ᠵᠠᠰᠠᠭ  ᠤᠨ  ᠤᠷᠳᠤᠨ  ᠤ  ᠠᠵᠢᠯ  ᠤᠨ  ᠢᠯᠡᠳᠬᠡᠯ ︵2019︶
ᠨᠡᠶᠢᠲᠡᠯᠡᠭᠰᠡᠨ ᠴᠠᠭ᠄
2019-03-28
[2019.3.17]ᠦᠣᠰᠢᠨ ᠬᠤᠰᠢᠭᠤᠨ   ᠤ  ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ             ᠵᠠᠰᠠᠭ  ᠤᠨ  ᠤᠷᠳᠤᠨ  ᠤ  ᠠᠵᠢᠯ  ᠤᠨ  ᠢᠯᠡᠳᠬᠡᠯ                                          ——  2019 ᠣᠨ ᠤ 3 ᠰᠠᠷ᠎ᠠ ᠶᠢᠨ 17 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ   ᠤᠨ  ᠲᠥᠯᠥᠬᠡᠯᠡᠭᠴᠢᠳ   ᠤᠨ  ᠶᠡᠭᠡ ᠬᠤᠷᠠᠯ   ᠤᠨ  ᠭᠤᠷᠪᠠᠳᠣᠭᠠᠷ  ᠣᠳᠠᠭᠠᠨ   ᠤ  ᠬᠤᠷᠠᠯᠳᠤᠭᠠᠨ  ᠳᠡᠭᠡᠷ᠎ᠡ         ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠣᠷᠣᠯᠠᠭᠴᠢ ᠲᠠᠷᠤᠭ᠎ᠠ    ᠵᠣᠣ ᠹᠧᠢ ᠯᠤ᠋                                  ᠲᠦᠯᠦᠭᠡᠯᠡᠭᠴᠢᠳ ᠡ᠄      ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ ᠪᠣᠯᠪᠠᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠰᠠᠨᠠᠭᠤᠯᠭ᠎ᠠ ᠪᠠᠨ ᠳᠡᠪᠰᠢᠬᠦᠯᠬᠦ ᠪᠤᠯᠪᠠᠤ᠃      ᠨᠢᠬᠡ᠂ ᠦᠩᠬᠡᠷᠡᠭᠰᠡᠨ ᠨᠢᠬᠡ ᠵᠢᠯ ᠤᠨ ᠠᠵᠢᠯ ᠤᠨ ᠡᠷᠬᠢᠴᠡᠬᠦᠯᠥᠯ      2018 ᠣᠨ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠤ ᠶᠢᠨ ᠵᠦᠪᠯᠡᠯᠭᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠣ ᠨᠠᠮ ᠤᠨ ᠠᠷᠪᠠ ᠶᠢᠰᠣᠳᠣᠬᠡᠷ ᠶᠡᠭᠡ ᠬᠤᠷᠠᠯ᠂ ᠠᠷᠪᠠ ᠶᠢᠰᠣᠳᠣᠬᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ ᠪᠦᠬᠦᠳᠠ ᠬᠤᠷᠠᠯ  ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠥᠷ ᠮᠣᠩᠭᠤᠯ ᠤᠨ ᠠᠵᠢᠯ ᠤᠨ ᠳᠣᠬᠠᠢ ᠴᠢᠬᠤᠯᠠ ᠶᠠᠷᠢᠶ᠎ᠠ ᠪᠤᠯᠤᠨ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠳᠣᠭᠤᠰᠢᠯᠠᠭᠤᠯᠣᠨ ᠨᠠᠶᠢᠳᠠᠪᠣᠷᠢᠵᠢᠭᠤᠯᠵᠣ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ ᠳᠠᠰᠪᠣᠷᠢ ᠬᠠᠳᠠᠭᠤᠵᠢᠯᠳᠡᠢ ᠪᠠᠷ ᠬᠦᠴᠣ ᠪᠠᠨ ᠬᠠᠮᠳᠣᠳᠬᠠᠨ ᠰᠢᠭᠤᠷᠬᠠᠢ ᠳᠠᠮᠠᠴᠠᠵᠣ ᠬᠤᠰᠢᠭᠤ ᠠᠷᠪᠠᠨ ᠳᠤᠯᠤᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠤᠭᠠᠨ ᠳᠤ ᠲᠣᠭᠲᠠᠭᠠᠭᠰᠠᠨ ᠡᠯ᠎ᠡ ᠲᠦᠷᠦᠯ ᠤᠨ ᠬᠠᠷᠠᠯᠳᠠ ᠡᠭᠦᠷᠭᠡ ᠶᠢ ᠠᠮᠵᠢᠯᠳᠠᠳᠠᠢ ᠪᠠᠶᠠᠯᠡᠬᠦᠯᠪᠠ᠃      ︵ᠨᠢᠬᠡ︶ ᠳᠣᠭᠳᠠᠭᠤᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠵᠣ ᠠᠵᠣ ᠠᠬᠤᠢ ᠶᠢᠨ ᠡᠷᠬᠢᠯᠳᠡ ᠦᠷᠬᠦᠯᠵᠢᠯᠡᠨ ᠰᠠᠶᠢᠵᠢᠷᠠᠪᠠ᠃ ᠣᠷᠣᠨ ᠨᠣᠲᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ ᠢ 387.1 ᠳ᠋ᠦᠩᠰᠢᠭᠤᠷ ᠲᠥᠭᠦᠷᠢᠭ ᠪᠡᠶᠡᠯᠡᠭᠦᠯᠵᠤ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠣᠷᠣᠯᠭ᠎ᠠ ᠶᠢ 21 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠬᠤᠭᠤᠴᠠᠭᠠᠨ ᠤ ᠬᠢ ᠠᠴᠠ 28.7% ᠪᠠᠷ ᠨᠡᠮᠡᠭᠳᠡᠪᠠ︔ ᠨᠡᠶᠢᠬᠡᠮ ᠤᠨ ᠬᠡᠷᠡᠭᠯᠡᠭᠡᠨ ᠤ ᠵᠣᠶᠢᠯᠡᠰ ᠢ ᠵᠢᠵᠢᠭᠯᠡᠨ ᠪᠣᠷᠣᠯᠠᠭᠤᠯᠣᠭᠰᠡᠠ ᠶᠡᠷᠥᠩᠬᠡᠢ ᠲᠤᠭ᠎ᠠ ᠶᠢ ᠳᠥᠰᠥᠭᠡᠯᠡᠪᠡᠯ 40.4 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠶᠢ ᠲᠣᠰᠪᠣᠷᠢ 44784 ᠲᠥᠭᠦᠷᠢᠭ ᠪᠠ 18263 ᠲᠥᠭᠦᠷᠢᠭ ᠬᠦᠷᠬᠡᠵᠣ ᠠᠳᠠᠯᠢ ᠬᠤᠭᠤᠴᠠᠭᠠᠨ ᠤ ᠬᠢ ᠠᠴᠠ 7.7% ᠪᠠ 9.3% ᠪᠠᠷ ᠨᠡᠮᠡᠭᠳᠡᠪᠠ᠃ ᠬᠤᠳᠠ ᠪᠠᠯᠭᠠᠰᠣᠨ ᠳᠤ 2008 ᠬᠦᠮᠦᠨ ᠢ ᠰᠢᠨ᠎ᠡ ᠪᠠᠷ ᠠᠵᠢᠯ ᠣᠯᠭᠤᠵᠣ ᠳᠠᠩᠰᠡᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.1% ᠲᠣᠲᠣᠷ᠎ᠠ ᠬᠢᠵᠠᠭᠠᠷᠯᠠᠪᠠ︔ 4905 ᠮᠠᠯᠴᠢᠨ ᠳᠠᠷᠢᠶᠠᠴᠢᠨ ᠢ ᠨᠡᠬᠦᠯᠬᠡᠨ ᠰᠢᠯᠵᠢᠬᠦᠯᠵᠣ ᠠᠵᠢᠯ ᠣᠯᠭᠤᠪᠠ᠃ ᠵᠠᠰᠠᠭ ᠤᠨ ᠣᠷᠳᠣᠨ ᠤ ᠳᠠᠷᠬᠠᠭᠠᠭᠰᠠᠨ ᠵᠢᠭᠡᠯᠡᠯᠭᠡ ᠶᠢᠨ ᠳᠡᠮᠳᠡᠭᠳᠣ  ᠶᠢᠨ ᠪᠡᠯᠡ ᠮᠦᠩᠬᠦ ᠶᠢ 5.2 ᠳ᠋ᠦᠩᠰᠢᠭᠤᠷ ᠲᠦᠬᠦᠷᠢᠭ ᠳᠠᠮᠠᠴᠠᠨ ᠣᠯᠵᠣ ᠮᠦᠩᠬᠦᠨ ᠬᠦᠢᠯᠬᠡᠬᠡᠨ ᠤ ᠪᠠᠶᠢᠭᠤᠯᠣᠮᠵᠢ  ᠶᠢᠨ ᠬᠠᠳᠠᠭᠠᠯᠠᠮᠵᠢ᠂ ᠵᠢᠬᠡᠯᠡᠯᠬᠡ ᠶᠢᠨ ᠦᠯᠡᠳᠠᠪᠣᠷᠢ ᠳᠤᠭ᠎ᠠ ᠶᠢ ᠳᠣᠰᠪᠣᠷᠢ 84.5 ᠳ᠋ᠦᠩᠰᠢᠭᠤᠷ ᠲᠦᠬᠦᠷᠢᠭ᠂115.2 ᠳ᠋ᠦᠩᠰᠢᠭᠤᠷ ᠲᠦᠬᠦᠷᠢᠭ ᠬᠦᠷᠬᠡᠪᠠ᠃ 25 ᠲᠦᠷᠥᠯ ᠤᠨ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠴᠢᠬᠤᠯᠠ ᠶᠡᠭᠡ ᠲᠦᠷᠥᠯ ᠵᠣᠶᠢᠯ ᠢ ᠬᠡᠷᠡᠭᠵᠢᠬᠦᠯᠵᠣ᠂ ᠶᠢᠩ ᠫᠠᠨ ᠬᠤᠣ ᠨᠡᠬᠦᠷᠠᠰᠣᠨ ᠠᠭᠤᠷᠬᠠᠢ ᠶᠢᠨ ᠣᠶᠢᠯᠡᠳᠪᠣᠷᠢᠯᠡᠯ ᠤᠨ ᠣᠶᠢᠯᠡᠴᠢᠯᠡᠬᠡᠨ ᠤ ᠲᠦᠪ ᠵᠡᠷᠬᠡ 7 ᠲᠦᠷᠥᠯ ᠵᠣᠶᠢᠯ ᠢ ᠪᠠᠶᠢᠭᠤᠯᠣᠨ ᠠᠰᠢᠭᠯᠠᠯᠳᠠ ᠳᠤ ᠣᠷᠣᠭᠤᠯᠵᠣ ᠬᠡᠪᠴᠢᠶᠠᠵᠢᠯ  ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ ᠠᠬᠤᠶᠢᠯᠡᠯ ᠢ ᠰᠢᠨ᠎ᠡ ᠪᠠᠷ 2 ᠨᠡᠮᠡᠭᠳᠡᠬᠦᠯᠪᠠ᠃ ᠣᠷᠣᠨ ᠨᠣᠲᠤᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠯᠠᠪᠳᠠᠭᠤᠨ ᠳᠡᠬᠡᠭᠰᠢᠯᠡᠵᠣ ᠳᠣᠮᠳᠠᠳᠣ ᠣᠯᠣᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 7 ᠳ᠋ᠤᠭᠠᠷ ᠪᠠ ᠳᠣᠮᠳᠠᠳᠣ ᠤᠯᠤᠰ ᠤᠨ ᠠᠵᠣ ᠠᠬᠤᠢ ᠶᠢᠨ ᠵᠠᠭᠤᠨ ᠬᠦᠴᠦᠷᠬᠡᠭ ᠰᠢᠶᠠᠨ ︵ᠬᠤᠳᠠ︶ ᠤ 51 ᠳ᠋ᠦ᠋ᠬᠡᠷ ᠲᠤ ᠪᠠᠶᠢᠷᠢᠯᠠᠪᠠ᠃      ︵ᠬᠤᠶᠡᠷ︶ ᠨᠠᠶᠢᠳᠠᠪᠣᠷᠢᠵᠢᠭᠤᠯᠣᠯᠳᠠ ᠶᠢ ᠲᠦᠪᠯᠡᠷᠡᠬᠦᠯᠥᠨ ᠣᠨᠣᠪᠴᠢᠳᠠᠢ ᠠᠳᠬᠤᠵᠣ ᠪᠤᠭᠤᠮᠲᠠ ᠰᠢᠪᠳᠣᠯᠬᠤ ᠠᠵᠢᠯ ᠤᠨ ᠰᠠᠶᠢᠨ ᠰᠠᠶᠢᠬᠠᠨ ᠡᠬᠢᠯᠠᠯᠳᠠ ᠶᠢ ᠪᠣᠢ ᠪᠣᠯᠭᠠᠪᠠ᠃ ᠬᠦᠨᠳᠣ ᠶᠡᠭᠡ ᠠᠶᠣᠯ ᠲᠦᠭᠰᠢᠬᠦᠷᠢ ᠶᠢ ᠪᠦᠬᠦ ᠬᠦᠴᠦᠨ ᠢᠶᠠᠷ ᠢᠶᠠᠨ ᠰᠠᠷᠬᠡᠶᠢᠯᠡᠨ ᠰᠢᠢᠳᠪᠣᠷᠢᠯᠡᠵᠡᠢ᠃ ᠵᠠᠰᠠᠭ ᠤᠨ ᠣᠷᠳᠣᠨ ᠤ ᠦᠷᠢ ᠰᠢᠷᠢ ᠶᠢ 30.1 ᠳ᠋ᠦᠩᠰᠢᠭᠤᠷ ᠲᠦᠬᠦᠷᠢᠭ ᠢᠯᠭᠠᠷᠠᠭᠤᠯᠪᠠ᠃ ᠪᠠᠩᠬᠢ ᠶᠢᠨ ᠪᠦᠳᠣᠮᠵᠢ ᠦᠬᠡᠢ ᠵᠢᠬᠡᠯᠡᠯᠬᠡ ᠶᠢ 7296 ᠲᠦᠮᠡᠨ ᠲᠦᠬᠦᠷᠢᠭ ᠰᠢᠢᠳᠪᠣᠷᠢᠯᠡᠵᠣ ᠮᠦᠩᠬᠦᠨ ᠬᠦᠢᠯᠬᠡᠬᠡᠨ ᠤ ᠪᠦᠳᠣᠮᠵᠢ ᠦᠬᠡᠢ ᠵᠢᠬᠡᠯᠡᠯᠬᠡ ᠶᠢᠨ ᠨᠣᠷᠮ᠎ᠠ ᠶᠢ 1.96% ᠳᠣᠷᠣᠭᠰᠢᠯᠠᠭᠤᠯᠪᠠ᠃ ᠬᠠᠣᠯᠢ ᠪᠣᠰᠣ ᠪᠠᠷ ᠪᠡᠯᠡ ᠴᠣᠭᠯᠠᠭᠤᠯᠣᠭᠰᠠᠨ ᠬᠡᠷᠡᠭ ᠤᠨ ᠡᠳ᠋ ᠬᠦᠷᠦᠩᠬᠡ ᠶᠢ ᠵᠣᠬᠢᠴᠠᠭᠤᠯᠣᠨ ᠰᠢᠢᠳᠪᠣᠷᠢᠯᠡᠬᠦ ᠲᠦᠪ ᠢ ᠪᠠᠶᠢᠭᠤᠯᠪᠠ᠃ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ 4893 ᠲᠦᠮᠡᠨ ᠲᠦᠬᠦᠷᠢᠭ ᠤᠨ ᠡᠯ᠎ᠡ ᠲᠦᠷᠥᠯ  ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢ ᠨᠠᠶᠢᠳᠠᠪᠣᠷᠢᠵᠢᠭᠤᠯᠵᠣ ᠰᠢᠨ᠎ᠡ ᠪᠠᠷ ᠢᠯᠭᠠᠨ ᠳᠣᠭᠳᠠᠭᠠᠭᠰᠠᠨ 12 ᠡᠷᠦᠬᠡ ᠶᠢᠨ 40 ᠶᠠᠳᠠᠭᠤ ᠬᠦᠴᠢᠷᠳᠡᠯᠳᠡᠢ ᠬᠦᠮᠦᠨ ᠢ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠣ᠂ 2 ᠡᠷᠦᠬᠡ ᠶᠢᠨ 5 ᠬᠦᠮᠦᠨ ᠢ ᠠᠮᠢᠳᠣᠷᠠᠯ ᠤᠨ ᠪᠦᠬᠦ ᠵᠠᠷᠣᠳᠠᠯ ᠢ ᠳᠠᠭᠠᠭᠠᠬᠤ ᠪᠠᠳᠣᠯᠠᠭ᠎ᠠ ᠶᠢᠨ ᠬᠡᠪᠴᠢᠶᠠᠨ ᠳᠤ ᠣᠷᠣᠭᠤᠯᠵᠣ᠂ 438 ᠡᠷᠦᠬᠡ ᠶᠢᠨ 1116 ᠪᠠᠬᠢᠵᠢᠬᠦᠯᠥᠨ ᠳᠡᠳᠬᠦᠬᠦ ᠬᠦᠮᠦᠨ ᠤ ᠣᠷᠣᠯᠭ᠎ᠠ ᠶᠢ ᠦᠷᠬᠦᠯᠵᠢᠯᠠᠨ ᠨᠡᠮᠡᠭᠳᠡᠬᠦᠯᠪᠠ᠃ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠪᠡᠳᠴᠢᠨ ᠦᠵᠡᠬᠦᠯᠵᠣ ᠡᠮᠴᠢᠯᠡᠬᠦᠯᠥᠭᠰᠡᠨ ᠰᠦᠢᠳᠬᠡᠯ ᠤᠨ ᠳᠠᠩᠰᠠᠨ ᠠᠴᠠ ᠳᠠᠶᠢᠯᠬᠤ ᠬᠠᠷᠢᠴᠠᠯ ᠢ 90% ᠠᠴᠠ ᠳᠡᠬᠡᠭᠰᠢ ᠪᠣᠯᠭᠠᠪᠠ᠃ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ ᠳᠣᠬᠢᠷᠠᠭᠤᠯᠬᠤ᠂ ᠣᠢ ᠰᠢᠭᠤᠢ ᠶᠢᠨ ᠬᠠᠮᠠᠭᠠᠯᠠᠭᠴᠢ ᠪᠠ ᠨᠣᠳᠤᠭ ᠪᠠᠯᠴᠢᠬᠡᠷ ᠤᠨ ᠬᠠᠮᠢᠶᠠᠷᠣᠨ ᠬᠠᠮᠠᠭᠠᠯᠠᠭᠴᠢ ᠶᠢ ᠡᠯᠰᠡᠨ ᠬᠡᠷᠡᠭᠯᠡᠬᠦ ᠵᠡᠷᠬᠡ ᠠᠷᠭ᠎ᠠ ᠪᠠᠷᠢᠯ ᠢᠶᠠᠷ ᠳᠠᠮᠵᠢᠨ 91 ᠶᠠᠳᠠᠭᠤ ᠬᠦᠴᠢᠷᠳᠡᠯᠳᠡᠢ ᠬᠦᠮᠦᠨ ᠳᠤ ᠠᠵᠢᠯ ᠣᠯᠭᠤᠪᠠ᠃ ᠪᠦᠬᠦ ᠵᠠᠷᠣᠳᠠᠯ ᠢ ᠨᠢ ᠳᠠᠭᠠᠭᠠᠨ ᠬᠡᠷ ᠪᠠᠶᠢᠰᠢᠩ ᠰᠢᠨ᠎ᠡ ᠪᠠᠷ ᠪᠠᠷᠢᠵᠣ ᠦᠭᠬᠦᠭᠰᠡᠨ ᠶᠠᠳᠠᠭᠤ ᠬᠦᠴᠢᠷᠳᠡᠯᠳᠡᠢ 8 ᠡᠷᠦᠬᠡ ᠰᠢᠨ᠎ᠠ ᠰᠠᠭᠤᠷᠢᠰᠢᠯ ᠳᠠᠭᠠᠨ ᠨᠠᠬᠦᠨ ᠣᠷᠣᠪᠠ᠃ ᠪᠣᠬᠢᠷᠳᠣᠯ ᠢ ᠰᠠᠷᠬᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠪᠠ᠃ ᠲᠦᠪ ᠤᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠶᠢᠨ ︽ᠡᠷᠬᠢᠵᠣ ᠬᠠᠷᠠᠬᠤ︾᠂ ᠳᠠᠯ᠎ᠠ ᠨᠣᠳᠤᠭ ᠤᠨ ᠠᠮᠢ ᠠᠬᠤᠢ ᠶᠢᠨ ᠳᠣᠰᠬᠠᠢ ᠲᠦᠷᠥᠯ ᠤᠨ ᠬᠢᠨᠠᠨ ᠪᠠᠶᠢᠴᠭᠠᠠᠯᠳᠠ ᠶᠢᠨ ᠬᠠᠷᠢᠭᠤ ᠳᠣᠰᠬᠠᠭᠰᠠᠨ ᠠᠰᠠᠭᠤᠳᠠᠯ ᠢ ᠬᠦᠴᠦᠳᠡᠢ ᠴᠡᠭᠴᠡᠯᠡᠨ ᠬᠠᠯᠠᠨ ᠰᠠᠶᠢᠵᠢᠷᠠᠭᠤᠯᠵᠣ᠂ ᠬᠤᠶᠠᠳᠣᠭᠠᠷ ᠣᠳᠠᠭᠠᠨ ᠤ ᠪᠦᠬᠦ ᠣᠯᠣᠰ ᠤᠨ ᠪᠣᠬᠢᠷᠳᠣᠯ ᠤᠨ ᠡᠬᠢ ᠢᠷᠡᠯᠳᠡ ᠶᠢᠨ ᠨᠠᠶᠢᠳᠠᠮ ᠪᠠᠶᠢᠴᠠᠭᠠᠯᠳᠠ ᠶᠢᠨ ᠨᠢᠬᠡᠳᠣᠬᠡᠷ ᠱᠠᠳᠣᠨ ᠤ ᠪᠠᠶᠢᠴᠠᠭᠠᠯᠳᠠ ᠶᠢ ᠪᠡᠶᠡᠯᠡᠬᠦᠯᠪᠡ᠃ ᠵᠦᠩ ᠲᠢᠶᠠᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠣᠶᠢᠯᠡᠳᠪᠣᠷᠢ ᠪᠠ ᠾᠧᠩ ᠱᠧᠩ ᠵᠡᠷᠬᠡ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠳᠳᠤᠭ ᠦᠷᠣᠮᠳᠡᠬᠦ ᠳᠤ ᠢᠯᠭᠠᠷᠠᠭᠤᠯᠣᠭᠰᠠᠨ ᠬᠠᠶᠠᠭᠳᠠᠮᠠᠯ ᠪᠣᠳᠠᠰ ᠢ ᠲᠦᠪᠯᠡᠷᠡᠬᠦᠯᠥᠨ ᠰᠢᠢᠳᠪᠣᠷᠢᠯᠡᠬᠦ 2 ᠣᠶᠢᠯᠡᠳᠪᠣᠷᠢ ᠶᠢ ᠠᠰᠢᠭᠯᠠᠯᠳᠠ ᠳᠤ ᠣᠷᠣᠭᠤᠯᠵᠣ᠂ ᠪᠦᠬᠦ ᠵᠢᠯ ᠤᠨ ᠠᠭᠠᠷ ᠮᠠᠨᠳᠠᠯ ᠤᠨ ᠴᠡᠪᠡᠷᠴᠡ ᠶᠢᠨ ᠨᠣᠷᠮ᠎ᠠ ᠶᠢ 88% ᠠᠴᠠ ᠳᠡᠬᠡᠭᠰᠢ ᠬᠦᠷᠬᠡᠵᠣ ᠭᠤᠣᠯ ᠪᠣᠯᠬᠤ ᠭᠤᠣᠯ ᠮᠦᠷᠡᠨ᠂ ᠲᠦᠪᠯᠡᠷᠡᠩᠬᠦᠢ ᠮᠠᠶ᠋ᠢᠭ ᠤᠨ ᠣᠣᠭᠤᠬᠤ ᠣᠰᠣᠨ ᠰᠣᠷᠪᠣᠯᠵᠢ ᠶᠢᠨ ᠣᠷᠣᠨ ᠤ ᠣᠰᠣᠨ ᠤ ᠴᠢᠨᠡᠷ ᠢ ᠪᠠᠷᠢᠮᠵᠢᠶ᠎ᠠ ᠳᠤ ᠬᠦᠷᠬᠡᠵᠣ ᠴᠢᠨᠡᠷ ᠰᠠᠶᠢᠳᠠᠢ ᠬᠦᠭᠵᠢᠯᠳᠡ  ᠶᠢ ᠬᠢᠵᠠᠭᠠᠷᠯᠠᠵᠣ ᠪᠠᠶᠢᠬᠤ ᠴᠢᠬᠤᠯᠠ ᠪᠣᠯᠬᠤ ︽ᠪᠣᠭᠤᠮᠢ︾ ᠶᠢ ᠠᠯᠬᠤᠮ ᠳᠠᠷᠠᠭᠠᠯᠠᠨ ᠰᠢᠢᠳᠪᠣᠷᠢᠯᠡᠪᠠ᠃      ︵ᠭᠤᠷᠪᠠ︶ ᠢᠳᠡᠪᠬᠢᠳᠡᠢ ᠯᠠᠪᠳᠠᠭᠤᠨ ᠢᠶᠠᠷ ᠪᠦᠳᠦᠴᠡ ᠶᠢ ᠳᠣᠬᠢᠷᠠᠭᠤᠯᠵᠣ ᠬᠦᠭᠵᠢᠯᠳᠡ ᠶᠢᠨ ᠬᠡᠯᠪᠠᠷᠢ ᠶᠢ ᠬᠤᠪᠢᠷᠠᠭᠤᠯᠣᠨ ᠳᠠᠰ ᠳᠠᠪᠰᠢᠬᠦᠯᠬᠦ ᠠᠯᠬᠤᠴᠠ ᠶᠢ ᠲᠦᠷᠬᠡᠳᠬᠡᠪᠠ᠃ ᠮᠠᠯ ᠳᠠᠷᠢᠶᠠᠯᠠᠩ ᠠᠵᠣ ᠠᠬᠤᠢ ᠶᠢᠨ ᠠᠮᠢᠵᠢᠷᠠᠯ  ᠤᠨ ᠬᠦᠴᠦᠨ ᠲᠤᠪᠤᠶᠢᠪᠠ᠃ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠬᠦᠯᠥᠯᠳᠡ ᠶᠢᠨ ᠰᠠᠨᠠᠯ ᠢ ᠳᠣᠭᠳᠠᠭᠠᠵᠣ ᠦᠪᠡᠷᠳᠡᠬᠡᠨ ᠵᠠᠰᠠᠬᠤ ᠣᠷᠣᠨ ᠤ ᠬᠦᠳᠡᠭᠡ ᠳᠣᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠳᠣᠷᠰᠢᠯᠳᠡ ᠶᠢᠨ ᠴᠡᠭ ᠢᠶᠠᠷ ᠰᠣᠩᠭᠤᠭᠳᠠᠵᠣ ᠣᠯᠠᠭᠠᠠᠳᠣᠯᠣᠭᠠᠢ ᠪᠠᠯᠭᠠᠰᠣ ︽ᠳᠣᠮᠳᠠᠳᠣ ᠣᠯᠣᠰ ᠤᠨ ᠬᠦᠳᠡᠭᠡ ᠳᠣᠰᠬᠤᠨ ᠢ ᠬᠦᠭᠵᠢᠬᠦᠯᠥᠨ ᠮᠠᠨᠳᠣᠭᠤᠯᠬᠤ ᠵᠢᠱᠢᠶᠠᠴᠢ ᠪᠠᠯᠭᠠᠰᠣ︾ ᠪᠠᠷ ᠦᠨᠡᠯᠡᠭᠳᠡᠵᠣ ᠪᠠᠶᠠᠠᠭᠤᠣᠯ ᠭᠠᠴᠠᠭ᠎ᠠ᠂ ᠷᠠᠰᠢᠶᠠᠨ ᠳᠣᠬᠤᠢ ᠳᠣᠰᠬᠤᠨ ᠵᠡᠷᠬᠡ 9 ᠵᠢᠱᠢᠶᠠᠴᠢ ᠴᠡᠭ ᠤᠨ ᠪᠠᠶᠢᠭᠤᠯᠣᠯᠳᠠ  ᠢ ᠯᠠᠪᠳᠠᠭᠤᠨ ᠠᠬᠢᠭᠤᠯᠪᠠ᠃ ᠠᠮᠣ ᠪᠣᠳᠠᠭᠠᠨ ᠤ ᠣᠶᠢᠯᠡᠳᠪᠣᠷᠢᠯᠡᠯ ᠤᠨ ᠴᠢᠳᠠᠪᠬᠢᠳᠣ ᠣᠷᠣᠨ ᠢ 30 ᠲᠦᠮᠡᠨ ᠮᠣ᠋ ᠬᠤᠪᠢᠶᠠᠷᠢᠯᠠᠨ ᠳᠣᠭᠳᠠᠭᠠᠵᠣ ᠦᠨᠳᠣᠷ ᠪᠠᠷᠢᠮᠵᠢᠶᠠᠳᠣ ᠳᠠᠷᠢᠶᠠᠨ ᠭᠠᠵᠠᠷ ᠢ 4.1 ᠲᠦᠮᠡᠨ ᠮᠣ᠋᠂ ᠣᠰᠣ ᠠᠷᠪᠢᠯᠠᠬᠤ ᠣᠰᠣᠯᠠᠯᠳᠠ ᠶᠢ 4 ᠲᠦᠮᠡᠨ ᠮᠣ᠋ ᠬᠡᠷᠡᠭᠵᠢᠬᠦᠯᠵᠣ 61 ᠰᠢᠨ᠎ᠡ ᠲᠦᠷᠥᠯ ᠤᠨ ᠳᠠᠷᠢᠮᠠᠯ ᠤᠨ ᠵᠣᠶᠢᠯ ᠢ ᠣᠷᠣᠭᠤᠯᠣᠨ ᠮᠣᠣᠠᠣᠰᠣ ᠴᠢᠪᠠᠭ᠎ᠠ ᠵᠡᠷᠬᠡ 3 ᠲᠦᠷᠥᠯ ᠤᠨ ᠪᠦᠳᠦᠬᠡᠭᠳᠡᠬᠦᠨ ᠨᠢ 19 ᠳ᠋ᠦ᠋ᠬᠡᠷ ᠬᠤᠭᠤᠴᠠᠭᠠᠨ ᠤ ᠳᠣᠮᠳᠠᠳᠣ ᠣᠯᠣᠰ  ᠤᠨ ᠪᠣᠬᠢᠷᠳᠣᠯ ᠦᠬᠡᠢ ᠢᠳᠡᠬᠡᠨ ᠤ ᠦᠵᠡᠰᠭᠦᠯᠡᠩ ᠤᠨ ᠴᠤᠭᠯᠠᠭᠠᠨ ᠳᠤ ᠠᠯᠲᠠᠨ ᠮᠧᠳᠠᠯ ᠬᠦᠷᠲᠡᠵᠤ᠂ ᠠᠮᠣ ᠪᠣᠳᠠᠭᠠᠨ ᠤ ᠣᠨᠠᠯᠳᠠ ᠶᠢᠨ ᠬᠡᠮᠵᠢᠶ᠎ᠠ ᠶᠢ ᠲᠦᠰᠦᠬᠡᠯᠡᠪᠠᠯ 41.5 ᠲᠦᠮᠡᠨ ᠳᠣᠨ ᠬᠦᠷᠬᠡᠪᠠ᠃ ᠠᠩᠬᠢᠰ ᠠᠯᠠᠰᠢᠨ ᠦᠬᠡᠷ ᠤᠨ ᠰᠢᠯᠢᠳᠡᠭ ᠡᠬᠦᠯᠳᠡᠷ ᠢ ᠣᠷᠣᠭᠤᠯᠣᠨ ᠠᠪᠴᠢᠷᠠᠵᠣ ᠹᠦ᠋ ᠷᠦᠢ ᠳ᠋ᠠ᠂ ᠦ᠋ ᠶᠤᠸᠠᠨ ᠣᠯᠠᠭᠠᠨ ᠢᠳᠡᠬᠡᠨ ᠵᠡᠷᠬᠡ 2 ᠨᠢᠳᠣᠯᠭ᠎ᠠ ᠶᠢᠨ ᠭᠠᠵᠠᠷ ᠢ ᠠᠰᠢᠭᠯᠠᠯᠳᠠ ᠳᠤ ᠣᠷᠣᠭᠤᠯᠵᠣ ᠮᠠᠯ ᠪᠠ ᠬᠡᠷ ᠤᠨ ᠳᠡᠵᠢᠬᠡᠪᠣᠷᠢ ᠶᠢ ᠲᠦᠰᠦᠭᠡᠯᠡᠪᠡᠯ 163 ᠲᠦᠮᠡᠨ ᠳᠣᠯᠣᠭᠠᠢ ᠮᠠᠯᠵᠢᠨ ᠲᠡᠵᠢᠭᠡᠵᠦ ᠪᠠᠶᠢᠨ᠎ᠠ᠃ ᠸᠠᠩ ᠶᠣᠣ ᠸᠠᠨ ᠳᠣᠰᠬᠤᠨ ᠵᠡᠷᠬᠡ ᠠᠵᠣ ᠣᠶᠢᠯᠡᠰᠵᠢᠭᠰᠡᠨ ᠬᠤᠯᠪᠣᠭᠠᠳᠣ ᠴᠣᠭᠴᠠ ᠶᠢ 2 ᠪᠠᠶᠢᠭᠤᠯᠪᠠ᠃ ᠰᠢᠷᠬᠤᠰᠣ ᠳᠠᠷᠢᠶᠠᠯᠠᠩ ᠮᠠᠯ ᠠᠵᠣ ᠠᠬᠤᠢ  ᠶᠢᠨ ᠺᠣᠮᠫᠠᠨᠢ ᠶᠢᠨ ᠠᠯᠮᠣᠷᠠᠳ ᠪᠠ ᠬᠤᠨ ᠭᠠᠯᠠᠭᠤ ᠳᠡᠮᠳᠡᠭᠳᠣ ᠪᠣᠭᠤᠳᠠᠢ ᠶᠢ ᠣᠷᠭᠠᠨᠢᠭ ᠢᠳᠡᠬᠡᠨ ᠢᠶᠠᠷ ᠬᠡᠷᠡᠴᠢᠯᠡᠬᠦᠯᠵᠣ᠂ ᠣᠩᠭᠤᠨ ᠰᠢᠯᠢ ᠳᠡᠮᠳᠡᠭᠳᠣ ᠳᠠᠷᠪᠣᠰ ᠵᠡᠷᠬᠡ 10 ᠲᠦᠷᠥᠯ ᠤᠨ ᠪᠦᠳᠦᠬᠡᠭᠳᠡᠬᠦᠨ ᠢ ᠪᠣᠬᠢᠷᠳᠣᠯ ᠦᠬᠡᠢ ᠪᠦᠳᠦᠬᠡᠭᠳᠡᠬᠦᠨ ᠢᠶᠠᠷ ᠠᠮᠵᠢᠯᠳᠠᠳᠠᠢ ᠮᠡᠳᠡᠬᠦᠯᠵᠣ᠂ ᠣᠷᠳᠣᠰ ᠨᠠᠷᠢᠨ ᠨᠣᠣᠰᠣᠳᠣ ᠬᠤᠨᠢᠨ ᠮᠢᠬ᠎ᠠ ᠵᠡᠷᠬᠡ 3 ᠲᠦᠷᠥᠯ ᠤᠨ ᠮᠠᠯ ᠳᠠᠷᠢᠶᠠᠯᠠᠩ ᠤᠨ ᠪᠦᠳᠦᠬᠡᠭᠳᠡᠬᠦᠨ ᠢ ᠦᠪᠡᠷᠳᠡᠬᠡᠨ ᠵᠠᠰᠠᠬᠤ ᠣᠷᠣᠨ ᠤ ︽ᠨᠠᠷᠠᠳᠣ ᠰᠢᠯᠢᠳᠡᠭ ᠣᠨᠴᠠᠯᠢᠭᠳᠣ︾ ᠪᠦᠳᠦᠬᠡᠭᠳᠡᠬᠦᠨ ᠢᠶᠠᠷ ᠦᠨᠡᠯᠡᠬᠦᠯᠵᠣ 125 ᠳᠠᠸᠠᠷ ᠤᠨ ᠳᠡᠮᠳᠡᠭᠳᠣ ᠶᠢ ᠰᠢᠨ᠎ᠡ ᠪᠠᠷ ᠳᠠᠩᠰᠠᠯᠠᠭᠤᠯᠪᠠ᠃ ᠡᠯ᠎ᠡ ᠲᠦᠷᠥᠯ ᠤᠨ ᠨᠦᠬᠦᠪᠦᠷᠢ ᠲᠠᠢ ᠳᠠᠷᠢᠶᠠᠯᠠᠩ ᠤᠨ ᠮᠠᠰᠢᠨ ᠬᠡᠷᠡᠭᠰᠡᠯ ᠢ 1256 ᠰᠠᠭᠤᠷᠢ ︵ᠢᠵᠢ︶ ᠳᠠᠷᠬᠠᠭᠠᠪᠠ᠃ ᠠᠹᠧᠷᠢᠺᠠ ᠲᠢᠪ ᠤᠨ ᠭᠠᠭ᠋ᠠᠢ ᠶᠢᠨ ᠬᠢᠵᠢᠭ ᠵᠡᠷᠬᠡ ᠠᠮᠢᠳᠠᠨ ᠤ ᠬᠢᠵᠢᠭ ᠡᠪᠡᠳᠴᠢᠨ ᠪᠠ ᠳᠠᠷᠢᠮᠠᠯ ᠤᠨ ᠡᠪᠡᠳᠴᠢᠨ ᠬᠤᠷᠣᠬᠠᠢ ᠶᠢᠨ ᠬᠦᠨᠦᠬᠡᠯ ᠢ ᠰᠢᠨᠵᠢᠯᠡᠬᠦ ᠣᠬᠠᠭᠠᠨᠴᠢ ᠪᠠᠷ ᠰᠠᠷᠬᠡᠶᠢᠯᠡᠨ ᠬᠤᠷᠢᠭᠯᠠᠪᠠ᠃ ᠣᠯᠠᠮᠵᠢᠯᠠᠯᠳᠣ ᠮᠠᠯ ᠳᠠᠷᠢᠶᠠᠯᠠᠩ ᠠᠵᠣ ᠠᠬᠤᠢ ᠶᠢᠨ ᠳᠣᠮᠣ ᠬᠤᠰᠢᠭᠤ ᠨᠢᠬᠡᠨᠳᠠ ᠪᠣᠬᠢᠷᠳᠣᠯ ᠦᠬᠡᠢ ᠣᠷᠭᠠᠨᠢᠭ᠂ ᠬᠡᠪᠴᠢᠶᠠᠵᠢᠨ ᠡᠷᠴᠢᠮᠵᠢᠭᠰᠡᠨ᠂ ᠴᠢᠨᠡᠷ ᠰᠠᠶᠢᠳᠠᠢ ᠦᠨ᠎ᠡ ᠳᠣᠬᠢᠷᠠᠮᠵᠢᠳᠡᠢ ᠣᠳᠣᠬᠢᠴᠢᠯᠠᠭᠰᠠᠨ ᠬᠦᠭᠵᠢᠯᠳᠡ ᠶᠢᠨ ᠵᠠᠮ  ᠢᠶᠠᠷ ᠵᠠᠮᠨᠠᠪᠠ᠃ ᠠᠵᠣ ᠣᠶᠢᠯᠡᠳᠪᠣᠷᠢ ᠶᠢᠨ ᠠᠵᠣ ᠠᠬᠤᠢ ᠶᠢ ᠬᠦᠴᠦᠳᠡᠢ ᠬᠦᠭᠵᠢᠬᠦᠯᠪᠠ᠃ ᠨᠠᠷᠢᠠᠭᠤᠣᠯ ᠠᠭᠤᠷᠬᠠᠢ  ᠶᠢᠨ ᠳᠣᠭᠤᠷᠢᠭ ᠤᠨ ᠶᠡᠷᠦᠩᠬᠡᠢ ᠲᠥᠯᠥᠪᠵᠢᠬᠦᠯᠬᠡ ᠶᠢᠨ ᠣᠷᠴᠢᠨ ᠳᠣᠭᠤᠷᠢᠨ ᠤ ᠦᠨᠡᠯᠡᠯᠳᠡ ᠶᠢ ᠵᠦᠪᠰᠢᠶᠠᠷᠠᠬᠦᠯᠵᠣ ᠮᠣᠳᠣᠨᠴᠠᠶᠢᠳᠠᠮ᠂ ᠨᠠᠷᠢᠠᠭᠤᠣᠯ ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠶᠢᠨ ᠳᠣᠭᠤᠷᠢᠭ ᠤᠨ ᠬᠦᠷᠢᠶ᠎ᠠ ᠬᠡᠪᠴᠢᠶ᠎ᠠ ᠶᠢ ᠵᠠᠭᠠᠭᠯᠠᠨ ᠳᠣᠭᠳᠠᠭᠠᠵᠣ ᠪᠦᠬᠦ ᠵᠢᠯ ᠤᠨ ᠨᠠᠬᠦᠷᠠᠰᠣᠨ ᠤ ᠭᠠᠷᠭᠠᠯᠳᠠ ᠶᠢ 4036 ᠲᠦᠮᠡᠨ ᠳᠣᠨ ᠬᠦᠷᠬᠡᠪᠠ᠃ ᠰᠢᠨ᠎ᠡ ᠪᠠᠷ 500 ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠳᠳᠤᠭ ᠮᠠᠯᠳᠠᠪᠠ᠃ ᠵᠦᠩ ᠲᠢᠶᠠᠨ ᠾᠧ ᠴᠤᠸᠠᠩ ᠺᠣᠮᠫᠠᠨᠢ ᠶᠢᠨ 90 ᠲᠦᠮᠡᠨ ᠳᠣᠨ ᠮᠧᠲ᠋ᠢᠯ ᠠᠯᠺᠦᠦᠯ ᠤᠨ ᠴᠡᠪᠡᠷ ᠨᠠᠷᠠᠮᠠᠯ ᠤᠨ ᠨᠠᠮᠠᠵᠣ ᠣᠭᠰᠠᠷᠠᠭᠰᠠᠨ ᠳᠣᠨᠤᠭ ᠲᠦᠬᠦᠬᠡᠷᠣᠮᠵᠢ ᠶᠢ ᠠᠰᠢᠭᠯᠠᠯᠳᠠ ᠳᠤ ᠣᠷᠣᠭᠤᠯᠵᠣ ᠵᠦᠩ ᠮᠧᠢ ᠪᠦᠯᠥᠭᠯᠡᠯ ᠤᠨ ᠣᠷᠳᠣᠰ ᠡᠨᠧᠷᠬᠢ ᠶᠢᠨ ᠬᠢᠮᠢ ᠶᠢᠨ ᠠᠵᠣ ᠣᠶᠢᠯᠡᠳᠪᠣᠷᠢ ᠶᠢᠨ ᠺᠣᠮᠫᠠᠨᠢ ᠶᠢᠨ 100 ᠲᠦᠮᠡᠨ ᠳᠣᠨ ᠨᠡᠶᠢᠯᠡᠮᠡᠯ ᠬᠡᠢ ᠪᠠᠷ ᠮᠧᠲ᠋ᠢᠯ ᠠᠯᠺᠦᠦᠯ ᠣᠶᠢᠯᠡᠳᠪᠣᠷᠢᠯᠡᠬᠦ ᠮᠡᠷᠬᠡᠵᠢᠯ ᠤᠨ ᠦᠬᠡᠷᠡᠴᠢᠯᠡᠯᠳᠡ᠂ ᠶᠢᠨ ᠴᠧᠩ ᠲᠠᠢ ᠺᠣᠮᠫᠠᠨᠢ ᠶᠢᠨ 30 ᠲᠦᠮᠡᠨ ᠳᠣᠨ ᠤ ᠡᠲ᠋ᠢᠯ ᠬᠤᠶᠡᠷᠴᠢ ᠠᠯᠺᠥᠥᠯ ᠵᠡᠷᠬᠡ ᠲᠦᠷᠥᠯ ᠵᠣᠶᠢᠯ ᠢ ᠡᠬᠢᠯᠡᠬᠦᠯᠥᠨ ᠪᠠᠶᠢᠭᠤᠯᠪᠠ᠃ ᠠᠯᠺᠧᠨ ᠶᠢᠨ ᠭᠠᠷᠭᠠᠯᠳᠠ ᠶᠢ 201.8 ᠲᠦᠮᠡᠨ ᠳᠣᠨ ᠬᠦᠷᠬᠡᠵᠣ ᠪᠦᠬᠦ ᠣᠯᠣᠰ ᠤᠨ ᠠᠯᠺᠧᠨ ᠶᠢᠨ ᠣᠶᠢᠯᠡᠳᠪᠣᠷᠢᠯᠡᠯ ᠤᠨ ᠴᠢᠳᠠᠪᠬᠢ ᠶᠢᠨ 16.7%  ᠶᠢ ᠡᠵᠡᠯᠡᠵᠡᠢ᠃ ᠭᠤᠣᠯ ᠪᠣᠯᠬᠤ ᠠᠵᠣ ᠣᠶᠢᠯᠡᠳᠪᠣᠷᠢ ᠶᠢᠨ ᠣᠶᠢᠯᠡᠳᠬᠦᠨ ᠤ ᠦᠨ᠎ᠡ ᠦᠨᠳᠣᠷ ᠪᠠᠶᠢᠵᠣ᠂ ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ ᠠᠬᠤᠶᠢᠯᠡᠯ ᠤᠨ ᠠᠰᠢᠭ ᠬᠤᠨᠵᠢᠪᠣᠷᠢ ᠠᠳᠠᠯᠢ ᠬᠤᠭᠤᠴᠠᠭᠠᠨ ᠤ ᠬᠢ ᠠᠴᠠ 89.6% ᠪᠠᠷ ᠨᠡᠮᠡᠭᠳᠡᠪᠠ᠃ ᠣᠳᠣ ᠦᠶ᠎ᠡ ᠶᠢᠨ ᠣᠶᠢᠯᠡᠴᠢᠯᠡᠬᠡᠨ ᠤ ᠣᠶᠢᠯᠡᠰ ᠦᠷᠨᠢᠨ ᠬᠦᠭᠵᠢᠪᠠ᠃ ᠪᠣᠷᠣᠳᠣᠬᠤᠢ ᠬᠦᠮᠦᠨ ︵ᠣᠷᠳᠣᠰ ᠬᠦᠮᠦᠨ︶ ᠢ ᠢᠯᠡᠷᠡᠬᠦᠯᠥᠭᠰᠡᠨ 95 ᠵᠢᠯ ᠤᠨ ᠣᠢ ᠶᠢᠨ ᠡᠷᠳᠡᠮ ᠰᠢᠨᠵᠢᠯᠡᠬᠡᠨ ᠤ ᠰᠣᠳᠣᠯᠣᠨ ᠶᠠᠷᠢᠯᠴᠠᠬᠤ ᠬᠤᠷᠠᠯ ᠪᠠ ᠳᠠᠯᠠᠬᠡᠢ ᠶᠢᠨ ᠪᠦᠳᠦᠨ ᠦᠬᠡᠷ ᠤᠨ ᠰᠢᠷᠠᠮᠠᠯ ᠢᠳᠡᠬᠡᠨ ᠤ ᠴᠣᠭᠯᠠᠭᠠᠨ ᠵᠡᠷᠬᠡ ᠳᠣᠮᠣ ᠬᠡᠯᠪᠡᠷᠢ ᠶᠢᠨ ᠠᠵᠢᠯᠯᠠᠭ᠎ᠠ ᠶᠢ 8 ᠳᠠᠯᠠᠪᠣᠷ ᠠᠮᠵᠢᠯᠳᠠᠳᠠᠢ ᠡᠷᠬᠢᠯᠡᠵᠣ᠂ 113 ᠲᠦᠮᠡᠨ ᠬᠦᠮᠥᠨ ᠣᠳᠠᠭ᠎ᠠ ᠶᠢᠨ ᠵᠢᠭᠤᠯᠴᠢᠯᠠᠭᠰᠠᠳ ᠢ ᠬᠦᠯᠢᠶᠠᠨ ᠵᠣᠴᠢᠯᠠᠵᠣ᠂ ᠵᠢᠭᠤᠯᠴᠢᠯᠡᠯ ᠤᠨ ᠶᠡᠷᠦᠩᠬᠡᠢ ᠣᠷᠣᠯᠭ᠎ᠠ ᠶᠢ 36.5 ᠳ᠋ᠦᠩᠰᠢᠭᠤᠷ ᠲᠦᠬᠦᠷᠢᠭ ᠬᠦᠷᠬᠡᠪᠠ᠃ ᠳᠠᠮᠣᠷ ᠵᠠᠮ᠂ ᠵᠠᠰᠠᠮᠠᠯ ᠵᠠᠮ ᠤᠨ ᠪᠠᠷᠠᠭ᠎ᠠ ᠳᠠᠬᠡᠬᠡᠪᠣᠷᠢᠯᠡᠭᠰᠡᠨ ᠬᠡᠮᠵᠢᠶ᠎ᠠ ᠶᠢ ᠳᠣᠰᠪᠣᠷᠢ 1091 ᠲᠦᠮᠡᠨ ᠳᠣᠨ᠂ 1871 ᠲᠦᠮᠡᠨ ᠳᠣᠨ ᠬᠦᠷᠬᠡᠵᠣ 13% ᠪᠠ 4.6% ᠪᠠᠷ ᠨᠡᠮᠡᠭᠳᠡᠪᠠ᠃ ᠴᠠᠭᠠᠨ ᠢᠳᠡᠬᠡᠨ ᠪᠣᠯᠪᠠᠰᠣᠷᠠᠭᠤᠯᠬᠤ ᠵᠡᠷᠬᠡ ᠣᠯᠠᠮᠵᠢᠯᠠᠯᠳᠣ ᠦᠪᠡᠷᠮᠢᠴᠡ ᠣᠨᠴᠠᠯᠢᠭᠳᠣ ᠭᠠᠷ ᠣᠶᠢᠯᠡᠳᠪᠣᠷᠢ ᠶᠢᠨ ᠡᠷᠦᠬᠡ ᠶᠢ 289 ᠪᠠᠶᠢᠭᠤᠯᠪᠠ᠃ ᠭᠠᠷ ᠳᠠᠮᠵᠢᠭᠰᠠᠨ ᠳᠡᠷᠬᠡᠨ ᠠᠷᠠᠯᠵᠢᠶ᠎ᠠ᠂ ᠡᠯᠺᠲᠷᠣᠨ ᠬᠤᠳᠠᠯᠳᠤᠭ᠎ᠠ᠂ ᠲᠦᠷᠬᠡᠨ ᠬᠦᠷᠬᠡᠯᠳᠡ᠂ ᠪᠠᠷᠠᠭᠠᠨ ᠬᠦᠢᠯᠬᠡᠬᠡ᠂ ᠬᠡᠷ ᠠᠬᠤᠢ ᠶᠢᠨ ᠣᠶᠢᠯᠡᠴᠢᠯᠡᠭᠡ᠂ ᠵᠠᠬᠢᠶᠠᠯᠠᠯᠭ᠎ᠠ  ᠶᠢᠨ ᠬᠦᠷᠬᠡᠯᠳᠡ ᠶᠢᠨ ᠣᠶᠢᠯᠡᠴᠢᠯᠡᠭᠡ᠂ ᠰᠣᠷᠭᠠᠨ ᠬᠦᠮᠦᠵᠢᠯ ᠪᠣᠯᠪᠠᠰᠣᠷᠠᠯ ᠵᠡᠷᠬᠡ ᠠᠮᠢᠳᠣᠷᠠᠯ ᠤᠨ ᠴᠢᠨᠡᠷᠳᠡᠢ ᠣᠶᠢᠯᠡᠴᠢᠯᠡᠬᠡᠨ ᠤ ᠣᠶᠢᠯᠡᠰ ᠢ ᠲᠦᠷᠬᠡᠨ ᠬᠦᠭᠵᠢᠬᠦᠯᠪᠠ᠃ ᠪᠦᠬᠦ ᠬᠤᠰᠢᠭᠤᠨ ᠤ ᠠᠵᠣ ᠠᠬᠤᠢ ᠶᠢᠨ ᠠᠮᠢᠵᠢᠷᠠᠯ ᠤᠨ ᠬᠦᠴᠦᠨ ᠴᠢᠩᠭᠠᠷᠠᠵᠦ ᠨᠢᠬᠡᠳᠣᠬᠡᠷ᠂ ᠬᠤᠶᠠᠳᠣᠭᠠᠷ᠂ ᠭᠤᠷᠪᠠᠳᠣᠭᠠᠷ ᠠᠵᠣ ᠣᠶᠢᠯᠡᠰ ᠢ ᠬᠠᠮᠳᠣ ᠳᠤᠨᠢ ᠬᠦᠭᠵᠢᠬᠦᠯᠣᠨ ᠬᠠᠷᠢᠯᠴᠠᠨ ᠠᠬᠢᠭᠤᠯᠵᠤ ᠬᠠᠷᠢᠯᠴᠠᠨ ᠨᠦᠬᠦᠪᠦᠷᠢᠯᠡᠵᠣ ᠣᠷᠢᠳ ᠡᠮᠣᠨ᠎ᠠ ᠭᠠᠷᠤᠭ᠎ᠠ ᠦᠬᠡᠢ ᠬᠦᠭᠵᠢᠯᠳᠡ ᠶᠢᠨ ᠬᠠᠨᠳᠣᠰᠢ ᠪᠠᠷ ᠪᠦᠬᠦ ᠬᠤᠳᠠ ᠶᠢᠨ ᠡᠮᠣᠨ᠎ᠠ ᠡᠩᠨᠡᠬᠡᠨ ᠳᠤ ᠣᠷᠣᠬᠤ ᠪᠠᠷ ᠣᠷᠣᠭᠰᠢᠯᠠᠵᠣ ᠪᠠᠶᠢᠨ᠎ᠠ᠃      ︵ᠲᠦᠷᠪᠠ︶ ᠳᠣᠳᠠᠭᠤᠳᠠᠯ ᠢᠶᠠᠨ ᠨᠠᠷᠢᠯᠢᠭ ᠣᠨᠣᠪᠴᠢᠳᠠᠢ ᠨᠦᠬᠦᠪᠦᠷᠢᠯᠡᠵᠣ ᠬᠦᠭᠵᠢᠯᠳᠡ ᠶᠢᠨ ᠰᠠᠭᠤᠷᠢ ᠶᠢ ᠳᠠᠰᠣᠷᠠᠯᠳᠠ ᠦᠬᠡᠢ ᠪᠠᠬᠢᠵᠢᠬᠦᠯᠪᠠ᠃ ᠪᠦᠬᠦ ᠣᠯᠣᠰ ᠤᠨ ᠬᠤᠰᠢᠭᠤ ᠰᠢᠶᠠᠨ ᠤ ᠳᠠᠰ ᠤᠨ ᠪᠣᠯᠪᠠᠰᠣᠨ ᠬᠤᠳᠠ ᠶᠢᠨ ᠡᠭᠦᠳᠦᠨ ᠪᠠᠶᠢᠭᠤᠯᠤᠯᠲᠠ ᠳᠤ ᠪᠦᠬᠦ ᠠᠷᠠᠳ ᠢᠶᠠᠷ ᠢᠶᠠᠨ ᠬᠦᠳᠡᠯᠦᠯᠴᠡᠪᠡ᠃ ᠪᠦᠬᠦ ᠬᠤᠰᠢᠭᠤᠨ ᠤ ᠵᠠᠭᠤ ᠭᠠᠷᠤᠢ ᠪᠠᠶᠢᠭᠤᠯᠭ᠎ᠠ ᠨᠢᠬᠡᠴᠢ ᠶᠢᠨ ᠲᠦᠮᠡ ᠭᠠᠷᠤᠢ ᠺᠠᠳ᠋ᠷ ᠠᠵᠢᠯᠳᠠᠨ ᠬᠠᠮᠳᠣᠪᠠᠷ ᠬᠦᠳᠡᠯᠥᠯᠴᠡᠨ ᠠᠵᠢᠯᠯᠠᠵᠣ ᠣᠷᠣᠨ ᠬᠡᠰᠡᠭ ᠬᠤᠪᠢᠶᠠᠨ ᠳᠠᠭᠠᠭᠠᠴᠢᠯᠠᠵᠣ ᠨᠡᠶᠢᠬᠡᠮ ᠳᠣᠭᠤᠷᠢᠭ᠂ ᠠᠶᠢᠯ ᠡᠷᠦᠬᠡ ᠪᠠᠷ ᠬᠦᠨᠵᠡᠬᠡᠶᠢᠷᠡᠨ ᠪᠦᠬᠦ ᠣᠯᠣᠰ ᠤᠨ ᠬᠤᠰᠢᠭᠤ ᠰᠢᠶᠠᠨ ᠤ ᠳᠠᠰ ᠤᠨ ᠪᠣᠯᠪᠠᠰᠣᠨ ᠬᠤᠳᠠ ᠶᠢᠨ ᠡᠬᠦᠳᠣᠨ ᠪᠠᠶᠢᠭᠤᠯᠣᠯᠳᠠ ᠶᠢ ᠣᠬᠠᠭᠤᠯᠣᠨ ᠳᠠᠶᠢᠯᠪᠣᠷᠢᠯᠡᠵᠤ ᠦᠵᠡᠯ ᠰᠠᠨᠠᠭ᠎ᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠦ ᠲᠦᠮᠡᠨ ᠣᠯᠠᠨ ᠨᠢᠭᠳᠠᠷᠠᠨ ᠪᠦᠯᠬᠦᠮᠳᠡᠭᠰᠡᠨ ᠨᠡᠶᠢᠯᠡᠮᠠᠯ ᠬᠦᠴᠦᠨ ᠢ ᠪᠦᠷᠢᠯᠳᠦᠬᠦᠯᠵᠣ ᠠᠩᠬᠠᠨ ᠤ ᠵᠢᠯ ᠤᠨ ᠬᠡᠮᠵᠢᠨ ᠳᠣᠭᠳᠠᠭᠠᠯᠳᠠ ᠳᠤ ᠪᠦᠬᠦ ᠣᠷᠣᠨ ᠤ ᠨᠢᠬᠡᠳᠣᠬᠡᠷ ᠲᠤ ᠵᠢᠭᠰᠠᠭᠠᠭᠳᠠᠪᠠ᠃ ᠬᠤᠳᠠ ᠶᠢᠨ ᠶᠠᠪᠣᠳᠠᠯ ᠤᠨ ᠳᠣᠳᠠᠭᠤᠳᠠᠯ ᠢ ᠬᠦᠴᠥᠯᠡᠨ ᠳᠡᠬᠦᠯᠳᠡᠷᠵᠢᠬᠦᠯᠵᠣ ᠬᠤᠳᠠ ᠶᠢᠨ ᠴᠢᠳᠠᠪᠬᠢ ᠶᠢ ᠴᠢᠩᠭᠠᠷᠠᠭᠤᠯᠣᠨ ᠬᠤᠳᠠ ᠶᠢᠨ ᠵᠡᠷᠬᠡ ᠳᠠᠰ ᠢ ᠳᠡᠬᠡᠭᠰᠢᠯᠡᠬᠦᠯᠵᠣ ᠪᠦᠬᠦ ᠵᠢᠯ ᠳᠤ ︽ᠭᠠᠯᠠᠭᠤᠳᠣ ᠪᠠᠯᠭᠠᠰᠣᠨ ᠤ ᠬᠤᠳᠠ ᠶᠢᠨ ᠶᠡᠷᠦᠩᠬᠡᠢ ᠲᠥᠯᠥᠪᠵᠢᠬᠦᠯᠬᠡ ︵2018 — 2035︶︾ ᠵᠡᠷᠬᠡ 15 ᠲᠦᠷᠥᠯ ᠤᠨ ᠲᠥᠯᠥᠪᠵᠢᠬᠦᠯᠬᠡ ᠶᠢ ᠵᠠᠰᠠᠪᠣᠷᠢᠯᠡᠨ ᠨᠠᠶᠢᠷᠠᠭᠤᠯᠵᠣ ᠡᠯ᠎ᠡ ᠲᠦᠷᠥᠯ ᠤᠨ ᠬᠤᠭᠤᠯᠠᠢ ᠳᠣᠣᠷᠵᠢᠯ ᠢ 30 ᠺᠢᠯᠥᠮᠧᠲᠷ ᠳᠠᠪᠢᠰᠴᠣ ᠣᠰᠣ ᠪᠠᠷ ᠵᠠᠶᠢᠯᠠᠬᠤ ᠮᠠᠶ᠋ᠢᠭ ᠤᠨ ᠵᠣᠷᠯᠣᠩ ᠢ 14 ᠰᠢᠨ᠎ᠡ ᠪᠠᠷ ᠪᠣᠶᠣ ᠦᠬᠡᠷᠡᠴᠢᠯᠡᠨ ᠪᠠᠶᠢᠭᠤᠯᠵᠣ ᠵᠡᠬᠡᠯᠢ ᠭᠤᠳᠣᠮᠵᠢ ᠶᠢ 10 ᠲᠦᠮᠡᠨ ᠳᠡᠭᠰᠢ ᠲᠦᠷᠪᠠᠯᠵᠢᠨ ᠮᠧᠲᠷ ᠬᠠᠳᠠᠭᠤᠷᠠᠭᠤᠯᠪᠠ᠃ ᠰᠣᠪᠣᠷᠭ᠎ᠠ ᠠᠭᠤᠳᠠᠮ ᠳᠠᠯᠠᠪᠠᠢ᠂ ᠳᠣᠭᠤᠶᠢᠯᠠᠩ ᠠᠭᠤᠳᠠᠮ ᠳᠠᠯᠠᠪᠠᠢ ᠪᠠ ᠰᠣᠷᠭᠠᠨ ᠬᠦᠮᠦᠵᠢᠯ ᠤᠨ ᠬᠦᠷᠢᠶᠠᠯᠠᠩ ᠳᠣᠭᠤᠷᠢᠭ ᠵᠡᠷᠬᠡ ᠭᠤᠣᠯ ᠪᠣᠯᠬᠤ ᠬᠤᠳᠠ ᠶᠢᠨ ᠶᠠᠪᠣᠳᠠᠯ ᠤᠨ ᠠᠭᠤᠯᠵᠠᠷ ᠴᠡᠭ ᠤᠨ ᠦᠵᠡᠮᠵᠢ ᠶᠢ ᠦᠭᠡᠷᠡᠴᠢᠯᠡᠨ ᠰᠠᠶᠢᠵᠢᠷᠠᠭᠤᠯᠵᠦ᠂ 12 ᠲᠦᠮᠡᠨ ᠳᠡᠭᠰᠢ ᠲᠦᠷᠪᠠᠯᠵᠢᠨ ᠮᠧᠲᠷ ᠭᠠᠵᠠᠷ ᠢ ᠨᠤᠭᠤᠭᠠᠷᠠᠭᠤᠯᠪᠠ᠃ 17 ᠬᠠᠭᠤᠴᠢᠨ ᠰᠠᠭᠤᠭᠠᠯᠢ ᠳᠣᠭᠤᠷᠢᠭ ᠢ ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠵᠣ ᠪᠥᠸᠧ ᠵᠢᠤᠸᠠᠢ ᠰᠠᠭᠤᠭᠠᠯᠢ ᠳᠣᠭᠤᠷᠢᠭ᠂ ᠸᠠᠨ ᠯᠢ ᠰᠠᠭᠤᠭᠠᠯᠢ ᠳᠣᠭᠤᠷᠢᠭ ᠵᠡᠷᠭᠡ ᠰᠠᠭᠤᠭᠠᠯᠢ ᠳᠣᠭᠤᠷᠢᠭ ᠤᠨ ᠰᠠᠭᠤᠷᠢ ᠲᠦᠬᠦᠬᠡᠷᠣᠮᠵᠢ ᠶᠢ ᠰᠠᠶᠢᠵᠢᠷᠠᠭᠤᠯᠣᠨ ᠰᠢᠨ᠎ᠡ ᠡᠨᠧᠷᠬᠢᠳᠣ ᠨᠠᠶᠢᠳᠠ ᠶᠢᠨ ᠮᠠᠰᠢᠨ ᠳᠡᠷᠬᠡ ᠶᠢ 6 ᠲᠤᠬᠢᠷᠠᠭᠤᠯᠵᠦ 36 ᠲᠦᠷᠢᠶᠠᠰᠣᠨ ᠮᠠᠰᠢᠨ ᠳᠡᠷᠬᠡᠨ ᠵᠣᠭᠰᠣᠭᠠᠯ ᠤᠨ ᠴᠡᠭ ᠳᠣᠬᠢᠷᠠᠭᠤᠯᠪᠠ᠃ ᠮᠠᠯᠵᠢᠬᠤ ᠳᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠤ ᠵᠠᠰᠠᠯᠳᠠ  ᠶᠢ ᠯᠠᠪᠳᠠᠭᠤᠨ ᠠᠬᠢᠭᠤᠯᠵᠣ ᠰᠣᠮᠣ ᠪᠠᠯᠭᠠᠰᠣᠨ ᠤ ᠠᠮᠢᠳᠣᠷᠠᠯ ᠤᠨ ᠬᠤᠭ ᠨᠣᠪᠰᠢ᠂ ᠪᠣᠬᠢᠷ ᠣᠰᠣ ᠶᠢ ᠲᠦᠪᠯᠠᠷᠠᠬᠦᠯᠥᠨ ᠰᠢᠢᠳᠪᠣᠷᠢᠯᠡᠬᠦ ᠳᠠᠯᠠᠪᠣᠷ ᠤᠨ ᠲᠥᠯᠥᠪᠵᠢᠬᠦᠯᠬᠡ ᠶᠢ ᠨᠠᠶᠢᠷᠠᠭᠤᠯᠣᠨ ᠵᠣᠬᠢᠶᠠᠵᠣ 656 ᠡᠷᠦᠭᠡ ᠶᠢᠨ ᠣᠰᠣ ᠪᠠᠷ ᠵᠠᠶᠢᠯᠠᠬᠤ ᠮᠠᠶ᠋ᠢᠭ ᠤᠨ ᠵᠣᠷᠯᠥᠩ ᠢ ᠦᠬᠡᠷᠡᠴᠢᠯᠡᠨ ᠪᠠᠷᠢᠵᠦ᠂ ᠳᠣᠯᠢ ᠲᠦᠪᠯᠡᠷᠠᠨ ᠰᠠᠭᠤᠷᠢᠰᠢᠬᠤ ᠰᠠᠭᠤᠭᠠᠯᠢ ᠠᠷᠠᠳ ᠤᠨ ᠴᠡᠭ ᠤᠨ ᠪᠠᠭ᠎ᠠ ᠬᠡᠯᠪᠠᠷᠢ ᠶᠢᠨ ᠪᠣᠬᠢᠷ ᠣᠰᠣ ᠰᠢᠢᠳᠪᠣᠷᠢᠯᠡᠬᠦ ᠳᠠᠯᠠᠪᠣᠷ ᠢ ᠠᠰᠢᠭᠯᠠᠯᠳᠠ ᠳᠤ ᠣᠷᠣᠭᠤᠯᠵᠣ ᠣᠯᠠᠨ ᠨᠠᠶᠢᠳᠠ ᠶᠢᠨ ᠣᠷᠴᠢᠨ ᠳᠣᠭᠤᠷᠢᠨ ᠢ ᠪᠠᠶᠢᠩᠭᠤ ᠴᠡᠪᠡᠷᠯᠡᠨ ᠬᠠᠮᠠᠭᠠᠯᠠᠬᠤ ᠣᠯᠠᠨ ᠲᠦᠷᠥᠯ ᠤᠨ ᠲᠦᠷᠢᠮ ᠳᠣᠭᠳᠠᠭᠠᠯ ᠢ ᠲᠤᠭᠲᠠᠭᠠᠪᠠ᠃ ᠰᠠᠭᠤᠷᠢ ᠲᠦᠬᠦᠬᠡᠷᠣᠮᠵᠢ ᠶᠢᠨ ᠪᠠᠶᠢᠭᠤᠯᠣᠯᠳᠠ ᠶᠢ ᠬᠦᠴᠦᠯᠡᠨ ᠳᠡᠬᠦᠯᠳᠡᠷᠵᠢᠬᠦᠯᠪᠠ᠃ ᠦᠪᠣᠷ ᠮᠣᠩᠭᠤᠯ ᠤᠨ ᠪᠠᠷᠠᠭᠤᠨ ᠬᠡᠰᠡᠭ ᠠᠴᠠ ᠳᠣᠮᠳᠠᠳᠣ ᠣᠷᠣᠨ ᠬᠦᠷᠬᠦ ᠳᠠᠮᠣᠷ ᠵᠠᠮ ᠤᠨ ᠵᠠᠮ ᠳᠠᠪᠢᠰᠬᠦ ᠠᠵᠢᠯ ᠢ ᠦᠨᠳᠣᠰᠣᠨ ᠳᠡᠭᠡᠨ ᠳᠠᠭᠤᠰᠬᠠᠵᠣ ᠲᠦᠩᠽᠢ ᠠᠴᠠ ᠱᠠᠷᠯᠢᠭ ᠬᠦᠷᠬᠦ 20 ᠺᠢᠯᠣᠮᠧᠲᠷ ᠤᠨ ᠵᠠᠰᠠᠮᠠᠯ ᠵᠠᠮ ᠢ ᠶᠡᠭᠡ ᠪᠠᠷ ᠵᠠᠰᠠᠬᠤ ᠠᠵᠢᠯ ᠢ ᠳᠠᠭᠤᠰᠬᠠᠨ ᠳᠡᠷᠬᠡ ᠨᠡᠪᠳᠡᠷᠡᠬᠦᠯᠵᠣ ᠭᠠᠯᠠᠭᠤᠳᠣ ᠠᠴᠠ ᠣᠯᠠᠭᠠᠨᠪᠠᠯᠭᠠᠰᠣ ᠬᠦᠷᠬᠦ᠂ ᠳᠣᠯᠢ ᠠᠴᠠ ᠨᠠᠩᠰᠣ ᠬᠦᠷᠬᠦ ᠨᠢᠬᠡᠳᠣᠬᠡᠷ ᠳᠠᠰ ᠤᠨ ᠵᠠᠰᠠᠮᠠᠯ ᠵᠠᠮ ᠤᠨ ᠵᠠᠮ ᠤᠨ ᠰᠠᠭᠤᠷᠢ᠂ ᠬᠦᠬᠦᠷᠬᠡᠨ ᠭᠤᠯᠳᠣᠩ ᠤᠨ ᠪᠠᠷᠢᠯᠭ᠎ᠠ ᠶᠢᠨ ᠠᠵᠢᠯ ᠢ ᠦᠨᠳᠣᠰᠣᠨ ᠳᠡᠭᠡᠨ ᠳᠠᠭᠤᠰᠬᠠᠪᠠ᠃ ᠬᠤᠨᠴᠢᠨᠭᠤᠤᠯ ᠠᠴᠠ ᠲᠤᠭᠤᠯᠳᠠᠢ ᠬᠦᠷᠬᠦ 220 ᠺᠢᠯᠤᠸᠤᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ᠂ ᠳᠠᠪᠴᠠᠭ ᠪᠠᠯᠭᠠᠰᠣ ᠠᠴᠠ ᠳᠣᠯᠢ 35 ᠺᠢᠯᠤᠸᠤᠯᠲ ᠤᠨ ᠴᠠᠬᠢᠯᠭᠠᠨ ᠦᠷᠳᠡᠭᠡ ᠬᠦᠷᠬᠦ ᠴᠠᠬᠢᠯᠭᠠᠨ ᠣᠳᠠᠰᠣᠨ ᠵᠠᠮ ᠤᠨ ᠦᠬᠡᠷᠡᠴᠢᠯᠡᠯᠳᠡ ᠶᠢᠨ ᠢᠨᠵᠧᠨᠧᠷᠢᠩ ᠢ ᠳᠠᠭᠤᠰᠬᠠᠵᠣ᠂ ᠮᠣᠣᠪᠣᠯᠠᠭ 35 ᠺᠢᠯᠤᠸᠤᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ᠤᠨ ᠪᠠᠷᠢᠯᠭ᠎ᠠ ᠶᠢ ᠠᠰᠢᠭᠯᠠᠯᠳᠠ ᠳᠤ ᠣᠷᠣᠭᠤᠯᠵᠣ ᠳᠠᠷᠢᠶᠠᠯᠠᠩ ᠤᠨ ᠴᠠᠬᠢᠯᠭᠠᠨ ᠳᠣᠣᠷ ᠢ 650 ᠺᠢᠯᠣᠮᠧᠲᠷ ᠦᠬᠡᠷᠡᠴᠢᠯᠡᠪᠠ᠃       ︵ᠳᠠᠪᠤ︶ ᠠᠷᠠᠳ ᠤᠨ ᠠᠮᠢᠳᠣᠷᠠᠯ ᠢ ᠪᠦᠬᠦ ᠰᠠᠳᠬᠢᠯ ᠪᠦᠬᠦ ᠬᠦᠴᠦ ᠪᠠᠷ ᠢᠶᠠᠨ ᠬᠠᠷᠠᠭᠠᠯᠵᠠᠵᠣ ᠠᠷᠠᠳ ᠲᠥᠮᠡᠨ ᠤ ᠠᠮᠢᠳᠣᠷᠠᠯ ᠨᠡᠩ ᠵᠣᠯ ᠵᠢᠷᠭᠠᠯᠳᠠᠢ ᠪᠣᠯᠪᠠ᠃ 22.9 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ ᠠᠵᠢᠯ ᠣᠯᠭᠤᠯᠳᠠ᠂ ᠰᠣᠷᠭᠠᠨ ᠬᠦᠮᠦᠵᠢᠯ᠂ ᠡᠮ ᠡᠮᠨᠡᠯᠬᠡ᠂ ᠨᠠᠰᠣᠳᠠᠨ ᠤ ᠠᠰᠠᠷᠠᠮᠵᠢ᠂ ᠰᠣᠶᠣᠯ ᠵᠡᠷᠬᠡ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠶᠢᠳᠠᠮ ᠠᠩᠬᠠᠷᠴᠤ ᠪᠠᠶᠢᠭ᠎ᠠ ᠣᠴᠢᠷ ᠶᠠᠪᠤᠳᠠᠯ ᠤᠳ ᠠᠴᠠ ᠭᠠᠷᠳᠠᠨ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠠᠵᠢᠯ ᠢ ᠴᠢᠩᠭᠠᠳᠬᠠᠪᠠ᠃ 1200 ᠲᠦᠮᠡᠨ ᠲᠦᠬᠦᠷᠢᠭ ᠤᠨ ᠪᠠᠭ᠎ᠠ ᠳᠣᠭᠠᠨ ᠤ ᠵᠢᠬᠡᠯᠡᠯᠬᠡ ᠳᠠᠯᠪᠢᠵᠣ ᠶᠡᠭᠡ ᠳᠡᠬᠡᠳᠣ ᠰᠣᠷᠭᠠᠭᠤᠯᠢ ᠳᠡᠬᠦᠰᠦᠭᠰᠡᠨ ᠰᠣᠷᠣᠭᠴᠢᠳ ᠢ 100 ᠨᠠᠷ᠎ᠠ ᠨᠠᠶᠢᠳᠠᠨ ᠬᠦᠮᠦᠵᠢᠬᠦᠯᠵᠣ ᠦᠨᠳᠣᠰᠣᠨ ᠱᠠᠳᠣ ᠪᠠ ᠦᠢᠯᠡᠴᠢᠯᠡᠭᠡᠨ ᠤ ᠴᠣᠩᠬᠤᠪᠴᠢ ᠶᠢᠨ ᠠᠵᠢᠯᠳᠠᠨ ᠢ 140 ᠨᠠᠷ᠎ᠠ ᠳᠣᠬᠢᠷᠠᠭᠤᠯᠪᠠ᠃ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠳᠡᠬᠡᠳᠣ ᠰᠣᠷᠭᠠᠭᠤᠯᠢ ᠵᠢᠴᠢ ︽ᠬᠤᠣᠰ ᠳᠡᠷᠢᠬᠦᠨ ᠳᠠᠰ︾ ᠤᠨ ᠶᠡᠭᠡ ᠰᠣᠷᠭᠠᠭᠤᠯᠢ ᠶᠢᠨ ᠰᠣᠷᠭᠠᠨ ᠬᠦᠮᠦᠵᠢᠯ ᠤᠨ 14 ᠴᠢᠳᠠᠪᠣᠷᠢᠳᠠᠨ ᠢ ᠣᠷᠢᠨ ᠠᠪᠴᠢᠷᠠᠵᠣ᠂ 212 ᠪᠠᠭᠰᠢ ᠶᠢ ᠰᠢᠯᠭᠠᠨ ᠡᠯᠰᠡᠪᠠ︔ ᠭᠤᠷᠪᠠᠳᠣᠭᠠᠷ ᠬᠡᠣᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠣ ᠣᠷᠳᠣᠪᠠᠶ᠎ᠠ ᠰᠣᠷᠭᠠᠭᠤᠯᠢ ᠶᠢᠨ ᠪᠠᠭᠰᠢ ᠶᠢᠨ ᠪᠠᠶᠢᠷᠢ ᠶᠢ ᠠᠰᠢᠭᠯᠠᠯᠳᠠ ᠳᠤ ᠣᠷᠣᠭᠤᠯᠪᠠ᠃ ᠪᠣᠷᠣ ᠬᠡᠷᠳᠣ ᠳᠣᠭᠤᠷᠢᠭ ᠤᠨ ᠦᠬᠡᠷᠡᠴᠢᠯᠡᠯᠳᠡ ᠶᠢ 980 ᠢᠵᠢ ᠪᠠᠶᠠᠯᠡᠬᠦᠯᠪᠠ᠃ ᠬᠤᠳᠠ ᠬᠦᠳᠡᠭᠡ ᠶᠢᠨ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠬᠦᠯᠥᠬᠡᠳ 611 ᠲᠦᠬᠦᠷᠢᠭ ᠪᠠ 476 ᠲᠦᠬᠦᠷᠢᠭ ᠪᠣᠯᠭᠠᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠣᠰᠣᠨ ᠨᠠᠰᠣᠵᠢᠯ ᠤᠨ ᠮᠦᠩᠬᠦ ᠶᠢ ᠰᠠᠷ᠎ᠠ ᠪᠣᠯᠭᠠᠨ 68 ᠲᠦᠬᠦᠷᠢᠭ ᠳᠡᠬᠡᠭᠰᠢᠯᠡᠬᠦᠯᠵᠣ ᠠᠵᠣ ᠠᠬᠤᠶᠢᠯᠡᠯ ᠤᠨ ᠠᠵᠢᠯᠴᠢᠨ ᠤ ᠨᠠᠰᠦᠵᠢᠯ ᠤᠨ ᠳᠠᠭᠠᠳᠬᠠᠯ ᠤᠨ ᠰᠦᠢᠳᠬᠡᠯ ᠳᠣᠰᠢᠶᠠᠬᠤ ᠨᠣᠷᠮ᠎ᠠ ᠶᠢ 1% ᠪᠠᠷ ᠳᠣᠷᠣᠭᠰᠢᠯᠠᠭᠤᠯᠪᠠ᠃ ᠪᠦᠬᠦ ᠣᠯᠣᠰ ᠤᠨ ᠡᠷᠡᠬᠦᠯ ᠡᠩᠬᠡ ᠶᠢ ᠠᠬᠢᠭᠤᠯᠬᠤ ᠬᠤᠰᠢᠭᠤ ᠶᠢ ᠡᠬᠢᠯᠡᠬᠦᠯᠥᠨ ᠪᠦᠳᠦᠬᠡᠨ ᠪᠠᠶᠢᠭᠤᠯᠵᠣ᠂ ᠦᠪᠡᠷᠳᠡᠬᠡᠨ ᠵᠠᠰᠠᠬᠤ ᠣᠷᠣᠨ ᠤ ᠣᠳᠠᠭᠠᠨ ᠴᠢᠨᠡᠷᠳᠡᠢ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠬᠦ ᠵᠢᠱᠢᠶᠠᠴᠢ ᠣᠷᠣᠨ ᠢ ᠡᠬᠦᠳᠣᠨ ᠪᠠᠶᠢᠭᠤᠯᠵᠣ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠤᠷᠤᠭᠤᠯᠤᠨ ᠬᠢᠵᠢᠭ ᠢ ᠡᠵᠡᠮᠳᠡᠬᠦ ᠲᠦᠪ ᠤᠨ ᠬᠠᠯᠳᠠᠪᠤᠷᠢᠲᠤ ᠡᠪᠡᠳᠴᠢᠨ ᠢ ᠪᠠᠴᠢᠮ ᠰᠢᠢᠳᠪᠦᠷᠢᠯᠡᠬᠦ ᠲᠤᠷᠰᠢᠯᠲᠠ ᠶᠢᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ ᠴᠢᠩᠬᠤᠸᠠ ᠶᠡᠭᠡ ᠰᠣᠷᠭᠠᠭᠤᠯᠢ ᠶᠢᠨ ᠨᠢᠬᠡᠳᠣᠬᠡᠷ ᠬᠠᠷᠢᠶᠠᠳᠣ ᠡᠮᠨᠡᠯᠬᠡ ᠶᠢᠨ ᠬᠤᠷᠢᠶ᠎ᠠ᠂ ᠣᠯᠠᠨ ᠣᠯᠣᠰ ᠤᠨ ᠮᠣᠩᠭᠤᠯ ᠡᠮᠨᠡᠯᠬᠡ ᠶᠢᠨ ᠬᠤᠷᠢᠶ᠎ᠠ ᠵᠡᠷᠬᠡ ᠡᠮᠨᠡᠯᠭᠡ ᠶᠢᠨ ᠬᠤᠷᠢᠶᠠᠨ ᠤ ᠨᠠᠷᠠᠳᠣ ᠳᠣᠰᠬᠠᠢ ᠮᠡᠷᠬᠡᠵᠢᠯᠳᠡᠨ ᠢ ᠮᠠᠨ ᠤ ᠬᠤᠰᠢᠭᠤᠨ ᠳᠤ ᠣᠷᠢᠵᠦ ᠠᠪᠴᠢᠷᠠᠨ ᠠᠯᠪᠠᠨ ᠵᠢᠷᠣᠮ ᠤᠨ ᠡᠮᠴᠢᠯᠡᠬᠡᠨ ᠤ ᠠᠵᠢᠯᠯᠠᠭ᠎ᠠ ᠶᠢ 9 ᠣᠳᠠᠭ᠎ᠠ ᠲᠦᠪᠯᠡᠷᠡᠬᠦᠯᠦᠨ ᠦᠷᠨᠢᠬᠦᠯᠵᠣ 65 ᠪᠦᠬᠦᠯᠢ ᠨᠠᠰᠤᠨ ᠠᠴᠠ ᠲᠡᠭᠡᠭᠰᠢᠬᠢ ᠨᠠᠰᠤᠲᠠᠶᠢᠴᠤᠳ ᠲᠤ ᠠᠭᠤᠰᠬᠢ ᠶᠢᠨ ᠦᠷᠪᠢᠰᠦᠯ᠂ ᠲᠠᠭᠰᠢᠭᠤᠷ ᠤᠨ ᠸᠠᠺᠼᠢᠨ  ᠢ ᠰᠦᠢᠳᠬᠡᠯ ᠬᠤᠷᠢᠶᠠᠬᠤ ᠦᠭᠡᠢ ᠪᠠᠷ ᠳᠠᠷᠢᠨ 4900 ᠭᠠᠷᠦᠢ ᠬᠦᠮᠦᠨ ᠳᠤ ᠠᠰᠢᠭ ᠬᠦᠷᠳᠡᠬᠡᠪᠠ᠃ ᠭᠠᠳᠠᠭᠰᠢ ᠭᠠᠷᠴᠣ ᠳᠣᠭᠯᠠᠯᠳᠠ ᠭᠠᠷᠭᠠᠭᠰᠠᠨ ᠰᠣᠶᠣᠯ ᠤᠨ ᠦᠷ᠎ᠡ ᠪᠦᠳᠣᠮᠵᠢ ᠢᠶᠠᠷ ᠰᠠᠶᠢᠨ ᠪᠠᠶᠢᠵᠣ ᠣᠯᠠᠭᠠᠠᠮᠦ᠋ᠴᠢᠷ᠂ ᠮᠣᠷᠢᠨ ᠬᠤᠭᠤᠷ ᠤᠨ ᠰᠢᠮᠫᠣᠨᠢ ᠬᠦᠭᠵᠢᠮ ᠤᠨ ᠪᠦᠯᠬᠦᠮ ᠨᠢ ᠭᠧᠷᠮᠠᠨ᠂ ᠹᠷᠠᠨᠼᠢ ᠵᠡᠷᠬᠡ ᠤᠯᠤᠰ ᠣᠷᠣᠨ ᠢᠶᠠᠷ ᠬᠦᠷᠴᠣ ᠰᠣᠶᠣᠯ ᠤᠨ ᠰᠣᠯᠢᠯᠴᠠᠭᠠᠨ ᠤ ᠳᠣᠭᠯᠠᠯᠳᠠ ᠭᠠᠷᠭᠠᠵᠣ ᠳᠠᠯ᠎ᠠ ᠨᠣᠳᠤᠭ ᠤᠨ ᠰᠣᠶᠣᠯ ᠤᠨ ᠭᠠᠶᠢᠬᠠᠮᠰᠢᠭᠳᠣ ᠰᠠᠶᠢᠬᠠᠨ ᠢᠷᠡᠭᠤ ᠡᠬᠡᠰᠢᠭ ᠢᠶᠠᠷ ᠡᠶ᠎ᠡ ᠵᠣᠬᠢᠴᠠᠯᠳᠣ ᠨᠦᠬᠦᠷᠯᠡᠯ ᠤᠨ ᠠᠶᠠᠰ ᠢ ᠴᠣᠣᠷᠢᠶᠠᠳᠣᠭᠤᠯᠪᠠ︔ ︽ᠳᠣᠭᠠᠴᠠᠯᠠᠭᠰᠠᠨ ᠰᠣᠶᠣᠯ ᠢ ᠮᠠᠯᠴᠢᠳ ᠤᠨ ᠬᠡᠷ ᠲᠤ ᠬᠦᠷᠬᠡᠬᠦ︾ ᠢᠨᠵᠧᠨᠧᠷᠢᠩ ᠤᠨ ᠪᠠᠶᠢᠭᠤᠯᠣᠯᠳᠠ ᠪᠠ ︽ᠭᠤᠷᠪᠠ ᠶᠢ ᠬᠦᠳᠡᠭᠡ ᠪᠠᠭᠤᠯᠭᠠᠬᠤ︾᠂ ᠣᠯᠠᠨ ᠬᠤᠷᠠᠬᠤ ᠣᠳᠬ᠎ᠠ ᠣᠷᠠᠯᠢᠭ ᠤᠨ ᠴᠢᠭᠤᠯᠭᠠᠨ᠂ ᠰᠣᠶᠣᠯ ᠤᠨ ᠳᠣᠭᠤᠶᠢᠯᠡᠩ ᠤᠨ ᠦᠵᠡᠬᠦᠯᠥᠯᠬᠡ ᠶᠢᠨ ᠳᠣᠭᠯᠠᠯᠳᠠ ᠵᠡᠷᠬᠡ ᠠᠵᠢᠯᠯᠠᠭ᠎ᠠ ᠶᠢ ᠦᠷᠨᠢᠬᠦᠯᠵᠣ ᠦᠨᠳᠣᠰᠣᠨ ᠱᠠᠳᠣᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠵᠣ ᠦᠨᠳᠣᠰᠣᠨ ᠱᠠᠳᠣᠨ ᠤ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠬᠡᠨ ᠤ ︽ᠬᠠᠮᠤᠭ ᠡᠴᠣᠰ ᠤᠨ ᠨᠢᠬᠡ ᠺᠢᠯᠥᠮᠧᠲᠷ︾ ᠢ ᠰᠢᠯᠣᠭᠤᠳᠬᠠᠪᠠ᠃       ︵ᠵᠢᠷᠭᠤᠭ᠎ᠠ︶ ᠦᠬᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠣ ᠬᠦᠭᠵᠢᠯᠳᠡ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠠ ᠳᠣᠪᠣᠶᠢᠪᠠ᠃ ᠬᠦᠮᠦᠷᠬᠡᠯᠡᠭᠳᠡᠵᠣ ᠪᠠᠶᠢᠬᠤ ᠳᠠᠸᠡᠷ ᠤᠨ ᠬᠡᠷ ᠪᠠᠶᠢᠰᠢᠩ ᠢ 32.6 ᠲᠦᠮᠡᠨ ᠳᠡᠭᠰᠢ ᠲᠦᠷᠪᠠᠯᠵᠢᠨ ᠮᠧᠲᠷ ᠰᠢᠢᠳᠪᠣᠷᠢᠯᠡᠪᠠ᠃ ᠵᠦᠩ ᠮᠧᠢ ᠪᠦᠯᠥᠭᠯᠡᠯ ᠤᠨ ᠮᠧᠩ ᠳ᠋ᠠ ᠺᠣᠮᠫᠠᠨᠢ ᠨᠢ ᠣᠯᠣᠰ ᠤᠨ ᠣᠶᠣᠨᠴᠢ ᠣᠶᠢᠯᠡᠳᠪᠣᠷᠢ ᠶᠢᠨ ᠵᠢᠱᠢᠶᠠᠴᠢ ᠳᠣᠷᠰᠢᠯᠳᠡ ᠶᠢᠨ ᠴᠡᠭ ᠢᠶᠠᠷ ᠰᠣᠩᠭᠤᠭᠳᠠᠵᠣ᠂ ᠵᠦᠩ ᠲᠢᠶᠠᠨ ᠾᠧ ᠴᠤᠸᠠᠩ ᠺᠣᠮᠫᠠᠨᠢ ᠨᠢ ᠣᠯᠣᠰ ᠤᠨ ᠦᠨᠳᠤᠷ ᠰᠢᠨ᠎ᠡ ᠮᠡᠷᠬᠡᠵᠢᠯ ᠤᠨ ᠠᠵᠣ ᠠᠬᠤᠶᠢᠯᠡᠯ ᠢᠶᠠᠷ ᠳᠣᠭᠳᠠᠭᠠᠭᠳᠠᠨ ᠬᠡᠷᠡᠭᠯᠡᠬᠡᠨ ᠤ ᠰᠢᠨ᠎ᠡ ᠬᠡᠯᠪᠠᠷᠢ ᠶᠢᠨ ᠳᠣᠰᠬᠠᠢ ᠠᠰᠢᠭ ᠢ ᠰᠢᠨ᠎ᠡ ᠪᠠᠷ 30 ᠨᠡᠮᠡᠭᠳᠡᠬᠦᠯᠵᠣ᠂ ᠰᠢᠨᠵᠢᠯᠡᠬᠦ ᠣᠬᠠᠭᠠᠨᠴᠢ  ᠪᠠᠷ ᠰᠢᠨ᠎ᠡ ᠶᠢ ᠡᠬᠦᠳᠬᠦ ᠬᠦᠭᠵᠢᠯᠳᠡ ᠶᠢᠨ ᠬᠢᠷᠢ ᠲᠦᠪᠰᠢᠨ ᠢ ᠯᠠᠪᠳᠠᠭᠤᠨ ᠳᠡᠭᠡᠭᠰᠢᠯᠡᠬᠦᠯᠪᠠ︔ ᠠᠵᠣ ᠠᠬᠤᠶᠢᠯᠡᠯ  ᠤᠨ ᠳᠡᠩᠰᠡᠯᠡᠯᠳᠡ ᠶᠢᠨ ᠪᠦᠬᠦ ᠶᠠᠪᠣᠴᠠ ᠶᠢ ᠡᠯᠺᠲᠷᠣᠨᠴᠢᠯᠠᠬᠤ ᠵᠡᠷᠬᠡ ᠲᠦᠬᠦᠮ ᠲᠦᠳᠡ ᠠᠷᠭ᠎ᠠ ᠪᠠᠷᠢᠯ ᠢ ᠨᠠᠶᠢᠳᠠᠪᠣᠷᠢᠵᠢᠭᠤᠯᠵᠣ 2522 ᠵᠠᠬ᠎ᠠ ᠳᠡᠯᠬᠡᠬᠦᠷ ᠤᠨ ᠭᠤᠣᠯ ᠴᠣᠭᠴᠠ ᠶᠢ ᠰᠢᠨ᠎ᠡ ᠪᠠᠷ ᠳᠠᠩᠰᠠᠯᠠᠪᠠ︔ ᠮᠠᠨ ᠤ ᠬᠤᠰᠢᠭᠤ ᠠᠴᠠ ᠭᠤᠣᠯᠯᠠᠨ ᠳᠣᠭᠳᠠᠭᠠᠭᠰᠠᠨ ︽ᠰᠣᠮᠣ ᠪᠠᠯᠭᠠᠰᠣᠨ ᠤ ᠠᠷᠠᠳ ᠲᠤ ᠲᠦᠬᠦᠮ ᠦᠵᠡᠬᠦᠯᠬᠦ ᠣᠶᠢᠯᠡᠴᠢᠯᠡᠬᠡᠨ ᠤ ᠲᠦᠪ ᠤᠨ ᠪᠦᠳᠦᠬᠡᠨ ᠪᠠᠶᠢᠭᠤᠯᠣᠯᠳᠠ ᠶᠢᠨ ᠲᠦᠷᠢᠮᠵᠢᠯ︾ ︵ᠦᠪᠡᠷᠳᠡᠬᠡᠨ ᠵᠠᠰᠠᠬᠤ ᠣᠷᠣᠨ ᠤ ᠪᠠᠷᠢᠮᠵᠢᠶ᠎ᠠ︶ ᠢ ᠨᠠᠶᠢᠳᠠᠯᠠᠨ ᠬᠡᠷᠡᠭᠵᠢᠬᠦᠯᠪᠠ︔ ︽ᠨᠢᠬᠡ ᠰᠦᠯᠵᠢᠶᠠᠨ ᠳᠡᠬᠡᠷ᠎ᠡ᠂ ᠨᠢᠬᠡ ᠭᠠᠵᠠᠷ ᠲᠤ᠂ ᠨᠢᠬᠡ ᠯᠡ ᠣᠳᠠᠭ᠎ᠠ ᠳᠡᠬᠡᠷ᠎ᠡ ᠬᠦᠢᠴᠡᠳᠬᠡᠬᠦ︾ ᠦᠬᠡᠷᠡᠴᠢᠯᠡᠯᠳᠡ ᠶᠢ ᠲᠦᠯᠬᠢᠨ ᠠᠬᠢᠭᠤᠯᠵᠣ ᠬᠢᠨᠡᠨ ᠵᠦᠪᠰᠢᠶᠡᠷᠡᠬᠦᠯᠬᠦ ᠣᠴᠢᠷ ᠶᠠᠪᠣᠳᠠᠯ ᠢ ᠲᠦᠪᠯᠡᠷᠡᠬᠦᠯᠥᠨ ᠬᠦᠢᠴᠡᠳᠬᠡᠬᠦ ᠨᠣᠷᠮ᠎ᠠ ᠶᠢ 90% ᠳᠤ ᠬᠦᠷᠬᠡᠨ ︽ᠳᠠᠷᠦᠢ ᠳᠤᠨᠢ ᠬᠦᠢᠴᠡᠳᠬᠡᠬᠦ᠂ ᠰᠦᠯᠵᠢᠶᠠᠨ ᠳᠡᠬᠡᠷ᠎ᠡ ᠬᠦᠢᠴᠡᠳᠬᠡᠬᠦ᠂ ᠬᠠᠮᠤᠭ ᠣᠶᠢᠷ᠎ᠠ ᠭᠠᠵᠠᠷ ᠲᠤ ᠬᠦᠢᠴᠡᠳᠬᠡᠬᠦ᠂ ᠨᠢᠭᠡ ᠯᠠ ᠣᠳᠠᠭ᠎ᠠ ᠳᠡᠬᠡᠷ᠎ᠡ ᠬᠦᠢᠴᠡᠳᠬᠡᠬᠦ︾ ᠣᠴᠢᠷ ᠶᠠᠪᠣᠳᠠᠯ ᠢ 391 ᠬᠤᠪᠢ ᠨᠡᠶᠢᠳᠠᠯᠠᠵᠣ ᠠᠵᠢᠯ ᠬᠦᠢᠴᠡᠳᠬᠡᠬᠦ ᠴᠠᠭ ᠤᠨ ᠬᠢᠵᠠᠭᠠᠷ ᠢ ᠬᠠᠣᠯᠢ ᠳᠤ ᠳᠣᠭᠳᠠᠭᠠᠭᠰᠠᠨ ᠴᠠᠭ ᠤᠨ ᠬᠢᠵᠠᠭᠠᠷ ᠤᠨ ᠬᠠᠭᠠᠰ ᠠᠴᠠ ᠳᠡᠬᠡᠭᠰᠢ ᠪᠠᠭᠠᠰᠬᠠᠪᠠ︔ ᠭᠠᠷ ᠣᠳᠠᠰᠣᠨAPP ᠢᠶᠠᠷ ᠠᠵᠢᠯ ᠠᠴᠠ ᠪᠠᠨ ᠠᠮᠠᠷᠠᠭᠰᠠᠨ ᠬᠦᠮᠦᠰ ᠤᠨ ᠠᠮᠢᠳᠣ ᠮᠠᠨᠳᠣ ᠪᠠᠶᠢᠬᠤ ᠶᠢ ᠬᠡᠷᠡᠴᠢᠯᠡᠨ ᠨᠣᠳᠠᠯᠠᠬᠤ᠂ ︽ᠬᠤᠷᠣᠭᠤᠨ ᠦᠵᠦᠬᠦᠷ ᠲᠠᠬᠢ ᠳᠣᠮᠢᠯᠠᠭᠰᠠᠨ ᠰᠠᠯᠪᠣᠷᠢ︾ ᠵᠡᠷᠬᠡ ᠨᠢᠬᠡ ᠪᠦᠯᠥᠭ ᠠᠷᠠᠳ ᠲᠤ ᠲᠦᠬᠦᠮ ᠦᠵᠡᠬᠦᠯᠬᠦ ᠣᠶᠢᠯᠡᠴᠢᠯᠡᠬᠡᠨ ᠤ ᠠᠷᠭ᠎ᠠ ᠪᠠᠷᠢᠯ ᠢ ᠬᠡᠷᠡᠭᠯᠡᠵᠦ ᠮᠣᠵᠢ ᠠᠯᠣᠰᠯᠠᠨ ᠡᠮᠴᠢᠯᠡᠬᠦᠯᠦᠭᠰᠡᠨ ᠰᠦᠢᠳᠬᠡᠯ ᠢ ᠰᠢᠭᠤᠳ ᠳᠠᠩᠰᠠᠨ ᠠᠴᠠ ᠳᠠᠶᠢᠯᠬᠤ ᠶᠢ ᠪᠠᠶᠠᠯᠡᠬᠦᠯᠪᠠ︔ ᠳᠠᠭᠠᠭᠤᠯᠢ ᠣᠳᠣᠨ ᠠᠯᠣᠰ ᠡᠵᠡᠮᠰᠢᠯᠳᠣ ᠵᠢᠷᠤᠭ ᠲᠦᠷᠰᠣ ᠪᠠᠷ ᠭᠠᠵᠠᠷ ᠰᠢᠷᠦᠢ ᠶᠢ ᠪᠠᠶᠢᠴᠠᠭᠠᠬᠤ ᠬᠠᠣᠯᠢ ᠬᠡᠷᠡᠭᠵᠢᠬᠦᠯᠥᠯᠳᠡ ᠪᠠ ᠵᠣᠷᠰᠢᠯ ᠬᠢᠨᠡᠨ ᠪᠠᠶᠢᠴᠠᠭᠠᠯᠳᠠ ᠴᠡᠭᠴᠡᠯᠡᠨ ᠰᠠᠶᠢᠵᠢᠷᠠᠭᠤᠯᠣᠯᠳᠠ ᠶᠢᠨ ᠠᠵᠢᠯ ᠢ ᠲᠦᠷᠬᠡᠳᠬᠡᠨ ᠠᠬᠢᠭᠤᠯᠵᠣ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠷᠢ ᠶᠢᠨ ᠬᠦᠰᠦᠨᠦᠭᠳᠣ ᠶᠢ ᠨᠠᠶᠢᠷᠠᠭᠤᠯᠬᠤ ᠠᠵᠢᠯ ᠱᠠᠳᠣᠴᠢ ᠴᠢᠨᠡᠷᠳᠡᠢ ᠠᠬᠢᠯᠳᠠ  ᠲᠠᠢ ᠪᠣᠯᠪᠠ᠃ ᠭᠠᠵᠠᠷ ᠰᠢᠷᠦᠢ᠂ ᠨᠣᠳᠤᠭ ᠪᠠᠯᠴᠢᠬᠡᠷ ᠤᠨ ᠡᠷᠬᠡ ᠶᠢ ᠳᠣᠭᠳᠠᠭᠠᠵᠣ ᠳᠠᠩᠰᠠᠯᠠᠨ ᠦᠨᠡᠮᠯᠡᠯ ᠣᠯᠭᠤᠭᠰᠠᠨ ᠨᠣᠷᠮ᠎ᠠ ᠶᠢ 96 %᠂ 92% ᠬᠦᠷᠬᠡᠵᠣ ᠦᠭᠡᠷᠡᠴᠢᠯᠡᠯᠲᠡ ᠶᠢᠨ ᠲᠤᠭᠳᠠᠭᠠᠭᠰᠠᠨ ᠡᠭᠦᠷᠭᠡ ᠶᠢ ᠪᠦᠳᠦᠬᠡᠯᠴᠢ ᠪᠠᠷ ᠪᠡᠶᠡᠯᠡᠬᠦᠯᠵᠦ ᠬᠦᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ ᠪᠦᠬᠦ ᠣᠯᠣᠰ ᠤᠨ ᠬᠤᠶᠠᠳᠣᠭᠠᠷ ᠪᠦᠯᠥᠭ ᠮᠠᠯ ᠳᠠᠷᠢᠶᠠᠯᠠᠩ ᠤᠨ ᠪᠦᠳᠦᠬᠡᠭᠳᠡᠬᠦᠨ ᠤ ᠶᠠᠰᠣ ᠴᠢᠨᠡᠷ ᠤᠨ ᠠᠶᠣᠯᠬᠦᠢ ᠬᠤᠰᠢᠭᠤ ᠶᠢᠨ ᠡᠬᠦᠳᠣᠨ ᠪᠠᠶᠢᠭᠤᠯᠣᠯᠳᠠ ᠶᠢᠨ ᠠᠵᠢᠯ ᠰᠢᠯᠭᠠᠨ ᠬᠤᠷᠢᠶᠠᠯᠳᠠ ᠶᠢ ᠲᠤᠭᠤᠯᠵᠦ᠂ 230 ᠭᠠᠷᠦᠢ ᠮᠠᠯ ᠳᠠᠷᠢᠶᠠᠯᠠᠩ ᠠᠵᠣ ᠠᠬᠤᠢ ᠶᠢᠨ ᠠᠵᠣ ᠠᠬᠤᠶᠢᠯᠡᠯ ︵ᠵᠣᠬᠢᠶᠠᠨ ᠪᠠᠶᠢᠭᠤᠯᠣᠯᠳᠠ︶ ᠤᠨ ᠪᠦᠳᠦᠬᠡᠭᠳᠡᠬᠦᠨ ᠪᠠ ᠣᠷᠣᠨ ᠨᠣᠳᠤᠭ ᠤᠨ ᠭᠠᠷᠣᠯᠳᠠᠳᠣ ᠢᠳᠡᠬᠡᠨ ᠢ ᠮᠦᠷᠳᠡᠵᠣ ᠪᠣᠯᠬᠤ ᠪᠤᠯᠭᠠᠵᠦ᠂ ᠢᠳᠡᠬᠡᠨ ᠣᠮᠳᠠᠭᠠᠨ ᠤ ᠠᠮᠣᠷ ᠲᠦᠪᠰᠢᠨ ᠨᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠢᠬᠡᠳᠣᠯᠳᠡᠢ ᠬᠦᠷᠢᠶᠠᠯᠠᠯ ᠢ ᠣᠯᠣᠭᠰᠠᠨ ᠪᠠᠶᠢᠨ᠎ᠠ᠃       ︵ᠳᠣᠯᠤᠭ᠎ᠠ︶ ᠳᠠᠶᠠᠭᠠᠷ ᠢᠶᠠᠨ ᠰᠠᠳᠬᠢᠯ ᠨᠢᠬᠡᠳᠣᠨ ᠡᠶ᠎ᠡ ᠵᠣᠬᠢᠴᠠᠯ ᠢ ᠠᠬᠢᠭᠤᠯᠵᠣ ᠨᠡᠶᠢᠬᠡᠮ ᠨᠠᠶᠢᠳᠠ ᠪᠠᠷ  ᠢᠶᠠᠨ ᠠᠮᠣᠷ ᠳᠣᠭᠳᠠᠭᠤᠨ ᠪᠣᠯᠪᠠ᠃ ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠣᠢ ᠶᠢ ᠪᠡᠯᠬᠡᠯᠡᠬᠦ ᠣᠯᠣᠰ  ᠢᠶᠠᠨ ᠬᠠᠶᠢᠷᠠᠯᠠᠬᠤ ᠬᠦᠮᠦᠵᠢᠯ ᠤᠨ ᠲᠤᠰᠬᠠᠢ ᠰᠡᠲᠤᠪᠲᠤ ᠰᠢᠷᠢᠰ ᠠᠵᠢᠯᠯᠠᠭ᠎ᠠ ᠶᠢ ᠡᠷᠬᠢᠯᠡᠪᠠ᠃ ᠪᠦᠬᠦ ᠣᠷᠣᠨ ᠤ ᠦᠨᠳᠣᠰᠣᠳᠠᠨ ᠤ ᠪᠦᠯᠬᠦᠮᠳᠠᠯ ᠳᠠᠪᠰᠢᠯᠳᠠ ᠶᠢᠨ ᠡᠬᠦᠳᠣᠨ ᠪᠠᠶᠢᠭᠤᠯᠣᠯᠳᠠ ᠶᠢᠨ ᠳᠣᠷᠰᠢᠯᠭ᠎ᠠ ᠰᠣᠯᠢᠯᠴᠡᠬᠤ ᠳᠣᠬᠠᠢ  ᠶᠢᠨ ᠳᠠᠯᠠᠪᠣᠷ ᠤᠨ ᠬᠤᠷᠠᠯ ᠢ ᠳᠠᠭᠠᠭᠠᠴᠢᠯᠡᠨ ᠡᠷᠬᠢᠯᠡᠵᠣ ᠮᠣᠩᠭᠤᠯ ᠬᠡᠯᠡᠨ ᠤ ᠵᠠᠰᠠᠭ ᠤᠨ ᠶᠠᠪᠣᠳᠠᠯ ᠤᠨ ᠰᠦᠯᠵᠢᠶ᠎ᠠ  ᠶᠢ ᠠᠰᠢᠭᠯᠠᠯᠳᠠ ᠳᠤ ᠣᠷᠣᠭᠤᠯᠤᠨ ᠦᠣᠰᠢᠨᠵᠣᠣ ᠰᠦᠮ᠎ᠡ ᠶᠢᠨ ᠴᠠᠭᠠᠨ ᠰᠣᠪᠣᠷᠭ᠎ᠠ ᠶᠢ ᠪᠠᠬᠢᠵᠢᠬᠦᠯᠵᠣ ᠴᠦᠬᠡᠨ ᠳᠣᠭᠠᠳᠣ ᠦᠨᠳᠣᠰᠣᠳᠠᠨ ᠤ ᠠᠮᠢᠳᠣᠷᠠᠯ ᠬᠦᠴᠢᠷᠳᠡᠯᠳᠡᠢ ᠣᠯᠠᠨ ᠲᠦᠮᠡᠨ ᠳᠤ 350 ᠠᠮᠣᠭᠤᠯᠠᠩ ᠣᠷᠣᠨ ᠰᠠᠭᠤᠴᠠ  ᠶᠢ ᠪᠠᠷᠢᠨ ᠦᠭᠴᠣ ᠪᠦᠬᠦ ᠣᠯᠣᠰ ᠤᠨ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠵᠢᠱᠢᠶᠠᠴᠢ ᠬᠤᠰᠢᠭᠤ ᠶᠢ ᠠᠮᠵᠢᠯᠳᠠᠳᠠᠢ ᠡᠭᠦᠳᠦᠨ ᠪᠠᠶᠢᠭᠤᠯᠪᠠ᠃ ᠮᠠᠨ ᠤ ᠬᠤᠰᠢᠭᠤᠨ ᠤ ᠳᠠᠮᠢᠷᠴᠢᠳ ᠦᠪᠡᠷᠳᠡᠬᠡᠨ ᠵᠠᠰᠠᠬᠤ ᠣᠷᠣᠨ ᠤ ᠠᠷᠪᠠᠨ ᠲᠦᠷᠪᠡᠳᠣᠬᠡᠷ ᠬᠤᠭᠤᠴᠠᠭᠠᠨ ᠤ ᠪᠠᠶ᠎ᠠ ᠳᠠᠮᠢᠷ ᠤᠨ ᠴᠣᠭᠯᠠᠭᠠᠨ ᠳᠡᠬᠡᠷ᠎ᠡ ᠰᠢᠯᠢᠳᠡᠭ ᠬᠢᠷᠢ ᠪᠦᠳᠣᠮᠵᠢ ᠣᠯᠵᠣ ᠰᠣᠷ ᠬᠠᠷᠪᠣᠬᠤ᠂ ᠠᠨᠳᠠᠢ ᠪᠠᠶ᠎ᠠ ᠴᠢᠬᠢᠷᠠᠭᠵᠢᠭᠤᠯᠬᠤ ᠳᠠᠮᠢᠷ ᠵᠡᠷᠬᠡ ᠲᠦᠷᠥᠯ ᠤᠨ ᠤᠷᠤᠯᠳᠤᠭᠠᠨ ᠳᠤ 4 ᠠᠯᠳᠠᠨ ᠮᠧᠳᠡᠯ 2 ᠮᠦᠩᠬᠦᠨ ᠮᠧᠳᠡᠯ ᠢ ᠬᠦᠷᠳᠡᠵᠡᠢ᠃ 34 ᠲᠥᠷᠥᠯ ᠤᠨ ᠱᠠᠩᠨᠠᠵᠣ ᠳᠣᠷᠭᠠᠬᠤ ᠠᠷᠭ᠎ᠠ ᠪᠠᠷᠢᠯ ᠢ ᠳᠣᠭᠳᠠᠭᠠᠵᠣ ᠢᠳᠡᠬᠡᠯ ᠨᠠᠶᠢᠳᠠᠪᠣᠷᠢ ᠲᠠᠢ ᠶᠢ ᠨᠢ ᠱᠠᠩᠨᠡᠨ ᠬᠦᠭᠢᠬᠦᠯᠬᠦ ᠪᠠ ᠢᠳᠡᠬᠡᠯ ᠨᠠᠶᠢᠳᠠᠪᠣᠷᠢ ᠪᠠᠨ ᠠᠯᠳᠠᠭᠰᠠᠨ ᠢ  ᠨᠢ ᠰᠢᠳᠬᠡᠨ ᠳᠣᠷᠭᠠᠬᠤ ᠲᠦᠷᠢᠮ ᠳᠣᠭᠳᠠᠭᠠᠯ ᠢ ᠪᠦᠷᠢᠨᠰᠢᠬᠦᠯᠪᠠ᠃ ᠬᠠᠣᠯᠢ ᠴᠠᠭᠠᠵᠠ ᠶᠢᠨ ᠣᠬᠠᠭᠤᠯᠭ᠎ᠠ ᠶᠢ ᠠᠯᠪᠠᠨ ᠪᠠᠶᠢᠭᠤᠯᠭ᠎ᠠ᠂ ᠬᠦᠳᠡᠭᠡ ᠳᠣᠰᠬᠤᠨ᠂ ᠨᠡᠶᠢᠬᠡᠮ ᠳᠣᠭᠤᠷᠢᠭ᠂ ᠰᠣᠷᠭᠠᠭᠤᠯᠢ᠂ ᠠᠵᠣ ᠠᠬᠤᠶᠢᠯᠡᠯ᠂ ᠠᠵᠢᠯ ᠣᠶᠢᠯᠡᠰ ᠤᠨ ᠪᠠᠶᠢᠭᠤᠯᠭ᠎ᠠ ᠨᠢᠬᠡᠴᠢ᠂ ᠰᠦᠮ᠎ᠡ ᠬᠡᠶᠢᠳ ᠲᠤ ᠣᠷᠣᠭᠤᠯᠬᠤ ᠠᠵᠢᠯᠯᠠᠭ᠎ᠠ ᠶᠢ ᠦᠷᠨᠢᠬᠦᠯᠵᠣ ᠠᠶᠣᠯᠬᠦᠢ  ᠶᠢᠨ ᠳᠠᠯᠳᠡ ᠬᠡᠮ ᠢ ᠳᠠᠷᠠᠭᠠᠯᠠᠨ ᠪᠠᠶᠢᠴᠠᠭᠠᠬᠤ ᠪᠠ ᠵᠦᠷᠢᠴᠡᠯ ᠵᠢᠭᠤᠷᠠᠭᠠᠨ ᠢ ᠰᠢᠢᠳᠪᠣᠷᠢᠯᠡᠬᠦ ᠠᠵᠢᠯ ᠢ ᠴᠢᠩᠭᠠᠳᠬᠠᠨ ︽ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ︾ ᠳᠣᠰᠬᠠᠢ ᠲᠦᠷᠥᠯ ᠤᠨ ᠳᠠᠮᠠᠴᠠᠯ ᠱᠠᠳᠣᠴᠢ ᠴᠢᠨᠡᠷᠳᠡᠢ ᠦᠷ᠎ᠡ ᠪᠦᠳᠣᠮᠵᠢ ᠣᠯᠪᠠ᠃ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠤᠨ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠲᠦᠯᠬᠢᠨ ᠠᠬᠢᠭᠤᠯᠵᠣ ᠳᠣᠭᠤᠷᠢᠨ ᠪᠠᠶᠢᠴᠠᠭᠠᠯᠳᠠ ᠴᠠᠭᠳᠠᠨ ᠪᠠᠶᠢᠴᠠᠭᠠᠯᠳᠠ  ᠶᠢᠨ ᠬᠠᠷᠢᠭᠤ ᠳᠣᠰᠬᠠᠭᠰᠠᠨ ᠠᠰᠠᠭᠤᠳᠠᠯ ᠤᠨ ᠴᠡᠭᠴᠡᠯᠡᠯᠲᠡ ᠶᠢ ᠴᠢᠩᠭᠠᠳᠬᠠᠪᠠ᠃ ︽ᠭᠤᠷᠪᠠᠨ ᠴᠢᠬᠤᠯᠠ ᠨᠢᠬᠡ ᠶᠡᠭᠡ︾ ᠲᠦᠷᠢᠮ ᠢ ᠴᠢᠩᠭ᠎ᠠ ᠬᠡᠷᠡᠭᠵᠢᠬᠦᠯᠣᠨ ᠬᠢᠨᠠᠨ ᠪᠣᠳᠣᠯᠳᠠ ᠶᠢᠨ ᠦᠷ᠎ᠡ ᠳ᠋ᠦᠩ ᠢ ᠰᠠᠶᠢᠲᠤᠷ ᠬᠡᠷᠡᠭᠯᠡᠵᠦ ᠴᠢᠬᠤᠯᠠ ᠶᠡᠭᠡ ᠣᠴᠢᠷ ᠶᠠᠪᠣᠳᠠᠯ ᠤᠨ ᠰᠢᠢᠳᠪᠣᠷᠢᠳᠣ ᠪᠣᠳᠣᠯᠭ᠎ᠠ ᠶᠢ ᠨᠡᠩ ᠲᠦᠷᠢᠮᠵᠢᠬᠦᠯᠪᠠ᠃ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ  ᠤᠨ ᠲᠥᠯᠥᠬᠡᠯᠡᠭᠴᠢᠳ ᠤᠨ 83 ᠬᠤᠪᠢ ᠰᠠᠨᠠᠯ ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ 64 ᠬᠤᠪᠢ ᠰᠠᠨᠠᠯ ᠳᠣᠷᠠᠳᠣᠯᠭ᠎ᠠ ᠶᠢ ᠬᠦᠢᠴᠡᠳᠬᠡᠪᠠ᠃ 4 ᠣᠳᠠᠭᠠᠨ ᠤ ᠰᠣᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠣᠭᠤᠯᠵᠣ ᠨᠡᠶᠢᠬᠡᠮ ᠨᠠᠶᠢᠳᠠ ᠪᠠᠷ ᠢᠶᠠᠨ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠴᠠᠭ ᠳᠣᠬᠠᠢ ᠳᠤᠨᠢ ᠬᠠᠷᠢᠭᠤᠯᠳᠠ ᠦᠭᠬᠦᠭᠰᠡᠨ ᠪᠠᠶᠢᠨ᠎ᠠ᠃ ᠡᠬᠦᠨ ᠠᠴᠠ ᠭᠠᠳᠠᠨ᠎ᠠ ᠠᠷᠠᠳ ᠤᠨ ᠵᠠᠪᠰᠡᠭᠳᠣ ᠬᠦᠴᠦᠨ᠂ ᠳᠠᠩᠰᠠ ᠡᠪᠬᠡᠮᠡᠯ ᠳᠡᠣᠬᠡ ᠣᠶᠢᠯᠠᠯᠭ᠎ᠠ᠂ ᠡᠮᠡᠭᠳᠡᠶᠢᠴᠣᠳ ᠬᠡᠣᠬᠡᠳ᠂ ᠠᠭᠠᠷ ᠤᠨ ᠰᠠᠷᠬᠡᠶᠢᠯᠡᠯᠳᠡ ᠴᠠᠭ ᠠᠭᠤᠷ᠂ ᠭᠠᠵᠠᠷ ᠬᠦᠳᠡᠯᠥᠯᠳᠡ  ᠠᠴᠠ ᠰᠡᠷᠬᠡᠶᠢᠯᠡᠵᠣ ᠭᠠᠮᠰᠢᠭ ᠢ ᠪᠠᠭᠠᠰᠬᠠᠬᠤ ᠵᠡᠷᠬᠡ ᠠᠵᠢᠯ ᠰᠢᠨ᠎ᠡ ᠳᠠᠪᠰᠢᠯᠳᠡ ᠲᠠᠢ ᠪᠣᠯᠪᠠ᠃      ᠲᠥᠯᠥᠬᠡᠯᠡᠭᠴᠢᠳ ᠡ᠂ ᠦᠩᠬᠡᠷᠡᠭᠰᠡᠨ ᠨᠢᠬᠡ ᠵᠢᠯ ᠢᠶᠠᠨ ᠡᠷᠬᠢᠴᠡᠬᠦᠯᠪᠠᠯ ᠪᠢᠳᠡ ᠬᠦᠴᠢᠷ ᠪᠡᠷᠬᠡᠰᠢᠶᠠᠯ ᠪᠠ ᠨᠣᠭᠤᠷᠠᠯ ᠪᠦᠳᠦᠷᠡᠯ ᠳᠤ ᠳᠣᠯᠭᠠᠷᠠᠭᠰᠠᠨ ᠴᠤ ᠡᠷᠡᠮᠡᠬᠡᠶᠢᠯᠡᠨ ᠣᠷᠣᠭᠰᠢᠯᠡᠵᠣ ᠠᠶᠣᠯ ᠲᠦᠭᠰᠢᠬᠦᠷᠢ ᠦᠷᠢᠰᠣᠯᠳᠣᠬᠡᠨ ᠳᠣᠯᠭᠠᠷᠠᠭᠰᠠᠨ ᠴᠣ᠋ ᠢᠮᠠᠭᠳᠠ ᠢᠳᠡᠬᠡᠯ ᠵᠣᠷᠢᠭ ᠳᠡᠬᠦᠯᠳᠡᠷ ᠪᠠᠶᠢᠵᠣ ᠠᠵᠠ ᠳᠣᠬᠢᠶᠠᠯ ᠪᠠ ᠰᠣᠩᠭᠤᠯᠳᠠ ᠳᠤ ᠵᠣᠷᠢᠭᠳᠡᠢ ᠦᠷᠢᠰᠣᠯᠳᠣᠵᠣ ᠠᠷᠠᠳ ᠲᠦᠮᠡᠨ ᠤ ᠲᠥᠯᠥᠬᠡ ᠬᠠᠷᠢᠭᠤᠴᠠᠵᠦ ᠵᠣᠷᠢᠭᠳᠡᠢ ᠡᠬᠦᠷᠬᠡᠯᠡᠨ ᠬᠦᠴᠢᠷ ᠪᠡᠷᠬᠡᠰᠢᠶᠡᠯ ᠢ ᠢᠯᠡᠨ ᠳᠡᠪᠠᠭ᠋ᠣ ᠵᠣᠷᠢᠭ ᠰᠦᠯᠳᠡ ᠪᠠᠷ ᠠᠷᠠᠳ ᠢᠶᠠᠨ ᠪᠠᠶᠠᠵᠢᠭᠤᠯᠵᠦ ᠬᠤᠰᠢᠭᠤ ᠪᠠᠨ ᠬᠦᠴᠦᠷᠬᠡᠭᠵᠢᠬᠦᠯᠤᠨ ᠴᠢᠨᠡᠷ ᠰᠠᠶᠢᠳᠡᠢ ᠬᠦᠭᠵᠢᠯᠳᠡ ᠶᠢᠨ ᠵᠠᠮ ᠢᠶᠠᠷ ᠰᠢᠭᠤᠷᠬᠠᠢ ᠣᠷᠣᠭᠰᠢᠯᠠᠪᠠ᠃ ᠨᠢᠬᠡ ᠵᠢᠯ ᠤᠨ ᠳᠣᠷᠰᠢᠬᠢ ᠳᠠᠪᠰᠢᠯᠳᠡ ᠬᠦᠭᠵᠢᠯᠳᠡ ᠨᠢ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ᠂ ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠬᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨ ᠤ ᠬᠢᠨᠠᠯᠳᠠ ᠳᠡᠮᠵᠢᠯᠬᠡ ᠠᠴᠠ ᠪᠣᠯᠣᠭᠰᠠᠨ ᠶᠣᠮ᠂ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠤ ᠰᠢᠷᠭᠠᠭᠤ ᠴᠢᠷᠮᠠᠶᠢᠯᠭ᠎ᠠ ᠠᠴᠠ ᠪᠣᠯᠤᠭᠰᠠᠨ ᠶᠤᠮ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠪᠦᠬᠦ ᠲᠥᠯᠤᠭᠡᠯᠡᠭᠴᠢᠳ᠂ ᠤᠯᠤᠰ ᠲᠥᠷᠦ ᠶᠢᠨ ᠵᠦᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠠ ᠦᠤᠰᠢᠨ ᠤ ᠬᠥᠭᠵᠢᠯᠲᠡ ᠳᠤ ᠣᠷᠣᠯᠴᠠᠨ ᠬᠠᠯᠠᠮᠵᠢᠯᠠᠵᠤ ᠳᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠥᠶ᠎ᠠ︕      ᠪᠢᠳᠠ ᠣᠯᠣᠭᠰᠠᠨ ᠠᠮᠵᠢᠯᠳᠠ ᠪᠦᠳᠣᠮᠵᠢ ᠳᠡᠭᠡᠨ ᠪᠠᠶᠠᠷᠯᠠᠨ ᠣᠮᠣᠭᠰᠢᠬᠤ ᠶᠢᠨ ᠬᠠᠮᠳᠣ ᠣᠳᠣᠬᠠᠨ ᠤ ᠵᠠᠰᠠᠭ  ᠤᠨ ᠣᠷᠳᠣᠨ ᠤ ᠦᠷᠢ ᠰᠢᠷᠢ ᠶᠢ ᠢᠯᠭᠠᠷᠠᠭᠤᠯᠬᠤ᠂ ᠶᠠᠳᠠᠭᠤ ᠠᠴᠠ ᠠᠩᠬᠢᠵᠢᠷᠠᠭᠤᠯᠤᠨ ᠪᠣᠭᠤᠮᠳᠠ ᠰᠢᠪᠳᠣᠯᠬᠤ ᠪᠠᠬᠢᠵᠢᠬᠦᠯᠬᠦ᠂ ᠣᠷᠴᠢᠨ ᠳᠣᠭᠤᠷᠢᠨ ᠤ ᠪᠣᠬᠢᠷᠳᠣᠯ ᠢ ᠰᠠᠷᠬᠡᠶᠢᠯᠡᠨ ᠵᠠᠰᠠᠬᠤ ᠠᠵᠢᠯ ᠤᠨ ᠳᠠᠷᠣᠯᠳᠠ ᠮᠦᠨ ᠯᠠ ᠨᠠᠯᠢᠶᠡᠳ ᠶᠡᠭᠡ ᠪᠠᠶᠢᠵᠣ᠂ ᠴᠢᠬᠤᠯᠠ ᠶᠡᠭᠡ ᠲᠦᠷᠥᠯ ᠵᠣᠶᠢᠯ ᠤᠨ ᠨᠦᠭᠡᠴᠡ ᠬᠦᠢᠴᠡᠳ ᠪᠣᠰᠣ᠂ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢᠨ ᠨᠡᠮᠡᠭᠳᠡᠯ ᠰᠣᠯᠠ ᠳᠣᠷᠣᠢ᠂ ᠠᠵᠣ ᠣᠶᠢᠯᠡᠰ ᠤᠨ ᠬᠦᠭᠵᠢᠯᠲᠡ ᠶᠢᠨ ᠬᠡᠯᠪᠠᠷᠢ ᠶᠢ ᠬᠤᠪᠢᠷᠠᠭᠤᠯᠣᠨ ᠳᠡᠰ ᠳᠡᠪᠰᠢᠬᠦᠯᠬᠦ ᠠᠯᠬᠤᠴᠠ ᠨᠠᠯᠢᠶᠠᠳ ᠣᠳᠠᠭᠠᠨ᠂ ᠠᠵᠣ ᠠᠬᠤᠢ ᠶᠢᠨ ᠪᠦᠳᠦᠴᠡ ᠨᠠᠯᠢᠶᠠᠳ ᠲᠡᠩ ᠴᠣᠯᠭᠤᠢ᠂ ᠠᠷᠠᠳ ᠤᠨ ᠡᠵᠡᠩᠨᠡᠭᠰᠡᠨ ᠠᠵᠣ ᠠᠬᠤᠶᠢᠯᠡᠯ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠪᠠ ᠡᠬᠦᠳᠣᠯᠳᠡ ᠶᠢᠨ ᠬᠦᠴᠦᠨ ᠴᠢᠩᠭ᠎ᠠ ᠪᠣᠰᠣ᠂ ᠠᠷᠠᠳ ᠲᠦᠮᠡᠨ ᠤ ᠰᠢᠯᠢᠳᠡᠭ ᠰᠣᠷᠭᠠᠨ ᠬᠦᠮᠦᠵᠢᠯ᠂ ᠡᠮ ᠡᠮᠨᠡᠯᠬᠡ᠂ ᠨᠠᠰᠣᠳᠠᠶᠢᠴᠤᠳ ᠤᠨ ᠠᠰᠠᠷᠠᠮᠵᠢ ᠶᠢᠨ ᠡᠬᠢ ᠰᠣᠷᠪᠣᠯᠵᠢ ᠶᠢᠨ ᠳᠠᠯ᠎ᠠ ᠶᠢᠨ ᠱᠠᠭᠠᠷᠳᠠᠯᠭ᠎ᠠ ᠳᠠᠰᠣᠷᠠᠯᠳᠡ ᠦᠬᠡᠢ ᠨᠡᠮᠡᠭᠳᠡᠵᠣ᠂ ᠣᠨᠴᠠᠭᠠᠢ ᠵᠠᠷᠢᠮ ᠺᠠᠳ᠋ᠷ ᠠᠵᠢᠯᠳᠠᠳ ᠤᠨ ᠰᠣᠷᠳᠠᠯ ᠲᠦᠪ ᠪᠣᠰᠣ᠂ ᠵᠣᠷᠢᠭᠳᠡᠢ ᠡᠬᠦᠷᠬᠡᠯᠡᠬᠦ ᠦᠬᠡᠢ᠂ ᠤᠯᠠᠮ ᠠᠴᠠ ᠬᠦᠨᠳᠦᠷᠡᠵᠦ ᠪᠠᠶᠢᠭ᠎ᠠ ᠦᠬᠡᠷᠡᠴᠢᠯᠡᠯᠳᠡ ᠬᠦᠭᠵᠢᠯᠳᠡ ᠶᠢ ᠲᠤᠭᠲᠠᠭᠤᠨᠵᠢᠭᠤᠯᠬᠤ ᠡᠬᠦᠷᠬᠡ ᠶᠢ ᠡᠬᠦᠷᠬᠡᠯᠡᠨ ᠪᠠᠶᠠᠯᠡᠬᠦᠯᠬᠦ ᠳᠤ ᠬᠦᠴᠢᠷᠳᠡᠵᠣ ᠪᠠᠶᠢᠬᠤ ᠵᠡᠷᠬᠡ ᠪᠠᠶᠢᠳᠠᠯ ᠢ ᠰᠡᠷᠬᠡᠭ ᠢᠶᠠᠷ ᠣᠯᠵᠣ ᠳᠠᠨᠢᠪᠠ᠃ ᠪᠢᠳᠡ ᠡᠳᠡᠬᠡᠷ ᠠᠰᠠᠭᠤᠳᠠᠯ ᠢ ᠬᠤᠶᠢᠰᠢᠳᠠ ᠶᠢᠨ ᠠᠵᠢᠯ ᠳᠣᠮᠳᠠ ᠪᠠᠨ ᠨᠠᠷᠢᠨ ᠬᠢᠨᠠᠮᠠᠭᠠᠢ ᠰᠣᠳᠣᠯᠵᠣ ᠰᠢᠨᠵᠢᠯᠡᠬᠦ ᠣᠬᠠᠭᠠᠨᠴᠢ ᠂ ᠪᠣᠯᠭᠤᠮᠵᠢᠳᠡᠢ ᠣᠪᠣᠷ ᠢᠶᠠᠷ ᠰᠢᠢᠳᠪᠣᠷᠢᠯᠡᠬᠦ ᠴᠢᠬᠤᠯᠠᠲᠠᠢ ᠪᠠᠶᠢᠨ᠎ᠠ᠃      ᠬᠤᠶᠡᠷ᠂ 2019 ᠣᠨ ᠤ ᠠᠵᠢᠯ ᠤᠨ ᠪᠠᠶᠢᠷᠢᠯᠠᠭᠤᠯᠣᠯᠳᠠ      ᠲᠥᠯᠥᠬᠡᠯᠡᠭᠴᠢᠳ ᠡ᠂ 2019 ᠣᠨ ᠪᠣᠯ ᠰᠢᠨ᠎ᠡ ᠳᠣᠮᠳᠠᠳᠣ ᠣᠯᠣᠰ ᠪᠠᠶᠢᠭᠤᠯᠣᠭᠳᠠᠭᠰᠠᠨ 70 ᠵᠢᠯ ᠤᠨ ᠣᠢ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠡᠯᠡᠬᠦᠯᠬᠦ᠂ ᠨᠢᠬᠡᠳᠣᠬᠡᠷ ᠵᠠᠭᠤᠨ ᠵᠢᠯ ᠤᠨ ᠳᠠᠮᠠᠴᠡᠬᠦ ᠬᠠᠷᠠᠯᠳᠠ  ᠶᠢᠨ ᠵᠠᠩᠬᠢᠯᠠᠭ᠎ᠠ ᠶᠢᠨ ᠵᠢᠯ ᠮᠦᠨ᠂ ᠮᠦᠨᠴᠣ ᠪᠦᠬᠦ ᠬᠤᠰᠢᠭᠤ ᠪᠠᠷ ᠢᠶᠠᠨ ᠰᠠᠳᠬᠢᠯ ᠨᠢᠬᠡᠳᠣᠨ ᠬᠦᠴᠦ ᠪᠠᠨ ᠬᠠᠮᠳᠣᠳᠬᠠᠵᠣ ᠪᠣᠳᠠᠳᠠᠢ ᠠᠵᠢᠯᠯᠠᠨ ᠵᠣᠷᠢᠭᠳᠡᠢ ᠡᠬᠦᠷᠬᠡᠯᠡᠵᠣ ︽ᠨᠣᠮᠢᠨ ᠳᠠᠩᠰᠤᠭ ᠬᠦᠭᠵᠢᠨ ᠮᠠᠨᠳᠣᠯᠳᠠ︾ ᠶᠢᠨ ᠴᠤ᠋ ᠰᠢᠨ᠎ᠡ ᠬᠠᠭᠤᠳᠠᠰᠣ ᠶᠢ ᠪᠢᠴᠢᠭᠯᠡᠬᠦ ᠡᠬᠢᠯᠡᠯᠳᠡ ᠶᠢᠨ ᠵᠢᠯ ᠪᠠᠶᠢᠵᠦ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠣ᠂ ᠣᠳᠬ᠎ᠠ  ᠬᠦᠨᠵᠡᠬᠡᠢ ᠶᠣᠮ᠃      ᠦᠨᠣ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠦ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ ᠳᠡᠭᠡᠳᠦ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠵᠦ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ ᠨᠡᠮᠡᠭᠳᠡᠯ ᠢ ᠳᠣᠭᠳᠠᠪᠣᠷᠢᠰᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ᠂ ᠲᠤᠭᠳᠠᠭᠤᠨ ᠢ ᠪᠠᠲᠤᠯᠠᠬᠤ ᠠᠵᠢᠯ ᠢ ᠨᠢᠭᠡᠳᠦᠯᠲᠡᠢ ᠠᠬᠢᠭᠤᠯᠤᠨ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠵᠦ ᠬᠥᠭᠵᠢᠯᠲᠡ ᠂ ᠠᠮᠢ ᠠᠬᠤᠶ᠂ ᠠᠷᠠᠳ ᠤᠨ ᠠᠮᠢᠳᠤᠷᠠᠯ᠂ ᠲᠣᠭᠲᠠᠭᠤᠨ ᠪᠠᠶᠢᠳᠠᠯ᠂ ᠴᠢᠬᠡᠴᠢ ᠵᠠᠰᠠᠭ  ᠤᠨ ᠲᠠᠪᠤᠨ ᠵᠤᠷᠪᠤᠰ ᠬᠤᠷᠢᠭ᠎ᠠ ᠱᠤᠭᠤᠮ ᠢ ᠰᠠᠬᠢᠨ ᠴᠢᠨᠠᠷ ᠰᠠᠶᠢᠲᠠᠢ ᠬᠥᠭᠵᠢᠯᠲᠡ ᠶᠢᠨ ᠨᠣᠮᠢᠨ ᠳᠠᠩᠰᠤᠭ ᠬᠦᠭᠵᠢᠨ ᠮᠠᠨᠳᠣᠯᠳᠠ ᠶᠢᠨ ᠵᠠᠮ ᠢᠶᠠᠷ ᠵᠠᠮᠨᠠᠵᠦ ᠠᠷᠠᠳ ᠤᠯᠠᠨ ᠤ ᠬᠦᠷᠳᠡᠭᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠤᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠳᠣᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠰᠢᠢᠳᠪᠦᠷᠢᠯᠡᠭᠴᠢ ᠰᠠᠭᠤᠷᠢ ᠲᠠᠯᠪᠢᠨ ᠰᠢᠯᠢᠳᠡᠭ ᠬᠢᠷᠢ ᠪᠦᠲᠦᠮᠵᠢ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠶᠠᠪᠤᠳᠠᠯ ᠪᠤᠯᠤᠨ᠎ᠠ᠃     ᠭᠤᠣᠯ ᠪᠣᠯᠬᠤ ᠵᠢᠱᠢᠭᠰᠡᠨ ᠬᠠᠷᠠᠯᠲᠠ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7% ᠨᠡᠮᠡᠭᠳᠡᠬᠦᠯᠵᠣ ᠤᠯᠠᠨ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ ᠶᠢ 23.8 % ᠨᠡᠮᠡᠭᠳᠡᠭᠦᠯᠦᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 11% ᠨᠡᠮᠡᠭᠳᠡᠬᠦᠯᠵᠤ ᠨᠡᠶᠢᠬᠡᠮ ᠤᠨ ᠬᠡᠷᠡᠭᠯᠡᠭᠡᠨ ᠤ ᠵᠣᠶᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ ᠶᠢ 7.3% ᠨᠡᠮᠡᠭᠳᠡᠬᠦᠯᠤᠨ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠣᠰᠪᠣᠷᠢ 7%᠂ 8.5% ᠬᠦᠷᠬᠡᠨ᠎ᠡ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 4.5% ᠳᠣᠲᠣᠷ᠎ᠠ ᠬᠢᠵᠠᠭᠠᠷᠯᠠᠨ᠎ᠠ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠯᠣᠭᠠᠨ ᠳᠠᠯ᠎ᠠ ᠶᠢᠨ ᠠᠵᠢᠯ ᠢ ᠰᠠᠶᠢᠲᠤᠷ ᠬᠢᠨ᠎ᠡ᠃      ︵ᠨᠢᠭᠡ︶ ᠲᠦᠷᠥᠯ ᠵᠣᠶᠢᠯ ᠢ ᠠᠳᠬᠤᠨ ᠳᠣᠭᠳᠠᠭᠤᠨ ᠢᠶᠠᠷ ᠠᠵᠢᠯᠯᠠᠭᠤᠯᠵᠣ ᠬᠦᠭᠵᠢᠯᠳᠡ ᠶᠢᠨ ᠬᠡᠯᠪᠠᠷᠢ ᠶᠢ ᠬᠤᠪᠢᠷᠠᠭᠤᠯᠣᠨ ᠠᠵᠣ ᠠᠬᠤᠢ ᠶᠢᠨ ᠳᠣᠭᠳᠠᠭᠤᠨ ᠡᠷᠡᠬᠦᠯ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠡᠯᠪᠡᠭ ᠪᠠᠶᠠᠯᠢᠭ ᠨᠡᠬᠦᠷᠠᠰᠣ᠂ ᠬᠡᠢ᠂ ᠣᠰᠣᠨ ᠡᠬᠢ ᠪᠠᠶᠠᠯᠢᠭ ᠪᠠ ᠮᠢᠩᠭᠠᠨ ᠲᠦᠮᠡᠨ ᠳᠣᠨ ᠤ ᠳᠠᠰ ᠤᠨ ᠮᠧᠲ᠋ᠢᠯ ᠠᠯᠺᠦᠦᠯ᠂ ᠠᠯᠺᠧᠨ ᠶᠢᠨ ᠠᠵᠣ ᠣᠶᠢᠯᠡᠳᠪᠣᠷᠢ ᠶᠢᠨ ᠲᠦᠬᠦᠭᠡᠢ ᠡᠳ᠋ ᠤᠨ ᠳᠠᠪᠠᠭᠤᠯᠢᠭ ᠲᠤ ᠰᠠᠭᠤᠷᠢᠯᠡᠨ ᠲᠦᠷᠥᠯ ᠵᠣᠶᠢᠯ ᠤᠨ ᠬᠦᠮᠦᠷᠬᠡ ᠶᠢ ᠳᠡᠬᠦᠯᠳᠡᠷᠵᠢᠬᠦᠯᠵᠦ ᠠᠵᠣ ᠣᠶᠢᠯᠡᠰ ᠤᠨ ᠬᠡᠯᠬᠢᠶᠠᠵᠢᠯ ᠢ ᠣᠷᠳᠣᠳᠬᠠᠨ ᠳᠠᠭᠠᠯᠲᠠ ᠨᠡᠮᠡᠭᠳᠡᠯ ᠦᠷᠳᠡᠭ ᠢ ᠳᠡᠬᠡᠭᠰᠢᠯᠡᠬᠦᠯᠵᠦ ᠲᠦᠷᠦ ᠶᠢᠨ ᠪᠣᠳᠣᠯᠭ᠎ᠠ ᠶᠢ ᠣᠷᠣᠨᠵᠢᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠬᠦᠯᠬᠦ ᠶᠢ ᠴᠢᠬᠤᠯᠠᠴᠢᠯᠡᠵᠣ ᠬᠦᠴᠦ ᠪᠠᠨ ᠲᠦᠪᠯᠡᠷᠡᠬᠦᠯᠥᠨ ᠲᠦᠷᠥᠯ ᠵᠣᠶᠢᠯ ᠢ ᠣᠷᠣᠭᠤᠯᠵᠣ ᠪᠠᠰᠠ ᠨᠢᠬᠡ ᠪᠦᠯᠥᠭ ᠳᠣᠮᠣ ᠲᠦᠷᠥᠯ ᠵᠣᠶᠢᠯ᠂ ᠰᠠᠶᠢᠨ ᠲᠦᠷᠥᠯ ᠵᠣᠶᠢᠯ ᠢ ᠣᠷᠣᠨᠵᠢᠭᠤᠯᠵᠣ ᠬᠡᠷᠡᠭᠵᠢᠬᠦᠯᠬᠦ ᠪᠠᠷ ᠴᠢᠷᠮᠡᠶᠢᠵᠦ ᠠᠮᠢ ᠠᠬᠤᠶᠢᠴᠢ᠂ ᠪᠤᠬᠢᠷᠳᠤᠯ ᠦᠬᠡᠢ ᠬᠦᠭᠵᠢᠯᠲᠡ ᠪᠠᠷ ᠵᠢᠯᠤᠭᠤᠳᠤᠭᠤᠯᠤᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠨ ᠵᠠᠮᠨᠠᠨ᠎ᠠ᠃     ᠲᠦᠷᠥᠯ ᠵᠣᠶᠢᠯ ᠤᠨ ᠬᠦᠮᠦᠷᠬᠡ ᠶᠢᠨ ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ᠠᠮᠵᠢᠯᠳᠠ ᠪᠦᠳᠦᠮᠵᠢ ᠬᠡᠵᠢᠶᠠᠳᠠ ᠪᠡᠯᠡᠳᠬᠡᠯ ᠲᠠᠢ ᠬᠦᠮᠦᠨ ᠢ ᠢᠪᠡᠬᠡᠳᠡᠭ᠃ ᠣᠳᠣᠬᠠᠨ ᠳᠤ ᠮᠠᠨ ᠤ ᠬᠤᠰᠢᠭᠤᠨ ᠤ ᠠᠵᠣ ᠣᠶᠢᠯᠡᠳᠪᠣᠷᠢ  ᠶᠢᠨ ᠠᠵᠣ ᠠᠬᠤᠢ ᠨᠢᠬᠡᠨᠳᠠ ᠰᠠᠶᠢᠨ ᠰᠠᠶᠢᠬᠠᠨ ᠬᠦᠭᠵᠢᠯᠳᠡ ᠶᠢᠨ ᠵᠠᠮ ᠳᠤ ᠣᠷᠣᠵᠣ ᠰᠢᠨ᠎ᠡ ᠭᠠᠪᠢᠶ᠎ᠠ ᠵᠢᠳᠬᠦᠯ ᠭᠠᠷᠭᠠᠬᠤ ᠡᠰᠡᠬᠦ ᠨᠢ ᠪᠢᠳᠠᠨ ᠢ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠳᠠᠯᠠᠨ ᠤᠯᠤᠰ ᠤᠨ ᠭᠠᠵᠠᠷ ᠰᠢᠷᠦᠢ  ᠶᠢᠨ ᠲᠦᠯᠦᠪᠵᠢᠬᠦᠯᠭᠡ᠂ ᠬᠠᠮᠠᠭᠠᠯᠠᠯᠲᠠ ᠶᠢᠨ ᠬᠤᠷᠢᠭ᠎ᠠ ᠱᠤᠭᠤᠮ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠡᠬᠤ ᠶᠢ ᠱᠠᠭᠠᠷᠳᠠᠵᠦ ᠠᠵᠣ ᠣᠶᠢᠯᠡᠳᠪᠣᠷᠢ ᠶᠢᠨ ᠠᠵᠣ ᠠᠬᠤᠢ ᠶᠢᠨ ᠬᠦᠭᠵᠢᠯᠳᠡ ᠶᠢᠨ ᠳᠠᠪᠠᠭᠤᠯᠢᠭ ᠢ ᠪᠣᠰᠣᠳᠴᠢ ᠪᠠᠷ ᠰᠣᠳᠣᠯᠣᠨ ᠮᠠᠭᠠᠳᠯᠠᠵᠣ ᠣᠯᠣᠰ ᠤᠨ ᠳᠣᠳᠣᠭᠠᠳᠣ ᠶᠢᠨ ᠦᠵᠦᠬᠦᠷ ᠳᠠᠰ ᠤᠨ ᠬᠢᠮᠢ ᠶᠢᠨ ᠠᠵᠣ ᠣᠶᠢᠯᠡᠳᠪᠣᠷᠢ ᠶᠢᠨ ᠲᠥᠯᠥᠪᠵᠢᠬᠦᠯᠬᠡ ᠶᠢᠨ ᠪᠠᠶᠢᠭᠤᠯᠣᠮᠵᠢ ᠶᠢ ᠣᠷᠢᠵᠣ ᠨᠡᠬᠦᠷᠠᠰᠣ ᠬᠡᠢ ᠶᠢᠨ ᠡᠬᠢ ᠪᠠᠶᠠᠯᠢᠭ ᠤᠨ ᠠᠵᠣ ᠣᠶᠢᠯᠡᠰ ᠪᠠ ᠮᠧᠲ᠋ᠢᠯ ᠠᠯᠺᠦᠦᠯ᠂ ᠠᠯᠺᠧᠨ ᠶᠢᠨ ᠠᠵᠣ ᠣᠶᠢᠯᠡᠳᠪᠣᠷᠢ ᠶᠢᠨ ᠲᠦᠬᠦᠬᠡᠢ ᠡᠳ᠋ ᠤᠨ ᠳᠠᠭᠠᠯᠳᠠ ᠣᠶᠢᠯᠡᠳᠬᠦᠨ ᠤ ᠨᠡᠬᠡᠬᠡᠯᠳᠡ ᠬᠢᠬᠦ ᠳᠠᠯ᠎ᠠ ᠳᠤ ᠨᠢᠬᠡ ᠪᠦᠯᠥᠭ ᠵᠠᠬ᠎ᠠ ᠳᠡᠯᠬᠡᠬᠦᠷ ᠤᠨ ᠢᠷᠡᠬᠡᠳᠣᠢ ᠲᠠᠢ᠂ ᠠᠵᠣ ᠠᠬᠤᠢ  ᠶᠢᠨ ᠦᠷ᠎ᠡ ᠪᠦᠳᠦᠮᠵᠢ ᠢᠶᠠᠷ ᠦᠨᠳᠣᠷ᠂ ᠡᠨᠧᠷᠬᠢ ᠠᠷᠪᠢᠯᠡᠵᠣ ᠣᠷᠴᠢᠨ ᠳᠣᠭᠤᠷᠢᠨ ᠢ ᠬᠠᠮᠠᠭᠠᠯᠠᠬᠤ ᠬᠢᠮᠢ ᠶᠢᠨ ᠠᠵᠣ ᠣᠶᠢᠯᠡᠳᠪᠣᠷᠢ ᠶᠢᠨ ᠰᠣᠳᠣᠨ ᠲᠦᠷᠥᠯ ᠵᠣᠶᠢᠯ ᠢ ᠲᠦᠯᠥᠪᠯᠡᠵᠣ ᠳᠠᠯᠡᠬᠡᠢ ᠶᠢᠨ ᠳᠠᠷᠢᠬᠦᠨ ᠤ ᠳᠡᠰ ᠤᠨ ᠣᠳᠣ ᠦᠶ᠎ᠡ  ᠶᠢᠨ ᠨᠡᠬᠦᠷᠠᠰᠣ ᠬᠡᠢ ᠶᠢᠨ ᠬᠢᠮᠢ ᠶᠢᠨ ᠠᠵᠣ ᠣᠶᠢᠯᠡᠳᠪᠣᠷᠢ ᠶᠢᠨ ᠠᠵᠣ ᠣᠶᠢᠯᠡᠰ ᠤᠨ ᠰᠦᠷᠦᠭᠵᠢᠯ ᠢ ᠪᠠᠶᠢᠭᠤᠯᠬᠤ  ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠡᠬᠦᠨ ᠤ ᠬᠠᠮᠳᠣ ᠮᠠᠯ ᠳᠠᠷᠢᠶᠠᠯᠠᠩ ᠣᠢ ᠰᠢᠭᠤᠢ ᠣᠰᠣ᠂ ᠵᠠᠮ ᠬᠠᠷᠢᠯᠴᠠᠭ᠎ᠠ᠂ ᠰᠣᠷᠭᠠᠨ ᠬᠦᠮᠦᠵᠢᠯ᠂ ᠰᠣᠶᠣᠯ᠂ ᠡᠷᠡᠬᠦᠯ ᠬᠠᠮᠠᠭᠠᠯᠠᠯ ᠵᠡᠷᠬᠡ ᠳᠠᠯ᠎ᠠ ᠠᠴᠠ ᠭᠠᠷᠳᠠᠨ ᠨᠢᠬᠡ ᠪᠦᠯᠥᠭ ᠪᠦᠳᠦᠬᠡᠨ ᠪᠠᠶᠢᠭᠤᠯᠬᠤ ᠲᠦᠷᠥᠯ ᠵᠣᠶᠢᠯ ᠢ ᠲᠥᠯᠥᠪᠯᠡᠬᠦ ᠶᠢᠨ ᠬᠠᠮᠳᠣ ᠳᠡᠬᠡᠷ᠎ᠡ ᠱᠠᠳᠣᠨ ᠤ ᠪᠡᠯᠡ ᠮᠦᠩᠬᠦ ᠶᠢ ᠢᠳᠡᠪᠬᠢᠳᠡᠢ ᠳᠠᠮᠠᠴᠠᠨ ᠣᠯᠵᠣ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠵᠣᠬᠢᠴᠠᠩᠭᠤᠢ ᠬᠦᠭᠵᠢᠯᠳᠡ ᠶᠢ ᠲᠦᠯᠬᠢᠨ ᠠᠬᠢᠭᠤᠯᠣᠨ᠎ᠠ᠃     ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠰᠠᠶᠢᠲᠤᠷ ᠠᠳᠬᠤᠨ᠎ᠠ᠃ ᠭᠤᠤᠯᠳᠠᠯᠭ᠎ᠠ ᠲᠠᠢ ᠲᠤᠮᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠮᠦᠨ ᠤᠳᠤᠬᠠᠨ ᠤ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠭᠦᠭᠵᠢᠯᠲᠡ ᠶᠢ ᠠᠬᠢᠭᠤᠯᠬᠤ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ  ᠶᠢ ᠲᠠᠭᠠᠭᠤᠯᠬᠤ ᠶᠢᠨ ᠴᠢᠬᠤᠯᠠ ᠭᠠᠷᠳᠠᠴᠠ ᠪᠤᠯᠵᠤ ᠪᠠᠶᠢᠨ᠎ᠠ᠃ ᠪᠢᠳᠠ ᠤᠯᠤᠰ ᠤᠨ ᠠᠵᠤ ᠦᠢᠯᠡᠰ ᠤᠨ ᠬᠦᠭᠵᠢᠯᠲᠡ ᠪᠠ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠲᠠ ᠶᠢᠨ ᠴᠢᠭᠯᠡᠯ ᠢ ᠲᠠᠭᠠᠵᠤ ᠲᠤᠭᠲᠠᠯᠴᠠᠭ᠎ᠠ ᠪᠠᠨ ᠲᠡᠭᠦᠯᠳᠡᠷᠵᠢᠬᠦᠯᠦᠨ ᠲᠤᠰᠬᠠᠢ ᠠᠩᠭᠢ ᠵᠤᠬᠢᠶᠠᠨ ᠪᠠᠶᠢᠭᠤᠯᠵᠤ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠵᠡᠷᠭᠡ ᠠᠷᠭ᠎ᠠ ᠪᠠᠷᠢᠯ ᠢᠶᠠᠷ ᠤᠨᠴᠠᠭᠠᠶᠢᠯᠠᠨ ᠠᠵᠤ ᠠᠬᠤᠶᠢᠯᠠᠯᠲᠠᠨ ᠠᠷᠠᠯᠵᠢᠶᠠᠴᠢᠨ ᠤᠷᠢᠬᠤ ᠦᠢᠯᠡᠳᠦᠯ ᠢ ᠬᠦᠢᠴᠡᠳ ᠪᠠᠳᠠᠷᠠᠭᠤᠯᠵᠤ ᠲᠡᠳᠡᠨ ᠢᠶᠠᠷ ᠲᠠᠮᠵᠢᠭᠤᠯᠤᠨ ᠰᠢᠨ᠎ᠡ ᠨᠠᠶᠢᠵᠠ ᠲᠠᠨᠢᠯᠴᠠᠨ ᠰᠠᠨᠠᠭ᠎ᠠ ᠲᠠᠢ ᠠᠵᠤ ᠠᠬᠤᠶᠢᠯᠠᠯ ᠲᠠᠢ ᠵᠤᠬᠢᠴᠠᠭᠤᠯᠵᠤ ᠨᠢᠭᠡ ᠪᠦᠯᠦᠭ ᠲᠦᠷᠦᠯ ᠵᠦᠢᠯ ᠢ ᠲᠠᠬᠢᠨ ᠰᠢᠨ᠎ᠡ ᠪᠠᠷ ᠤᠷᠤᠭᠤᠯᠬᠤ ᠶᠢ ᠪᠠᠲᠤᠯᠠᠨ᠎ᠠ᠃ ᠵᠢᠯ ᠤᠨ ᠲᠤᠳᠤᠷ᠎ᠠ ᠱᠠᠨᠳᠦ᠋ᠩ᠂ ᠠᠨᠾᠦ᠋ᠢ ᠵᠡᠷᠭᠡ ᠭᠠᠵᠠᠷ ᠬᠦᠷᠬᠦ ᠴᠠᠬᠢᠯᠭᠠᠨ ᠬᠦᠴᠦ ᠶᠢ ᠭᠠᠳᠠᠭᠰᠢ ᠬᠦᠷᠬᠡᠬᠦ ᠵᠠᠮ ᠤᠨ ᠪᠠᠶᠢᠷᠢᠯᠠᠭᠤᠯᠤᠯᠲᠠ ᠶᠢ ᠲᠡᠮᠡᠴᠡᠨ ᠤᠯᠵᠤ ᠱᠠᠨᠳᠦ᠋ᠩ ᠤᠨ ᠶᠠᠨ ᠺᠤᠸᠠᠩ ᠪᠦᠯᠦᠭᠯᠡᠯ᠂ ᠪᠡᠭᠡᠵᠢᠩ ᠤᠨ ᠡᠨᠧᠷᠬᠢ ᠶᠢᠨ ᠪᠦᠯᠦᠭᠯᠡᠯ᠂ ᠦᠪᠦᠷ ᠮᠤᠩᠭᠤᠯ ᠤᠨ ᠡᠨᠧᠷᠬᠢ ᠶᠢᠨ ᠴᠠᠬᠢᠯᠭᠠᠨ ᠤ ᠪᠡᠯᠡ ᠤᠷᠤᠭᠤᠯᠤᠯᠲᠠ ᠶᠢᠨ ᠪᠦᠯᠦᠭᠯᠡᠯ ᠵᠡᠷᠭᠡ ᠠᠵᠤ ᠠᠬᠤᠶᠢᠯᠠᠯ ᠤᠨ ᠲᠤᠮᠤ ᠬᠡᠯᠪᠡᠷᠢ ᠶᠢᠨ ᠨᠡᠭᠦᠷᠡᠰᠦᠨ ᠠᠭᠤᠷᠬᠠᠢ  ᠶᠢᠨ ᠠᠮᠠᠰᠠᠷ ᠤᠨ ᠬᠠᠵᠠᠭᠤ ᠬᠠᠪᠢ ᠪᠠᠷ ᠪᠠᠶᠢᠷᠢᠯᠠᠬᠤ ᠴᠠᠬᠢᠯᠭᠠᠨ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠯᠴᠠᠵᠤ ᠵᠦᠩ ᠲᠢᠶᠠᠨ ᠾᠧ ᠴᠤᠸᠠᠩ ᠺᠤᠮᠫᠠᠨᠢ ᠶᠢᠨ ᠭᠤᠷᠪᠠᠳᠤᠭᠠᠷ ᠬᠤᠭᠤᠴᠠᠭ᠎ᠠ ᠪᠠ ᠵᠦᠩ ᠮᠸᠢ ᠪᠦᠯᠦᠭᠯᠡᠯ  ᠤᠨ ᠡᠨᠧᠷᠬᠢ ᠶᠢᠨ ᠠᠵᠤ ᠦᠢᠯᠡᠳᠪᠦᠷᠢ ᠶᠢᠨ ᠨᠡᠬᠦᠷᠡᠰᠦ ᠪᠠᠷ ᠡᠲ᠋ᠢᠯ ᠬᠤᠶᠠᠷᠴᠢ ᠠᠯᠺᠤᠤᠯ ᠦᠢᠯᠡᠳᠬᠦ ᠵᠡᠷᠭᠡ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠢ ᠠᠬᠢᠭᠤᠯᠵᠤ ᠬᠤᠶᠠᠷ ᠵᠢᠯ ᠤᠨ ᠲᠤᠳᠤᠷ᠎ᠠ ᠤᠷᠤᠨᠵᠢᠭᠤᠯᠤᠨ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠨ᠎ᠠ᠃      ᠲᠦᠷᠦᠯ ᠵᠦᠢᠯ ᠤᠨ ᠠᠵᠢᠯ ᠢᠶᠠᠨ ᠡᠬᠢᠯᠡᠬᠦᠯᠬᠦ ᠰᠡᠷᠬᠦᠬᠡᠬᠦ ᠶᠢ ᠰᠠᠶᠢᠲᠤᠷ ᠠᠳᠬᠤᠨ᠎ᠠ᠃ ᠭᠤᠤᠯᠳᠠᠯᠭᠠᠲᠤ ᠲᠦᠷᠦᠯ ᠵᠦᠢᠯ ᠢ ᠰᠢᠶᠠᠨ ᠤ ᠲᠡᠰ ᠤᠨ ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ᠂ ᠲᠤᠯᠤᠭᠠᠶᠢᠯᠠᠬᠤ ᠰᠠᠯᠠᠭ᠎ᠠ ᠮᠦᠴᠢᠷ ᠳᠠᠭᠠᠭᠤᠯᠤᠨ ᠬᠦᠢᠴᠡᠳᠬᠡᠬᠦ ᠦᠢᠯᠡᠴᠢᠯᠡᠭᠡᠨ ᠤ ᠲᠦᠷᠢᠮ ᠢ ᠬᠡᠷᠡᠭᠵᠢᠬᠦᠯᠵᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠭᠳᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠠᠷᠤᠢ ᠳᠤ ᠨᠢ ᠵᠤᠬᠢᠴᠠᠭᠤᠯᠤᠨ ᠰᠢᠢᠳᠪᠦᠷᠢᠯᠡᠵᠤ ᠲᠦᠯᠬᠢᠬᠦ ᠦᠭᠡᠢ ᠬᠤᠶᠢᠰᠢᠯᠠᠭᠤᠯᠬᠤ ᠦᠬᠡᠢ ᠬᠦᠯᠢᠶᠡᠬᠦ ᠦᠭᠡᠢ ᠲᠦᠰᠢᠬᠦ ᠦᠭᠡᠢ ᠠᠵᠢᠯ ᠤᠨ ᠠᠭᠤᠷ ᠠᠮᠢᠰᠬᠤᠯ ᠢ ᠪᠦᠷᠢᠯᠳᠦᠬᠦᠯᠦᠨ ᠵᠤᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠨ ᠬᠠᠮᠵᠢᠯᠴᠠᠨ ᠠᠬᠢᠭᠤᠯᠵᠦ ᠬᠠᠮᠳᠤᠪᠡᠷ ᠨᠠᠶᠢᠳᠠᠪᠤᠷᠢᠵᠢᠭᠤᠯᠤᠨ 132 ᠲᠦᠷᠦᠯ ᠤᠨ 500 ᠲᠥᠮᠡᠨ ᠲᠦᠬᠦᠷᠢᠭ ᠠᠴᠠ ᠳᠡᠭᠡᠭᠰᠢ ᠳ᠋ᠦᠩᠰᠢᠭᠤᠷ ᠲᠦᠭᠦᠷᠢᠭ ᠠᠴᠠ ᠲᠤᠷᠤᠭᠰᠢ ᠲᠦᠷᠦᠯ ᠵᠦᠢᠯ ᠢ ᠯᠠᠪᠳᠠᠭᠤᠨ ᠬᠡᠷᠡᠭᠵᠢᠬᠦᠯᠵᠣ᠂ ᠳ᠋ᠦᠩᠰᠢᠭᠤᠷ ᠲᠦᠬᠦᠷᠢᠭ ᠠᠴᠠ ᠲᠡᠭᠡᠭᠰᠢᠬᠢ 38 ᠭᠤᠤᠯᠳᠠᠯᠭᠠᠲᠤ ᠲᠦᠷᠦᠯ ᠵᠦᠢᠯ ᠢ ᠲᠤᠭᠲᠠᠭᠰᠠᠨ ᠬᠤᠭᠤᠴᠠᠭᠠᠨ ᠳᠤ ᠠᠵᠢᠯ ᠢᠶᠠᠨ ᠡᠬᠢᠯᠡᠬᠦᠯᠬᠦ ᠰᠡᠷᠬᠦᠬᠡᠬᠦ ᠶᠢᠨ ᠬᠠᠮᠲᠤ ᠲᠡᠰ ᠲᠠᠷᠠᠭ᠎ᠠ ᠲᠠᠢ ᠴᠠᠭ ᠲᠤ  ᠪᠠᠨ ᠪᠡᠯᠡ ᠤᠷᠤᠭᠤᠯᠬᠤ ᠲᠦᠯᠦᠪᠯᠡᠭᠡ ᠪᠠᠨ ᠪᠡᠶᠡᠯᠡᠬᠦᠯᠬᠦ ᠶᠢ ᠪᠠᠲᠤᠯᠠᠨ᠎ᠠ᠃ ᠨᠡᠭᠦᠷᠡᠰᠦ ᠬᠡᠢ ᠶᠢᠨ ᠡᠬᠢ ᠪᠠᠶᠠᠯᠢᠭ ᠤᠨ ᠨᠡᠬᠡᠭᠡᠨ ᠬᠦᠭᠵᠢᠬᠦᠯᠦᠯᠲᠡ ᠶᠢ ᠡᠮᠬᠢ ᠴᠡᠭᠴᠡᠲᠠᠢ ᠠᠬᠢᠭᠤᠯᠤᠨ᠎ᠠ᠃ ᠬᠤᠶᠢᠳᠤ ᠪᠤᠷᠭᠠᠰᠤᠨ ᠲᠦᠬᠦᠮ ᠵᠡᠷᠭᠡ 4 ᠰᠠᠭᠤᠷᠢ ᠬᠤᠳᠳᠤᠭ ᠤᠨ ᠠᠢ ᠰᠠᠪᠠ ᠶᠢᠨ ᠠᠭᠤᠷᠬᠠᠢ ᠬᠠᠶᠢᠬᠤ ᠡᠷᠭᠡ ᠶᠢᠨ ᠮᠡᠳᠡᠬᠦᠯᠦᠯᠲᠡ ᠶᠢᠨ ᠲᠠᠩᠰᠠᠯᠠᠯᠲᠠ ᠶᠢ ᠠᠬᠢᠭᠤᠯᠵᠦ ᠪᠠᠶᠢᠭᠤᠯᠵᠦ ᠪᠠᠶᠢᠭ᠎ᠠ ᠳᠠᠩ ᠬᠤᠳᠳᠤᠭ ᠤᠨ ᠭᠠᠷᠳᠠᠮ ᠢ ᠲᠦᠷᠭᠡᠨ ᠬᠦᠢᠴᠡᠳᠬᠡᠵᠦ ᠮᠦᠩᠭᠡᠴᠢᠨ ᠵᠡᠷᠭᠡ 3 ᠨᠡᠭᠦᠷᠡᠰᠦᠨ ᠠᠭᠤᠷᠬᠠᠢ ᠶᠢᠨ ᠪᠠᠷᠢᠯᠭ᠎ᠠ ᠪᠠᠨ ᠲᠠᠭᠤᠰᠬᠠᠵᠦ ᠠᠰᠢᠭᠯᠠᠯᠲᠠ ᠳᠤ ᠣᠷᠣᠬᠤ ᠶᠢ ᠪᠠᠲᠤᠯᠠᠨ ᠮᠤᠳᠤᠨᠴᠠᠶᠢᠳᠠᠮ᠂ ᠨᠠᠷᠢᠠᠭᠤᠤᠯ ᠬᠤᠶᠠᠳᠤᠭᠠᠷ ᠨᠤᠮᠧᠷᠲᠤ ᠨᠡᠬᠦᠷᠡᠰᠦᠨ ᠠᠭᠤᠷᠬᠠᠢ ᠶᠢᠨ ᠠᠭᠤᠷᠬᠠᠢ ᠨᠡᠬᠡᠬᠡᠬᠦ ᠵᠦᠪᠰᠢᠶᠡᠷᠡᠯ ᠤᠨ ᠦᠨᠡᠮᠯᠡᠯ ᠢ ᠤᠯᠬᠤ᠂ ᠶᠢᠩ ᠫᠠᠨ ᠬᠤᠤ ᠪᠠ ᠪᠠᠢ ᠵᠢᠶᠠ ᠬᠠᠢ ᠽᠢ ᠨᠡᠬᠦᠷᠡᠰᠦᠨ ᠠᠭᠤᠷᠬᠠᠢ ᠶᠢ ᠬᠢᠨᠠᠨ ᠵᠦᠪᠰᠢᠶᠡᠷᠡᠬᠦᠯᠵᠤ ᠨᠡᠭᠦᠷᠡᠰᠦᠨ ᠭᠠᠷᠤᠯᠲᠠ ᠶᠢ 5000 ᠲᠦᠮᠡᠨ ᠲᠤᠨ ᠢ ᠲᠠᠪᠠᠭᠤᠯᠬᠤ ᠪᠠᠷ ᠴᠢᠷᠮᠠᠶᠢᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦᠯᠬᠦ ᠠᠬᠢᠴᠠ ᠶᠢ ᠲᠦᠷᠭᠡᠳᠬᠡᠨ᠎ᠡ᠃ ᠵᠦᠩ ᠮᠸᠢ ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ 100 ᠲᠦᠮᠡᠨ ᠲᠤᠨ ᠨᠡᠶᠢᠯᠡᠮᠡᠯ ᠬᠡᠢ ᠪᠠᠷ ᠮᠧᠲ᠋ᠢᠯ ᠠᠯᠺᠤᠤᠯ ᠦᠢᠯᠡᠳᠬᠦ ᠮᠡᠷᠭᠡᠵᠢᠯ ᠤᠨ ᠦᠭᠡᠷᠡᠴᠢᠯᠡᠯᠲᠡ᠂ ᠶᠢᠨ ᠴᠧᠩ ᠲᠠᠢ ᠺᠤᠮᠫᠠᠨᠢ ᠶᠢᠨ 30 ᠲᠦᠮᠡᠨ ᠲᠤᠨ ᠤ ᠡᠲ᠋ᠢᠯ ᠬᠤᠶᠠᠷᠴᠢ ᠠᠯᠺᠤᠤᠯ᠂ ᠵᠦᠩ ᠲᠢᠶᠠᠨ ᠾᠧ ᠴᠤᠸᠠᠩ ᠺᠤᠮᠫᠠᠨᠢ ᠶᠢᠨ ᠲᠦᠷᠭᠡᠳᠬᠡᠬᠦᠷ ᠢᠶᠠᠷ ᠬᠠᠭᠠᠷᠠᠭᠤᠯᠬᠤ ᠲᠤᠨᠤᠭ ᠲᠦᠬᠦᠭᠡᠷᠦᠮᠵᠢ ᠵᠡᠷᠭᠡ 8 ᠲᠦᠷᠦᠯ ᠵᠦᠢᠯ ᠤᠨ ᠠᠵᠢᠯ ᠢ ᠡᠬᠢᠯᠡᠬᠦᠯᠦᠨ ᠰᠡᠷᠬᠦᠭᠡᠵᠤ ᠬᠤᠸᠠ ᠢᠤᠢ ᠪᠦᠯᠦᠭᠯᠡᠯ ᠤᠨ 20 ᠲᠦᠮᠡᠨ ᠲᠤᠨ ᠢᠳᠡᠭᠡᠨ ᠤ ᠲᠡᠰ ᠤᠨ ᠨᠡᠬᠦᠷᠡᠰᠦᠳᠦ᠋ᠷᠦᠭᠴᠢ ᠶᠢᠨ ᠲᠠᠪᠬᠤᠷ ᠢᠰᠦᠯ᠂ ᠦᠪᠦᠷ ᠮᠤᠩᠭᠤᠯ ᠤᠨ ᠴᠠᠩ ᠬᠤᠩ ᠰᠦᠯᠢᠶᠤᠤ ᠶᠢᠨ ᠦᠢᠯᠡᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ 2000 ᠲᠦᠮᠡᠨ ᠵᠤᠷᠪᠤᠰ ᠬᠦᠨᠳᠦ ᠠᠴᠢᠶ᠎ᠠ ᠶᠢ ᠪᠤᠭᠤᠳᠠᠯᠯᠠᠬᠤ ᠪᠦᠷᠬᠦᠪᠴᠢ ᠤᠭᠤᠳᠠ ᠶᠢᠨ ᠲᠦᠷᠦᠯ ᠵᠦᠢᠯ ᠢ ᠪᠦᠲᠦᠭᠡᠨ ᠪᠠᠶᠢᠭᠤᠯᠵᠤ ᠵᠦᠸᠧ ᠵᠧᠩ ᠺᠤᠮᠫᠠᠨᠢ ᠶᠢᠨ 120 ᠲᠦᠮᠡᠨ ᠲᠤᠨ ᠨᠡᠬᠦᠷᠡᠰᠦ ᠪᠠᠷ ᠮᠧᠲ᠋ᠢᠯ ᠠᠯᠺᠤᠤᠯ ᠦᠢᠯᠡᠳᠪᠦᠷᠢᠯᠡᠬᠦ ᠲᠦᠷᠦᠯ ᠵᠦᠢᠯ ᠤᠨ ᠠᠵᠢᠯ ᠰᠡᠷᠭᠦᠭᠡᠵᠤ ᠱᠠᠨᠰᠢ ᠶᠢᠨ ᠨᠡᠭᠦᠷᠡᠰᠦᠨ ᠦᠢᠯᠡᠰ ᠤᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠵᠢᠶᠠᠨ ᠹᠧᠩ ᠺᠤᠮᠫᠠᠨᠢ ᠶᠢᠨ ᠲᠦᠷᠦᠯ ᠵᠦᠢᠯ ᠢ ᠲᠠᠬᠢᠨ ᠡᠬᠢᠯᠡᠬᠦᠯᠬᠦ ᠠᠵᠢᠯ ᠢ ᠮᠦᠷᠳᠡᠨ ᠠᠬᠢᠭᠤᠯᠤᠨ᠎ᠠ᠃      ᠬᠦᠷᠢᠶᠡᠯᠡᠩ ᠲᠤᠭᠤᠷᠢᠭ ᠤᠨ ᠴᠢᠳᠠᠪᠬᠢ ᠶᠢᠨ ᠢᠵᠢ ᠪᠦᠷᠢᠳᠦᠯ ᠢ ᠰᠠᠶᠢᠲᠤᠷ ᠠᠳᠬᠤᠨ᠎ᠠ᠃ ᠨᠠᠷᠢᠯᠢᠭ ᠬᠢᠮᠢ  ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠭᠤᠶᠤᠴᠢᠯᠠᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠢ ᠢᠵᠢ ᠪᠦᠷᠢᠳᠦᠬᠦᠯᠦᠨ ᠪᠠᠶᠢᠭᠤᠯᠵᠤ ᠲᠤᠮᠳᠠ ᠪᠠᠭ᠎ᠠ ᠠᠵᠤ ᠠᠬᠤᠶᠢᠯᠠᠯ ᠪᠤᠯᠤᠨ ᠲᠤᠮᠤ ᠠᠵᠤ ᠠᠬᠤᠶᠢᠯᠠᠯ ᠤᠨ ᠢᠵᠢ ᠪᠦᠷᠢᠳᠦᠭᠰᠡᠨ ᠬᠠᠮᠵᠢᠯᠴᠠᠭᠠᠨ ᠤ ᠲᠠᠪᠴᠠᠩ ᠢ ᠪᠠᠶᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠦᠭᠵᠢᠬᠦᠯᠦᠯᠲᠡ ᠶᠢᠨ ᠲᠤᠰᠬᠠᠢ ᠪᠡᠯᠡ ᠮᠦᠩᠭᠦ ᠪᠠ ᠰᠠᠭᠤᠷᠢ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠲᠡᠮᠳᠡᠭᠲᠤ ᠶᠢᠨ ᠪᠡᠯᠡ ᠮᠦᠩᠭᠦ ᠶᠢ ᠲᠡᠮᠡᠴᠡᠨ ᠤᠯᠵᠤ ᠬᠦᠷᠢᠶᠡᠯᠡᠩ ᠲᠤᠭᠤᠷᠢᠭ ᠤᠨ ᠤᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠦᠨ ᠰᠤᠶᠤᠯ᠂ ᠰᠤᠷᠭᠠᠨ ᠬᠦᠮᠦᠵᠢᠯ᠂ ᠰᠡᠯᠡᠬᠦᠴᠡᠯ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ ᠴᠠᠬᠢᠯᠭᠠᠨ ᠲᠦᠭᠡᠭᠡᠭᠦ ᠬᠡᠮᠵᠢᠶ᠎ᠡ ᠶᠢ ᠨᠡᠮᠡᠭᠳᠡᠬᠦᠯᠬᠦ ᠲᠤᠷᠰᠢᠯᠲᠠ ᠶᠢᠨ ᠴᠡᠭ ᠤᠨ ᠦᠭᠡᠷᠡᠴᠢᠯᠡᠯᠲᠡ ᠶᠢ ᠠᠬᠢᠭᠤᠯᠵᠤ ᠬᠦᠷᠢᠶᠡᠯᠡᠩ ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠤᠷᠴᠢᠨ ᠢ ᠰᠢᠯᠢᠳᠡᠭᠵᠢᠬᠦᠯᠦᠨ ᠬᠦᠷᠢᠶᠡᠯᠡᠩ ᠲᠤᠭᠤᠷᠢᠭ ᠤᠨ ᠠᠴᠢᠶᠠᠯᠠᠬᠤ ᠬᠦᠴᠦᠨ ᠢ ᠲᠡᠭᠡᠭᠰᠢᠯᠡᠬᠦᠯᠦᠨ᠎ᠡ᠃ ᠬᠦᠷᠢᠶᠡᠯᠡᠩ ᠲᠤᠭᠤᠷᠢᠭ ᠦᠪᠡᠷ ᠤᠨ ᠲᠠᠷᠤᠯᠲᠠ ᠪᠠᠨ ᠨᠡᠮᠡᠭᠳᠡᠬᠦᠯᠵᠤ ᠠᠵᠢᠯ ᠤᠨ ᠭᠤᠤᠯᠳᠠᠯᠭ᠎ᠠ ᠪᠠᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠬᠦ ᠲᠡᠭᠡᠷ᠎ᠡ ᠲᠠᠯᠪᠢᠵᠤ ᠬᠦᠷᠢᠶᠡᠯᠡᠩ ᠲᠤᠭᠤᠷᠢᠭ ᠤᠨ ᠠᠵᠤ ᠠᠬᠤᠶᠢᠯᠠᠯ ᠳᠤ ᠬᠢᠷᠢ ᠲᠡᠩᠴᠡᠭᠰᠡᠨ ᠰᠠᠭᠤᠷᠢ ᠲᠠᠢ᠂ ᠢᠵᠢ ᠪᠦᠷᠢᠳᠦᠭᠰᠡᠨ ᠴᠢᠳᠠᠪᠬᠢ ᠲᠠᠢ᠂ ᠦᠨᠳᠦᠷ ᠪᠦᠲᠦᠮᠵᠢᠲᠤ ᠵᠠᠰᠠᠭ ᠵᠠᠬᠢᠷᠭᠠᠨ ᠲᠠᠢ᠂ ᠨᠢᠭᠡ ᠭᠡᠷ ᠪᠦᠯᠢ ᠮᠡᠲᠤ ᠲᠤᠳᠤᠨᠤᠰᠤᠭ ᠠᠷᠠᠯᠵᠢᠶᠠᠴᠢᠨ ᠤᠷᠢᠵᠤ ᠠᠷᠠᠯᠵᠢᠶ᠎ᠠ ᠡᠵᠡᠩᠨᠡᠨ ᠠᠮᠤᠷ ᠲᠤᠭᠲᠠᠭᠤᠨ ᠪᠠᠶᠠᠵᠢᠨ ᠴᠢᠨᠡᠭᠡᠯᠢᠭᠵᠢᠬᠦ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠦᠢᠯᠡᠳᠬᠦᠨ ᠤ ᠦᠷᠳᠡᠭ  ᠨᠢ ᠮᠢᠩᠭᠠᠨ ᠳ᠋ᠦᠩᠰᠢᠭᠤᠷ ᠢ ᠲᠠᠪᠠᠭᠰᠠᠨ ︽ᠠᠮᠢ ᠠᠬᠤᠢ ᠶᠢᠨ ᠬᠡᠯᠪᠡᠷᠢ᠂ ᠰᠢᠨ᠎ᠡ ᠡᠭᠦᠳᠦᠯᠲᠡ ᠶᠢᠨ ᠬᠡᠯᠪᠡᠷᠢ᠂ ᠤᠶᠤᠨᠴᠢ ᠬᠡᠯᠪᠡᠷᠢ︾ ᠶᠢᠨ ᠤᠳᠤᠬᠢᠴᠢᠯᠠᠭᠰᠠᠨ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠤᠨ᠎ᠠ᠃      ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠰᠠᠶᠢᠲᠤᠷ ᠠᠳᠬᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠪᠤᠯ ᠮᠠᠨ ᠤ ᠬᠤᠰᠢᠭᠤᠨ ᠤ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ ᠪᠤᠯᠪᠠᠰᠤᠷᠠᠩᠭᠤᠢ᠂ ᠦᠶᠡᠯᠡᠯ ᠤᠨ ᠬᠤᠭᠤᠴᠠᠭ᠎ᠠ ᠨᠢ ᠤᠬᠤᠷ᠂ ᠠᠮᠵᠢᠯᠲᠠ ᠭᠠᠷᠬᠤ ᠨᠢ ᠲᠦᠷᠭᠡᠨ ᠵᠡᠷᠭᠡ ᠲᠠᠪᠠᠭᠤᠯᠢᠭ ᠲᠠᠢ᠃ ᠪᠢᠳᠠ ᠨᠢᠭᠡ ᠲᠠᠯ᠎ᠠ ᠪᠠᠷ ︽ᠤᠯᠠᠨ ᠦᠨᠡᠮᠯᠡᠯ ᠢ ᠨᠢᠭᠡᠳᠬᠡᠬᠦ︾ ︽ᠦᠨᠡᠮᠯᠡᠯ ᠭᠡᠷᠡᠴᠢ ᠶᠢ ᠰᠠᠯᠭᠠᠬᠤ︾ ᠦᠭᠡᠷᠡᠴᠢᠯᠡᠯᠲᠡ ᠶᠢ ᠦᠷᠬᠦᠯᠵᠢᠯᠡᠨ ᠬᠦᠨᠵᠡᠭᠡᠶᠢᠷᠡᠬᠦᠯᠵᠤ ᠭᠠᠶᠢᠯᠢ ᠶᠢ ᠪᠠᠭᠤᠷᠠᠭᠤᠯᠤᠨ ᠵᠠᠷᠤᠳᠠᠯ ᠢ ᠪᠠᠭᠠᠰᠬᠠᠬᠤ ︽ᠬᠠᠮᠳᠤᠷᠠᠯ ᠬᠦᠴᠦᠨ︾ ᠢ ᠰᠠᠶᠢᠨ ᠬᠢᠵᠤ ︽ᠠᠵᠤ ᠠᠬᠤᠶᠢᠯᠠᠯ ᠢ ᠡᠬᠦᠯᠡᠨ ᠲᠠᠪᠴᠠᠩ︾ ᠳᠤ ᠭᠠᠷᠭᠠᠵᠤ ᠠᠵᠤ ᠠᠬᠤᠶᠢᠯᠠᠯ ᠤᠨ ᠦᠪᠡᠷ ᠤᠨ ᠦᠷᠳᠡᠭ ᠢ ᠦᠷᠬᠦᠯᠵᠢᠯᠡᠨ ᠪᠠᠭᠤᠷᠠᠭᠤᠯᠵᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠦᠷᠢᠳᠦᠭᠰᠡᠨ ᠪᠡᠯᠡ ᠮᠦᠩᠭᠦ ᠶᠢ ᠲᠡᠰ ᠲᠠᠷᠠᠭ᠎ᠠ ᠲᠠᠢ ᠲᠦᠯᠦᠵᠤ ᠤᠳᠤᠬᠠᠨ ᠳᠤ ᠪᠠᠶᠢᠭ᠎ᠠ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠡᠮᠬᠢ ᠴᠡᠭᠴᠡᠲᠠᠢ ᠡᠷᠡᠬᠦᠯ ᠬᠦᠭᠵᠢᠯᠲᠡ ᠶᠢ ᠪᠠᠲᠤᠯᠠᠨ᠎ᠠ᠃ ᠨᠦᠭᠦᠭᠡ ᠲᠠᠯ᠎ᠠ ᠪᠠᠷ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠨᠡᠩ ᠴᠢᠬᠤᠯᠠᠴᠢᠯᠠᠨ ᠲᠡᠮᠵᠢᠵᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠰᠤᠩᠭᠤᠭᠰᠠᠨ ᠲᠦᠷᠦᠯ ᠵᠦᠢᠯ ᠨᠢ ᠤᠯᠤᠰ ᠤᠨ ᠠᠵᠤ ᠦᠢᠯᠡᠰ  ᠤᠨ ᠲᠦᠷᠦ ᠶᠢᠨ ᠪᠤᠳᠤᠯᠭ᠎ᠠ ᠪᠠ ᠤᠷᠤᠨ ᠨᠤᠲᠤᠭ ᠤᠨ ᠪᠤᠳᠠᠲᠠᠢ ᠲᠠᠢ ᠨᠡᠶᠢᠴᠡᠬᠦ ᠳᠤ ᠬᠦᠷᠪᠡᠯ ᠲᠦᠷᠦᠯ ᠵᠦᠢᠯ ᠤᠨ ᠭᠠᠷ ᠬᠦᠢᠴᠡᠳᠬᠡᠯ ᠵᠡᠷᠭᠡ ᠲᠠᠯ᠎ᠠ ᠪᠠᠷ ᠭᠤᠣᠯᠳᠠᠯᠭᠠᠲᠠᠢ ᠲᠡᠮᠵᠢᠵᠤ ᠲᠡᠭᠡᠷ᠎ᠡ ᠱᠠᠲᠤᠨ ᠤ ᠲᠤᠰᠬᠠᠢ ᠲᠦᠷᠦᠯ ᠤᠨ ᠪᠡᠯᠡ ᠮᠦᠩᠭᠦ ᠶᠢ ᠤᠯᠵᠤ ᠪᠤᠯᠬᠤ ᠳᠤ ᠬᠦᠷᠪᠡᠯ ᠢᠳᠡᠪᠬᠢᠲᠠᠢ ᠲᠠᠢ ᠬᠠᠪᠰᠤᠷᠤᠨ ᠤᠯᠬᠤ ᠶᠢᠨ ᠬᠠᠮᠲᠤ ᠬᠦᠢᠴᠡᠳ ᠲᠤᠭ᠎ᠠ  ᠪᠠᠷ ᠦᠭᠭᠦᠨ᠎ᠡ᠃ ︽ᠲᠤᠰᠬᠠᠢ ᠨᠠᠷᠢᠯᠢᠭ ᠦᠪᠡᠷᠮᠢᠴᠡ ᠰᠢᠨ᠎ᠡ︾ ᠪᠠᠭ᠎ᠠ ᠪᠢᠴᠢᠯ ᠠᠵᠤ ᠠᠬᠤᠶᠢᠯᠠᠯ ᠢ ᠬᠦᠮᠦᠵᠢᠬᠦᠯᠬᠦ ᠢᠨᠵᠧᠨᠧᠷᠢᠩ ᠢ ᠬᠡᠷᠡᠭᠵᠢᠬᠦᠯᠵᠤ ᠣᠯᠠᠨ ᠢᠶᠠᠷ ᠢᠶᠠᠨ ᠣᠶᠢᠯᠡᠰ ᠪᠣᠰᠬᠠᠬᠤ ᠶᠢ ᠵᠣᠷᠢᠭᠵᠢᠭᠤᠯᠵᠣ ᠬᠤᠪᠢ ᠶᠢᠨ ᠣᠶᠢᠯᠡᠳᠪᠣᠷᠢ ᠬᠤᠳᠠᠯᠳᠣᠭᠠᠨ ᠤ ᠡᠵᠡᠩᠨᠡᠯᠳᠡ ᠶᠢᠨ ᠡᠷᠦᠬᠡ ᠪᠠᠭ᠎ᠠ ᠪᠢᠴᠢᠯ ᠠᠵᠣ ᠠᠬᠤᠢ ᠪᠣᠯᠣᠨ ᠬᠦᠭᠵᠢᠵᠣ᠂ ᠪᠠᠭ᠎ᠠ  ᠪᠢᠴᠢᠯ ᠠᠵᠣ ᠠᠬᠤᠶᠢᠯᠡᠯ ᠬᠡᠪᠴᠢᠶᠠᠵᠢᠯ ᠠᠴᠠ ᠳᠡᠬᠡᠭᠰᠢᠬᠢ ᠠᠵᠣ ᠠᠬᠤᠶᠢᠯᠠᠯ ᠪᠣᠯᠬᠤ ᠵᠠᠮ ᠢᠶᠠᠷ ᠱᠠᠳᠣᠴᠢ ᠴᠢᠨᠡᠷᠳᠡᠢ ᠬᠦᠮᠦᠵᠢᠬᠦᠯᠬᠦ ᠰᠢᠰᠲ᠋ᠧᠮ ᠢ ᠪᠠᠶᠢᠭᠤᠯᠵᠣ ︽ᠤᠯᠠᠨ ᠢᠶᠠᠷ ᠢᠶᠠᠨ ᠦᠢᠯᠡᠰ ᠪᠦᠲᠦᠭᠡᠵᠤ ᠲᠠᠶᠠᠭᠠᠷ ᠢᠶᠠᠨ ᠰᠢᠨ᠎ᠡ ᠶᠢ ᠡᠭᠦᠳᠬᠦ︾ ᠭᠦᠭᠵᠢᠯᠲᠡ ᠶᠢᠨ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠠᠵᠤ ᠠᠬᠤᠶᠢᠯᠠᠯᠲᠠᠨ ᠤ ᠡᠩᠨᠡᠭᠡ ᠶᠢ ᠬᠠᠯᠠᠮᠵᠢᠯᠠᠨ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠲᠡᠭᠡᠲᠦ ᠵᠡᠷᠭᠡ ᠶᠢᠨ ᠬᠠᠷᠢᠭᠤᠴᠠᠯᠭᠠᠲᠠᠨ ᠡᠰᠡᠬᠦᠯ᠎ᠡ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠠᠷᠢᠭᠤᠴᠠᠯᠭᠠᠲᠠᠨ ᠴᠦᠮ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠪᠠ ᠠᠵᠢᠯ ᠤᠯᠭᠤᠵᠤ ᠦᠢᠯᠡᠰ ᠪᠦᠲᠦᠭᠡᠬᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ᠂ ᠪᠤᠳᠠᠰ ᠤᠨ ᠲᠡᠮᠵᠢᠯᠭᠡ ᠰᠤᠷᠭᠠᠨ ᠬᠦᠮᠦᠵᠢᠯ ᠤᠨ ᠲᠤᠰᠠᠯᠠᠮᠵᠢ ᠵᠡᠷᠭᠡ ᠬᠦᠷᠢᠶ᠎ᠡ ᠴᠠᠷᠠᠭᠠᠨ ᠳᠤ ᠴᠢᠬᠤᠯᠠ ᠬᠤᠪᠢ ᠨᠡᠮᠡᠷᠢ ᠦᠵᠡᠬᠦᠯᠵᠤ ᠪᠢᠳᠠ ᠲᠡᠳᠡᠨ ᠲᠠᠢ ᠨᠠᠶᠢᠵᠠᠯᠠᠨ ᠠᠵᠤ ᠠᠬᠤᠶᠢᠯᠠᠯ ᠤᠨ ᠬᠦᠭᠵᠢᠯᠲᠡ ᠶᠢ ᠬᠠᠯᠠᠮᠵᠢᠯᠠᠬᠤ ᠪᠠᠷ ᠪᠠᠷᠠᠬᠤ ᠦᠭᠡᠢ ᠠᠵᠤ ᠠᠬᠤᠶᠢᠯᠠᠯᠲᠠᠨ ᠤ ᠬᠦᠭᠵᠢᠯᠲᠡ ᠶᠢ ᠴᠢᠬᠤᠯᠠᠴᠢᠯᠠᠵᠤ ᠲᠡᠳᠡᠨ ᠢ ᠬᠠᠪᠰᠤᠷᠤᠨ ᠨᠢᠭᠡ ᠪᠦᠯᠦᠭ ᠪᠤᠳᠠᠲᠠᠢ ᠠᠰᠠᠭᠤᠳᠠᠯ ᠢ ᠰᠢᠢᠳᠪᠦᠷᠢᠯᠡᠨ ᠲᠡᠳᠡᠨ ᠢ ᠦᠣᠰᠢᠨ ᠳᠤ ᠠᠭᠤᠰᠣᠯᠴᠠᠭᠤᠯᠵᠣ ᠦᠤᠰᠢᠨ ᠳᠤ ᠬᠠᠷᠢᠭᠤᠴᠠᠨ ᠦᠤᠰᠢᠨ ᠤ ᠬᠦᠴᠢᠷᠳᠡᠯ ᠢ ᠰᠢᠢᠳᠪᠦᠷᠢᠯᠡᠵᠤ ᠦᠤᠰᠢᠨ ᠤ ᠬᠦᠭᠵᠢᠯᠲᠡ ᠶᠢ ᠳᠡᠮᠵᠢᠳᠡᠭ ᠦᠤᠰᠢᠨ ᠬᠦᠮᠦᠨ ᠪᠤᠯᠭᠠᠨ᠎ᠠ᠃      ︵ᠬᠤᠶᠠᠷ︶ ᠪᠦᠲᠦᠴᠡ ᠶᠢ ᠲᠤᠬᠢᠷᠠᠭᠤᠯᠤᠨ ᠴᠢᠨᠠᠷ ᠪᠦᠲᠦᠮᠵᠢ ᠶᠢ ᠲᠡᠭᠡᠭᠰᠢᠯᠡᠬᠦᠯᠵᠤ ᠤᠷᠴᠢᠨ ᠲᠤᠭᠤᠷᠢᠨ ᠢ ᠰᠢᠯᠢᠳᠡᠭᠵᠢᠬᠦᠯᠦᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠤᠶᠢᠯᠠᠭᠠᠭᠳᠠᠬᠤᠨ ᠢᠶᠠᠨ ᠬᠤᠪᠢᠷᠠᠭᠤᠯᠬᠤ ᠪᠠᠷ ᠭᠠᠷᠳᠠᠴᠠ ᠪᠤᠯᠭᠠᠵᠤ ᠪᠡᠯᠡ ᠮᠦᠩᠭᠦᠨ  ᠤ ᠤᠷᠤᠭᠤᠯᠤᠯᠲᠠ ᠪᠠᠨ ᠤᠯᠠᠮ ᠨᠢᠬᠡ ᠠᠯᠬᠤᠮ ᠨᠡᠮᠡᠭᠳᠡᠬᠦᠯᠦᠨ ᠲᠦᠯᠦᠪᠵᠢᠬᠦᠯᠭᠡ ᠶᠢᠨ ᠲᠤᠭᠳᠠᠯᠴᠠᠭ᠎ᠠ ᠪᠠᠨ ᠲᠡᠭᠦᠯᠳᠡᠷᠵᠢᠬᠦᠯᠵᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠵᠤ ᠮᠠᠯᠴᠢᠨ ᠲᠠᠷᠢᠶᠠᠴᠢᠨ ᠢ ᠵᠢᠯᠤᠭᠤᠳᠤᠨ ᠣᠷᠣᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠲᠡ ᠳᠤ ᠤᠷᠤᠯᠴᠠᠭᠤᠯᠵᠤ ᠮᠠᠯ ᠲᠠᠷᠢᠶᠠᠯᠠᠩ ᠤᠨ ᠦᠢᠯᠡᠰ ᠢ ᠬᠦᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠢ ᠭᠤᠶᠤᠵᠢᠭᠤᠯᠤᠨ᠂ ᠮᠠᠯᠴᠢᠨ ᠲᠠᠷᠢᠶᠠᠴᠢᠨ ᠢ ᠴᠢᠨᠡᠭᠡᠯᠢᠭᠵᠢᠬᠦᠯᠬᠦ ᠶᠢ ᠲᠦᠯᠬᠢᠨ ᠠᠬᠢᠭᠤᠯᠤᠨ᠎ᠠ᠃      ᠮᠠᠯᠴᠢᠨ ᠲᠠᠷᠢᠶᠠᠴᠢᠨ ᠤ ᠭᠤᠤᠯ ᠴᠤᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠰᠠᠶᠢᠨ ᠰᠠᠶᠢᠬᠠᠨ ᠠᠮᠢᠳᠤᠷᠠᠯ ᠢ ᠴᠦᠮ ᠦᠪᠡᠷᠳᠡᠭᠡᠨ ᠲᠡᠮᠡᠴᠡᠵᠤ ᠪᠠᠶᠢᠭᠠᠳ ᠤᠯᠳᠠᠭ ᠶᠤᠮ᠃ ᠪᠢᠳᠠ ᠮᠠᠯᠴᠢᠨ ᠲᠠᠷᠢᠶᠠᠴᠢᠨ ᠢ ᠬᠦᠮᠦᠵᠢᠬᠦᠯᠵᠦ ᠵᠢᠯᠤᠭᠤᠳᠬᠤ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠲᠡᠷᠢᠬᠦᠨ ᠭᠠᠷᠳᠠᠴᠠ ᠪᠤᠯᠭᠠᠵᠤ ᠦᠵᠡᠯ ᠰᠠᠨᠠᠭᠠᠨ ᠤ ᠤᠶᠢᠯᠠᠭᠠᠭᠳᠠᠬᠤᠨ᠂ ᠲᠦᠷᠦ ᠶᠢᠨ ᠪᠤᠳᠤᠯᠭ᠎ᠠ ᠶᠢᠨ ᠤᠨᠤᠯ᠂ ᠬᠡᠷᠡᠭᠯᠡᠭᠡᠨ  ᠤ ᠮᠡᠷᠭᠡᠵᠢᠯ ᠵᠡᠷᠭᠡ ᠲᠠᠯ᠎ᠠ ᠪᠠᠷ ᠬᠦᠮᠦᠵᠢᠯ ᠪᠤᠯᠪᠠᠰᠤᠷᠠᠯ ᠢ ᠡᠷᠬᠢᠯᠡᠵᠤ ᠲᠠᠨᠢᠯᠲᠠ ᠪᠠᠨ ᠨᠠᠮ ᠤᠨ ᠲᠦᠪ ᠬᠤᠷᠢᠶ᠎ᠠ ᠪᠠ ᠲᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠴᠢᠭᠯᠡᠯᠳᠡ ᠳᠡᠭᠡᠷ᠎ᠡ ᠨᠢᠭᠡᠳᠬᠡᠵᠦ ᠣᠶᠢᠯᠠ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠡ ᠨᠢᠭᠡᠳᠬᠡᠨ ᠦᠷᠭᠡᠨ ᠤᠯᠠᠨ ᠮᠠᠯᠴᠢᠨ ᠲᠠᠷᠢᠶᠠᠴᠢᠨ ᠤ ᠲᠤᠳᠤᠭᠠᠲᠤ ᠬᠦᠳᠡᠯᠭᠡᠭᠴᠢ ᠬᠦᠴᠦᠨ ᠢ ᠪᠠᠳᠠᠷᠠᠭᠤᠯᠵᠤ ᠮᠠᠯᠴᠢᠨ ᠲᠠᠷᠢᠶᠠᠴᠢᠨ ᠢ ᠤᠬᠠᠮᠰᠠᠷ ᠲᠠᠢ ᠰᠠᠶᠢᠨ ᠲᠤᠷ᠎ᠠ ᠠᠴᠠ ᠪᠠᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ᠂ ᠣᠷᠣᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠬᠦ ᠳᠤ ᠤᠷᠤᠯᠴᠠᠳᠠᠭ ᠪᠤᠯᠭᠠᠪᠠᠯ ᠯᠠᠪᠲᠠᠢ ᠨᠢᠭᠡᠨ ᠬᠦᠴᠦᠷᠭᠡᠭ ᠬᠦᠴᠦᠨ ᠢ ᠪᠦᠷᠢᠯᠳᠦᠬᠦᠯᠵᠤ ᠮᠠᠯᠵᠢᠬᠤ ᠲᠠᠷᠢᠶᠠᠯᠠᠬᠤ ᠤᠷᠤᠨ  ᠤ ᠠᠵᠢᠯ ᠤᠨ ᠰᠢᠨ᠎ᠡ ᠨᠢᠭᠡ ᠬᠠᠭᠤᠳᠠᠰᠤ ᠶᠢ ᠰᠡᠬᠦᠬᠦ ᠶᠤᠮ᠃     ᠤᠷᠢᠳᠠᠪᠡᠷ ᠲᠦᠯᠦᠪᠵᠢᠬᠦᠯᠬᠦ ᠶᠢ ᠪᠠᠷᠢᠮᠳᠠᠯᠠᠨ᠎ᠠ᠃ ᠬᠤᠰᠢᠭᠤ ᠱᠠᠲᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ︽1+5︾ ᠬᠡᠷᠡᠭᠵᠢᠬᠦᠯᠬᠦ ᠲᠦᠰᠦᠯ ᠢ ᠲᠤᠭᠲᠠᠭᠠᠨ ᠲᠦᠪᠯᠡᠷᠡᠬᠦᠯᠦᠨ ᠲᠡᠭᠡᠭᠰᠢᠯᠡᠬᠦᠯᠬᠦ᠂ ᠬᠤᠲᠠ ᠶᠢᠨ ᠲᠡᠬᠦᠷᠭᠡ ᠳᠤ ᠠᠭᠤᠰᠤᠯᠴᠠᠬᠤ᠂ ᠦᠪᠡᠷᠮᠢᠴᠡ ᠤᠨᠴᠠᠯᠢᠭ ᠢᠶᠠᠨ ᠬᠠᠮᠠᠭᠠᠯᠠᠬᠤ᠂ ᠨᠡᠬᠦᠯᠭᠡᠵᠤ ᠬᠠᠰᠤᠵᠤ ᠨᠡᠶᠢᠯᠡᠬᠦᠯᠬᠦ ᠰᠡᠳᠬᠢᠴᠡ ᠪᠠᠷ ᠮᠠᠯᠴᠢᠨ ᠲᠠᠷᠢᠶᠠᠴᠢᠨ ᠦᠷᠭᠡᠨ ᠢᠶᠠᠷ ᠤᠷᠤᠯᠴᠠᠭᠰᠠᠨ ᠤᠷᠢᠳᠠᠯ ᠲᠤᠤᠷ᠎ᠠ ᠰᠤᠮᠤ ᠪᠠᠯᠭᠠᠰᠤᠨ ᠠᠴᠠ ᠭᠤᠤᠯᠯᠠᠨ ᠭᠠᠴᠠᠭ᠎ᠠ ᠲᠤᠰᠬᠤᠨ ᠤ ᠲᠦᠯᠦᠪᠵᠢᠬᠦᠯᠭᠡ ᠪᠠ ᠬᠡᠷᠡᠭᠵᠢᠬᠦᠯᠬᠦ ᠲᠦᠰᠦᠯ ᠢ ᠨᠠᠶᠢᠷᠠᠭᠤᠯᠤᠨ ᠲᠤᠭᠳᠠᠭᠠᠨ᠎ᠠ᠃ ᠲᠤᠬᠠᠢ ᠶᠢᠨ ᠭᠠᠵᠠᠷ ᠤᠨ ᠨᠦᠬᠦᠴᠡᠯ ᠪᠠ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠨ ᠲᠦᠷᠦᠯ ᠵᠦᠢᠯ ᠤᠨ ᠨᠦᠭᠡᠴᠡ᠂ ᠪᠡᠯᠡ ᠮᠦᠩᠭᠦᠨ ᠤ ᠲᠤᠬᠢᠷᠠᠭᠤᠯᠤᠯᠲᠠ ᠂ ᠴᠢᠳᠠᠪᠤᠷᠢᠲᠠᠨ ᠤ ᠲᠤᠯᠭᠠᠭᠤᠷᠢᠯᠠᠯ ᠵᠡᠷᠭᠡ ᠠᠵᠢᠯ ᠢ ᠨᠠᠶᠢᠲᠠᠪᠤᠷᠢᠵᠢᠭᠤᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠬᠦᠭᠵᠢᠯᠲᠡ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠭᠡ ᠶᠢᠨ ᠲᠦᠷᠢᠮ᠂ ᠲᠠᠷᠢᠶᠠᠯᠠᠩ ᠤᠨ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠵᠡᠷᠭᠡ ᠰᠠᠭᠤᠷᠢ ᠴᠢᠨᠠᠷᠲᠠᠢ ᠦᠭᠡᠷᠡᠴᠢᠯᠡᠯᠲᠡ ᠪᠠ ᠬᠦᠭᠵᠢᠯᠲᠡ ᠶᠢᠨ ᠭᠤᠤᠯᠯᠠᠬᠤ ᠠᠵᠤ ᠦᠢᠯᠡᠰ ᠢ ᠬᠦᠭᠵᠢᠬᠦᠯᠬᠦ᠂ ᠬᠠᠮᠲᠤ ᠶᠢᠨ ᠠᠵᠤ ᠠᠬᠤᠢ ᠶᠢ ᠪᠤᠢ ᠪᠤᠯᠭᠠᠬᠤ᠂ ᠭᠠᠴᠠᠭ᠎ᠠ ᠲᠤᠰᠬᠤᠨ ᠤ ᠲᠦᠷᠢ ᠲᠦᠷᠬᠦ ᠶᠢ ᠰᠠᠶᠢᠵᠢᠷᠠᠭᠤᠯᠬᠤ ᠵᠡᠷᠭᠡ ᠲᠠᠯ᠎ᠠ ᠪᠠᠷ ᠡᠮᠦᠨ᠎ᠡ ᠡᠩᠨᠡᠭᠡᠨ ᠳᠤ ᠤᠷᠤᠵᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠦᠷ᠎ᠡ ᠪᠦᠲᠦᠮᠵᠢ ᠤᠯᠵᠤ ᠲᠠᠭᠤᠷᠢᠶᠠᠵᠤ ᠪᠤᠯᠬᠤ ᠲᠡᠯᠭᠡᠷᠡᠬᠦᠯᠵᠤ ᠪᠤᠯᠬᠤ ᠶᠢ ᠪᠠᠲᠤᠯᠠᠨ᠎ᠠ᠃      ᠠᠵᠤ ᠦᠢᠯᠡᠰ ᠤᠨ ᠬᠦᠭᠵᠢᠨ ᠮᠠᠨᠳᠤᠯᠲᠠ ᠶᠢ ᠠᠬᠢᠭᠤᠯᠤᠨ᠎ᠠ᠃ ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠭᠦ ᠶᠢ 1 ᠳ᠋ᠦᠩᠰᠢᠭᠤᠷ ᠲᠦᠬᠦᠷᠢᠭ ᠠᠴᠠ ᠲᠡᠭᠡᠭᠰᠢ ᠨᠢᠭᠡᠲᠤᠯᠲᠠᠢ ᠲᠤᠬᠢᠷᠠᠭᠤᠯᠤᠨ ᠮᠠᠯ ᠲᠠᠷᠢᠶᠠᠯᠠᠩ ᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ 10 ᠶᠡᠭᠡ ᠠᠵᠢᠯᠯᠠᠭᠠᠨ ᠤ ᠲᠦᠯᠦᠪᠯᠡᠭᠡ ᠶᠢ ᠨᠠᠶᠢᠲᠠᠪᠤᠷᠢᠵᠢᠭᠤᠯᠵᠤ ᠮᠠᠯ ᠲᠠᠷᠢᠶᠠᠯᠠᠩ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ᠂ ᠨᠡᠷᠡᠲᠦ ᠲᠡᠮᠳᠡᠭᠵᠢᠬᠦᠯᠦᠯᠲᠡ᠂ ᠤᠬᠢᠵᠢᠭᠤᠯᠤᠯᠲᠠ ᠶᠢ ᠠᠬᠢᠭᠤᠯᠤᠨ᠎ᠠ᠃ ᠰᠤᠮᠤ ᠪᠠᠯᠭᠠᠰᠤ ᠪᠤᠯᠭᠠᠨ ᠳᠤ 200 ᠲᠦᠮᠡᠨ ᠲᠦᠬᠦᠷᠢᠭ ᠤᠨ ᠪᠡᠯᠡ ᠮᠦᠩᠭᠦ ᠲᠤᠬᠢᠷᠠᠭᠤᠯᠤᠨ ᠭᠤᠤᠯᠯᠠᠬᠤ ᠠᠵᠤ ᠦᠢᠯᠡᠰ᠂ ᠦᠪᠡᠷᠮᠢᠴᠡ ᠤᠨᠴᠠᠯᠢᠭ ᠲᠠᠢ ᠰᠢᠯᠢᠳᠡᠭ ᠠᠵᠤ ᠦᠢᠯᠡᠰ ᠢ ᠬᠦᠴᠦᠷᠭᠡᠭᠵᠢᠬᠦᠯᠬᠦ ᠶᠢ ᠲᠡᠮᠵᠢᠨ᠎ᠡ᠃ ᠵᠤᠬᠢᠬᠤ ᠬᠡᠪᠴᠢᠶᠡᠵᠢᠯ ᠡᠵᠡᠩᠨᠡᠯᠲᠡ ᠬᠢᠬᠦ ᠶᠢ ᠵᠤᠷᠢᠭᠵᠢᠭᠤᠯᠤᠨ 700 ᠮᠤ᠋ ᠲᠦᠬᠦᠭᠡᠷᠦᠮᠵᠢᠲᠤ ᠲᠠᠷᠢᠶᠠᠯᠠᠩ ᠢ ᠬᠦᠭᠵᠢᠬᠦᠯᠵᠤ 3.6 ᠲᠦᠮᠡᠨ ᠮᠤ᠋ ᠳᠤ ᠤᠰᠤ ᠠᠷᠪᠢᠯᠠᠬᠤ ᠤᠰᠤᠯᠠᠯᠲᠠ ᠶᠢ ᠭᠡᠷᠡᠭᠯᠡᠵᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 2.5 ᠲᠦᠮᠡᠨ ᠮᠤ᠋ ᠪᠤᠯᠭᠠᠨ᠎ᠠ᠃ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠡᠪᠡᠰᠦ ᠪᠤᠷᠳᠤᠭ᠎ᠠ ᠶᠢᠨ ᠬᠠᠷᠢᠴᠠᠯ ᠢ ᠲᠤᠬᠢᠷᠠᠭᠤᠯᠤᠨ ᠰᠢᠯᠢᠳᠡᠭᠵᠢᠬᠦᠯᠵᠤ ᠡᠪᠡᠰᠦ ᠪᠤᠷᠳᠤᠭᠠᠨ ᠤ ᠲᠠᠷᠢᠮᠠᠯ ᠤᠨ ᠲᠠᠯᠠᠪᠠᠢ ᠶᠢ ᠨᠡᠮᠡᠭᠳᠡᠬᠦᠯᠤᠨ ᠡᠷᠳᠡᠨᠢ ᠰᠢᠰᠢ ᠵᠡᠷᠭᠡ ᠭᠤᠤᠯ ᠪᠤᠯᠬᠤ ᠲᠠᠷᠢᠮᠠᠯ ᠤᠨ ᠪᠦᠬᠦ ᠶᠠᠪᠤᠴᠠ ᠶᠢ ᠮᠠᠰᠢᠨᠴᠢᠯᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠤᠳᠤ ᠦᠶ᠎ᠡ ᠶᠢᠨ ᠭᠡᠷ ᠪᠦᠯᠢ ᠶᠢᠨ ᠮᠠᠯᠵᠢᠯ ᠤᠨ 100 ᠡᠷᠦᠬᠡ ᠶᠢ ᠲᠡᠮᠵᠢᠨ ᠬᠦᠭᠵᠢᠬᠦᠯᠵᠤ ᠵᠧᠩ ᠺᠠᠩ ᠮᠠᠯ ᠲᠠᠷᠢᠶᠠᠯᠠᠩ ᠤᠨ ᠺᠤᠮᠫᠠᠨᠢ  ᠠᠴᠠ 200 ᠠᠩᠭᠢᠰ ᠠᠯᠠᠰᠢᠨ ᠦᠭᠡᠷ ᠲᠠᠢ ᠲᠡᠵᠢᠭᠡᠪᠤᠷᠢ ᠶᠢᠨ ᠲᠦᠷᠦᠯ ᠢ ᠤᠷᠤᠭᠤᠯᠵᠤ 30 ᠠᠴᠠ ᠲᠡᠭᠡᠭᠰᠢ ᠰᠢᠯᠢᠳᠡᠭ ᠡᠬᠦᠯᠳᠡᠷ ᠤᠨ ᠠᠯᠠᠰᠢᠨ ᠦᠭᠡᠷ ᠲᠠᠢ ᠲᠡᠵᠢᠭᠡᠪᠤᠷᠢ ᠶᠢᠨ ᠲᠤᠮᠤ ᠡᠷᠦᠬᠡ ᠶᠢ ᠰᠢᠨ᠎ᠡ ᠪᠠᠷ 20 ᠨᠡᠮᠡᠵᠤ ᠬᠤᠸᠠᠩ ᠰᠢᠶᠠᠩ ᠭᠠᠭ᠋ᠠᠢ ᠶᠢᠨ ᠠᠵᠤ ᠦᠢᠯᠡᠰ ᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠠᠢ ᠠᠭᠤᠰᠤᠯᠴᠠᠭᠤᠯᠤᠨ ᠬᠦᠭᠵᠢᠬᠦᠯᠬᠦ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠤ ᠵᠢᠯ ᠤᠨ ᠪᠤᠷᠤᠯᠠᠭᠤᠯᠤᠯᠲᠠ ᠨᠢ 300 ᠠᠴᠠ ᠲᠡᠭᠡᠭᠰᠢᠬᠢ ᠭᠠᠭ᠋ᠠᠢ ᠶᠢᠨ ᠪᠤᠬᠢᠷᠳᠤᠯ ᠦᠭᠡᠢ ᠪᠠᠷᠢᠮᠵᠢᠶᠠᠵᠢᠭᠰᠠᠨ ᠲᠡᠵᠢᠭᠡᠪᠤᠷᠢ  ᠶᠢᠨ ᠲᠤᠮᠤ ᠡᠷᠦᠬᠡ ᠶᠢ 8 ᠪᠤᠢ ᠪᠤᠯᠭᠠᠨ᠎ᠠ᠃ 1000 ᠲᠦᠮᠡᠨ ᠲᠦᠬᠦᠷᠢᠭ ᠤᠨ ᠲᠤᠯᠤᠭᠠᠶᠢᠯᠠᠬᠤ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠤᠭᠰᠠᠨ ᠲᠤᠭᠳᠠᠯᠴᠠᠭ᠎ᠠ ᠶᠢᠨ ᠲᠡᠮᠵᠢᠯᠭᠡ ᠶᠢᠨ ᠪᠡᠯᠡ ᠮᠦᠩᠭᠦ ᠶᠢ ᠲᠤᠬᠢᠷᠠᠭᠤᠯᠵᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠬᠦᠯᠦᠨ ᠯᠢᠤᠢ ᠶᠤᠸᠠᠨ ᠨᠤᠲᠤᠭ ᠤᠨ ᠭᠠᠷᠤᠯᠲᠠ ᠶᠢᠨ ᠢᠳᠡᠭᠡᠨ ᠤ ᠬᠦᠷᠢᠶᠡᠯᠡᠩ ᠤᠨ ᠠᠵᠤ ᠦᠢᠯᠡᠰ ᠤᠨ ᠬᠤᠯᠪᠤᠭᠠᠯᠠᠯ ᠢ ᠪᠤᠢ ᠪᠤᠯᠭᠠᠵᠤ ᠬᠤᠲᠠ ᠶᠢᠨ ᠲᠡᠰ ᠠᠴᠠ ᠲᠡᠭᠡᠭᠰᠢᠬᠢ ᠮᠠᠯ ᠲᠠᠷᠢᠶᠠᠯᠠᠩ ᠤᠨ ᠠᠵᠤ ᠠᠬᠤᠢ ᠶᠢᠨ ᠲᠤᠯᠤᠭᠠᠶᠢᠯᠠᠬᠤ ᠠᠵᠤ ᠠᠬᠤᠶᠢᠯᠠᠯ ᠢ 5᠂ ᠲᠤᠰᠬᠠᠢ ᠬᠤᠷᠰᠢᠶᠠᠵᠢᠯ ᠢ 20 ᠪᠤᠢ ᠪᠤᠯᠭᠠᠨ᠎ᠠ᠃ ︽3 + 1︾ ᠬᠠᠷᠢᠯᠴᠠᠨ ᠬᠠᠪᠰᠤᠷᠤᠯᠴᠠᠵᠤ ᠬᠠᠮᠲᠤᠪᠡᠷ ᠪᠠᠶᠢᠭᠤᠯᠬᠤ ᠪᠠ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠤᠰᠠᠯᠠᠬᠤ︾ ᠠᠵᠢᠯᠯᠠᠭ᠎ᠠ ᠶᠢ ᠬᠦᠨᠵᠡᠭᠡᠶᠢᠷᠡᠬᠦᠯᠦᠨ ᠬᠠᠮᠲᠤ ᠶᠢᠨ ᠠᠵᠤ ᠠᠬᠤᠢ ᠶᠢᠨ 20 ᠲᠦᠷᠦᠯ ᠵᠦᠢᠯ ᠢ ᠲᠡᠮᠵᠢᠨ ᠬᠦᠭᠵᠢᠬᠦᠯᠵᠤ 60% ᠶᠢᠨ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ 10 ᠲᠦᠮᠡᠨ ᠲᠦᠭᠦᠷᠢᠭ ᠠᠴᠠ ᠲᠡᠭᠡᠭᠰᠢᠬᠢ ᠪᠤᠯᠭᠠᠬᠤ ᠪᠠᠷ ᠴᠢᠷᠮᠠᠶᠢᠨ᠎ᠠ᠃ ︽ᠦᠤᠰᠢᠨ ᠭᠠᠷᠤᠯᠲᠠᠲᠤ︾ ᠨᠡᠷᠡᠲᠦ ᠲᠡᠮᠳᠡᠭ  ᠤᠨ ᠲᠤᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ ︽ᠦᠤᠰᠢᠨᠵᠤᠤ ᠶᠢᠨ ᠡᠯᠡᠰᠦ ᠮᠠᠩᠬᠠᠨ ᠤ ᠱᠤᠷᠠᠭᠯᠢᠭ ᠵᠠᠮᠠᠭ︾ ᠤᠨ ᠭᠠᠵᠠᠷ ᠵᠦᠢ ᠤᠨ ᠪᠡᠯᠭᠡ ᠲᠡᠮᠳᠡᠭᠲᠤ ᠪᠦᠲᠦᠭᠡᠭᠳᠡᠬᠦᠨ᠂ ᠷᠠᠰᠢᠶᠠᠨ ᠲᠤᠬᠤᠢ ᠶᠢᠨ ᠤᠷᠭᠠᠨᠢᠭ ᠲᠤᠳᠤᠷᠭ᠎ᠠ ᠪᠠ 10 ᠵᠦᠢᠯ ᠤᠨ ᠪᠤᠬᠢᠷᠳᠤᠯ ᠦᠭᠡᠢ ᠢᠳᠡᠭᠡᠨ ᠢ ᠭᠤᠶᠤᠴᠢᠯᠠᠵᠤ ᠲᠠᠸᠠᠷ ᠤᠨ ᠲᠡᠮᠳᠡᠭ ᠲᠠᠩᠰᠠᠯᠠᠬᠤ ᠨᠡᠮᠡᠭᠳᠡᠯ ᠤᠨ ᠨᠤᠷᠮ᠎ᠠ ᠶᠢ 12% ᠠᠴᠠ ᠲᠡᠭᠡᠭᠰᠢ ᠭᠦᠷᠭᠡᠨ᠎ᠡ᠃      ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠬᠦᠯᠦᠨ᠎ᠡ᠃ ᠲᠦᠪ  ᠤᠨ ᠲᠤᠭᠤᠷᠢᠨ ᠪᠠᠶᠢᠴᠠᠭᠠᠯᠲᠠ ᠶᠢᠨ ᠨᠠᠢᠮᠠᠳᠤᠭᠠᠷ ᠲᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠢ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ ᠠᠵᠤ ᠦᠢᠯᠡᠰ ᠢᠶᠠᠷ ᠲᠡᠳᠬᠦᠬᠦ ᠶᠢ ᠲᠦᠷᠦᠯ ᠬᠤᠪᠢᠶᠠᠨ ᠬᠡᠷᠡᠭᠵᠢᠬᠦᠯᠵᠤ ᠰᠤᠷᠭᠠᠨ ᠬᠦᠮᠦᠵᠢᠯ᠂ ᠡᠮ ᠡᠮᠨᠡᠯᠭᠡ᠂ ᠨᠡᠶᠢᠬᠡᠮ ᠤᠨ ᠪᠠᠲᠤᠯᠠᠭ᠎ᠠ ᠶᠢᠨ ︽ᠴᠢᠰᠦ ᠶᠡᠭᠦᠯᠡᠬᠦ︾ ᠲᠦᠷᠦ ᠶᠢᠨ ᠪᠤᠳᠤᠯᠭ᠎ᠠ ᠶᠢᠨ ᠦᠷᠬᠦᠯᠵᠢ ᠶᠢᠨ ᠴᠢᠨᠠᠷ᠂ ᠲᠤᠭᠲᠠᠭᠤᠨ ᠴᠢᠨᠠᠷ ᠢ ᠪᠠᠷᠢᠮᠳᠠᠯᠠᠨ ᠤᠶᠤᠨ ᠤᠬᠠᠭᠠᠨ ᠢ ᠨᠢ ᠲᠡᠮᠵᠢᠬᠦ ᠪᠠ ᠵᠤᠷᠢᠭ ᠰᠦᠯᠳᠡ ᠶᠢ ᠨᠢ ᠲᠡᠮᠵᠢᠬᠦ ᠶᠢ ᠬᠠᠷᠢᠯᠴᠠᠨ ᠤᠶᠠᠯᠳᠤᠭᠤᠯᠤᠨ ᠶᠠᠳᠠᠭᠤ ᠬᠦᠴᠢᠷᠳᠡᠯᠲᠠᠢ ᠬᠦᠮᠦᠨ ᠤ ᠲᠤᠳᠤᠭᠠᠲᠤ ᠠᠮᠢᠵᠢᠷᠠᠯ ᠤᠨ ᠬᠦᠴᠦᠨ ᠢ ᠬᠦᠭᠵᠢᠭᠡᠨ ᠲᠡᠮᠵᠢᠨ ᠲᠤᠰᠠᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ 2 ᠡᠷᠦᠬᠡ ᠶᠢᠨ 5 ᠬᠦᠮᠦᠨ ᠢ ᠲᠤᠭᠳᠠᠭᠰᠠᠨ ᠬᠤᠭᠤᠴᠠᠭ᠎ᠠ ᠶᠤᠰᠤᠭᠠᠷ ᠶᠠᠳᠠᠭᠤ ᠠᠴᠠ ᠠᠩᠭᠢᠵᠢᠷᠠᠭᠤᠯᠬᠤ᠂ 262 ᠡᠷᠦᠬᠡ ᠶᠢᠨ 627 ᠬᠦᠮᠦᠨ ᠢ ᠪᠠᠬᠢᠵᠢᠬᠦᠯᠦᠨ ᠲᠡᠳᠬᠦᠵᠤ ᠤᠷᠤᠯᠭ᠎ᠠ ᠶᠢ ᠲᠤᠭᠳᠠᠭᠤᠨ ᠨᠡᠮᠡᠭᠳᠡᠬᠦᠯᠬᠦ ᠶᠢ ᠪᠠᠲᠤᠯᠠᠨ᠎ᠠ᠃ ᠶᠠᠳᠠᠭᠤ ᠬᠦᠴᠢᠷᠳᠡᠯᠲᠠᠢ ᠡᠷᠦᠬᠡ ᠶᠢᠨ ᠪᠠᠷᠢᠮᠵᠢᠶᠠᠨ ᠳᠤ ᠤᠶᠢᠷᠠᠳᠤᠵᠤ ᠪᠠᠶᠢᠭ᠎ᠠ ᠡᠷᠦᠬᠡ ᠪᠠ ᠬᠤᠲᠠ ᠪᠠᠯᠭᠠᠰᠤᠨ ᠤ ᠤᠨᠴᠠ ᠬᠦᠴᠢᠷᠳᠠᠯᠲᠠᠢ ᠤᠯᠠᠨ ᠲᠦᠮᠡᠨ ᠢ ᠠᠩᠬᠠᠷᠴᠤ ᠰᠤᠷᠭᠠᠨ ᠬᠦᠮᠦᠵᠢᠯ ᠤᠨ ᠲᠡᠮᠵᠢᠯᠭᠡ᠂ ᠡᠮ ᠡᠮᠨᠡᠯᠭᠡ ᠶᠢᠨ ᠲᠤᠰᠠᠯᠠᠯᠲᠠ ᠶᠢᠨ ᠠᠷᠭ᠎ᠠ ᠶᠢ ᠲᠤᠭᠲᠠᠭᠠᠵᠤ ᠡᠪᠡᠳᠴᠢᠨ᠂ ᠭᠠᠮᠰᠢᠭ ᠠᠴᠠ ᠪᠤᠯᠵᠤ ᠶᠠᠳᠠᠭᠤ ᠬᠦᠴᠢᠷᠳᠡᠯᠲᠠᠢ ᠪᠤᠯᠬᠤ ᠶᠢ ᠡᠷᠡᠰ ᠰᠡᠷᠭᠡᠶᠢᠯᠡᠨ᠎ᠡ᠃ ᠲᠡᠭᠡᠷ᠎ᠡ ᠱᠠᠲᠤᠨ ᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠪᠤᠳᠠᠲᠠᠢ  ᠲᠠᠢ ᠤᠶᠠᠯᠳᠤᠭᠤᠯᠤᠨ ᠲᠡᠮᠵᠢᠨ ᠲᠤᠰᠠᠯᠠᠬᠤ ᠪᠠᠶᠢᠭᠤᠯᠤᠯ ᠲᠤᠭᠲᠠᠯᠴᠠᠭ᠎ᠠ ᠶᠢ ᠲᠡᠭᠦᠯᠳᠡᠷᠵᠢᠬᠦᠯᠤᠨ ᠪᠠᠶᠢᠩᠭᠤᠵᠢᠭᠰᠠᠨ᠂ ᠤᠷᠳᠤ ᠬᠤᠭᠤᠴᠠᠭ᠎ᠠ ᠬᠦᠴᠦᠨ ᠲᠠᠢ᠂ ᠲᠦᠷᠢᠮᠵᠢᠭᠰᠡᠨ ᠠᠵᠢᠯ ᠤᠨ ᠪᠦᠲᠦᠴᠡ ᠶᠢ ᠪᠦᠷᠢᠯᠳᠦᠬᠦᠯᠦᠨ᠎ᠡ᠃      ᠦᠵᠡᠰᠬᠦᠯᠡᠩᠲᠤ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ᠡᠯ᠎ᠡ ᠲᠦᠷᠥᠯ ᠤᠨ ᠪᠦᠳᠣᠮᠵᠢᠳᠡᠢ ᠵᠣᠷᠢᠭᠵᠢᠭᠤᠯᠣᠯ ᠪᠠ ᠬᠢᠵᠠᠭᠠᠷᠯᠠᠯ ᠤᠨ ᠲᠦᠷᠢᠮ ᠢᠶᠠᠷ ᠳᠠᠮᠵᠢᠭᠤᠯᠣᠨ ᠮᠠᠯᠴᠢᠨ ᠲᠠᠷᠢᠶᠠᠴᠢᠨ ᠢ ᠢᠳᠡᠪᠬᠢᠲᠠᠢ ᠵᠤᠬᠢᠶᠠᠨ ᠪᠠᠶᠢᠭᠤᠯᠵᠤ ᠭᠠᠴᠠᠭ᠎ᠠ ᠲᠤᠰᠬᠤᠨ ᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠤᠷᠤᠯᠴᠠᠭᠤᠯᠵᠤ ᠤᠯᠠᠮᠵᠢᠯᠠᠯᠲᠤ ᠠᠮᠢᠳᠤᠷᠠᠯ ᠤᠨ ᠦᠵᠡᠯᠲᠡ ᠶᠢ ᠨᠢ ᠬᠤᠪᠢᠷᠠᠭᠤᠯᠤᠨ ᠲᠠᠶᠠᠭᠠᠷ ᠢ ᠲᠠᠶᠢᠴᠢᠯᠠᠨ ︽ᠭᠤᠷᠪᠠ ᠶᠢ ᠴᠡᠪᠡᠷᠯᠡᠵᠤ ᠨᠢᠭᠡ ᠶᠢ ᠦᠭᠡᠷᠡᠴᠢᠯᠡᠬᠦ︾ ᠠᠵᠢᠯᠯᠠᠭ᠎ᠠ ᠦᠷᠨᠢᠬᠦᠯᠵᠤ ᠭᠡᠷ ᠤᠨ ᠲᠤᠳᠤᠨ᠎ᠠ ᠭᠠᠳᠠᠨᠠᠬᠢ ᠡᠷᠡᠬᠦᠯ ᠬᠠᠮᠠᠭᠠᠯᠠᠯ ᠢ ᠰᠠᠶᠢᠲᠤᠷ ᠬᠢᠵᠤ ᠭᠡᠷ ᠤᠷᠤᠨ ᠢᠶᠠᠨ ᠰᠠᠶᠢᠲᠤᠷ ᠴᠡᠪᠡᠷᠯᠡᠵᠤ ᠴᠡᠪᠡᠷ ᠲᠤᠬᠢᠯᠢᠭ ᠦᠵᠡᠰᠬᠦᠯᠡᠩᠲᠤ ᠰᠠᠶᠢᠬᠠᠨ ᠭᠡᠷ ᠤᠷᠤᠨ ᠢ ᠪᠤᠢ ᠪᠤᠯᠭᠠᠨ᠎ᠠ᠃ ᠶᠡᠭᠡ ᠲᠠᠯ᠎ᠠ ᠶᠢᠨ ᠤᠬᠠᠮᠰᠠᠷ ᠲᠠᠢ ᠪᠠᠶᠢᠵᠤ ᠤᠷᠴᠢᠨ ᠲᠤᠭᠤᠷᠢᠨ ᠤ ᠴᠡᠪᠡᠷᠯᠡᠨ ᠴᠡᠭᠴᠡᠯᠡᠬᠦ ᠡᠳᠦᠷ ᠢ ᠲᠤᠬᠢᠷᠠᠭᠤᠯᠤᠨ ᠪᠦᠬᠦ ᠠᠷᠠᠳ ᠢᠶᠠᠷ ᠢᠶᠠᠨ ᠬᠦᠳᠡᠯᠦᠯᠴᠡᠨ ᠭᠠᠴᠠᠭ᠎ᠠ ᠲᠤᠰᠬᠤᠨ ᠤ ᠪᠠᠨ ᠤᠯᠠᠨ ᠨᠡᠶᠢᠲᠡ ᠶᠢᠨ ᠤᠷᠴᠢᠨ ᠲᠤᠭᠤᠷᠢᠨ ᠢ ᠴᠡᠪᠡᠷᠯᠡᠨ ᠴᠡᠭᠴᠡᠯᠡᠬᠦ ᠠᠵᠢᠯ ᠳᠤ ᠢᠳᠡᠪᠬᠢᠲᠡᠢ ᠤᠷᠤᠯᠴᠠᠵᠤ ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠢ ᠲᠦᠷᠢ ᠲᠦᠷᠬᠦ ᠶᠢ ᠰᠠᠶᠢᠵᠢᠷᠠᠭᠤᠯᠤᠨ ᠭᠤᠶᠢᠳᠠ ᠦᠵᠡᠮᠵᠢ ᠲᠠᠢ ᠨᠠᠶᠢᠷᠰᠠᠭ ᠰᠠᠶᠢᠬᠠᠨ ᠭᠡᠷ ᠤᠷᠤᠨ ᠢ ᠪᠦᠲᠦᠭᠡᠨ ᠪᠠᠶᠢᠭᠤᠯᠤᠨ᠎ᠠ᠃ ᠵᠢᠯ ᠤᠨ ᠲᠤᠳᠤᠷ᠎ᠠ ᠬᠤᠭ ᠨᠤᠪᠰᠢ  ᠶᠢ ᠰᠢᠯᠵᠢᠬᠦᠯᠦᠨ ᠲᠡᠭᠡᠭᠡᠪᠦᠷᠢᠯᠡᠬᠦ ᠦᠷᠳᠡᠭᠡ ᠪᠠ ᠰᠢᠳᠠᠭᠠᠬᠤ ᠦᠢᠯᠡᠳᠪᠦᠷᠢ ᠶᠢ ᠰᠢᠨ᠎ᠡ ᠪᠠᠷ 8᠂ ᠪᠠᠭ᠎ᠠ ᠭᠡᠯᠪᠡᠷᠢ  ᠶᠢᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ 5 ᠪᠠᠷᠢᠵᠤ᠂ ᠲᠦᠪᠯᠡᠷᠡᠨ ᠰᠠᠭᠤᠷᠢᠰᠢᠭᠰᠠᠨ ᠲᠤᠭᠤᠷᠢᠭ ᠲᠤ ᠰᠢᠨ᠎ᠡ ᠪᠠᠷ 13 ᠤᠯᠠᠨ ᠨᠡᠶᠢᠲᠡ ᠶᠢᠨ ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠢ ᠪᠠᠷᠢᠵᠤ 5000 ᠡᠷᠦᠬᠡ ᠳᠤ ᠬᠡᠷᠡᠭᠯᠡᠬᠦ ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠢ ᠦᠭᠡᠷᠡᠴᠢᠯᠡᠨ ᠪᠠᠷᠢᠵᠤ ᠲᠦᠭᠡᠮᠡᠯᠵᠢᠭᠰᠡᠨ ᠨᠤᠷᠮ᠎ᠠ ᠶᠢ 40% ᠳᠤ ᠬᠦᠷᠭᠡᠨ᠎ᠡ᠃ ᠪᠡᠯᠴᠢᠭᠡᠷᠯᠡᠬᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠬᠦᠯᠦᠨ ᠰᠢᠨᠵᠢᠯᠡᠬᠦ ᠤᠬᠠᠭᠠᠨᠴᠢ ᠪᠠᠷ ᠤᠷᠤᠨ ᠪᠦᠰᠡ ᠬᠤᠪᠢᠶᠠᠨ ᠡᠭᠡᠯᠵᠢᠯᠡᠬᠦᠯᠦᠨ ᠮᠠᠯᠵᠢᠨ᠎ᠠ᠃ ᠲᠠᠷᠢᠶᠠᠯᠠᠩ ᠤᠨ ᠡᠮ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠬᠤ᠂ ᠡᠰᠢ ᠰᠦᠷᠡᠯ ᠪᠠ ᠮᠠᠯ ᠲᠡᠵᠢᠭᠡᠪᠦᠷᠢ ᠶᠢᠨ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ ᠰᠢᠨ᠎ᠡ ᠮᠡᠷᠭᠡᠵᠢᠯ ᠢ ᠲᠡᠯᠭᠡᠷᠡᠬᠦᠯᠦᠨ ᠲᠠᠷᠢᠶᠠᠨ ᠭᠠᠵᠠᠷ ᠤᠨ ᠪᠤᠬᠢᠷᠳᠤᠯ ᠢ ᠪᠦᠲᠦᠮᠵᠢᠲᠠᠢ ᠵᠠᠰᠠᠨ᠎ᠠ᠃      ᠲᠦᠯᠦᠭᠡᠯᠡᠭᠴᠢᠳ ᠡ᠂ ᠪᠢᠳᠠ ᠰᠡᠳᠬᠢᠯ ᠬᠦᠴᠦᠨ ᠢᠶᠠᠷ ᠲᠦᠪᠯᠡᠷᠡᠬᠦᠯᠦᠨ ᠲᠦᠷᠦᠯ ᠵᠦᠢᠯ ᠤᠨ ᠪᠡᠯᠡ ᠮᠦᠩᠭᠦ ᠶᠢ ᠤᠷᠤᠨᠵᠢᠭᠤᠯᠬᠤ ᠶᠢ ᠰᠠᠶᠢᠲᠤᠷ ᠠᠳᠬᠤᠪᠠᠯ ᠦᠤᠰᠢᠨ ᠡᠬᠡ ᠲᠡᠯᠡᠭᠡᠢ ᠠᠮᠢᠵᠢᠷᠠᠯ ᠤᠨ ᠬᠦᠴᠦᠨ ᠢᠶᠠᠷ ᠪᠢᠯᠬᠠᠵᠤ ᠨᠢᠭᠡᠨ ᠠᠵᠤ ᠦᠢᠯᠡᠰ ᠨᠢ ᠬᠦᠭᠵᠢᠭᠰᠡᠨ᠂ ᠠᠮᠢ ᠠᠬᠤᠶᠢᠴᠢ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ ᠂ ᠬᠦᠳᠡᠭᠡ ᠨᠤᠲᠤᠭ ᠨᠢ ᠪᠤᠯᠪᠠᠰᠤᠨ᠂ ᠵᠠᠰᠠᠨ ᠴᠡᠭᠴᠡᠯᠡᠯᠲᠡ ᠨᠢ ᠪᠦᠲᠦᠮᠵᠢᠲᠡᠢ᠂ ᠠᠮᠢᠳᠤᠷᠠᠯ ᠨᠢ ᠴᠢᠨᠡᠭᠡᠯᠢᠭ ᠤᠳᠤᠬᠢᠴᠢᠯᠠᠭᠰᠠᠨ ᠮᠠᠯᠵᠢᠬᠤ ᠲᠠᠷᠢᠶᠠᠯᠠᠬᠤ ᠤᠷᠤᠨ ᠪᠢᠳᠠᠨ ᠤ ᠴᠢᠷᠮᠠᠶᠢᠯᠭ᠎ᠠ ᠪᠠᠷ ᠪᠦᠲᠦᠭᠡᠨ ᠪᠠᠶᠢᠭᠤᠯᠤᠭᠳᠠᠵᠦ ᠬᠤᠵᠢᠮ ᠯᠠᠪᠲᠠᠢ ᠦᠪᠡᠷᠮᠢᠴᠡ ᠴᠤᠭ ᠵᠢᠪᠬᠤᠭ᠎ᠠ ᠪᠠᠨ ᠢᠯᠡᠷᠡᠭᠦᠯᠬᠦ ᠶᠤᠮ᠃      ︵ᠭᠤᠷᠪᠠ︶ ᠲᠤᠭᠳᠠᠯᠴᠠᠭ᠎ᠠ ᠶᠢ ᠪᠠᠶᠢᠭᠤᠯᠵᠤ ᠬᠠᠮᠢᠶᠠᠷᠤᠯᠲᠠ ᠪᠠᠨ ᠴᠢᠩᠭᠠᠳᠬᠠᠨ ᠴᠢᠨᠠᠷ ᠲᠡᠰ ᠢᠶᠠᠨ ᠲᠡᠭᠡᠭᠰᠢᠯᠡᠬᠦᠯᠵᠤ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠲᠠ ᠶᠢ ᠪᠦᠬᠦ ᠬᠦᠴᠦᠨ ᠢᠶᠠᠷ ᠡᠬᠦᠳᠦᠨ ᠪᠠᠶᠢᠭᠤᠯᠤᠨ᠎ᠠ᠃ ᠡᠭᠦᠳᠦᠯᠲᠡ ᠪᠠᠷ ᠪᠠᠶᠢᠭᠤᠯᠤᠯᠲᠠ ᠶᠢ ᠠᠬᠢᠭᠤᠯᠤᠨ ︽ᠬᠤᠲᠠ ᠶᠢᠨ ᠶᠠᠪᠤᠳᠠᠯ ᠤᠨ ᠵᠠᠮ  ᠤᠨ ᠲᠤᠤᠷᠵᠢᠯ᠂ ᠴᠢᠳᠠᠪᠬᠢ ᠶᠢᠨ ᠢᠵᠢ ᠪᠦᠷᠢᠳᠦᠯ᠂ ᠬᠤᠲᠠ ᠬᠦᠳᠡᠭᠡ ᠶᠢᠨ ᠲᠦᠷᠢ ᠲᠦᠷᠬᠦ᠂ ᠦᠵᠡᠮᠵᠢ ᠶᠢᠨ ᠤᠰᠤᠨ ᠰᠢᠰᠲ᠋ᠧᠮ᠂ ᠠᠮᠤᠭᠤᠯᠠᠩ ᠰᠠᠭᠤᠷᠢᠰᠢᠯ᠂ ᠨᠠᠷᠢᠯᠢᠭ ᠬᠠᠮᠢᠶᠠᠷᠤᠯᠲᠠ᠂ ᠤᠨᠴᠠᠯᠢᠭᠲᠤ ᠵᠢᠵᠢᠭ ᠬᠤᠲᠠ ᠪᠠᠯᠭᠠᠰᠤ᠂ ᠬᠦᠮᠦᠨ ᠨᠡᠶᠢᠬᠡᠮ ᠤᠨ ᠬᠡᠪ ᠴᠢᠨᠠᠷ︾ ᠵᠡᠷᠭᠡ ᠲᠤᠯᠤᠭᠠᠨ ᠲᠦᠷᠦᠯ ᠤᠨ ᠠᠵᠢᠯ ᠢ ᠦᠷᠨᠢᠬᠦᠯᠵᠤ ᠨᠤᠮᠢᠨ ᠲᠠᠩᠰᠤᠭ᠂ ᠠᠮᠢ ᠠᠬᠤᠶᠢᠴᠢ᠂ ᠤᠷᠤᠰᠢᠨ ᠰᠠᠭᠤᠷᠢᠰᠢᠬᠤ ᠳᠤ ᠲᠤᠬᠢᠲᠠᠢ᠂ ᠭᠤᠶᠢᠳᠠ ᠰᠠᠶᠢᠬᠠᠨ ᠴᠢᠨᠠᠷ ᠲᠡᠰᠲᠦ ᠬᠤᠲᠠ ᠪᠠᠯᠭᠠᠰᠤ ᠶᠢ ᠪᠦᠲᠦᠭᠡᠨ ᠪᠠᠶᠢᠭᠤᠯᠤᠨ᠎ᠠ᠃      ᠬᠤᠲᠠ ᠶᠢᠨ ᠶᠠᠪᠤᠳᠠᠯ ᠤᠨ ᠵᠠᠮ ᠤᠨ ᠲᠤᠤᠷᠵᠢᠯ ᠢ ᠲᠡᠬᠦᠯᠳᠡᠷᠵᠢᠬᠦᠯᠵᠤ ᠤᠢ ᠶᠢᠨ ᠰᠡᠭᠦᠳᠡᠷᠲᠤ ᠵᠠᠮ᠂ ᠰᠤᠪᠤᠷᠭ᠎ᠠ ᠵᠡᠭᠡᠯᠢ ᠵᠡᠷᠭᠡ 3 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠵᠠᠰᠠᠨ ᠰᠢᠨᠡᠳᠬᠡᠵᠤ ᠭᠠᠯᠠᠭᠤᠲᠤ ᠶᠡᠷᠦᠩᠬᠡᠶᠢᠯᠡᠭᠰᠡᠨ ᠪᠠᠷᠠᠭᠠᠨ ᠬᠦᠢᠯᠭᠡᠭᠡᠨ ᠤ ᠬᠦᠷᠢᠶᠡᠯᠡᠩ ᠠᠴᠠ ᠭᠠᠯᠲᠤ ᠲᠡᠷᠭᠡᠨ ᠦᠷᠳᠡᠭᠡᠨ ᠳᠤ ᠬᠦᠷᠬᠦ ᠵᠦᠷᠢᠯᠢᠭ ᠬᠦᠬᠦᠷᠭᠡ ᠶᠢᠨ ᠢᠨ᠋ᠵᠧᠨᠧᠷᠢᠩ ᠢ ᠡᠬᠢᠯᠡᠬᠦᠯᠦᠨ ᠬᠤᠲᠠ ᠶᠢᠨ ᠶᠠᠪᠤᠳᠠᠯ ᠤᠨ ᠬᠠᠳᠠᠭᠤᠵᠢᠭᠤᠯᠤᠯᠲᠠ ᠶᠢ 20 ᠲᠦᠮᠡᠨ ᠲᠡᠭᠰᠢ ᠲᠦᠷᠪᠡᠯᠵᠢᠨ ᠮᠧᠲᠷ ᠪᠡᠶᠡᠯᠡᠬᠦᠯᠦᠨ᠎ᠡ︔ ᠡᠯ᠎ᠡ ᠲᠦᠷᠦᠯ ᠤᠨ ᠬᠤᠭᠤᠯᠠᠢ ᠲᠤᠤᠷ ᠢ ᠬᠠᠷᠢᠯᠴᠠᠨ ᠨᠡᠪᠲᠡᠷᠡᠬᠦᠯᠵᠦ ᠪᠠᠭᠲᠠᠭᠠᠮᠵᠢ ᠶᠢ ᠨᠡᠮᠡᠭᠳᠡᠬᠦᠯᠬᠦ᠂ ᠰᠡᠳᠡᠷᠡᠵᠤ ᠭᠤᠭᠤᠵᠢᠬᠤ ᠶᠢ ᠵᠠᠰᠠᠬᠤ ᠦᠭᠡᠷᠡᠴᠢᠯᠡᠯᠲᠡ ᠶᠢ ᠴᠢᠩᠭᠠᠳᠬᠠᠨ ᠡᠯ᠎ᠡ ᠲᠦᠷᠦᠯ ᠤᠨ ᠬᠤᠭᠤᠯᠠᠢ ᠲᠤᠤᠷ ᠢ ᠰᠢᠨ᠎ᠡ ᠪᠠᠷ 100 ᠺᠢᠯᠤᠮᠧᠲᠷ ᠨᠡᠮᠡᠨ᠎ᠡ᠃ ᠰᠠᠭᠤᠷᠢ ᠢᠵᠢ ᠪᠦᠷᠢᠳᠦᠯ ᠤᠨ ᠬᠢᠷᠢ ᠲᠦᠪᠰᠢᠨ ᠢ ᠲᠡᠭᠡᠭᠰᠢᠯᠡᠬᠦᠯᠵᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠶᠦᠩ ᠲᠠᠢ ᠢᠯᠴᠢ ᠴᠠᠬᠢᠯᠭᠠᠨ ᠬᠤᠯᠪᠤᠭᠠᠯᠠᠭᠰᠠᠨ ᠲᠦᠷᠦᠯ ᠵᠦᠢᠯ ᠢ ᠬᠡᠷᠡᠭᠯᠡᠯᠲᠡ ᠳᠤ ᠤᠷᠤᠭᠤᠯᠵᠤ 16 ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠢ ᠰᠢᠨ᠎ᠡ ᠪᠠᠷ ᠪᠤᠶᠤ ᠦᠬᠡᠷᠡᠴᠢᠯᠡᠨ ᠪᠠᠷᠢᠨ᠎ᠠ︔ ᠭᠤᠤᠯ ᠲᠡᠳ᠋ ᠵᠠᠮ ᠱᠤᠭᠤᠮ ᠤᠨ ᠵᠢᠷᠤᠭᠠᠰᠤ ᠲᠡᠮᠳᠡᠭ᠂ ᠫᠠᠶᠢᠰᠠ ᠢᠯᠡᠷᠬᠡᠶᠢᠯᠡᠯ᠂ ᠵᠠᠮ ᠬᠠᠷᠢᠯᠴᠠᠭᠠᠨ ᠤ ᠲᠤᠬᠢᠶᠠᠨ ᠳ᠋ᠧᠩ ᠵᠡᠷᠭᠡ ᠲᠠᠭᠠᠯᠲᠠ ᠲᠦᠬᠦᠭᠡᠷᠦᠮᠵᠢ ᠶᠢ ᠲᠡᠭᠦᠯᠳᠡᠷᠵᠢᠬᠦᠯᠦᠨ ᠤᠢ ᠶᠢᠨ ᠰᠡᠭᠦᠳᠡᠷᠲᠤ ᠲᠡᠷᠭᠡᠨ ᠵᠤᠭᠰᠤᠭᠠᠯ ᠢ ᠰᠢᠨᠡᠳᠬᠡᠨ ᠵᠠᠰᠠᠨ᠎ᠠ᠃ ᠬᠤᠲᠠ ᠪᠠᠯᠭᠠᠰᠤᠨ ᠤ ᠲᠦᠷᠢ ᠲᠦᠷᠬᠦ ᠶᠢ ᠲᠡᠭᠡᠭᠰᠢᠯᠡᠬᠦᠯᠦᠨ ᠵᠠᠮ ᠤᠨ ᠠᠭᠤᠯᠵᠠᠷ᠂ ᠴᠡᠴᠡᠷᠯᠢᠭᠵᠢᠬᠦᠯᠦᠯᠲᠡ ᠶᠢᠨ ᠦᠵᠡᠮᠵᠢ᠂ ᠴᠡᠴᠡᠷᠯᠢᠭ ᠠᠭᠤᠳᠠᠮ ᠲᠠᠯᠠᠪᠠᠢ᠂ ᠨᠤᠭᠤᠭᠠᠨ ᠬᠤᠩᠭᠢᠯ ᠨᠤᠭᠤᠭᠠᠨ ᠭᠡᠷᠡᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ 12 ᠲᠦᠮᠡᠨ ᠲᠡᠭᠰᠢ ᠲᠦᠷᠪᠡᠯᠵᠢᠨ ᠮᠧᠲᠷ ᠤᠨ ᠨᠤᠭᠤᠭᠠᠨ ᠭᠠᠵᠠᠷ ᠢ ᠰᠢᠨ᠎ᠡ ᠪᠠᠷ ᠨᠡᠮᠡᠨ ᠦᠬᠡᠷᠡᠴᠢᠯᠡᠨ᠎ᠠ᠃ ᠤᠢ ᠶᠢᠨ ᠰᠡᠭᠦᠳᠡᠷᠲᠤ ᠵᠠᠮ ᠤᠨ ᠵᠠᠮ ᠤᠨ ᠳ᠋ᠧᠩ ᠤᠨ ᠡᠨᠧᠷᠬᠢ ᠠᠷᠪᠢᠯᠠᠬᠤ ᠦᠭᠡᠷᠡᠴᠢᠯᠡᠯᠲᠡ ᠶᠢ ᠡᠬᠢᠯᠡᠬᠦᠯᠦᠨ ᠰᠠᠭᠤᠭᠠᠯᠢ ᠠᠷᠠᠳ ᠤᠨ ᠭᠤᠳᠤᠮᠵᠢ ᠳᠤ 450 ᠳ᠋ᠧᠩ ᠤᠭᠰᠠᠷᠠᠨ᠎ᠠ᠃ ᠠᠷᠠᠳ ᠲᠦᠮᠡᠨ ᠤ ᠠᠮᠤᠭᠤᠯᠠᠩ ᠰᠠᠭᠤᠷᠢᠰᠢᠯ ᠤᠨ ᠢᠨᠵᠧᠨᠧᠷᠢᠩ ᠢ ᠠᠬᠢᠭᠤᠯᠤᠨ ᠭᠠᠯᠠᠭᠤᠲᠤ ᠪᠠᠯᠭᠠᠰᠤᠨ ᠤ ᠪᠤᠷᠤ ᠭᠡᠷᠲᠦ ᠲᠤᠭᠤᠷᠢᠭ ᠤᠨ ᠦᠭᠡᠷᠡᠴᠢᠯᠡᠯᠲᠡ ᠶᠢ 300 ᠡᠷᠦᠬᠡ ᠬᠡᠷᠡᠭᠵᠢᠬᠦᠯᠵᠤ 10 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠡᠷᠦᠩᠬᠡᠶᠢᠯᠡᠨ ᠵᠠᠰᠠᠨ ᠴᠡᠭᠴᠡᠯᠡᠨ᠎ᠡ᠃ ᠠᠳᠠᠯ ᠠᠬᠤᠢ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠵᠤ ᠬᠤᠳᠠᠯᠳᠣᠭᠠᠨ ᠤ ᠦᠢᠯᠡᠰ ᠤᠨ ᠭᠡᠷ ᠪᠠᠶᠢᠰᠢᠩ ᠤᠨ ᠬᠦᠮᠦᠷᠭᠡᠯᠡᠯᠲᠡ ᠶᠢ ᠦᠭᠡᠶᠢᠰᠬᠡᠬᠦ ᠪᠠ ᠭᠡᠷ ᠪᠠᠶᠢᠰᠢᠩ ᠤᠨ ᠦᠮᠴᠢᠯᠡᠬᠦ ᠡᠷᠭᠡ ᠶᠢ ᠲᠦᠪᠯᠡᠷᠡᠬᠦᠯᠦᠨ ᠴᠡᠭᠴᠡᠯᠡᠬᠦ ᠠᠵᠢᠯ  ᠢ ᠰᠠᠶᠢᠲᠤᠷ ᠬᠢᠵᠤ ᠪᠠᠷᠢᠵᠤ ᠪᠠᠶᠢᠭ᠎ᠠ ᠪᠠ ᠪᠠᠷᠢᠵᠤ ᠪᠠᠶᠢᠭᠠᠳ ᠵᠤᠭᠰᠤᠭᠰᠠᠨ ᠭᠡᠷ ᠬᠦᠷᠦᠩᠬᠡ ᠶᠢᠨ ᠲᠦᠷᠥᠯ ᠵᠣᠶᠢᠯ  ᠤᠨ ᠦᠯᠡᠳᠡᠭᠳᠡᠯ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠬᠤᠲᠠ ᠪᠠᠯᠭᠠᠰᠤᠨ ᠤ ᠠᠮᠢ ᠠᠬᠤᠢ ᠶᠢᠨ ᠣᠰᠣᠨ ᠦᠵᠡᠮᠵᠢ ᠶᠢᠨ ᠰᠢᠰᠲ᠋ᠧᠮ ᠢ ᠪᠠᠶᠢᠭᠤᠯᠵᠤ ᠠᠭᠤᠷᠬᠠᠢ ᠶᠢᠨ ᠬᠤᠳᠳᠤᠭ ᠤᠨ ᠤᠰᠤ ᠪᠠ ᠴᠡᠪᠡᠷᠰᠢᠬᠦᠯᠦᠭᠰᠡᠨ ᠪᠤᠬᠢᠷ ᠤᠰᠤ ᠶᠢ ᠶᠡᠷᠦᠩᠬᠡᠶᠢᠯᠡᠨ ᠠᠰᠢᠭᠯᠠᠬᠤ ᠲᠠᠢ ᠤᠶᠠᠯᠳᠤᠭᠤᠯᠤᠨ ᠭᠠᠯᠲᠤ ᠲᠡᠷᠭᠡᠨ ᠦᠷᠳᠡᠭᠡᠨ ᠤ ᠠᠭᠤᠳᠠᠮ ᠲᠠᠯᠠᠪᠠᠢ᠂ ᠮᠤᠷᠢᠨ ᠬᠤᠭᠤᠷ ᠤᠨ ᠰᠤᠶᠤᠯ ᠤᠨ ᠮᠦᠽᠸᠢ ᠵᠡᠷᠭᠡ ᠶᠢᠨ ᠤᠰᠤᠨ ᠰᠢᠰᠲ᠋ᠧᠮ ᠤᠨ ᠡᠮᠦᠨ᠎ᠡ ᠬᠤᠭᠤᠴᠠᠭᠠᠨ ᠤ ᠠᠵᠢᠯ  ᠢ ᠡᠬᠢᠯᠡᠬᠦᠯᠵᠤ ᠤᠰᠤ ᠪᠠᠷ ᠬᠤᠲᠠ ᠪᠠᠨ ᠴᠢᠮᠡᠭᠯᠡᠨ ᠬᠤᠲᠠ ᠪᠠᠨ ᠤᠮᠳᠠᠯᠠᠵᠤ ᠬᠤᠲᠠ ᠶᠢᠨ ᠦᠵᠡᠮᠵᠢ ᠶᠢ ᠨᠡᠮᠡᠭᠳᠡᠭᠦᠯᠦᠨ᠎ᠡ᠃ ︽ᠬᠤᠸᠠᠷ ᠬᠠᠳᠬᠤᠬᠤ︾ ᠴᠢᠷᠮᠠᠶᠢᠯᠭ᠎ᠠ ᠪᠠᠷ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠤ ᠤᠶᠤᠨᠴᠢ ᠬᠤᠲᠠ ᠶᠢᠨ ᠶᠠᠪᠤᠳᠠᠯ᠂ ᠤᠶᠤᠨᠴᠢ ᠴᠡᠴᠡᠷᠯᠢᠭᠵᠢᠬᠦᠯᠦᠯᠲᠡ᠂ ᠲᠤᠭᠠᠴᠠᠯᠠᠭᠰᠠᠨ ᠪᠠᠷᠢᠯᠭ᠎ᠠ ᠶᠢᠨ ᠭᠠᠵᠠᠷ ᠵᠡᠷᠭᠡ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠴᠢᠮᠡᠭᠡ ᠵᠠᠩᠭᠢᠴᠢᠯᠠᠭᠰᠠᠨ ᠲᠠᠪᠴᠠᠩ ᠢ ᠨᠡᠶᠢᠯᠡᠬᠦᠯᠵᠤ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠠᠵᠢᠯ ᠪᠠ ᠬᠠᠮᠠᠭᠠᠯᠠᠯᠲᠠ ᠬᠠᠮᠢᠶᠠᠷᠤᠯᠲᠠ ᠶᠢ ᠨᠢᠭᠡᠳᠦᠯᠲᠠᠢ ᠲᠤᠬᠢᠷᠠᠭᠤᠯᠤᠨ ᠬᠤᠲᠠ ᠪᠠᠯᠭᠠᠰᠤᠨ ᠤ ᠬᠠᠤᠯᠢ ᠬᠡᠷᠡᠭᠵᠢᠬᠦᠯᠬᠦ ᠪᠠ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠴᠢᠳᠠᠪᠤᠷᠢ ᠶᠢ ᠲᠡᠭᠡᠭᠰᠢᠯᠡᠬᠦᠯᠤᠨ᠎ᠡ᠃ ︽ᠬᠡᠰᠡᠭ ᠲᠤᠭᠤᠷᠢᠭ ᠤᠨ ᠲᠠᠷᠤᠭ᠎ᠠ ᠶᠢᠨ ᠲᠦᠷᠢᠮ︾ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠬᠦᠯᠦᠨ ᠲᠦᠷᠢᠮ ᠢ ᠵᠦᠷᠢᠴᠡᠨ ᠵᠠᠮ ᠡᠵᠡᠯᠡᠨ ᠡᠵᠡᠩᠨᠡᠯᠲᠡ ᠬᠢᠬᠦ᠂ ᠬᠠᠮᠢᠶ᠎ᠠ ᠨᠠᠮᠢᠶ᠎ᠠ ᠦᠭᠡᠢ ᠵᠤᠭᠰᠤᠭᠠᠵᠤ ᠲᠠᠯᠪᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ ᠃ ᠬᠠᠶᠠᠭᠳᠠᠮᠠᠯ ᠪᠤᠳᠠᠰ ᠢ ᠬᠤᠷᠢᠶᠠᠨ ᠠᠪᠬᠤ ᠦᠷᠳᠡᠭᠡ ᠶᠢ ᠡᠬᠢᠯᠡᠬᠦᠯᠦᠨ ᠪᠦᠲᠦᠭᠡᠨ ᠪᠠᠶᠢᠭᠤᠯᠵᠤ ᠬᠤᠲᠠ ᠪᠠᠯᠭᠠᠰᠤᠨ ᠤ ᠵᠠᠯᠭᠠᠯᠳᠤᠯ ᠬᠡᠰᠡᠭ᠂ ᠭᠤᠳᠤᠮᠵᠢ ᠶᠢ ᠶᠡᠷᠦᠩᠬᠡᠶᠢᠯᠡᠨ ᠵᠠᠰᠠᠵᠤ ᠱᠦᠢᠨᠢ᠂ ᠬᠠᠶᠢᠷ ᠴᠢᠯᠠᠭᠤ᠂ ᠨᠡᠬᠦᠷᠡᠰᠦ ᠡᠵᠡᠩᠨᠡᠨ ᠪᠤᠷᠤᠯᠠᠭᠤᠯᠬᠤ ᠡᠷᠦᠬᠡ ᠶᠢ ᠲᠦᠪᠯᠡᠷᠡᠬᠦᠯᠬᠦ ᠪᠠ ᠲᠤᠰᠤ ᠬᠡᠢ ᠶᠢᠨ ᠠᠢ ᠰᠠᠪᠠ ᠶᠢᠨ ᠨᠡᠭᠡᠭᠡᠯᠲᠡ ᠳᠤ ᠬᠡᠷᠡᠭᠯᠡᠬᠦ ᠡᠳ᠋ ᠪᠤᠳᠠᠰ ᠲᠦᠬᠦᠭᠡᠷᠦᠮᠵᠢ ᠶᠢ ᠲᠦᠪᠯᠡᠷᠡᠬᠦᠯᠦᠨ ᠬᠠᠳᠠᠭᠠᠯᠠᠨ᠎ᠠ᠃ ᠭᠤᠤᠯᠳᠠᠯᠭᠠᠲᠤ ᠤᠷᠤᠨ ᠤ ᠬᠤᠭᠤᠯᠠᠨ ᠭᠡᠷ ᠤᠨ ᠬᠤᠭ ᠨᠤᠪᠰᠢ ᠶᠢ ᠨᠢᠭᠡᠳᠦᠯᠲᠠᠢ ᠬᠤᠷᠢᠶᠠᠬᠤ ᠬᠠᠮᠢᠶᠠᠷᠤᠯᠲᠠ ᠶᠢ ᠪᠡᠶᠡᠯᠡᠬᠦᠯᠦᠨ᠎ᠡ᠃ ᠤᠨᠴᠠᠯᠢᠭᠲᠤ ᠵᠢᠵᠢᠭ ᠬᠤᠲᠠ ᠪᠠᠯᠭᠠᠰᠤ ᠶᠢ ᠪᠦᠲᠦᠭᠡᠨ ᠪᠠᠶᠢᠭᠤᠯᠵᠤ ᠪᠤᠰᠤᠳ ᠰᠤᠮᠤ ᠪᠠᠯᠭᠠᠰᠤ ᠡᠬᠦᠳᠦᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠪᠠ ᠤᠯᠠᠨ ᠲᠦᠮᠡᠨ ᠤ ᠪᠤᠳᠠᠲᠠᠢ ᠬᠡᠷᠡᠭᠴᠡᠭᠡ ᠲᠠᠢ ᠬᠠᠷᠭᠤᠭᠤᠯᠵᠤ ᠰᠤᠮᠤ ᠪᠠᠯᠭᠠᠰᠤ ᠭᠠᠴᠠᠭ᠎ᠠ ᠲᠤᠰᠬᠤᠨ ᠤ ᠤᠷᠴᠢᠨ ᠲᠤᠭᠤᠷᠢᠨ ᠤ ᠵᠠᠰᠠᠨ ᠴᠡᠭᠴᠡᠯᠡᠯᠲᠡ ᠶᠢ ᠰᠢᠰᠲ᠋ᠧᠮ ᠲᠠᠢ ᠦᠷᠨᠢᠬᠦᠯᠤᠨ ᠨᠤᠭᠤᠭᠠᠷᠠᠭᠤᠯᠤᠯᠲᠠ ᠭᠤᠶᠤᠵᠢᠭᠤᠯᠤᠯᠲᠠ᠂ ᠬᠤᠲᠠ ᠶᠢᠨ ᠶᠠᠪᠤᠳᠠᠯ ᠤᠨ ᠵᠠᠮ᠂ ᠪᠤᠷᠤᠭᠠᠨ ᠤ ᠣᠰᠤ ᠪᠠ ᠪᠤᠬᠢᠷ ᠤᠰᠤᠨ ᠤ ᠬᠤᠭᠤᠯᠠᠢ ᠲᠤᠤᠷ᠂ ᠵᠡᠭᠡᠯᠢ ᠭᠤᠳᠤᠮᠵᠢ ᠶᠢᠨ ᠬᠡᠷᠡᠯᠳᠦᠬᠦᠯᠭᠡ ᠪᠠ ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠤᠨ ᠪᠦᠲᠦᠭᠡᠨ ᠪᠠᠶᠢᠭᠤᠯᠤᠯᠲᠠ ᠶᠢ ᠴᠢᠳᠠᠯ ᠤᠨ ᠢᠶᠠᠨ ᠬᠢᠷᠢ ᠪᠠᠷ ᠠᠯᠬᠤᠮ ᠬᠤᠪᠢᠶᠠᠨ ᠬᠡᠷᠡᠭᠵᠢᠬᠦᠯᠵᠤ ᠵᠢᠵᠢᠭ ᠬᠤᠲᠠ ᠪᠠᠯᠭᠠᠰᠤᠨ ᠤ ᠴᠢᠳᠠᠪᠬᠢ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠦᠨ ᠰᠤᠷᠤᠯᠴᠠᠵᠦ᠂ ᠠᠮᠢᠳᠤᠷᠠᠵᠦ᠂ ᠠᠵᠢᠯᠯᠠᠬᠤ ᠤᠷᠴᠢᠨ ᠢ ᠰᠠᠶᠢᠵᠢᠷᠠᠭᠤᠯᠵᠤ ᠬᠦᠮᠦᠨ ᠤᠯᠠᠨ ᠴᠤᠭᠯᠠᠷᠠᠭᠤᠯᠤᠨ ᠠᠷᠠᠯᠵᠢᠶ᠎ᠠ ᠬᠤᠳᠠᠯᠳᠤᠭ᠎ᠠ ᠶᠢ ᠬᠦᠭᠵᠢᠬᠦᠯᠦᠨ᠎ᠡ᠃ ᠪᠤᠯᠪᠠᠰᠤᠨ ᠬᠡᠪ ᠪᠤᠯᠪᠠᠰᠤᠷᠠᠯ ᠢ ᠲᠡᠭᠡᠭᠰᠢᠯᠡᠬᠦᠯᠵᠤ ᠪᠦᠬᠦ ᠤᠯᠤᠰ ᠤᠨ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠤ ᠶᠡᠷᠤᠩᠬᠡᠶᠢᠯᠡᠭᠰᠡᠨ ᠱᠠᠩᠨᠠᠯ ᠪᠠ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠵᠢᠱᠢᠶᠡᠴᠢ ᠬᠤᠰᠢᠭᠤ ᠰᠢᠶᠠᠨ ᠤ ᠡᠭᠦᠳᠦᠨ ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠬᠦᠯᠵᠣ ᠰᠢᠨ᠎ᠡ ᠴᠠᠭ ᠦᠶ᠎ᠡ ᠶᠢᠨ ᠪᠣᠯᠪᠠᠰᠣᠨ ᠢ ᠣᠶᠢᠯᠡᠳᠣᠯᠬᠡᠵᠢᠬᠦᠯᠬᠦ ᠲᠦᠪ ᠤᠨ ᠳᠣᠷᠰᠢᠯᠳᠡ ᠶᠢᠨ ᠠᠵᠢᠯ ᠢ ᠦᠷᠨᠢᠬᠦᠯᠥᠨ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠦᠷᠭᠡᠨ ᠢᠶᠠᠷ ᠤᠬᠠᠭᠤᠯᠵᠤ ᠬᠤᠲᠠ ᠬᠦᠳᠡᠭᠡ ᠶᠢᠨ ᠰᠠᠭᠤᠭᠠᠠᠯᠢ ᠠᠷᠠᠳ ᠤᠨ ᠭᠡᠪ ᠴᠢᠨᠠᠷ ᠢ ᠶᠡᠬᠡᠪᠡᠷ ᠲᠡᠭᠡᠭᠰᠢᠯᠡᠬᠦᠯᠬᠦ ᠠᠵᠢᠯᠯᠠᠭ᠎ᠠ ᠪᠠ ᠪᠤᠯᠪᠠᠰᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ  ᠶᠢ ᠦᠷᠨᠢᠬᠦᠯᠦᠨ ᠪᠣᠯᠪᠠᠰᠣᠨ ᠤ ᠡᠬᠦᠳᠣᠨ ᠪᠠᠶᠢᠭᠤᠯᠣᠯᠳᠠ ᠶᠢᠨ ᠬᠢᠨᠡᠨ ᠰᠢᠯᠭᠠᠷᠠᠭᠤᠯᠣᠯᠳᠠ ᠶᠢᠨ ᠠᠵᠢᠯᠯᠠᠭ᠎ᠠ ᠶᠢ ᠡᠷᠬᠢᠯᠡᠵᠣ ᠨᠡᠶᠢᠬᠡᠮ ᠨᠡᠶᠢᠲᠡ ᠶᠢᠨ ᠶᠤᠰᠤ ᠰᠤᠷᠲᠠᠬᠤᠨ᠂ ᠲᠤᠬᠠᠶᠢᠯᠠᠭᠰᠠᠨ ᠠᠵᠢᠯ ᠤᠨ ᠶᠤᠰᠤ ᠰᠤᠷᠲᠠᠬᠤᠨ᠂ ᠭᠡᠷ ᠪᠦᠯᠢ ᠶᠢᠨ ᠶᠤᠰᠤ ᠰᠤᠷᠲᠠᠬᠤᠨ᠂ ᠬᠤᠪᠢ ᠬᠦᠮᠦᠨ ᠤ ᠶᠤᠰᠤ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ ᠲᠦᠬᠦᠮ ᠤᠶᠢᠯᠠᠭᠠᠮᠵᠢᠲᠠᠢ᠂ ᠪᠤᠳᠠᠲᠠᠢ ᠬᠡᠷᠡᠭᠯᠡᠵᠤ ᠪᠤᠯᠬᠤ ᠭᠠᠴᠠᠭ᠎ᠠ ᠲᠤᠰᠬᠤᠨ ᠤ ᠲᠦᠷᠢᠮ ᠠᠷᠠᠳ ᠤᠨ ᠬᠡᠷ᠎ᠡ ᠶᠢ ᠲᠤᠭᠲᠠᠭᠠᠨ ᠶᠤᠰᠤ ᠰᠤᠷᠲᠠᠬᠤᠨ ᠤ ᠵᠢᠱᠢᠶᠡᠴᠢ᠂ ᠲᠡᠷᠢᠬᠦᠨ ᠤ ᠨᠡᠶᠢᠲᠡᠯᠢᠭ ᠵᠢᠱᠢᠶ᠎ᠠ ᠶᠢ ᠬᠦᠮᠦᠵᠢᠬᠦᠯᠦᠨ ᠪᠤᠯᠪᠠᠰᠤᠨ  ᠢ ᠡᠭᠦᠳᠦᠨ ᠪᠠᠶᠢᠭᠤᠯᠬᠤ᠂ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠤ ᠬᠠᠤᠯᠢ ᠪᠠᠷ ᠵᠠᠰᠠᠬᠤ᠂ ᠶᠤᠰᠤ ᠰᠤᠷᠲᠠᠬᠤᠨ  ᠢᠶᠠᠷ ᠵᠠᠰᠠᠬᠤ᠂ ᠦᠪᠡᠷ ᠢ ᠪᠠᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠨᠡᠶᠢᠬᠡᠮ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃      ︵ᠲᠦᠷᠪᠡ︶ ᠨᠡᠷᠡᠲᠦ ᠲᠡᠮᠳᠡᠭ ᠢ ᠪᠤᠢ ᠪᠤᠯᠭᠠᠨ ᠠᠮᠢᠵᠢᠷᠠᠯ ᠤᠨ ᠬᠦᠴᠦᠨ ᠨᠡᠮᠡᠷᠢᠯᠡᠵᠤ ᠬᠦᠳᠡᠯᠭᠡᠭᠴᠢ ᠬᠦᠴᠦᠨ ᠢᠶᠠᠨ ᠴᠢᠩᠭᠠᠷᠠᠭᠤᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠡᠴᠡᠭᠯᠡᠨ ᠬᠦᠭᠵᠢᠯᠲᠡ ᠶᠢ ᠠᠬᠢᠭᠤᠯᠤᠨ᠎ᠠ᠃ ᠬᠦᠨ ᠵᠤᠵᠠᠭᠠᠨ ᠰᠤᠶᠤᠯ᠂ ᠦᠪᠡᠷᠮᠢᠴᠡ ᠰᠠᠶᠢᠬᠠᠨ ᠦᠵᠡᠮᠵᠢ᠂ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠳᠤ ᠰᠠᠭᠤᠷᠢᠯᠠᠨ ᠵᠠᠬ᠎ᠠ ᠲᠡᠯᠭᠡᠭᠦᠷ ᠤᠨ ᠦᠷᠢᠰᠦᠯᠳᠦᠭᠡᠨ ᠤ ᠬᠦᠴᠦᠨ ᠢᠶᠠᠷ ᠰᠠᠶᠢᠨ ᠰᠤᠶᠤᠯ ᠵᠢᠭᠤᠯᠴᠢᠯᠠᠯ᠂ ᠤᠳᠤ ᠦᠶ᠎ᠡ ᠶᠢᠨ ᠪᠠᠷᠠᠭᠠᠨ ᠬᠦᠢᠯᠭᠡᠭᠡ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠵᠡᠷᠭᠡ ᠭᠤᠷᠪᠠᠳᠤᠭᠠᠷ ᠠᠵᠤ ᠦᠢᠯᠡᠰ ᠢ ᠭᠤᠶᠢᠪᠢᠰᠢ ᠦᠭᠡᠢ ᠪᠤᠢ ᠪᠤᠯᠭᠠᠵᠦ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠢ ᠶᠡᠬᠡᠪᠡᠷ ᠬᠦᠭᠵᠢᠬᠦᠯᠦᠨ ᠰᠢᠨ᠎ᠡ ᠨᠡᠮᠡᠭᠳᠡᠯ ᠤᠨ ᠲᠤᠶᠢᠯ ᠢ ᠪᠦᠷᠢᠯᠳᠦᠬᠦᠯᠦᠨ᠎ᠡ᠃     ᠵᠢᠭᠤᠯᠴᠢᠯᠠᠯ ᠤᠨ ᠰᠢᠯᠢᠳᠡᠭ ᠨᠡᠷᠡᠲᠦ ᠲᠡᠮᠳᠡᠭ ᠢ ᠡᠭᠦᠳᠦᠨ᠎ᠡ᠃ ᠰᠤᠶᠤᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ ᠬᠦᠴᠦᠨ ᠢᠶᠠᠨ ᠲᠦᠪᠯᠡᠷᠡᠬᠦᠯᠦᠨ ᠰᠢᠷᠬᠤᠰᠤ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠢ ᠱᠤᠭᠤᠵᠤ ᠨᠢᠭᠡᠳᠤᠯᠲᠠᠢ᠂ ᠬᠦᠴᠦᠲᠠᠢ ᠭᠠᠳᠠᠭᠠᠲᠤ ᠤᠬᠠᠭᠤᠯᠭ᠎ᠠ ᠶᠢᠨ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠰᠢᠷᠬᠤᠰᠤ ᠵᠢᠭᠤᠯᠴᠢᠯᠠᠯ ᠤᠨ ᠶᠡᠷᠦᠩᠬᠡᠢ ᠴᠤᠭᠴᠠ ᠶᠢ ᠲᠦᠰᠦᠪᠯᠡᠨ ᠪᠠᠶᠢᠭᠤᠯᠵᠤ ᠰᠢᠷᠬᠤᠰᠤ ᠤᠯᠤᠰ ᠤᠨ 5A ᠲᠡᠰ  ᠤᠨ ᠦᠵᠡᠮᠵᠢ ᠶᠢᠨ ᠤᠷᠤᠨ ᠢ ᠡᠭᠦᠳᠦᠨ ᠪᠠᠶᠢᠭᠤᠯᠬᠤ ᠪᠠ ᠲᠡᠯᠡᠭᠡᠢ ᠶᠢᠨ ᠰᠤᠶᠤᠯ ᠪᠤᠯᠤᠨ ᠪᠠᠶᠢᠭᠠᠯᠢ ᠶᠢᠨ ︽ᠬᠤᠤᠰ ᠦᠯᠡᠳᠡᠭᠳᠡᠯ︾ ᠢ ᠭᠤᠶᠤᠴᠢᠯᠠᠬᠤ ᠠᠵᠢᠯ ᠢ ᠡᠬᠢᠯᠡᠬᠦᠯᠵᠤ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠤᠨ ᠬᠠᠮᠳᠤᠷᠠᠯᠴᠠᠭ᠎ᠠ ᠶᠢᠨ ᠪᠤᠳᠠᠲᠠᠢ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃ ᠪᠠᠶᠠᠠᠨᠠᠭᠤᠷ ᠤᠨ ᠲᠠᠯ᠎ᠠ ᠨᠤᠲᠤᠭ ᠪᠠ ᠤᠩᠭᠤᠨ ᠮᠠᠩᠬ᠎ᠠ᠂ ᠪᠦᠷᠢᠲᠤ ᠶᠢᠨ ᠡᠯᠡᠰᠦ ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠶᠢ ᠠᠬᠢᠭᠤᠯᠤᠨ ᠪᠡᠶᠡᠴᠢᠯᠡᠨ ᠤᠶᠢᠯᠠᠭᠠᠬᠤ ᠲᠠᠯ᠎ᠠ ᠪᠠᠷ ᠰᠠᠶᠢᠨ᠂ ᠤᠷᠤᠯᠴᠠᠬᠤ ᠨᠤᠷᠮ᠎ᠠ ᠪᠠᠷ ᠦᠨᠳᠦᠷ ᠵᠢᠭᠤᠯᠴᠢᠯᠠᠯ ᠤᠨ ᠲᠦᠷᠦᠯ ᠵᠦᠢᠯ ᠢ ᠲᠡᠭᠦᠯᠳᠡᠷᠵᠢᠬᠦᠯᠵᠤ ᠨᠦᠭᠡᠨ ᠭᠡᠷ᠂ ᠮᠤᠩᠭᠤᠯ ᠭᠡᠷ ᠵᠡᠷᠭᠡ ᠦᠪᠡᠷᠮᠢᠴᠡ ᠤᠨᠴᠠᠯᠢᠭ ᠲᠠᠢ ᠬᠤᠨᠤᠭ ᠤᠨ ᠭᠠᠵᠠᠷ ᠢ ᠬᠦᠭᠵᠢᠬᠦᠯᠵᠤ ᠲᠤᠭ ᠬᠦᠳᠡᠭᠡ ᠨᠤᠲᠤᠭ ᠤᠨ ᠵᠢᠭᠤᠯᠴᠢᠯᠠᠯ ᠤᠨ ᠦᠷᠳᠡᠭᠡ ᠶᠢ ᠪᠠᠶᠢᠭᠤᠯᠵᠣ ᠵᠢᠭᠤᠯᠴᠢᠯᠡᠯ  ᠤᠨ ᠤᠷᠤᠨ ᠳᠤ 12 ᠵᠤᠷᠯᠤᠩ ᠢ ᠪᠠᠷᠢᠨ᠎ᠠ᠃ ︽ᠮᠠᠯᠵᠢᠬᠤ ᠳ᠋ᠠᠵᠠᠢ︾  ᠂ 1949 ᠤᠨ ᠤ ᠨᠠᠮᠤᠷ ᠠᠴᠠ ᠰᠡᠬᠦᠯᠡᠷᠬᠢ ᠬᠤᠰᠢᠭᠤ ᠨᠠᠮ ᠤᠨ ᠬᠤᠷᠢᠶ᠎ᠠ ᠶᠢᠨ ᠬᠠᠭᠤᠴᠢᠨ ᠠᠯᠪᠠᠯᠠᠬᠤ ᠭᠠᠵᠠᠷ ᠵᠡᠷᠭᠡ ᠬᠤᠪᠢᠰᠬᠠᠯ ᠤᠨ ᠵᠢᠭᠤᠯᠴᠢᠯᠠᠯ  ᠤᠨ ᠡᠬᠢ ᠪᠠᠶᠠᠯᠢᠭ ᠢ ᠬᠦᠨᠵᠡᠭᠡᠢ ᠠᠭᠤᠳᠠᠯᠠᠵᠤ ᠦᠤᠰᠢᠨ ᠤ ᠬᠤᠪᠢᠰᠬᠠᠯ ᠤᠨ ᠲᠡᠤᠬᠡ ᠶᠢᠨ ᠮᠦᠽᠸᠢ ᠶᠢ ᠲᠦᠯᠦᠪᠯᠡᠨ ᠪᠠᠶᠢᠭᠤᠯᠤᠨ᠎ᠠ᠃ ᠢᠷᠭᠠᠢ᠂ ᠲᠡᠮᠡᠭᠡᠲᠦ ᠵᠡᠷᠭᠡ ᠤᠶᠢᠷ᠎ᠠ ᠬᠠᠪᠢ ᠶᠢᠨ ᠵᠢᠭᠤᠯᠴᠢᠯᠠᠭᠰᠠᠳ ᠤᠨ ᠡᠬᠢ ᠪᠠᠶᠠᠯᠢᠭ ᠤᠨ ᠵᠠᠬ᠎ᠠ ᠲᠡᠯᠭᠡᠭᠦᠷ ᠲᠠᠢ ᠢᠳᠡᠪᠬᠢᠲᠠᠢ ᠠᠭᠤᠰᠤᠯᠴᠠᠨ ᠨᠠᠷᠢᠯᠢᠭ ᠤᠨᠤᠪᠴᠢᠲᠠᠢ ᠤᠬᠠᠭᠤᠯᠭ᠎ᠠ ᠶᠢ ᠦᠷᠨᠢᠬᠦᠯᠦᠨ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠪᠠᠶᠠᠷ ᠴᠤᠭᠯᠠᠭᠠᠨ ᠤ ᠠᠵᠢᠯᠯᠠᠭ᠎ᠠ ᠶᠢ ᠡᠷᠬᠢᠯᠡᠵᠤ ᠮᠤᠷᠢᠨ ᠬᠤᠭᠤᠷ ᠵᠡᠷᠭᠡ ᠦᠨᠳᠦᠰᠦᠲᠡᠨ ᠤ ᠤᠨᠴᠠᠯᠢᠭᠲᠤ ᠰᠤᠶᠤᠯ ᠤᠨ ᠨᠦᠯᠦᠭᠡᠯᠡᠬᠦ ᠬᠦᠴᠦᠨ ᠢ ᠲᠡᠭᠡᠭᠰᠢᠯᠡᠬᠦᠯᠵᠤ ᠪᠠᠶᠢᠭᠠᠯᠢ ᠤᠨ ᠦᠵᠡᠮᠵᠢ ᠶᠢ ᠰᠤᠨᠢᠷᠬᠠᠬᠤ᠂ ᠠᠷᠠᠳ ᠤᠨ ᠵᠠᠩ ᠦᠢᠯᠡ ᠶᠢᠨ ᠰᠤᠶᠤᠯ ᠢ ᠪᠠᠶᠠᠴᠢᠯᠡᠨ ᠤᠶᠢᠯᠠᠭᠠᠬᠤ᠂ ᠤᠨᠴᠠᠯᠢᠭᠲᠤ ᠢᠳᠡᠭᠡᠨ ᠤᠮᠳᠠᠭᠠᠨ ᠢ ᠠᠮᠳᠠᠯᠠᠬᠤ ᠪᠠ ᠡᠯᠡᠰᠦ ᠮᠠᠩᠬᠠᠨ ᠳᠡᠭᠡᠷ᠎ᠡ ᠦᠷᠢᠰᠦᠯᠳᠦᠨ ᠤᠷᠤᠯᠳᠤᠬᠤ᠂ ᠬᠠᠪᠴᠢᠯ ᠤᠨ ᠪᠠᠷᠳᠠᠭ᠎ᠠ ᠰᠢᠨᠵᠢᠯᠡᠬᠦ᠂ ᠵᠢᠭᠠᠰᠤ ᠬᠦᠬᠢᠳᠡᠬᠦ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠢ ᠠᠩᠬ᠎ᠠ ᠠᠯᠬᠤᠮ ᠪᠦᠷᠢᠯᠳᠦᠬᠦᠯᠵᠤ ᠪᠦᠬᠦ ᠵᠢᠯ ᠳᠤ ᠬᠦᠯᠢᠶᠡᠨ ᠵᠤᠴᠢᠯᠠᠬᠤ ᠵᠢᠭᠤᠯᠴᠢᠯᠠᠭᠰᠠᠳ ᠤᠨ ᠲᠤᠭ᠎ᠠ ᠶᠢ 130 ᠲᠦᠮᠡᠨ ᠬᠦᠮᠦᠨ ᠤᠳᠠᠭ᠎ᠠ ᠶᠢ ᠲᠠᠪᠠᠭᠤᠯᠬᠤ ᠪᠠᠷ ᠴᠢᠷᠮᠠᠶᠢᠨ᠎ᠠ᠃      ᠤᠳᠤ ᠦᠶ᠎ᠡ ᠶᠢᠨ ᠪᠠᠷᠠᠭᠠᠨ ᠬᠦᠢᠯᠭᠡᠭᠡᠨ ᠤ ᠦᠢᠯᠡᠰ ᠢ ᠲᠦᠷᠭᠡᠳᠬᠡᠨ ᠬᠦᠭᠵᠢᠬᠦᠯᠦᠨ᠎ᠡ᠃ ᠦᠪᠦᠷ ᠮᠤᠩᠭᠤᠯ  ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠬᠦᠷᠬᠦ ᠲᠡᠮᠦᠷ ᠵᠠᠮ ᠤᠨ ᠱᠤᠭᠤᠮ ᠳᠠᠭᠠᠤ ᠭᠠᠵᠠᠷ ᠤᠷᠤᠨ ᠲᠠᠢ ᠬᠠᠮᠳᠤᠷᠠᠯᠴᠠᠭ᠎ᠠ ᠪᠠᠨ ᠠᠬᠢᠭᠤᠯᠵᠤ ᠭᠠᠯᠠᠭᠤᠲᠤ᠂ ᠨᠠᠷᠢᠠᠭᠤᠤᠯ᠂ ᠬᠤᠯᠪᠤᠭᠠᠯᠵᠢ ᠲᠡᠮᠦᠷ ᠵᠠᠮ ᠤᠨ ᠲᠦᠪᠯᠡᠷᠡᠬᠦᠯᠦᠨ ᠰᠠᠪᠠᠯᠠᠬᠤ ᠦᠷᠳᠡᠭᠡᠨ ᠤ ᠲᠦᠷᠥᠯ ᠵᠣᠶᠢᠯ ᠢ ᠡᠬᠢᠯᠡᠬᠦᠯᠵᠤ ᠲᠦᠪᠯᠡᠷᠡᠬᠦᠯᠦᠨ ᠬᠠᠳᠠᠭᠠᠯᠠᠬᠤ᠂ ᠵᠦᠭᠡᠭᠡᠪᠦᠷᠢᠯᠡᠬᠦ᠂ ᠴᠢᠮᠡᠭᠡ ᠵᠠᠩᠭᠢ ᠵᠡᠷᠭᠡ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠪᠠᠷᠠᠭᠠᠨ ᠬᠦᠢᠯᠭᠡᠭᠡᠨ ᠤ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠵᠤ ᠵᠢᠯ ᠤᠨ ᠲᠤᠳᠤᠷ᠎ᠠ ᠲᠡᠮᠦᠷ ᠵᠠᠮ ᠤᠨ ᠭᠠᠳᠠᠭᠰᠢ ᠵᠦᠭᠡᠭᠡᠪᠦᠷᠢᠯᠡᠬᠦ ᠴᠢᠳᠠᠪᠤᠷᠢ ᠶᠢ 6000 ᠲᠦᠮᠡᠨ ᠲᠤᠨ ᠰᠢᠨ᠎ᠡ ᠪᠠᠷ ᠨᠡᠮᠡᠭᠳᠡᠬᠦᠯᠦᠨ ᠬᠦᠭᠡᠬᠤᠲᠠ ᠪᠤᠭᠤᠲᠤ ᠤᠷᠳᠤᠰ ᠢᠷᠭᠠᠢ ᠲᠡᠮᠡᠭᠡᠲᠤ ᠶᠢᠨ ᠤᠷᠤᠨ ᠪᠦᠰᠡ ᠶᠢᠨ ᠴᠢᠨᠠᠷᠲᠠᠢ ᠪᠠᠷᠠᠭᠠᠨ ᠬᠦᠢᠯᠭᠡᠭᠡᠨ ᠤ ᠠᠭᠤᠯᠵᠠᠷ ᠴᠡᠭ ᠪᠠ ᠤᠮᠠᠷᠠᠲᠤ  ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ᠲᠤᠳᠤᠭᠠᠲᠤ ᠬᠠᠭᠤᠷᠠᠢ ᠶᠢᠨ ᠭᠠᠷᠠᠮ᠂ ᠡᠮᠦᠨᠡᠲᠦ ᠶᠢᠨ ᠪᠠᠷᠠᠭ᠎ᠠ ᠶᠢ ᠤᠮᠠᠷᠠᠰᠢ ᠵᠦᠭᠡᠭᠡᠪᠦᠷᠢᠯᠡᠬᠦ ᠪᠠᠷᠠᠭᠠᠨ ᠬᠦᠢᠯᠭᠡᠭᠡᠨ ᠤ ᠲᠦᠪᠯᠡᠷᠡᠬᠦᠯᠦᠨ ᠲᠠᠷᠬᠠᠭᠠᠬᠤ ᠭᠠᠵᠠᠷ ᠢ ᠪᠦᠲᠦᠭᠡᠨ ᠪᠠᠶᠢᠭᠤᠯᠤᠨ᠎ᠠ᠃      ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠦᠭᠵᠢᠬᠦᠯᠦᠨ᠎ᠡ᠃ ᠬᠡᠷᠡᠭᠯᠡᠭᠡ ᠶᠢ ᠲᠡᠰ ᠲᠡᠪᠰᠢᠬᠦᠯᠬᠦ ᠴᠢᠭᠯᠡᠯ ᠤᠨ ᠲᠤᠭᠤᠷᠢᠨ ᠳᠤ ᠴᠢᠨᠠᠷ ᠰᠠᠶᠢᠲᠠᠢ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ  ᠶᠢ ᠴᠢᠷᠮᠠᠶᠢᠨ ᠨᠡᠮᠡᠭᠳᠡᠬᠦᠯᠦᠨ᠎ᠡ᠃ ᠭᠡᠷ ᠠᠬᠤᠢ᠂ ᠭᠡᠷ ᠲᠤ ᠨᠢ ᠬᠦᠷᠴᠦ ᠨᠠᠰᠤᠲᠠᠳ ᠢ ᠠᠰᠠᠷᠠᠬᠤ ᠵᠡᠷᠭᠡ ᠦᠢᠯᠡᠴᠢᠯᠡᠭᠡ ᠶᠢ ᠬᠦᠭᠵᠢᠬᠦᠯᠬᠦ ᠶᠢ ᠵᠤᠷᠢᠭᠵᠢᠭᠤᠯᠤᠨ᠎ᠠ᠃ ᠴᠠᠶᠢᠯᠭᠠᠭᠰᠠᠨ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠰᠢᠢᠳᠪᠦᠷᠢᠯᠡᠬᠦ ᠬᠠᠳᠠᠭᠠᠯᠠᠯᠲᠠ ᠶᠢᠨ ᠬᠦᠮᠦᠷᠭᠡ ᠶᠢ ᠡᠬᠢᠯᠡᠬᠦᠯᠦᠨ ᠪᠦᠲᠦᠭᠡᠨ ᠪᠠᠶᠢᠭᠤᠯᠵᠤ ᠨᠤᠲᠤᠭ ᠤᠨ ᠭᠠᠷᠤᠯᠲᠠ  ᠶᠢᠨ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠪᠠ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠦᠭᠡᠷᠡᠴᠢᠯᠡᠨ ᠰᠠᠶᠢᠵᠢᠷᠠᠭᠤᠯᠵᠤ ᠬᠤᠨᠵᠢᠨ ᠴᠠᠶᠢᠳᠠᠮ ᠤᠨ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠬᠦᠷ ᠢ ᠪᠠᠶᠢᠭᠤᠯᠵᠤ ᠪᠦᠬᠦ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠤᠭᠰᠠᠨ ᠵᠢᠱᠢᠶᠡᠴᠢ ᠬᠤᠰᠢᠭᠤ ᠰᠢᠶᠠᠨ ᠢ ᠭᠤᠶᠤᠴᠢᠯᠠᠨ ᠮᠡᠳᠡᠬᠦᠯᠵᠤ ᠪᠦᠳᠦᠬᠡᠨ ᠪᠠᠶᠢᠭᠤᠯᠣᠨ ᠦᠨᠳᠦᠰᠦᠨ ᠱᠠᠲᠤᠨ ᠤ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠦᠷᠳᠡᠭᠡ ᠶᠢ ᠰᠢᠨ᠎ᠡ ᠪᠠᠷ 20 ᠪᠠᠶᠢᠭᠤᠯᠵᠤ ᠰᠦᠯᠵᠢᠶᠡᠨ ᠲᠡᠯᠭᠡᠭᠦᠷ ᠪᠠ ᠲᠡᠯᠭᠡᠬᠦᠷ ᠤᠨ ᠪᠤᠷᠤᠯᠠᠭᠤᠯᠭ᠎ᠠ ᠶᠢ ᠬᠦᠭᠵᠢᠬᠦᠯᠦᠨ᠎ᠡ᠃ ︽ᠰᠠᠨᠠᠭ᠎ᠠ ᠠᠮᠤᠷ ᠬᠡᠷᠡᠭᠯᠡᠭᠡ ᠬᠢᠬᠦ ᠬᠤᠲᠠ︾  ᠶᠢᠨ ᠡᠬᠦᠳᠣᠨ ᠪᠠᠶᠢᠭᠤᠯᠤᠯᠲᠠ ᠶᠢ ᠠᠬᠢᠭᠤᠯᠤᠨ ᠡᠷᠭᠡ ᠠᠰᠢᠭ ᠢᠶᠠᠨ ᠬᠠᠮᠠᠭᠠᠯᠠᠬᠤ ᠪᠠᠳᠤᠯᠠᠭ᠎ᠠ ᠶᠢ ᠴᠢᠩᠭᠠᠳᠬᠠᠵᠤ ᠪᠦᠬᠦ ᠬᠦᠷᠢᠶ᠎ᠠ ᠴᠠᠷᠠᠭᠠᠨ ᠳᠤ ᠰᠠᠨᠠᠭ᠎ᠠ ᠠᠮᠤᠷ ᠬᠡᠷᠡᠭᠯᠡᠭᠡ ᠬᠢᠬᠦ ᠤᠷᠴᠢᠨ ᠢ ᠪᠦᠷᠢᠯᠳᠦᠬᠦᠯᠦᠨ᠎ᠡ᠃      ︵ᠲᠠᠪᠤ︶ ᠲᠤᠳᠠᠭᠤᠳᠠᠯ ᠢᠶᠠᠨ ᠨᠦᠬᠦᠪᠦᠷᠢᠯᠡᠵᠤ ᠰᠠᠭᠤᠷᠢ ᠪᠠᠨ ᠪᠠᠳᠤᠳᠬᠠᠨ ᠬᠦᠴᠢᠷᠳᠡᠯ ᠢ ᠲᠤᠭᠤᠯᠵᠤ ᠬᠦᠭᠵᠢᠯᠲᠡ ᠶᠢᠨ ᠠᠴᠢᠶᠠᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠬᠦᠬᠡᠬᠤᠲᠠ ᠪᠤᠭᠤᠲᠤ ᠤᠷᠳᠤᠰ ᠲᠡᠮᠡᠭᠡᠲᠤ ᠶᠢᠨ ᠬᠤᠲᠠ ᠶᠢᠨ ᠰᠦᠷᠦᠭᠵᠢᠯ ᠬᠦᠭᠵᠢᠯᠲᠡ ᠶᠢᠨ ᠲᠤᠬᠢᠶᠠᠯ ᠢ ᠠᠳᠬᠤᠵᠤ ᠬᠠᠷᠢᠯᠴᠠᠨ ᠬᠤᠯᠪᠤᠯᠳᠤᠨ ᠨᠡᠪᠳᠡᠷᠡᠭᠰᠡᠨ ᠪᠤᠬᠢᠷᠳᠤᠯ ᠦᠭᠡᠢ ᠦᠨᠳᠦᠷ ᠪᠦᠲᠦᠮᠵᠢᠲᠠᠢ ᠰᠠᠭᠤᠷᠢ ᠲᠦᠬᠦᠭᠡᠷᠦᠮᠵᠢ ᠶᠢᠨ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠡ ᠬᠦᠴᠦᠲᠤ ᠲᠤᠯᠭᠠᠭᠤᠷᠢᠯᠠᠯ ᠬᠠᠩᠭᠠᠨ᠎ᠠ᠃      ᠲᠦᠩᠽᠢ ᠠᠴᠠ ᠵᠠᠮᠪᠠᠨ ᠤ ᠲᠠᠯ᠎ᠠ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ᠂ ᠭᠠᠯᠠᠭᠤᠲᠤ ᠠᠴᠠ ᠪᠤᠯᠠᠭ  ᠤᠨ ᠭᠤᠤᠯ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ ᠡᠬᠢᠯᠡᠬᠦᠯᠦᠨ ᠵᠠᠰᠠᠵᠤ ᠭᠠᠯᠠᠭᠤᠳᠤ ᠠᠴᠠ ᠤᠯᠠᠭᠠᠨᠪᠠᠯᠭᠠᠰᠤ᠂ ᠲᠤᠯᠢ ᠠᠴᠠ ᠨᠠᠩᠰᠣ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠲᠡᠷᠭᠡ ᠨᠡᠪᠳᠡᠷᠡᠬᠦ ᠨᠦᠬᠦᠴᠡᠯ  ᠳᠤ ᠬᠦᠷᠭᠡᠨ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ︵ᠱᠠᠨᠰᠢ ᠶᠢᠨ ᠬᠡᠰᠡᠭ︶ ᠤᠨ ᠡᠮᠦᠨ᠎ᠡ ᠬᠤᠭᠤᠴᠠᠭᠠᠨ ᠤ ᠭᠠᠷ ᠬᠦᠢᠴᠡᠳᠬᠡᠯ ᠬᠦᠢᠴᠡᠳᠬᠡᠬᠦ ᠶᠢ ᠠᠬᠢᠭᠤᠯᠤᠨ ᠭᠠᠯᠠᠭᠤᠲᠤ ᠠᠴᠠ ᠲᠡᠮᠡᠭᠡᠲᠤ ᠶᠢᠨ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠢ ᠲᠦᠯᠦᠪᠯᠡᠵᠤ ᠨᠢᠭᠡ ᠴᠠᠭ ᠤᠨ ᠲᠤᠳᠤᠷ᠎ᠠ ᠬᠠᠵᠠᠭᠤ ᠬᠠᠪᠢ ᠶᠢᠨ ᠬᠤᠰᠢᠭᠤ ᠰᠢᠶᠠᠨ ︵ᠲᠤᠭᠤᠷᠢᠭ︶ ᠳᠤ ᠬᠦᠷᠬᠦ ᠠᠵᠤ ᠠᠬᠤᠢ ᠶᠢᠨ ᠴᠠᠭᠠᠷᠢᠭ ᠢ ᠪᠠᠶᠢᠭᠤᠯᠤᠨ᠎ᠠ᠃ ᠲᠦᠩᠽᠢ ᠠᠴᠠ ᠴᠠᠩ ᠴᠢᠩ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠴᠡᠪᠡᠷᠰᠢᠬᠦᠯᠬᠦ ᠬᠤᠶᠠᠳᠤᠭᠠᠷ ᠦᠢᠯᠡᠳᠪᠦᠷᠢ ᠬᠦᠷᠬᠦ᠂ ᠲᠠᠮᠠᠭᠠᠯᠠᠢ ᠶᠢᠨ ᠴᠠᠶᠢᠳᠠᠮ ᠠᠴᠠ ᠤᠷᠤᠭᠰᠢᠯᠠᠯᠲᠠ ᠲᠤᠰᠬᠤᠨ ᠬᠦᠷᠬᠦ ᠵᠡᠷᠭᠡ 7 ᠵᠤᠷᠪᠤᠰ 141 ᠺᠢᠯᠤᠮᠧᠲᠷ ᠬᠦᠳᠡᠭᠡ ᠲᠤᠰᠬᠤᠨ ᠤ ᠵᠠᠰᠠᠮᠠᠯ ᠵᠠᠮ ᠢ ᠶᠡᠭᠡᠪᠡᠷ ᠰᠡᠯᠪᠢᠨ ᠵᠠᠰᠠᠵᠤ ︽ᠵᠠᠮ ᠤᠨ ᠲᠠᠷᠤᠭ᠎ᠠ ᠶᠢᠨ ᠲᠦᠷᠢᠮ︾ ᠤᠨ ᠬᠠᠮᠢᠶᠠᠷᠤᠯᠲᠠ ᠶᠢᠨ ᠬᠡᠯᠪᠡᠷᠢ ᠶᠢ ᠬᠡᠷᠡᠭᠵᠢᠬᠦᠯᠦᠨ ᠲᠤᠰᠢᠶᠠᠯ ᠬᠠᠷᠢᠭᠤᠴᠠᠯᠭ᠎ᠠ ᠲᠤᠳᠤᠷᠬᠠᠢ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠤᠭᠳᠠᠯᠴᠠᠭ᠎ᠠ ᠶᠢ ᠪᠠᠶᠢᠭᠤᠯᠵᠤ ᠦᠪᠡᠷᠳᠡᠭᠡᠨ ᠵᠠᠰᠠᠬᠤ ᠤᠷᠤᠨ ᠤ ︽ᠲᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠤᠨ ᠵᠢᠱᠢᠶᠡᠴᠢ ᠬᠤᠰᠢᠭᠤ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ ᠪᠤᠭᠤᠲᠤ ᠶᠢᠨ ᠴᠢᠭᠯᠡᠯ ᠤᠨ ᠠᠶᠠᠨᠴᠢᠳ ᠤᠨ ᠭᠠᠯᠳᠤ ᠲᠡᠷᠭᠡ ᠶᠢ ᠴᠢᠷᠮᠠᠶᠢᠨ ᠨᠡᠪᠳᠡᠷᠡᠬᠦᠯᠵᠤ ᠨᠠᠷᠢᠠᠭᠤᠤᠯ ᠬᠤᠶᠠᠳᠤᠭᠠᠷ ᠨᠤᠮᠧᠷᠲᠤ ᠬᠤᠳᠲᠤᠭ ᠤᠨ ᠲᠡᠮᠦᠷ ᠵᠠᠮ ᠤᠨ ᠲᠤᠰᠬᠠᠢ ᠱᠤᠭᠤᠮ ᠢ ᠡᠬᠢᠯᠡᠬᠦᠯᠦᠨ ᠵᠠᠰᠠᠨ᠎ᠠ᠃ ᠵᠢᠯ ᠤᠨ ᠲᠤᠳᠤᠷ᠎ᠠ ᠨᠡᠶᠢᠳᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦᠯᠬᠦ ᠨᠦᠬᠦᠴᠡᠯ ᠢ ᠪᠦᠷᠢᠯᠳᠦᠬᠦᠯᠦᠨ᠎ᠡ᠃ ᠦᠤᠰᠢᠨ ᠤ 500 ᠺᠢᠯᠤᠸᠤᠯᠲ᠂ ᠤᠷᠳᠤᠪᠡᠶ᠎ᠡ ᠠᠴᠠ ᠪᠤᠷᠤᠪᠠᠯᠭᠠᠰᠤ ᠬᠦᠷᠬᠦ 110 ᠺᠢᠯᠤᠸᠤᠯᠲ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠡᠬᠢᠯᠡᠬᠦᠯᠦᠨ ᠪᠠᠶᠢᠭᠤᠯᠵᠤ ᠰᠢᠷᠬᠤᠰᠤ ᠶᠢᠨ 220 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠵᠤ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ︽ᠬᠤᠤᠰ ᠴᠠᠬᠢᠯᠭᠠᠨ ᠱᠤᠭᠤᠮ︾ ︽ᠬᠤᠤᠰ ᠴᠠᠬᠢᠯᠭᠠᠨ ᠡᠬᠦᠰᠬᠡᠭᠴᠢ︾ ᠪᠠᠷ ᠴᠠᠬᠢᠯᠭᠠᠨ ᠬᠠᠩᠭᠠᠬᠤ ᠶᠢ ᠪᠡᠶᠡᠯᠡᠬᠦᠯᠦᠨ᠎ᠡ᠃ ᠪᠠᠶᠠᠨᠨᠠᠭᠤᠷ ᠵᠡᠷᠭᠡ ᠲᠦᠷᠪᠡᠨ 35 ᠺᠢᠯᠤᠸᠤᠯᠲ  ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠤᠨ ᠬᠦᠳᠡᠭᠡ ᠲᠤᠰᠬᠤᠨ ᠤ ᠴᠠᠬᠢᠯᠭᠠᠨ ᠤ ᠲᠤᠤᠷᠵᠢᠯ ᠢ 500 ᠺᠢᠯᠤᠮᠧᠲᠷ ᠠᠴᠠ ᠲᠡᠭᠡᠭᠰᠢ ᠰᠢᠨ᠎ᠡ ᠪᠠᠷ ᠪᠤᠶᠤ ᠦᠭᠡᠷᠡᠴᠢᠯᠡᠨ ᠲᠠᠳᠠᠵᠤ ᠵᠤᠨ ᠤ ᠲᠠᠷᠢᠶᠠᠯᠠᠩ ᠤᠨ ᠤᠰᠤᠯᠠᠯᠲᠠ ᠳᠤ ︽ᠡᠭᠡᠯᠵᠢᠯᠡᠵᠦ ᠴᠠᠬᠢᠯᠭᠠᠨ ᠬᠡᠷᠡᠭᠯᠡᠬᠦ︾ ᠠᠰᠠᠭᠤᠳᠠᠯ ᠢ ᠪᠦᠲᠦᠮᠵᠢᠲᠠᠢ ᠪᠠᠭᠠᠰᠬᠠᠨ᠎ᠠ᠃ ᠰᠢᠷᠬᠤᠰᠣᠨ ᠪᠠᠯᠭᠠᠰᠣᠨ ᠤ ᠪᠠᠯᠭᠠᠰᠣᠨ ᠳᠣᠭᠤᠷᠢᠭ ᠤᠨ ᠤᠤᠭᠤᠬᠤ ᠤᠰᠤᠨ ᠤ ᠠᠶᠤᠯᠬᠦᠢ ᠶᠢᠨ ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠥᠨ᠎ᠠ᠃ ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ ᠰᠢᠨ᠎ᠡ ᠪᠠᠷ 21 ᠪᠠᠶᠢᠭᠤᠯᠵᠤ ᠲᠤᠬᠢᠶᠠᠨ ᠲᠡᠮᠳᠡᠭ ᠲᠤᠰᠴᠤ ᠲᠡᠶᠢᠯᠬᠦ ᠦᠭᠡᠢ ᠤᠷᠤᠨ ᠤ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠨ᠎ᠡ᠃ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠪᠠ ᠠᠭᠤᠷᠬᠠᠢ ᠶᠢᠨ ᠤᠷᠤᠨ ᠤ ᠠᠷᠠᠳ ᠢ ᠨᠡᠬᠦᠯᠭᠡᠨ ᠲᠦᠪᠬᠢᠨᠡᠬᠦᠯᠬᠦ ᠠᠵᠢᠯ ᠢ ᠯᠠᠪᠳᠠᠭᠤᠨ ᠠᠬᠢᠭᠤᠯᠤᠨ᠎ᠠ᠃ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠲᠤᠭᠲᠠᠯ ᠬᠦᠴᠦᠨ  ᠢ ᠦᠷᠭᠦᠯᠵᠢᠯᠡᠨ ᠴᠢᠩᠭᠠᠳᠬᠠᠵᠦ ᠠᠮᠢ ᠠᠬᠤᠢ ᠶᠢᠨ ᠰᠢᠰᠲ᠋ᠧᠮ ᠤᠨ ᠲᠤᠲᠤᠭᠠᠳᠤ ᠶᠤᠰᠤ ᠵᠦᠢ ᠪᠠ ᠵᠢᠮ᠎ᠡ ᠶᠤᠰᠤ ᠶᠢ ᠵᠢᠷᠦᠮᠯᠠᠵᠦ ︽ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠪᠠᠯᠠᠷ︾ ᠢ ᠨᠢᠭᠡᠲᠦᠯᠲᠠᠢ ᠲᠦᠯᠦᠪᠵᠢᠬᠦᠯᠦᠨ ᠶᠡᠷᠦᠩᠬᠡᠶᠢᠯᠡᠨ ᠵᠠᠰᠠᠵᠤ ᠦᠪᠡᠷᠳᠡᠭᠡᠨ ᠰᠡᠷᠭᠦᠭᠡᠬᠦ ᠪᠠᠷ ᠭᠤᠤᠯᠳᠠᠭᠤᠯᠤᠨ ᠨᠤᠭᠤ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠪᠠ ᠨᠠᠭᠤᠷ ᠭᠤᠤᠯ ᠤᠨ ᠲᠤᠭᠤᠷᠢᠨ ᠪᠠᠶᠢᠴᠠᠭᠠᠯᠲᠠ ᠬᠠᠮᠠᠭᠠᠯᠠᠯᠲᠠ ᠪᠠᠨ ᠴᠢᠩᠭᠠᠳᠬᠠᠨ ᠬᠠᠤᠯᠢ ᠪᠤᠰᠤ ᠪᠠᠷ ᠤᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠦᠷᠢᠯᠠᠭᠰᠠᠨ ᠠᠵᠢᠯᠯᠠᠭ᠎ᠠ ᠳᠤ ᠬᠦᠨᠲᠤ ᠴᠤᠬᠢᠯᠲᠠ ᠦᠭᠬᠦᠨ᠎ᠡ︔ ᠪᠡᠭᠡᠵᠢᠩ ᠲᠢᠶᠠᠨᠵᠢᠨ ᠤ ᠡᠯᠡᠰᠦᠨ ᠰᠢᠭᠤᠷᠭᠠᠨ ᠤ ᠢᠷᠡᠯᠲᠡ᠂ ᠮᠠᠭᠤᠳᠠᠭᠰᠠᠨ ᠤᠢ ᠰᠢᠭᠤᠢ ᠶᠢ ᠬᠡᠰᠡᠭ ᠬᠤᠪᠢᠶᠠᠨ ᠲᠠᠷᠢᠵᠦ ᠠᠷᠠᠴᠢᠯᠠᠬᠤ ᠦᠭᠡᠷᠡᠴᠢᠯᠡᠯᠲᠡ ᠵᠡᠷᠭᠡ ᠠᠮᠢ ᠠᠬᠤᠢ ᠶᠢ ᠰᠡᠷᠬᠦᠬᠡᠬᠦ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠬᠦᠯᠵᠤ ᠨᠤᠲᠤᠭ ᠪᠡᠯᠴᠢᠭᠡᠷ ᠢ ᠬᠤᠯᠤᠭᠠᠨ᠎ᠠ ᠬᠤᠷᠤᠬᠠᠢ ᠰᠢᠪᠡᠵᠢ ᠶᠢᠨ ᠬᠦᠨᠦᠬᠡᠯ ᠠᠴᠠ ᠴᠢᠩᠭ᠎ᠠ ᠰᠡᠷᠬᠡᠶᠢᠯᠡᠵᠤ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 15 ᠲᠦᠮᠡᠨ ᠮᠤ᠋᠂ ᠬᠦᠷᠦᠰᠦ ᠰᠢᠷᠤᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠲᠠ ᠶᠢ 20 ᠲᠦᠮᠡᠨ ᠮᠤ᠋ ᠪᠡᠶᠡᠯᠡᠬᠦᠯᠵᠤ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃      ︵ᠵᠢᠷᠭᠤᠭ᠎ᠠ︶ ᠦᠨᠳᠦᠰᠦᠨ ᠵᠦᠢᠯ ᠢ ᠪᠠᠲᠤᠯᠠᠵᠦ ᠬᠢᠵᠠᠭᠠᠷ ᠱᠤᠭᠤᠮ ᠢ ᠰᠠᠬᠢᠨ ᠠᠷᠠᠳ ᠤᠨ ᠠᠮᠢᠳᠤᠷᠠᠯ ᠳᠤ ᠠᠰᠢᠭ ᠬᠦᠷᠳᠡᠭᠡᠵᠦ ᠣᠯᠠᠨ ᠨᠡᠶᠢᠳᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠶᠡᠭᠡ ᠬᠦᠴᠦᠨ ᠢᠶᠠᠷ ᠳᠡᠭᠡᠭᠰᠢᠯᠡᠬᠦᠯᠦᠨ᠎ᠡ᠃ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠪᠤᠯ ᠳᠠᠷᠤᠢ ᠪᠢᠳᠠᠨ ᠤ ᠴᠢᠷᠮᠠᠶᠢᠬᠤ ᠴᠢᠭᠯᠡᠯ ᠪᠠᠶᠢᠵᠦ᠂ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠲᠠ ᠪᠤᠯᠤᠨ ᠠᠵᠤ ᠠᠬᠤᠢ ᠶᠢᠨ ᠬᠦᠭᠵᠢᠯᠲᠡ ᠶᠢ ᠵᠤᠬᠢᠴᠠᠩᠭᠤᠢ ᠪᠠᠷ ᠨᠡᠮᠡᠭᠳᠡᠬᠦᠯᠬᠦ ᠲᠤᠭᠲᠠᠯᠴᠠᠭ᠎ᠠ ᠶᠢ ᠪᠦᠲᠦᠭᠡᠨ ᠪᠠᠶᠢᠭᠤᠯᠵᠦ ᠬᠦᠴᠦ ᠴᠢᠳᠠᠯ ᠢᠶᠠᠨ ᠭᠠᠷᠭᠠᠵᠦ ᠪᠠᠶᠢᠭᠠᠳ ᠤᠯᠠᠨ ᠲᠦᠮᠡᠨ ᠤ ᠲᠤᠪᠤᠶᠢᠮ᠎ᠠ ᠲᠤᠰᠬᠠᠵᠦ ᠪᠠᠶᠢᠭ᠎ᠠ ᠠᠷᠠᠳ ᠤᠨ ᠠᠮᠢᠳᠤᠷᠠᠯ ᠤᠨ ᠲᠤᠳᠠᠭᠤᠳᠠᠯ ᠢ ᠨᠢᠭᠡ ᠨᠢᠭᠡ ᠲᠦᠷᠦᠯ ᠢᠶᠠᠷ ᠨᠦᠬᠦᠪᠦᠷᠢᠯᠡᠨ ᠺᠠᠳ᠋ᠷ ᠠᠵᠢᠯᠳᠠᠨ ᠤ ︽ᠶᠠᠳᠠᠷᠠᠵᠦ ᠵᠦᠳᠡᠷᠡᠭᠰᠡᠨ ᠵᠢᠭᠠᠯᠲᠠ ᠲᠤᠭ᠎ᠠ︾ ᠪᠠᠷ ᠤᠯᠠᠨ ᠲᠦᠮᠡᠨ ᠤ ︽ᠵᠤᠯ ᠵᠢᠷᠭᠠᠯ ᠤᠨ ᠵᠢᠭᠠᠯᠲᠠ ᠲᠤᠭ᠎ᠠ︾ ᠶᠢ ᠰᠤᠯᠢᠨ᠎ᠠ᠃      ᠵᠢᠱᠢᠯᠲᠡ ᠶᠤᠰᠤᠭᠠᠷ ᠠᠵᠢᠯ ᠣᠯᠭᠤᠬᠤ ᠶᠢ ᠲᠤᠭᠳᠠᠪᠤᠷᠢᠵᠢᠭᠤᠯᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠷᠭ᠎ᠠ ᠪᠦᠬᠦᠨ ᠢ ᠰᠦᠪᠡᠭᠴᠢᠯᠡᠨ ᠦᠢᠯᠡᠰ ᠪᠤᠰᠬᠠᠬᠤ ᠶᠢ ᠠᠬᠢᠭᠤᠯᠵᠦ ᠠᠵᠢᠯ ᠤᠯᠭᠤᠬᠤ ᠶᠢ ᠲᠤᠭᠳᠠᠪᠤᠷᠢᠵᠢᠭᠤᠯᠤᠨ ᠡᠯ᠎ᠡ ᠲᠦᠷᠦᠯ ᠤᠨ ᠦᠢᠯᠡᠰ ᠪᠤᠰᠬᠠᠬᠤ ᠬᠦᠷᠢᠶᠡᠯᠡᠩ ᠲᠤᠭᠤᠷᠢᠭ ᠤᠨ ᠬᠦᠮᠦᠵᠢᠬᠦᠯᠬᠦ ᠴᠢᠳᠠᠪᠤᠷᠢ ᠶᠢ ᠳᠡᠭᠡᠭᠰᠢᠯᠡᠬᠦᠯᠵᠦ ᠮᠡᠷᠭᠡᠵᠢᠯ ᠤᠨ ᠳᠠᠭᠠᠭᠤᠯᠤᠭᠴᠢ ᠶᠢᠨ ᠰᠢᠨ᠎ᠡ ᠶᠢ ᠡᠬᠦᠳᠬᠦ ᠠᠵᠢᠯᠯᠠᠬᠤ ᠳᠠᠰᠤᠭ ᠢ ᠪᠠᠶᠢᠭᠤᠯᠤᠨ ᠦᠢᠯᠡᠰ ᠪᠤᠰᠬᠠᠬᠤ ᠪᠦᠯᠬᠦᠮ ᠤᠨ ᠦᠨᠳᠦᠷ ᠳᠡᠰ ᠳᠡᠰᠢ ᠬᠦᠭᠵᠢᠬᠦ ᠶᠢ ᠳᠠᠭᠠᠭᠤᠯᠤᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ᠂ ᠰᠤᠷᠭᠠᠨ ᠬᠦᠮᠦᠵᠢᠯ᠂ ᠮᠠᠯ ᠲᠠᠷᠢᠶᠠᠯᠠᠩ ᠵᠡᠷᠭᠡ ᠰᠠᠯᠠᠭ᠎ᠠ ᠮᠦᠴᠢᠷ ᠪᠠ ᠨᠡᠶᠢᠬᠡᠮ ᠤᠨ ᠪᠤᠯᠪᠠᠰᠤᠷᠠᠯ ᠤᠨ ᠪᠠᠶᠢᠭᠤᠯᠤᠮᠵᠢ ᠶᠢᠨ ᠡᠬᠢ ᠰᠤᠷᠪᠤᠯᠵᠢ ᠶᠢ ᠨᠡᠶᠢᠯᠡᠭᠦᠯᠵᠦ ᠦᠨᠳᠦᠷ ᠪᠠᠷᠢᠮᠵᠢᠶ᠎ᠠ ᠲᠠᠢ ᠬᠤᠰᠢᠭᠤ ᠳᠡᠰ ᠤᠨ ᠶᠡᠷᠤᠩᠬᠡᠶᠢᠯᠡᠭᠰᠡᠨ ᠴᠢᠨᠠᠷᠲᠤ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠢᠯᠲᠠ ᠶᠢᠨ ᠰᠠᠭᠤᠷᠢᠨ ᠭᠠᠵᠠᠷ ᠪᠠ ᠬᠦᠳᠡᠯᠮᠦᠷᠢ ᠦᠢᠯᠡᠴᠢᠯᠡᠭᠡᠨ ᠤ ᠺᠤᠮᠫᠠᠨᠢ ᠶᠢ ᠵᠤᠬᠢᠶᠠᠨ ᠪᠠᠶᠢᠭᠤᠯᠵᠦ ᠠᠵᠢᠯᠴᠢᠨ ᠬᠡᠷᠡᠭᠯᠡᠬᠦ ᠡᠯ᠎ᠡ ᠲᠦᠷᠦᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠠᠵᠢᠯ ᠣᠯᠭᠤᠬᠤ ᠵᠠᠮ ᠰᠤᠪᠠᠭ ᠢ ᠦᠷᠭᠡᠳᠬᠡᠨ ᠠᠵᠢᠯ ᠣᠯᠭᠤᠯᠲᠠ ᠶᠢᠨ ᠨᠤᠷᠮ᠎ᠠ ᠶᠢ ᠳᠡᠭᠡᠭᠰᠢᠯᠡᠬᠦᠯᠦᠨ᠎ᠠ᠃ ᠵᠢᠯ ᠤᠨ ᠲᠤᠲᠤᠷ᠎ᠠ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠢ 710 ᠬᠦᠮᠦᠨ ᠤᠳᠠᠭ᠎ᠠ ᠦᠷᠨᠢᠬᠦᠯᠵᠦ ᠶᠡᠭᠡ ᠳᠡᠭᠡᠲᠤ ᠰᠣᠷᠭᠠᠭᠤᠯᠢ ᠪᠠ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ 120 ᠰᠣᠷᠣᠭᠴᠢ ᠶᠢ ᠨᠡᠶᠢᠳᠡᠨ ᠬᠦᠮᠦᠵᠢᠬᠦᠯᠵᠦ 600 ᠲᠦᠮᠡᠨ ᠲᠦᠬᠦᠷᠢᠭ ᠤᠨ ᠦᠢᠯᠡᠰ ᠪᠤᠰᠬᠠᠬᠤ ᠵᠢᠭᠡᠯᠡᠯᠭᠡ ᠶᠢᠨ ᠮᠦᠩᠬᠦ ᠶᠢ ᠲᠠᠷᠬᠠᠭᠠᠵᠤ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠲᠤᠭ᠎ᠠ ᠶᠢ 1450 ᠬᠦᠮᠦᠨ ᠢ ᠳᠠᠪᠠᠭᠤᠯᠤᠨ᠎ᠠ᠃     ᠰᠣᠷᠭᠠᠨ ᠬᠦᠮᠦᠵᠢᠯ ᠤᠨ ᠦᠢᠯᠡᠰ ᠢ ᠴᠢᠬᠤᠯᠠᠴᠢᠯᠠᠵᠦ ᠰᠤᠷᠭᠠᠨ ᠬᠦᠮᠦᠵᠢᠯ ᠤᠨ ᠶᠠᠰᠣ ᠴᠢᠨᠠᠷ ᠢ ᠴᠢᠩᠭᠠᠳᠬᠠᠨ᠎ᠠ᠃ ᠪᠢᠳᠠ ᠰᠤᠷᠭᠠᠨ ᠬᠦᠮᠦᠵᠢᠯ ᠨᠢ ᠣᠯᠣᠰ ᠤᠨ ᠬᠦᠭᠵᠢᠯᠲᠡ᠂ ᠦᠨᠳᠦᠰᠦᠳᠡᠨ ᠤ ᠬᠦᠭᠵᠢᠯ ᠮᠠᠨᠳᠤᠯ ᠂ ᠬᠡᠷ ᠪᠦᠯᠢ ᠶᠢᠨ ᠵᠤᠯ ᠵᠢᠷᠭᠠᠯ ᠳᠤ ᠴᠢᠬᠤᠯᠠ ᠠᠴᠢ ᠬᠤᠯᠪᠤᠭᠳᠠᠯ ᠲᠠᠢ ᠭᠡᠳᠡᠭ ᠢ ᠬᠦᠨ ᠣᠶᠢᠯᠠᠭᠠᠨ᠎ᠠ᠃ ᠪᠢᠳᠠ ᠠᠯᠢᠪᠠ ᠬᠦᠴᠢᠷ ᠵᠤᠪᠠᠯᠠᠩ ᠢ ᠢᠯᠠᠨ ᠳᠠᠪᠠᠵᠦ ᠬᠦᠴᠦᠲᠡᠢ ᠠᠷᠭ᠎ᠠ ᠬᠡᠮᠵᠢᠶ᠎ᠠ ᠠᠪᠴᠤ ᠠᠷᠭ᠎ᠠ ᠪᠦᠬᠦᠨ ᠢ ᠰᠦᠪᠡᠭᠴᠢᠯᠡᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠵᠢᠭᠠᠨ ᠰᠤᠷᠭᠠᠬᠤ ᠲᠦᠭᠦᠬᠡᠷᠤᠮᠵᠢ  ᠶᠢ ᠪᠦᠷᠢᠨ᠂ ᠰᠢᠯᠢᠳᠡᠭ᠂ ᠭᠦᠢᠴᠡᠳ ᠲᠤᠬᠢᠷᠠᠭᠤᠯᠵᠦ ᠪᠠᠭᠰᠢ ᠶᠢᠨ ᠡᠩᠨᠡᠭᠡ ᠶᠢ ᠰᠢᠯᠢᠳᠡᠭᠵᠢᠬᠦᠯᠦᠨ ᠰᠢᠨᠳᠠᠷᠠᠰᠢ ᠦᠭᠡᠢ ᠴᠢᠷᠮᠠᠶᠢᠯᠭ᠎ᠠ ᠪᠠᠷ ᠳᠠᠮᠵᠢᠨ ᠠᠷᠠᠳ ᠲᠦᠮᠡᠨ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠵᠢᠯ ᠤᠨ ᠲᠤᠲᠤᠷ᠎ᠠ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠣᠭᠠᠷ ᠳᠤᠮᠳᠠᠳᠤ ᠰᠤᠷᠭᠠᠭᠤᠯᠢ᠂ ᠨᠠᠷᠢᠠᠭᠤᠤᠯ ᠠᠵᠤ ᠦᠢᠯᠡᠳᠪᠤᠷᠢ ᠬᠦᠷᠢᠶᠡᠯᠡᠩ ᠲᠤᠭᠤᠷᠢᠭ ᠤᠨ ᠬᠡᠤᠭᠡᠳ ᠤᠨ ᠴᠡᠴᠡᠷᠯᠢᠭ᠂ ᠱᠠᠷᠯᠢᠭ ᠪᠠᠭ᠎ᠠ ᠰᠤᠷᠭᠠᠭᠤᠯᠢ ᠶᠢᠨ ᠶᠡᠷᠤᠩᠬᠡᠶᠢᠯᠡᠭᠰᠡᠨ ᠠᠰᠠᠷ ᠢ ᠡᠬᠢᠯᠡᠬᠦᠯᠦᠨ ᠪᠦᠲᠦᠭᠡᠨ ᠪᠠᠶᠢᠭᠤᠯᠵᠦ ᠭᠠᠯᠠᠭᠤᠲᠤ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ᠂ ᠦᠦᠰᠢᠨᠵᠦᠦ ᠪᠠᠭ᠎ᠠ ᠰᠤᠷᠭᠠᠭᠤᠯᠢ᠂ ᠲᠤᠭ ᠪᠠᠭ᠎ᠠ ᠰᠤᠷᠭᠠᠭᠤᠯᠢ᠂ ᠭᠤᠷᠪᠠᠳᠤᠭᠠᠷ ᠬᠡᠤᠬᠡᠳ ᠤᠨ ᠴᠡᠴᠡᠷᠯᠢᠭ ᠤᠨ ᠠᠰᠢᠭᠯᠠᠯᠲᠠ ᠳᠤ ᠣᠷᠣᠬᠤ ᠶᠢ ᠪᠠᠲᠤᠯᠠᠨ ᠪᠠᠭᠰᠢ ᠶᠢᠨ ᠪᠠᠶᠢᠷᠢ ᠶᠢᠨ ᠠᠰᠠᠷ ᠪᠠ ᠲᠦᠷᠪᠡᠳᠦᠭᠡᠷ ᠬᠡᠤᠬᠡᠳ ᠤᠨ ᠴᠡᠴᠡᠷᠯᠢᠭ᠂ ᠤᠷᠳᠤᠪᠡᠶ᠎ᠡ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ ᠰᠤᠷᠭᠠᠭᠤᠯᠢ ᠶᠢᠨ ᠬᠦᠷᠢᠶᠡᠨ ᠤ ᠵᠠᠰᠠᠨ ᠰᠡᠯᠪᠢᠬᠦ ᠵᠢᠴᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠦᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠦᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠬᠤᠰᠢᠭᠤ ᠶᠢᠨ ᠲᠠᠬᠢᠨ ᠬᠢᠨᠠᠯᠲᠠ ᠶᠢ ᠣᠷᠣᠭᠰᠢᠲᠠᠢ ᠦᠩᠭᠡᠷᠡᠬᠦ ᠶᠢ ᠪᠠᠲᠤᠯᠠᠨ᠎ᠠ᠃ ᠨᠡᠩ ᠤᠯᠠᠨ ᠲᠤᠰᠠᠯᠠᠮᠵᠢ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠵᠦ ᠨᠡᠶᠢᠬᠡᠮ ᠤᠨ ᠬᠦᠴᠦᠨ ᠢ ᠵᠤᠷᠢᠭᠵᠢᠭᠤᠯᠤᠨ ᠬᠡᠤᠬᠡᠳ ᠤᠨ ᠴᠡᠴᠡᠷᠯᠢᠭ᠂ ᠬᠡᠤᠬᠡᠳ ᠠᠰᠠᠷᠠᠬᠤ ᠪᠠᠶᠢᠭᠤᠯᠤᠮᠵᠢ ᠶᠢ ᠪᠠᠶᠢᠭᠤᠯᠵᠦ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠬᠦᠭᠵᠢᠯᠲᠡ ᠶᠢ ᠲᠦᠷᠢᠮᠵᠢᠬᠦᠯᠦᠨ ᠣᠯᠠᠨ ᠲᠦᠮᠡᠨ ᠤ ᠣᠯᠠᠨ ᠶᠠᠩᠵᠦ ᠶᠢᠨ ᠰᠤᠷᠭᠠᠨ ᠬᠦᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠦᠭᠡᠷᠡᠴᠢᠯᠡᠯᠲᠡ ᠶᠢᠨ ᠬᠡᠷᠡᠭᠵᠢᠬᠦᠯᠦᠯᠲᠡ ᠶᠢᠨ ᠲᠦᠰᠦᠯ︾ ᠢ ᠲᠤᠭᠳᠠᠭᠠᠨ ᠦᠨᠳᠦᠷ ᠬᠢᠷᠢ ᠲᠦᠪᠰᠢᠨ ᠲᠠᠢ ᠬᠠᠮᠢᠶᠠᠷᠤᠯᠲᠠ ᠶᠢᠨ ᠪᠦᠯᠬᠦᠮ ᠢ ᠤᠷᠤᠭᠤᠯᠵᠦ ᠠᠪᠴᠢᠷᠠᠨ ᠬᠠᠰᠢᠷ ᠪᠠᠭᠰᠢ ᠪᠠ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠳᠡᠭᠡᠲᠤ ᠰᠤᠷᠭᠠᠭᠤᠯᠢ᠂ ︽ᠬᠤᠤᠰ ᠲᠡᠷᠢᠬᠦᠨ ᠳᠡᠰ︾  ᠤᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠴᠢᠳᠠᠪᠤᠷᠢᠲᠠᠳ ᠢ ᠤᠷᠢᠨ ᠡᠯᠰᠡᠵᠦ ᠨᠢᠭᠡ ᠪᠦᠯᠦᠭ ᠬᠢᠴᠢᠶᠠᠯ ᠲᠦᠷᠦᠯ ᠤᠨ ᠪᠠᠴᠢᠮ ᠲᠤᠳᠠᠭᠳᠠᠵᠦ ᠪᠠᠶᠢᠭ᠎ᠠ ᠪᠠᠭᠰᠢ ᠶᠢ ᠰᠢᠯᠭᠠᠨ ᠡᠯᠰᠡᠵᠦ ᠶᠤᠰᠤ ᠮᠤᠷᠠᠯ ᠰᠠᠶᠢᠨ᠂ ᠭᠡᠪ ᠪᠤᠯᠪᠠᠰᠤᠷᠠᠯ ᠦᠨᠳᠦᠷ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢᠨ ᠡᠩᠨᠡᠭᠡ ᠶᠢ ᠪᠦᠲᠦᠭᠡᠨ ᠪᠠᠶᠢᠭᠤᠯᠤᠨ᠎ᠠ᠃      ᠠᠵᠢᠯ ᠤᠨ ᠬᠡᠯᠪᠡᠷᠢ ᠶᠢᠨ ᠰᠢᠨ᠎ᠡ ᠶᠢ ᠡᠭᠦᠳᠴᠤ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠪᠢᠳᠠ ᠡᠮᠨᠡᠯᠬᠡ ᠶᠢᠨ ᠬᠤᠷᠢᠶ᠎ᠠ ᠡᠷᠬᠢᠯᠡᠬᠦ ᠰᠡᠳᠬᠢᠮᠵᠢ ᠪᠠᠨ ᠵᠤᠷᠢᠭᠲᠠᠢ ᠰᠢᠨᠡᠴᠢᠯᠡᠨ ᠡᠮᠴᠢᠯᠡᠭᠡᠨ ᠤ ᠦᠬᠡᠷᠡᠴᠢᠯᠡᠯᠲᠡ  ᠶᠢ ᠠᠬᠢᠭᠤᠯᠵᠦ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠬᠦᠯᠵᠦ ᠤᠯᠠᠨ ᠨᠡᠶᠢᠲᠡ  ᠶᠢᠨ ᠡᠷᠡᠭᠦᠯ ᠬᠠᠮᠠᠭᠠᠯᠠᠯ ᠤᠨ ᠠᠵᠢᠯ ᠤᠨ ᠰᠢᠨ᠎ᠡ ᠪᠠᠶᠢᠳᠠᠯ ᠢ ᠨᠡᠭᠡᠭᠡᠨ᠎ᠡ᠃ ᠪᠦᠬᠦ ᠤᠯᠤᠰ ᠤᠨ ᠡᠷᠡᠬᠦᠯ ᠡᠩᠬᠡ ᠬᠤᠰᠢᠭᠤᠨ ᠤ ᠡᠬᠦᠳᠣᠨ ᠪᠠᠶᠢᠭᠤᠯᠣᠯᠳᠠ ᠶᠢ ᠲᠦᠯᠬᠢᠨ ᠠᠬᠢᠭᠤᠯᠵᠦ ᠪᠦᠬᠦ ᠠᠷᠠᠳ ᠢᠶᠠᠷ ᠢᠶᠠᠨ ᠪᠡᠶ᠎ᠡ ᠶᠢᠨ ᠪᠠᠶᠢᠴᠠᠭᠠᠯᠲᠠ ᠬᠢᠬᠦ ᠲᠦᠷᠢᠮ ᠢ ᠪᠠᠶᠢᠭᠤᠯᠣᠨ ᠡᠷᠡᠭᠦᠯ ᠡᠩᠬᠡ ᠶᠢᠨ ᠭᠤᠤᠯ ᠰᠡᠲᠤᠪᠲᠤ ᠤᠬᠠᠭᠤᠯᠭ᠎ᠠ ᠶᠢᠨ ᠠᠵᠢᠯᠯᠠᠭ᠎ᠠ  ᠶᠢ ᠦᠷᠭᠡᠨ ᠢᠶᠠᠷ ᠦᠷᠨᠢᠬᠦᠯᠵᠦ ᠤᠨᠤᠰᠢᠯᠠᠨ ᠡᠮᠴᠢᠯᠡᠬᠦ ᠠᠴᠠ ᠰᠡᠷᠭᠡᠶᠢᠯᠡᠬᠦ ᠲᠡᠶᠢᠰᠢ ᠰᠢᠯᠵᠢᠬᠦᠯᠦᠨ᠎ᠡ᠃ᠦᠨᠳᠣᠰᠣᠨ ᠡᠮ ᠡᠮᠨᠡᠯᠬᠡ ᠶᠢᠨ ᠳᠠᠭᠠᠳᠬᠠᠯ ᠢ ᠨᠡᠶᠢᠯᠡᠬᠦᠯᠥᠨ ᠳᠣᠭᠠᠴᠠᠬᠤ ᠦᠭᠡᠷᠡᠴᠢᠯᠡᠯᠲᠡ ᠶᠢ ᠠᠬᠢᠭᠤᠯᠵᠦ ᠤᠯᠤᠰ ᠤᠨ ᠲᠤᠲᠤᠭᠠᠲᠤ ᠶᠢᠨ ᠨᠡᠷᠡᠲᠤ ᠲᠤᠰᠬᠠᠢ ᠮᠡᠷᠭᠡᠵᠢᠯᠲᠡᠨ ᠢ ᠤᠷᠢᠵᠦ ᠡᠪᠡᠳᠴᠢᠨ ᠦᠵᠡᠬᠦᠯᠤᠨ ᠪᠤᠭᠤᠲᠤ ᠶᠢᠨ ᠡᠮᠨᠡᠯᠬᠡ  ᠶᠢᠨ ᠳᠡᠭᠡᠲᠤ ᠰᠤᠷᠭᠠᠭᠤᠯᠢ ᠶᠢᠨ ᠡᠮᠴᠢᠯᠡᠭᠡᠨ ᠤ ᠵᠢᠭᠠᠨ ᠰᠤᠷᠭᠠᠬᠤ ᠪᠤᠯᠪᠠᠰᠤᠷᠠᠯ ᠤᠨ ᠰᠠᠭᠤᠷᠢᠨ ᠭᠠᠵᠠᠷ ᠢ ᠫᠠᠶᠢᠰᠠ ᠡᠯᠬᠦᠨ ᠪᠠᠶᠢᠭᠤᠯᠵᠦ 2 ︽ᠡᠮ ᠡᠮᠨᠡᠯᠭᠡ ᠶᠢᠨ ᠬᠠᠮᠲᠤ ᠶᠢᠨ ᠴᠤᠭᠴᠠ︾ ᠶᠢᠨ ᠬᠠᠮᠲᠤ ᠪᠠᠷ ᠪᠠᠶᠢᠭᠤᠯᠵᠦ ᠬᠠᠮᠲᠤ ᠪᠠᠷ ᠡᠳ᠋ᠯᠡᠬᠦ ᠬᠢᠷᠢ ᠲᠦᠪᠰᠢᠨ ᠢ ᠳᠡᠭᠡᠭᠰᠢᠯᠡᠬᠦᠯᠤᠨ᠎ᠡ  ᠃ ᠬᠤᠰᠢᠭᠤ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ  ᠶᠢᠨ ᠬᠤᠷᠢᠶ᠎ᠠ ᠳᠤ ᠲᠦᠰᠢᠭᠯᠡᠨ ᠡᠷᠬᠢᠨ ᠲᠤᠭᠤᠷᠢᠨ ᠤ ᠮᠤᠩᠭᠤᠯ ᠬᠢᠳᠠᠳ ᠡᠮ ᠡᠮᠨᠡᠯᠭᠡ ᠶᠢᠨ ᠣᠯᠠᠮᠵᠢᠯᠠᠯᠲᠤ ᠰᠤᠶᠤᠯ  ᠢ ᠤᠯᠠᠮᠵᠢᠯᠠᠨ ᠵᠠᠯᠭᠠᠮᠵᠢᠯᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠢᠵᠢᠭ ᠢ ᠰᠡᠷᠬᠡᠶᠢᠯᠡᠨ ᠡᠵᠡᠮᠳᠡᠬᠦ ᠲᠦᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠶᠢᠳᠪᠤᠷᠢᠯᠡᠬᠦ ᠲᠤᠷᠰᠢᠯᠲᠠ  ᠶᠢᠨ ᠠᠰᠠᠷ ᠢ ᠪᠠᠶᠢᠭᠤᠯᠵᠦ ᠡᠬᠡ ᠨᠢᠯᠬᠠᠰ ᠤᠨ ᠡᠷᠡᠭᠦᠯᠵᠢᠯ ᠤᠨ ᠲᠦᠪ ᠢ ᠦᠷᠭᠡᠳᠬᠡᠨ ᠪᠠᠶᠢᠭᠤᠯᠬᠤ ᠪᠠ ᠭᠠᠯᠠᠭᠤᠲᠤ ᠪᠠᠯᠭᠠᠰᠤᠨ ᠤ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠢ ᠦᠭᠡᠷᠡᠴᠢᠯᠡᠨ ᠪᠠᠶᠢᠭᠤᠯᠵᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠨᠡᠶᠢᠳᠡᠮᠵᠢᠬᠦᠯᠦᠯᠲᠡ ᠶᠢᠨ ᠬᠡᠪᠴᠢᠶ᠎ᠡ ᠪᠠ ᠪᠠᠲᠤᠯᠠᠭ᠎ᠠ ᠶᠢᠨ ᠬᠦᠴᠦᠨ ᠢ ᠴᠢᠷᠮᠠᠶᠢᠨ ᠳᠡᠭᠡᠭᠰᠢᠯᠡᠬᠦᠯᠦᠨ᠎ᠡ᠃      ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠦ ᠨᠠᠰᠣᠳᠠᠶᠢᠴᠣᠳ ᠤᠨ ᠠᠰᠠᠷᠠᠮᠵᠢ ᠶᠢᠨ ᠶᠠᠰᠤ ᠴᠢᠨᠠᠷ  ᠢ ᠳᠡᠭᠡᠭᠰᠢᠯᠡᠬᠦᠯᠦᠨ᠎ᠡ᠃ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠤ ᠲᠦᠯᠦᠬᠡ ᠦᠢᠯᠡᠴᠢᠯᠡᠬᠦ ᠵᠤᠷᠢᠯᠲᠡ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠦ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠤᠨ ᠬᠠᠮᠲᠤ  ᠪᠠᠷ ᠡᠳ᠋ᠯᠡᠬᠦ ᠶᠢ ᠤᠯᠠᠮ ᠨᠢᠭᠡ ᠠᠯᠬᠤᠮ ᠦᠷᠭᠡᠳᠬᠡᠵᠦ ᠪᠠᠲᠤᠯᠠᠭ᠎ᠠ ᠶᠢᠨ ᠬᠢᠷᠢ ᠲᠦᠪᠰᠢᠨ ᠪᠠ ᠴᠢᠳᠠᠪᠤᠷᠢ ᠶᠢ ᠲᠤᠭᠳᠠᠭᠤᠨ ᠢᠶᠠᠷ ᠳᠡᠭᠡᠭᠰᠢᠯᠡᠬᠦᠯᠤᠨ ᠬᠤᠳᠠ ᠬᠦᠳᠡᠭᠡ ᠶᠢᠨ ᠰᠠᠭᠤᠭᠠᠯᠢ ᠠᠷᠠᠳ ᠢ ᠨᠡᠩ ᠴᠢᠨᠠᠷ ᠴᠢᠨᠰᠠᠭ᠎ᠠ ᠲᠠᠢ᠂ ᠪᠠᠶᠠᠷ ᠬᠦᠷ ᠲᠠᠢ᠂ ᠵᠤᠯ ᠵᠢᠷᠭᠠᠯᠲᠠᠢ ᠠᠮᠢᠳᠤᠷᠠᠭᠤᠯᠬᠤ ᠪᠠᠷ ᠴᠢᠷᠮᠠᠶᠢᠨ᠎ᠠ᠃ ᠵᠢᠯ ᠤᠨ ᠲᠤᠲᠤᠷ᠎ᠠ᠂ ᠬᠤᠳᠠ ᠬᠦᠳᠡᠭᠡ  ᠶᠢᠨ ᠰᠠᠭᠤᠭᠠᠯᠢ ᠠᠷᠠᠳ ᠤᠨ ᠨᠠᠰᠤᠳᠠᠶᠢᠴᠤᠳ ᠤᠨ ᠠᠰᠠᠷᠠᠮᠵᠢ ᠶᠢᠨ ᠦᠨᠳᠦᠰᠦᠨ ᠮᠦᠩᠬᠦ ᠶᠢ 50 ᠲᠦᠬᠦᠷᠢᠭ ᠳᠡᠭᠡᠭᠰᠢᠯᠡᠬᠦᠯᠣᠨ᠎ᠡ᠃ ᠬᠦᠮᠦᠨ ᠳᠤᠮᠳᠠᠴᠢ ᠪᠠᠷ ᠰᠠᠷ᠎ᠠ ᠪᠦᠷᠢ 200 ᠲᠦᠬᠦᠷᠢᠭ ᠤᠨ ᠪᠠᠷᠢᠮᠵᠢᠶ᠎ᠠ ᠶᠤᠰᠤᠭᠠᠷ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠠ ᠴᠡᠴᠡᠷᠯᠢᠭᠵᠢᠬᠦᠯᠦᠯᠲᠡ ᠶᠢᠨ ᠠᠵᠢᠯᠴᠢᠨ ᠤ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠪᠡᠯᠡ ᠮᠦᠩᠬᠦ ᠶᠢ ᠲᠤᠬᠢᠷᠠᠭᠤᠯᠵᠦ ᠠᠵᠢᠯ ᠤᠨ ᠴᠠᠭ ᠤᠨ ᠬᠠᠷᠠᠮᠵᠢ ᠤᠯᠭᠤᠮᠵᠢ ᠶᠢ ᠳᠡᠭᠡᠭᠰᠢᠯᠡᠬᠦᠯᠦᠨ᠎ᠡ᠃ ᠲᠤᠭ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ︽ᠠᠯᠪᠠᠨ  ᠠᠴᠠ ᠪᠠᠶᠢᠭᠤᠯᠵᠦ ᠠᠷᠠᠳ ᠠᠴᠠ ᠡᠵᠡᠩᠨᠡᠬᠦ︾ ᠦᠢᠯᠡᠴᠢᠯᠡᠭᠡᠨ ᠤ ᠬᠡᠯᠪᠡᠷᠢ ᠶᠢ ᠰᠦᠪᠡᠭᠴᠢᠯᠡᠨ ᠬᠤᠰᠢᠭᠤ ᠨᠠᠰᠤᠳᠠᠶᠢᠴᠤᠳ ᠢ ᠠᠰᠠᠷᠠᠵᠦ ᠰᠤᠪᠢᠯᠠᠬᠤ ᠬᠦᠷᠢᠶᠡᠯᠡᠩ ᠤᠨ B ᠠᠰᠠᠷ ᠢ ᠠᠰᠢᠭᠯᠠᠯᠲᠠ ᠳᠤ ᠤᠷᠤᠭᠤᠯᠤᠨ᠎ᠠ᠃ ᠨᠦᠬᠦᠴᠡᠯ ᠲᠠᠢ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠢ ᠵᠤᠷᠢᠭᠵᠢᠭᠤᠯᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠶᠢ ᠬᠦᠭᠵᠢᠬᠦᠯᠵᠦ ᠨᠡᠶᠢᠬᠡᠮ ᠲᠤᠭᠤᠷᠢᠭ ᠤᠨ ᠡᠳᠦᠷ ᠲᠤᠳᠤᠮ ᠤᠨ ᠬᠠᠷᠠᠭᠠᠯᠵᠠᠯ ᠤᠨ ᠲᠦᠪ ᠢ 1 ᠪᠠᠶᠢᠭᠤᠯᠤᠨ ᠨᠠᠰᠤᠳᠠᠶᠢᠴᠤᠳ ᠢ ᠠᠰᠠᠷᠠᠬᠤ ᠤᠷᠤ ᠶᠢ ᠰᠢᠨ᠎ᠡ ᠪᠠᠷ 190 ᠨᠡᠮᠡᠵᠦ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ᠂ ᠵᠡᠮᠳᠡᠭ ᠨᠠᠰᠤᠳᠠᠶᠢᠴᠤᠳ ᠲᠤ ᠣᠶᠢᠷ᠎ᠠ ᠦᠢᠯᠡᠴᠢᠯᠡᠭᠡ ᠶᠢ ᠬᠠᠩᠭᠠᠨ᠎ᠠ᠃     ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠦ ᠡᠷᠡᠭᠦᠯ ᠡᠩᠬᠡ ᠶᠢᠨ ᠬᠡᠪ ᠰᠤᠷᠳᠠᠯ ᠢ ᠪᠤᠢ ᠪᠤᠯᠭᠠᠨ᠎ᠠ᠃ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠢᠨ ᠲᠤᠭᠤᠷᠢᠨ ᠳᠤ ᠰᠢᠷᠭᠠᠭᠤ ᠬᠠᠳᠠᠭᠤᠵᠢᠯᠲᠠᠢ ᠲᠡᠮᠡᠴᠡᠯ ᠤᠨ ᠲᠡᠤᠭᠡᠨ ᠶᠠᠪᠤᠴᠠ ᠶᠢ ᠢᠯᠡᠷᠡᠭᠦᠯᠦᠭᠰᠡᠨ᠂ ᠠᠤᠭ᠎ᠠ ᠶᠡᠭᠡ ᠠᠮᠵᠢᠯᠲᠠ ᠪᠦᠲᠦᠭᠡᠯ ᠤᠯᠤᠭᠰᠠᠨ ᠬᠡᠷᠡᠯ ᠵᠢᠷᠤᠭ ᠤᠨ ᠦᠵᠡᠭᠦᠯᠦᠯᠭᠡ᠂ ᠣᠷᠠᠨ ᠪᠢᠴᠢᠯᠭᠡ ᠤᠷᠠᠨ ᠵᠢᠷᠤᠭ ᠤᠨ ᠦᠵᠡᠬᠦᠯᠦᠯᠬᠡ᠂ ᠤᠳᠬ᠎ᠠ ᠵᠤᠬᠢᠶᠠᠯ ᠤᠨ ᠦᠵᠡᠬᠦᠯᠦᠯᠬᠡ ᠶᠢ ᠡᠷᠬᠢᠯᠡᠵᠦ ᠤᠯᠠᠭᠠᠨᠮᠦ᠋ᠴᠢᠷ ᠤᠨ ᠠᠷᠠᠳ ᠤᠨ ᠲᠤᠮᠳᠠ  ᠬᠦᠨᠵᠡᠭᠡᠶᠢᠷᠡᠬᠦ᠂ ︽ᠭᠤᠷᠪᠠ ᠶᠢ ᠬᠦᠳᠡᠭᠡ ᠪᠠᠭᠤᠯᠭᠠᠬᠤ︾ ︽ᠲᠦᠷᠪᠡ ᠶᠢ ᠬᠦᠷᠬᠡᠵᠦ ᠲᠠᠪᠤ ᠳᠤ ᠭᠦᠨᠵᠡᠭᠡᠶᠢᠷᠡᠬᠦ︾ ᠵᠡᠷᠭᠡ ᠪᠠᠶᠠᠯᠢᠭ ᠰᠠᠶᠢᠬᠠᠨ ᠰᠤᠶᠤᠯ ᠲᠠᠮᠢᠷ  ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠦ ᠦᠷᠨᠢᠬᠦᠯᠤᠨ᠎ᠡ᠃ 1000 ᠲᠦᠮᠡᠨ ᠲᠦᠬᠦᠷᠢᠭ ᠤᠨ ᠪᠡᠯᠡ ᠤᠷᠤᠭᠤᠯᠵᠦ ᠬᠤᠰᠢᠭᠤ ᠳᠡᠰ ᠤᠨ ᠬᠠᠮ ᠵᠠᠭᠤᠴᠢᠯᠠᠭᠤᠷ ᠤᠨ ᠲᠦᠪ ᠢ ᠪᠦᠲᠦᠭᠡᠨ ᠪᠠᠶᠢᠭᠤᠯᠤᠨ᠎ᠠ᠃ ᠮᠠᠯᠴᠢᠨ ᠲᠠᠷᠢᠶᠠᠴᠢᠨ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠵᠦ ᠶᠠᠪᠠᠭᠠᠨ ᠠᠯᠬᠤᠬᠤ᠂ ᠲᠤᠭᠤᠢ ᠤᠨᠤᠬᠤ᠂ ᠨᠡᠷᠡᠬᠦᠢ ᠨᠢᠳᠦᠷᠭ᠎ᠠ᠂ ᠠᠭᠤᠳᠠᠮ ᠲᠠᠯᠠᠪᠠᠢ ᠶᠢᠨ ᠪᠦᠵᠢᠭ ᠵᠡᠷᠭᠡ ᠪᠦᠬᠦ ᠠᠷᠠᠳ ᠢᠶᠠᠷ ᠢᠶᠠᠨ ᠪᠡᠶ᠎ᠡ  ᠪᠠᠨ ᠴᠢᠬᠢᠷᠠᠭᠵᠢᠭᠤᠯᠬᠤ ᠠᠵᠢᠯᠯᠠᠭᠠᠨ ᠢ ᠵᠤᠬᠢᠶᠠᠨ ᠪᠠᠶᠢᠭᠤᠯᠵᠦ ᠦᠷᠨᠢᠬᠦᠯᠦᠨ ᠡᠷᠡᠬᠦᠯ ᠡᠩᠬᠡ ᠠᠮᠢᠳᠣᠷᠠᠯ ᠤᠨ ᠤᠶᠢᠯᠠᠭᠠᠭᠳᠠᠬᠤᠨ ᠢ ᠳᠡᠯᠭᠡᠷᠡᠭᠦᠯᠦᠨ᠎ᠡ᠃      ︵ᠲᠤᠯᠤᠭ᠎ᠠ︶ ᠬᠢᠵᠠᠭᠠᠷ ᠱᠤᠭᠤᠮ ᠢ ᠰᠠᠬᠢᠵᠦ ᠠᠮᠤᠷ ᠲᠦᠪᠰᠢᠨ ᠢ ᠪᠠᠲᠤᠯᠠᠨ ᠲᠤᠭᠳᠠᠭᠤᠨ ᠢ ᠠᠬᠢᠭᠤᠯᠵᠦ ᠪᠦᠬᠦ ᠬᠦᠴᠦᠨ ᠢᠶᠠᠷ ᠡᠶ᠎ᠡ ᠵᠤᠬᠢᠴᠠᠯᠲᠤ ᠠᠮᠤᠷ ᠲᠠᠶᠢᠪᠤᠩ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ ᠬᠦᠭᠵᠢᠯᠲᠡ  ᠶᠢᠨ ᠣᠷᠴᠢᠨ ᠲᠤᠭᠤᠷᠢᠨ ᠢ ᠪᠤᠢ ᠪᠤᠯᠭᠠᠨ᠎ᠠ᠃ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠲᠡ ᠶᠢᠨ ᠤᠶᠢᠯᠠᠭᠠᠭᠳᠠᠬᠤᠨ ᠢ ᠪᠠᠷᠢᠮᠳᠠᠯᠠᠨ ᠠᠵᠤ ᠠᠬᠤᠢ ᠨᠡᠶᠢᠬᠡᠮ ᠤᠨ ᠬᠦᠷᠢᠶ᠎ᠠ ᠴᠠᠷᠠᠭᠠᠨ ᠤ ᠬᠦᠭᠵᠢᠯᠲᠡ ᠶᠢᠨ ᠲᠡᠩᠴᠡᠭᠦᠷᠢ ᠦᠭᠡᠢ᠂ ᠭᠦᠢᠴᠡᠳ ᠪᠤᠰᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠶᠢᠳᠪᠤᠷᠢᠯᠡᠵᠦ ᠡᠯ᠎ᠡ ᠲᠦᠷᠦᠯ ᠤᠨ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠲᠠ ᠦᠭᠴᠤ ᠴᠢᠨᠠᠷ ᠰᠠᠶᠢᠲᠠᠢ ᠬᠦᠭᠵᠢᠯᠲᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠬᠦ ᠪᠠᠷ ᠬᠦᠴᠦᠯᠡᠨ ᠴᠢᠷᠮᠠᠶᠢᠨ᠎ᠠ᠃     ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ ᠡᠯ᠎ᠡ ᠬᠦᠷᠢᠶ᠎ᠡ ᠴᠠᠷᠠᠭᠠᠨ ᠤ ᠲᠤᠭ᠎ᠠ ᠪᠠᠷᠢᠮᠳᠠ ᠶᠢᠨ ᠡᠬᠢ ᠰᠤᠷᠪᠤᠯᠵᠢ ᠶᠢ ᠨᠡᠶᠢᠯᠡᠬᠦᠯᠵᠦ ᠰᠠᠯᠠᠭ᠎ᠠ ᠮᠦᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠡᠬᠢ ᠰᠤᠷᠪᠤᠯᠵᠢ ᠶᠢ ᠬᠠᠮᠲᠤ ᠡᠳ᠋ᠯᠡᠵᠦ ᠬᠠᠮᠲᠤ ᠬᠡᠷᠡᠭᠯᠡᠬᠦ ᠪᠠ ᠨᠢᠭᠡᠳᠦᠯᠲᠡᠢ ᠴᠢᠯᠦᠭᠡᠲᠡᠢ ᠨᠡᠭᠡᠭᠡᠭᠦ ᠪᠠᠶᠢᠳᠠᠯ ᠢ ᠪᠦᠷᠢᠯᠳᠦᠬᠦᠯᠦᠨ᠎ᠡ᠃ ︽ᠨᠢᠭᠡ ᠰᠦᠯᠵᠢᠶᠡᠨ ᠳᠡᠭᠡᠷ᠎ᠡ᠂ ᠨᠢᠭᠡ ᠭᠠᠵᠠᠷ ᠲᠤ᠂ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ ᠦᠢᠯᠡᠴᠢᠯᠡᠭᠡᠨ ᠤ ᠶᠠᠪᠤᠳᠠᠯ ᠤᠨ ᠰᠦᠯᠵᠢᠶᠡᠨ ᠳᠡᠭᠡᠷ᠎ᠡ ᠰᠶᠢᠳᠪᠤᠷᠢᠯᠡᠬᠦ ᠨᠤᠷᠮ᠎ᠠ ᠶᠢ 70 % ᠠᠴᠠ ᠳᠡᠭᠡᠭᠰᠢ ᠪᠤᠯᠭᠠᠨ ᠦᠨᠳᠦᠷ ᠳᠠᠪᠳᠠᠮᠵᠢ ᠲᠠᠢ 100 ᠤᠴᠢᠷ ᠶᠠᠪᠤᠳᠠᠯ ᠢ ︽ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠶᠢ ᠪᠡᠶᠡᠯᠡᠬᠦᠯᠦᠨ ᠤᠴᠢᠷ ᠶᠠᠪᠤᠳᠠᠯ ᠢ ᠬᠦᠢᠴᠡᠳᠭᠡᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ ᠢ 60 % ᠠᠴᠠ ᠳᠡᠭᠡᠭᠰᠢ ᠪᠠᠭᠤᠷᠠᠭᠤᠯᠵᠦ ᠲᠤᠭᠳᠠᠭᠤᠨ᠂ ᠡᠷᠭᠡ ᠳᠡᠭᠰᠢ᠂ ᠢᠯᠡ ᠲᠤᠳᠤ᠂ ᠲᠦᠰᠦᠭᠡᠯᠡᠵᠦ ᠪᠤᠯᠬᠤ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ ᠪᠦᠷᠢᠯᠳᠦᠬᠦᠯᠦᠨ᠎ᠡ᠃      ᠦᠷᠢ ᠰᠢᠷᠢ ᠶᠢ ᠢᠯᠭᠠᠷᠠᠭᠤᠯᠬᠤ ᠪᠠ ᠮᠦᠩᠬᠦᠨ ᠬᠦᠢᠯᠭᠡᠭᠡᠨ ᠤ ᠲᠦᠭᠰᠢᠬᠦᠷᠢ ᠶᠢ ᠢᠳᠡᠪᠬᠢᠲᠠᠢ ᠰᠠᠨᠠᠭᠠᠴᠢᠯᠠᠭ᠎ᠠ ᠲᠠᠢ ᠪᠠᠷ ᠰᠡᠷᠬᠡᠶᠢᠯᠡᠨ᠎ᠡ᠃ ᠣᠷᠣᠯᠭ᠎ᠠ ᠪᠠᠨ ᠨᠡᠮᠡᠭᠳᠡᠬᠦᠯᠵᠦ ᠵᠠᠷᠣᠯᠭ᠎ᠠ ᠪᠠᠨ ᠠᠷᠪᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠵᠦ ᠭᠠᠶᠢᠯᠢ ᠳᠠᠳᠠᠪᠤᠷᠢ ᠶᠢᠨ ᠬᠠᠮᠢᠶᠠᠷᠤᠯᠲᠠ ᠪᠠ ᠡᠳ᠋ ᠤᠨ ᠵᠠᠰᠠᠭ ᠤᠨ ᠲᠦᠰᠦᠪ ᠤᠨ ᠬᠡᠷᠡᠭᠵᠢᠬᠦᠯᠦᠯᠲᠡ ᠶᠢ ᠴᠢᠩᠭᠠᠳᠬᠠᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠤ ᠶᠢ ᠢᠳᠡᠪᠬᠢᠲᠠᠢ ᠲᠡᠮᠡᠴᠡᠨ ᠣᠯᠵᠦ ᠰᠤᠯᠠ ᠪᠠᠶᠢᠭ᠎ᠠ ᠡᠳ᠋ ᠬᠦᠷᠦᠩᠬᠡ ᠶᠢ ᠰᠶᠢᠳᠪᠤᠷᠢᠯᠡᠨ ᠡᠩ ᠤᠨ ᠴᠢᠨᠠᠷᠲᠠᠢ ᠵᠠᠷᠤᠯᠭ᠎ᠠ ᠶᠢ 10% ᠠᠴᠠ ᠳᠡᠭᠡᠭᠰᠢ ᠪᠠᠭᠠᠰᠬᠠᠵᠦ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠨ ᠤ ᠦᠷᠢ ᠰᠢᠷᠢ ᠶᠢ ᠢᠯᠭᠠᠷᠠᠭᠤᠯᠬᠤ ᠡᠬᠦᠷᠭᠡ ᠶᠢ ᠪᠡᠶᠡᠯᠡᠬᠦᠯᠦᠨ᠎ᠡ᠃ ᠣᠯᠣᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ  ᠶᠢ ᠬᠦᠨᠵᠡᠭᠡᠶᠢᠷᠡᠬᠦᠯᠵᠦ ᠣᠰᠣᠨ ᠤ ᠶᠠᠪᠤᠳᠠᠯ᠂ ᠵᠠᠮ ᠬᠠᠷᠢᠯᠴᠠᠭᠠᠨ ᠤ ᠪᠡᠯᠡ ᠤᠷᠤᠭᠤᠯᠤᠯᠲᠠ ᠵᠡᠷᠭᠡ 5 ᠶᠡᠭᠡ ᠪᠦᠯᠦᠭᠯᠡᠯ ᠺᠤᠮᠫᠠᠨᠢ ᠶᠢ ᠪᠠᠶᠢᠭᠤᠯᠤᠨ ᠭᠤᠤᠯ ᠠᠵᠢᠯ ᠢ ᠲᠦᠪᠯᠡᠷᠡᠭᠦᠯᠵᠦ ᠪᠤᠳᠠᠳᠤ ᠴᠤᠭᠴᠠ ᠶᠢᠨ ᠡᠵᠡᠩᠨᠡᠵᠦ ᠪᠠᠶᠢᠭ᠎ᠠ ᠬᠡᠪᠴᠢᠶ᠎ᠡ ᠪᠠᠨ ᠪᠤᠵᠠᠭᠠᠶᠢᠷᠠᠭᠤᠯᠤᠨ ᠣᠯᠣᠰ ᠤᠨ ᠦᠮᠴᠢᠯᠡᠯᠲᠤ ᠬᠦᠷᠦᠩᠬᠡ ᠶᠢᠨ ᠠᠰᠢᠭ ᠤᠷᠤᠯᠭ᠎ᠠ ᠶᠢ ᠨᠡᠮᠡᠭᠳᠡᠭᠦᠯᠦᠨ᠎ᠡ᠃ ᠵᠠᠰᠠᠭ ᠤᠨ ᠤᠷᠳᠤᠨ ᠠᠴᠠ ᠬᠤᠳᠠᠯᠳᠤᠨ ᠠᠪᠤᠭᠰᠠᠨ ᠤᠯᠠᠨ ᠨᠡᠶᠢᠳᠡ ᠶᠢᠨ ᠦᠢᠯᠡᠴᠢᠯᠡᠭᠡ᠂ ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠭᠡ ᠶᠢᠨ ᠬᠠᠮᠲᠤᠷᠠᠯᠴᠠᠭ᠎ᠠ ᠶᠢ ᠵᠢᠷᠤᠮᠵᠢᠭᠤᠯᠵᠦ ᠲᠤᠭᠲᠠᠭᠠᠯ ᠠᠴᠠ ᠵᠦᠷᠢᠴᠡᠨ ᠦᠷᠢ ᠲᠠᠯᠪᠢᠬᠤ ︽ᠠᠷᠤ ᠡᠭᠦᠳᠡ︾ ᠶᠢ ᠡᠷᠡᠰ ᠬᠠᠭᠠᠨ᠎ᠠ᠃ ᠮᠦᠩᠬᠦᠨ ᠬᠦᠢᠯᠭᠡᠭᠡᠨ ᠤ ᠪᠠᠶᠢᠭᠤᠯᠣᠮᠵᠢ  ᠶᠢ ᠵᠤᠬᠢᠴᠠᠭᠤᠯᠵᠦ ᠰᠢᠯᠵᠢᠬᠦᠯᠦᠨ ᠵᠢᠭᠡᠯᠡᠬᠦᠯᠬᠦ᠂ ᠦᠷᠭᠦᠯᠵᠢᠯᠡᠨ ᠵᠢᠭᠡᠯᠡᠬᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠠᠷᠠᠳ ᠤᠨ ᠡᠵᠡᠩᠨᠡᠭᠰᠡᠨ ᠠᠵᠦ ᠠᠬᠤᠶᠢᠯᠠᠯ ᠤᠨ ᠵᠢᠭᠡᠯᠡᠯᠭᠡ ᠶᠢᠨ ᠳᠠᠷᠤᠯᠲᠠ ᠶᠢ ᠬᠦᠩᠬᠡᠷᠡᠬᠦᠯᠵᠦ ᠬᠠᠤᠯᠢ ᠪᠤᠰᠤ ᠪᠠᠷ ᠤᠯᠠᠨ ᠲᠦᠮᠡᠨ ᠤ ᠬᠠᠳᠠᠭᠠᠯᠠᠮᠵᠢ ᠶᠢᠨ ᠮᠦᠩᠬᠦ ᠶᠢ ᠬᠤᠷᠠᠮᠳᠤᠭᠤᠯᠤᠨ ᠬᠡᠷᠡᠭ ᠲᠤ ᠬᠤᠯᠪᠤᠭᠳᠠᠭᠰᠠᠨ ᠬᠦᠷᠦᠩᠭᠡ ᠶᠢ ᠲᠦᠷᠭᠡᠨ ᠰᠶᠢᠳᠪᠤᠷᠢᠯᠡᠨ᠎ᠡ᠃      ᠣᠷᠴᠢᠨ ᠲᠤᠭᠤᠷᠢᠨ ᠢ ᠬᠠᠮᠠᠭᠠᠯᠠᠬᠤ ᠠᠵᠢᠯ ᠢ ᠦᠨᠳᠦᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠬᠦᠭᠡᠮᠲᠤᠭ᠌ ᠠᠭᠤᠯᠠ ᠴᠡᠩᠬᠡᠭ ᠣᠰᠣ ᠪᠤᠯ ᠳᠠᠷᠤᠢ ᠠᠯᠳᠠ ᠮᠦᠩᠬᠦᠨ ᠠᠭᠤᠯᠠ ᠮᠦᠨ ᠬᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠵᠤ ᠠᠭᠠᠷ ᠳᠡᠭᠷᠢ ᠨᠢ ᠴᠡᠯᠮᠡᠭ᠂ ᠣᠰᠣ ᠮᠦᠷᠠᠨ ᠨᠢ ᠳᠣᠩᠭᠠᠯᠠᠭ᠂ ᠲᠠᠯ᠎ᠠ ᠨᠤᠲᠤᠭ ᠨᠢ ᠠᠷᠢᠭᠤᠨ ᠢᠶᠠᠷ ᠢᠶᠠᠨ ᠪᠠᠶᠢᠬᠤ ᠬᠠᠮᠠᠭᠠᠯᠠᠯᠳᠠ ᠶᠢᠨ ᠳᠠᠶᠢᠯᠠᠯᠳᠣᠭᠠᠨ ᠢ ᠰᠠᠶᠢᠳᠣᠷ ᠬᠢᠵᠦ᠂ ᠤᠷᠤᠨ ᠪᠦᠰᠡ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠨᠡᠶᠢᠳᠡᠮ ᠳᠡᠭᠡᠭᠰᠢᠯᠡᠬᠦᠯᠦᠨ᠎ᠡ᠃ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠢᠷᠡᠯᠲᠡ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠬᠦᠯᠦᠨ᠎ᠡ᠃ ᠣᠰᠣᠨ ᠰᠢᠰᠲ᠋ᠧᠮ ᠢ ᠨᠡᠪᠳᠡᠷᠡᠬᠦᠯᠬᠦ ᠵᠢᠴᠢ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠬᠡᠷᠡᠭᠵᠢᠬᠦᠯᠵᠦ ᠪᠠᠶᠠᠠᠭᠤᠤᠯ ᠵᠡᠷᠭᠡ ᠠᠭᠤᠷᠬᠠᠢ ᠶᠢᠨ ᠬᠤᠳᠳᠤᠭ ᠤᠨ ᠤᠰᠤ ᠶᠢ ᠨᠠᠷᠢᠯᠢᠭ ᠰᠶᠢᠳᠪᠤᠷᠢᠯᠡᠬᠦ 3 ᠦᠢᠯᠡᠳᠪᠤᠷᠢ ᠶᠢ ᠬᠡᠷᠡᠭᠯᠡᠯᠲᠡ ᠳᠤ ᠤᠷᠤᠭᠤᠯᠤᠨ ᠶᠢᠩ ᠫᠠᠨ ᠬᠤᠤ ᠠᠴᠠ ᠨᠠᠷᠢᠠᠭᠤᠤᠯ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠬᠦᠷᠬᠦ ᠤᠰᠤ ᠬᠦᠷᠭᠡᠭᠦ ᠢᠨᠵᠧᠨᠧᠷᠢᠩ ᠢ ᠡᠬᠢᠯᠡᠬᠦᠯᠦᠨ᠎ᠡ᠃ ᠵᠦᠩ ᠮᠸᠢ ᠪᠦᠯᠦᠭᠯᠡᠯ ᠤᠨ ᠮᠧᠩ ᠳ᠋ᠠ ᠺᠤᠮᠫᠠᠨᠢ ᠵᠡᠷᠭᠡ 4 ᠠᠵᠦ ᠠᠬᠤᠶᠢᠯᠠᠯ ᠤᠨ ᠦᠨᠳᠤᠷ ᠳᠠᠪᠤᠰᠤᠲᠤ ᠤᠰᠤ ᠶᠢ ᠲᠠᠯᠠᠰᠵᠢᠭᠤᠯᠤᠨ ᠴᠡᠪᠡᠷᠰᠢᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠬᠤ ᠶᠢ ᠱᠠᠭᠠᠷᠳᠠᠵᠦ ᠠᠵᠦ ᠠᠬᠤᠶᠢᠯᠠᠯ ᠤᠨ ᠭᠦᠬᠦᠷ ᠦᠭᠡᠶᠢᠵᠢᠭᠦᠯᠬᠦ ᠨᠢᠲᠷᠤ᠋ ᠦᠭᠡᠶᠢᠵᠢᠭᠦᠯᠬᠦ᠂ ᠤᠨᠴᠠ ᠳᠤᠤᠷ᠎ᠠ ᠭᠠᠳᠠᠭᠰᠢᠯᠠᠭᠤᠯᠤᠯᠲᠠ  ᠲᠠᠢ ᠪᠤᠯᠭᠠᠬᠤ ᠦᠭᠡᠷᠡᠴᠢᠯᠡᠯᠲᠡ ᠪᠠ ᠨᠡᠭᠦᠷᠡᠰᠤᠨ ᠴᠢᠯᠠᠭᠤ ᠶᠢ ᠠᠭᠤᠷᠬᠠᠢ ᠶᠢᠨ ᠨᠦᠬᠡᠨ ᠳᠤ ᠡᠬᠡᠭᠦᠯᠦᠨ ᠬᠢᠬᠦ ᠵᠢᠴᠢ ᠶᠡᠷᠤᠩᠬᠡᠶᠢᠯᠡᠨ ᠠᠰᠢᠭᠯᠠᠬᠤ ᠶᠢ ᠠᠬᠢᠭᠤᠯᠤᠨ ᠵᠦᠩ ᠲᠢᠶᠠᠨ ᠾᠧ ᠴᠤᠸᠠᠩ ᠺᠤᠮᠫᠠᠨᠢ ᠶᠢᠨ ᠦᠢᠯᠡᠳᠪᠤᠷᠢ ᠶᠢᠨ ᠭᠠᠳᠠᠨᠠᠬᠢ ᠰᠢᠭᠠᠷᠤ ᠰᠶᠢᠳᠪᠤᠷᠢᠯᠡᠬᠦ ᠲᠠᠯᠠᠪᠤᠷ ᠵᠡᠷᠭᠡ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠶᠢ ᠪᠡᠶᠡᠯᠡᠬᠦᠯᠦᠨ᠎ᠡ᠃ ᠪᠤᠬᠢᠷᠳᠤᠯ ᠢ ᠭᠠᠳᠠᠭᠰᠢᠯᠠᠭᠤᠯᠬᠤ ᠠᠵᠤ ᠠᠬᠤᠶᠢᠯᠠᠯ ᠢ ᠰᠦᠯᠵᠢᠶᠠᠨ ᠳᠡᠭᠡᠷ᠎ᠡ ᠬᠢᠨᠠᠨ ᠡᠵᠡᠮᠰᠢᠬᠦ ᠶᠢ ᠴᠢᠩᠭᠠᠳᠬᠠᠵᠤ ᠣᠷᠴᠢᠨ ᠲᠤᠭᠤᠷᠢᠨ ᠤ ᠬᠠᠤᠯᠢ ᠬᠡᠷᠡᠭᠵᠢᠬᠦᠯᠦᠯᠲᠡ ᠶᠢ ᠴᠢᠩᠭᠠᠳᠬᠠᠨ᠎ᠠ᠃ ᠨᠠᠭᠤᠷ ᠭᠤᠤᠯ ᠤᠨ ᠬᠠᠮᠠᠭᠠᠯᠠᠯᠲᠠ᠂ ᠭᠤᠤᠯ ᠤᠨ ᠡᠷᠬᠢ ᠶᠢᠨ ᠱᠤᠭᠤᠮ ᠤᠨ ᠵᠠᠭᠠᠭ ᠢ ᠨᠤᠳᠠᠯᠠᠨ ᠲᠤᠭᠲᠠᠭᠠᠬᠤ ᠪᠠ ︽ᠲᠦᠷᠪᠡᠨ ᠬᠠᠮᠢᠶ᠎ᠠ ᠨᠠᠮᠢᠶ᠎ᠠ ᠦᠭᠡᠢ ᠶᠢ ᠴᠡᠭᠴᠡᠯᠡᠬᠦ︾ ᠲᠤᠰᠬᠠᠢ ᠲᠦᠷᠦᠯ ᠤᠨ ᠵᠠᠰᠠᠨ ᠴᠡᠭᠴᠡᠯᠡᠯᠲᠡ ᠶᠢ ᠪᠦᠬᠦ ᠲᠠᠯ᠎ᠠ ᠪᠠᠷ ᠦᠷᠨᠢᠬᠦᠯᠵᠦ ᠲᠤᠯᠢ ᠶᠢᠨ ᠣᠰᠣᠨ ᠰᠣᠷᠪᠤᠯᠵᠢ ᠶᠢᠨ ᠣᠷᠣᠨ ᠢ ᠢᠯᠭᠠᠨ ᠲᠤᠭᠲᠠᠭᠠᠵᠦ ᠭᠠᠵᠠᠷ ᠲᠤᠤᠷᠠᠬᠢ ᠤᠰᠤ ᠶᠢ ᠬᠡᠲᠤᠷᠡᠳᠡᠯ᠎ᠡ ᠬᠡᠷᠡᠭᠯᠡᠭᠰᠡᠨ ᠤᠷᠤᠨ ᠢ ᠶᠡᠷᠦᠩᠬᠡᠶᠢᠯᠡᠨ ᠵᠠᠰᠠᠨ᠎ᠡ᠃     ᠠᠮᠤᠷ ᠲᠦᠪᠰᠢᠨ ᠤ ᠠᠵᠢᠯ ᠢ ᠤᠷᠲᠤ ᠬᠤᠭᠤᠴᠠᠭ᠎ᠠ ᠪᠠᠷ ᠪᠠᠲᠤ ᠠᠳᠬᠤᠨ᠎ᠠ᠃ ᠪᠠᠶᠢᠭᠤᠯᠤᠮᠵᠢ ᠶᠢᠨ ᠦᠭᠡᠷᠡᠴᠢᠯᠡᠯᠲᠡ ᠪᠠᠷ ᠠᠮᠤᠷ ᠲᠦᠪᠰᠢᠨ ᠤ ᠬᠠᠤᠯᠢ ᠬᠡᠷᠡᠭᠵᠢᠬᠦᠯᠬᠦ ᠡᠬᠢ ᠪᠠᠶᠠᠯᠢᠭ ᠢ ᠲᠦᠪᠯᠡᠷᠡᠬᠦᠯᠵᠦ ᠪᠠᠶᠢᠭ᠎ᠠ ᠳᠠᠪᠠᠭᠤᠯᠢᠭ ᠢ ᠪᠠᠳᠠᠷᠠᠭᠤᠯᠤᠨ ᠬᠠᠤᠯᠢ ᠪᠤᠰᠤ ᠪᠠ ᠬᠠᠤᠯᠢ ᠵᠦᠷᠢᠴᠡᠭᠰᠡᠨ ᠦᠢᠯᠡᠳᠪᠤᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ ᠠᠶᠤᠯᠬᠦᠯ ᠦᠢᠯᠡᠳᠪᠤᠷᠢᠯᠡᠯ ᠤᠨ ᠳᠠᠯᠲᠠ ᠬᠡᠮ ᠢ ᠦᠷᠬᠦᠯᠵᠢ ᠪᠠᠶᠢᠴᠠᠭᠠᠨ ᠴᠡᠭᠴᠡᠯᠡᠵᠦ ᠦᠷᠭᠦᠯᠵᠢ ᠦᠷᠨᠢᠬᠦᠯᠦᠨ ᠨᠡᠭᠦᠷᠡᠰᠦᠨ ᠠᠭᠤᠷᠬᠠᠢ ᠶᠢᠨ ᠭᠠᠵᠠᠷ ᠤᠨ ᠳᠠᠷᠤᠯᠲᠠ ᠶᠢ ᠲᠦᠷᠢᠬᠦ ᠵᠡᠷᠭᠡ ᠰᠢᠨ᠎ᠡ ᠠᠰᠠᠭᠤᠳᠠᠯ ᠢ ᠰᠠᠶᠢᠲᠤᠷ ᠰᠤᠳᠤᠯᠵᠦ ᠬᠦᠳᠡᠭᠡ ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ  ᠢ ᠬᠠᠮᠠᠭᠠᠯᠠᠬᠤ ᠲᠦᠬᠦᠭᠡᠷᠤᠮᠵᠢ ᠶᠢ ᠲᠡᠭᠦᠯᠳᠡᠷᠵᠢᠬᠦᠯᠤᠨ ᠡᠯ᠎ᠡ ᠲᠦᠷᠦᠯ ᠤᠨ ᠠᠶᠤᠯᠬᠦᠢ ᠦᠢᠯᠡᠳᠪᠤᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠭᠠᠰᠬᠠᠬᠤ ᠠᠪᠤᠷᠠᠬᠤ ᠰᠢᠰᠲ᠋ᠧᠮ᠂ ᠪᠠᠶᠢᠩᠭᠤ ᠶᠢᠨ ᠪᠠᠴᠢᠮ ᠪᠠᠶᠢᠳᠠᠯ ᠢ ᠰᠶᠢᠳᠪᠤᠷᠢᠯᠡᠬᠦ ᠠᠪᠤᠷᠠᠨ ᠲᠤᠰᠠᠯᠠᠯᠲᠠ ᠶᠢᠨ ᠰᠤᠷᠢᠯᠲᠠ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠤᠨ ᠰᠶᠢᠳᠪᠤᠷᠢᠯᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ᠃ ︽ᠲᠦᠷᠪᠡᠨ ᠬᠠᠮᠤᠭ ᠤᠨ ᠴᠢᠩᠭ᠎ᠠ ︾ ᠱᠠᠭᠠᠷᠳᠠᠯᠭ᠎ᠠ ᠶᠤᠰᠤᠭᠠᠷ ᠢᠳᠡᠭᠡᠨ ᠤᠮᠳᠠᠭᠠᠨ ᠢ ᠰᠤᠭᠤᠯᠤᠨ ᠪᠠᠶᠢᠴᠠᠭᠠᠬᠤ ᠨᠤᠷᠮ᠎ᠠ ᠶᠢ ᠳᠡᠭᠡᠭᠰᠢᠯᠡᠬᠦᠯᠵᠦ ᠮᠠᠯᠵᠢᠬᠤ ᠲᠠᠷᠢᠶᠠᠯᠠᠬᠤ ᠤᠷᠤᠨ ᠤ ︽ᠲᠦᠷᠪᠡᠨ ᠰᠠᠶᠢᠨ︾ ᠵᠢᠱᠢᠶᠡᠴᠢ ᠳᠡᠯᠭᠡᠭᠦᠷ ᠤᠨ ᠡᠭᠦᠳᠦᠨ ᠪᠠᠶᠢᠭᠤᠯᠤᠯᠲᠠ ᠶᠢ ᠴᠢᠩᠭᠠᠳᠬᠠᠨ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠦ ᠮᠠᠯ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤᠮᠳᠠᠭᠠᠨ ᠤ ᠠᠮᠤᠷ ᠲᠦᠪᠰᠢᠨ ᠢ ᠮᠦᠷᠳᠡᠨ ᠪᠠᠶᠢᠴᠠᠭᠠᠬᠤ ᠰᠢᠰᠲ᠋ᠧᠮ ᠢ ᠨᠡᠶᠢᠳᠡᠮᠵᠢᠬᠦᠯᠬᠦ ᠬᠡᠪᠴᠢᠶ᠎ᠡ ᠶᠢ ᠦᠷᠭᠡᠳᠭᠡᠨ ᠤᠯᠠᠨ ᠲᠦᠮᠡᠨ ᠤ ᠢᠳᠡᠭᠡᠨ ᠤᠮᠳᠠᠭᠠᠨ᠂ ᠡᠮ ᠤᠨ ᠵᠦᠢᠯᠡᠰ ᠤᠨ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠨ᠎ᠠ᠃     ᠨᠡᠶᠢᠬᠡᠮ ᠤᠨ ᠶᠡᠷᠤᠩᠬᠡᠶᠢᠯᠡᠭᠰᠡᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠰᠢᠶᠠᠨ ᠤ ᠳᠡᠰ  ᠤᠨ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠲᠦᠷᠢᠮ ᠢ ᠭᠡᠷᠡᠭᠵᠢᠬᠦᠯᠦᠨ ᠦᠯᠡᠳᠡᠭᠳᠡᠯ ᠵᠦᠷᠢᠴᠡᠯ ᠵᠢᠭᠤᠷᠠᠯᠳᠤᠭᠠᠨ  ᠢ ᠰᠶᠢᠳᠪᠤᠷᠢᠯᠡᠨ᠎ᠡ᠃ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠲᠤᠭᠠᠴᠠᠯᠲᠠ ᠶᠢ ᠬᠢᠨᠠᠨ ᠡᠵᠡᠮᠳᠡᠬᠦ ᠪᠠ ᠪᠠᠲᠤᠯᠠᠬᠤ ᠲᠦᠷᠢᠮ ᠢ ᠲᠡᠬᠦᠯᠳᠡᠷᠵᠢᠬᠦᠯᠵᠦ ᠴᠠᠭ ᠲᠤᠬᠠᠢ ᠳᠤᠨᠢ ᠬᠤᠪᠢᠶᠠᠬᠤ ᠶᠢ ᠪᠠᠲᠤᠯᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠤᠨ ᠬᠤᠯᠪᠤᠭᠠᠲᠤ ᠬᠤᠷᠠᠯ᠂ ᠵᠡᠮᠳᠡᠭᠴᠤᠳ ᠤᠨ ᠬᠤᠯᠪᠤᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠵᠤᠬᠢᠶᠠᠨ ᠪᠠᠶᠢᠭᠤᠯᠤᠯᠲᠠ ᠪᠠ ᠠᠵᠢᠯ ᠲᠦᠷᠦᠯ ᠤᠨ ᠨᠡᠶᠢᠬᠡᠮᠯᠢᠭ ᠢ ᠳᠡᠮᠵᠢᠵᠦ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ ᠠᠵᠦ ᠠᠬᠤᠢ ᠨᠡᠶᠢᠬᠡᠮ ᠤᠨ ᠬᠦᠭᠵᠢᠯᠲᠡ ᠳᠤ ᠨᠡᠩ ᠰᠠᠶᠢᠨ ᠦᠢᠯᠡᠴᠢᠯᠡᠨ᠎ᠡ᠃ ᠴᠡᠷᠢᠭ ᠠᠷᠠᠳ ᠤᠨ ᠠᠭᠤᠰᠤᠯᠴᠠᠯ ᠢ ᠴᠢᠩᠭᠠᠳᠬᠠᠵᠦ ︽ᠬᠤᠶᠠᠷ  ᠢ ᠬᠦᠷᠢᠶᠡᠯᠡᠬᠦ︾ ᠬᠠᠷᠠᠭᠠᠯᠵᠠᠨ ᠲᠦᠪᠬᠢᠨᠡᠬᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠨ᠎ᠡ᠃ ︽ᠣᠶᠣᠨᠴᠢᠯᠠᠭᠰᠠᠨ ᠲᠤᠳᠤᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠲᠦᠯᠬᠢᠨ ᠠᠬᠢᠭᠤᠯᠵᠦ ᠵᠡᠭᠡᠯᠢ ᠳᠡᠭᠡᠷ᠎ᠡ ᠴᠠᠭᠳᠠᠬᠤ ᠨᠤᠷᠮ᠎ᠠ ᠶᠢ ᠳᠡᠭᠡᠭᠰᠢᠯᠡᠬᠦᠯᠦᠨ ᠰᠠᠭᠤᠭᠠᠯᠢ ᠠᠷᠠᠳ ᠤᠨ ᠲᠤᠭᠤᠷᠢᠭ ᠤᠨ ᠮᠡᠷᠭᠡᠵᠢᠯ ᠢᠶᠠᠷ ᠰᠡᠷᠬᠡᠶᠢᠯᠡᠬᠦ ᠲᠦᠬᠦᠭᠡᠷᠦᠮᠵᠢ ᠶᠢ ᠵᠢᠯ ᠳᠠᠷᠠᠭᠠᠯᠠᠨ ᠳᠡᠭᠦᠯᠳᠡᠷᠵᠢᠬᠦᠯᠵᠦ ᠠᠷᠠᠳ ᠣᠯᠠᠨ ᠤ ᠠᠮᠤᠷ ᠲᠦᠪᠰᠢᠨ ᠤ ᠲᠦᠷᠦᠭᠳᠡᠯ ᠢ ᠦᠷᠬᠦᠯᠵᠢᠯᠡᠨ ᠨᠡᠮᠡᠭᠳᠡᠭᠦᠯᠦᠨ᠎ᠡ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠬᠦᠯᠬᠦ ᠤᠬᠠᠭᠤᠯᠭ᠎ᠠ ᠶᠢ ᠬᠦᠨᠵᠡᠬᠡᠢ ᠦᠷᠨᠢᠬᠦᠯᠦᠨ᠎ᠡ᠃ ᠣᠯᠠᠨ ᠲᠦᠮᠡᠨ ᠢ ᠳᠠᠶᠢᠴᠢᠯᠠᠨ ᠦᠷᠬᠡᠨ ᠢᠶᠠᠷ ᠣᠷᠣᠯᠴᠠᠭᠤᠯᠵᠦ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ︾ ︽ᠫᠤᠤ ᠵᠡᠪᠰᠡᠭ ᠢ ᠬᠤᠷᠢᠶᠠᠵᠦ ᠳᠡᠯᠪᠡᠷᠡᠯᠲᠡ ᠶᠢᠨ ᠡᠳ᠋ ᠢ ᠴᠡᠭᠴᠡᠯᠡᠬᠦ︾ ᠲᠤᠰᠬᠠᠢ ᠲᠡᠮᠡᠴᠡᠯ ᠢ ᠰᠠᠶᠢᠲᠤᠷ ᠠᠬᠢᠭᠤᠯᠤᠨ ᠲᠤᠰᠬᠤᠨ ᠤ ᠡᠵᠡᠷᠭᠡᠭᠴᠢ ᠵᠠᠮ ᠤᠨ ᠡᠵᠡᠷᠭᠡᠭᠴᠢ ᠪᠠ ᠱᠠᠯᠢᠭ ᠵᠠᠪᠬᠠᠢ ᠵᠤᠭᠤᠰ ᠮᠦᠷᠦᠶᠢᠴᠡᠬᠦ ᠬᠤᠤᠷ ᠫᠠᠨᠽᠠᠯᠠᠬᠤ᠂ ᠬᠦᠴᠦᠷᠬᠡᠭᠯᠡᠯ ᠢᠶᠠᠷ ᠦᠷᠢ ᠨᠡᠬᠡᠬᠦ᠂ ᠵᠠᠬᠢᠳᠠᠯ ᠰᠤᠷᠪᠤᠯᠵᠢᠯᠠᠭ᠎ᠠ ᠬᠢᠵᠦ ᠶᠠᠷᠰᠢᠭᠯᠠᠵᠦ ᠦᠢᠮᠡᠭᠡᠬᠦ ᠵᠡᠷᠭᠡ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠠᠢ ᠴᠤᠬᠢᠯᠳᠠ ᠦᠭᠴᠦ ᠠᠮᠵᠢᠭᠤᠯᠵᠦ ᠲᠠᠷᠢᠵᠦ ᠵᠠᠶᠢᠯᠠᠬᠤ᠂ ᠪᠠᠷᠢᠯᠭ᠎ᠠ ᠪᠠᠷᠢᠬᠤ ᠶᠢ ᠬᠤᠷᠢᠭᠯᠠᠬᠤ᠂ ᠠᠯᠪᠠᠲᠠᠵᠦ ᠬᠤᠳᠠᠯᠳᠤᠭᠠᠯᠠᠬᠤ᠂ ᠠᠯᠪᠠᠳᠠᠯᠭ᠎ᠠ ᠪᠠᠷ ᠪᠠᠷᠢᠯᠭ᠎ᠠ ᠶᠢ ᠳᠠᠭᠠᠭᠠᠴᠢᠯᠠᠬᠤ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠨ᠎ᠠ᠃ ᠦᠨᠳᠦᠰᠦᠳᠡᠨ ᠤ ᠪᠦᠯᠬᠦᠮᠳᠠᠯ ᠳᠠᠪᠰᠢᠯᠲᠡ ᠶᠢᠨ ︽ᠵᠢᠷᠭᠤᠭ᠎ᠠ ᠳᠤ ᠤᠷᠤᠭᠤᠯᠬᠤ +︾ ᠠᠵᠢᠯᠯᠠᠭ᠎ᠠ ᠶᠢ ᠦᠷᠨᠢᠬᠦᠯᠵᠦ ᠲᠡᠷᠢᠬᠦᠨ ᠤ ᠵᠢᠱᠢᠶᠡᠴᠢ ᠶᠢ ᠰᠣᠩᠭᠤᠨ ᠬᠦᠮᠦᠵᠢᠬᠦᠯᠵᠦ᠂ ᠡᠭᠦᠳᠦᠨ ᠪᠠᠶᠢᠭᠤᠯᠤᠯᠲᠠ  ᠶᠢᠨ ᠦᠷ᠎ᠡ ᠪᠦᠲᠦᠭᠡᠯ ᠢ ᠪᠠᠬᠢᠵᠢᠬᠦᠯᠦᠨ ᠱᠠᠰᠢᠨ ᠰᠤᠷᠳᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠳᠤ ᠰᠡᠳᠬᠢᠯ ᠨᠢᠭᠡᠳᠤᠭ᠍ᠰᠡᠨ᠂ ᠲᠠᠭᠠᠯᠠᠮᠵᠢᠲᠠᠢ᠂ ᠤᠪᠤᠷ ᠰᠤᠷᠳᠠᠯ ᠲᠦᠪ᠂ ᠡᠶ᠎ᠡ ᠨᠠᠶᠢᠷᠠᠮᠳᠠᠭᠤ ᠰᠠᠶᠢᠨ ᠰᠠᠶᠢᠬᠠᠨ ᠨᠡᠶᠢᠬᠡᠮ ᠤᠨ ᠤᠷᠴᠢᠨ ᠢ ᠪᠦᠷᠢᠯᠳᠦᠬᠦᠯᠦᠨ᠎ᠡ᠃      ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃      ᠪᠢᠳᠠ 2019 ᠤᠨ ᠢ ᠪᠠᠷᠠᠯᠠᠬᠤᠶ᠎ᠠ ᠤᠷᠬᠢᠯᠦᠮ᠎ᠠ ᠬᠠᠯᠠᠭᠤᠨ ᠵᠤᠷᠢᠭ ᠤᠪᠤᠯᠵᠠᠵᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠡᠶᠡᠯᠡᠬᠦᠯᠬᠦ ᠰᠶᠢᠳᠪᠤᠷᠢᠲᠤ ᠢᠯᠠᠯᠲᠠ ᠶᠢ ᠣᠯᠬᠤ ᠲᠡᠤᠬᠡ ᠶᠢᠨ ᠵᠠᠩᠬᠢᠯᠠᠭ᠎ᠠ ᠶᠢᠨ ᠴᠠᠭ ᠲᠤ ᠵᠤᠭᠰᠣᠵᠦ ᠪᠦᠬᠦ ᠬᠤᠰᠢᠭᠤᠨ ᠤ ᠦᠷᠭᠡᠨ ᠤᠯᠠᠨ ᠤᠳᠤᠷᠢᠳᠬᠤ ᠺᠠᠳ᠋ᠷ ᠪᠦᠬᠦᠳᠡᠭᠡᠷ ᠢᠶᠠᠨ ᠡᠷᠡᠮᠡᠭᠡᠶᠢᠯᠡᠨ ᠤᠷᠤᠭᠰᠢᠯᠠᠬᠤ ᠡᠷᠴᠢ ᠵᠤᠷᠢᠭ᠂ ᠭᠠᠪᠰᠢᠭᠠᠶᠢᠯᠠᠨ ᠳᠠᠭᠠᠷᠢᠬᠤ ᠡᠷᠴᠢ ᠵᠤᠷᠢᠭ᠂ ᠬᠦᠴᠦᠯᠡᠨ ᠴᠢᠷᠮᠠᠶᠢᠬᠤ ᠡᠷᠴᠢ ᠵᠤᠷᠢᠭ ᠂ ᠡᠷᠡᠰ ᠬᠠᠳᠠᠨ ᠡᠷᠴᠢ ᠵᠤᠷᠢᠭ ᠪᠠ ᠵᠤᠷᠢᠭᠲᠠᠢ ᠠᠵᠢᠯᠯᠠᠬᠤ ᠡᠷᠴᠢ ᠵᠤᠷᠢᠭ ᠲᠠᠢ ᠪᠠᠶᠢᠵᠦ ᠲᠤᠰᠤᠯ ᠢ ᠬᠤᠷᠠᠮᠳᠤᠭᠤᠯᠤᠨ ᠳᠠᠯᠠᠢ ᠪᠤᠯᠭᠠᠵᠦ ᠦᠭᠡᠷᠡᠴᠢᠯᠡᠯᠲᠡ ᠬᠦᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠣᠯᠣᠰ ᠲᠦᠷᠦ ᠶᠢᠨ ᠡᠷᠡᠰ ᠪᠠᠲᠤ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ ᠬᠠᠷᠢᠭᠤᠴᠠᠯᠭᠠᠲᠤ ᠵᠠᠰᠠᠭ ᠤᠨ ᠤᠷᠳᠤᠨ ᠢ ᠪᠦᠲᠦᠭᠡᠨ ᠪᠠᠶᠢᠭᠤᠯᠵᠦ ︽ᠤᠭ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ  ᠪᠠᠨ ᠪᠠᠲᠤ ᠴᠡᠭᠡᠵᠢᠯᠡᠬᠦ︾ ᠭᠤᠤᠯ ᠰᠡᠲᠤᠪᠲᠤ ᠬᠦᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠤᠨ ᠬᠤᠰᠢᠭᠤ ᠨᠠᠮ  ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠤᠰᠤᠭᠠᠷ ᠡᠷᠳᠡᠮ ᠴᠢᠳᠠᠪᠤᠷᠢ ᠪᠠᠨ ᠴᠢᠩᠭᠠᠳᠬᠠᠨ᠂ ᠬᠡᠪ ᠪᠤᠯᠪᠠᠰᠤᠷᠠᠯ ᠢᠶᠠᠨ ᠳᠡᠭᠡᠭᠰᠢᠯᠡᠬᠦᠯᠵᠦ᠂ ᠰᠠᠭᠤᠷᠢ ᠪᠠᠨ ᠪᠠᠬᠢᠵᠢᠬᠦᠯᠬᠦ ᠰᠣᠷᠣᠯᠴᠠᠨ ᠰᠣᠳᠣᠯᠬᠤ ᠰᠢᠷᠢᠰ ᠠᠵᠢᠯᠯᠠᠭᠠᠨ ᠤ ᠦᠷ᠎ᠡ ᠪᠦᠲᠦᠬᠡᠯ ᠢ ᠰᠠᠶᠢᠲᠤᠷ ᠬᠡᠷᠡᠭᠯᠡᠵᠦ ᠪᠦᠬᠦ ᠲᠠᠯ᠎ᠠ ᠪᠠᠷ᠂ ᠰᠢᠰᠲ᠋ᠧᠮ ᠲᠠᠢ᠂ ᠤᠷᠳᠤ ᠬᠤᠭᠤᠴᠠᠭ᠎ᠠ ᠪᠠᠷ᠂ ᠬᠦᠨᠵᠡᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠵᠦ᠂ ᠤᠬᠠᠭᠤᠯᠵᠦ᠂ ᠲᠤᠭᠤᠰᠢᠯᠠᠭᠤᠯᠵᠦ ︽ᠲᠦᠷᠪᠡᠨ ᠤᠬᠠᠮᠰᠠᠷ︾ ᠢ ᠳᠠᠰᠤᠷᠠᠯᠲᠠ ᠦᠭᠡᠢ ᠪᠠᠲᠤ ᠪᠠᠬᠢ ᠪᠤᠢ ᠪᠤᠯᠭᠠᠨ ︽ᠲᠦᠷᠪᠡᠨ ᠢᠳᠡᠭᠡᠯ︾ ᠢ ᠴᠢᠩᠭᠠᠳᠬᠠᠵᠤ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠤᠨ ᠤᠳᠤᠷᠢᠳᠬᠤ ᠺᠠᠳ᠋ᠷ ᠤᠨ ᠤᠨᠤᠯ ᠢ ᠤᠬᠠᠵᠤ ᠮᠡᠳᠡᠬᠦ᠂ ᠦᠢᠯᠡᠳᠦᠯᠬᠡ ᠶᠢ ᠵᠢᠯᠤᠭᠤᠳᠬᠤ ᠴᠢᠳᠠᠪᠤᠷᠢ  ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠬᠦᠯᠵᠦ ᠨᠠᠮ ᠤᠨ ᠤᠳᠤᠷᠢᠳᠤᠯᠭ᠎ᠠ ᠶᠢ ᠵᠠᠰᠠᠭ ᠤᠨ ᠤᠷᠳᠤᠨ ᠤ ᠠᠵᠢᠯ  ᠤᠨ ᠡᠯ᠎ᠡ ᠬᠦᠷᠢᠶ᠎ᠠ ᠴᠠᠷᠠᠭ᠎ᠠ ᠪᠠ ᠪᠦᠬᠦᠶᠢᠯᠡ ᠶᠠᠪᠤᠴᠠ ᠳᠤ ᠲᠤᠭᠤᠰᠢᠯᠠᠭᠤᠯᠤᠨ ᠨᠠᠮ ᠤᠨ ᠲᠦᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠠ ᠳᠡᠭᠡᠲᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠦᠷ᠎ᠡ ᠪᠦᠲᠦᠭᠡᠯ ᠭᠠᠷᠭᠠᠨ᠎ᠠ᠃ ᠨᠠᠮ  ᠤᠨ ᠪᠠᠶᠢᠭᠤᠯᠤᠯᠲᠠ ᠪᠠᠷ ᠤᠳᠤᠷᠢᠳᠬᠤ ᠶᠢ ᠪᠠᠷᠢᠮᠳᠠᠯᠠᠵᠦ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠪᠠ ᠵᠠᠰᠠᠭ ᠤᠨ ᠣᠷᠳᠣᠨ ᠤ ᠰᠢᠰᠲ᠋ᠧᠮ ᠤᠨ ᠰᠠᠯᠠᠭ᠎ᠠ ᠮᠦᠴᠢᠷ ᠤᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ ᠲᠦᠷᠦ ᠪᠠᠷᠢᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠬᠦᠯᠵᠦ ᠠᠵᠢᠯᠴᠢ ᠪᠦᠭᠡᠳ ᠦᠨᠳᠦᠷ ᠪᠦᠲᠦᠮᠵᠢᠲᠡᠢ᠂ ᠠᠷᠢᠭᠤᠨ ᠴᠢᠭᠡᠴᠢ ᠪᠦᠭᠡᠳ ᠦᠷ᠎ᠡ ᠪᠦᠲᠦᠭᠡᠯ ᠲᠠᠢ ᠵᠠᠰᠠᠭ ᠤᠨ ᠤᠷᠳᠤᠨ ᠤ ᠲᠦᠷᠢ ᠲᠦᠷᠬᠦ ᠶᠢ ᠪᠦᠷᠢᠯᠳᠦᠬᠦᠯᠦᠨ᠎ᠡ᠃     ᠵᠠᠰᠠᠭ ᠤᠨ ᠤᠷᠳᠤᠨ ᠤ ᠣᠯᠠᠨ ᠨᠡᠶᠢᠳᠡ ᠶᠢᠨ ᠢᠳᠡᠬᠡᠯ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ ᠢᠳᠡᠭᠡᠮᠵᠢᠲᠡᠢ ᠵᠠᠰᠠᠭ ᠤᠨ ᠤᠷᠳᠤᠨ ᠢ ᠪᠦᠲᠦᠭᠡᠨ ᠪᠠᠶᠢᠭᠤᠯᠵᠦ ᠵᠠᠰᠠᠭ ᠤᠨ ᠤᠷᠳᠤᠨ ᠤ ᠢᠳᠡᠭᠡᠯ ᠢᠶᠠᠨ ᠰᠠᠬᠢᠵᠦ ᠠᠮᠠᠯᠠᠯᠲᠠ ᠪᠠᠨ ᠦᠢᠯᠡᠳᠦᠯᠭᠡᠵᠢᠬᠦᠯᠬᠦ ᠲᠤᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠦᠨ ᠲᠤᠭᠳᠠᠭᠠᠭᠰᠠᠨ ᠭᠡᠷ᠎ᠡ᠂ ᠬᠡᠯᠡᠯᠴᠡᠭᠡᠷ ᠢᠶᠠᠨ ᠬᠠᠤᠯᠢ ᠲᠦᠷᠢᠮ ᠶᠤᠰᠤᠭᠠᠷ ᠴᠢᠩᠭ᠎ᠠ ᠭᠦᠢᠴᠡᠳᠬᠡᠵᠦ ᠣᠨᠴᠠᠭᠠᠶᠢᠯᠠᠨ ᠣᠳᠣᠬᠠᠨ ᠤ ᠪᠠᠴᠢᠮ ᠲᠤᠯᠭᠠᠮ᠎ᠠ ᠢᠯᠭᠠᠷᠠᠭᠤᠯᠬᠤ ᠴᠢᠬᠤᠯᠠᠲᠠᠢ ᠦᠷᠢ ᠰᠢᠷᠢ ᠪᠠ ᠠᠮᠠᠯᠠᠭᠰᠠᠨ ᠠᠷᠠᠳ ᠢ ᠬᠠᠷᠠᠭᠠᠯᠵᠠᠬᠤ ᠪᠤᠳᠠᠳᠤ ᠠᠵᠢᠯ ᠢ ᠪᠦᠬᠦᠨ ᠢ ᠡᠴᠤᠰ ᠲᠤᠨᠢ ᠲᠤᠯᠳᠠᠯ᠎ᠠ ᠠᠳᠬᠤᠵᠦ ᠡᠷᠬᠡᠪᠰᠢ ᠪᠤᠳᠠᠳᠤ ᠪᠦᠲᠦᠮᠵᠢ ᠤᠯᠤᠨ᠎ᠠ᠃ ᠬᠠᠤᠯᠢ ᠶᠤᠰᠤᠭᠠᠷ ᠰᠶᠢᠳᠪᠤᠷᠢᠲᠤ ᠪᠤᠳᠤᠯᠭ᠎ᠠ ᠲᠤᠭᠳᠠᠭᠠᠬᠤ ᠶᠢ ᠪᠠᠷᠢᠮᠳᠠᠯᠠᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠠᠬᠢᠭᠤᠯᠤᠨ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠤᠷᠢᠲᠤ ᠪᠤᠳᠤᠯᠭ᠎ᠠ ᠶᠢᠨ ᠬᠠᠤᠯᠢ ᠳᠤ ᠲᠤᠭᠳᠠᠭᠠᠭᠰᠠᠨ ᠳᠠᠷᠠᠭᠠᠯᠠᠯ ᠢ ᠴᠢᠩᠭ᠎ᠠ ᠬᠡᠷᠡᠭᠵᠢᠬᠦᠯᠤᠨ᠎ᠡ᠃ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠵᠡᠷᠭᠡ ᠰᠠᠭᠤᠷᠢ ᠴᠢᠨᠠᠷ ᠲᠠᠢ ᠠᠵᠢᠯ ᠢ ᠦᠨᠳᠦᠷ ᠴᠢᠨᠠᠷ ᠴᠢᠨᠰᠠᠭ᠎ᠠ ᠲᠠᠢ ᠰᠠᠶᠢᠲᠤᠷ ᠬᠢᠵᠦ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭᠠᠨ ᠳᠤ ᠣᠶᠣᠨ ᠤ ᠬᠦᠮᠦᠷᠭᠡ᠂ ᠵᠦᠪᠯᠡᠯᠭᠡ ᠦᠭᠬᠦ ᠺᠤᠮᠫᠠᠨᠢ ᠶᠢ ᠤᠷᠢᠵᠦ ᠵᠠᠰᠠᠭ ᠤᠨ ᠤᠷᠳᠤᠨ ᠤ ᠵᠦᠪ ᠤᠨᠤᠪᠴᠢᠲᠠᠢ ᠰᠶᠢᠳᠪᠤᠷᠢᠲᠤ ᠪᠤᠳᠤᠯᠭ᠎ᠠ ᠲᠤᠭᠳᠠᠭᠠᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ᠃ ᠴᠢᠬᠤᠯᠠ ᠶᠡᠭᠡ ᠬᠡᠷᠡᠭ ᠶᠠᠪᠤᠳᠠᠯ ᠢ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠬᠦᠯᠵᠦ ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠠ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤ ᠰᠠᠨᠠᠯ ᠳᠤᠷᠠᠳᠤᠯᠭ᠎ᠠ ᠶᠢ ᠬᠢᠨᠠᠮᠠᠭᠠᠢ ᠰᠶᠢᠳᠪᠤᠷᠢᠯᠡᠨ ᠰᠠᠨᠠᠭᠠᠴᠢᠯᠠᠭ᠎ᠠ ᠠᠴᠠ ᠪᠠᠨ ᠵᠠᠰᠠᠭ  ᠤᠨ ᠤᠷᠳᠤᠨ ᠤ ᠵᠦᠪᠳᠡᠯᠴᠡᠬᠦ ᠠᠵᠢᠯ ᠢ ᠦᠷᠨᠢᠬᠦᠯᠵᠦ ᠣᠯᠠᠨ ᠤ ᠤᠶᠤᠨ ᠤᠬᠠᠭᠠᠨ ᠢ ᠲᠦᠪᠯᠡᠷᠡᠭᠦᠯᠦᠨ ᠠᠵᠤ ᠠᠬᠤᠢ ᠨᠡᠶᠢᠬᠡᠮ ᠤᠨ ᠬᠦᠭᠵᠢᠯᠲᠡ ᠶᠢ ᠬᠢᠵᠠᠭᠠᠷᠯᠠᠵᠦ ᠪᠠᠶᠢᠭ᠎ᠠ ︽ᠪᠤᠭᠤᠮᠢ︾ ᠶᠢ ᠰᠶᠢᠳᠪᠤᠷᠢᠯᠡᠨ᠎ᠡ᠃ ᠨᠡᠶᠢᠬᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠴᠤ ᠲᠤᠭᠳᠠᠮᠠᠯ ᠬᠤᠭᠤᠴᠠᠭ᠎ᠠ ᠲᠠᠢ  ᠪᠠᠷ ᠰᠤᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠤᠭᠤᠯᠵᠦ ᠴᠢᠮᠡᠭᠡ ᠵᠠᠩᠬᠢ ᠶᠢ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠬᠦᠷᠢᠶ᠎ᠡ ᠬᠡᠪᠴᠢᠶ᠎ᠡ ᠶᠢ ᠦᠷᠭᠡᠳᠬᠡᠨ ᠠᠷᠠᠳ ᠣᠯᠠᠨ ᠤ ᠪᠠᠶᠢᠳᠠᠯ ᠢ ᠮᠡᠳᠡᠬᠦ ᠡᠷᠭᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ ᠡᠷᠭᠡ ᠶᠢ ᠢᠯᠡ ᠪᠠᠷ ᠬᠡᠷᠡᠭᠵᠢᠬᠦᠯᠦᠨ᠎ᠡ᠃      ᠰᠶᠢᠳᠪᠤᠷᠢᠲᠤ ᠪᠤᠳᠤᠯᠭ᠎ᠠ ᠭᠡᠷᠡᠭᠵᠢᠬᠦᠯᠬᠦ ᠬᠦᠴᠦᠨ ᠢ ᠦᠨᠡᠨ ᠬᠦ ᠳᠡᠭᠡᠭᠰᠢᠯᠡᠬᠦᠯᠬᠦ ᠬᠡᠷᠡᠭᠲᠡᠢ᠃ ᠪᠢᠳᠠ ᠦᠨᠳᠦᠷ ᠪᠦᠲᠦᠮᠵᠢᠲᠤ ᠵᠠᠰᠠᠭ ᠤᠨ ᠤᠷᠳᠤᠨ ᠢ ᠪᠦᠲᠦᠭᠡᠨ ᠪᠠᠶᠢᠭᠤᠯᠵᠦ ᠲᠤᠭᠳᠠᠭᠰᠠᠨ ᠴᠠᠭ ᠶᠤᠰᠤᠭᠠᠷ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠵᠦ ᠰᠢᠨᠵᠢᠯᠡᠬᠦ ᠤᠬᠠᠭᠠᠨᠴᠢ ᠲᠦᠷᠢᠮᠵᠢᠯ ᠲᠠᠢ᠂ ᠦᠨᠳᠦᠷ ᠪᠦᠲᠦᠮᠵᠢᠲᠡᠢ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠪᠠᠶᠢᠭᠤᠯᠤᠨ᠎ᠠ ᠃ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ᠂ ᠲᠦᠷᠦᠯ ᠵᠦᠢᠯ ᠤᠨ ᠪᠠᠷᠢᠯᠭ᠎ᠠ ᠡᠬᠢᠯᠡᠬᠦᠯᠵᠦ ᠪᠠᠷᠢᠯᠭ᠎ᠠ ᠰᠡᠷᠭᠦᠭᠡᠬᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠪᠦᠬᠦ ᠤᠯᠤᠰ ᠤᠨ ᠬᠤᠰᠢᠭᠤ ᠰᠢᠶᠠᠨ ᠤ ᠳᠡᠰ  ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠰᠠᠭᠤᠷᠢ ᠢᠵᠢ ᠪᠦᠷᠢᠳᠦᠯ ᠪᠠ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠵᠡᠷᠭᠡ ᠴᠢᠬᠤᠯᠠ ᠠᠵᠢᠯ ᠤᠨ ᠰᠢᠶᠠᠨ ᠤ ᠳᠡᠰ ᠤᠨ ᠤᠳᠤᠷᠢᠳᠤᠯᠭ᠎ᠠ᠂ ᠲᠦᠷᠦᠬᠦᠯᠡᠨ ᠬᠢᠬᠦ ᠨᠢᠭᠡᠴᠢ ᠪᠠ ᠬᠠᠷᠢᠭᠤᠴᠠᠯᠭᠠᠲᠠᠨ ᠪᠦᠬᠦᠨ ᠢ ᠲᠤᠳᠤᠷᠬᠠᠶᠢᠯᠠᠵᠦ ᠴᠠᠭ ᠤᠨ ᠬᠦᠰᠦᠨᠦᠭᠲᠤ ᠶᠢ ᠭᠠᠷᠭᠠᠨ ᠵᠠᠮ ᠱᠤᠭᠤᠮ ᠤᠨ ᠵᠢᠷᠤᠭ ᠢ ᠵᠢᠷᠦᠵᠦ ᠰᠠᠶᠢᠲᠤᠷ ᠲᠦᠯᠬᠢᠨ ᠠᠬᠢᠭᠤᠯᠵᠦ ᠬᠢᠨᠠᠨ ᠪᠠᠶᠢᠴᠠᠭᠠᠨ ᠨᠢᠭᠡ ᠨᠢᠭᠡ ᠲᠦᠷᠦᠯ ᠢᠶᠠᠷ ᠨᠠᠶᠢᠳᠠᠪᠤᠷᠢᠵᠢᠭᠤᠯᠵᠦ ᠨᠢᠭᠡ ᠨᠢᠭᠡ ᠬᠡᠷᠡᠭ ᠢᠶᠠᠷ ᠰᠶᠢᠳᠪᠤᠷᠢᠯᠡᠨ ᠵᠢᠱᠢᠭᠰᠡᠨ ᠦᠷ᠎ᠡ ᠪᠦᠲᠦᠮᠵᠢ ᠶᠢ ᠤᠯᠬᠤ ᠶᠢ ᠪᠠᠲᠤᠯᠠᠨ᠎ᠠ᠃ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠦ ᠱᠠᠭᠠᠷᠳᠠᠨ ᠪᠠᠶᠢᠴᠠᠭᠠᠵᠦ ᠬᠠᠷᠢᠭᠤᠴᠠᠯᠭ᠎ᠠ ᠨᠡᠭᠡᠮᠵᠢᠯᠡᠬᠦ᠂ ᠬᠢᠨᠠᠨ ᠰᠢᠯᠭᠠᠵᠦ ᠦᠷ᠎ᠡ ᠳ᠋ᠦᠩ ᠢ ᠨᠢ ᠠᠰᠠᠭᠤᠬᠤ ᠶᠢ ᠣᠯᠠᠮ ᠨᠢᠭᠡ ᠠᠯᠬᠤᠮ ᠴᠢᠩᠭᠠᠳᠬᠠᠨ ᠠᠵᠢᠯ ᠢ ᠠᠷᠭᠠᠴᠠᠭᠠᠵᠦ ᠠᠯᠠᠩ ᠰᠠᠯᠠᠩ ᠬᠢᠬᠦ᠂ ᠠᠵᠢᠯᠯᠠᠬᠤ ᠳᠤ ᠪᠠᠨ ᠬᠠᠰᠢ ᠶᠠᠰᠢ ᠪᠠᠶᠢᠬᠤ ᠦᠢᠯᠡ ᠠᠵᠢᠯᠯᠠᠭ᠎ᠠ ᠳᠤ ᠴᠢᠩᠭ᠎ᠠ ᠰᠶᠢᠳᠬᠡᠯ ᠦᠭᠴᠦ ᠵᠠᠯᠬᠠᠭᠤ ᠰᠤᠯᠠ ᠵᠠᠳᠠᠭᠠᠢ᠂ ᠬᠦᠯᠢᠶᠡᠬᠦ ᠲᠦᠰᠢᠭᠯᠡᠬᠦ ᠠᠪᠬᠤ ᠵᠡᠷᠭᠡ ᠨᠠᠵᠠᠭᠠᠢ ᠦᠵᠡᠯ ᠰᠠᠨᠠᠭ᠎ᠠ ᠶᠢ ᠡᠷᠡᠰ ᠦᠭᠡᠶᠢᠰᠬᠡᠨ ᠵᠦᠷᠢᠴᠡᠯ ᠲᠠᠭᠠᠷᠠᠯᠳᠤᠪᠠᠯ ᠵᠠᠶᠢᠯᠠᠵᠦ ᠶᠠᠪᠤᠬᠤ᠂ ᠬᠦᠴᠢᠷ ᠲᠤᠯᠭᠠᠷᠠᠪᠠᠯ ᠲᠤᠯᠤᠭᠠᠢ ᠪᠦᠬᠦᠶᠢᠳᠡᠭ ︽ᠲᠡᠮᠡᠭᠡᠨ ᠬᠢᠷᠭᠤᠤᠯ︾ ᠤᠨ ᠦᠵᠡᠯ ᠰᠠᠨᠠᠭ᠎ᠠ ᠶᠢ ᠣᠰᠠᠳᠬᠠᠨ᠎ᠠ᠃ ᠭᠠᠴᠠᠭ᠎ᠠ ᠲᠤᠰᠬᠤᠨ ᠳᠤ ᠰᠠᠭᠤᠵᠦ ᠬᠠᠪᠰᠤᠷᠤᠨ ᠳᠡᠳᠬᠦᠬᠦ ᠠᠵᠢᠯ ᠤᠨ ᠲᠦᠷᠢᠮ ᠢ ᠰᠠᠶᠢᠲᠤᠷ ᠠᠰᠢᠭᠯᠠᠵᠦ ᠪᠠᠶᠢᠴᠠᠭᠠᠯᠲᠠ ᠰᠤᠳᠤᠯᠤᠯᠲᠠ ᠶᠢ ᠦᠷᠭᠡᠨ  ᠢᠶᠠᠷ ᠦᠷᠨᠢᠬᠦᠯᠦᠨ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤ᠂ ᠠᠵᠦ ᠠᠬᠤᠶᠢᠯᠠᠯ᠂ ᠮᠠᠯᠴᠢᠨ ᠲᠠᠷᠢᠶᠠᠴᠢᠨ ᠤ ᠭᠡᠷ ᠲᠤ ᠬᠦᠷᠴᠤ ᠬᠡᠷᠡᠭᠴᠡᠭᠡ ᠱᠠᠭᠠᠷᠳᠠᠯᠭ᠎ᠠ ᠬᠦᠰᠡᠯ ᠨᠠᠶᠢᠳᠠᠯᠭ᠎ᠠ ᠪᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠢᠯᠠᠭᠠᠵᠦ ᠲᠦᠷᠦ ᠶᠢᠨ ᠪᠤᠳᠤᠯᠭ᠎ᠠ ᠶᠢ ᠤᠨᠤᠪᠴᠢᠲᠠᠢ ᠲᠤᠭᠳᠠᠭᠠᠭᠰᠠᠨ ᠦᠭᠡᠢ᠂ ᠨᠠᠶᠢᠳᠠᠪᠤᠷᠢᠵᠢᠭᠤᠯᠤᠯᠲᠠ ᠶᠢᠨ ᠬᠡᠯᠪᠡᠷᠢ ᠮᠠᠶ᠋ᠢᠭ ᠬᠤᠪᠢᠷᠠᠭᠰᠠᠨ᠂ ᠠᠵᠢᠯ ᠤᠨ ᠠᠬᠢᠭᠤᠯᠤᠯᠲᠠ ᠤᠳᠠᠭᠠᠨ ᠵᠡᠷᠭᠡ ᠠᠰᠠᠭᠤᠳᠠᠯ ᠢ ᠪᠦᠲᠦᠮᠵᠢᠲᠡᠢ ᠰᠶᠢᠳᠪᠤᠷᠢᠯᠡᠨ᠎ᠡ᠃     ᠰᠠᠬᠢᠯᠭ᠎ᠠ ᠪᠠᠲᠤ ᠶᠢᠨ ᠬᠢᠵᠠᠭᠠᠷᠯᠠᠬᠤ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ ᠠᠷᠢᠭᠤᠨ ᠴᠢᠭᠡᠴᠢ ᠵᠠᠰᠠᠭ ᠤᠨ ᠤᠷᠳᠤᠨ ᠢ ᠪᠦᠲᠦᠭᠡᠨ ᠪᠠᠶᠢᠭᠤᠯᠵᠦ ︽ᠬᠦᠮᠦᠨ ᠪᠦᠬᠦᠨ ᠵᠤᠷᠢᠭ ᠰᠦᠯᠳᠡ ᠲᠠᠢ ᠪᠠᠶᠢᠬᠤ ᠬᠡᠷᠡᠭᠲᠡᠢ︾ ᠬᠡᠬᠦ ᠦᠵᠡᠯ ᠰᠠᠨᠠᠭ᠎ᠠ ᠶᠢ ᠰᠠᠨᠠᠭᠠᠴᠢᠯᠠᠨ ᠠᠵᠢᠯ ᠬᠢᠵᠦ ᠦᠢᠯᠡᠰ ᠪᠤᠰᠬᠠᠬᠤ᠂ ᠬᠠᠷᠠᠮ ᠦᠭᠡᠢ ᠵᠤᠷᠢᠭᠤᠯᠬᠤ ᠰᠠᠶᠢᠨ ᠰᠠᠶᠢᠬᠠᠨ ᠣᠶᠤᠨ ᠰᠠᠨᠠᠭᠠᠨ ᠤ ᠬᠡᠪ ᠪᠠᠶᠢᠳᠠᠯ ᠢ ᠪᠤᠢ ᠪᠤᠯᠭᠠᠵᠦ ᠠᠮᠢᠨᠴᠢᠷ ᠰᠠᠨᠠᠭ᠎ᠠ ᠬᠤᠪᠢᠨᠴᠢᠷ ᠪᠤᠳᠤᠯ ᠪᠠ ︽ᠡᠳ᠋ ᠪᠤᠳᠠᠰ ᠢ ᠬᠡᠲᠤᠷᠬᠡᠢ ᠡᠷᠬᠢᠮᠯᠡᠬᠦ ᠦᠵᠡᠯ︾ ᠢ ᠡᠷᠡᠰ ᠲᠠᠶᠠᠭᠳᠠᠨ ᠢᠯᠵᠠᠷᠠᠯ ᠢ ᠡᠰᠡᠷᠭᠦᠴᠡᠨ ᠬᠤᠪᠢᠰᠤᠯᠲᠠ ᠶᠢ ᠰᠡᠷᠬᠡᠶᠢᠯᠡᠬᠦ ᠦᠵᠡᠯ ᠤᠬᠠᠮᠰᠠᠷ ᠢ ᠪᠠᠳᠣᠳᠬᠠᠨ᠎ᠠ᠃ ᠵᠠᠰᠠᠭ ᠤᠨ ᠤᠷᠳᠤᠨ ᠤ ᠨᠠᠮ ᠤᠨ ᠣᠳᠣᠷᠢᠳᠬᠤ ᠲᠤᠭᠤᠶᠢᠯᠠᠩ ᠤᠨ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠨᠠᠶᠢᠳᠠᠪᠤᠷᠢᠵᠢᠭᠤᠯᠵᠦ ᠵᠠᠰᠠᠭ ᠤᠨ ᠤᠷᠳᠤᠨ ᠤ ᠡᠯ᠎ᠡ ᠲᠦᠷᠦᠯ ᠤᠨ ᠠᠵᠢᠯ ᠤᠨ ᠲᠤᠭᠲᠠᠯᠴᠠᠭ᠎ᠠ ᠶᠢ ᠲᠡᠭᠦᠯᠳᠡᠷᠵᠢᠬᠦᠯᠤᠨ ᠵᠠᠰᠠᠭ ᠶᠠᠪᠤᠭᠤᠯᠬᠤ ᠳᠤ ᠵᠢᠷᠤᠮᠯᠠᠬᠤ ᠲᠦᠷᠢᠮ ᠲᠤᠭᠲᠠᠭᠠᠯ ᠲᠠᠢ ᠪᠠᠶᠢᠵᠦ᠂ ᠲᠦᠷᠢᠮ ᠲᠤᠭᠳᠠᠭᠠᠯ ᠪᠠᠶᠢᠪᠠᠯ ᠵᠠᠪᠠᠯ ᠵᠢᠷᠤᠮᠯᠠᠬᠤ ᠶᠢ ᠪᠠᠲᠤᠯᠠᠨ᠎ᠠ᠃ ᠲᠤᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠ ᠬᠢᠨᠠᠨ ᠪᠤᠳᠤᠬᠤ  ᠪᠠᠷ ᠳᠠᠮᠵᠢᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠡᠭᠡᠲᠤ ᠬᠡᠮᠵᠢᠶ᠎ᠡ ᠪᠠᠷ ᠴᠢᠬᠤᠯᠠᠴᠢᠯᠠᠨ ᠦᠵᠡᠵᠦ ᠬᠠᠨᠳᠤᠯᠭᠠᠲᠤ ᠴᠢᠨᠠᠷ ᠲᠠᠢ ᠪᠠᠷ ᠴᠡᠭᠴᠡᠯᠡᠨ ᠰᠠᠶᠢᠵᠢᠷᠠᠭᠤᠯᠬᠤ ᠲᠦᠰᠦᠯ ᠢ ᠲᠤᠭᠳᠠᠭᠠᠨ ᠵᠤᠷᠢᠭᠲᠠᠢ ᠪᠠᠷ ᠬᠦᠴᠢᠷ ᠪᠡᠷᠭᠡ ᠶᠢ ᠳᠠᠪᠠᠨ ᠴᠢᠨᠠᠷ ᠢ ᠪᠠᠲᠤᠯᠠᠵᠦ ᠴᠠᠭ ᠲᠤᠬᠠᠢ ᠳᠤᠨᠢ ᠡᠭᠦᠷᠭᠡ ᠪᠠᠨ ᠪᠡᠶᠡᠯᠡᠬᠦᠯᠤᠨ᠎ᠡ᠃ ᠰᠢᠷᠭᠠᠭᠤ ᠬᠠᠳᠠᠭᠤᠵᠢᠯᠳᠠᠢ ᠳᠡᠮᠡᠴᠡᠨ ᠠᠵᠢᠯᠴᠢ ᠠᠷᠪᠢᠴᠢ ᠪᠠᠷ ᠠᠵᠣ ᠲᠦᠷᠦᠬᠦ ᠰᠠᠶᠢᠨ ᠰᠠᠶᠢᠬᠠᠨ ᠬᠡᠪ ᠰᠣᠷᠳᠠᠯ ᠢ ᠶᠡᠬᠡᠪᠡᠷ ᠪᠠᠳᠠᠷᠠᠭᠤᠯᠵᠣ ᠪᠦᠬᠦ ᠬᠤᠰᠢᠭᠤᠨ ᠤ ᠡᠯ᠎ᠡ ᠱᠠᠳᠣᠨ ᠤ ᠠᠯᠪᠠᠨ ᠪᠠᠶᠢᠭᠤᠯᠭ᠎ᠠ ᠪᠠ ᠨᠠᠮ ᠤᠨ ᠬᠡᠰᠢᠬᠦᠨ ᠺᠡᠳ᠋ᠷᠴᠣᠳ ᠳᠣᠯᠣᠭᠠᠶᠢᠯᠠᠨ ᠠᠵᠢᠯᠴᠢ ᠠᠷᠪᠢᠴᠢ ᠪᠠᠷ ᠠᠮᠢᠳᠣᠷᠠᠨ ᠡᠳᠦᠷ ᠳᠣᠳᠣᠮ ᠤᠨ ᠠᠯᠪᠡᠯᠠᠬᠤ ᠵᠠᠷᠣᠳᠠᠯ᠂ ᠢᠨᠵᠧᠨᠧᠷᠢᠩ ᠤᠨ ᠲᠦᠷᠥᠯ ᠵᠣᠶᠢᠯ ᠤᠨ ᠪᠦᠳᠦᠬᠡᠨ ᠪᠠᠶᠢᠭᠤᠯᠣᠯᠳᠠ ᠪᠦᠬᠦᠨ ᠢ ᠨᠠᠷᠢᠯᠢᠭ ᠲᠥᠯᠥᠪᠯᠡᠵᠣ ᠨᠢᠮᠪᠠᠢ ᠳᠣᠭᠠᠴᠠᠨ ᠦᠷᠳᠡᠭ ᠢ ᠠᠷᠪᠢᠯᠡᠨ ᠦᠷ᠎ᠡ ᠠᠰᠢᠭ ᠢᠶᠠᠨ ᠨᠡᠮᠡᠭᠳᠡᠬᠦᠯᠵᠣ ᠮᠦᠩᠬᠦ ᠪᠦᠬᠦᠨ ᠢ ᠴᠢᠬᠤᠯᠠᠳᠠᠢ ᠵᠣᠶᠢᠯ ᠳᠤ ᠬᠡᠷᠡᠭᠯᠡᠵᠣ ᠠᠷᠠᠳ ᠢ ᠬᠠᠷᠠᠭᠠᠯᠵᠠᠬᠤ ᠪᠣᠳᠠᠳᠣ ᠶᠠᠪᠣᠳᠠᠯ ᠳᠡᠬᠡᠷ᠎ᠠ ᠵᠠᠷᠣᠴᠠᠭᠤᠯᠣᠨ ᠬᠤᠳᠠ ᠬᠦᠳᠡᠭᠡ ᠶᠢᠨ ᠰᠠᠭᠤᠭᠠᠯᠢ ᠠᠷᠠᠳ ᠢ ᠰᠠᠶᠢᠨ ᠰᠠᠶᠢᠬᠠᠨ ᠠᠮᠢᠳᠣᠷᠠᠭᠤᠯᠬᠤ ᠪᠠᠷ ᠴᠢᠷᠮᠠᠶᠢᠨ᠎ᠠ᠃ ᠲᠦᠪ ᠤᠨ ᠨᠠᠢᠮᠠᠨ ᠲᠦᠷᠦᠯ ᠤᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠦ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠨ ᠢᠳᠡᠭᠦ᠂ ᠠᠪᠬᠤ᠂ ᠬᠤᠷᠢᠭᠯᠠᠬᠤ᠂ ᠨᠡᠬᠡᠵᠣ ᠠᠪᠬᠤ᠂ ᠳᠡᠯᠳᠠᠭᠤᠷ ᠣᠶᠢᠯᠡᠳᠬᠦ ᠵᠡᠷᠭᠡ ᠬᠠᠤᠯᠢ᠂ ᠰᠠᠬᠢᠯᠭ᠎ᠠ ᠪᠠᠲᠤ ᠶᠢ ᠵᠦᠷᠢᠴᠡᠭᠰᠡᠨ ᠠᠰᠠᠭᠤᠳᠠᠯ ᠢ ᠡᠷᠡᠰ ᠪᠠᠶᠢᠴᠠᠭᠠᠨ ᠰᠶᠢᠳᠪᠤᠷᠢᠯᠡᠵᠦ ᠣᠯᠠᠨ ᠲᠦᠮᠡᠨ ᠤ ᠡᠷᠭᠡ ᠠᠰᠢᠭ ᠢ ᠬᠤᠬᠢᠷᠠᠭᠤᠯᠤᠭᠰᠠᠨ ᠠᠵᠢᠯᠯᠠᠭ᠎ᠠ ᠶᠢ ᠵᠠᠰᠠᠨ ᠲᠦᠪ ᠭᠤᠤᠯᠴᠢ᠂ ᠠᠷᠢᠭᠤᠨ ᠴᠢᠭᠡᠴᠢ᠂ ᠠᠷᠠᠳ ᠲᠦᠮᠡᠨ ᠳᠤ ᠦᠢᠯᠡᠴᠢᠯᠡᠬᠦ ᠶᠢ ᠠᠯᠪᠠᠨ ᠲᠤᠰᠢᠶᠠᠯᠲᠠᠨ ᠨᠢᠭᠡᠪᠤᠷᠢ ᠶᠢᠨ ᠪᠠᠶᠢᠪᠠᠰᠤ ᠵᠤᠬᠢᠬᠤ ᠤᠯᠤᠰ ᠲᠦᠷᠦ ᠶᠢᠨ ᠡᠭᠦᠷᠭᠡ ᠬᠠᠷᠢᠭᠤᠴᠠᠯᠭ᠎ᠠ ᠪᠤᠯᠭᠠᠨ᠎ᠠ᠃      ᠲᠦᠯᠦᠭᠡᠯᠡᠭᠴᠢᠳ ᠡ᠂ ᠰᠢᠨ᠎ᠡ ᠴᠠᠭ ᠦᠶ᠎ᠡ ᠳᠤ ᠰᠢᠨ᠎ᠡ ᠬᠦᠰᠡᠯ ᠡᠷᠡᠮᠡᠯᠵᠡᠯ ᠲᠠᠢ ᠪᠠᠶᠢᠵᠣ᠂ ᠰᠢᠨ᠎ᠡ ᠴᠠᠭ ᠦᠶ᠎ᠡ ᠳᠤ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠳᠡᠢ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠ ᠪᠦᠯᠬᠦᠮᠳᠡᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ ᠪᠦᠯᠬᠦᠮᠳᠡᠨ ᠲᠡᠮᠡᠴᠡᠵᠦ ᠠᠵᠠ ᠲᠤᠬᠢᠶᠠᠯ ᠢ ᠡᠵᠡᠮᠳᠡᠨ ᠡᠷᠡᠮᠡᠬᠡᠶᠢᠯᠡᠨ ᠤᠷᠤᠭᠰᠢᠯᠠᠵᠦ᠂ ᠵᠤᠷᠢᠭᠲᠠᠢ ᠢᠯᠠᠨ ᠳᠠᠪᠠᠵᠦ ᠴᠢᠨᠠᠷ ᠰᠠᠶᠢᠲᠠᠢ ᠬᠦᠭᠵᠢᠯᠲᠡ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ ᠰᠢᠯᠢᠳᠡᠭ ᠬᠢᠷᠢ ᠪᠦᠲᠦᠮᠵᠢ ᠪᠠᠷ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠡᠭᠡᠶ᠎ᠡ︕                        ᠨᠡᠷᠡᠰ ᠤᠨ ᠲᠠᠶᠢᠯᠪᠤᠷᠢ      ︽ᠲᠦᠷᠪᠡᠨ ᠬᠦᠢᠴᠡᠳᠭᠡᠬᠦ︾ ᠤᠴᠢᠷ ᠶᠠᠪᠤᠳᠠᠯ᠄ ︽ᠳᠠᠷᠤᠢ ᠳᠤ ᠨᠢ ᠬᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠶᠢᠷ᠎ᠠ ᠬᠠᠪᠢ ᠳᠤᠨᠢ ᠬᠦᠢᠴᠡᠳᠬᠡᠬᠦ᠂ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠤᠴᠢᠷ ᠶᠠᠪᠤᠳᠠᠯ ᠢ ᠵᠢᠭᠠᠨ᠎ᠠ᠃     ︽ᠨᠢᠭᠡ ᠰᠦᠯᠵᠢᠶᠡᠨ ᠳᠡᠭᠡᠷ᠎ᠡ᠂ ᠨᠢᠭᠡ ᠭᠠᠵᠠᠷ ᠲᠤ᠂ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠥᠭᠡᠷᠡᠴᠢᠯᠡᠯᠲᠡ᠄ ᠠᠵᠦ ᠠᠬᠤᠶᠢᠯᠠᠯ ᠪᠠ ᠣᠯᠠᠨ ᠲᠦᠮᠡᠨ ᠤᠴᠢᠷ ᠶᠠᠪᠤᠳᠠᠯ ᠢᠶᠠᠨ ᠬᠦᠢᠴᠡᠳᠬᠡᠬᠦ ᠳᠤ ᠪᠠᠨ ᠰᠦᠯᠵᠢᠶᠡᠨ ᠳᠡᠭᠡᠷ᠎ᠡ ︽ᠨᠢᠭᠡ ᠯᠠ ᠰᠦᠯᠵᠢᠶᠠᠨ ᠳᠡᠭᠡᠷ᠎ᠡ ᠨᠡᠶᠢᠳᠡᠮ ᠬᠦᠢᠴᠡᠳᠬᠡᠬᠦ︾᠂ ᠦᠢᠯᠡᠴᠢᠯᠡᠭᠡᠨ ᠤ ᠴᠤᠩᠬᠤᠪᠴᠢ ᠳᠡᠭᠡᠷ᠎ᠡ ︽ᠨᠢᠭᠡ ᠯᠠ ᠭᠠᠵᠠᠷ ᠲᠤ ᠣᠴᠢᠬᠤ︾᠂ ᠲᠤᠬᠠᠢ ᠶᠢᠨ ᠲᠠᠯᠠᠪᠠᠢ ᠳᠤ ︽ᠬᠠᠮᠤᠭ ᠤᠯᠠᠨ ᠳᠤ  ᠪᠠᠨ ᠨᠢᠭᠡ ᠯᠠ ᠤᠳᠠᠭ᠎ᠠ ᠣᠴᠢᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠭᠡᠷᠡᠴᠢᠯᠡᠯᠲᠡ ᠶᠢ ᠵᠢᠭᠠᠨ᠎ᠠ᠃      ᠣᠯᠠᠨ ᠦᠨᠡᠮᠯᠡᠯ ᠢ ᠨᠢᠭᠡᠳᠭᠡᠬᠦ᠄ ᠨᠢᠭᠡᠨᠲᠡ ᠬᠡᠷᠡᠭᠵᠢᠬᠦᠯᠦᠭᠰᠡᠨ ᠡᠵᠡᠩᠨᠡᠯᠲᠡ ᠶᠢᠨ ᠦᠨᠡᠮᠯᠡᠯ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠦᠯᠦᠭᠡᠨ ᠤ ᠺᠤᠳ᠋   ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠲᠠᠩᠰᠠᠯᠠᠯᠲᠠ ᠶᠢᠨ ᠦᠨᠡᠮᠯᠡᠯ᠂ ᠨᠡᠶᠢᠬᠡᠮ ᠤᠨ ᠳᠠᠭᠠᠳᠬᠠᠯ ᠤᠨ ᠳᠠᠩᠰᠠᠯᠠᠯᠲᠠ ᠶᠢᠨ ᠦᠨᠡᠮᠯᠡᠯ᠂ ᠲᠤᠭ᠎ᠠ ᠪᠦᠷᠢᠳᠬᠡᠯ  ᠤᠨ ᠦᠨᠡᠮᠯᠡᠯ ︽ᠲᠠᠪᠤᠨ ᠦᠨᠡᠮᠯᠡᠯ ᠢ ᠨᠢᠭᠡᠳᠭᠡᠨ ᠨᠢᠭᠡ ᠪᠤᠯᠭᠠᠬᠤ︾ ᠰᠠᠭᠤᠷᠢᠨ ᠳᠡᠭᠡᠷ᠎ᠡ ᠭᠤᠶᠤᠴᠢᠯᠠᠭᠴᠢ ᠳᠤ ᠨᠢᠭᠡᠳᠦᠯᠳᠡᠢ ᠨᠡᠶᠢᠬᠡᠮ ᠤᠨ ᠢᠳᠡᠭᠡᠮᠵᠢ ᠶᠢᠨ ᠲᠦᠯᠦᠭᠡᠨ ᠺᠤᠳ᠋ ᠪᠠ ᠢᠳᠡᠭᠡᠨ ᠣᠮᠳᠠᠭᠠᠨ ᠤ ᠵᠦᠢᠯ ᠤᠨ ᠡᠵᠡᠩᠨᠡᠯᠲᠡ  ᠶᠢᠨ ᠵᠦᠪᠰᠢᠶᠡᠷᠡᠯ ᠤᠨ ᠦᠨᠡᠮᠯᠡᠯ ᠤᠨ ᠨᠤᠮᠧᠷ ᠵᠡᠷᠭᠡ ᠨᠢᠭᠡ ᠦᠨᠡᠮᠯᠡᠯ ᠳᠤ ᠬᠤᠶᠠᠷ ᠨᠤᠮᠧᠷ ᠪᠤᠶᠤ ᠣᠯᠠᠨ ᠨᠤᠮᠧᠷ  ᠲᠠᠢ ︽ᠣᠯᠠᠨ ᠦᠨᠡᠮᠯᠡᠯ ᠢ ᠨᠢᠭᠡᠳᠭᠡᠭᠰᠡᠨ︾ ᠡᠵᠡᠩᠨᠡᠯᠲᠡ ᠶᠢᠨ ᠦᠨᠡᠮᠯᠡᠯ ᠢ ᠲᠠᠷᠬᠠᠭᠠᠬᠤ ᠨᠢᠭᠡᠳᠦᠯᠲᠡᠢ ᠬᠤᠯᠪᠤᠭᠠᠯᠠᠨ ᠳᠠᠩᠰᠠᠯᠠᠬᠤ ᠠᠷᠭ᠎ᠠ ᠪᠠᠷᠢᠯ ᠢ ᠵᠢᠭᠠᠨ᠎ᠠ᠃      ᠬᠡᠷᠡᠴᠢ ᠦᠨᠡᠮᠯᠡᠯ ᠢ ᠰᠠᠯᠭᠠᠬᠤ᠄ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠤᠨ ᠲᠠᠷᠬᠠᠭᠠᠭᠰᠠᠨ ᠡᠵᠡᠩᠨᠡᠯᠲᠡ ᠶᠢᠨ ᠦᠨᠡᠮᠯᠡᠯ ᠪᠠ ᠡᠯ᠎ᠡ ᠬᠠᠮᠢᠶ᠎ᠠ ᠪᠦᠬᠦᠢ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠠᠷᠬᠠᠭᠠᠭᠰᠠᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ ᠬᠢᠨᠠᠨ ᠵᠦᠪᠰᠢᠶᠡᠷᠡᠬᠦ ᠦᠬᠡᠷᠡᠴᠢᠯᠡᠯᠲᠡ ᠶᠢ ᠵᠢᠭᠠᠨ᠎ᠠ᠃ ᠦᠭᠡᠷᠡᠴᠢᠯᠡᠭᠰᠡᠨ ᠤ ᠳᠠᠷᠠᠭ᠎ᠠ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ  ᠲᠤ ᠬᠦᠷᠴᠤ ᠡᠵᠡᠩᠨᠡᠯᠲᠡ ᠶᠢᠨ ᠦᠨᠡᠮᠯᠡᠯ ᠢᠶᠠᠨ ᠠᠪᠤᠭᠰᠠᠨ ᠤ ᠳᠠᠷᠠᠭ᠎ᠠ ᠡᠩ ᠤᠨ ᠴᠢᠨᠠᠷᠲᠠᠢ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠤᠯᠤᠨ᠎ᠠ᠃ ᠬᠡᠷᠪᠡ ᠵᠦᠪᠰᠢᠶᠡᠷᠡᠬᠦᠯᠬᠦ ᠴᠢᠬᠤᠯᠠᠲᠠᠢ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠬᠦ ᠳᠤ ᠲᠠᠬᠢᠨ ᠬᠤᠯᠪᠤᠭᠳᠠᠯ ᠪᠦᠬᠦᠢ ᠬᠢᠨᠠᠨ ᠵᠦᠪᠰᠢᠶᠡᠷᠡᠬᠦᠯᠬᠦ ᠰᠠᠯᠠᠭ᠎ᠠ ᠮᠦᠴᠢᠷ ᠲᠤ ᠬᠦᠷᠴᠤ ᠵᠦᠪᠰᠢᠶᠡᠷᠡᠬᠦᠯᠬᠦ ᠭᠠᠷᠳᠠᠮ ᠢ ᠬᠦᠢᠴᠡᠳᠬᠡᠨ᠎ᠡ᠃     ᠠᠵᠦ ᠠᠬᠤᠶᠢᠯᠠᠯ ᠢ ᠡᠬᠦᠯᠡᠨ ᠳᠠᠪᠴᠠᠩ ᠳᠤ ᠭᠠᠷᠭᠠᠬᠤ᠄ ᠠᠵᠦ ᠠᠬᠤᠶᠢᠯᠠᠯ ᠨᠢ ᠰᠦᠯᠵᠢᠶ᠎ᠡ ᠪᠠᠷ ᠳᠠᠮᠵᠢᠨ ᠠᠵᠤ ᠠᠬᠤᠶᠢᠯᠠᠯ ᠤᠨ ᠰᠠᠭᠤᠷᠢ ᠰᠢᠰᠲ᠋ᠧᠮ᠂ ᠬᠠᠮᠢᠶᠠᠷᠤᠯᠲᠠ ᠵᠢᠴᠢ ᠲᠤᠬᠠᠶᠢᠯᠠᠭᠰᠠᠨ ᠠᠵᠢᠯ ᠢᠶᠠᠨ ᠡᠭᠦᠯᠡᠨ ᠳᠠᠪᠴᠡᠩ  ᠳᠤ ᠪᠠᠶᠢᠷᠢᠯᠠᠭᠤᠯᠤᠨ ᠰᠦᠯᠵᠢᠶ᠎ᠡ ᠶᠢ ᠠᠰᠢᠭᠯᠠᠵᠦ ᠦᠢᠯᠡᠴᠢᠯᠡᠬᠡᠨ ᠤ ᠬᠤᠳᠠᠯᠳᠤᠭᠠᠴᠢᠨ ᠤ ᠬᠠᠩᠭᠠᠭᠰᠠᠨ ᠦᠢᠯᠡᠴᠢᠯᠡᠭᠡ ᠶᠢ ᠲᠦᠬᠦᠮ ᠲᠦᠳᠡ ᠪᠠᠷ ᠣᠯᠵᠦ ᠡᠭᠦᠨ ᠢᠶᠠᠷ ᠳᠠᠮᠵᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢᠨ ᠪᠦᠲᠦᠮᠵᠢ ᠶᠢ ᠳᠡᠭᠡᠭᠰᠢᠯᠡᠬᠦᠯᠦᠨ ᠠᠵᠦ ᠠᠬᠤᠢ ᠶᠢᠨ ᠬᠦᠭᠵᠢᠯᠲᠡ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ ᠰᠢᠨ᠎ᠡ ᠬᠠᠭᠤᠴᠢᠨ ᠬᠦᠳᠡᠯᠬᠡᠬᠦ ᠬᠦᠴᠦᠨ ᠤ ᠰᠤᠯᠢᠭᠳᠠᠯ ᠢ ᠲᠦᠷᠭᠡᠳᠬᠡᠬᠦ ᠶᠢ ᠵᠢᠭᠠᠨ᠎ᠠ᠃      ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ︽1 + 5︾ ᠬᠡᠷᠡᠭᠵᠢᠬᠦᠯᠬᠦ ᠲᠦᠰᠦᠯ ᠄ 1 ᠨᠢ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠡᠷᠦᠩᠬᠡᠢ ᠬᠡᠷᠡᠭᠵᠢᠬᠦᠯᠬᠦ ᠲᠦᠰᠦᠯ᠃ 5 ᠨᠢ ᠪᠤᠯ ᠳᠠᠷᠤᠢ ᠠᠵᠦ ᠦᠢᠯᠡᠰ ᠢ ᠬᠦᠭᠵᠢᠬᠦᠯᠦᠨ ᠮᠠᠨᠳᠤᠭᠤᠯᠬᠤ᠂ ᠠᠮᠢ ᠠᠬᠤᠢ ᠶᠢ ᠬᠦᠭᠵᠢᠬᠦᠯᠦᠨ ᠮᠠᠨᠳᠤᠭᠤᠯᠬᠤ᠂ ᠰᠤᠶᠤᠯ ᠢ ᠬᠦᠭᠵᠢᠬᠦᠯᠦᠨ ᠮᠠᠨᠳᠤᠭᠤᠯᠬᠤ᠂ ᠵᠤᠬᠢᠶᠠᠨ ᠪᠠᠶᠢᠭᠤᠯᠤᠯᠲᠠ ᠶᠢ ᠬᠦᠭᠵᠢᠬᠦᠯᠦᠨ ᠮᠠᠨᠳᠤᠭᠤᠯᠬᠤ ᠪᠠ ᠴᠢᠳᠠᠪᠤᠷᠢᠲᠠᠨ ᠢ ᠬᠦᠭᠵᠢᠬᠦᠯᠦᠨ ᠮᠠᠨᠳᠤᠭᠤᠯᠬᠤ ᠶᠢ ᠬᠡᠷᠡᠭᠵᠢᠬᠦᠯᠬᠦ ᠲᠦᠰᠦᠯ ᠢ ᠵᠢᠭᠠᠨ᠎ᠠ᠃     ᠠᠵᠦ ᠠᠬᠤᠶᠢᠯᠠᠯ ᠤᠨ ᠬᠤᠯᠪᠤᠭᠠᠲᠤ ᠴᠤᠭᠴᠠ᠄ ᠮᠠᠯ ᠲᠠᠷᠢᠶᠠᠯᠠᠩ ᠤᠨ ᠠᠵᠦ ᠠᠬᠤᠶᠢᠯᠠᠯ ᠢᠶᠠᠷ ᠲᠤᠯᠤᠭᠠᠶᠢᠯᠠᠭᠴᠢ ᠪᠤᠯᠭᠠᠭᠰᠠᠨ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢᠶᠠᠷ ᠬᠤᠯᠪᠤᠭᠠᠰᠤ ᠪᠤᠯᠭᠠᠭᠰᠠᠨ ᠬᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ ᠪᠠᠷ ᠰᠠᠭᠤᠷᠢ ᠪᠤᠯᠭᠠᠭᠰᠠᠨ ᠨᠢᠭᠡ ᠴᠤᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠤᠳᠤᠬᠢᠴᠢᠯᠠᠭᠰᠠᠨ ᠮᠠᠯ ᠲᠠᠷᠢᠶᠠᠯᠠᠩ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠵᠤᠬᠢᠶᠠᠨ ᠪᠠᠶᠢᠭᠤᠯᠤᠯᠲᠠ ᠪᠤᠯᠤᠨ᠎ᠠ᠃      ᠭᠤᠷᠪᠠ ᠶᠢ ᠴᠡᠪᠡᠷᠯᠡᠨ ᠨᠢᠬᠡ ᠶᠢ ᠦᠬᠡᠷᠡᠴᠢᠯᠡᠬᠦ᠄ ᠭᠤᠷᠪᠠ ᠶᠢ ᠴᠡᠪᠡᠷᠯᠡᠬᠦ ᠬᠡᠳᠡᠭ ᠨᠢ ᠬᠤᠭ ᠨᠣᠪᠰᠢ ᠶᠢ ᠴᠡᠪᠡᠷᠯᠡᠬᠦ᠂ ᠭᠤᠣ ᠴᠦᠬᠦᠷᠣᠮ ᠢ ᠴᠡᠪᠡᠷᠯᠡᠬᠦ᠂ ᠮᠠᠯ ᠵᠢᠬᠦᠷᠳᠡᠨ ᠤ ᠰᠢᠬᠡᠭ ᠪᠠᠭᠠᠰᠣ ᠶᠢ ᠴᠡᠪᠡᠷᠯᠡᠬᠦ ᠶᠢ ᠵᠢᠭᠠᠵᠣ᠂ ᠨᠢᠬᠡ ᠶᠢ ᠦᠬᠡᠷᠡᠴᠢᠯᠡᠬᠦ ᠬᠡᠳᠡᠭ ᠨᠢ ᠮᠠᠯᠴᠢᠨ ᠲᠠᠷᠢᠶᠠᠴᠢᠨ ᠤ ᠣᠷᠣᠰᠢᠨ ᠰᠠᠭᠤᠷᠢᠰᠢᠬᠤ ᠣᠷᠴᠢᠨ ᠢ ᠨᠦᠯᠦᠬᠡᠯᠡᠵᠣ ᠪᠠᠶᠢᠬᠤ ᠮᠠᠭᠤ ᠮᠠᠭᠤᠬᠠᠢ ᠳᠡᠳᠬᠠᠯ ᠢ ᠦᠬᠡᠷᠡᠴᠢᠯᠡᠬᠦ ᠶᠢ ᠵᠢᠭᠠᠵᠣ ᠪᠠᠶᠢᠨ᠎ᠠ᠃     ᠰᠣᠳᠣᠯᠵᠣ ᠰᠣᠷᠣᠯᠴᠠᠬᠤ ᠰᠠᠭᠤᠷᠢᠨ ᠭᠠᠵᠠᠷ᠄ ᠰᠣᠳᠣᠯᠵᠣ ᠰᠣᠷᠣᠯᠴᠠᠬᠤ ᠵᠢᠭᠤᠯᠴᠢᠯᠡᠯ ᠭᠡᠳᠡᠭ ᠨᠢ ᠰᠣᠷᠭᠠᠭᠤᠯᠢ ᠠᠴᠠ ᠵᠢᠭᠠᠨ ᠰᠣᠷᠭᠠᠯᠳᠠ ᠶᠢᠨ ᠠᠭᠤᠯᠭ᠎ᠠ ᠶᠢᠨ ᠱᠠᠭᠠᠷᠳᠠᠯᠭ᠎ᠠ ᠶᠢ ᠦᠨᠳᠣᠰᠣᠯᠠᠨ ᠰᠣᠷᠣᠭᠴᠢᠳ ᠢ ᠵᠣᠬᠢᠶᠠᠨ ᠪᠠᠶᠢᠭᠤᠯᠵᠣ ᠬᠠᠮᠳᠣ ᠪᠠᠷ ᠢᠶᠠᠨ ᠵᠢᠭᠤᠯᠴᠢᠯᠡᠬᠤ᠂ ᠲᠦᠪᠯᠠᠷᠠᠨ ᠢᠳᠡᠵᠣ ᠣᠣᠭᠤᠵᠣ ᠬᠤᠨᠣᠭᠯᠠᠬᠤ ᠵᠡᠷᠬᠡ ᠠᠷᠭ᠎ᠠ ᠪᠠᠷᠢᠯ ᠢᠶᠠᠷ ᠳᠠᠮᠵᠢᠨ ᠰᠣᠷᠭᠠᠭᠤᠯᠢ ᠶᠢᠨ ᠬᠦᠷᠢᠶᠠᠨ ᠤ ᠭᠠᠳᠠᠨᠠᠬᠢ ᠠᠳᠡᠯᠢ ᠪᠣᠰᠣ ᠠᠮᠢᠳᠣᠷᠠᠯ ᠤᠨ ᠳᠣᠮᠳᠠ ᠬᠠᠷᠠᠭ᠎ᠠ ᠪᠠᠨ ᠳᠡᠯᠡᠵᠣ ᠡᠬᠡ ᠪᠠᠶᠢᠭᠠᠯᠢ ᠪᠠ ᠰᠣᠶᠣᠯ ᠲᠠᠢ ᠨᠡᠩ ᠣᠶᠢᠷᠠᠳᠣᠵᠣ ᠬᠠᠮᠳᠣ ᠶᠢᠨ ᠠᠮᠢᠳᠣᠷᠠᠯ ᠤᠨ ᠠᠷᠭ᠎ᠠ ᠪᠠᠷᠢᠯ ᠪᠠ ᠨᠡᠶᠢᠬᠡᠮ ᠤᠨ ᠶᠣᠰᠣ ᠰᠣᠷᠳᠠᠬᠤᠨ ᠢ ᠪᠠᠶᠠᠴᠢᠯᠡᠨ ᠣᠶᠢᠯᠠᠭᠠᠬᠤ ᠶᠢ ᠵᠢᠭᠠᠨ᠎ᠠ᠃ ᠰᠣᠳᠣᠯᠵᠣ ᠰᠣᠷᠣᠯᠴᠠᠬᠤ ᠰᠠᠭᠤᠷᠢᠨ ᠭᠠᠵᠠᠷ ᠪᠣᠯ ᠰᠣᠳᠣᠯᠵᠣ ᠰᠣᠷᠣᠯᠴᠠᠬᠤ ᠵᠢᠭᠤᠯᠴᠢᠯᠡᠯ ᠤᠨ ᠦᠪᠡᠷᠮᠢᠴᠡ ᠣᠨᠴᠠᠯᠢᠭ ᠲᠠᠢ ᠬᠠᠷᠠᠯᠳᠠ ᠶᠢᠨ ᠣᠷᠣᠨ ᠢ ᠵᠢᠭᠠᠨ᠎ᠠ᠃     ︽ᠲᠦᠷᠪᠠᠨ ᠰᠠᠶᠢᠳᠠᠢ ᠬᠦᠳᠡᠭᠡ ᠳᠣᠰᠬᠤᠨ ᠤ ᠵᠠᠮ︾᠄ ︽ᠪᠠᠶᠢᠭᠤᠯᠣᠯᠳᠠ ᠰᠠᠶᠢᠳᠠᠢ᠂ ᠬᠠᠮᠢᠶᠠᠷᠣᠯᠳᠠ ᠰᠠᠶᠢᠳᠠᠢ᠂ ᠬᠠᠮᠠᠭᠠᠯᠠᠯᠳᠠ ᠰᠠᠶᠢᠳᠠᠢ᠂ ᠠᠰᠢᠭᠯᠠᠯᠳᠠ ᠰᠠᠶᠢᠳᠠᠢ︾  ᠬᠦᠳᠡᠭᠡ ᠳᠣᠰᠬᠤᠨ ᠤ ᠵᠠᠰᠠᠮᠠᠯ ᠵᠠᠮ ᠢ ᠵᠢᠭᠠᠨ᠎ᠠ᠃     ᠵᠠᠮ ᠤᠨ ᠳᠠᠷᠤᠭ᠎ᠠ ᠶᠢᠨ ᠳᠣᠭᠳᠠᠯᠴᠠᠭ᠎ᠠ᠄ ᠵᠠᠮ ᠬᠠᠮᠢᠶᠠᠷᠣᠭᠴᠢ ᠨᠠᠷ ᠵᠠᠮ ᠤᠨ ᠳᠠᠷᠤᠭ᠎ᠠ ᠶᠢᠨ ᠨᠢᠬᠡᠳᠣᠯᠳᠡᠢ ᠣᠳᠣᠷᠢᠳᠣᠯᠭ᠎ᠠ ᠳᠣᠣᠷ᠎ᠠ ᠦᠪᠡᠷ ᠤᠨ ᠬᠠᠷᠢᠭᠤᠴᠠᠵᠣ ᠪᠠᠶᠢᠬᠤ ᠵᠠᠰᠠᠮᠠᠯ ᠵᠠᠮ ᠤᠨ  ᠳᠠᠭᠠᠯᠲᠠ ᠲᠦᠬᠦᠬᠡᠷᠣᠮᠵᠢ᠂ ᠵᠠᠮ  ᠤᠨ ᠲᠦᠷᠢ ᠲᠦᠷᠬᠦ᠂ ᠵᠠᠮ ᠬᠠᠷᠢᠯᠴᠠᠭᠠᠨ ᠤ ᠡᠮᠬᠢ ᠲᠢᠭᠯᠢᠮ᠂ ᠨᠣᠭᠤᠭᠠᠷᠠᠭᠤᠯᠣᠯᠳᠠ ᠪᠠ ᠣᠷᠴᠢᠨ ᠳᠣᠭᠤᠷᠢᠨ ᠤ ᠡᠷᠡᠬᠦᠯ ᠬᠠᠮᠠᠭᠠᠯᠠᠯ ᠵᠡᠷᠬᠡ ᠶᠢ ᠪᠦᠬᠦ ᠳᠠᠯ᠎ᠠ ᠪᠠᠷ ᠶᠡᠷᠦᠩᠬᠡᠶᠢᠯᠡᠨ ᠬᠠᠮᠢᠶᠠᠷᠬᠤ ᠲᠦᠷᠢᠮ ᠢ ᠵᠢᠭᠠᠨ᠎ᠠ᠃     ︽ᠬᠤᠣᠰ ᠳᠠᠷᠢᠬᠦᠨ ᠳᠠᠰ︾ ᠤᠨ ᠶᠡᠭᠡ ᠰᠣᠷᠭᠠᠭᠤᠯᠢ᠄ ᠳᠡᠯᠡᠬᠡᠢ ᠶᠢᠨ ᠳᠠᠷᠢᠬᠦᠨ ᠤ ᠳᠠᠰ ᠤᠨ ᠶᠡᠭᠡ ᠰᠣᠷᠭᠠᠭᠤᠯᠢ ᠪᠠ ᠳᠠᠷᠢᠬᠦᠨ ᠤ ᠳᠠᠰ ᠤᠨ ᠰᠢᠨᠵᠢᠯᠡᠬᠡᠨ ᠢ ᠪᠠᠶᠢᠭᠤᠯᠤᠨ᠎ᠠ᠂ ᠳᠣᠮᠳᠠᠳᠣ ᠣᠯᠣᠰ ᠤᠨ ᠳᠡᠬᠡᠳᠣ ᠵᠡᠷᠬᠡ  ᠶᠢᠨ ᠰᠣᠷᠭᠠᠨ ᠬᠦᠮᠦᠵᠢᠯ ᠤᠨ ᠬᠦᠷᠢᠶᠠᠨ ᠳᠠᠬᠢ ︽211 ᠢᠨᠵᠧᠨᠧᠷᠢᠩ︾᠂ ︽985 ᠢᠨᠵᠧᠨᠧᠷᠢᠩ︾ ᠤᠨ ᠳᠠᠷᠠᠭᠠᠬᠢ ᠣᠯᠣᠰ ᠤᠨ ᠪᠠᠶᠢᠯᠳᠣᠬᠤ ᠪᠣᠳᠣᠯᠭ᠎ᠠ ᠪᠣᠯᠣᠨ᠎ᠠ᠃     ᠡᠮ ᠡᠮᠨᠡᠯᠭᠡ ᠶᠢᠨ ᠬᠠᠮᠲᠤ ᠶᠢᠨ ᠴᠤᠭᠴᠠ᠄ ᠮᠠᠯᠵᠢᠬᠤ ᠲᠠᠷᠢᠶᠠᠯᠠᠬᠤ ᠤᠷᠤᠨ ᠳᠤ ᠡᠮ ᠡᠮᠨᠡᠯᠭᠡ ᠶᠢᠨ ᠬᠤᠯᠪᠤᠭᠠᠯᠠᠭᠰᠠᠨ ᠴᠤᠭᠴᠠ ᠶᠢᠨ ᠪᠦᠲᠦᠭᠡᠨ ᠪᠠᠶᠢᠭᠤᠯᠤᠯᠲᠠ ᠶᠢᠨ ᠭᠤᠤᠯ ᠬᠡᠯᠪᠡᠷᠢ ᠪᠤᠯᠤᠨ᠎ᠠ᠃ ︽ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠪᠠᠷ ᠲᠦᠷᠦᠬᠦᠯᠡᠬᠦᠯᠵᠤ᠂ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ  ᠪᠠᠷ ᠵᠠᠩᠭᠢᠯᠠᠭ᠎ᠠ ᠪᠤᠯᠭᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠢᠶᠠᠷ ᠰᠠᠭᠤᠷᠢᠯᠠᠭᠤᠯᠤᠭᠰᠠᠨ︾ ᠬᠤᠰᠢᠭᠤ ᠰᠢᠶᠡᠨ ᠬᠦᠳᠡᠭᠡ ᠲᠤᠰᠬᠤᠨ ᠤ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢ ᠭᠤᠤᠯᠳᠠᠯᠭ᠎ᠠ ᠲᠠᠢ ᠬᠠᠶᠢᠨ ᠰᠦᠪᠡᠭᠴᠢᠯᠠᠵᠤ ᠬᠤᠰᠢᠭᠤ ᠰᠢᠶᠠᠨ᠂ ᠰᠤᠮᠤ ᠪᠠᠯᠭᠠᠰᠤ᠂ ᠭᠠᠴᠠᠭ᠎ᠠ ᠲᠤᠰᠬᠤᠨ ᠢ ᠬᠤᠯᠪᠤᠠᠭᠰᠠᠨ ᠬᠤᠰᠢᠭᠤ ᠰᠢᠶᠡᠨ ᠤ ᠪᠦᠰᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠵᠢᠭᠠᠵᠤ ᠪᠠᠶᠢᠨ᠎ᠠ᠃     ︽ᠲᠦᠷᠪᠡᠨ ᠬᠠᠮᠢᠶ᠎ᠠ ᠨᠠᠮᠢᠶ᠎ᠠ ᠦᠭᠡᠢ ᠶᠢ ᠴᠡᠭᠴᠡᠯᠡᠬᠦ︾ ᠲᠤᠰᠬᠠᠢ ᠲᠦᠷᠦᠯ ᠤᠨ ᠵᠠᠰᠠᠨ ᠴᠡᠭᠴᠡᠯᠡᠯᠲᠡ᠄ ᠬᠠᠮᠢᠶ᠎ᠠ ᠨᠠᠮᠢᠶ᠎ᠠ ᠦᠭᠡᠢ ᠡᠵᠡᠯᠡᠬᠦ᠂ ᠬᠠᠮᠢᠶ᠎ᠠ ᠨᠠᠮᠢᠶ᠎ᠠ ᠦᠭᠡᠢ ᠮᠠᠯᠳᠠᠬᠤ᠂ ᠬᠠᠮᠢᠶ᠎ᠠ ᠨᠠᠮᠢᠶ᠎ᠠ ᠦᠭᠡᠢ ᠤᠪᠤᠭᠠᠯᠠᠬᠤ᠂ ᠬᠠᠮᠢᠶ᠎ᠠ ᠨᠠᠮᠢᠶ᠎ᠠ ᠦᠭᠡᠢ ᠪᠠᠷᠢᠬᠤ ᠵᠡᠷᠭᠡ ᠨᠠᠭᠤᠷ ᠭᠤᠤᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠤᠪᠤᠶᠢᠮ᠎ᠠ ᠠᠰᠠᠭᠤᠳᠠᠯ ᠳᠤ ᠲᠤᠰᠬᠠᠢ ᠲᠦᠷᠦᠯ ᠤᠨ ᠴᠡᠪᠡᠷᠯᠡᠯᠲᠡ ᠴᠡᠭᠴᠡᠯᠡᠯᠲᠡ ᠶᠢᠨ ᠠᠵᠢᠯᠯᠠᠭ᠎ᠠ ᠦᠷᠨᠢᠬᠦᠯᠬᠦ ᠶᠢ ᠵᠢᠭᠠᠵᠤ ᠪᠠᠶᠢᠨ᠎ᠠ᠃     ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ︽ᠵᠢᠷᠭᠤᠭ᠎ᠠ ᠳᠤ ᠣᠷᠣᠭᠤᠯᠬᠤ +︾᠄ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠡᠬᠦᠳᠣᠨ ᠪᠠᠶᠢᠭᠤᠯᠣᠯᠳᠠ ᠶᠢᠨ ᠠᠵᠢᠯᠯᠠᠭ᠎ᠠ ᠶᠢ ᠠᠯᠪᠠᠨ ᠪᠠᠶᠢᠭᠤᠯᠭ᠎ᠠ᠂ ᠠᠵᠣ ᠠᠬᠤᠶᠢᠯᠡᠯ᠂ ᠨᠡᠶᠢᠬᠡᠮ ᠳᠣᠭᠤᠷᠢᠭ᠂ ᠰᠣᠮᠣ ᠪᠠᠯᠭᠠᠰᠣ᠂ ᠰᠣᠷᠭᠠᠭᠤᠯᠢ᠂ ᠰᠦᠮ᠎ᠡ ᠬᠡᠶᠢᠳ ᠳᠤ ᠣᠷᠣᠭᠤᠯᠬᠤ ᠶᠢᠨ ᠰᠠᠭᠤᠷᠢᠨ ᠳᠡᠬᠡᠷ᠎ᠡ ᠣᠷᠣᠨ ᠨᠣᠳᠤᠭ ᠤᠨ ᠪᠣᠳᠠᠳᠣ ᠪᠠᠶᠢᠳᠠᠯ ᠲᠠᠢ ᠣᠶᠠᠯᠳᠣᠭᠤᠯᠣᠨ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠡᠬᠦᠳᠣᠨ ᠪᠠᠶᠢᠭᠤᠯᠣᠯᠳᠠ ᠶᠢᠨ ᠠᠵᠢᠯᠯᠠᠭ᠎ᠠ ᠶᠢ ᠬᠦᠷᠢᠶᠠᠯᠠᠩ ᠳᠣᠭᠤᠷᠢᠭ᠂ ᠴᠡᠷᠢᠭ ᠤᠨ ᠬᠤᠸᠠᠷᠠᠨ᠂ ᠡᠮᠨᠡᠯᠬᠡ᠂ ᠬᠡᠷ ᠪᠦᠯᠢ ᠵᠡᠷᠬᠡ ᠳᠤ ᠣᠷᠣᠭᠤᠯᠬᠤ ᠶᠢ ᠵᠢᠭᠠᠨ᠎ᠠ᠃     ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠶᠢᠨ ᠨᠡᠬᠡᠮᠵᠢᠯᠡᠯ ᠢ ᠬᠡᠷᠡᠭᠯᠡᠵᠤ ᠦᠷᠭᠡᠨ ᠤᠯᠠᠨ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠵᠢᠭᠠᠵᠤ ᠪᠠᠶᠢᠨ᠎ᠠ᠃      ᠮᠠᠯᠵᠢᠬᠤ ᠲᠠᠷᠢᠶᠠᠯᠠᠬᠤ ᠤᠷᠤᠨ ᠤ ︽ᠲᠦᠷᠪᠡᠨ ᠰᠠᠶᠢᠨ︾ ᠵᠢᠱᠢᠶᠡᠴᠢ ᠲᠡᠯᠭᠡᠭᠦᠷ᠄ ᠨᠡᠶᠢᠲᠡᠮ ᠲᠦᠷᠢ ᠲᠦᠷᠬᠦ ᠰᠠᠶᠢᠨ᠂ ᠬᠡᠷᠡᠴᠢ ᠦᠨᠡᠮᠯᠡᠯ ᠢ ᠵᠠᠷᠯᠠᠬᠤ ᠨᠢ ᠰᠠᠶᠢᠨ᠂ ᠦᠪᠡᠷ ᠢ ᠪᠠᠨ ᠱᠠᠭᠠᠷᠳᠠᠬᠤ ᠪᠠᠷ ᠰᠠᠶᠢᠨ᠂ ᠪᠦᠲᠦᠭᠡᠭᠳᠡᠬᠦᠨ ᠤ ᠴᠢᠨᠠᠷ ᠰᠠᠶᠢᠨ ᠢᠶᠠᠷ ᠰᠠᠭᠤᠷᠢ ᠪᠤᠯᠭᠠᠭᠰᠠᠨ ᠢᠳᠡᠭᠡᠨ ᠤᠮᠳᠠᠭᠠᠨ ᠤ ᠠᠮᠤᠷ ᠲᠦᠪᠰᠢᠨ ᠤ ᠵᠢᠱᠢᠶᠡᠴᠢ ᠲᠡᠯᠭᠡᠭᠦᠷ ᠢ ᠵᠢᠭᠠᠵᠤ ᠪᠠᠶᠢᠨ᠎ᠠ᠃      ᠦᠨᠳᠣᠰᠣᠨ ᠡᠮ ᠡᠮᠨᠡᠯᠬᠡ ᠶᠢᠨ ᠳᠠᠭᠠᠳᠬᠠᠯ ᠢ ᠨᠡᠶᠢᠯᠡᠬᠦᠯᠥᠨ ᠳᠣᠭᠠᠴᠠᠬᠤ᠄ ᠳᠣᠬᠠᠢ ᠶᠢᠨ ᠵᠢᠯ ᠤᠨ ᠡᠮ ᠡᠮᠨᠡᠯᠬᠡ ᠶᠢᠨ ᠳᠠᠭᠠᠳᠬᠠᠯ ᠤᠨ ᠪᠡᠯᠡ ᠮᠦᠩᠬᠦ ᠠᠴᠠ 10% ᠶᠢᠨ ᠠᠶᠣᠯ ᠳᠦᠭᠰᠢᠬᠦᠷᠢ ᠶᠢᠨ ᠮᠦᠩᠬᠦ ᠶᠢ ᠨᠢ ᠭᠠᠷᠭᠠᠵᠣ ᠠᠪᠣᠭᠰᠠᠨ ᠤ ᠳᠠᠷᠠᠭ᠎ᠠ ᠦᠯᠡᠳᠡᠭᠰᠡᠨ ᠬᠡᠰᠡᠭ ᠤᠨ 95% ᠶᠢ ᠣᠶᠢᠯᠡᠴᠢᠯᠡᠭᠡ ᠬᠦᠷᠳᠡᠬᠦ ᠬᠦᠮᠦᠰ ᠢ ᠦᠨᠳᠣᠰᠣᠯᠡᠨ ᠡᠮ ᠡᠮᠨᠡᠯᠬᠡ ᠶᠢᠨ ᠬᠠᠮᠳᠣ ᠶᠢᠨ ᠴᠣᠭᠴᠠ ᠳᠤ ᠳᠣᠰᠢᠶᠠᠨ ᠳᠠᠭᠠᠭᠠᠴᠢᠯᠠᠭᠤᠯᠵᠣ ᠬᠠᠷᠢᠶᠠᠳᠣ ᠣᠷᠣᠨ ᠤ ᠣᠯᠠᠨ ᠲᠦᠮᠡᠨ ᠤ ᠳᠣᠬᠠᠢ ᠶᠢᠨ ᠵᠢᠯ ᠤᠨ ᠡᠬᠦᠳᠡᠨ ᠡᠮᠨᠡᠯᠬᠡ ᠪᠠ ᠡᠮᠨᠡᠯᠬᠡ ᠳᠤ ᠰᠠᠭᠤᠭᠰᠠᠨ ᠣᠳᠠᠭ᠎ᠠ᠂ ᠬᠦᠨᠳᠣ ᠡᠪᠡᠳᠴᠢᠨ ᠤ ᠳᠠᠭᠠᠳᠬᠠᠯ ᠤᠨ ᠣᠶᠢᠯᠡᠴᠢᠯᠡᠭᠡ ᠳᠤ ᠰᠢᠭᠤᠳ ᠬᠠᠩᠭᠠᠬᠤ ᠴᠢᠬᠤᠯᠠᠳᠡᠢ ᠰᠢᠯᠵᠢᠨ ᠡᠮᠴᠢᠯᠡᠬᠦᠯᠬᠦ ᠵᠡᠷᠬᠡ  ᠳᠤ ᠳᠣᠭᠳᠠᠭᠠᠭᠰᠠᠨ ᠵᠠᠷᠣᠳᠠᠯ ᠢ ᠳᠠᠩᠰᠠᠨ ᠠᠴᠠ ᠳᠠᠶᠢᠯᠬᠤ ᠶᠢ ᠬᠠᠷᠢᠭᠤᠴᠠᠵᠣ ᠦᠯᠡᠳᠡᠭᠰᠡᠨ ᠪᠡᠯᠡ ᠮᠦᠩᠬᠦ ᠶᠢ 6᠄ 3᠄ 1 ᠶᠢᠨ ᠬᠠᠷᠢᠴᠠᠯ ᠢᠶᠠᠷ ᠬᠤᠰᠢᠭᠤ ᠱᠠᠳᠣᠨ ᠤ ᠡᠮᠨᠡᠯᠬᠡ ᠶᠢᠨ ᠬᠤᠷᠢᠶ᠎ᠠ᠂ ᠰᠣᠮᠣ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠳᠣᠰᠬᠤᠨ ᠤ ᠡᠷᠡᠬᠦᠯ ᠬᠠᠮᠠᠭᠠᠯᠠᠯ ᠤᠨ ᠳᠠᠰᠤᠭ ᠲᠤ ᠬᠤᠪᠢᠶᠠᠵᠣ ᠡᠯ᠎ᠡ ᠡᠳᠡᠬᠡᠳ ᠤᠨ ᠢᠳᠡᠪᠬᠢ ᠴᠢᠨᠡᠷ ᠢ ᠬᠦᠭᠵᠢᠬᠡᠨ ᠬᠤᠰᠢᠭᠤ ᠰᠢᠶᠠᠨ ᠤ ᠬᠡᠪᠴᠢᠶᠠᠨ ᠳᠤ ᠡᠮᠴᠢᠯᠡᠬᠦᠯᠬᠦ ᠨᠣᠷᠮ᠎ᠠ ᠶᠢ ᠳᠡᠬᠡᠭᠰᠢᠯᠡᠬᠦᠯᠬᠦ ᠶᠢ ᠵᠢᠭᠠᠵᠣ ᠪᠠᠶᠢᠨ᠎ᠠ᠃    
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号