ᠬᠤᠰᠢᠭᠤ ᠨᠠᠮ ᠤ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠧᠢ ᠯᠣ᠋ ᠨᠠᠷ ᠸᠠᠩ ᠶᠣᠣ ᠸᠠᠨ ᠳᠣᠰᠬᠤᠨ ᠤ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠭᠰᠡᠨ ᠪᠠᠶᠢᠳᠠᠯ ᠤᠨ ᠳᠣᠬᠠᠢ ᠪᠠᠶᠢᠴᠠᠭᠠᠨ ᠰᠣᠳᠣᠯᠣᠭᠰᠠᠨ ᠤ ᠬᠠᠮᠲᠣ ᠬᠦᠳᠡᠭᠡ ᠳᠣᠰᠬᠤᠨ ᠢ ᠬᠦᠭᠵᠢᠬᠦᠯᠦᠨ ᠮᠠᠨᠳᠤᠭᠤᠯᠬᠤ ᠳᠣᠷᠰᠢᠯᠳᠠ ᠶᠢᠨ ᠴᠡᠭ ᠤᠨ ᠪᠥᠳᠥᠭᠡᠨ ᠪᠠᠶᠢᠭᠤᠯᠤᠯᠳᠠ ᠶᠢ ᠠᠬᠢᠭᠤᠯᠬᠤ ᠠᠬᠤᠢ ᠳᠠᠯᠠᠪᠣᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-03-28
     3 ᠰᠠᠷ᠎ᠠ ᠶᠢᠨ 26 ᠤ ᠡᠳᠦᠷ᠂ ᠬᠤᠰᠢᠭᠤ ᠨᠠᠮ ᠤ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠨᠠᠮ ᠤ ᠬᠤᠷᠢᠶᠠᠨ ᠤ ᠳᠡᠳ᠋ ᠱᠦᠵᠢ ᠣᠯᠣᠰ ᠳᠦᠷᠦ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠲᠣ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠳᠡᠳ᠋ ᠡᠷᠬᠢᠯᠡᠭᠴᠢ ᠸᠠᠩ ᠶᠦᠩ ᠴᠢᠩ᠂ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠯᠢ᠊ ᠵᠢᠷᠣᠮᠲᠣ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠨᠠᠷ ᠰᠢᠷᠬᠤᠰᠣᠨ ᠪᠠᠯᠭᠠᠰᠣᠨ ᠤ ᠸᠠᠩ ᠶᠣᠣ ᠸᠠᠨ ᠳᠣᠰᠬᠤᠨ ᠳᠤ ᠪᠠᠶᠢᠴᠠᠭᠠᠨ ᠰᠣᠳᠣᠯᠣᠯᠲᠠ ᠬᠢᠭᠰᠡᠨ ᠤ ᠬᠠᠮᠲᠣ ᠬᠦᠳᠡᠭᠡ ᠳᠣᠰᠬᠤᠨ ᠢ ᠬᠦᠭᠵᠢᠬᠦᠯᠦᠨ ᠮᠠᠨᠳᠤᠭᠤᠯᠬᠤ ᠲᠤᠷᠰᠢᠯᠳᠠ  ᠶᠢᠨ ᠴᠡᠭ ᠤᠨ ᠪᠥᠳᠥᠭᠡᠨ ᠪᠠᠶᠢᠭᠤᠯᠤᠯᠳᠠ ᠶᠢ ᠠᠬᠢᠭᠤᠯᠬᠤ ᠠᠬᠤᠢ ᠳᠠᠯᠠᠪᠣᠷ ᠤᠨ ᠬᠤᠷᠠᠯ ᠬᠤᠷᠠᠯᠳᠣᠭᠤᠯᠵᠦ᠂ ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ ᠡᠯ᠎ᠡ ᠰᠣᠮᠣ ᠪᠠᠯᠭᠠᠰᠣᠨ ᠤ ᠬᠠᠷᠢᠭᠤᠴᠠᠯᠭᠠᠳᠠᠨ ᠪᠠᠷᠠᠭᠠᠳᠠᠨ ᠪᠠᠶᠢᠴᠠᠭᠠᠬᠤ ᠶᠢᠨ ᠬᠠᠮᠲᠣ ᠰᠠᠭᠤᠳᠠᠯ ᠤᠨ ᠬᠤᠷᠠᠯ ᠳᠡᠭᠡᠷ᠎ᠡ ᠶᠡᠷᠢᠶ᠎ᠠ ᠳᠠᠯᠪᠢᠪᠠ᠃
       ᠪᠠᠶᠢᠴᠠᠭᠠᠨ ᠰᠣᠳᠣᠯᠣᠯᠳᠠ ᠶᠢᠨ ᠳᠣᠭᠤᠶᠢᠯᠠᠩ ᠣᠷᠢᠳ ᠬᠤᠵᠢᠳ ᠸᠠᠩ ᠶᠣᠣ ᠸᠠᠨ ᠳᠣᠰᠬᠤᠨ ᠤ ᠰᠣᠶᠤᠭ᠎ᠠ ᠪᠣᠶᠢᠵᠢᠭᠤᠯᠬᠤ ᠳᠦᠪ᠂ ᠳᠣᠰᠬᠤᠨ ᠤ ᠲᠠᠰ ᠤᠨ ᠳᠡᠵᠢᠬᠡᠨ ᠦᠷᠡᠵᠢᠬᠦᠯᠬᠦ ᠡᠷᠦᠬᠡ ᠪᠠ ᠸᠠᠩ ᠶᠣᠣ ᠸᠠᠨ ᠳᠣᠰᠬᠤᠨ  ᠤ ᠰᠡᠯᠡᠬᠦᠴᠡᠯ ᠳᠠᠷᠢᠶᠠᠯᠠᠩ ᠤᠨ ᠵᠢᠱᠢᠶᠠᠴᠢ ᠬᠦᠷᠢᠶᠡᠯᠡᠩ ᠢᠶᠠᠷ ᠬᠦᠷᠴᠦ ᠪᠠᠶᠢᠴᠠᠭᠠᠯᠳᠠ ᠭᠢᠵᠤ ᠳᠣᠰᠬᠤᠨ ᠤ ᠵᠦᠪᠯᠡᠯ᠂ ᠠᠵᠣ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠠᠵᠢᠯ ᠤᠨ ᠮᠡᠳᠡᠬᠦᠯᠦᠯᠲᠡ ᠶᠢ ᠰᠣᠨᠣᠰᠣᠭᠰᠠᠨ ᠤ ᠬᠠᠮᠲᠣ ᠰᠠᠨᠠᠯ ᠢᠶᠠᠨ ᠰᠣᠯᠢᠯᠴᠠᠪᠠ᠃      ᠵᠣᠣ ᠹᠧᠢ ᠯᠣ᠋ ᠠᠴᠠ ᠵᠢᠭᠠᠬᠤ ᠳᠠᠭᠠᠨ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠪᠣᠯ ᠨᠠᠮ ᠤᠨ ᠲᠦᠪ ᠬᠤᠷᠢᠶ᠎ᠠ ᠠᠴᠠ ᠳᠣᠷᠠᠳᠣᠭᠰᠠᠨ ᠴᠢᠬᠤᠯᠠ ᠪᠠᠶᠢᠯᠳᠣᠬᠤ ᠪᠣᠳᠣᠯᠭ᠎ᠠ ᠮᠦᠨ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠳᠣᠰ ᠳᠦᠷᠦᠯ ᠤᠨ ᠠᠵᠢᠯ ᠢ ᠪᠦᠬᠦ ᠳᠠᠯ᠎ᠠ ᠪᠠᠷ ᠬᠢᠬᠦ ᠬᠡᠷᠡᠭᠲᠡᠢ᠃ ᠣᠳᠣᠬᠠᠨ ᠳᠤ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠡᠷᠬᠢᠨ ᠬᠢᠬᠦ ᠳᠣᠬᠠᠢ ᠳᠡᠷᠢᠬᠦᠨ ᠤ ᠳᠣᠷᠰᠢᠯᠭ᠎ᠠ ᠪᠠ ᠨᠡᠶᠢᠳᠡᠯᠢᠭ ᠠᠷᠭ᠎ᠠ ᠪᠠᠷᠢᠯ ᠬᠡᠵᠦ ᠦᠬᠡᠢ᠂ ᠳᠣᠰ ᠣᠳᠠᠭᠠᠨ ᠤ ᠪᠠᠶᠢᠴᠠᠭᠠᠨ ᠰᠣᠳᠣᠯᠣᠯᠲᠠ ᠪᠠᠷ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠯᠠᠪᠯᠠᠯᠲᠠ ᠪᠣᠯᠭᠠᠵᠦ᠂ ᠳᠣᠰ ᠠᠵᠢᠯ  ᠢ ᠦᠨᠡᠨᠬᠦ ᠰᠠᠶᠢᠨ ᠬᠢᠬᠦ ᠬᠡᠷᠡᠭᠲᠡᠢ ᠬᠡᠪᠡ᠃
             ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠬᠠᠪᠣᠷ ᠤᠨ ᠳᠠᠷᠢᠶᠠᠯᠠᠭ᠎ᠠ ᠶᠢᠨ ᠡᠯ᠎ᠡ ᠠᠵᠢᠯ ᠡᠬᠢᠯᠡᠬᠦ ᠠᠴᠠ ᠡᠮᠦᠨ᠎ᠡ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠠᠵᠢᠯ ᠢ ᠡᠬᠢᠯᠡᠬᠦᠯᠬᠦ ᠬᠡᠷᠡᠭᠲᠡᠢ᠃ ᠠᠵᠢᠯ ᠤᠨ ᠰᠠᠳᠬᠢᠬᠦᠢ ᠪᠠᠨ ᠬᠤᠪᠢᠷᠠᠭᠤᠯᠣᠨ ᠬᠠᠷᠢᠯᠴᠠᠨ ᠰᠡᠩᠬᠡᠷᠡᠬᠦᠯᠵᠦ᠂ ᠳᠠᠪᠠᠭᠤᠯᠢᠭ ᠢᠶᠠᠨ ᠪᠠᠳᠠᠷᠠᠭᠤᠯᠣᠨ ᠳᠣᠳᠠᠭᠤᠳᠠᠯ ᠢᠶᠠᠨ ᠨᠦᠬᠦᠪᠦᠷᠢᠯᠡᠵᠦ᠂ ᠳᠣᠷᠰᠢᠯᠭ᠎ᠠ  ᠪᠠᠨ ᠳ᠋ᠦᠩᠨᠡᠨ ᠨᠠᠷᠢᠯᠢᠭ  ᠳᠣᠭᠤᠰᠢᠳᠠᠢ ᠠᠷᠭ᠎ᠠ ᠠᠪᠴᠠᠯ ᠳᠣᠭᠳᠠᠭᠠᠨ ᠪᠠᠷᠢᠮᠵᠢᠶ᠎ᠠ ᠪᠠᠨ ᠨᠢᠭᠡᠳᠬᠡᠵᠦ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠪᠣᠳᠠᠳᠠᠢ ᠬᠡᠷᠡᠭᠵᠢᠬᠦᠯᠣᠯᠳᠠ ᠶᠢ ᠠᠬᠢᠭᠤᠯᠬᠤ ᠬᠡᠷᠡᠭᠲᠡᠢ ᠬᠡᠪᠡ᠃
              ᠵᠣᠣ ᠹᠧᠢ ᠯᠣ᠋ ᠠᠴᠠ ᠱᠠᠭᠠᠷᠳᠠᠬᠤ ᠳᠠᠭᠠᠨ᠂ ᠡᠯ᠎ᠡ ᠰᠣᠮᠣ ᠪᠠᠯᠭᠠᠰᠣ ᠪᠣᠳᠠᠳᠠᠢ ᠠᠷᠭ᠎ᠠ ᠠᠪᠴᠠᠯ ᠢᠶᠠᠷ ᠬᠤᠳᠠ  ᠶᠢᠨ ᠳᠡᠰ ᠤᠨ ᠵᠢᠱᠢᠶᠠᠴᠢ ᠭᠠᠴᠠᠭ᠎ᠠ ᠳᠣᠰᠬᠤᠨ ᠤ ᠡᠯ᠎ᠡ ᠲᠦᠷᠦᠯ ᠤᠨ ᠠᠵᠢᠯ ᠤᠨ ᠪᠦᠲᠦᠮᠵᠢᠲᠡᠢ ᠶᠠᠪᠣᠭᠳᠠᠬᠤ ᠶᠢ ᠪᠠᠳᠣᠯᠠᠵᠦ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠳᠦᠯᠦᠪᠯᠡᠭᠡ ᠶᠢ ᠰᠠᠶᠢᠳᠣᠷ ᠬᠢᠵᠦ ᠵᠣᠬᠢᠶᠠᠨ ᠪᠠᠶᠢᠭᠤᠯᠣᠯᠲᠠ᠂ ᠠᠮᠢ ᠠᠬᠤᠢ᠂ ᠰᠣᠶᠣᠯ᠂ ᠴᠢᠳᠠᠪᠣᠷᠢᠳᠠᠨ ᠢ ᠬᠦᠭᠵᠢᠬᠦᠯᠵᠦ᠂ ᠠᠵᠢᠯ ᠢ ᠲᠥᠯᠬᠢᠨ ᠠᠬᠢᠭᠤᠯᠬᠤ ᠳᠤ ᠬᠠᠷᠢᠭᠤᠴᠠᠬᠤ ᠬᠦᠮᠦᠨ ᠲᠠᠢ᠂ ᠬᠡᠷᠡᠭᠵᠢᠬᠦᠯᠬᠦ ᠳᠤ ᠬᠢᠬᠦ ᠬᠦᠮᠦᠨ ᠲᠠᠢ᠂ ᠣᠷᠣᠨ ᠨᠣᠳᠤᠭ ᠲᠤᠨᠢ ᠳᠣᠬᠢᠷᠠᠭᠤᠯᠵᠦ ᠬᠦᠭᠵᠢᠬᠦᠯᠬᠦ ᠳᠦᠷᠦᠯ ᠵᠦᠢᠯ ᠢᠶᠠᠨ ᠰᠣᠩᠭᠤᠨ ᠰᠣᠬᠤᠷ ᠪᠠᠯᠠᠢ᠂ ᠳᠣᠷ᠎ᠠ ᠪᠠᠷ ᠬᠢᠵᠦ ᠪᠣᠯᠬᠤ ᠦᠬᠡᠢ᠃ ᠣᠷᠣᠨ ᠨᠣᠳᠤᠭ ᠤᠨ ᠦᠪᠡᠷᠮᠢᠴᠡ ᠬᠦᠭᠵᠢᠯᠲᠡ ᠶᠢᠨ ᠵᠠᠮ ᠢᠶᠠᠷ ᠣᠷᠣᠭᠰᠢᠯᠡᠨ ᠪᠦᠬᠦ ᠬᠤᠳᠠ ᠶᠢᠨ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠠᠬᠢᠭᠤᠯᠬᠤ ᠳᠤ ᠬᠢᠯᠡᠰ ᠴᠡᠭ ᠬᠠᠩᠭᠠᠬᠤ ᠬᠡᠷᠡᠭᠲᠡᠢ᠃ ᠲᠦᠷᠦᠯ ᠵᠦᠢᠯ ᠤᠨ ᠮᠦᠩᠬᠦ ᠶᠢ ᠵᠣᠬᠢᠰᠳᠠᠢ ᠬᠠᠮᠢᠶᠠᠷᠴᠦ ᠳᠣᠬᠢᠲᠠᠢ ᠬᠡᠷᠡᠭᠯᠡᠵᠦ᠂ ᠰᠢᠨᠵᠢᠯᠡᠭᠡ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠳᠣᠷ ᠬᠢᠵᠦ᠂ ᠠᠵᠢᠯ ᠮᠡᠷᠬᠡᠵᠢᠯ ᠤᠨ ᠮᠠᠯᠴᠢᠨ ᠳᠠᠷᠢᠶᠠᠴᠢᠨ ᠤ ᠡᠩᠨᠡᠭᠡ ᠶᠢ ᠪᠣᠵᠠᠭᠠᠶᠢᠷᠠᠭᠤᠯᠵᠦ᠂ ᠮᠠᠯ ᠳᠠᠷᠢᠶᠠᠯᠠᠩ ᠤᠨ ᠠᠵᠣ ᠦᠢᠯᠡᠰ ᠤᠨ ᠦᠢᠯᠡᠴᠢᠯᠡᠬᠡᠨ ᠤ ᠳᠦᠪ ᠤᠨ ᠮᠡᠷᠬᠡᠵᠢᠯ ᠤᠨ ᠦᠢᠯᠡᠴᠢᠯᠡᠭᠡ ᠶᠢᠨ ᠦᠢᠯᠡᠳᠦᠯ ᠢ ᠪᠠᠳᠠᠷᠠᠭᠤᠯᠣᠨ ᠳᠣᠭᠳᠠᠮᠠᠯ ᠬᠤᠭᠤᠴᠠᠭ᠎ᠠ ᠲᠠᠢ ᠪᠠᠷ ᠮᠡᠷᠭᠡᠵᠢᠯᠳᠡᠨ ᠣᠷᠢᠵᠦ ᠳᠣᠬᠠᠢ  ᠶᠢᠨ ᠭᠠᠵᠠᠷ ᠲᠤ ᠵᠢᠯᠣᠭᠤᠳᠣᠯᠭ᠎ᠠ ᠬᠢᠯᠬᠡᠵᠦ᠂ ᠮᠠᠯᠴᠢᠨ ᠳᠠᠷᠢᠶᠠᠴᠢᠳ ᠤᠨ ᠪᠡᠯᠴᠢᠬᠡᠷ ᠪᠠ ᠳᠠᠷᠢᠶᠠᠨ ᠭᠠᠵᠠᠷ ᠤᠨ ᠡᠷᠬᠢᠯᠳᠡ ᠶᠢ ᠰᠠᠶᠢᠳᠣᠷ ᠬᠢᠬᠦ ᠶᠢ ᠵᠢᠯᠣᠭᠤᠳᠴᠦ ᠵᠠᠬ᠎ᠠ ᠳᠡᠯᠭᠡᠭᠦᠷᠴᠢᠯᠡᠭᠰᠡᠨ᠂ ᠡᠷᠴᠢᠮᠵᠢᠭᠰᠡᠨ ᠡᠵᠡᠩᠨᠡᠯᠳᠡ ᠶᠢ ᠪᠣᠢ ᠪᠣᠯᠭᠠᠵᠦ ᠬᠠᠮᠤᠭ ᠰᠠᠶᠢᠨ ᠦᠷ᠎ᠡ ᠠᠰᠢᠭ ᠣᠯᠬᠤ ᠶᠢ ᠪᠠᠳᠣᠯᠠᠬᠤ ᠬᠡᠷᠡᠭᠲᠡᠢ᠂ ᠡᠬᠦᠨ ᠤ ᠬᠠᠮᠲᠣ ᠳᠣᠯᠣᠭᠠᠶᠢᠯᠠᠭᠴᠢ ᠠᠵᠣ ᠠᠬᠤᠶᠢᠯᠠᠯ ᠪᠠ ᠬᠤᠷᠰᠢᠶᠠᠵᠢᠯ ᠢ ᠪᠣᠢ ᠪᠣᠯᠭᠠᠨ ᠪᠠᠶᠢᠭᠤᠯᠵᠣ ᠡᠬᠦᠨ ᠤ ᠣᠯᠠᠮ ᠢᠶᠠᠷ ᠭᠡᠷ ᠪᠦᠯᠢ ᠶᠢᠨ ᠪᠠᠭ᠎ᠠ ᠬᠡᠪᠴᠢᠶᠡᠨ ᠤ ᠦᠢᠯᠡᠳᠪᠦᠷᠢᠯᠡᠯ ᠪᠠ ᠳᠣᠮᠣ ᠵᠠᠬ᠎ᠠ ᠳᠡᠯᠬᠡᠬᠦᠷ ᠤᠨ ᠬᠤᠭᠤᠷᠣᠨᠳᠣᠬᠢ ᠵᠯᠭᠠᠯᠳᠣᠯ ᠤᠨ ᠬᠦᠴᠢᠷ ᠠᠰᠠᠭᠤᠳᠠᠯ ᠢ ᠰᠡᠶᠢᠳᠪᠦᠷᠢᠯᠡᠬᠦ ᠬᠡᠷᠡᠭᠲᠡᠢ᠃ ᠣᠷᠴᠢᠨ ᠳᠣᠭᠤᠷᠢᠨ ᠤ ᠴᠡᠭᠴᠡᠯᠡᠨ ᠵᠠᠰᠠᠯᠳᠠ ᠶᠢᠨ ᠠᠵᠢᠯ ᠢ ᠰᠠᠶᠢᠳᠣᠷ ᠬᠢᠵᠦ᠂ ᠠᠵᠣ ᠦᠢᠯᠡᠰ ᠢ ᠬᠦᠭᠵᠢᠬᠦᠯᠬᠦ ᠶᠢᠨ ᠬᠠᠮᠲᠣ ᠬᠦᠳᠡᠭᠡ ᠨᠣᠳᠤᠭ ᠤᠨ ᠪᠣᠯᠪᠠᠰᠣᠨ ᠰᠣᠷᠳᠠᠯ ᠪᠠ ᠣᠷᠴᠢᠨ ᠳᠣᠭᠤᠷᠢᠨ ᠤ ᠴᠡᠭᠴᠡᠯᠡᠨ ᠵᠠᠰᠠᠯᠳᠠ ᠶᠢᠨ ᠠᠵᠢᠯ ᠢ ᠰᠢᠨ᠎ᠡ ᠳᠡᠭᠳᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号