ᠠᠷᠠᠳ ᠤᠨ ᠰᠦᠯᠵᠢᠶ᠎ᠡ ᠶᠢᠨ 3 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ | | | ᠪᠦᠬᠦ ᠤᠯᠤᠰ ᠤᠨ ᠬᠤᠶᠠᠷ ᠬᠤᠷᠠᠯ ᠶᠠᠭ ᠰᠠᠶᠢᠬᠠᠨ ᠬᠦᠭᠵᠢᠶᠡᠨᠲᠡᠢ ᠶᠠᠪᠤᠭᠳᠠᠵᠤ ᠲᠥᠯᠥᠭᠡᠯᠡᠭᠴᠢᠳ | ᠭᠡᠰᠢᠭᠦᠳ ᠮᠠᠨᠢ ᠠᠷᠠᠳ ᠲᠤ ᠠᠰᠢᠭ ᠬᠦᠷᠲᠡᠭᠡᠬᠦ ᠠᠯᠢ ᠣᠯᠠᠨ ᠰᠠᠨᠠᠯ ᠳᠤᠷᠠᠳᠤᠯᠭ᠎ᠠ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠠᠪᠴᠢᠷᠠᠨ ᠳᠡᠯᠭᠡᠵᠦ ᠪᠠᠶᠢᠯ᠎ᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ | ᠥᠪᠥᠷ ᠮᠣᠩᠭᠤᠯ ᠤᠨ ᠵᠠᠷᠤᠳ ᠬᠤᠰᠢᠭᠤᠨ ᠤ ᠵᠡᠭᠦᠨ ᠰᠠᠯᠠᠭ᠎ᠠ ᠭᠠᠴᠠᠭ᠎ᠠ ᠶᠢᠨ ᠨᠠᠮ ᠤᠨ ᠡᠭᠦᠷ ᠤᠨ ᠱᠦᠵᠢ ᠡᠦ | ᠶᠦᠨ ᠪᠥᠸᠧ ᠠᠷᠠᠳ ᠤᠨ ᠮᠣᠩᠭᠤᠯ ᠰᠦᠯᠵᠢᠶ᠎ᠡ ᠶᠢᠨ ᠰᠤᠷᠪᠤᠯᠵᠢᠯᠠᠭ᠎ᠠ ᠶᠢ ᠬᠦᠯᠢᠶᠡᠬᠦ ᠳᠤ ᠪᠠᠨ ᠦᠪᠡᠷ ᠤᠨ ᠰᠠᠨᠠᠯ | ᠵᠥᠪᠯᠡᠯᠭᠡ ᠪᠠᠨ ᠶᠠᠷᠢᠪᠠ᠃ ᠲᠡᠷᠡ ᠶᠠᠷᠢᠶᠠᠨ ᠳᠤ ᠪᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠶᠠᠭᠠᠯᠠᠯ ᠳᠣᠣᠷ᠎ᠠ ᠮᠠᠯᠴᠢᠨ ᠲᠠᠷᠢᠶᠠᠴᠢᠨ ᠤ | ᠳᠠᠷᠤᠭᠠᠰᠤ ᠶᠢ ᠬᠥᠩᠭᠡᠯᠡᠵᠦ ᠣᠷᠣᠯᠭ᠎ᠠ ᠶᠢ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠵᠠᠯᠭᠠᠭ᠎ᠠ ᠪᠠᠷ | ᠨᠡᠶᠢᠲᠡᠯᠡᠭᠳᠡᠵᠦ ᠶᠠᠳᠠᠭᠤ ᠬᠤᠴᠣᠷᠤᠩᠭᠤᠢ ᠥᠪᠥᠷ ᠮᠣᠩᠭᠤᠯ ᠤᠨ ᠬᠠᠭᠤᠴᠢᠨ ᠳᠦᠷᠰᠦ ᠪᠠᠶᠢᠳᠠᠯ ᠢ ᠦᠨᠡᠨᠬᠦ ᠰᠢᠨ᠎ᠡ | ᠳᠦᠷᠰᠦ ᠪᠠᠶᠢᠳᠠᠯ ᠲᠠᠢ ᠪᠣᠯᠭᠠᠵᠠᠢ᠃ ᠭᠡᠪᠡᠴᠦ᠂ ᠳᠠᠪᠰᠢᠯᠲᠠ ᠶᠢ ᠳᠠᠭᠠᠯᠳᠤᠨ ᠲᠠᠰᠤᠷᠠᠯᠲᠠ ᠦᠭᠡᠢ ᠰᠢᠨ᠎ᠡ | ᠦᠷᠢᠰᠦᠯᠳᠦᠭᠡᠨ ᠳᠤ ᠤᠴᠠᠷᠠᠵᠤ ᠪᠤᠢ᠃ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠨᠢ ᠭᠤᠣᠯᠳᠠᠭᠤ ᠮᠠᠯ | ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠠᠴᠠ ᠭᠠᠳᠠᠨᠠᠬᠢ ᠤᠯᠤᠰ ᠤᠨ ᠡᠳ᠋ ᠤᠨ | ᠵᠠᠰᠠᠭ ᠪᠤᠶᠤ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠲᠤᠯᠭᠠᠭᠤᠷᠢᠯᠠᠯ ᠳᠤ ᠲᠦᠰᠢᠭᠯᠡᠳᠡᠭ᠃ ᠭᠡᠪᠡᠴᠦ | ᠣᠶᠢᠷ᠎ᠠ ᠶᠢᠨ ᠵᠢᠯ ᠠᠴᠠ ᠮᠠᠯ ᠠᠵᠤ ᠠᠬᠤᠢ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠦᠨ᠎ᠡ | ᠲᠣᠭᠲᠠᠪᠤᠷᠢ ᠦᠭᠡᠢ ᠮᠥᠷᠲᠡᠭᠡᠨ ᠠᠭᠠᠵᠢᠮ ᠢᠶᠠᠷ ᠪᠠᠭᠤᠷᠠᠭᠰᠠᠨ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ ᠬᠠᠷᠠᠬᠠᠨ ᠲᠡᠭᠦᠯᠳᠡᠷᠵᠢᠭᠡ ᠦᠬᠡᠢ᠂ ᠮᠠᠯᠴᠢᠨ ᠲᠠᠷᠢᠶᠠᠴᠢᠨ ᠤ ᠠᠵᠤ ᠠᠬᠤᠢ᠂ ᠵᠠᠬ᠎ᠠ | ᠳᠡᠯᠭᠡᠭᠦᠷ᠂ ᠡᠵᠡᠩᠨᠡᠯᠲᠡ ᠵᠡᠷᠭᠡ ᠲᠠᠯ᠎ᠠ ᠶᠢᠨ ᠮᠡᠳᠡᠯᠭᠡ ᠳᠤᠲᠠᠮᠠᠭ᠂ ᠮᠠᠯᠴᠢᠨ ᠲᠠᠷᠢᠶᠠᠴᠢᠨ ᠤ ᠳᠠᠭᠠᠳᠬᠠᠯ ᠳᠤ | ᠣᠷᠣᠯᠴᠠᠬᠤ ᠤᠬᠠᠮᠰᠠᠷ ᠴᠢᠩᠭ᠎ᠠ ᠪᠢᠰᠢ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠣᠭᠲᠠᠴᠠ | ᠬᠠᠷᠠᠬᠠᠨ ᠲᠡᠭᠦᠯᠳᠡᠷᠵᠢᠭᠡᠳᠦᠶ᠂ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠵᠠᠷᠤᠯᠭ᠎ᠠ ᠢᠳᠡᠭ | ᠢᠳᠡᠭ ᠢᠶᠠᠷ ᠨᠡᠮᠡᠭᠳᠡᠭᠰᠡᠨ ᠵᠡᠷᠭᠡ ᠠᠯᠢ ᠤᠯᠠᠨ ᠬᠢᠵᠠᠭᠠᠷᠯᠠᠬᠤ ᠬᠦᠴᠦᠨ ᠵᠦᠢᠯ ᠨᠢ ᠮᠠᠯ ᠠᠵᠤ ᠠᠬᠤᠢ | ᠲᠠᠷᠢᠶᠠᠯᠠᠩ ᠤᠨ ᠦᠢᠯᠡᠳᠪᠦᠷᠢᠯᠡᠯ ᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠦᠵᠡᠭᠦᠯᠬᠦ ᠬᠤᠪᠢ | ᠨᠡᠮᠡᠷᠢ ᠶᠢ ᠠᠯᠬᠤᠮ ᠠᠯᠬᠤᠮ ᠢᠶᠠᠷ ᠪᠠᠭᠤᠷᠠᠭᠤᠯᠤᠭᠰᠠᠨ ᠪᠠᠶᠢᠨ᠎ᠠ ᠭᠡᠵᠡᠢ᠃ ᠳᠡᠭᠡᠷ᠎ᠡ ᠳᠤᠷᠠᠳᠤᠭᠰᠠᠨ ᠡᠳᠡᠭᠡᠷ | ᠠᠰᠠᠭᠤᠳᠠᠯ ᠳᠤ ᠴᠢᠭᠯᠡᠭᠦᠯᠦᠨ ᠡᠦ ᠶᠦᠨ ᠪᠥᠸᠧ ᠳᠣᠣᠷᠠᠬᠢ ᠬᠡᠳᠦᠨ ᠲᠠᠯ᠎ᠠ ᠶᠢᠨ ᠰᠠᠨᠠᠯ ᠳᠡᠪᠰᠢᠭᠦᠯᠦᠭᠰᠡᠨ ᠪᠠᠶᠢᠨ᠎ᠠ᠄ | ᠨᠢᠭᠡ ᠳᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠡᠭᠲᠡᠶ᠃ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠮᠠᠯ | ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠬᠡᠯᠪᠡᠯᠵᠡᠯ ᠠᠴᠠ ᠪᠣᠯᠤᠭᠰᠠᠨ ᠰᠢᠷᠢᠰ ᠠᠰᠠᠭᠤᠳᠠᠯ ᠢ | ᠴᠠᠭ ᠲᠤᠬᠠᠢ ᠳᠤᠨᠢ ᠲᠤᠬᠢᠷᠠᠭᠤᠯᠬᠤ ᠪᠤᠶᠤ ᠳᠡᠮᠵᠢᠨ ᠲᠡᠳᠬᠦᠵᠦ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠠᠶᠢᠭᠠᠳ | ᠭᠦᠶᠯᠭᠡᠭᠡᠨ ᠤ ᠭᠤᠭᠴᠤᠭ᠎ᠠ ᠶᠢ ᠪᠠᠭᠠᠰᠬᠠᠵᠤ᠂ ᠦᠶᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠯᠳᠤᠭᠤᠯᠬᠤ ᠶᠢ | ᠵᠣᠷᠢᠭᠵᠢᠭᠤᠯᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠦᠶᠯᠭᠡᠭᠡᠨ ᠤ ᠵᠠᠷᠤᠳᠠᠯ ᠪᠠ ᠬᠤᠷᠣᠭᠳᠠᠯ ᠢ ᠪᠠᠭᠠᠰᠬᠠᠨ᠎ᠠ | ︔ ᠳᠠᠭᠠᠳᠬᠠᠯ ᠤᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ | ᠳᠡᠯᠭᠡᠭᠦᠷ ᠤᠨ ᠬᠡᠯᠪᠡᠯᠵᠡᠯ ᠪᠠ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠳᠠᠪᠬᠤᠷ ᠲᠦᠭᠰᠢᠭᠦᠷᠢ ᠶᠢ ᠲᠤᠯᠤᠨ | ᠬᠤᠷᠢᠭᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠭᠤᠷᠠᠬᠤ ᠠᠴᠠ ᠵᠠᠶᠢᠯᠠᠰᠬᠢᠨ᠎ᠡ᠃ ᠬᠤᠶᠠᠷ ᠲᠤ ᠳᠠᠪᠠᠭᠤᠯᠢᠭ | ᠠᠵᠤ ᠦᠶᠯᠡᠰ ᠢ ᠪᠤᠶᠢᠵᠢᠭᠤᠯᠵᠤ ᠮᠠᠯᠴᠢᠨ ᠲᠠᠷᠢᠶᠠᠴᠢᠨ ᠢ ᠪᠠᠶᠠᠵᠢᠭᠤᠯᠤᠨ᠎ᠠ᠃ ᠭᠠᠴᠠᠭ᠎ᠠ ᠲᠣᠰᠬᠤᠨ ᠤ ᠪᠠᠶᠢᠳᠠᠯ | ᠳᠤᠨᠢ ᠲᠤᠬᠢᠷᠠᠭᠤᠯᠤᠨ ᠨᠠᠷᠢᠯᠢᠭ ᠣᠨᠣᠪᠴᠢᠳᠠᠢ ᠪᠣᠳᠣᠯᠭ᠎ᠠ ᠠᠪᠴᠤ ︽ᠨᠢᠭᠡ ᠲᠣᠰᠬᠤᠨ ᠨᠢᠭᠡ ᠦᠢᠯᠡᠳᠬᠦᠨ︾ ᠤ | ᠠᠷᠭ᠎ᠠ ᠬᠡᠮᠵᠢᠶ᠎ᠡ ᠶᠢ ᠬᠡᠷᠡᠭᠵᠢᠭᠦᠯᠦᠨ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠨᠢ ᠤᠷᠳᠤ | ᠬᠤᠭᠤᠴᠠᠭ᠎ᠠ ᠪᠠᠷ ᠲᠣᠭᠲᠠᠭᠤᠨ ᠨᠡᠮᠡᠭᠳᠡᠭᠦᠯᠵᠦ ᠴᠢᠳᠠᠬᠤ ᠣᠨᠴᠠᠯᠢᠭᠲᠤ ᠭᠤᠣᠯᠯᠠᠬᠤ ᠠᠵᠤ ᠦᠢᠯᠡᠰ ᠢ ᠲᠦᠷᠭᠡᠳᠬᠡᠨ | ᠪᠤᠶᠢᠵᠢᠭᠤᠯᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠮᠠᠯ ᠲᠠᠷᠢᠶᠠᠯᠠᠩ ᠤᠨ ᠳᠠᠭᠠᠭᠤᠯᠤᠭᠴᠢ ᠠᠵᠤ | ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠢ ᠵᠡᠷᠭᠡ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠬᠤ ᠡᠷᠴᠢᠮ ᠪᠠ ᠲᠡᠳᠬᠦᠬᠦ | ᠡᠷᠴᠢᠮ ᠢ ᠨᠡᠮᠡᠭᠳᠡᠭᠦᠯᠬᠦ ᠬᠡᠷᠡᠭᠲᠡᠢ᠃ ᠮᠠᠯᠴᠢᠨ ᠲᠠᠷᠢᠶᠠᠴᠢᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠬᠢᠭᠡᠳ | ᠳᠠᠭᠠᠭᠤᠯᠤᠭᠴᠢ ᠠᠵᠤ ᠠᠬᠤᠶᠢᠯᠠᠯ᠂ ᠲᠤᠰᠬᠠᠶ ᠬᠤᠷᠰᠢᠶ᠎ᠠ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ | ᠨᠢᠭᠲᠠᠷᠠᠭᠤᠯᠵᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠴᠢᠬᠤᠯᠠ ᠡᠯᠧᠮᠧᠨ᠋ᠲ ᠢᠶᠠᠨ ᠲᠥᠪᠯᠡᠷᠡᠭᠦᠯᠦᠨ | ᠣᠷᠤᠭᠤᠯᠬᠤ᠂ ᠪᠦᠬᠦ ᠭᠠᠴᠠᠭ᠎ᠠ ᠪᠠᠷ ᠨᠢ ᠠᠬᠢᠭᠤᠯᠬᠤ᠂ ᠪᠦᠬᠦᠯᠢ ᠴᠣᠭᠴᠠ ᠪᠠᠷ ᠨᠢ ᠨᠡᠭᠡᠭᠡᠨ ᠬᠥᠭᠵᠢᠭᠦᠯᠬᠦ ᠶᠢ | ᠬᠡᠷᠡᠭᠵᠢᠭᠦᠯᠵᠦ᠂ ᠨᠢᠭᠡ ᠭᠠᠴᠠᠭ᠎ᠠ ᠪᠠᠷ ᠣᠯᠠᠨ ᠭᠠᠴᠠᠭ᠎ᠠ ᠶᠢ ᠳᠠᠶᠢᠴᠢᠯᠠᠵᠤ᠂ ᠣᠯᠠᠨ ᠭᠠᠴᠠᠭ᠎ᠠ ᠨᠢ ᠬᠡᠯᠬᠢᠶᠡᠯᠡᠨ | ᠨᠢᠭᠡᠳᠷᠡᠵᠦ᠂ ᠶᠠᠳᠠᠭᠤ ᠬᠦᠴᠢᠷᠳᠡᠯᠲᠡᠶ ᠲᠣᠰᠬᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠣᠨᠴᠠᠯᠢᠭᠲᠤ ᠠᠵᠤ | ᠦᠶᠯᠡᠰ ᠢ ᠬᠥᠭᠵᠢᠭᠦᠯᠬᠦ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ ᠮᠠᠯ ᠲᠠᠷᠢᠶᠠᠯᠠᠩ ᠤᠨ | ᠦᠶᠯᠡᠳᠪᠦᠷᠢᠯᠡᠯ ᠤᠨ ᠲᠤᠰᠬᠠᠶᠢᠵᠢᠯᠲᠠ᠂ ᠬᠡᠪᠴᠢᠶᠡᠵᠢᠯ ᠢ ᠠᠬᠢᠭᠤᠯᠵᠤ ᠨᠠᠩ ᠣᠯᠠᠨ ᠮᠠᠯᠴᠢᠨ ᠲᠠᠷᠢᠶᠠᠴᠢᠨ ᠵᠢᠴᠢ | ᠶᠠᠳᠠᠭᠤ ᠬᠦᠴᠢᠷᠳᠡᠯᠲᠡᠶ ᠣᠯᠠᠨ ᠲᠦᠮᠡᠨ ᠢ ᠨᠥᠯᠥᠭᠡᠯᠡᠨ ᠣᠯᠠᠨ ᠠᠷᠭ᠎ᠠ ᠵᠠᠮ ᠢᠶᠠᠷ ᠣᠷᠣᠯᠭ᠎ᠠ ᠶᠢ ᠨᠢ ᠨᠡᠮᠡᠭᠳᠡᠭᠦᠯᠦᠨ᠎ᠡ | ᠃ ᠡᠭᠦᠨ ᠤ ᠬᠠᠮᠲᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠮᠠᠯ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢᠨ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠵᠦ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ | ᠡᠯ᠎ᠡ ᠵᠠᠩᠭᠢᠯᠠᠭ᠎ᠠ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ ᠴᠡᠭ ᠲᠣᠭᠲᠠᠭᠠᠨ ᠪᠣᠷᠣᠯᠠᠭᠤᠯᠬᠤ ᠵᠡᠷᠭᠡ ᠠᠷᠭ᠎ᠠ | ᠬᠡᠮᠵᠢᠶ᠎ᠡ ᠠᠪᠴᠤ ᠪᠠᠶᠢᠭᠠᠳ ᠶᠠᠳᠠᠭᠤ ᠬᠦᠴᠢᠷᠳᠡᠯᠲᠡᠶ ᠭᠠᠵᠠᠷ ᠣᠷᠣᠨ ᠤ ᠮᠠᠯ ᠲᠠᠷᠢᠶᠠᠯᠠᠩ ᠤᠨ ᠪᠦᠲᠦᠭᠡᠭᠳᠡᠬᠦᠨ | ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠲᠤ ᠠᠭᠤᠰᠤᠯᠴᠠᠬᠤ ᠵᠢᠠᠬᠢᠭᠤᠯᠤᠨᠠ᠃ ᠭᠤᠷᠪᠠ ᠳᠤ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠰᠠᠨᠠᠭᠠᠰᠢᠷᠠᠯ ᠢ ᠰᠢᠶᠳᠪᠦᠷᠢᠯᠡᠨ᠎ᠡ᠃ | ᠥᠪᠥᠷ ᠮᠣᠩᠭᠤᠯ ᠣᠷᠣᠨ ᠤ ᠮᠠᠯᠴᠢᠳ ᠲᠠᠷᠢᠶᠠᠴᠢᠳ ᠤᠨ ᠨᠡᠶᠢᠭᠡᠮ ᠤᠨ ᠪᠠᠲᠤᠯᠠᠭ᠎ᠠ ᠬᠡᠳᠦ᠋ᠢᠪᠡᠷ ᠪᠥᠬᠦᠨ ᠢ | ᠬᠠᠮᠤᠷᠤᠭᠰᠠᠨ ᠪᠣᠯᠪᠠᠴᠤ ᠪᠠᠲᠤᠯᠠᠭ᠎ᠠ ᠶᠢᠨ ᠬᠢᠷᠢ ᠬᠡᠮᠵᠢᠶ᠎ᠡ ᠳᠣᠣᠷ᠎ᠠ ᠪᠠᠶᠢᠵᠤ᠂ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠨᠠᠰᠤᠵᠢᠯ᠂ ᠦᠷ᠎ᠡ | ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ ᠲᠠᠯ᠎ᠠ ᠪᠠᠷ ᠪᠠᠰᠠ ᠲᠡᠩᠴᠡᠭᠦᠷᠢ ᠥᠬᠡᠶ ᠠᠰᠠᠭᠤᠳᠠᠯ ᠣᠷᠣᠰᠢᠵᠤ | ᠪᠠᠶᠢᠬᠤ ᠲᠤᠯᠠ ᠡᠯ᠎ᠡ ᠱᠠᠲᠤᠨ ᠤ ᠡᠳ᠋ ᠦᠨᠵᠠᠰᠠᠭ ᠤᠨ ᠨᠡᠶᠢᠭᠡᠮ ᠤᠨ ᠪᠠᠲᠤᠯᠠᠭ᠎ᠠ ᠶᠢᠨ ᠪᠡᠯᠡ ᠣᠷᠣᠭᠤᠯᠤᠯᠲᠠ ᠶᠢ | ᠤᠯᠠᠮ ᠨᠢᠭᠡ ᠠᠯᠬᠤᠮ ᠨᠡᠮᠡᠭᠳᠡᠭᠦᠯᠵᠦ᠂ ᠮᠠᠯᠴᠢᠨ ᠲᠠᠷᠢᠶᠠᠴᠢᠨ ᠲᠦᠮᠡᠨ ᠤ ᠨᠠᠰᠤᠵᠢᠯ ᠤᠨ ᠰᠠᠭᠤᠷᠢ ᠮᠥᠩᠭᠦ ᠶᠢᠨ | ᠳᠦᠷᠢᠮ ᠢ ᠲᠡᠭᠦᠯᠳᠡᠷᠵᠢᠭᠦᠯᠦᠨ ᠮᠠᠯᠴᠢᠨ ᠲᠠᠷᠢᠶᠠᠴᠢᠨ ᠤ ᠨᠠᠰᠤᠵᠢᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠨᠠᠰᠤᠵᠢᠯ ᠤᠨᠲ᠋ᠠᠭᠠᠳᠬᠠᠯ᠂ ᠬᠥᠳᠡᠭᠡ ᠲᠣᠰᠬᠤᠨ ᠤ | ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ ᠬᠢᠷᠢ ᠲᠦᠪᠰᠢᠨ ᠢ | ᠳᠡᠭᠡᠭᠰᠢᠯᠡᠭᠦᠯᠵᠦ᠂ ᠤᠳᠠᠭᠠᠨ ᠴᠢᠨᠠᠷᠲᠠᠶ ᠡᠪᠡᠳᠴᠢᠨ ᠪᠠ ᠵᠠᠷᠤᠳᠠᠯ ᠶᠡᠬᠡᠲᠡᠢ ᠬᠦᠨᠳᠦ ᠶᠡᠭᠡ ᠡᠪᠡᠳᠴᠢᠨ ᠡᠮᠭᠡᠭ ᠢ | ᠡᠮᠨᠡᠭᠰᠡᠨ ᠵᠠᠷᠤᠳᠠᠯ ᠢ ᠲᠠᠰᠤᠯᠤᠨ ᠪᠣᠳᠣᠬᠤ᠂ ᠳᠠᠩᠰᠠ ᠴᠠᠶᠢᠷᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠮᠠᠯᠴᠢᠨ | ᠲᠠᠷᠢᠶᠠᠴᠢᠨ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠲᠠᠢ ᠠᠳᠠᠯᠢ ᠴᠢᠨᠠᠷ ᠪᠦᠬᠦᠢ ᠰᠤᠷᠭᠠᠨ ᠬᠥᠮᠦᠵᠢᠯ ᠤᠨ | ᠡᠬᠢ ᠪᠠᠶᠠᠯᠢᠭ᠂ ᠨᠢᠭᠡ ᠴᠣᠭᠴᠠᠵᠢᠭᠰᠠᠨ ᠡᠷᠡᠭᠦᠯ ᠬᠠᠮᠠᠭᠠᠯᠠᠯ ᠤᠨ ᠦᠶᠯᠡᠴᠢᠯᠡᠭᠡ᠂ ᠡᠷᠬᠡ ᠲᠡᠭᠰᠢ ᠪᠠᠲᠤᠯᠠᠭ᠎ᠠ ᠶᠢᠨ | ᠪᠣᠯᠵᠣᠯᠲᠤ ᠲᠤᠭ᠎ᠠ ᠤᠯᠭᠤᠪᠠᠯ ᠵᠤᠬᠢᠨ᠎ᠠ᠃ ᠳᠥᠷᠪᠡ ᠳᠤ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ | ᠪᠣᠯᠪᠠᠰᠤᠷᠠᠯ ᠢ ᠴᠢᠩᠭᠠᠳᠬᠠᠵᠤ᠂ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠤᠯ ᠤᠨ ᠪᠠᠶᠢᠭᠰᠠᠨ | ᠪᠣᠯᠪᠠᠰᠤᠷᠠᠭᠤᠯᠤᠯ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ | ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠳᠤ ᠣᠷᠣᠯᠴᠠᠬᠤ ᠨᠥᠬᠦᠪᠥᠷᠢ ᠶᠢᠨ ᠪᠠᠷᠢᠮᠵᠢᠶ᠎ᠠ ᠶᠢ ᠶᠡᠬᠡᠪᠡᠷ | ᠳᠡᠭᠡᠭᠰᠢᠯᠡᠭᠦᠯᠵᠦ ᠮᠠᠯᠴᠢᠨ ᠲᠠᠷᠢᠶᠠᠴᠢᠨ ᠢ ᠪᠣᠯᠪᠠᠰᠤᠷᠠᠭᠤᠯᠤᠯ ᠳᠤ ᠣᠷᠣᠯᠴᠠᠭᠤᠯᠬᠤ ᠬᠡᠷᠡᠭᠲᠡᠶ︔ ᠡᠭᠦᠨ ᠤ ᠬᠠᠮᠲᠤ | ᠡᠯ᠎ᠡ ᠵᠦᠶᠯ ᠤᠨ ᠡᠬᠢ ᠪᠠᠶᠠᠯᠢᠭ ᠢ ᠲᠥᠪᠯᠡᠷᠡᠭᠦᠯᠦᠨ ᠠᠰᠢᠭᠯᠠᠵᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ | ᠬᠤᠶᠠᠷ ᠵᠥᠪᠯᠡᠯ ᠤᠨ ᠬᠠᠷᠢᠭᠤᠴᠠᠯᠭᠠᠲᠠᠨ᠂ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ | ᠳᠠᠷᠤᠭ᠎ᠠ᠂ ᠲᠠᠷᠢᠵᠤ ᠲᠡᠵᠢᠭᠡᠬᠦ ᠲᠣᠮᠣ ᠡᠷᠦᠬᠡ᠂ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠬᠤ ᠮᠠᠯᠴᠢᠨ | ᠲᠠᠷᠢᠶᠠᠴᠢᠨ ᠵᠡᠷᠭᠡ ᠶᠠᠳᠠᠭᠤ ᠠᠴᠠ ᠠᠩᠭᠢᠵᠢᠷᠠᠭᠤᠯᠬᠤ ᠳᠠᠭᠠᠭᠤᠯᠤᠭᠴᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠦ᠂ | ᠲᠡᠳᠡᠨ ᠤ ᠮᠠᠯ ᠲᠠᠷᠢᠶᠠᠯᠠᠩ ᠢ ᠬᠡᠪᠴᠢᠶᠡᠵᠢᠭᠦᠯᠦᠨ ᠬᠥᠭᠵᠢᠭᠦᠯᠬᠦ᠂ ᠠᠳᠠᠯ ᠦᠶᠯᠡᠰ ᠴᠣᠭᠴᠠᠯᠠᠨ ᠠᠵᠢᠯ ᠦᠶᠯᠡᠰ ᠢ | ᠬᠥᠭᠵᠢᠭᠦᠯᠬᠦ᠂ ᠲᠦᠷᠦᠭᠦᠯᠡᠨ ᠪᠠᠶᠠᠵᠢᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠨᠠᠩ ᠣᠯᠠᠨ ᠮᠠᠯᠴᠢᠨ | ᠲᠠᠷᠢᠶᠠᠴᠢᠨ ᠢ ᠳᠠᠶᠢᠴᠢᠯᠠᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠲᠦᠷᠭᠡᠬᠡᠨ | ᠪᠠᠶᠠᠵᠢᠬᠤ ᠵᠠᠮ ᠢᠶᠠᠷ ᠵᠠᠮᠨᠠᠭᠤᠯᠤᠨ᠎ᠠ᠃ |