤᠭᠡᠳ ᠤᠨ ᠴᠡᠴᠡᠷᠯᠢᠭ᠂ ᠱᠠᠷᠯᠢᠭ ᠪᠠᠭ᠎ᠠ ᠰᠤᠷᠭᠠᠭᠤᠯᠢ ᠶᠢᠨ | ᠶᠡᠷᠤᠩᠬᠡᠶᠢᠯᠡᠭᠰᠡᠨ ᠠᠰᠠᠷ ᠢ ᠡᠬᠢᠯᠡᠬᠦᠯᠦᠨ ᠪᠦᠲᠦᠭᠡᠨ ᠪᠠᠶᠢᠭᠤᠯᠵᠦ ᠭᠠᠯᠠᠭᠤᠲᠤ ᠰᠤᠷᠭᠠᠭᠤᠯᠢ ᠶᠢᠨ ᠬᠤᠶᠠᠳᠤᠭᠠᠷ | ᠬᠤᠭᠤᠴᠠᠭ᠎ᠠ᠂ ᠦᠦᠰᠢᠨᠵᠦᠦ ᠪᠠᠭ᠎ᠠ ᠰᠤᠷᠭᠠᠭᠤᠯᠢ᠂ ᠲᠤᠭ ᠪᠠᠭ᠎ᠠ ᠰᠤᠷᠭᠠᠭᠤᠯᠢ᠂ ᠭᠤᠷᠪᠠᠳᠤᠭᠠᠷ ᠬᠡᠤᠬᠡᠳ ᠤᠨ | ᠴᠡᠴᠡᠷᠯᠢᠭ ᠤᠨ ᠠᠰᠢᠭᠯᠠᠯᠲᠠ ᠳᠤ ᠣᠷᠣᠬᠤ ᠶᠢ ᠪᠠᠲᠤᠯᠠᠨ ᠪᠠᠭᠰᠢ ᠶᠢᠨ ᠪᠠᠶᠢᠷᠢ ᠶᠢᠨ ᠠᠰᠠᠷ ᠪᠠ ᠲᠦᠷᠪᠡᠳᠦᠭᠡᠷ | ᠬᠡᠤᠬᠡᠳ ᠤᠨ ᠴᠡᠴᠡᠷᠯᠢᠭ᠂ ᠤᠷᠳᠤᠪᠡᠶ᠎ᠡ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ ᠰᠤᠷᠭᠠᠭᠤᠯᠢ ᠶᠢᠨ | ᠬᠦᠷᠢᠶᠡᠨ ᠤ ᠵᠠᠰᠠᠨ ᠰᠡᠯᠪᠢᠬᠦ ᠵᠢᠴᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠦᠷᠭᠡᠳᠬᠡᠨ ᠪᠠᠶᠢᠭᠤᠯᠬᠤ | ᠢᠨᠵᠧᠨᠧᠷᠢᠩ ᠢ ᠬᠡᠷᠡᠭᠵᠢᠬᠦᠯᠵᠦ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠦᠭᠵᠢᠯᠲᠡ ᠦᠨᠳᠦᠰᠦᠨ ᠳᠡᠭᠡᠨ | ᠲᠡᠩᠴᠡᠭᠦᠷᠢᠲᠡᠢ ᠪᠠᠶᠢᠬᠤ ᠬᠤᠰᠢᠭᠤ ᠶᠢᠨ ᠲᠠᠬᠢᠨ ᠬᠢᠨᠠᠯᠲᠠ ᠶᠢ ᠣᠷᠣᠭᠰᠢᠲᠠᠢ ᠦᠩᠭᠡᠷᠡᠬᠦ ᠶᠢ ᠪᠠᠲᠤᠯᠠᠨ᠎ᠠ᠃ ᠨᠡᠩ | ᠤᠯᠠᠨ ᠲᠤᠰᠠᠯᠠᠮᠵᠢ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠵᠦ ᠨᠡᠶᠢᠬᠡᠮ ᠤᠨ ᠬᠦᠴᠦᠨ ᠢ ᠵᠤᠷᠢᠭᠵᠢᠭᠤᠯᠤᠨ | ᠬᠡᠤᠬᠡᠳ ᠤᠨ ᠴᠡᠴᠡᠷᠯᠢᠭ᠂ ᠬᠡᠤᠬᠡᠳ ᠠᠰᠠᠷᠠᠬᠤ ᠪᠠᠶᠢᠭᠤᠯᠤᠮᠵᠢ ᠶᠢ ᠪᠠᠶᠢᠭᠤᠯᠵᠦ ᠰᠤᠷᠭᠠᠭᠤᠯᠢ ᠶᠢᠨ ᠭᠠᠳᠠᠨᠠᠬᠢ | ᠪᠤᠯᠪᠠᠰᠤᠷᠠᠯ ᠤᠨ ᠪᠠᠶᠢᠭᠤᠯᠤᠮᠵᠢ ᠶᠢᠨ ᠬᠦᠭᠵᠢᠯᠲᠡ ᠶᠢ ᠲᠦᠷᠢᠮᠵᠢᠬᠦᠯᠦᠨ ᠣᠯᠠᠨ ᠲᠦᠮᠡᠨ ᠤ ᠣᠯᠠᠨ ᠶᠠᠩᠵᠦ ᠶᠢᠨ | ᠰᠤᠷᠭᠠᠨ ᠬᠦᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ᠰᠢᠨ᠎ᠡ ᠴᠠᠭ ᠦᠶ᠎ᠡ ᠶᠢᠨ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠦᠭᠡᠷᠡᠴᠢᠯᠡᠯᠲᠡ ᠶᠢᠨ ᠬᠡᠷᠡᠭᠵᠢᠬᠦᠯᠦᠯᠲᠡ ᠶᠢᠨ ᠲᠦᠰᠦᠯ︾ ᠢ ᠲᠤᠭᠳᠠᠭᠠᠨ ᠦᠨᠳᠦᠷ | ᠬᠢᠷᠢ ᠲᠦᠪᠰᠢᠨ ᠲᠠᠢ ᠬᠠᠮᠢᠶᠠᠷᠤᠯᠲᠠ ᠶᠢᠨ ᠪᠦᠯᠬᠦᠮ ᠢ ᠤᠷᠤᠭᠤᠯᠵᠦ ᠠᠪᠴᠢᠷᠠᠨ ᠬᠠᠰᠢᠷ ᠪᠠᠭᠰᠢ ᠪᠠ ᠰᠤᠷᠭᠠᠨ | ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠳᠡᠭᠡᠲᠤ ᠰᠤᠷᠭᠠᠭᠤᠯᠢ᠂ ︽ᠬᠤᠤᠰ ᠲᠡᠷᠢᠬᠦᠨ ᠳᠡᠰ︾ | ᠤᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠴᠢᠳᠠᠪᠤᠷᠢᠲᠠᠳ ᠢ ᠤᠷᠢᠨ ᠡᠯᠰᠡᠵᠦ ᠨᠢᠭᠡ ᠪᠦᠯᠦᠭ ᠬᠢᠴᠢᠶᠠᠯ | ᠲᠦᠷᠦᠯ ᠤᠨ ᠪᠠᠴᠢᠮ ᠲᠤᠳᠠᠭᠳᠠᠵᠦ ᠪᠠᠶᠢᠭ᠎ᠠ ᠪᠠᠭᠰᠢ ᠶᠢ ᠰᠢᠯᠭᠠᠨ ᠡᠯᠰᠡᠵᠦ ᠶᠤᠰᠤ ᠮᠤᠷᠠᠯ ᠰᠠᠶᠢᠨ᠂ ᠭᠡᠪ | ᠪᠤᠯᠪᠠᠰᠤᠷᠠᠯ ᠦᠨᠳᠦᠷ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢᠨ ᠡᠩᠨᠡᠭᠡ ᠶᠢ ᠪᠦᠲᠦᠭᠡᠨ | ᠪᠠᠶᠢᠭᠤᠯᠤᠨ᠎ᠠ᠃ | ᠠᠵᠢᠯ ᠤᠨ ᠬᠡᠯᠪᠡᠷᠢ ᠶᠢᠨ ᠰᠢᠨ᠎ᠡ ᠶᠢ ᠡᠭᠦᠳᠴᠤ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ᠪᠢᠳᠠ ᠡᠮᠨᠡᠯᠬᠡ ᠶᠢᠨ ᠬᠤᠷᠢᠶ᠎ᠠ ᠡᠷᠬᠢᠯᠡᠬᠦ ᠰᠡᠳᠬᠢᠮᠵᠢ ᠪᠠᠨ ᠵᠤᠷᠢᠭᠲᠠᠢ ᠰᠢᠨᠡᠴᠢᠯᠡᠨ ᠡᠮᠴᠢᠯᠡᠭᠡᠨ ᠤ ᠦᠬᠡᠷᠡᠴᠢᠯᠡᠯᠲᠡ | ᠶᠢ ᠠᠬᠢᠭᠤᠯᠵᠦ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠬᠦᠯᠵᠦ ᠤᠯᠠᠨ ᠨᠡᠶᠢᠲᠡ | ᠶᠢᠨ ᠡᠷᠡᠭᠦᠯ ᠬᠠᠮᠠᠭᠠᠯᠠᠯ ᠤᠨ ᠠᠵᠢᠯ ᠤᠨ ᠰᠢᠨ᠎ᠡ ᠪᠠᠶᠢᠳᠠᠯ ᠢ ᠨᠡᠭᠡᠭᠡᠨ᠎ᠡ᠃ ᠪᠦᠬᠦ ᠤᠯᠤᠰ ᠤᠨ ᠡᠷᠡᠬᠦᠯ ᠡᠩᠬᠡ | ᠬᠤᠰᠢᠭᠤᠨ ᠤ ᠡᠬᠦᠳᠣᠨ ᠪᠠᠶᠢᠭᠤᠯᠣᠯᠳᠠ ᠶᠢ ᠲᠦᠯᠬᠢᠨ ᠠᠬᠢᠭᠤᠯᠵᠦ ᠪᠦᠬᠦ ᠠᠷᠠᠳ ᠢᠶᠠᠷ ᠢᠶᠠᠨ ᠪᠡᠶ᠎ᠡ ᠶᠢᠨ | ᠪᠠᠶᠢᠴᠠᠭᠠᠯᠲᠠ ᠬᠢᠬᠦ ᠲᠦᠷᠢᠮ ᠢ ᠪᠠᠶᠢᠭᠤᠯᠣᠨ ᠡᠷᠡᠭᠦᠯ ᠡᠩᠬᠡ ᠶᠢᠨ ᠭᠤᠤᠯ ᠰᠡᠲᠤᠪᠲᠤ ᠤᠬᠠᠭᠤᠯᠭ᠎ᠠ ᠶᠢᠨ ᠠᠵᠢᠯᠯᠠᠭ᠎ᠠ | ᠶᠢ ᠦᠷᠭᠡᠨ ᠢᠶᠠᠷ ᠦᠷᠨᠢᠬᠦᠯᠵᠦ ᠤᠨᠤᠰᠢᠯᠠᠨ ᠡᠮᠴᠢᠯᠡᠬᠦ ᠠᠴᠠ ᠰᠡᠷᠭᠡᠶᠢᠯᠡᠬᠦ ᠲᠡᠶᠢᠰᠢ ᠰᠢᠯᠵᠢᠬᠦᠯᠦᠨ᠎ᠡ᠃ᠦᠨᠳᠣᠰᠣᠨ | ᠡᠮ ᠡᠮᠨᠡᠯᠬᠡ ᠶᠢᠨ ᠳᠠᠭᠠᠳᠬᠠᠯ ᠢ ᠨᠡᠶᠢᠯᠡᠬᠦᠯᠥᠨ ᠳᠣᠭᠠᠴᠠᠬᠤ ᠦᠭᠡᠷᠡᠴᠢᠯᠡᠯᠲᠡ ᠶᠢ ᠠᠬᠢᠭᠤᠯᠵᠦ ᠤᠯᠤᠰ ᠤᠨ | ᠲᠤᠲᠤᠭᠠᠲᠤ ᠶᠢᠨ ᠨᠡᠷᠡᠲᠤ ᠲᠤᠰᠬᠠᠢ ᠮᠡᠷᠭᠡᠵᠢᠯᠲᠡᠨ ᠢ ᠤᠷᠢᠵᠦ ᠡᠪᠡᠳᠴᠢᠨ ᠦᠵᠡᠬᠦᠯᠤᠨ ᠪᠤᠭᠤᠲᠤ ᠶᠢᠨ ᠡᠮᠨᠡᠯᠬᠡ | ᠶᠢᠨ ᠳᠡᠭᠡᠲᠤ ᠰᠤᠷᠭᠠᠭᠤᠯᠢ ᠶᠢᠨ ᠡᠮᠴᠢᠯᠡᠭᠡᠨ ᠤ ᠵᠢᠭᠠᠨ ᠰᠤᠷᠭᠠᠬᠤ ᠪᠤᠯᠪᠠᠰᠤᠷᠠᠯ ᠤᠨ ᠰᠠᠭᠤᠷᠢᠨ ᠭᠠᠵᠠᠷ ᠢ ᠫᠠᠶᠢᠰᠠ | ᠡᠯᠬᠦᠨ ᠪᠠᠶᠢᠭᠤᠯᠵᠦ 2 ︽ᠡᠮ ᠡᠮᠨᠡᠯᠭᠡ ᠶᠢᠨ ᠬᠠᠮᠲᠤ ᠶᠢᠨ ᠴᠤᠭᠴᠠ︾ ᠶᠢᠨ ᠬᠠᠮᠲᠤ ᠪᠠᠷ ᠪᠠᠶᠢᠭᠤᠯᠵᠦ ᠬᠠᠮᠲᠤ ᠪᠠᠷ | ᠡᠳ᠋ᠯᠡᠬᠦ ᠬᠢᠷᠢ ᠲᠦᠪᠰᠢᠨ ᠢ ᠳᠡᠭᠡᠭᠰᠢᠯᠡᠬᠦᠯᠤᠨ᠎ᠡ ᠃ ᠬᠤᠰᠢᠭᠤ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ | ᠶᠢᠨ ᠬᠤᠷᠢᠶ᠎ᠠ ᠳᠤ ᠲᠦᠰᠢᠭᠯᠡᠨ ᠡᠷᠬᠢᠨ ᠲᠤᠭᠤᠷᠢᠨ ᠤ ᠮᠤᠩᠭᠤᠯ ᠬᠢᠳᠠᠳ ᠡᠮ ᠡᠮᠨᠡᠯᠭᠡ ᠶᠢᠨ ᠣᠯᠠᠮᠵᠢᠯᠠᠯᠲᠤ ᠰᠤᠶᠤᠯ | ᠢ ᠤᠯᠠᠮᠵᠢᠯᠠᠨ ᠵᠠᠯᠭᠠᠮᠵᠢᠯᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠢᠵᠢᠭ ᠢ | ᠰᠡᠷᠬᠡᠶᠢᠯᠡᠨ ᠡᠵᠡᠮᠳᠡᠬᠦ ᠲᠦᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠶᠢᠳᠪᠤᠷᠢᠯᠡᠬᠦ ᠲᠤᠷᠰᠢᠯᠲᠠ | ᠶᠢᠨ ᠠᠰᠠᠷ ᠢ ᠪᠠᠶᠢᠭᠤᠯᠵᠦ ᠡᠬᠡ ᠨᠢᠯᠬᠠᠰ ᠤᠨ ᠡᠷᠡᠭᠦᠯᠵᠢᠯ ᠤᠨ ᠲᠦᠪ ᠢ ᠦᠷᠭᠡᠳᠬᠡᠨ ᠪᠠᠶᠢᠭᠤᠯᠬᠤ ᠪᠠ ᠭᠠᠯᠠᠭᠤᠲᠤ | ᠪᠠᠯᠭᠠᠰᠤᠨ ᠤ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠢ ᠦᠭᠡᠷᠡᠴᠢᠯᠡᠨ | ᠪᠠᠶᠢᠭᠤᠯᠵᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠨᠡᠶᠢᠳᠡᠮᠵᠢᠬᠦᠯᠦᠯᠲᠡ ᠶᠢᠨ ᠬᠡᠪᠴᠢᠶ᠎ᠡ ᠪᠠ ᠪᠠᠲᠤᠯᠠᠭ᠎ᠠ ᠶᠢᠨ | ᠬᠦᠴᠦᠨ ᠢ ᠴᠢᠷᠮᠠᠶᠢᠨ ᠳᠡᠭᠡᠭᠰᠢᠯᠡᠬᠦᠯᠦᠨ᠎ᠡ᠃ | ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠦ ᠨᠠᠰᠣᠳᠠᠶᠢᠴᠣᠳ ᠤᠨ ᠠᠰᠠᠷᠠᠮᠵᠢ ᠶᠢᠨ ᠶᠠᠰᠤ ᠴᠢᠨᠠᠷ | ᠢ ᠳᠡᠭᠡᠭᠰᠢᠯᠡᠬᠦᠯᠦᠨ᠎ᠡ᠃ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠤ ᠲᠦᠯᠦᠬᠡ ᠦᠢᠯᠡᠴᠢᠯᠡᠬᠦ ᠵᠤᠷᠢᠯᠲᠡ | ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠦ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠤᠨ ᠬᠠᠮᠲᠤ | ᠪᠠᠷ ᠡᠳ᠋ᠯᠡᠬᠦ ᠶᠢ ᠤᠯᠠᠮ ᠨᠢᠭᠡ ᠠᠯᠬᠤᠮ ᠦᠷᠭᠡᠳᠬᠡᠵᠦ ᠪᠠᠲᠤᠯᠠᠭ᠎ᠠ ᠶᠢᠨ ᠬᠢᠷᠢ ᠲᠦᠪᠰᠢᠨ ᠪᠠ ᠴᠢᠳᠠᠪᠤᠷᠢ ᠶᠢ | ᠲᠤᠭᠳᠠᠭᠤᠨ ᠢᠶᠠᠷ ᠳᠡᠭᠡᠭᠰᠢᠯᠡᠬᠦᠯᠤᠨ ᠬᠤᠳᠠ ᠬᠦᠳᠡᠭᠡ ᠶᠢᠨ ᠰᠠᠭᠤᠭᠠᠯᠢ ᠠᠷᠠᠳ ᠢ ᠨᠡᠩ ᠴᠢᠨᠠᠷ ᠴᠢᠨᠰᠠᠭ᠎ᠠ ᠲᠠᠢ᠂ | ᠪᠠᠶᠠᠷ ᠬᠦᠷ ᠲᠠᠢ᠂ ᠵᠤᠯ ᠵᠢᠷᠭᠠᠯᠲᠠᠢ ᠠᠮᠢᠳᠤᠷᠠᠭᠤᠯᠬᠤ ᠪᠠᠷ ᠴᠢᠷᠮᠠᠶᠢᠨ᠎ᠠ᠃ ᠵᠢᠯ ᠤᠨ ᠲᠤᠲᠤᠷ᠎ᠠ᠂ ᠬᠤᠳᠠ ᠬᠦᠳᠡᠭᠡ | ᠶᠢᠨ ᠰᠠᠭᠤᠭᠠᠯᠢ ᠠᠷᠠᠳ ᠤᠨ ᠨᠠᠰᠤᠳᠠᠶᠢᠴᠤᠳ ᠤᠨ ᠠᠰᠠᠷᠠᠮᠵᠢ ᠶᠢᠨ ᠦᠨᠳᠦᠰᠦᠨ ᠮᠦᠩᠬᠦ ᠶᠢ 50 ᠲᠦᠬᠦᠷᠢᠭ | ᠳᠡᠭᠡᠭᠰᠢᠯᠡᠬᠦᠯᠣᠨ᠎ᠡ᠃ ᠬᠦᠮᠦᠨ ᠳᠤᠮᠳᠠᠴᠢ ᠪᠠᠷ ᠰᠠᠷ᠎ᠠ ᠪᠦᠷᠢ 200 ᠲᠦᠬᠦᠷᠢᠭ ᠤᠨ ᠪᠠᠷᠢᠮᠵᠢᠶ᠎ᠠ ᠶᠤᠰᠤᠭᠠᠷ ᠣᠷᠴᠢᠨ | ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠠ ᠴᠡᠴᠡᠷᠯᠢᠭᠵᠢᠬᠦᠯᠦᠯᠲᠡ ᠶᠢᠨ ᠠᠵᠢᠯᠴᠢᠨ ᠤ ᠠᠵᠢᠯ ᠤᠨ | ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠪᠡᠯᠡ ᠮᠦᠩᠬᠦ ᠶᠢ ᠲᠤᠬᠢᠷᠠᠭᠤᠯᠵᠦ ᠠᠵᠢᠯ ᠤᠨ ᠴᠠᠭ ᠤᠨ ᠬᠠᠷᠠᠮᠵᠢ | ᠤᠯᠭᠤᠮᠵᠢ ᠶᠢ ᠳᠡᠭᠡᠭᠰᠢᠯᠡᠬᠦᠯᠦᠨ᠎ᠡ᠃ ᠲᠤᠭ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ︽ᠠᠯᠪᠠᠨ | ᠠᠴᠠ ᠪᠠᠶᠢᠭᠤᠯᠵᠦ ᠠᠷᠠᠳ ᠠᠴᠠ ᠡᠵᠡᠩᠨᠡᠬᠦ︾ ᠦᠢᠯᠡᠴᠢᠯᠡᠭᠡᠨ ᠤ ᠬᠡᠯᠪᠡᠷᠢ ᠶᠢ ᠰᠦᠪᠡᠭᠴᠢᠯᠡᠨ ᠬᠤᠰᠢᠭᠤ | ᠨᠠᠰᠤᠳᠠᠶᠢᠴᠤᠳ ᠢ ᠠᠰᠠᠷᠠᠵᠦ ᠰᠤᠪᠢᠯᠠᠬᠤ ᠬᠦᠷᠢᠶᠡᠯᠡᠩ ᠤᠨ B ᠠᠰᠠᠷ ᠢ ᠠᠰᠢᠭᠯᠠᠯᠲᠠ ᠳᠤ ᠤᠷᠤᠭᠤᠯᠤᠨ᠎ᠠ᠃ | ᠨᠦᠬᠦᠴᠡᠯ ᠲᠠᠢ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠢ ᠵᠤᠷᠢᠭᠵᠢᠭᠤᠯᠤᠨ | ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠶᠢ ᠬᠦᠭᠵᠢᠬᠦᠯᠵᠦ ᠨᠡᠶᠢᠬᠡᠮ ᠲᠤᠭᠤᠷᠢᠭ ᠤᠨ ᠡᠳᠦᠷ ᠲᠤᠳᠤᠮ ᠤᠨ | ᠬᠠᠷᠠᠭᠠᠯᠵᠠᠯ ᠤᠨ ᠲᠦᠪ ᠢ 1 ᠪᠠᠶᠢᠭᠤᠯᠤᠨ ᠨᠠᠰᠤᠳᠠᠶᠢᠴᠤᠳ ᠢ ᠠᠰᠠᠷᠠᠬᠤ ᠤᠷᠤ ᠶᠢ ᠰᠢᠨ᠎ᠡ ᠪᠠᠷ 190 ᠨᠡᠮᠡᠵᠦ | ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ᠂ ᠵᠡᠮᠳᠡᠭ ᠨᠠᠰᠤᠳᠠᠶᠢᠴᠤᠳ ᠲᠤ ᠣᠶᠢᠷ᠎ᠠ | ᠦᠢᠯᠡᠴᠢᠯᠡᠭᠡ ᠶᠢ ᠬᠠᠩᠭᠠᠨ᠎ᠠ᠃ | ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠦ ᠡᠷᠡᠭᠦᠯ ᠡᠩᠬᠡ ᠶᠢᠨ ᠬᠡᠪ ᠰᠤᠷᠳᠠᠯ ᠢ ᠪᠤᠢ ᠪᠤᠯᠭᠠᠨ᠎ᠠ᠃ | ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠢᠨ ᠲᠤᠭᠤᠷᠢᠨ ᠳᠤ ᠰᠢᠷᠭᠠᠭᠤ ᠬᠠᠳᠠᠭᠤᠵᠢᠯᠲᠠᠢ | ᠲᠡᠮᠡᠴᠡᠯ ᠤᠨ ᠲᠡᠤᠭᠡᠨ ᠶᠠᠪᠤᠴᠠ ᠶᠢ ᠢᠯᠡᠷᠡᠭᠦᠯᠦᠭᠰᠡᠨ᠂ ᠠᠤᠭ᠎ᠠ ᠶᠡᠭᠡ ᠠᠮᠵᠢᠯᠲᠠ ᠪᠦᠲᠦᠭᠡᠯ ᠤᠯᠤᠭᠰᠠᠨ ᠬᠡᠷᠡᠯ | ᠵᠢᠷᠤᠭ ᠤᠨ ᠦᠵᠡᠭᠦᠯᠦᠯᠭᠡ᠂ ᠣᠷᠠᠨ ᠪᠢᠴᠢᠯᠭᠡ ᠤᠷᠠᠨ ᠵᠢᠷᠤᠭ ᠤᠨ ᠦᠵᠡᠬᠦᠯᠦᠯᠬᠡ᠂ ᠤᠳᠬ᠎ᠠ ᠵᠤᠬᠢᠶᠠᠯ ᠤᠨ | ᠦᠵᠡᠬᠦᠯᠦᠯᠬᠡ ᠶᠢ ᠡᠷᠬᠢᠯᠡᠵᠦ ᠤᠯᠠᠭᠠᠨᠮᠦ᠋ᠴᠢᠷ ᠤᠨ ᠠᠷᠠᠳ ᠤᠨ ᠲᠤᠮᠳᠠ ᠬᠦᠨᠵᠡᠭᠡᠶᠢᠷᠡᠬᠦ᠂ ︽ᠭᠤᠷᠪᠠ ᠶᠢ ᠬᠦᠳᠡᠭᠡ | ᠪᠠᠭᠤᠯᠭᠠᠬᠤ︾ ︽ᠲᠦᠷᠪᠡ ᠶᠢ ᠬᠦᠷᠬᠡᠵᠦ ᠲᠠᠪᠤ ᠳᠤ ᠭᠦᠨᠵᠡᠭᠡᠶᠢᠷᠡᠬᠦ︾ ᠵᠡᠷᠭᠡ ᠪᠠᠶᠠᠯᠢᠭ ᠰᠠᠶᠢᠬᠠᠨ ᠰᠤᠶᠤᠯ ᠲᠠᠮᠢᠷ | ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠦ ᠦᠷᠨᠢᠬᠦᠯᠤᠨ᠎ᠡ᠃ 1000 ᠲᠦᠮᠡᠨ ᠲᠦᠬᠦᠷᠢᠭ ᠤᠨ ᠪᠡᠯᠡ | ᠤᠷᠤᠭᠤᠯᠵᠦ ᠬᠤᠰᠢᠭᠤ ᠳᠡᠰ ᠤᠨ ᠬᠠᠮ ᠵᠠᠭᠤᠴᠢᠯᠠᠭᠤᠷ ᠤᠨ ᠲᠦᠪ ᠢ ᠪᠦᠲᠦᠭᠡᠨ ᠪᠠᠶᠢᠭᠤᠯᠤᠨ᠎ᠠ᠃ ᠮᠠᠯᠴᠢᠨ | ᠲᠠᠷᠢᠶᠠᠴᠢᠨ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠵᠦ ᠶᠠᠪᠠᠭᠠᠨ ᠠᠯᠬᠤᠬᠤ᠂ | ᠲᠤᠭᠤᠢ ᠤᠨᠤᠬᠤ᠂ ᠨᠡᠷᠡᠬᠦᠢ ᠨᠢᠳᠦᠷᠭ᠎ᠠ᠂ ᠠᠭᠤᠳᠠᠮ ᠲᠠᠯᠠᠪᠠᠢ ᠶᠢᠨ ᠪᠦᠵᠢᠭ ᠵᠡᠷᠭᠡ ᠪᠦᠬᠦ ᠠᠷᠠᠳ ᠢᠶᠠᠷ ᠢᠶᠠᠨ ᠪᠡᠶ᠎ᠡ | ᠪᠠᠨ ᠴᠢᠬᠢᠷᠠᠭᠵᠢᠭᠤᠯᠬᠤ ᠠᠵᠢᠯᠯᠠᠭᠠᠨ ᠢ ᠵᠤᠬᠢᠶᠠᠨ ᠪᠠᠶᠢᠭᠤᠯᠵᠦ ᠦᠷᠨᠢᠬᠦᠯᠦᠨ ᠡᠷᠡᠬᠦᠯ ᠡᠩᠬᠡ ᠠᠮᠢᠳᠣᠷᠠᠯ ᠤᠨ | ᠤᠶᠢᠯᠠᠭᠠᠭᠳᠠᠬᠤᠨ ᠢ ᠳᠡᠯᠭᠡᠷᠡᠭᠦᠯᠦᠨ᠎ᠡ᠃ | ︵ᠲᠤᠯᠤᠭ᠎ᠠ︶ ᠬᠢᠵᠠᠭᠠᠷ ᠱᠤᠭᠤᠮ ᠢ ᠰᠠᠬᠢᠵᠦ ᠠᠮᠤᠷ ᠲᠦᠪᠰᠢᠨ ᠢ ᠪᠠᠲᠤᠯᠠᠨ ᠲᠤᠭᠳᠠᠭᠤᠨ ᠢ ᠠᠬᠢᠭᠤᠯᠵᠦ | ᠪᠦᠬᠦ ᠬᠦᠴᠦᠨ ᠢᠶᠠᠷ ᠡᠶ᠎ᠡ ᠵᠤᠬᠢᠴᠠᠯᠲᠤ ᠠᠮᠤᠷ ᠲᠠᠶᠢᠪᠤᠩ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ ᠬᠦᠭᠵᠢᠯᠲᠡ | ᠶᠢᠨ ᠣᠷᠴᠢᠨ ᠲᠤᠭᠤᠷᠢᠨ ᠢ ᠪᠤᠢ ᠪᠤᠯᠭᠠᠨ᠎ᠠ᠃ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠲᠡ ᠶᠢᠨ | ᠤᠶᠢᠯᠠᠭᠠᠭᠳᠠᠬᠤᠨ ᠢ ᠪᠠᠷᠢᠮᠳᠠᠯᠠᠨ ᠠᠵᠤ ᠠᠬᠤᠢ ᠨᠡᠶᠢᠬᠡᠮ ᠤᠨ ᠬᠦᠷᠢᠶ᠎ᠠ ᠴᠠᠷᠠᠭᠠᠨ ᠤ ᠬᠦᠭᠵᠢᠯᠲᠡ ᠶᠢᠨ ᠲᠡᠩᠴᠡᠭᠦᠷᠢ | ᠦᠭᠡᠢ᠂ ᠭᠦᠢᠴᠡᠳ ᠪᠤᠰᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠶᠢᠳᠪᠤᠷᠢᠯᠡᠵᠦ ᠡᠯ᠎ᠡ ᠲᠦᠷᠦᠯ ᠤᠨ ᠬᠠᠤᠯᠢ | ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠲᠠ ᠦᠭᠴᠤ ᠴᠢᠨᠠᠷ ᠰᠠᠶᠢᠲᠠᠢ | ᠬᠦᠭᠵᠢᠯᠲᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠬᠦ ᠪᠠᠷ ᠬᠦᠴᠦᠯᠡᠨ ᠴᠢᠷᠮᠠᠶᠢᠨ᠎ᠠ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ ᠡᠯ᠎ᠡ ᠬᠦᠷᠢᠶ᠎ᠡ | ᠴᠠᠷᠠᠭᠠᠨ ᠤ ᠲᠤᠭ᠎ᠠ ᠪᠠᠷᠢᠮᠳᠠ ᠶᠢᠨ ᠡᠬᠢ ᠰᠤᠷᠪᠤᠯᠵᠢ ᠶᠢ ᠨᠡᠶᠢᠯᠡᠬᠦᠯᠵᠦ ᠰᠠᠯᠠᠭ᠎ᠠ ᠮᠦᠴᠢᠷ ᠠᠯᠤᠰᠯᠠᠭᠰᠠᠨ᠂ ᠠᠵᠢᠯ | ᠲᠦᠷᠦᠯ ᠠᠯᠤᠰᠯᠠᠭᠰᠠᠨ ᠡᠬᠢ ᠰᠤᠷᠪᠤᠯᠵᠢ ᠶᠢ ᠬᠠᠮᠲᠤ ᠡᠳ᠋ᠯᠡᠵᠦ ᠬᠠᠮᠲᠤ ᠬᠡᠷᠡᠭᠯᠡᠬᠦ ᠪᠠ ᠨᠢᠭᠡᠳᠦᠯᠲᠡᠢ ᠴᠢᠯᠦᠭᠡᠲᠡᠢ | ᠨᠡᠭᠡᠭᠡᠭᠦ ᠪᠠᠶᠢᠳᠠᠯ ᠢ ᠪᠦᠷᠢᠯᠳᠦᠬᠦᠯᠦᠨ᠎ᠡ᠃ ︽ᠨᠢᠭᠡ ᠰᠦᠯᠵᠢᠶᠡᠨ ᠳᠡᠭᠡᠷ᠎ᠡ᠂ ᠨᠢᠭᠡ ᠭᠠᠵᠠᠷ ᠲᠤ᠂ ᠨᠢᠭᠡ ᠯᠠ | ᠤᠳᠠᠭ᠎ᠠ ᠳᠡᠭᠡᠷ᠎ᠡ ᠭᠦᠢᠴᠡᠳᠬᠡᠬᠦ︾ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ ᠦᠢᠯᠡᠴᠢᠯᠡᠭᠡᠨ ᠤ ᠶᠠᠪᠤᠳᠠᠯ ᠤᠨ | ᠰᠦᠯᠵᠢᠶᠡᠨ ᠳᠡᠭᠡᠷ᠎ᠡ ᠰᠶᠢᠳᠪᠤᠷᠢᠯᠡᠬᠦ ᠨᠤᠷᠮ᠎ᠠ ᠶᠢ 70 % ᠠᠴᠠ ᠳᠡᠭᠡᠭᠰᠢ ᠪᠤᠯᠭᠠᠨ ᠦᠨᠳᠦᠷ ᠳᠠᠪᠳᠠᠮᠵᠢ ᠲᠠᠢ | 100 ᠤᠴᠢᠷ ᠶᠠᠪᠤᠳᠠᠯ ᠢ ︽ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠶᠢ ᠪᠡᠶᠡᠯᠡᠬᠦᠯᠦᠨ ᠤᠴᠢᠷ ᠶᠠᠪᠤᠳᠠᠯ ᠢ | ᠬᠦᠢᠴᠡᠳᠭᠡᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ ᠢ 60 % ᠠᠴᠠ ᠳᠡᠭᠡᠭᠰᠢ ᠪᠠᠭᠤᠷᠠᠭᠤᠯᠵᠦ ᠲᠤᠭᠳᠠᠭᠤᠨ᠂ | ᠡᠷᠭᠡ ᠳᠡᠭᠰᠢ᠂ ᠢᠯᠡ ᠲᠤᠳᠤ᠂ ᠲᠦᠰᠦᠭᠡᠯᠡᠵᠦ ᠪᠤᠯᠬᠤ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ | ᠪᠦᠷᠢᠯᠳᠦᠬᠦᠯᠦᠨ᠎ᠡ᠃ | ᠦᠷᠢ ᠰᠢᠷᠢ ᠶᠢ ᠢᠯᠭᠠᠷᠠᠭᠤᠯᠬᠤ ᠪᠠ ᠮᠦᠩᠬᠦᠨ ᠬᠦᠢᠯᠭᠡᠭᠡᠨ ᠤ ᠲᠦᠭᠰᠢᠬᠦᠷᠢ ᠶᠢ ᠢᠳᠡᠪᠬᠢᠲᠠᠢ | ᠰᠠᠨᠠᠭᠠᠴᠢᠯᠠᠭ᠎ᠠ ᠲᠠᠢ ᠪᠠᠷ ᠰᠡᠷᠬᠡᠶᠢᠯᠡᠨ᠎ᠡ᠃ ᠣᠷᠣᠯᠭ᠎ᠠ ᠪᠠᠨ ᠨᠡᠮᠡᠭᠳᠡᠬᠦᠯᠵᠦ ᠵᠠᠷᠣᠯᠭ᠎ᠠ ᠪᠠᠨ ᠠᠷᠪᠢᠯᠠᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠳᠠᠯᠠᠵᠦ ᠭᠠᠶᠢᠯᠢ ᠳᠠᠳᠠᠪᠤᠷᠢ ᠶᠢᠨ ᠬᠠᠮᠢᠶᠠᠷᠤᠯᠲᠠ ᠪᠠ ᠡᠳ᠋ ᠤᠨ ᠵᠠᠰᠠᠭ ᠤᠨ ᠲᠦᠰᠦᠪ ᠤᠨ | ᠬᠡᠷᠡᠭᠵᠢᠬᠦᠯᠦᠯᠲᠡ ᠶᠢ ᠴᠢᠩᠭᠠᠳᠬᠠᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠤ ᠶᠢ ᠢᠳᠡᠪᠬᠢᠲᠠᠢ ᠲᠡᠮᠡᠴᠡᠨ | ᠣᠯᠵᠦ ᠰᠤᠯᠠ ᠪᠠᠶᠢᠭ᠎ᠠ ᠡᠳ᠋ ᠬᠦᠷᠦᠩᠬᠡ ᠶᠢ ᠰᠶᠢᠳᠪᠤᠷᠢᠯᠡᠨ ᠡᠩ ᠤᠨ ᠴᠢᠨᠠᠷᠲᠠᠢ ᠵᠠᠷᠤᠯᠭ᠎ᠠ ᠶᠢ 10% ᠠᠴᠠ | ᠳᠡᠭᠡᠭᠰᠢ ᠪᠠᠭᠠᠰᠬᠠᠵᠦ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠨ ᠤ ᠦᠷᠢ ᠰᠢᠷᠢ ᠶᠢ | ᠢᠯᠭᠠᠷᠠᠭᠤᠯᠬᠤ ᠡᠬᠦᠷᠭᠡ ᠶᠢ ᠪᠡᠶᠡᠯᠡᠬᠦᠯᠦᠨ᠎ᠡ᠃ ᠣᠯᠣᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ | ᠶᠢ ᠬᠦᠨᠵᠡᠭᠡᠶᠢᠷᠡᠬᠦᠯᠵᠦ ᠣᠰᠣᠨ ᠤ ᠶᠠᠪᠤᠳᠠᠯ᠂ ᠵᠠᠮ ᠬᠠᠷᠢᠯᠴᠠᠭᠠᠨ ᠤ ᠪᠡᠯᠡ ᠤᠷᠤᠭᠤᠯᠤᠯᠲᠠ ᠵᠡᠷᠭᠡ 5 ᠶᠡᠭᠡ | ᠪᠦᠯᠦᠭᠯᠡᠯ ᠺᠤᠮᠫᠠᠨᠢ ᠶᠢ ᠪᠠᠶᠢᠭᠤᠯᠤᠨ ᠭᠤᠤᠯ ᠠᠵᠢᠯ ᠢ ᠲᠦᠪᠯᠡᠷᠡᠭᠦᠯᠵᠦ ᠪᠤᠳᠠᠳᠤ ᠴᠤᠭᠴᠠ ᠶᠢᠨ ᠡᠵᠡᠩᠨᠡᠵᠦ ᠪᠠᠶᠢᠭ᠎ᠠ | ᠬᠡᠪᠴᠢᠶ᠎ᠡ ᠪᠠᠨ ᠪᠤᠵᠠᠭᠠᠶᠢᠷᠠᠭᠤᠯᠤᠨ ᠣᠯᠣᠰ ᠤᠨ ᠦᠮᠴᠢᠯᠡᠯᠲᠤ ᠬᠦᠷᠦᠩᠬᠡ ᠶᠢᠨ ᠠᠰᠢᠭ ᠤᠷᠤᠯᠭ᠎ᠠ ᠶᠢ | ᠨᠡᠮᠡᠭᠳᠡᠭᠦᠯᠦᠨ᠎ᠡ᠃ ᠵᠠᠰᠠᠭ ᠤᠨ ᠤᠷᠳᠤᠨ ᠠᠴᠠ ᠬᠤᠳᠠᠯᠳᠤᠨ ᠠᠪᠤᠭᠰᠠᠨ ᠤᠯᠠᠨ ᠨᠡᠶᠢᠳᠡ ᠶᠢᠨ ᠦᠢᠯᠡᠴᠢᠯᠡᠭᠡ᠂ | ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠭᠡ ᠶᠢᠨ ᠬᠠᠮᠲᠤᠷᠠᠯᠴᠠᠭ᠎ᠠ ᠶᠢ ᠵᠢᠷᠤᠮᠵᠢᠭᠤᠯᠵᠦ ᠲᠤᠭᠲᠠᠭᠠᠯ ᠠᠴᠠ | ᠵᠦᠷᠢᠴᠡᠨ ᠦᠷᠢ ᠲᠠᠯᠪᠢᠬᠤ ︽ᠠᠷᠤ ᠡᠭᠦᠳᠡ︾ ᠶᠢ ᠡᠷᠡᠰ ᠬᠠᠭᠠᠨ᠎ᠠ᠃ ᠮᠦᠩᠬᠦᠨ ᠬᠦᠢᠯᠭᠡᠭᠡᠨ ᠤ ᠪᠠᠶᠢᠭᠤᠯᠣᠮᠵᠢ | ᠶᠢ ᠵᠤᠬᠢᠴᠠᠭᠤᠯᠵᠦ ᠰᠢᠯᠵᠢᠬᠦᠯᠦᠨ ᠵᠢᠭᠡᠯᠡᠬᠦᠯᠬᠦ᠂ ᠦᠷᠭᠦᠯᠵᠢᠯᠡᠨ ᠵᠢᠭᠡᠯᠡᠬᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ | ᠠᠷᠠᠳ ᠤᠨ ᠡᠵᠡᠩᠨᠡᠭᠰᠡᠨ ᠠᠵᠦ ᠠᠬᠤᠶᠢᠯᠠᠯ ᠤᠨ ᠵᠢᠭᠡᠯᠡᠯᠭᠡ ᠶᠢᠨ ᠳᠠᠷᠤᠯᠲᠠ ᠶᠢ ᠬᠦᠩᠬᠡᠷᠡᠬᠦᠯᠵᠦ ᠬᠠᠤᠯᠢ ᠪᠤᠰᠤ ᠪᠠᠷ | ᠤᠯᠠᠨ ᠲᠦᠮᠡᠨ ᠤ ᠬᠠᠳᠠᠭᠠᠯᠠᠮᠵᠢ ᠶᠢᠨ ᠮᠦᠩᠬᠦ ᠶᠢ ᠬᠤᠷᠠᠮᠳᠤᠭᠤᠯᠤᠨ ᠬᠡᠷᠡᠭ ᠲᠤ ᠬᠤᠯᠪᠤᠭᠳᠠᠭᠰᠠᠨ ᠬᠦᠷᠦᠩᠭᠡ ᠶᠢ | ᠲᠦᠷᠭᠡᠨ ᠰᠶᠢᠳᠪᠤᠷᠢᠯᠡᠨ᠎ᠡ᠃ | ᠣᠷᠴᠢᠨ ᠲᠤᠭᠤᠷᠢᠨ ᠢ ᠬᠠᠮᠠᠭᠠᠯᠠᠬᠤ ᠠᠵᠢᠯ ᠢ ᠦᠨᠳᠦᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ | ᠬᠦᠭᠡᠮᠲᠤᠭ᠌ ᠠᠭᠤᠯᠠ ᠴᠡᠩᠬᠡᠭ ᠣᠰᠣ ᠪᠤᠯ ᠳᠠᠷᠤᠢ ᠠᠯᠳᠠ ᠮᠦᠩᠬᠦᠨ ᠠᠭᠤᠯᠠ ᠮᠦᠨ ᠬᠡᠬᠦ | ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠵᠤ ᠠᠭᠠᠷ ᠳᠡᠭᠷᠢ ᠨᠢ ᠴᠡᠯᠮᠡᠭ᠂ ᠣᠰᠣ ᠮᠦᠷᠠᠨ ᠨᠢ ᠳᠣᠩᠭᠠᠯᠠᠭ᠂ | ᠲᠠᠯ᠎ᠠ ᠨᠤᠲᠤᠭ ᠨᠢ ᠠᠷᠢᠭᠤᠨ ᠢᠶᠠᠷ ᠢᠶᠠᠨ ᠪᠠᠶᠢᠬᠤ ᠬᠠᠮᠠᠭᠠᠯᠠᠯᠳᠠ ᠶᠢᠨ ᠳᠠᠶᠢᠯᠠᠯᠳᠣᠭᠠᠨ ᠢ ᠰᠠᠶᠢᠳᠣᠷ ᠬᠢᠵᠦ᠂ ᠤᠷᠤᠨ | ᠪᠦᠰᠡ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠨᠡᠶᠢᠳᠡᠮ ᠳᠡᠭᠡᠭᠰᠢᠯᠡᠬᠦᠯᠦᠨ᠎ᠡ᠃ | ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢ | ᠪᠡᠶᠡᠯᠡᠬᠦᠯᠦᠨ᠎ᠡ᠃ ᠣᠰᠣᠨ ᠰᠢᠰᠲ᠋ᠧᠮ ᠢ ᠨᠡᠪᠳᠡᠷᠡᠬᠦᠯᠬᠦ ᠵᠢᠴᠢ ᠠᠭᠤᠷᠬᠠᠢ ᠶᠢᠨ ᠬᠤᠳᠳᠤᠭ ᠤᠨ ᠤᠰᠤ ᠶᠢ | ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠬᠡᠷᠡᠭᠵᠢᠬᠦᠯᠵᠦ ᠪᠠᠶᠠᠠᠭᠤᠤᠯ ᠵᠡᠷᠭᠡ ᠠᠭᠤᠷᠬᠠᠢ ᠶᠢᠨ ᠬᠤᠳᠳᠤᠭ ᠤᠨ | ᠤᠰᠤ ᠶᠢ ᠨᠠᠷᠢᠯᠢᠭ ᠰᠶᠢᠳᠪᠤᠷᠢᠯᠡᠬᠦ 3 ᠦᠢᠯᠡᠳᠪᠤᠷᠢ ᠶᠢ ᠬᠡᠷᠡᠭᠯᠡᠯᠲᠡ ᠳᠤ ᠤᠷᠤᠭᠤᠯᠤᠨ ᠶᠢᠩ ᠫᠠᠨ ᠬᠤᠤ ᠠᠴᠠ | ᠨᠠᠷᠢᠠᠭᠤᠤᠯ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠬᠦᠷᠬᠦ ᠤᠰᠤ ᠬᠦᠷᠭᠡᠭᠦ ᠢᠨᠵᠧᠨᠧᠷᠢᠩ ᠢ | ᠡᠬᠢᠯᠡᠬᠦᠯᠦᠨ᠎ᠡ᠃ ᠵᠦᠩ ᠮᠸᠢ ᠪᠦᠯᠦᠭᠯᠡᠯ ᠤᠨ ᠮᠧᠩ ᠳ᠋ᠠ ᠺᠤᠮᠫᠠᠨᠢ ᠵᠡᠷᠭᠡ 4 ᠠᠵᠦ ᠠᠬᠤᠶᠢᠯᠠᠯ ᠤᠨ ᠦᠨᠳᠤᠷ | ᠳᠠᠪᠤᠰᠤᠲᠤ ᠤᠰᠤ ᠶᠢ ᠲᠠᠯᠠᠰᠵᠢᠭᠤᠯᠤᠨ ᠴᠡᠪᠡᠷᠰᠢᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠬᠤ ᠶᠢ ᠱᠠᠭᠠᠷᠳᠠᠵᠦ | ᠠᠵᠦ ᠠᠬᠤᠶᠢᠯᠠᠯ ᠤᠨ ᠭᠦᠬᠦᠷ ᠦᠭᠡᠶᠢᠵᠢᠭᠦᠯᠬᠦ ᠨᠢᠲᠷᠤ᠋ ᠦᠭᠡᠶᠢᠵᠢᠭᠦᠯᠬᠦ᠂ ᠤᠨᠴᠠ ᠳᠤᠤᠷ᠎ᠠ ᠭᠠᠳᠠᠭᠰᠢᠯᠠᠭᠤᠯᠤᠯᠲᠠ | ᠲᠠᠢ ᠪᠤᠯᠭᠠᠬᠤ ᠦᠭᠡᠷᠡᠴᠢᠯᠡᠯᠲᠡ ᠪᠠ ᠨᠡᠭᠦᠷᠡᠰᠤᠨ ᠴᠢᠯᠠᠭᠤ ᠶᠢ ᠠᠭᠤᠷᠬᠠᠢ ᠶᠢᠨ ᠨᠦᠬᠡᠨ ᠳᠤ ᠡᠬᠡᠭᠦᠯᠦᠨ ᠬᠢᠬᠦ ᠵᠢᠴᠢ | ᠶᠡᠷᠤᠩᠬᠡᠶᠢᠯᠡᠨ ᠠᠰᠢᠭᠯᠠᠬᠤ ᠶᠢ ᠠᠬᠢᠭᠤᠯᠤᠨ ᠵᠦᠩ ᠲᠢᠶᠠᠨ ᠾᠧ ᠴᠤᠸᠠᠩ ᠺᠤᠮᠫᠠᠨᠢ ᠶᠢᠨ ᠦᠢᠯᠡᠳᠪᠤᠷᠢ ᠶᠢᠨ | ᠭᠠᠳᠠᠨᠠᠬᠢ ᠰᠢᠭᠠᠷᠤ ᠰᠶᠢᠳᠪᠤᠷᠢᠯᠡᠬᠦ ᠲᠠᠯᠠᠪᠤᠷ ᠵᠡᠷᠭᠡ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠶᠢ | ᠪᠡᠶᠡᠯᠡᠬᠦᠯᠦᠨ᠎ᠡ᠃ ᠪᠤᠬᠢᠷᠳᠤᠯ ᠢ ᠭᠠᠳᠠᠭᠰᠢᠯᠠᠭᠤᠯᠬᠤ ᠠᠵᠤ ᠠᠬᠤᠶᠢᠯᠠᠯ ᠢ ᠰᠦᠯᠵᠢᠶᠠᠨ ᠳᠡᠭᠡᠷ᠎ᠡ ᠬᠢᠨᠠᠨ ᠡᠵᠡᠮᠰᠢᠬᠦ ᠶᠢ | ᠴᠢᠩᠭᠠᠳᠬᠠᠵᠤ ᠣᠷᠴᠢᠨ ᠲᠤᠭᠤᠷᠢᠨ ᠤ ᠬᠠᠤᠯᠢ ᠬᠡᠷᠡᠭᠵᠢᠬᠦᠯᠦᠯᠲᠡ ᠶᠢ ᠴᠢᠩᠭᠠᠳᠬᠠᠨ᠎ᠠ᠃ ᠨᠠᠭᠤᠷ ᠭᠤᠤᠯ ᠤᠨ | ᠬᠠᠮᠠᠭᠠᠯᠠᠯᠲᠠ᠂ ᠭᠤᠤᠯ ᠤᠨ ᠡᠷᠬᠢ ᠶᠢᠨ ᠱᠤᠭᠤᠮ ᠤᠨ ᠵᠠᠭᠠᠭ ᠢ ᠨᠤᠳᠠᠯᠠᠨ ᠲᠤᠭᠲᠠᠭᠠᠬᠤ ᠪᠠ ︽ᠲᠦᠷᠪᠡᠨ ᠬᠠᠮᠢᠶ᠎ᠠ | ᠨᠠᠮᠢᠶ᠎ᠠ ᠦᠭᠡᠢ ᠶᠢ ᠴᠡᠭᠴᠡᠯᠡᠬᠦ︾ ᠲᠤᠰᠬᠠᠢ ᠲᠦᠷᠦᠯ ᠤᠨ ᠵᠠᠰᠠᠨ ᠴᠡᠭᠴᠡᠯᠡᠯᠲᠡ ᠶᠢ ᠪᠦᠬᠦ ᠲᠠᠯ᠎ᠠ ᠪᠠᠷ ᠦᠷᠨᠢᠬᠦᠯᠵᠦ | ᠲᠤᠯᠢ ᠶᠢᠨ ᠣᠰᠣᠨ ᠰᠣᠷᠪᠤᠯᠵᠢ ᠶᠢᠨ ᠣᠷᠣᠨ ᠢ ᠢᠯᠭᠠᠨ ᠲᠤᠭᠲᠠᠭᠠᠵᠦ ᠭᠠᠵᠠᠷ ᠲᠤᠤᠷᠠᠬᠢ ᠤᠰᠤ ᠶᠢ ᠬᠡᠲᠤᠷᠡᠳᠡᠯᠡ | ᠬᠡᠷᠡᠭᠯᠡᠭᠰᠡᠨ ᠤᠷᠤᠨ ᠢ ᠶᠡᠷᠦᠩᠬᠡᠶᠢᠯᠡᠨ ᠵᠠᠰᠠᠨ᠎ᠡ᠃ | ᠠᠮᠤᠷ ᠲᠦᠪᠰᠢᠨ ᠤ ᠠᠵᠢᠯ ᠢ ᠤᠷᠲᠤ ᠬᠤᠭᠤᠴᠠᠭ᠎ᠠ ᠪᠠᠷ ᠪᠠᠲᠤ ᠠᠳᠬᠤᠨ᠎ᠠ᠃ ᠪᠠᠶᠢᠭᠤᠯᠤᠮᠵᠢ ᠶᠢᠨ | ᠦᠭᠡᠷᠡᠴᠢᠯᠡᠯᠲᠡ ᠪᠠᠷ ᠠᠮᠤᠷ ᠲᠦᠪᠰᠢᠨ ᠤ ᠬᠠᠤᠯᠢ ᠬᠡᠷᠡᠭᠵᠢᠬᠦᠯᠬᠦ ᠡᠬᠢ ᠪᠠᠶᠠᠯᠢᠭ ᠢ ᠲᠦᠪᠯᠡᠷᠡᠬᠦᠯᠵᠦ ᠪᠠᠶᠢᠭ᠎ᠠ | ᠳᠠᠪᠠᠭᠤᠯᠢᠭ ᠢ ᠪᠠᠳᠠᠷᠠᠭᠤᠯᠤᠨ ᠬᠠᠤᠯᠢ ᠪᠤᠰᠤ ᠪᠠ ᠬᠠᠤᠯᠢ ᠵᠦᠷᠢᠴᠡᠭᠰᠡᠨ ᠦᠢᠯᠡᠳᠪᠤᠷᠢᠯᠡᠯ ᠡᠵᠡᠩᠨᠡᠯᠲᠡ ᠶᠢᠨ ᠦᠢᠯᠡ | ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ ᠠᠶᠤᠯᠬᠦᠯ ᠦᠢᠯᠡᠳᠪᠤᠷᠢᠯᠡᠯ ᠤᠨ ᠳᠠᠯᠲᠠ ᠬᠡᠮ ᠢ ᠦᠷᠬᠦᠯᠵᠢ | ᠪᠠᠶᠢᠴᠠᠭᠠᠨ ᠴᠡᠭᠴᠡᠯᠡᠵᠦ ᠦᠷᠭᠦᠯᠵᠢ ᠦᠷᠨᠢᠬᠦᠯᠦᠨ ᠨᠡᠭᠦᠷᠡᠰᠦᠨ ᠠᠭᠤᠷᠬᠠᠢ ᠶᠢᠨ ᠭᠠᠵᠠᠷ ᠤᠨ ᠳᠠᠷᠤᠯᠲᠠ ᠶᠢ ᠲᠦᠷᠢᠬᠦ | ᠵᠡᠷᠭᠡ ᠰᠢᠨ᠎ᠡ ᠠᠰᠠᠭᠤᠳᠠᠯ ᠢ ᠰᠠᠶᠢᠲᠤᠷ ᠰᠤᠳᠤᠯᠵᠦ ᠬᠦᠳᠡᠭᠡ ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ | ᠢ ᠬᠠᠮᠠᠭᠠᠯᠠᠬᠤ ᠲᠦᠬᠦᠭᠡᠷᠤᠮᠵᠢ ᠶᠢ ᠲᠡᠭᠦᠯᠳᠡᠷᠵᠢᠬᠦᠯᠤᠨ ᠡᠯ᠎ᠡ ᠲᠦᠷᠦᠯ ᠤᠨ ᠠᠶᠤᠯᠬᠦᠢ ᠦᠢᠯᠡᠳᠪᠤᠷᠢᠯᠡᠯ ᠤᠨ ᠠᠳᠡᠯ | ᠭᠠᠷᠬᠤ ᠶᠢ ᠡᠷᠡᠰ ᠬᠤᠷᠢᠭᠯᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠭᠠᠰᠬᠠᠬᠤ ᠠᠪᠤᠷᠠᠬᠤ ᠰᠢᠰᠲ᠋ᠧᠮ᠂ | ᠪᠠᠶᠢᠩᠭᠤ ᠶᠢᠨ ᠪᠠᠴᠢᠮ ᠪᠠᠶᠢᠳᠠᠯ ᠢ ᠰᠶᠢᠳᠪᠤᠷᠢᠯᠡᠬᠦ ᠠᠪᠤᠷᠠᠨ ᠲᠤᠰᠠᠯᠠᠯᠲᠠ ᠶᠢᠨ ᠰᠤᠷᠢᠯᠲᠠ᠂ ᠡᠯ᠎ᠡ ᠲᠦᠷᠦᠯ ᠤᠨ | ᠭᠡᠨᠡᠳᠲᠡ ᠶᠢᠨ ᠬᠡᠷᠡᠭ ᠤᠨ ᠰᠶᠢᠳᠪᠤᠷᠢᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ︽ᠲᠦᠷᠪᠡᠨ ᠬᠠᠮᠤᠭ ᠤᠨ ᠴᠢᠩᠭ᠎ᠠ | ︾ ᠱᠠᠭᠠᠷᠳᠠᠯᠭ᠎ᠠ ᠶᠤᠰᠤᠭᠠᠷ ᠢᠳᠡᠭᠡᠨ ᠤᠮᠳᠠᠭᠠᠨ ᠢ ᠰᠤᠭᠤᠯᠤᠨ ᠪᠠᠶᠢᠴᠠᠭᠠᠬᠤ ᠨᠤᠷᠮ᠎ᠠ ᠶᠢ ᠳᠡᠭᠡᠭᠰᠢᠯᠡᠬᠦᠯᠵᠦ | ᠮᠠᠯᠵᠢᠬᠤ ᠲᠠᠷᠢᠶᠠᠯᠠᠬᠤ ᠤᠷᠤᠨ ᠤ ︽ᠲᠦᠷᠪᠡᠨ ᠰᠠᠶᠢᠨ︾ ᠵᠢᠱᠢᠶᠡᠴᠢ ᠳᠡᠯᠭᠡᠭᠦᠷ ᠤᠨ ᠡᠭᠦᠳᠦᠨ ᠪᠠᠶᠢᠭᠤᠯᠤᠯᠲᠠ ᠶᠢ | ᠴᠢᠩᠭᠠᠳᠬᠠᠨ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ | ᠠᠵᠢᠯ ᠢ ᠦᠷᠭᠦᠯᠵᠢᠯᠡᠨ ᠰᠠᠶᠢᠲᠤᠷ ᠠᠳᠬᠤᠵᠦ ᠮᠠᠯ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤᠮᠳᠠᠭᠠᠨ ᠤ | ᠠᠮᠤᠷ ᠲᠦᠪᠰᠢᠨ ᠢ ᠮᠦᠷᠳᠡᠨ ᠪᠠᠶᠢᠴᠠᠭᠠᠬᠤ ᠰᠢᠰᠲ᠋ᠧᠮ ᠢ ᠨᠡᠶᠢᠳᠡᠮᠵᠢᠬᠦᠯᠬᠦ ᠬᠡᠪᠴᠢᠶ᠎ᠡ ᠶᠢ ᠦᠷᠭᠡᠳᠭᠡᠨ ᠤᠯᠠᠨ | ᠲᠦᠮᠡᠨ ᠤ ᠢᠳᠡᠭᠡᠨ ᠤᠮᠳᠠᠭᠠᠨ᠂ ᠡᠮ ᠤᠨ ᠵᠦᠢᠯᠡᠰ ᠤᠨ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠨ᠎ᠠ᠃ | ᠨᠡᠶᠢᠬᠡᠮ ᠤᠨ ᠶᠡᠷᠤᠩᠬᠡᠶᠢᠯᠡᠭᠰᠡᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠰᠢᠶᠠᠨ ᠤ ᠳᠡᠰ | ᠤᠨ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠲᠦᠷᠢᠮ ᠢ ᠭᠡᠷᠡᠭᠵᠢᠬᠦᠯᠦᠨ ᠦᠯᠡᠳᠡᠭᠳᠡᠯ ᠵᠦᠷᠢᠴᠡᠯ ᠵᠢᠭᠤᠷᠠᠯᠳᠤᠭᠠᠨ | ᠢ ᠰᠶᠢᠳᠪᠤᠷᠢᠯᠡᠨ᠎ᠡ᠃ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠲᠤᠭᠠᠴᠠᠯᠲᠠ ᠶᠢ ᠬᠢᠨᠠᠨ ᠡᠵᠡᠮᠳᠡᠬᠦ | ᠪᠠ ᠪᠠᠲᠤᠯᠠᠬᠤ ᠲᠦᠷᠢᠮ ᠢ ᠲᠡᠬᠦᠯᠳᠡᠷᠵᠢᠬᠦᠯᠵᠦ ᠴᠠᠭ ᠲᠤᠬᠠᠢ ᠳᠤᠨᠢ ᠬᠤᠪᠢᠶᠠᠬᠤ ᠶᠢ ᠪᠠᠲᠤᠯᠠᠨ᠎ᠠ᠃ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠤᠨ ᠬᠤᠯᠪᠤᠭᠠᠲᠤ ᠬᠤᠷᠠᠯ᠂ ᠵᠡᠮᠳᠡᠭᠴᠤᠳ ᠤᠨ | ᠬᠤᠯᠪᠤᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠵᠤᠬᠢᠶᠠᠨ ᠪᠠᠶᠢᠭᠤᠯᠤᠯᠲᠠ ᠪᠠ ᠠᠵᠢᠯ ᠲᠦᠷᠦᠯ ᠤᠨ | ᠨᠡᠶᠢᠬᠡᠮᠯᠢᠭ ᠢ ᠳᠡᠮᠵᠢᠵᠦ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ ᠠᠵᠦ ᠠᠬᠤᠢ ᠨᠡᠶᠢᠬᠡᠮ ᠤᠨ | ᠬᠦᠭᠵᠢᠯᠲᠡ ᠳᠤ ᠨᠡᠩ ᠰᠠᠶᠢᠨ ᠦᠢᠯᠡᠴᠢᠯᠡᠨ᠎ᠡ᠃ ᠴᠡᠷᠢᠭ ᠠᠷᠠᠳ ᠤᠨ ᠠᠭᠤᠰᠤᠯᠴᠠᠯ ᠢ ᠴᠢᠩᠭᠠᠳᠬᠠᠵᠦ ︽ᠬᠤᠶᠠᠷ | ᠢ ᠬᠦᠷᠢᠶᠡᠯᠡᠬᠦ︾ ᠬᠠᠷᠠᠭᠠᠯᠵᠠᠨ ᠲᠦᠪᠬᠢᠨᠡᠬᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠨ᠎ᠡ᠃ ︽ | ᠣᠶᠣᠨᠴᠢᠯᠠᠭᠰᠠᠨ ᠲᠤᠳᠤᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠲᠦᠯᠬᠢᠨ ᠠᠬᠢᠭᠤᠯᠵᠦ ᠵᠡᠭᠡᠯᠢ ᠳᠡᠭᠡᠷ᠎ᠡ | ᠴᠠᠭᠳᠠᠬᠤ ᠨᠤᠷᠮ᠎ᠠ ᠶᠢ ᠳᠡᠭᠡᠭᠰᠢᠯᠡᠬᠦᠯᠦᠨ ᠰᠠᠭᠤᠭᠠᠯᠢ ᠠᠷᠠᠳ ᠤᠨ ᠲᠤᠭᠤᠷᠢᠭ ᠤᠨ ᠮᠡᠷᠭᠡᠵᠢᠯ ᠢᠶᠠᠷ ᠰᠡᠷᠬᠡᠶᠢᠯᠡᠬᠦ | ᠲᠦᠬᠦᠭᠡᠷᠦᠮᠵᠢ ᠶᠢ ᠵᠢᠯ ᠳᠠᠷᠠᠭᠠᠯᠠᠨ ᠳᠡᠭᠦᠯᠳᠡᠷᠵᠢᠬᠦᠯᠵᠦ ᠠᠷᠠᠳ ᠣᠯᠠᠨ ᠤ ᠠᠮᠤᠷ ᠲᠦᠪᠰᠢᠨ ᠤ ᠲᠦᠷᠦᠭᠳᠡᠯ ᠢ | ᠦᠷᠬᠦᠯᠵᠢᠯᠡᠨ ᠨᠡᠮᠡᠭᠳᠡᠭᠦᠯᠦᠨ᠎ᠡ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠬᠦᠯᠬᠦ | ᠤᠬᠠᠭᠤᠯᠭ᠎ᠠ ᠶᠢ ᠬᠦᠨᠵᠡᠬᠡᠢ ᠦᠷᠨᠢᠬᠦᠯᠦᠨ᠎ᠡ᠃ ᠣᠯᠠᠨ ᠲᠦᠮᠡᠨ ᠢ ᠳᠠᠶᠢᠴᠢᠯᠠᠨ ᠦᠷᠬᠡᠨ ᠢᠶᠠᠷ ᠣᠷᠣᠯᠴᠠᠭᠤᠯᠵᠦ ︽ | ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ︾ ︽ᠫᠤᠤ ᠵᠡᠪᠰᠡᠭ ᠢ ᠬᠤᠷᠢᠶᠠᠵᠦ ᠳᠡᠯᠪᠡᠷᠡᠯᠲᠡ ᠶᠢᠨ ᠡᠳ᠋ ᠢ | ᠴᠡᠭᠴᠡᠯᠡᠬᠦ︾ ᠲᠤᠰᠬᠠᠢ ᠲᠡᠮᠡᠴᠡᠯ ᠢ ᠰᠠᠶᠢᠲᠤᠷ ᠠᠬᠢᠭᠤᠯᠤᠨ ᠲᠤᠰᠬᠤᠨ ᠤ ᠡᠵᠡᠷᠭᠡᠭᠴᠢ ᠵᠠᠮ ᠤᠨ ᠡᠵᠡᠷᠭᠡᠭᠴᠢ ᠪᠠ | ᠱᠠᠯᠢᠭ ᠵᠠᠪᠬᠠᠢ ᠵᠤᠭᠤᠰ ᠮᠦᠷᠦᠶᠢᠴᠡᠬᠦ ᠬᠤᠤᠷ ᠫᠠᠨᠽᠠᠯᠠᠬᠤ᠂ ᠬᠦᠴᠦᠷᠬᠡᠭᠯᠡᠯ ᠢᠶᠠᠷ ᠦᠷᠢ ᠨᠡᠬᠡᠬᠦ᠂ ᠵᠠᠬᠢᠳᠠᠯ | ᠰᠤᠷᠪᠤᠯᠵᠢᠯᠠᠭ᠎ᠠ ᠬᠢᠵᠦ ᠶᠠᠷᠰᠢᠭᠯᠠᠵᠦ ᠦᠢᠮᠡᠭᠡᠬᠦ ᠵᠡᠷᠭᠡ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠠᠢ | ᠴᠤᠬᠢᠯᠳᠠ ᠦᠭᠴᠦ ᠠᠮᠵᠢᠭᠤᠯᠵᠦ ᠲᠠᠷᠢᠵᠦ ᠵᠠᠶᠢᠯᠠᠬᠤ᠂ ᠪᠠᠷᠢᠯᠭ᠎ᠠ ᠪᠠᠷᠢᠬᠤ ᠶᠢ ᠬᠤᠷᠢᠭᠯᠠᠬᠤ᠂ ᠠᠯᠪᠠᠲᠠᠵᠦ | ᠬᠤᠳᠠᠯᠳᠤᠭᠠᠯᠠᠬᠤ᠂ ᠠᠯᠪᠠᠳᠠᠯᠭ᠎ᠠ ᠪᠠᠷ ᠪᠠᠷᠢᠯᠭ᠎ᠠ ᠶᠢ ᠳᠠᠭᠠᠭᠠᠴᠢᠯᠠᠬᠤ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠶᠢ | ᠴᠡᠭᠴᠡᠯᠡᠨ ᠵᠠᠰᠠᠨ᠎ᠠ᠃ ᠦᠨᠳᠦᠰᠦᠳᠡᠨ ᠤ ᠪᠦᠯᠬᠦᠮᠳᠠᠯ ᠳᠠᠪᠰᠢᠯᠲᠡ ᠶᠢᠨ ︽ᠵᠢᠷᠭᠤᠭ᠎ᠠ ᠳᠤ ᠤᠷᠤᠭᠤᠯᠬᠤ +︾ | ᠠᠵᠢᠯᠯᠠᠭ᠎ᠠ ᠶᠢ ᠦᠷᠨᠢᠬᠦᠯᠵᠦ ᠲᠡᠷᠢᠬᠦᠨ ᠤ ᠵᠢᠱᠢᠶᠡᠴᠢ ᠶᠢ ᠰᠣᠩᠭᠤᠨ ᠬᠦᠮᠦᠵᠢᠬᠦᠯᠵᠦ᠂ ᠡᠭᠦᠳᠦᠨ ᠪᠠᠶᠢᠭᠤᠯᠤᠯᠲᠠ | ᠶᠢᠨ ᠦᠷ᠎ᠡ ᠪᠦᠲᠦᠭᠡᠯ ᠢ ᠪᠠᠬᠢᠵᠢᠬᠦᠯᠦᠨ ᠱᠠᠰᠢᠨ ᠰᠤᠷᠳᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ | ᠴᠢᠩᠭᠠᠳᠬᠠᠨ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠳᠤ ᠰᠡᠳᠬᠢᠯ | ᠨᠢᠭᠡᠳᠤᠭ᠍ᠰᠡᠨ᠂ ᠲᠠᠭᠠᠯᠠᠮᠵᠢᠲᠠᠢ᠂ ᠤᠪᠤᠷ ᠰᠤᠷᠳᠠᠯ ᠲᠦᠪ᠂ ᠡᠶ᠎ᠡ ᠨᠠᠶᠢᠷᠠᠮᠳᠠᠭᠤ ᠰᠠᠶᠢᠨ ᠰᠠᠶᠢᠬᠠᠨ ᠨᠡᠶᠢᠬᠡᠮ ᠤᠨ | ᠤᠷᠴᠢᠨ ᠢ ᠪᠦᠷᠢᠯᠳᠦᠬᠦᠯᠦᠨ᠎ᠡ᠃ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | | ᠪᠢᠳᠠ 2019 ᠤᠨ ᠢ ᠪᠠᠷᠠᠯᠠᠬᠤᠶ᠎ᠠ ᠤᠷᠬᠢᠯᠦᠮ᠎ᠠ ᠬᠠᠯᠠᠭᠤᠨ ᠵᠤᠷᠢᠭ ᠤᠪᠤᠯᠵᠠᠵᠦ᠂ ᠪᠦᠬᠦ ᠲᠠᠯ᠎ᠠ ᠪᠠᠷ | ᠴᠢᠨᠡᠭᠡᠯᠢᠭ ᠨᠡᠶᠢᠬᠡᠮ ᠢ ᠪᠡᠶᠡᠯᠡᠬᠦᠯᠬᠦ ᠰᠶᠢᠳᠪᠤᠷᠢᠲᠤ ᠢᠯᠠᠯᠲᠠ ᠶᠢ ᠣᠯᠬᠤ ᠲᠡᠤᠬᠡ ᠶᠢᠨ ᠵᠠᠩᠬᠢᠯᠠᠭ᠎ᠠ ᠶᠢᠨ ᠴᠠᠭ ᠲᠤ | ᠵᠤᠭᠰᠣᠵᠦ ᠪᠦᠬᠦ ᠬᠤᠰᠢᠭᠤᠨ ᠤ ᠦᠷᠭᠡᠨ ᠤᠯᠠᠨ ᠤᠳᠤᠷᠢᠳᠬᠤ ᠺᠠᠳ᠋ᠷ ᠪᠦᠬᠦᠳᠡᠭᠡᠷ ᠢᠶᠠᠨ ᠡᠷᠡᠮᠡᠭᠡᠶᠢᠯᠡᠨ | ᠤᠷᠤᠭᠰᠢᠯᠠᠬᠤ ᠡᠷᠴᠢ ᠵᠤᠷᠢᠭ᠂ ᠭᠠᠪᠰᠢᠭᠠᠶᠢᠯᠠᠨ ᠳᠠᠭᠠᠷᠢᠬᠤ ᠡᠷᠴᠢ ᠵᠤᠷᠢᠭ᠂ ᠬᠦᠴᠦᠯᠡᠨ ᠴᠢᠷᠮᠠᠶᠢᠬᠤ ᠡᠷᠴᠢ ᠵᠤᠷᠢᠭ | ᠂ ᠡᠷᠡᠰ ᠬᠠᠳᠠᠨ ᠡᠷᠴᠢ ᠵᠤᠷᠢᠭ ᠪᠠ ᠵᠤᠷᠢᠭᠲᠠᠢ ᠠᠵᠢᠯᠯᠠᠬᠤ ᠡᠷᠴᠢ ᠵᠤᠷᠢᠭ ᠲᠠᠢ ᠪᠠᠶᠢᠵᠦ ᠲᠤᠰᠤᠯ ᠢ | ᠬᠤᠷᠠᠮᠳᠤᠭᠤᠯᠤᠨ ᠳᠠᠯᠠᠢ ᠪᠤᠯᠭᠠᠵᠦ ᠦᠭᠡᠷᠡᠴᠢᠯᠡᠯᠲᠡ ᠬᠦᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠨ᠎ᠡ᠃ | ᠣᠯᠣᠰ ᠲᠦᠷᠦ ᠶᠢᠨ ᠡᠷᠡᠰ ᠪᠠᠲᠤ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ ᠬᠠᠷᠢᠭᠤᠴᠠᠯᠭᠠᠲᠤ | ᠵᠠᠰᠠᠭ ᠤᠨ ᠤᠷᠳᠤᠨ ᠢ ᠪᠦᠲᠦᠭᠡᠨ ᠪᠠᠶᠢᠭᠤᠯᠵᠦ ︽ᠤᠭ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ | ᠪᠠᠨ ᠪᠠᠲᠤ ᠴᠡᠭᠡᠵᠢᠯᠡᠬᠦ︾ ᠭᠤᠤᠯ ᠰᠡᠲᠤᠪᠲᠤ ᠬᠦᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠤᠨ ᠬᠤᠰᠢᠭᠤ ᠨᠠᠮ | ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠤᠰᠤᠭᠠᠷ ᠡᠷᠳᠡᠮ ᠴᠢᠳᠠᠪᠤᠷᠢ ᠪᠠᠨ ᠴᠢᠩᠭᠠᠳᠬᠠᠨ᠂ ᠬᠡᠪ ᠪᠤᠯᠪᠠᠰᠤᠷᠠᠯ ᠢᠶᠠᠨ | ᠳᠡᠭᠡᠭᠰᠢᠯᠡᠬᠦᠯᠵᠦ᠂ ᠰᠠᠭᠤᠷᠢ ᠪᠠᠨ ᠪᠠᠬᠢᠵᠢᠬᠦᠯᠬᠦ ᠰᠣᠷᠣᠯᠴᠠᠨ ᠰᠣᠳᠣᠯᠬᠤ ᠰᠢᠷᠢᠰ ᠠᠵᠢᠯᠯᠠᠭᠠᠨ ᠤ ᠦᠷ᠎ᠡ ᠪᠦᠲᠦᠬᠡᠯ ᠢ | ᠰᠠᠶᠢᠲᠤᠷ ᠬᠡᠷᠡᠭᠯᠡᠵᠦ ᠪᠦᠬᠦ ᠲᠠᠯ᠎ᠠ ᠪᠠᠷ᠂ ᠰᠢᠰᠲ᠋ᠧᠮ ᠲᠠᠢ᠂ ᠤᠷᠳᠤ ᠬᠤᠭᠤᠴᠠᠭ᠎ᠠ ᠪᠠᠷ᠂ ᠬᠦᠨᠵᠡᠭᠡᠢ ᠪᠠᠷ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ | ᠶᠢ ᠰᠤᠷᠤᠯᠴᠠᠵᠦ᠂ ᠤᠬᠠᠭᠤᠯᠵᠦ᠂ ᠲᠤᠭᠤᠰᠢᠯᠠᠭᠤᠯᠵᠦ ︽ᠲᠦᠷᠪᠡᠨ ᠤᠬᠠᠮᠰᠠᠷ︾ ᠢ ᠳᠠᠰᠤᠷᠠᠯᠲᠠ ᠦᠭᠡᠢ ᠪᠠᠲᠤ | ᠪᠠᠬᠢ ᠪᠤᠢ ᠪᠤᠯᠭᠠᠨ ︽ᠲᠦᠷᠪᠡᠨ ᠢᠳᠡᠭᠡᠯ︾ ᠢ ᠴᠢᠩᠭᠠᠳᠬᠠᠵᠤ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠬᠦᠯᠤᠨ ᠤᠳᠤᠷᠢᠳᠬᠤ ᠺᠠᠳ᠋ᠷ ᠤᠨ ᠤᠨᠤᠯ ᠢ ᠤᠬᠠᠵᠤ ᠮᠡᠳᠡᠬᠦ᠂ ᠦᠢᠯᠡᠳᠦᠯᠬᠡ ᠶᠢ ᠵᠢᠯᠤᠭᠤᠳᠬᠤ ᠴᠢᠳᠠᠪᠤᠷᠢ | ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠬᠦᠯᠵᠦ ᠨᠠᠮ ᠤᠨ ᠤᠳᠤᠷᠢᠳᠤᠯᠭ᠎ᠠ ᠶᠢ ᠵᠠᠰᠠᠭ ᠤᠨ ᠤᠷᠳᠤᠨ ᠤ ᠠᠵᠢᠯ | ᠤᠨ ᠡᠯ᠎ᠡ ᠬᠦᠷᠢᠶ᠎ᠠ ᠴᠠᠷᠠᠭ᠎ᠠ ᠪᠠ ᠪᠦᠬᠦᠶᠢᠯᠡ ᠶᠠᠪᠤᠴᠠ ᠳᠤ ᠲᠤᠭᠤᠰᠢᠯᠠᠭᠤᠯᠤᠨ ᠨᠠᠮ ᠤᠨ ᠲᠦᠪ ᠬᠤᠷᠢᠶᠠᠨ ᠤ | ᠦᠨᠳᠦᠰᠦᠨ ᠪᠤᠳᠤᠯᠭ᠎ᠠ ᠴᠢᠭᠯᠡᠯᠲᠡ ᠪᠠ ᠳᠡᠭᠡᠲᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠦᠷ᠎ᠡ ᠪᠦᠲᠦᠭᠡᠯ ᠭᠠᠷᠭᠠᠨ᠎ᠠ᠃ ᠨᠠᠮ | ᠤᠨ ᠪᠠᠶᠢᠭᠤᠯᠤᠯᠲᠠ ᠪᠠᠷ ᠤᠳᠤᠷᠢᠳᠬᠤ ᠶᠢ ᠪᠠᠷᠢᠮᠳᠠᠯᠠᠵᠦ ᠵᠠᠰᠠᠭ ᠤᠨ ᠤᠷᠳᠤᠨ ᠤ ᠨᠠᠮ ᠤᠨ ᠤᠳᠤᠷᠢᠳᠬᠤ | ᠲᠤᠭᠤᠶᠢᠯᠠᠩ ᠪᠠ ᠵᠠᠰᠠᠭ ᠤᠨ ᠣᠷᠳᠣᠨ ᠤ ᠰᠢᠰᠲ᠋ᠧᠮ ᠤᠨ ᠰᠠᠯᠠᠭ᠎ᠠ ᠮᠦᠴᠢᠷ ᠤᠨ ᠠᠵᠢᠯ ᠤᠨ ᠠᠷᠭ᠎ᠠ ᠬᠡᠯᠪᠡᠷᠢ ᠶᠢᠨ | ᠰᠢᠨ᠎ᠡ ᠶᠢ ᠡᠬᠦᠳᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ ᠲᠦᠷᠦ ᠪᠠᠷᠢᠬᠤ ᠬᠢᠷᠢ ᠲᠦᠪᠰᠢᠨ ᠢ | ᠬᠦᠴᠦᠯᠡᠨ ᠳᠡᠭᠡᠭᠰᠢᠯᠡᠬᠦᠯᠵᠦ ᠠᠵᠢᠯᠴᠢ ᠪᠦᠭᠡᠳ ᠦᠨᠳᠦᠷ ᠪᠦᠲᠦᠮᠵᠢᠲᠡᠢ᠂ ᠠᠷᠢᠭᠤᠨ ᠴᠢᠭᠡᠴᠢ ᠪᠦᠭᠡᠳ ᠦᠷ᠎ᠡ | ᠪᠦᠲᠦᠭᠡᠯ ᠲᠠᠢ ᠵᠠᠰᠠᠭ ᠤᠨ ᠤᠷᠳᠤᠨ ᠤ ᠲᠦᠷᠢ ᠲᠦᠷᠬᠦ ᠶᠢ ᠪᠦᠷᠢᠯᠳᠦᠬᠦᠯᠦᠨ᠎ᠡ᠃ | ᠵᠠᠰᠠᠭ ᠤᠨ ᠤᠷᠳᠤᠨ ᠤ ᠣᠯᠠᠨ ᠨᠡᠶᠢᠳᠡ ᠶᠢᠨ ᠢᠳᠡᠬᠡᠯ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ | ᠢᠳᠡᠭᠡᠮᠵᠢᠲᠡᠢ ᠵᠠᠰᠠᠭ ᠤᠨ ᠤᠷᠳᠤᠨ ᠢ ᠪᠦᠲᠦᠭᠡᠨ ᠪᠠᠶᠢᠭᠤᠯᠵᠦ ᠵᠠᠰᠠᠭ ᠤᠨ ᠤᠷᠳᠤᠨ ᠤ ᠢᠳᠡᠭᠡᠯ ᠢᠶᠠᠨ ᠰᠠᠬᠢᠵᠦ | ᠠᠮᠠᠯᠠᠯᠲᠠ ᠪᠠᠨ ᠦᠢᠯᠡᠳᠦᠯᠭᠡᠵᠢᠬᠦᠯᠬᠦ ᠲᠤᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠦᠨ | ᠲᠤᠭᠳᠠᠭᠠᠭᠰᠠᠨ ᠭᠡᠷ᠎ᠡ᠂ ᠬᠡᠯᠡᠯᠴᠡᠭᠡᠷ ᠢᠶᠠᠨ ᠬᠠᠤᠯᠢ ᠲᠦᠷᠢᠮ ᠶᠤᠰᠤᠭᠠᠷ ᠴᠢᠩᠭ᠎ᠠ ᠭᠦᠢᠴᠡᠳᠬᠡᠵᠦ ᠣᠨᠴᠠᠭᠠᠶᠢᠯᠠᠨ | ᠣᠳᠣᠬᠠᠨ ᠤ ᠪᠠᠴᠢᠮ ᠲᠤᠯᠭᠠᠮ᠎ᠠ ᠢᠯᠭᠠᠷᠠᠭᠤᠯᠬᠤ ᠴᠢᠬᠤᠯᠠᠲᠠᠢ ᠦᠷᠢ ᠰᠢᠷᠢ ᠪᠠ ᠠᠮᠠᠯᠠᠭᠰᠠᠨ ᠠᠷᠠᠳ ᠢ | ᠬᠠᠷᠠᠭᠠᠯᠵᠠᠬᠤ ᠪᠤᠳᠠᠳᠤ ᠠᠵᠢᠯ ᠢ ᠪᠦᠬᠦᠨ ᠢ ᠡᠴᠤᠰ ᠲᠤᠨᠢ ᠲᠤᠯᠳᠠᠯ᠎ᠠ ᠠᠳᠬᠤᠵᠦ ᠡᠷᠬᠡᠪᠰᠢ ᠪᠤᠳᠠᠳᠤ ᠪᠦᠲᠦᠮᠵᠢ | ᠤᠯᠤᠨ᠎ᠠ᠃ ᠬᠠᠤᠯᠢ ᠶᠤᠰᠤᠭᠠᠷ ᠰᠶᠢᠳᠪᠤᠷᠢᠲᠤ ᠪᠤᠳᠤᠯᠭ᠎ᠠ ᠲᠤᠭᠳᠠᠭᠠᠬᠤ ᠶᠢ ᠪᠠᠷᠢᠮᠳᠠᠯᠠᠨ ᠬᠠᠤᠯᠢ ᠪᠠᠷ ᠵᠠᠰᠠᠬᠤ | ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠠᠬᠢᠭᠤᠯᠤᠨ ᠴᠢᠬᠤᠯᠠ ᠶᠡᠭᠡ ᠵᠠᠰᠠᠭ | ᠵᠠᠬᠢᠷᠭᠠᠨ ᠤ ᠰᠶᠢᠳᠪᠤᠷᠢᠲᠤ ᠪᠤᠳᠤᠯᠭ᠎ᠠ ᠶᠢᠨ ᠬᠠᠤᠯᠢ ᠳᠤ ᠲᠤᠭᠳᠠᠭᠠᠭᠰᠠᠨ ᠳᠠᠷᠠᠭᠠᠯᠠᠯ ᠢ ᠴᠢᠩᠭ᠎ᠠ ᠬᠡᠷᠡᠭᠵᠢᠬᠦᠯᠤᠨ᠎ᠡ᠃ | ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ | ᠤᠳᠠᠭᠠᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠵᠡᠷᠭᠡ ᠰᠠᠭᠤᠷᠢ ᠴᠢᠨᠠᠷ ᠲᠠᠢ ᠠᠵᠢᠯ ᠢ ᠦᠨᠳᠦᠷ | ᠴᠢᠨᠠᠷ ᠴᠢᠨᠰᠠᠭ᠎ᠠ ᠲᠠᠢ ᠰᠠᠶᠢᠲᠤᠷ ᠬᠢᠵᠦ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭᠠᠨ ᠳᠤ ᠣᠶᠣᠨ ᠤ ᠬᠦᠮᠦᠷᠭᠡ᠂ | ᠵᠦᠪᠯᠡᠯᠭᠡ ᠦᠭᠬᠦ ᠺᠤᠮᠫᠠᠨᠢ ᠶᠢ ᠤᠷᠢᠵᠦ ᠵᠠᠰᠠᠭ ᠤᠨ ᠤᠷᠳᠤᠨ ᠤ ᠵᠦᠪ ᠤᠨᠤᠪᠴᠢᠲᠠᠢ ᠰᠶᠢᠳᠪᠤᠷᠢᠲᠤ ᠪᠤᠳᠤᠯᠭ᠎ᠠ | ᠲᠤᠭᠳᠠᠭᠠᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ᠃ ᠴᠢᠬᠤᠯᠠ ᠶᠡᠭᠡ ᠬᠡᠷᠡᠭ ᠶᠠᠪᠤᠳᠠᠯ ᠢ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠲᠦᠷᠢᠮ ᠢ | ᠴᠢᠩᠭ᠎ᠠ ᠬᠡᠷᠡᠭᠵᠢᠬᠦᠯᠵᠦ ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠠ ᠣᠯᠣᠰ ᠲᠦᠷᠦ ᠶᠢᠨ | ᠵᠦᠪᠯᠡᠯᠭᠡᠨ ᠤ ᠬᠡᠰᠢᠬᠦᠳ ᠤ ᠰᠠᠨᠠᠯ ᠳᠤᠷᠠᠳᠤᠯᠭ᠎ᠠ ᠶᠢ ᠬᠢᠨᠠᠮᠠᠭᠠᠢ ᠰᠶᠢᠳᠪᠤᠷᠢᠯᠡᠨ ᠰᠠᠨᠠᠭᠠᠴᠢᠯᠠᠭ᠎ᠠ ᠠᠴᠠ ᠪᠠᠨ ᠵᠠᠰᠠᠭ | ᠤᠨ ᠤᠷᠳᠤᠨ ᠤ ᠵᠦᠪᠳᠡᠯᠴᠡᠬᠦ ᠠᠵᠢᠯ ᠢ ᠦᠷᠨᠢᠬᠦᠯᠵᠦ ᠣᠯᠠᠨ ᠤ ᠤᠶᠤᠨ ᠤᠬᠠᠭᠠᠨ ᠢ ᠲᠦᠪᠯᠡᠷᠡᠭᠦᠯᠦᠨ ᠠᠵᠤ | ᠠᠬᠤᠢ ᠨᠡᠶᠢᠬᠡᠮ ᠤᠨ ᠬᠦᠭᠵᠢᠯᠲᠡ ᠶᠢ ᠬᠢᠵᠠᠭᠠᠷᠯᠠᠵᠦ ᠪᠠᠶᠢᠭ᠎ᠠ ︽ᠪᠤᠭᠤᠮᠢ︾ ᠶᠢ ᠰᠶᠢᠳᠪᠤᠷᠢᠯᠡᠨ᠎ᠡ᠃ ᠨᠡᠶᠢᠬᠡᠮ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠴᠤ ᠲᠤᠭᠳᠠᠮᠠᠯ ᠬᠤᠭᠤᠴᠠᠭ᠎ᠠ ᠲᠠᠢ | ᠪᠠᠷ ᠰᠤᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠤᠭᠤᠯᠵᠦ ᠴᠢᠮᠡᠭᠡ ᠵᠠᠩᠬᠢ ᠶᠢ ᠰᠠᠨᠠᠭᠠᠴᠢᠯᠠᠭ᠎ᠠ ᠲᠠᠢ ᠪᠠᠷ ᠢᠯᠡ | ᠪᠤᠯᠭᠠᠬᠤ ᠬᠦᠷᠢᠶ᠎ᠡ ᠬᠡᠪᠴᠢᠶ᠎ᠡ ᠶᠢ ᠦᠷᠭᠡᠳᠬᠡᠨ ᠠᠷᠠᠳ ᠣᠯᠠᠨ ᠤ ᠪᠠᠶᠢᠳᠠᠯ ᠢ ᠮᠡᠳᠡᠬᠦ ᠡᠷᠭᠡ᠂ ᠬᠢᠨᠠᠯᠲᠠ ᠲᠠᠯᠪᠢᠬᠤ | ᠡᠷᠬᠡ ᠶᠢ ᠪᠠᠲᠤᠯᠠᠨ ᠡᠷᠭᠡ ᠶᠢ ᠢᠯᠡ ᠪᠠᠷ ᠬᠡᠷᠡᠭᠵᠢᠬᠦᠯᠦᠨ᠎ᠡ᠃ | ᠰᠶᠢᠳᠪᠤᠷᠢᠲᠤ ᠪᠤᠳᠤᠯᠭ᠎ᠠ ᠭᠡᠷᠡᠭᠵᠢᠬᠦᠯᠬᠦ ᠬᠦᠴᠦᠨ ᠢ ᠦᠨᠡᠨ ᠬᠦ ᠳᠡᠭᠡᠭᠰᠢᠯᠡᠬᠦᠯᠬᠦ ᠬᠡᠷᠡᠭᠲᠡᠢ᠃ ᠪᠢᠳᠠ | ᠦᠨᠳᠦᠷ ᠪᠦᠲᠦᠮᠵᠢᠲᠤ ᠵᠠᠰᠠᠭ ᠤᠨ ᠤᠷᠳᠤᠨ ᠢ ᠪᠦᠲᠦᠭᠡᠨ ᠪᠠᠶᠢᠭᠤᠯᠵᠦ ᠲᠤᠭᠳᠠᠭᠰᠠᠨ ᠴᠠᠭ ᠶᠤᠰᠤᠭᠠᠷ ᠵᠠᠰᠠᠭ ᠤᠨ | ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠵᠦ ᠰᠢᠨᠵᠢᠯᠡᠬᠦ ᠤᠬᠠᠭᠠᠨᠴᠢ | ᠲᠦᠷᠢᠮᠵᠢᠯ ᠲᠠᠢ᠂ ᠦᠨᠳᠦᠷ ᠪᠦᠲᠦᠮᠵᠢᠲᠡᠢ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠪᠠᠶᠢᠭᠤᠯᠤᠨ᠎ᠠ | ᠃ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ᠂ ᠲᠦᠷᠦᠯ ᠵᠦᠢᠯ ᠤᠨ ᠪᠠᠷᠢᠯᠭ᠎ᠠ ᠡᠬᠢᠯᠡᠬᠦᠯᠵᠦ ᠪᠠᠷᠢᠯᠭ᠎ᠠ | ᠰᠡᠷᠭᠦᠭᠡᠬᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠪᠦᠬᠦ ᠤᠯᠤᠰ ᠤᠨ ᠬᠤᠰᠢᠭᠤ ᠰᠢᠶᠠᠨ ᠤ ᠳᠡᠰ | ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠰᠠᠭᠤᠷᠢ ᠢᠵᠢ ᠪᠦᠷᠢᠳᠦᠯ ᠪᠠ ᠠᠷᠠᠳ ᠤᠨ ᠠᠮᠢᠳᠤᠷᠠᠯ ᠤᠨ | ᠪᠤᠳᠠᠳᠤ ᠶᠠᠪᠤᠳᠠᠯ ᠵᠡᠷᠭᠡ ᠴᠢᠬᠤᠯᠠ ᠠᠵᠢᠯ ᠤᠨ ᠰᠢᠶᠠᠨ ᠤ ᠳᠡᠰ ᠤᠨ ᠤᠳᠤᠷᠢᠳᠤᠯᠭ᠎ᠠ᠂ ᠲᠦᠷᠦᠬᠦᠯᠡᠨ ᠬᠢᠬᠦ ᠨᠢᠭᠡᠴᠢ | ᠪᠠ ᠬᠠᠷᠢᠭᠤᠴᠠᠯᠭᠠᠲᠠᠨ ᠪᠦᠬᠦᠨ ᠢ ᠲᠤᠳᠤᠷᠬᠠᠶᠢᠯᠠᠵᠦ ᠴᠠᠭ ᠤᠨ ᠬᠦᠰᠦᠨᠦᠭᠲᠤ ᠶᠢ ᠭᠠᠷᠭᠠᠨ ᠵᠠᠮ ᠱᠤᠭᠤᠮ ᠤᠨ | ᠵᠢᠷᠤᠭ ᠢ ᠵᠢᠷᠦᠵᠦ ᠰᠠᠶᠢᠲᠤᠷ ᠲᠦᠯᠬᠢᠨ ᠠᠬᠢᠭᠤᠯᠵᠦ ᠬᠢᠨᠠᠨ ᠪᠠᠶᠢᠴᠠᠭᠠᠨ ᠨᠢᠭᠡ ᠨᠢᠭᠡ ᠲᠦᠷᠦᠯ ᠢᠶᠠᠷ | ᠨᠠᠶᠢᠳᠠᠪᠤᠷᠢᠵᠢᠭᠤᠯᠵᠦ ᠨᠢᠭᠡ ᠨᠢᠭᠡ ᠬᠡᠷᠡᠭ ᠢᠶᠠᠷ ᠰᠶᠢᠳᠪᠤᠷᠢᠯᠡᠨ ᠵᠢᠱᠢᠭᠰᠡᠨ ᠦᠷ᠎ᠡ ᠪᠦᠲᠦᠮᠵᠢ ᠶᠢ ᠤᠯᠬᠤ ᠶᠢ | ᠪᠠᠲᠤᠯᠠᠨ᠎ᠠ᠃ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠦ ᠱᠠᠭᠠᠷᠳᠠᠨ ᠪᠠᠶᠢᠴᠠᠭᠠᠵᠦ ᠬᠠᠷᠢᠭᠤᠴᠠᠯᠭ᠎ᠠ | ᠨᠡᠭᠡᠮᠵᠢᠯᠡᠬᠦ᠂ ᠬᠢᠨᠠᠨ ᠰᠢᠯᠭᠠᠵᠦ ᠦᠷ᠎ᠡ ᠳ᠋ᠦᠩ ᠢ ᠨᠢ ᠠᠰᠠᠭᠤᠬᠤ ᠶᠢ ᠣᠯᠠᠮ ᠨᠢᠭᠡ ᠠᠯᠬᠤᠮ ᠴᠢᠩᠭᠠᠳᠬᠠᠨ ᠠᠵᠢᠯ ᠢ | ᠠᠷᠭᠠᠴᠠᠭᠠᠵᠦ ᠠᠯᠠᠩ ᠰᠠᠯᠠᠩ ᠬᠢᠬᠦ᠂ ᠠᠵᠢᠯᠯᠠᠬᠤ ᠳᠤ ᠪᠠᠨ ᠬᠠᠰᠢ ᠶᠠᠰᠢ ᠪᠠᠶᠢᠬᠤ ᠦᠢᠯᠡ ᠠᠵᠢᠯᠯᠠᠭ᠎ᠠ ᠳᠤ ᠴᠢᠩᠭ᠎ᠠ | ᠰᠶᠢᠳᠬᠡᠯ ᠦᠭᠴᠦ ᠵᠠᠯᠬᠠᠭᠤ ᠰᠤᠯᠠ ᠵᠠᠳᠠᠭᠠᠢ᠂ ᠬᠦᠯᠢᠶᠡᠬᠦ ᠲᠦᠰᠢᠭᠯᠡᠬᠦ ᠠᠪᠬᠤ ᠵᠡᠷᠭᠡ ᠨᠠᠵᠠᠭᠠᠢ ᠦᠵᠡᠯ ᠰᠠᠨᠠᠭ᠎ᠠ ᠶᠢ | ᠡᠷᠡᠰ ᠦᠭᠡᠶᠢᠰᠬᠡᠨ ᠵᠦᠷᠢᠴᠡᠯ ᠲᠠᠭᠠᠷᠠᠯᠳᠤᠪᠠᠯ ᠵᠠᠶᠢᠯᠠᠵᠦ ᠶᠠᠪᠤᠬᠤ᠂ ᠬᠦᠴᠢᠷ ᠲᠤᠯᠭᠠᠷᠠᠪᠠᠯ ᠲᠤᠯᠤᠭᠠᠢ ᠪᠦᠬᠦᠶᠢᠳᠡᠭ | ︽ᠲᠡᠮᠡᠭᠡᠨ ᠬᠢᠷᠭᠤᠤᠯ︾ ᠤᠨ ᠦᠵᠡᠯ ᠰᠠᠨᠠᠭ᠎ᠠ ᠶᠢ ᠣᠰᠠᠳᠬᠠᠨ᠎ᠠ᠃ ᠭᠠᠴᠠᠭ᠎ᠠ ᠲᠤᠰᠬᠤᠨ ᠳᠤ ᠰᠠᠭᠤᠵᠦ | ᠬᠠᠪᠰᠤᠷᠤᠨ ᠳᠡᠳᠬᠦᠬᠦ ᠠᠵᠢᠯ ᠤᠨ ᠲᠦᠷᠢᠮ ᠢ ᠰᠠᠶᠢᠲᠤᠷ ᠠᠰᠢᠭᠯᠠᠵᠦ ᠪᠠᠶᠢᠴᠠᠭᠠᠯᠲᠠ ᠰᠤᠳᠤᠯᠤᠯᠲᠠ ᠶᠢ ᠦᠷᠭᠡᠨ | ᠢᠶᠠᠷ ᠦᠷᠨᠢᠬᠦᠯᠦᠨ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤ᠂ ᠠᠵᠦ ᠠᠬᠤᠶᠢᠯᠠᠯ᠂ ᠮᠠᠯᠴᠢᠨ ᠲᠠᠷᠢᠶᠠᠴᠢᠨ ᠤ | ᠭᠡᠷ ᠲᠤ ᠬᠦᠷᠴᠤ ᠬᠡᠷᠡᠭᠴᠡᠭᠡ ᠱᠠᠭᠠᠷᠳᠠᠯᠭ᠎ᠠ ᠬᠦᠰᠡᠯ ᠨᠠᠶᠢᠳᠠᠯᠭ᠎ᠠ ᠪᠠ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠢᠯᠠᠭᠠᠵᠦ ᠲᠦᠷᠦ ᠶᠢᠨ ᠪᠤᠳᠤᠯᠭ᠎ᠠ ᠶᠢ ᠤᠨᠤᠪᠴᠢᠲᠠᠢ ᠲᠤᠭᠳᠠᠭᠠᠭᠰᠠᠨ | ᠦᠭᠡᠢ᠂ ᠨᠠᠶᠢᠳᠠᠪᠤᠷᠢᠵᠢᠭᠤᠯᠤᠯᠲᠠ ᠶᠢᠨ ᠬᠡᠯᠪᠡᠷᠢ ᠮᠠᠶ᠋ᠢᠭ ᠬᠤᠪᠢᠷᠠᠭᠰᠠᠨ᠂ ᠠᠵᠢᠯ ᠤᠨ ᠠᠬᠢᠭᠤᠯᠤᠯᠲᠠ ᠤᠳᠠᠭᠠᠨ | ᠵᠡᠷᠭᠡ ᠠᠰᠠᠭᠤᠳᠠᠯ ᠢ ᠪᠦᠲᠦᠮᠵᠢᠲᠡᠢ ᠰᠶᠢᠳᠪᠤᠷᠢᠯᠡᠨ᠎ᠡ᠃ | ᠰᠠᠬᠢᠯᠭ᠎ᠠ ᠪᠠᠲᠤ ᠶᠢᠨ ᠬᠢᠵᠠᠭᠠᠷᠯᠠᠬᠤ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ ᠠᠷᠢᠭᠤᠨ | ᠴᠢᠭᠡᠴᠢ ᠵᠠᠰᠠᠭ ᠤᠨ ᠤᠷᠳᠤᠨ ᠢ ᠪᠦᠲᠦᠭᠡᠨ ᠪᠠᠶᠢᠭᠤᠯᠵᠦ ︽ᠬᠦᠮᠦᠨ ᠪᠦᠬᠦᠨ ᠵᠤᠷᠢᠭ ᠰᠦᠯᠳᠡ ᠲᠠᠢ ᠪᠠᠶᠢᠬᠤ | ᠬᠡᠷᠡᠭᠲᠡᠢ︾ ᠬᠡᠬᠦ ᠦᠵᠡᠯ ᠰᠠᠨᠠᠭ᠎ᠠ ᠶᠢ ᠰᠠᠨᠠᠭᠠᠴᠢᠯᠠᠨ ᠠᠵᠢᠯ ᠬᠢᠵᠦ ᠦᠢᠯᠡᠰ ᠪᠤᠰᠬᠠᠬᠤ᠂ ᠬᠠᠷᠠᠮ ᠦᠭᠡᠢ | ᠵᠤᠷᠢᠭᠤᠯᠬᠤ ᠰᠠᠶᠢᠨ ᠰᠠᠶᠢᠬᠠᠨ ᠣᠶᠤᠨ ᠰᠠᠨᠠᠭᠠᠨ ᠤ ᠬᠡᠪ ᠪᠠᠶᠢᠳᠠᠯ ᠢ ᠪᠤᠢ ᠪᠤᠯᠭᠠᠵᠦ ᠠᠮᠢᠨᠴᠢᠷ ᠰᠠᠨᠠᠭ᠎ᠠ ᠬᠤᠪᠢᠨᠴᠢᠷ | ᠪᠤᠳᠤᠯ ᠪᠠ ︽ᠡᠳ᠋ ᠪᠤᠳᠠᠰ ᠢ ᠬᠡᠲᠤᠷᠬᠡᠢ ᠡᠷᠬᠢᠮᠯᠡᠬᠦ ᠦᠵᠡᠯ︾ ᠢ ᠡᠷᠡᠰ ᠲᠠᠶᠠᠭᠳᠠᠨ ᠢᠯᠵᠠᠷᠠᠯ ᠢ ᠡᠰᠡᠷᠭᠦᠴᠡᠨ | ᠬᠤᠪᠢᠰᠤᠯᠲᠠ ᠶᠢ ᠰᠡᠷᠬᠡᠶᠢᠯᠡᠬᠦ ᠦᠵᠡᠯ ᠤᠬᠠᠮᠰᠠᠷ ᠢ ᠪᠠᠳᠣᠳᠬᠠᠨ᠎ᠠ᠃ ᠵᠠᠰᠠᠭ ᠤᠨ ᠤᠷᠳᠤᠨ ᠤ ᠨᠠᠮ ᠤᠨ | ᠣᠳᠣᠷᠢᠳᠬᠤ ᠲᠤᠭᠤᠶᠢᠯᠠᠩ ᠤᠨ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ | ᠨᠠᠶᠢᠳᠠᠪᠤᠷᠢᠵᠢᠭᠤᠯᠵᠦ ᠵᠠᠰᠠᠭ ᠤᠨ ᠤᠷᠳᠤᠨ ᠤ ᠡᠯ᠎ᠡ ᠲᠦᠷᠦᠯ ᠤᠨ ᠠᠵᠢᠯ ᠤᠨ ᠲᠤᠭᠲᠠᠯᠴᠠᠭ᠎ᠠ ᠶᠢ | ᠲᠡᠭᠦᠯᠳᠡᠷᠵᠢᠬᠦᠯᠤᠨ ᠵᠠᠰᠠᠭ ᠶᠠᠪᠤᠭᠤᠯᠬᠤ ᠳᠤ ᠵᠢᠷᠤᠮᠯᠠᠬᠤ ᠲᠦᠷᠢᠮ ᠲᠤᠭᠲᠠᠭᠠᠯ ᠲᠠᠢ ᠪᠠᠶᠢᠵᠦ᠂ ᠲᠦᠷᠢᠮ ᠲᠤᠭᠳᠠᠭᠠᠯ | ᠪᠠᠶᠢᠪᠠᠯ ᠵᠠᠪᠠᠯ ᠵᠢᠷᠤᠮᠯᠠᠬᠤ ᠶᠢ ᠪᠠᠲᠤᠯᠠᠨ᠎ᠠ᠃ ᠲᠤᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠ ᠬᠢᠨᠠᠨ ᠪᠤᠳᠤᠬᠤ | ᠪᠠᠷ ᠳᠠᠮᠵᠢᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠡᠭᠡᠲᠤ ᠬᠡᠮᠵᠢᠶ᠎ᠡ ᠪᠠᠷ | ᠴᠢᠬᠤᠯᠠᠴᠢᠯᠠᠨ ᠦᠵᠡᠵᠦ ᠬᠠᠨᠳᠤᠯᠭᠠᠲᠤ ᠴᠢᠨᠠᠷ ᠲᠠᠢ ᠪᠠᠷ ᠴᠡᠭᠴᠡᠯᠡᠨ ᠰᠠᠶᠢᠵᠢᠷᠠᠭᠤᠯᠬᠤ ᠲᠦᠰᠦᠯ ᠢ ᠲᠤᠭᠳᠠᠭᠠᠨ | ᠵᠤᠷᠢᠭᠲᠠᠢ ᠪᠠᠷ ᠬᠦᠴᠢᠷ ᠪᠡᠷᠭᠡ ᠶᠢ ᠳᠠᠪᠠᠨ ᠴᠢᠨᠠᠷ ᠢ ᠪᠠᠲᠤᠯᠠᠵᠦ ᠴᠠᠭ ᠲᠤᠬᠠᠢ ᠳᠤᠨᠢ ᠡᠭᠦᠷᠭᠡ ᠪᠠᠨ ᠪᠡᠶᠡᠯᠡᠬᠦᠯᠤᠨ᠎ᠡ᠃ | ᠰᠢᠷᠭᠠᠭᠤ ᠬᠠᠳᠠᠭᠤᠵᠢᠯᠳᠠᠢ ᠳᠡᠮᠡᠴᠡᠨ ᠠᠵᠢᠯᠴᠢ ᠠᠷᠪᠢᠴᠢ ᠪᠠᠷ ᠠᠵᠣ ᠲᠦᠷᠦᠬᠦ ᠰᠠᠶᠢᠨ ᠰᠠᠶᠢᠬᠠᠨ ᠬᠡᠪ ᠰᠣᠷᠳᠠᠯ ᠢ | ᠶᠡᠬᠡᠪᠡᠷ ᠪᠠᠳᠠᠷᠠᠭᠤᠯᠵᠣ ᠪᠦᠬᠦ ᠬᠤᠰᠢᠭᠤᠨ ᠤ ᠡᠯ᠎ᠡ ᠱᠠᠳᠣᠨ ᠤ ᠠᠯᠪᠠᠨ ᠪᠠᠶᠢᠭᠤᠯᠭ᠎ᠠ ᠪᠠ ᠨᠠᠮ ᠤᠨ ᠬᠡᠰᠢᠬᠦᠨ | ᠺᠡᠳ᠋ᠷᠴᠣᠳ ᠳᠣᠯᠣᠭᠠᠶᠢᠯᠠᠨ ᠠᠵᠢᠯᠴᠢ ᠠᠷᠪᠢᠴᠢ ᠪᠠᠷ ᠠᠮᠢᠳᠣᠷᠠᠨ ᠡᠳᠦᠷ ᠳᠣᠳᠣᠮ ᠤᠨ ᠠᠯᠪᠡᠯᠠᠬᠤ ᠵᠠᠷᠣᠳᠠᠯ᠂ | ᠢᠨᠵᠧᠨᠧᠷᠢᠩ ᠤᠨ ᠲᠦᠷᠥᠯ ᠵᠣᠶᠢᠯ ᠤᠨ ᠪᠦᠳᠦᠬᠡᠨ ᠪᠠᠶᠢᠭᠤᠯᠣᠯᠳᠠ ᠪᠦᠬᠦᠨ ᠢ ᠨᠠᠷᠢᠯᠢᠭ ᠲᠥᠯᠥᠪᠯᠡᠵᠣ ᠨᠢᠮᠪᠠᠢ | ᠳᠣᠭᠠᠴᠠᠨ ᠦᠷᠳᠡᠭ ᠢ ᠠᠷᠪᠢᠯᠡᠨ ᠦᠷ᠎ᠡ ᠠᠰᠢᠭ ᠢᠶᠠᠨ ᠨᠡᠮᠡᠭᠳᠡᠬᠦᠯᠵᠣ ᠮᠦᠩᠬᠦ ᠪᠦᠬᠦᠨ ᠢ ᠴᠢᠬᠤᠯᠠᠳᠠᠢ ᠵᠣᠶᠢᠯ ᠳᠤ | ᠬᠡᠷᠡᠭᠯᠡᠵᠣ ᠠᠷᠠᠳ ᠢ ᠬᠠᠷᠠᠭᠠᠯᠵᠠᠬᠤ ᠪᠣᠳᠠᠳᠣ ᠶᠠᠪᠣᠳᠠᠯ ᠳᠡᠬᠡᠷ᠎ᠠ ᠵᠠᠷᠣᠴᠠᠭᠤᠯᠣᠨ ᠬᠤᠳᠠ ᠬᠦᠳᠡᠭᠡ ᠶᠢᠨ ᠰᠠᠭᠤᠭᠠᠯᠢ | ᠠᠷᠠᠳ ᠢ ᠰᠠᠶᠢᠨ ᠰᠠᠶᠢᠬᠠᠨ ᠠᠮᠢᠳᠣᠷᠠᠭᠤᠯᠬᠤ ᠪᠠᠷ ᠴᠢᠷᠮᠠᠶᠢᠨ᠎ᠠ᠃ ᠲᠦᠪ ᠤᠨ ᠨᠠᠢᠮᠠᠨ ᠲᠦᠷᠦᠯ ᠤᠨ ᠲᠤᠭᠳᠠᠭᠠᠯ ᠤᠨ | ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠦ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠨ ᠢᠳᠡᠭᠦ᠂ | ᠠᠪᠬᠤ᠂ ᠬᠤᠷᠢᠭᠯᠠᠬᠤ᠂ ᠨᠡᠬᠡᠵᠣ ᠠᠪᠬᠤ᠂ ᠳᠡᠯᠳᠠᠭᠤᠷ ᠣᠶᠢᠯᠡᠳᠬᠦ ᠵᠡᠷᠭᠡ ᠬᠠᠤᠯᠢ᠂ ᠰᠠᠬᠢᠯᠭ᠎ᠠ ᠪᠠᠲᠤ ᠶᠢ | ᠵᠦᠷᠢᠴᠡᠭᠰᠡᠨ ᠠᠰᠠᠭᠤᠳᠠᠯ ᠢ ᠡᠷᠡᠰ ᠪᠠᠶᠢᠴᠠᠭᠠᠨ ᠰᠶᠢᠳᠪᠤᠷᠢᠯᠡᠵᠦ ᠣᠯᠠᠨ ᠲᠦᠮᠡᠨ ᠤ ᠡᠷᠭᠡ ᠠᠰᠢᠭ ᠢ | ᠬᠤᠬᠢᠷᠠᠭᠤᠯᠤᠭᠰᠠᠨ ᠠᠵᠢᠯᠯᠠᠭ᠎ᠠ ᠶᠢ ᠵᠠᠰᠠᠨ ᠲᠦᠪ ᠭᠤᠤᠯᠴᠢ᠂ ᠠᠷᠢᠭᠤᠨ ᠴᠢᠭᠡᠴᠢ᠂ ᠠᠷᠠᠳ ᠲᠦᠮᠡᠨ ᠳᠤ | ᠦᠢᠯᠡᠴᠢᠯᠡᠬᠦ ᠶᠢ ᠠᠯᠪᠠᠨ ᠲᠤᠰᠢᠶᠠᠯᠲᠠᠨ ᠨᠢᠭᠡᠪᠤᠷᠢ ᠶᠢᠨ ᠪᠠᠶᠢᠪᠠᠰᠤ ᠵᠤᠬᠢᠬᠤ ᠤᠯᠤᠰ ᠲᠦᠷᠦ ᠶᠢᠨ ᠡᠭᠦᠷᠭᠡ | ᠬᠠᠷᠢᠭᠤᠴᠠᠯᠭ᠎ᠠ ᠪᠤᠯᠭᠠᠨ᠎ᠠ᠃ | ᠲᠦᠯᠦᠭᠡᠯᠡᠭᠴᠢᠳ ᠡ᠂ ᠰᠢᠨ᠎ᠡ ᠴᠠᠭ ᠦᠶ᠎ᠡ ᠳᠤ ᠰᠢᠨ᠎ᠡ ᠬᠦᠰᠡᠯ ᠡᠷᠡᠮᠡᠯᠵᠡᠯ ᠲᠠᠢ ᠪᠠᠶᠢᠵᠣ᠂ ᠰᠢᠨ᠎ᠡ ᠴᠠᠭ | ᠦᠶ᠎ᠡ ᠳᠤ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠳᠡᠢ᠃ ᠪᠢᠳᠠ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠ ᠪᠦᠯᠬᠦᠮᠳᠡᠵᠦ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠨ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ ᠪᠦᠯᠬᠦᠮᠳᠡᠨ | ᠲᠡᠮᠡᠴᠡᠵᠦ ᠠᠵᠠ ᠲᠤᠬᠢᠶᠠᠯ ᠢ ᠡᠵᠡᠮᠳᠡᠨ ᠡᠷᠡᠮᠡᠬᠡᠶᠢᠯᠡᠨ ᠤᠷᠤᠭᠰᠢᠯᠠᠵᠦ᠂ ᠵᠤᠷᠢᠭᠲᠠᠢ ᠢᠯᠠᠨ ᠳᠠᠪᠠᠵᠦ ᠴᠢᠨᠠᠷ ᠰᠠᠶᠢᠲᠠᠢ | ᠬᠦᠭᠵᠢᠯᠲᠡ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ ᠰᠢᠯᠢᠳᠡᠭ ᠬᠢᠷᠢ | ᠪᠦᠲᠦᠮᠵᠢ ᠪᠠᠷ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠡᠭᠡᠶᠡ︕ | | | | ᠨᠡᠷᠡᠰ ᠤᠨ ᠲᠠᠶᠢᠯᠪᠤᠷᠢ | ︽ᠲᠦᠷᠪᠡᠨ ᠬᠦᠢᠴᠡᠳᠭᠡᠬᠦ︾ ᠤᠴᠢᠷ ᠶᠠᠪᠤᠳᠠᠯ᠄ ︽ᠳᠠᠷᠤᠢ ᠳᠤ ᠨᠢ ᠬᠦᠢᠴᠡᠳᠭᠡᠬᠦ᠂ ᠰᠦᠯᠵᠢᠶᠡᠨ ᠳᠡᠭᠡᠷ᠎ᠡ | ᠭᠦᠢᠴᠡᠳᠬᠡᠬᠦ᠂ ᠤᠶᠢᠷ᠎ᠠ ᠬᠠᠪᠢ ᠳᠤᠨᠢ ᠬᠦᠢᠴᠡᠳᠬᠡᠬᠦ᠂ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠬᠢᠨᠠᠨ | ᠵᠦᠪᠰᠢᠶᠡᠷᠡᠬᠦ ᠦᠢᠯᠡᠴᠢᠯᠡᠭᠡᠨ ᠤ ᠤᠴᠢᠷ ᠶᠠᠪᠤᠳᠠᠯ ᠢ ᠵᠢᠭᠠᠨ᠎ᠠ᠃ | ︽ᠨᠢᠭᠡ ᠰᠦᠯᠵᠢᠶᠡᠨ ᠳᠡᠭᠡᠷ᠎ᠡ᠂ ᠨᠢᠭᠡ ᠭᠠᠵᠠᠷ ᠲᠤ᠂ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ | ᠥᠭᠡᠷᠡᠴᠢᠯᠡᠯᠲᠡ᠄ ᠠᠵᠦ ᠠᠬᠤᠶᠢᠯᠠᠯ ᠪᠠ ᠣᠯᠠᠨ ᠲᠦᠮᠡᠨ ᠤᠴᠢᠷ ᠶᠠᠪᠤᠳᠠᠯ ᠢᠶᠠᠨ ᠬᠦᠢᠴᠡᠳᠬᠡᠬᠦ ᠳᠤ ᠪᠠᠨ | ᠰᠦᠯᠵᠢᠶᠡᠨ ᠳᠡᠭᠡᠷ᠎ᠡ ︽ᠨᠢᠭᠡ ᠯᠠ ᠰᠦᠯᠵᠢᠶᠠᠨ ᠳᠡᠭᠡᠷ᠎ᠡ ᠨᠡᠶᠢᠳᠡᠮ ᠬᠦᠢᠴᠡᠳᠬᠡᠬᠦ︾᠂ ᠦᠢᠯᠡᠴᠢᠯᠡᠭᠡᠨ ᠤ | ᠴᠤᠩᠬᠤᠪᠴᠢ ᠳᠡᠭᠡᠷ᠎ᠡ ︽ᠨᠢᠭᠡ ᠯᠠ ᠭᠠᠵᠠᠷ ᠲᠤ ᠣᠴᠢᠬᠤ︾᠂ ᠲᠤᠬᠠᠢ ᠶᠢᠨ ᠲᠠᠯᠠᠪᠠᠢ ᠳᠤ ︽ᠬᠠᠮᠤᠭ ᠤᠯᠠᠨ ᠳᠤ | ᠪᠠᠨ ᠨᠢᠭᠡ ᠯᠠ ᠤᠳᠠᠭ᠎ᠠ ᠣᠴᠢᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠭᠡᠷᠡᠴᠢᠯᠡᠯᠲᠡ ᠶᠢ ᠵᠢᠭᠠᠨ᠎ᠠ᠃ | ᠣᠯᠠᠨ ᠦᠨᠡᠮᠯᠡᠯ ᠢ ᠨᠢᠭᠡᠳᠭᠡᠬᠦ᠄ ᠨᠢᠭᠡᠨᠲᠡ ᠬᠡᠷᠡᠭᠵᠢᠬᠦᠯᠦᠭᠰᠡᠨ ᠡᠵᠡᠩᠨᠡᠯᠲᠡ ᠶᠢᠨ ᠦᠨᠡᠮᠯᠡᠯ᠂ ᠵᠤᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠨ ᠤ ᠺᠤᠳ᠋ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ | ᠲᠠᠩᠰᠠᠯᠠᠯᠲᠠ ᠶᠢᠨ ᠦᠨᠡᠮᠯᠡᠯ᠂ ᠨᠡᠶᠢᠬᠡᠮ ᠤᠨ ᠳᠠᠭᠠᠳᠬᠠᠯ ᠤᠨ ᠳᠠᠩᠰᠠᠯᠠᠯᠲᠠ ᠶᠢᠨ ᠦᠨᠡᠮᠯᠡᠯ᠂ ᠲᠤᠭ᠎ᠠ ᠪᠦᠷᠢᠳᠬᠡᠯ | ᠤᠨ ᠦᠨᠡᠮᠯᠡᠯ ︽ᠲᠠᠪᠤᠨ ᠦᠨᠡᠮᠯᠡᠯ ᠢ ᠨᠢᠭᠡᠳᠭᠡᠨ ᠨᠢᠭᠡ ᠪᠤᠯᠭᠠᠬᠤ︾ ᠰᠠᠭᠤᠷᠢᠨ ᠳᠡᠭᠡᠷ᠎ᠡ ᠭᠤᠶᠤᠴᠢᠯᠠᠭᠴᠢ ᠳᠤ | ᠨᠢᠭᠡᠳᠦᠯᠳᠡᠢ ᠨᠡᠶᠢᠬᠡᠮ ᠤᠨ ᠢᠳᠡᠭᠡᠮᠵᠢ ᠶᠢᠨ ᠲᠦᠯᠦᠭᠡᠨ ᠺᠤᠳ᠋ ᠪᠠ ᠢᠳᠡᠭᠡᠨ ᠣᠮᠳᠠᠭᠠᠨ ᠤ ᠵᠦᠢᠯ ᠤᠨ ᠡᠵᠡᠩᠨᠡᠯᠲᠡ | ᠶᠢᠨ ᠵᠦᠪᠰᠢᠶᠡᠷᠡᠯ ᠤᠨ ᠦᠨᠡᠮᠯᠡᠯ ᠤᠨ ᠨᠤᠮᠧᠷ ᠵᠡᠷᠭᠡ ᠨᠢᠭᠡ ᠦᠨᠡᠮᠯᠡᠯ ᠳᠤ ᠬᠤᠶᠠᠷ ᠨᠤᠮᠧᠷ ᠪᠤᠶᠤ ᠣᠯᠠᠨ ᠨᠤᠮᠧᠷ | ᠲᠠᠢ ︽ᠣᠯᠠᠨ ᠦᠨᠡᠮᠯᠡᠯ ᠢ ᠨᠢᠭᠡᠳᠭᠡᠭᠰᠡᠨ︾ ᠡᠵᠡᠩᠨᠡᠯᠲᠡ ᠶᠢᠨ ᠦᠨᠡᠮᠯᠡᠯ ᠢ ᠲᠠᠷᠬᠠᠭᠠᠬᠤ ᠨᠢᠭᠡᠳᠦᠯᠲᠡᠢ ᠬᠤᠯᠪᠤᠭᠠᠯᠠᠨ | ᠳᠠᠩᠰᠠᠯᠠᠬᠤ ᠠᠷᠭ᠎ᠠ ᠪᠠᠷᠢᠯ ᠢ ᠵᠢᠭᠠᠨ᠎ᠠ᠃ | ᠬᠡᠷᠡᠴᠢ ᠦᠨᠡᠮᠯᠡᠯ ᠢ ᠰᠠᠯᠭᠠᠬᠤ᠄ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠤᠨ ᠲᠠᠷᠬᠠᠭᠠᠭᠰᠠᠨ | ᠡᠵᠡᠩᠨᠡᠯᠲᠡ ᠶᠢᠨ ᠦᠨᠡᠮᠯᠡᠯ ᠪᠠ ᠡᠯ᠎ᠡ ᠬᠠᠮᠢᠶ᠎ᠠ ᠪᠦᠬᠦᠢ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠲᠠᠷᠬᠠᠭᠠᠭᠰᠠᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ ᠬᠢᠨᠠᠨ ᠵᠦᠪᠰᠢᠶᠡᠷᠡᠬᠦ | ᠦᠬᠡᠷᠡᠴᠢᠯᠡᠯᠲᠡ ᠶᠢ ᠵᠢᠭᠠᠨ᠎ᠠ᠃ ᠦᠭᠡᠷᠡᠴᠢᠯᠡᠭᠰᠡᠨ ᠤ ᠳᠠᠷᠠᠭ᠎ᠠ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ | ᠲᠤ ᠬᠦᠷᠴᠤ ᠡᠵᠡᠩᠨᠡᠯᠲᠡ ᠶᠢᠨ ᠦᠨᠡᠮᠯᠡᠯ ᠢᠶᠠᠨ ᠠᠪᠤᠭᠰᠠᠨ ᠤ ᠳᠠᠷᠠᠭ᠎ᠠ ᠡᠩ ᠤᠨ ᠴᠢᠨᠠᠷᠲᠠᠢ ᠦᠢᠯᠡᠳᠪᠤᠷᠢᠯᠡᠯ | ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠤᠯᠤᠨ᠎ᠠ᠃ ᠬᠡᠷᠪᠡ ᠵᠦᠪᠰᠢᠶᠡᠷᠡᠬᠦᠯᠬᠦ ᠴᠢᠬᠤᠯᠠᠲᠠᠢ ᠦᠢᠯᠡᠳᠪᠤᠷᠢᠯᠡᠯ | ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠬᠦ ᠳᠤ ᠲᠠᠬᠢᠨ ᠬᠤᠯᠪᠤᠭᠳᠠᠯ ᠪᠦᠬᠦᠢ ᠬᠢᠨᠠᠨ ᠵᠦᠪᠰᠢᠶᠡᠷᠡᠬᠦᠯᠬᠦ ᠰᠠᠯᠠᠭ᠎ᠠ | ᠮᠦᠴᠢᠷ ᠲᠤ ᠬᠦᠷᠴᠤ ᠵᠦᠪᠰᠢᠶᠡᠷᠡᠬᠦᠯᠬᠦ ᠭᠠᠷᠳᠠᠮ ᠢ ᠬᠦᠢᠴᠡᠳᠬᠡᠨ᠎ᠡ᠃ | ᠠᠵᠦ ᠠᠬᠤᠶᠢᠯᠠᠯ ᠢ ᠡᠬᠦᠯᠡᠨ ᠳᠠᠪᠴᠠᠩ ᠳᠤ ᠭᠠᠷᠭᠠᠬᠤ᠄ ᠠᠵᠦ ᠠᠬᠤᠶᠢᠯᠠᠯ ᠨᠢ ᠰᠦᠯᠵᠢᠶ᠎ᠡ ᠪᠠᠷ ᠳᠠᠮᠵᠢᠨ | ᠠᠵᠤ ᠠᠬᠤᠶᠢᠯᠠᠯ ᠤᠨ ᠰᠠᠭᠤᠷᠢ ᠰᠢᠰᠲ᠋ᠧᠮ᠂ ᠬᠠᠮᠢᠶᠠᠷᠤᠯᠲᠠ ᠵᠢᠴᠢ ᠲᠤᠬᠠᠶᠢᠯᠠᠭᠰᠠᠨ ᠠᠵᠢᠯ ᠢᠶᠠᠨ ᠡᠭᠦᠯᠡᠨ ᠳᠠᠪᠴᠡᠩ | ᠳᠤ ᠪᠠᠶᠢᠷᠢᠯᠠᠭᠤᠯᠤᠨ ᠰᠦᠯᠵᠢᠶ᠎ᠡ ᠶᠢ ᠠᠰᠢᠭᠯᠠᠵᠦ ᠦᠢᠯᠡᠴᠢᠯᠡᠬᠡᠨ ᠤ ᠬᠤᠳᠠᠯᠳᠤᠭᠠᠴᠢᠨ ᠤ ᠬᠠᠩᠭᠠᠭᠰᠠᠨ | ᠦᠢᠯᠡᠴᠢᠯᠡᠭᠡ ᠶᠢ ᠲᠦᠬᠦᠮ ᠲᠦᠳᠡ ᠪᠠᠷ ᠣᠯᠵᠦ ᠡᠭᠦᠨ ᠢᠶᠠᠷ ᠳᠠᠮᠵᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢᠨ | ᠪᠦᠲᠦᠮᠵᠢ ᠶᠢ ᠳᠡᠭᠡᠭᠰᠢᠯᠡᠬᠦᠯᠦᠨ ᠠᠵᠦ ᠠᠬᠤᠢ ᠶᠢᠨ ᠬᠦᠭᠵᠢᠯᠲᠡ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ ᠰᠢᠨ᠎ᠡ | ᠬᠠᠭᠤᠴᠢᠨ ᠬᠦᠳᠡᠯᠬᠡᠬᠦ ᠬᠦᠴᠦᠨ ᠤ ᠰᠤᠯᠢᠭᠳᠠᠯ ᠢ ᠲᠦᠷᠭᠡᠳᠬᠡᠬᠦ ᠶᠢ ᠵᠢᠭᠠᠨ᠎ᠠ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ︽1 + 5︾ | ᠬᠡᠷᠡᠭᠵᠢᠬᠦᠯᠬᠦ ᠲᠦᠰᠦᠯ ᠄ 1 ᠨᠢ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠡᠷᠦᠩᠬᠡᠢ ᠬᠡᠷᠡᠭᠵᠢᠬᠦᠯᠬᠦ | ᠲᠦᠰᠦᠯ᠃ 5 ᠨᠢ ᠪᠤᠯ ᠳᠠᠷᠤᠢ ᠠᠵᠦ ᠦᠢᠯᠡᠰ ᠢ ᠬᠦᠭᠵᠢᠬᠦᠯᠦᠨ ᠮᠠᠨᠳᠤᠭᠤᠯᠬᠤ᠂ ᠠᠮᠢ ᠠᠬᠤᠢ ᠶᠢ ᠬᠦᠭᠵᠢᠬᠦᠯᠦᠨ | ᠮᠠᠨᠳᠤᠭᠤᠯᠬᠤ᠂ ᠰᠤᠶᠤᠯ ᠢ ᠬᠦᠭᠵᠢᠬᠦᠯᠦᠨ ᠮᠠᠨᠳᠤᠭᠤᠯᠬᠤ᠂ ᠵᠤᠬᠢᠶᠠᠨ ᠪᠠᠶᠢᠭᠤᠯᠤᠯᠲᠠ ᠶᠢ ᠬᠦᠭᠵᠢᠬᠦᠯᠦᠨ | ᠮᠠᠨᠳᠤᠭᠤᠯᠬᠤ ᠪᠠ ᠴᠢᠳᠠᠪᠤᠷᠢᠲᠠᠨ ᠢ ᠬᠦᠭᠵᠢᠬᠦᠯᠦᠨ ᠮᠠᠨᠳᠤᠭᠤᠯᠬᠤ ᠶᠢ ᠬᠡᠷᠡᠭᠵᠢᠬᠦᠯᠬᠦ ᠲᠦᠰᠦᠯ ᠢ ᠵᠢᠭᠠᠨ᠎ᠠ᠃ | ᠠᠵᠦ ᠠᠬᠤᠶᠢᠯᠠᠯ ᠤᠨ ᠬᠤᠯᠪᠤᠭᠠᠲᠤ ᠴᠤᠭᠴᠠ᠄ ᠮᠠᠯ ᠲᠠᠷᠢᠶᠠᠯᠠᠩ ᠤᠨ ᠠᠵᠦ ᠠᠬᠤᠶᠢᠯᠠᠯ ᠢᠶᠠᠷ | ᠲᠤᠯᠤᠭᠠᠶᠢᠯᠠᠭᠴᠢ ᠪᠤᠯᠭᠠᠭᠰᠠᠨ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢᠶᠠᠷ ᠬᠤᠯᠪᠤᠭᠠᠰᠤ ᠪᠤᠯᠭᠠᠭᠰᠠᠨ | ᠬᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ ᠪᠠᠷ ᠰᠠᠭᠤᠷᠢ ᠪᠤᠯᠭᠠᠭᠰᠠᠨ ᠨᠢᠭᠡ ᠴᠤᠭᠴᠠᠵᠢᠭᠤᠯᠤᠭᠰᠠᠨ ᠰᠢᠨ᠎ᠡ | ᠬᠡᠯᠪᠡᠷᠢ ᠶᠢᠨ ᠤᠳᠤᠬᠢᠴᠢᠯᠠᠭᠰᠠᠨ ᠮᠠᠯ ᠲᠠᠷᠢᠶᠠᠯᠠᠩ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠵᠤᠬᠢᠶᠠᠨ | ᠪᠠᠶᠢᠭᠤᠯᠤᠯᠲᠠ ᠪᠤᠯᠤᠨ᠎ᠠ᠃ | ᠭᠤᠷᠪᠠ ᠶᠢ ᠴᠡᠪᠡᠷᠯᠡᠨ ᠨᠢᠬᠡ ᠶᠢ ᠦᠬᠡᠷᠡᠴᠢᠯᠡᠬᠦ᠄ ᠭᠤᠷᠪᠠ ᠶᠢ ᠴᠡᠪᠡᠷᠯᠡᠬᠦ ᠬᠡᠳᠡᠭ ᠨᠢ ᠬᠤᠭ ᠨᠣᠪᠰᠢ ᠶᠢ | ᠴᠡᠪᠡᠷᠯᠡᠬᠦ᠂ ᠭᠤᠣ ᠴᠦᠬᠦᠷᠣᠮ ᠢ ᠴᠡᠪᠡᠷᠯᠡᠬᠦ᠂ ᠮᠠᠯ ᠵᠢᠬᠦᠷᠳᠡᠨ ᠤ ᠰᠢᠬᠡᠭ ᠪᠠᠭᠠᠰᠣ ᠶᠢ ᠴᠡᠪᠡᠷᠯᠡᠬᠦ ᠶᠢ ᠵᠢᠭᠠᠵᠣ᠂ | ᠨᠢᠬᠡ ᠶᠢ ᠦᠬᠡᠷᠡᠴᠢᠯᠡᠬᠦ ᠬᠡᠳᠡᠭ ᠨᠢ ᠮᠠᠯᠴᠢᠨ ᠲᠠᠷᠢᠶᠠᠴᠢᠨ ᠤ ᠣᠷᠣᠰᠢᠨ ᠰᠠᠭᠤᠷᠢᠰᠢᠬᠤ ᠣᠷᠴᠢᠨ ᠢ ᠨᠦᠯᠦᠬᠡᠯᠡᠵᠣ | ᠪᠠᠶᠢᠬᠤ ᠮᠠᠭᠤ ᠮᠠᠭᠤᠬᠠᠢ ᠳᠡᠳᠬᠠᠯ ᠢ ᠦᠬᠡᠷᠡᠴᠢᠯᠡᠬᠦ ᠶᠢ ᠵᠢᠭᠠᠵᠣ ᠪᠠᠶᠢᠨ᠎ᠠ᠃ | ᠰᠣᠳᠣᠯᠵᠣ ᠰᠣᠷᠣᠯᠴᠠᠬᠤ ᠰᠠᠭᠤᠷᠢᠨ ᠭᠠᠵᠠᠷ᠄ ᠰᠣᠳᠣᠯᠵᠣ ᠰᠣᠷᠣᠯᠴᠠᠬᠤ ᠵᠢᠭᠤᠯᠴᠢᠯᠡᠯ ᠭᠡᠳᠡᠭ ᠨᠢ | ᠰᠣᠷᠭᠠᠭᠤᠯᠢ ᠠᠴᠠ ᠵᠢᠭᠠᠨ ᠰᠣᠷᠭᠠᠯᠳᠠ ᠶᠢᠨ ᠠᠭᠤᠯᠭ᠎ᠠ ᠶᠢᠨ ᠱᠠᠭᠠᠷᠳᠠᠯᠭ᠎ᠠ ᠶᠢ ᠦᠨᠳᠣᠰᠣᠯᠠᠨ ᠰᠣᠷᠣᠭᠴᠢᠳ ᠢ | ᠵᠣᠬᠢᠶᠠᠨ ᠪᠠᠶᠢᠭᠤᠯᠵᠣ ᠬᠠᠮᠳᠣ ᠪᠠᠷ ᠢᠶᠠᠨ ᠵᠢᠭᠤᠯᠴᠢᠯᠡᠬᠤ᠂ ᠲᠦᠪᠯᠠᠷᠠᠨ ᠢᠳᠡᠵᠣ ᠣᠣᠭᠤᠵᠣ ᠬᠤᠨᠣᠭᠯᠠᠬᠤ ᠵᠡᠷᠬᠡ | ᠠᠷᠭ᠎ᠠ ᠪᠠᠷᠢᠯ ᠢᠶᠠᠷ ᠳᠠᠮᠵᠢᠨ ᠰᠣᠷᠭᠠᠭᠤᠯᠢ ᠶᠢᠨ ᠬᠦᠷᠢᠶᠠᠨ ᠤ ᠭᠠᠳᠠᠨᠠᠬᠢ ᠠᠳᠡᠯᠢ ᠪᠣᠰᠣ ᠠᠮᠢᠳᠣᠷᠠᠯ ᠤᠨ ᠳᠣᠮᠳᠠ | ᠬᠠᠷᠠᠭ᠎ᠠ ᠪᠠᠨ ᠳᠡᠯᠡᠵᠣ ᠡᠬᠡ ᠪᠠᠶᠢᠭᠠᠯᠢ ᠪᠠ ᠰᠣᠶᠣᠯ ᠲᠠᠢ ᠨᠡᠩ ᠣᠶᠢᠷᠠᠳᠣᠵᠣ ᠬᠠᠮᠳᠣ ᠶᠢᠨ ᠠᠮᠢᠳᠣᠷᠠᠯ ᠤᠨ ᠠᠷᠭ᠎ᠠ | ᠪᠠᠷᠢᠯ ᠪᠠ ᠨᠡᠶᠢᠬᠡᠮ ᠤᠨ ᠶᠣᠰᠣ ᠰᠣᠷᠳᠠᠬᠤᠨ ᠢ ᠪᠠᠶᠠᠴᠢᠯᠡᠨ ᠣᠶᠢᠯᠠᠭᠠᠬᠤ ᠶᠢ ᠵᠢᠭᠠᠨ᠎ᠠ᠃ ᠰᠣᠳᠣᠯᠵᠣ ᠰᠣᠷᠣᠯᠴᠠᠬᠤ | ᠰᠠᠭᠤᠷᠢᠨ ᠭᠠᠵᠠᠷ ᠪᠣᠯ ᠰᠣᠳᠣᠯᠵᠣ ᠰᠣᠷᠣᠯᠴᠠᠬᠤ ᠵᠢᠭᠤᠯᠴᠢᠯᠡᠯ ᠤᠨ ᠦᠪᠡᠷᠮᠢᠴᠡ ᠣᠨᠴᠠᠯᠢᠭ ᠲᠠᠢ ᠬᠠᠷᠠᠯᠳᠠ ᠶᠢᠨ | ᠣᠷᠣᠨ ᠢ ᠵᠢᠭᠠᠨ᠎ᠠ᠃ | ︽ᠲᠦᠷᠪᠠᠨ ᠰᠠᠶᠢᠳᠠᠢ ᠬᠦᠳᠡᠭᠡ ᠳᠣᠰᠬᠤᠨ ᠤ ᠵᠠᠮ︾᠄ ︽ᠪᠠᠶᠢᠭᠤᠯᠣᠯᠳᠠ ᠰᠠᠶᠢᠳᠠᠢ᠂ ᠬᠠᠮᠢᠶᠠᠷᠣᠯᠳᠠ | ᠰᠠᠶᠢᠳᠠᠢ᠂ ᠬᠠᠮᠠᠭᠠᠯᠠᠯᠳᠠ ᠰᠠᠶᠢᠳᠠᠢ᠂ ᠠᠰᠢᠭᠯᠠᠯᠳᠠ ᠰᠠᠶᠢᠳᠠᠢ︾ ᠬᠦᠳᠡᠭᠡ ᠳᠣᠰᠬᠤᠨ ᠤ ᠵᠠᠰᠠᠮᠠᠯ ᠵᠠᠮ ᠢ ᠵᠢᠭᠠᠨ᠎ᠠ᠃ | | ᠵᠠᠮ ᠤᠨ ᠳᠠᠷᠤᠭ᠎ᠠ ᠶᠢᠨ ᠳᠣᠭᠳᠠᠯᠴᠠᠭ᠎ᠠ᠄ ᠵᠠᠮ ᠬᠠᠮᠢᠶᠠᠷᠣᠭᠴᠢ ᠨᠠᠷ ᠵᠠᠮ ᠤᠨ ᠳᠠᠷᠤᠭ᠎ᠠ ᠶᠢᠨ ᠨᠢᠬᠡᠳᠣᠯᠳᠡᠢ | ᠣᠳᠣᠷᠢᠳᠣᠯᠭ᠎ᠠ ᠳᠣᠣᠷ᠎ᠠ ᠦᠪᠡᠷ ᠤᠨ ᠬᠠᠷᠢᠭᠤᠴᠠᠵᠣ ᠪᠠᠶᠢᠬᠤ ᠵᠠᠰᠠᠮᠠᠯ ᠵᠠᠮ ᠤᠨ ᠳᠠᠭᠠᠯᠲᠠ ᠲᠦᠬᠦᠬᠡᠷᠣᠮᠵᠢ᠂ ᠵᠠᠮ | ᠤᠨ ᠲᠦᠷᠢ ᠲᠦᠷᠬᠦ᠂ ᠵᠠᠮ ᠬᠠᠷᠢᠯᠴᠠᠭᠠᠨ ᠤ ᠡᠮᠬᠢ ᠲᠢᠭᠯᠢᠮ᠂ ᠨᠣᠭᠤᠭᠠᠷᠠᠭᠤᠯᠣᠯᠳᠠ ᠪᠠ ᠣᠷᠴᠢᠨ ᠳᠣᠭᠤᠷᠢᠨ ᠤ | ᠡᠷᠡᠬᠦᠯ ᠬᠠᠮᠠᠭᠠᠯᠠᠯ ᠵᠡᠷᠬᠡ ᠶᠢ ᠪᠦᠬᠦ ᠳᠠᠯ᠎ᠠ ᠪᠠᠷ ᠶᠡᠷᠦᠩᠬᠡᠶᠢᠯᠡᠨ ᠬᠠᠮᠢᠶᠠᠷᠬᠤ ᠲᠦᠷᠢᠮ ᠢ ᠵᠢᠭᠠᠨ᠎ᠠ᠃ | ︽ᠬᠤᠣᠰ ᠳᠠᠷᠢᠬᠦᠨ ᠳᠠᠰ︾ ᠤᠨ ᠶᠡᠭᠡ ᠰᠣᠷᠭᠠᠭᠤᠯᠢ᠄ ᠳᠡᠯᠡᠬᠡᠢ ᠶᠢᠨ ᠳᠠᠷᠢᠬᠦᠨ ᠤ ᠳᠠᠰ ᠤᠨ ᠶᠡᠭᠡ | ᠰᠣᠷᠭᠠᠭᠤᠯᠢ ᠪᠠ ᠳᠠᠷᠢᠬᠦᠨ ᠤ ᠳᠠᠰ ᠤᠨ ᠰᠢᠨᠵᠢᠯᠡᠬᠡᠨ ᠢ ᠪᠠᠶᠢᠭᠤᠯᠤᠨ᠎ᠠ᠂ ᠳᠣᠮᠳᠠᠳᠣ ᠣᠯᠣᠰ ᠤᠨ ᠳᠡᠬᠡᠳᠣ ᠵᠡᠷᠬᠡ | ᠶᠢᠨ ᠰᠣᠷᠭᠠᠨ ᠬᠦᠮᠦᠵᠢᠯ ᠤᠨ ᠬᠦᠷᠢᠶᠠᠨ ᠳᠠᠬᠢ ︽211 ᠢᠨᠵᠧᠨᠧᠷᠢᠩ︾᠂ ︽985 ᠢᠨᠵᠧᠨᠧᠷᠢᠩ︾ ᠤᠨ | ᠳᠠᠷᠠᠭᠠᠬᠢ ᠣᠯᠣᠰ ᠤᠨ ᠪᠠᠶᠢᠯᠳᠣᠬᠤ ᠪᠣᠳᠣᠯᠭ᠎ᠠ ᠪᠣᠯᠣᠨ᠎ᠠ᠃ | ᠡᠮ ᠡᠮᠨᠡᠯᠭᠡ ᠶᠢᠨ ᠬᠠᠮᠲᠤ ᠶᠢᠨ ᠴᠤᠭᠴᠠ᠄ ᠮᠠᠯᠵᠢᠬᠤ ᠲᠠᠷᠢᠶᠠᠯᠠᠬᠤ ᠤᠷᠤᠨ ᠳᠤ ᠡᠮ ᠡᠮᠨᠡᠯᠭᠡ ᠶᠢᠨ | ᠬᠤᠯᠪᠤᠭᠠᠯᠠᠭᠰᠠᠨ ᠴᠤᠭᠴᠠ ᠶᠢᠨ ᠪᠦᠲᠦᠭᠡᠨ ᠪᠠᠶᠢᠭᠤᠯᠤᠯᠲᠠ ᠶᠢᠨ ᠭᠤᠤᠯ ᠬᠡᠯᠪᠡᠷᠢ ᠪᠤᠯᠤᠨ᠎ᠠ᠃ ︽ᠬᠤᠰᠢᠭᠤ | ᠰᠢᠶᠠᠨ ᠤ ᠡᠮᠨᠡᠯᠭᠡ ᠶᠢᠨ ᠬᠤᠷᠢᠶ᠎ᠠ ᠪᠠᠷ ᠲᠦᠷᠦᠬᠦᠯᠡᠬᠦᠯᠵᠤ᠂ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ | ᠪᠠᠷ ᠵᠠᠩᠭᠢᠯᠠᠭ᠎ᠠ ᠪᠤᠯᠭᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠢᠶᠠᠷ ᠰᠠᠭᠤᠷᠢᠯᠠᠭᠤᠯᠤᠭᠰᠠᠨ︾ | ᠬᠤᠰᠢᠭᠤ ᠰᠢᠶᠡᠨ ᠬᠦᠳᠡᠭᠡ ᠲᠤᠰᠬᠤᠨ ᠤ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢ ᠭᠤᠤᠯᠳᠠᠯᠭ᠎ᠠ ᠲᠠᠢ | ᠬᠠᠶᠢᠨ ᠰᠦᠪᠡᠭᠴᠢᠯᠠᠵᠤ ᠬᠤᠰᠢᠭᠤ ᠰᠢᠶᠠᠨ᠂ ᠰᠤᠮᠤ ᠪᠠᠯᠭᠠᠰᠤ᠂ ᠭᠠᠴᠠᠭ᠎ᠠ ᠲᠤᠰᠬᠤᠨ ᠢ ᠬᠤᠯᠪᠤᠠᠭᠰᠠᠨ ᠬᠤᠰᠢᠭᠤ | ᠰᠢᠶᠡᠨ ᠤ ᠪᠦᠰᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠵᠢᠭᠠᠵᠤ ᠪᠠᠶᠢᠨ᠎ᠠ᠃ | ︽ᠲᠦᠷᠪᠡᠨ ᠬᠠᠮᠢᠶ᠎ᠠ ᠨᠠᠮᠢᠶ᠎ᠠ ᠦᠭᠡᠢ ᠶᠢ ᠴᠡᠭᠴᠡᠯᠡᠬᠦ︾ ᠲᠤᠰᠬᠠᠢ ᠲᠦᠷᠦᠯ ᠤᠨ ᠵᠠᠰᠠᠨ ᠴᠡᠭᠴᠡᠯᠡᠯᠲᠡ᠄ | ᠬᠠᠮᠢᠶ᠎ᠠ ᠨᠠᠮᠢᠶ᠎ᠠ ᠦᠭᠡᠢ ᠡᠵᠡᠯᠡᠬᠦ᠂ ᠬᠠᠮᠢᠶ᠎ᠠ ᠨᠠᠮᠢᠶ᠎ᠠ ᠦᠭᠡᠢ ᠮᠠᠯᠳᠠᠬᠤ᠂ ᠬᠠᠮᠢᠶ᠎ᠠ ᠨᠠᠮᠢᠶ᠎ᠠ ᠦᠭᠡᠢ | ᠤᠪᠤᠭᠠᠯᠠᠬᠤ᠂ ᠬᠠᠮᠢᠶ᠎ᠠ ᠨᠠᠮᠢᠶ᠎ᠠ ᠦᠭᠡᠢ ᠪᠠᠷᠢᠬᠤ ᠵᠡᠷᠭᠡ ᠨᠠᠭᠤᠷ ᠭᠤᠤᠯ ᠤᠨ ᠬᠠᠮᠢᠶᠠᠷᠤᠯᠲᠠ ᠬᠠᠮᠠᠭᠠᠯᠠᠯᠲᠠ ᠶᠢᠨ | ᠲᠤᠪᠤᠶᠢᠮ᠎ᠠ ᠠᠰᠠᠭᠤᠳᠠᠯ ᠳᠤ ᠲᠤᠰᠬᠠᠢ ᠲᠦᠷᠦᠯ ᠤᠨ ᠴᠡᠪᠡᠷᠯᠡᠯᠲᠡ ᠴᠡᠭᠴᠡᠯᠡᠯᠲᠡ ᠶᠢᠨ ᠠᠵᠢᠯᠯᠠᠭ᠎ᠠ ᠦᠷᠨᠢᠬᠦᠯᠬᠦ ᠶᠢ | ᠵᠢᠭᠠᠵᠤ ᠪᠠᠶᠢᠨ᠎ᠠ᠃ | ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ︽ᠵᠢᠷᠭᠤᠭ᠎ᠠ ᠳᠤ ᠣᠷᠣᠭᠤᠯᠬᠤ +︾᠄ ᠦᠨᠳᠣᠰᠣᠳᠠᠨ ᠤ | ᠪᠦᠯᠬᠦᠮᠳᠠᠯ ᠳᠠᠪᠰᠢᠯᠳᠡ ᠶᠢᠨ ᠡᠬᠦᠳᠣᠨ ᠪᠠᠶᠢᠭᠤᠯᠣᠯᠳᠠ ᠶᠢᠨ ᠠᠵᠢᠯᠯᠠᠭ᠎ᠠ ᠶᠢ ᠠᠯᠪᠠᠨ ᠪᠠᠶᠢᠭᠤᠯᠭ᠎ᠠ᠂ ᠠᠵᠣ | ᠠᠬᠤᠶᠢᠯᠡᠯ᠂ ᠨᠡᠶᠢᠬᠡᠮ ᠳᠣᠭᠤᠷᠢᠭ᠂ ᠰᠣᠮᠣ ᠪᠠᠯᠭᠠᠰᠣ᠂ ᠰᠣᠷᠭᠠᠭᠤᠯᠢ᠂ ᠰᠦᠮ᠎ᠡ ᠬᠡᠶᠢᠳ ᠳᠤ ᠣᠷᠣᠭᠤᠯᠬᠤ ᠶᠢᠨ | ᠰᠠᠭᠤᠷᠢᠨ ᠳᠡᠬᠡᠷ᠎ᠡ ᠣᠷᠣᠨ ᠨᠣᠳᠤᠭ ᠤᠨ ᠪᠣᠳᠠᠳᠣ ᠪᠠᠶᠢᠳᠠᠯ ᠲᠠᠢ ᠣᠶᠠᠯᠳᠣᠭᠤᠯᠣᠨ ᠦᠨᠳᠣᠰᠣᠳᠠᠨ ᠤ ᠪᠦᠯᠬᠦᠮᠳᠠᠯ | ᠳᠠᠪᠰᠢᠯᠳᠡ ᠶᠢᠨ ᠡᠬᠦᠳᠣᠨ ᠪᠠᠶᠢᠭᠤᠯᠣᠯᠳᠠ ᠶᠢᠨ ᠠᠵᠢᠯᠯᠠᠭ᠎ᠠ ᠶᠢ ᠬᠦᠷᠢᠶᠠᠯᠠᠩ ᠳᠣᠭᠤᠷᠢᠭ᠂ ᠴᠡᠷᠢᠭ ᠤᠨ ᠬᠤᠸᠠᠷᠠᠨ᠂ | ᠡᠮᠨᠡᠯᠬᠡ᠂ ᠬᠡᠷ ᠪᠦᠯᠢ ᠵᠡᠷᠬᠡ ᠳᠤ ᠣᠷᠣᠭᠤᠯᠬᠤ ᠶᠢ ᠵᠢᠭᠠᠨ᠎ᠠ᠃ | ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ | ᠴᠢᠩᠭ᠎ᠠ ᠬᠢᠨᠠᠨ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠶᠢᠨ | ᠨᠡᠬᠡᠮᠵᠢᠯᠡᠯ ᠢ ᠬᠡᠷᠡᠭᠯᠡᠵᠤ ᠦᠷᠭᠡᠨ ᠤᠯᠠᠨ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ | ᠪᠠᠲᠤᠯᠠᠬᠤ ᠶᠢ ᠵᠢᠭᠠᠵᠤ ᠪᠠᠶᠢᠨ᠎ᠠ᠃ | ᠮᠠᠯᠵᠢᠬᠤ ᠲᠠᠷᠢᠶᠠᠯᠠᠬᠤ ᠤᠷᠤᠨ ᠤ ︽ᠲᠦᠷᠪᠡᠨ ᠰᠠᠶᠢᠨ︾ ᠵᠢᠱᠢᠶᠡᠴᠢ ᠲᠡᠯᠭᠡᠭᠦᠷ᠄ ᠨᠡᠶᠢᠲᠡᠮ ᠲᠦᠷᠢ ᠲᠦᠷᠬᠦ | ᠰᠠᠶᠢᠨ᠂ ᠬᠡᠷᠡᠴᠢ ᠦᠨᠡᠮᠯᠡᠯ ᠢ ᠵᠠᠷᠯᠠᠬᠤ ᠨᠢ ᠰᠠᠶᠢᠨ᠂ ᠦᠪᠡᠷ ᠢ ᠪᠠᠨ ᠱᠠᠭᠠᠷᠳᠠᠬᠤ ᠪᠠᠷ ᠰᠠᠶᠢᠨ᠂ ᠪᠦᠲᠦᠭᠡᠭᠳᠡᠬᠦᠨ ᠤ | ᠴᠢᠨᠠᠷ ᠰᠠᠶᠢᠨ ᠢᠶᠠᠷ ᠰᠠᠭᠤᠷᠢ ᠪᠤᠯᠭᠠᠭᠰᠠᠨ ᠢᠳᠡᠭᠡᠨ ᠤᠮᠳᠠᠭᠠᠨ ᠤ ᠠᠮᠤᠷ ᠲᠦᠪᠰᠢᠨ ᠤ ᠵᠢᠱᠢᠶᠡᠴᠢ ᠲᠡᠯᠭᠡᠭᠦᠷ ᠢ | ᠵᠢᠭᠠᠵᠤ ᠪᠠᠶᠢᠨ᠎ᠠ᠃ | ᠦᠨᠳᠣᠰᠣᠨ ᠡᠮ ᠡᠮᠨᠡᠯᠬᠡ ᠶᠢᠨ ᠳᠠᠭᠠᠳᠬᠠᠯ ᠢ ᠨᠡᠶᠢᠯᠡᠬᠦᠯᠥᠨ ᠳᠣᠭᠠᠴᠠᠬᠤ᠄ ᠳᠣᠬᠠᠢ ᠶᠢᠨ ᠵᠢᠯ ᠤᠨ ᠡᠮ | ᠡᠮᠨᠡᠯᠬᠡ ᠶᠢᠨ ᠳᠠᠭᠠᠳᠬᠠᠯ ᠤᠨ ᠪᠡᠯᠡ ᠮᠦᠩᠬᠦ ᠠᠴᠠ 10% ᠶᠢᠨ ᠠᠶᠣᠯ ᠳᠦᠭᠰᠢᠬᠦᠷᠢ ᠶᠢᠨ ᠮᠦᠩᠬᠦ ᠶᠢ ᠨᠢ | ᠭᠠᠷᠭᠠᠵᠣ ᠠᠪᠣᠭᠰᠠᠨ ᠤ ᠳᠠᠷᠠᠭ᠎ᠠ ᠦᠯᠡᠳᠡᠭᠰᠡᠨ ᠬᠡᠰᠡᠭ ᠤᠨ 95% ᠶᠢ ᠣᠶᠢᠯᠡᠴᠢᠯᠡᠭᠡ ᠬᠦᠷᠳᠡᠬᠦ ᠬᠦᠮᠦᠰ ᠢ | ᠦᠨᠳᠣᠰᠣᠯᠡᠨ ᠡᠮ ᠡᠮᠨᠡᠯᠬᠡ ᠶᠢᠨ ᠬᠠᠮᠳᠣ ᠶᠢᠨ ᠴᠣᠭᠴᠠ ᠳᠤ ᠳᠣᠰᠢᠶᠠᠨ ᠳᠠᠭᠠᠭᠠᠴᠢᠯᠠᠭᠤᠯᠵᠣ ᠬᠠᠷᠢᠶᠠᠳᠣ ᠣᠷᠣᠨ ᠤ | ᠣᠯᠠᠨ ᠲᠦᠮᠡᠨ ᠤ ᠳᠣᠬᠠᠢ ᠶᠢᠨ ᠵᠢᠯ ᠤᠨ ᠡᠬᠦᠳᠡᠨ ᠡᠮᠨᠡᠯᠬᠡ ᠪᠠ ᠡᠮᠨᠡᠯᠬᠡ ᠳᠤ ᠰᠠᠭᠤᠭᠰᠠᠨ ᠣᠳᠠᠭ᠎ᠠ᠂ ᠬᠦᠨᠳᠣ | ᠡᠪᠡᠳᠴᠢᠨ ᠤ ᠳᠠᠭᠠᠳᠬᠠᠯ ᠤᠨ ᠣᠶᠢᠯᠡᠴᠢᠯᠡᠭᠡ ᠳᠤ ᠰᠢᠭᠤᠳ ᠬᠠᠩᠭᠠᠬᠤ ᠴᠢᠬᠤᠯᠠᠳᠡᠢ ᠰᠢᠯᠵᠢᠨ ᠡᠮᠴᠢᠯᠡᠬᠦᠯᠬᠦ ᠵᠡᠷᠬᠡ | ᠳᠤ ᠳᠣᠭᠳᠠᠭᠠᠭᠰᠠᠨ ᠵᠠᠷᠣᠳᠠᠯ ᠢ ᠳᠠᠩᠰᠠᠨ ᠠᠴᠠ ᠳᠠᠶᠢᠯᠬᠤ ᠶᠢ ᠬᠠᠷᠢᠭᠤᠴᠠᠵᠣ ᠦᠯᠡᠳᠡᠭᠰᠡᠨ ᠪᠡᠯᠡ ᠮᠦᠩᠬᠦ ᠶᠢ 6᠄ | 3᠄ 1 ᠶᠢᠨ ᠬᠠᠷᠢᠴᠠᠯ ᠢᠶᠠᠷ ᠬᠤᠰᠢᠭᠤ ᠱᠠᠳᠣᠨ ᠤ ᠡᠮᠨᠡᠯᠬᠡ ᠶᠢᠨ ᠬᠤᠷᠢᠶ᠎ᠠ᠂ ᠰᠣᠮᠣ ᠪᠠᠯᠭᠠᠰᠣᠨ ᠤ ᠡᠷᠡᠬᠦᠯ | ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠳᠣᠰᠬᠤᠨ ᠤ ᠡᠷᠡᠬᠦᠯ ᠬᠠᠮᠠᠭᠠᠯᠠᠯ ᠤᠨ ᠳᠠᠰᠤᠭ ᠲᠤ ᠬᠤᠪᠢᠶᠠᠵᠣ ᠡᠯ᠎ᠡ | ᠡᠳᠡᠬᠡᠳ ᠤᠨ ᠢᠳᠡᠪᠬᠢ ᠴᠢᠨᠡᠷ ᠢ ᠬᠦᠭᠵᠢᠬᠡᠨ ᠬᠤᠰᠢᠭᠤ ᠰᠢᠶᠠᠨ ᠤ ᠬᠡᠪᠴᠢᠶᠠᠨ ᠳᠤ ᠡᠮᠴᠢᠯᠡᠬᠦᠯᠬᠦ ᠨᠣᠷᠮ᠎ᠠ ᠶᠢ | ᠳᠡᠬᠡᠭᠰᠢᠯᠡᠬᠦᠯᠬᠦ ᠶᠢ ᠵᠢᠭᠠᠵᠣ ᠪᠠᠶᠢᠨ᠎ᠠ᠃ | |