[2019.3.17]ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠭᠤᠷᠪᠠᠳᠣᠭᠠᠷ ᠣᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | —— 2019 ᠣᠨ ᠤ 3 ᠰᠠᠷ᠎ᠠ ᠶᠢᠨ 17 ᠤ ᠡᠳᠦᠷ ᠤᠨ ᠦᠣᠰᠢᠨ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ | ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠤᠭᠠᠨ ᠳᠡᠭᠡᠷ᠎ᠡ | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠣᠷᠣᠯᠠᠭᠴᠢ ᠲᠠᠷᠤᠭ᠎ᠠ ᠵᠣᠣ ᠹᠧᠢ ᠯᠤ᠋ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂ ᠳᠠᠨᠠᠷ ᠬᠢᠨᠠᠨ ᠵᠦᠪᠯᠡᠬᠦ | ᠪᠣᠯᠪᠠᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠤᠷᠤᠯᠴᠠᠭᠰᠡᠳ ᠰᠠᠨᠠᠯ ᠰᠠᠨᠠᠭᠤᠯᠭ᠎ᠠ ᠪᠠᠨ ᠳᠡᠪᠰᠢᠬᠦᠯᠬᠦ ᠪᠤᠯᠪᠠᠤ᠃ | ᠨᠢᠬᠡ᠂ ᠦᠩᠬᠡᠷᠡᠭᠰᠡᠨ ᠨᠢᠬᠡ ᠵᠢᠯ ᠤᠨ ᠠᠵᠢᠯ ᠤᠨ ᠡᠷᠬᠢᠴᠡᠬᠦᠯᠥᠯ | 2018 ᠣᠨ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ | ᠣᠳᠣᠷᠢᠳᠣᠯᠭ᠎ᠠ ᠳᠣᠣᠷ᠎ᠠ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠤ ᠶᠢᠨ ᠵᠦᠪᠯᠡᠯᠭᠡᠨ ᠪᠠ ᠨᠡᠶᠢᠬᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠣᠷ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ | ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠣ ᠨᠠᠮ ᠤᠨ ᠠᠷᠪᠠ ᠶᠢᠰᠣᠳᠣᠬᠡᠷ ᠶᠡᠭᠡ ᠬᠤᠷᠠᠯ᠂ ᠠᠷᠪᠠ | ᠶᠢᠰᠣᠳᠣᠬᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠥᠷ | ᠮᠣᠩᠭᠤᠯ ᠤᠨ ᠠᠵᠢᠯ ᠤᠨ ᠳᠣᠬᠠᠢ ᠴᠢᠬᠤᠯᠠ ᠶᠠᠷᠢᠶ᠎ᠠ ᠪᠤᠯᠤᠨ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ | ᠳᠣᠭᠤᠰᠢᠯᠠᠭᠤᠯᠣᠨ ᠨᠠᠶᠢᠳᠠᠪᠣᠷᠢᠵᠢᠭᠤᠯᠵᠣ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠣ ᠳᠠᠰᠪᠣᠷᠢ | ᠬᠠᠳᠠᠭᠤᠵᠢᠯᠳᠡᠢ ᠪᠠᠷ ᠬᠦᠴᠣ ᠪᠠᠨ ᠬᠠᠮᠳᠣᠳᠬᠠᠨ ᠰᠢᠭᠤᠷᠬᠠᠢ ᠳᠠᠮᠠᠴᠠᠵᠣ ᠬᠤᠰᠢᠭᠤ ᠠᠷᠪᠠᠨ ᠳᠤᠯᠤᠳᠣᠭᠠᠷ ᠬᠤᠭᠤᠴᠠᠭᠠᠨ ᠤ ᠠᠷᠠᠳ ᠤᠨ ᠲᠥᠯᠥᠬᠡᠯᠡᠭᠴᠢᠳ | ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠤᠭᠠᠨ ᠳᠤ ᠲᠣᠭᠲᠠᠭᠠᠭᠰᠠᠨ ᠡᠯ᠎ᠡ ᠲᠦᠷᠦᠯ ᠤᠨ ᠬᠠᠷᠠᠯᠳᠠ ᠡᠭᠦᠷᠭᠡ ᠶᠢ ᠠᠮᠵᠢᠯᠳᠠᠳᠠᠢ ᠪᠠᠶᠠᠯᠡᠬᠦᠯᠪᠠ᠃ | | ︵ᠨᠢᠬᠡ︶ ᠳᠣᠭᠳᠠᠭᠤᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠵᠣ ᠠᠵᠣ ᠠᠬᠤᠢ ᠶᠢᠨ ᠡᠷᠬᠢᠯᠳᠡ ᠦᠷᠬᠦᠯᠵᠢᠯᠡᠨ ᠰᠠᠶᠢᠵᠢᠷᠠᠪᠠ᠃ ᠣᠷᠣᠨ | ᠨᠣᠲᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ ᠢ 387.1 ᠳ᠋ᠦᠩᠰᠢᠭᠤᠷ ᠲᠥᠭᠦᠷᠢᠭ ᠪᠡᠶᠡᠯᠡᠭᠦᠯᠵᠤ ᠠᠳᠠᠯᠢ ᠬᠤᠭᠤᠴᠠᠭᠠᠨ ᠤ ᠬᠢ ᠠᠴᠠ 6.8% | ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠳᠦᠰᠦᠪ ᠤᠨ ᠣᠷᠣᠯᠭ᠎ᠠ ᠶᠢ 21 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ | ᠬᠤᠭᠤᠴᠠᠭᠠᠨ ᠤ ᠬᠢ ᠠᠴᠠ 28.7% ᠪᠠᠷ ᠨᠡᠮᠡᠭᠳᠡᠪᠠ︔ ᠨᠡᠶᠢᠬᠡᠮ ᠤᠨ ᠬᠡᠷᠡᠭᠯᠡᠭᠡᠨ ᠤ ᠵᠣᠶᠢᠯᠡᠰ ᠢ ᠵᠢᠵᠢᠭᠯᠡᠨ ᠪᠣᠷᠣᠯᠠᠭᠤᠯᠣᠭᠰᠡᠠ ᠶᠡᠷᠥᠩᠬᠡᠢ ᠲᠤᠭ᠎ᠠ ᠶᠢ | ᠳᠥᠰᠥᠭᠡᠯᠡᠪᠡᠯ 40.4 ᠳ᠋ᠦᠩᠰᠢᠭᠤᠷ ᠲᠥᠭᠦᠷᠢᠭ ᠪᠡᠶᠡᠯᠡᠭᠦᠯᠵᠣ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠠ︔ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤ ᠣᠷᠣᠯᠭ᠎ᠠ ᠶᠢ ᠲᠣᠰᠪᠣᠷᠢ 44784 ᠲᠥᠭᠦᠷᠢᠭ ᠪᠠ | 18263 ᠲᠥᠭᠦᠷᠢᠭ ᠬᠦᠷᠬᠡᠵᠣ ᠠᠳᠠᠯᠢ ᠬᠤᠭᠤᠴᠠᠭᠠᠨ ᠤ ᠬᠢ ᠠᠴᠠ 7.7% ᠪᠠ 9.3% ᠪᠠᠷ ᠨᠡᠮᠡᠭᠳᠡᠪᠠ᠃ ᠬᠤᠳᠠ ᠪᠠᠯᠭᠠᠰᠣᠨ ᠳᠤ 2008 ᠬᠦᠮᠦᠨ | ᠢ ᠰᠢᠨ᠎ᠡ ᠪᠠᠷ ᠠᠵᠢᠯ ᠣᠯᠭᠤᠵᠣ ᠳᠠᠩᠰᠡᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.1% ᠲᠣᠲᠣᠷ᠎ᠠ ᠬᠢᠵᠠᠭᠠᠷᠯᠠᠪᠠ︔ 4905 ᠮᠠᠯᠴᠢᠨ | ᠳᠠᠷᠢᠶᠠᠴᠢᠨ ᠢ ᠨᠡᠬᠦᠯᠬᠡᠨ ᠰᠢᠯᠵᠢᠬᠦᠯᠵᠣ ᠠᠵᠢᠯ ᠣᠯᠭᠤᠪᠠ᠃ ᠵᠠᠰᠠᠭ ᠤᠨ ᠣᠷᠳᠣᠨ ᠤ ᠳᠠᠷᠬᠠᠭᠠᠭᠰᠠᠨ ᠵᠢᠭᠡᠯᠡᠯᠭᠡ ᠶᠢᠨ ᠳᠡᠮᠳᠡᠭᠳᠣ ᠶᠢᠨ ᠪᠡᠯᠡ ᠮᠦᠩᠬᠦ ᠶᠢ 5. | 2 ᠳ᠋ᠦᠩᠰᠢᠭᠤᠷ ᠲᠦᠬᠦᠷᠢᠭ ᠳᠠᠮᠠᠴᠠᠨ ᠣᠯᠵᠣ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠬᠠᠳᠠᠭᠠᠯᠠᠮᠵᠢ᠂ ᠵᠢᠬᠡᠯᠡᠯᠬᠡ ᠶᠢᠨ ᠦᠯᠡᠳᠠᠪᠣᠷᠢ ᠳᠤᠭ᠎ᠠ ᠶᠢ | ᠳᠣᠰᠪᠣᠷᠢ 84.5 ᠳ᠋ᠦᠩᠰᠢᠭᠤᠷ ᠲᠦᠬᠦᠷᠢᠭ᠂115.2 ᠳ᠋ᠦᠩᠰᠢᠭᠤᠷ ᠲᠦᠬᠦᠷᠢᠭ ᠬᠦᠷᠬᠡᠪᠠ᠃ 25 ᠲᠦᠷᠥᠯ ᠤᠨ ᠳ᠋ᠦᠩᠰᠢᠭᠤᠷ ᠲᠦᠬᠦᠷᠢᠭ ᠠᠴᠠ | ᠳᠡᠬᠡᠭᠰᠢᠬᠢ ᠴᠢᠬᠤᠯᠠ ᠶᠡᠭᠡ ᠲᠦᠷᠥᠯ ᠵᠣᠶᠢᠯ ᠢ ᠬᠡᠷᠡᠭᠵᠢᠬᠦᠯᠵᠣ᠂ ᠶᠢᠩ ᠫᠠᠨ ᠬᠤᠣ ᠨᠡᠬᠦᠷᠠᠰᠣᠨ ᠠᠭᠤᠷᠬᠠᠢ ᠶᠢᠨ ᠣᠶᠢᠯᠡᠳᠪᠣᠷᠢᠯᠡᠯ ᠤᠨ ᠣᠶᠢᠯᠡᠴᠢᠯᠡᠬᠡᠨ ᠤ | ᠲᠦᠪ ᠵᠡᠷᠬᠡ 7 ᠲᠦᠷᠥᠯ ᠵᠣᠶᠢᠯ ᠢ ᠪᠠᠶᠢᠭᠤᠯᠣᠨ ᠠᠰᠢᠭᠯᠠᠯᠳᠠ ᠳᠤ ᠣᠷᠣᠭᠤᠯᠵᠣ ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ | ᠠᠬᠤᠶᠢᠯᠡᠯ ᠢ ᠰᠢᠨ᠎ᠡ ᠪᠠᠷ 2 ᠨᠡᠮᠡᠭᠳᠡᠬᠦᠯᠪᠠ᠃ ᠣᠷᠣᠨ ᠨᠣᠲᠤᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠯᠠᠪᠳᠠᠭᠤᠨ ᠳᠡᠬᠡᠭᠰᠢᠯᠡᠵᠣ ᠳᠣᠮᠳᠠᠳᠣ ᠣᠯᠣᠰ ᠤᠨ | ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ ᠤ 7 ᠳ᠋ᠤᠭᠠᠷ ᠪᠠ ᠳᠣᠮᠳᠠᠳᠣ ᠤᠯᠤᠰ ᠤᠨ ᠠᠵᠣ ᠠᠬᠤᠢ ᠶᠢᠨ ᠵᠠᠭᠤᠨ ᠬᠦᠴᠦᠷᠬᠡᠭ ᠰᠢᠶᠠᠨ ︵ | ᠬᠤᠳᠠ︶ ᠤ 51 ᠳ᠋ᠦ᠋ᠬᠡᠷ ᠲᠤ ᠪᠠᠶᠢᠷᠢᠯᠠᠪᠠ᠃ | ︵ᠬᠤᠶᠡᠷ︶ ᠨᠠᠶᠢᠳᠠᠪᠣᠷᠢᠵᠢᠭᠤᠯᠣᠯᠳᠠ ᠶᠢ ᠲᠦᠪᠯᠡᠷᠡᠬᠦᠯᠥᠨ ᠣᠨᠣᠪᠴᠢᠳᠠᠢ ᠠᠳᠬᠤᠵᠣ ᠪᠤᠭᠤᠮᠲᠠ ᠰᠢᠪᠳᠣᠯᠬᠤ ᠠᠵᠢᠯ ᠤᠨ ᠰᠠᠶᠢᠨ ᠰᠠᠶᠢᠬᠠᠨ | ᠡᠬᠢᠯᠠᠯᠳᠠ ᠶᠢ ᠪᠣᠢ ᠪᠣᠯᠭᠠᠪᠠ᠃ ᠬᠦᠨᠳᠣ ᠶᠡᠭᠡ ᠠᠶᠣᠯ ᠲᠦᠭᠰᠢᠬᠦᠷᠢ ᠶᠢ ᠪᠦᠬᠦ ᠬᠦᠴᠦᠨ ᠢᠶᠠᠷ ᠢᠶᠠᠨ ᠰᠠᠷᠬᠡᠶᠢᠯᠡᠨ ᠰᠢᠢᠳᠪᠣᠷᠢᠯᠡᠵᠡᠢ᠃ ᠵᠠᠰᠠᠭ ᠤᠨ ᠣᠷᠳᠣᠨ ᠤ | ᠦᠷᠢ ᠰᠢᠷᠢ ᠶᠢ 30.1 ᠳ᠋ᠦᠩᠰᠢᠭᠤᠷ ᠲᠦᠬᠦᠷᠢᠭ ᠢᠯᠭᠠᠷᠠᠭᠤᠯᠪᠠ᠃ ᠪᠠᠩᠬᠢ ᠶᠢᠨ ᠪᠦᠳᠣᠮᠵᠢ ᠦᠬᠡᠢ ᠵᠢᠬᠡᠯᠡᠯᠬᠡ ᠶᠢ 7296 ᠲᠦᠮᠡᠨ ᠲᠦᠬᠦᠷᠢᠭ | ᠰᠢᠢᠳᠪᠣᠷᠢᠯᠡᠵᠣ ᠮᠦᠩᠬᠦᠨ ᠬᠦᠢᠯᠬᠡᠬᠡᠨ ᠤ ᠪᠦᠳᠣᠮᠵᠢ ᠦᠬᠡᠢ ᠵᠢᠬᠡᠯᠡᠯᠬᠡ ᠶᠢᠨ ᠨᠣᠷᠮ᠎ᠠ ᠶᠢ 1.96% ᠳᠣᠷᠣᠭᠰᠢᠯᠠᠭᠤᠯᠪᠠ᠃ ᠬᠠᠣᠯᠢ ᠪᠣᠰᠣ ᠪᠠᠷ ᠪᠡᠯᠡ | ᠴᠣᠭᠯᠠᠭᠤᠯᠣᠭᠰᠠᠨ ᠬᠡᠷᠡᠭ ᠤᠨ ᠡᠳ᠋ ᠬᠦᠷᠦᠩᠬᠡ ᠶᠢ ᠵᠣᠬᠢᠴᠠᠭᠤᠯᠣᠨ ᠰᠢᠢᠳᠪᠣᠷᠢᠯᠡᠬᠦ ᠲᠦᠪ ᠢ ᠪᠠᠶᠢᠭᠤᠯᠪᠠ᠃ ᠣᠨᠣᠪᠴᠢᠳᠠᠢ ᠪᠠᠷ ᠶᠠᠳᠠᠭᠤ ᠠᠴᠠ | ᠠᠩᠬᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ 4893 ᠲᠦᠮᠡᠨ ᠲᠦᠬᠦᠷᠢᠭ ᠤᠨ ᠡᠯ᠎ᠡ ᠲᠦᠷᠥᠯ ᠤᠨ ᠶᠠᠳᠠᠭᠤ ᠶᠢ | ᠳᠡᠳᠬᠦᠬᠦ ᠪᠡᠯᠡ ᠮᠦᠩᠬᠦ ᠶᠢ ᠨᠠᠶᠢᠳᠠᠪᠣᠷᠢᠵᠢᠭᠤᠯᠵᠣ ᠰᠢᠨ᠎ᠡ ᠪᠠᠷ ᠢᠯᠭᠠᠨ ᠳᠣᠭᠳᠠᠭᠠᠭᠰᠠᠨ 12 ᠡᠷᠦᠬᠡ ᠶᠢᠨ 40 ᠶᠠᠳᠠᠭᠤ ᠬᠦᠴᠢᠷᠳᠡᠯᠳᠡᠢ ᠬᠦᠮᠦᠨ ᠢ | ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠣ᠂ 2 ᠡᠷᠦᠬᠡ ᠶᠢᠨ 5 ᠬᠦᠮᠦᠨ ᠢ ᠠᠮᠢᠳᠣᠷᠠᠯ ᠤᠨ ᠪᠦᠬᠦ ᠵᠠᠷᠣᠳᠠᠯ ᠢ ᠳᠠᠭᠠᠭᠠᠬᠤ ᠪᠠᠳᠣᠯᠠᠭ᠎ᠠ ᠶᠢᠨ | ᠬᠡᠪᠴᠢᠶᠠᠨ ᠳᠤ ᠣᠷᠣᠭᠤᠯᠵᠣ᠂ 438 ᠡᠷᠦᠬᠡ ᠶᠢᠨ 1116 ᠪᠠᠬᠢᠵᠢᠬᠦᠯᠥᠨ ᠳᠡᠳᠬᠦᠬᠦ ᠬᠦᠮᠦᠨ ᠤ ᠣᠷᠣᠯᠭ᠎ᠠ ᠶᠢ ᠦᠷᠬᠦᠯᠵᠢᠯᠠᠨ ᠨᠡᠮᠡᠭᠳᠡᠬᠦᠯᠪᠠ᠃ ᠶᠠᠳᠠᠭᠤ | ᠬᠦᠴᠢᠷᠳᠡᠯᠳᠡᠢ ᠬᠦᠮᠦᠨ ᠠᠮᠠ ᠶᠢᠨ ᠡᠪᠡᠳᠴᠢᠨ ᠦᠵᠡᠬᠦᠯᠵᠣ ᠡᠮᠴᠢᠯᠡᠬᠦᠯᠥᠭᠰᠡᠨ ᠰᠦᠢᠳᠬᠡᠯ ᠤᠨ ᠳᠠᠩᠰᠠᠨ ᠠᠴᠠ ᠳᠠᠶᠢᠯᠬᠤ ᠬᠠᠷᠢᠴᠠᠯ ᠢ 90% ᠠᠴᠠ | ᠳᠡᠬᠡᠭᠰᠢ ᠪᠣᠯᠭᠠᠪᠠ᠃ ᠨᠠᠶᠢᠳᠠ ᠶᠢᠨ ᠠᠰᠠᠷᠠᠮᠵᠢ ᠶᠢᠨ ᠴᠢᠨᠡᠷᠳᠡᠢ ᠠᠵᠢᠯ ᠤᠨ ᠪᠠᠶᠢᠷᠢ ᠶᠢ ᠳᠣᠬᠢᠷᠠᠭᠤᠯᠬᠤ᠂ ᠣᠢ ᠰᠢᠭᠤᠢ ᠶᠢᠨ ᠬᠠᠮᠠᠭᠠᠯᠠᠭᠴᠢ ᠪᠠ ᠨᠣᠳᠤᠭ | ᠪᠠᠯᠴᠢᠬᠡᠷ ᠤᠨ ᠬᠠᠮᠢᠶᠠᠷᠣᠨ ᠬᠠᠮᠠᠭᠠᠯᠠᠭᠴᠢ ᠶᠢ ᠡᠯᠰᠡᠨ ᠬᠡᠷᠡᠭᠯᠡᠬᠦ ᠵᠡᠷᠬᠡ ᠠᠷᠭ᠎ᠠ ᠪᠠᠷᠢᠯ ᠢᠶᠠᠷ ᠳᠠᠮᠵᠢᠨ 91 ᠶᠠᠳᠠᠭᠤ ᠬᠦᠴᠢᠷᠳᠡᠯᠳᠡᠢ ᠬᠦᠮᠦᠨ ᠳᠤ ᠠᠵᠢᠯ | ᠣᠯᠭᠤᠪᠠ᠃ ᠪᠦᠬᠦ ᠵᠠᠷᠣᠳᠠᠯ ᠢ ᠨᠢ ᠳᠠᠭᠠᠭᠠᠨ ᠬᠡᠷ ᠪᠠᠶᠢᠰᠢᠩ ᠰᠢᠨ᠎ᠡ ᠪᠠᠷ ᠪᠠᠷᠢᠵᠣ ᠦᠭᠬᠦᠭᠰᠡᠨ ᠶᠠᠳᠠᠭᠤ ᠬᠦᠴᠢᠷᠳᠡᠯᠳᠡᠢ 8 ᠡᠷᠦᠬᠡ ᠰᠢᠨ᠎ᠠ ᠰᠠᠭᠤᠷᠢᠰᠢᠯ | ᠳᠠᠭᠠᠨ ᠨᠠᠬᠦᠨ ᠣᠷᠣᠪᠠ᠃ ᠪᠣᠬᠢᠷᠳᠣᠯ ᠢ ᠰᠠᠷᠬᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠪᠠ᠃ | ᠲᠦᠪ ᠤᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠶᠢᠨ ︽ᠡᠷᠬᠢᠵᠣ ᠬᠠᠷᠠᠬᠤ︾᠂ ᠳᠠᠯ᠎ᠠ ᠨᠣᠳᠤᠭ ᠤᠨ ᠠᠮᠢ ᠠᠬᠤᠢ ᠶᠢᠨ | ᠳᠣᠰᠬᠠᠢ ᠲᠦᠷᠥᠯ ᠤᠨ ᠬᠢᠨᠠᠨ ᠪᠠᠶᠢᠴᠭᠠᠠᠯᠳᠠ ᠶᠢᠨ ᠬᠠᠷᠢᠭᠤ ᠳᠣᠰᠬᠠᠭᠰᠠᠨ ᠠᠰᠠᠭᠤᠳᠠᠯ ᠢ ᠬᠦᠴᠦᠳᠡᠢ ᠴᠡᠭᠴᠡᠯᠡᠨ ᠬᠠᠯᠠᠨ ᠰᠠᠶᠢᠵᠢᠷᠠᠭᠤᠯᠵᠣ᠂ ᠬᠤᠶᠠᠳᠣᠭᠠᠷ | ᠣᠳᠠᠭᠠᠨ ᠤ ᠪᠦᠬᠦ ᠣᠯᠣᠰ ᠤᠨ ᠪᠣᠬᠢᠷᠳᠣᠯ ᠤᠨ ᠡᠬᠢ ᠢᠷᠡᠯᠳᠡ ᠶᠢᠨ ᠨᠠᠶᠢᠳᠠᠮ ᠪᠠᠶᠢᠴᠠᠭᠠᠯᠳᠠ ᠶᠢᠨ ᠨᠢᠬᠡᠳᠣᠬᠡᠷ ᠱᠠᠳᠣᠨ ᠤ ᠪᠠᠶᠢᠴᠠᠭᠠᠯᠳᠠ ᠶᠢ ᠪᠡᠶᠡᠯᠡᠬᠦᠯᠪᠡ᠃ | ᠵᠦᠩ ᠲᠢᠶᠠᠨ ᠾᠧ ᠴᠤᠸᠠᠩ ᠺᠣᠮᠫᠠᠨᠢ ᠶᠢᠨ ᠠᠭᠤᠷᠬᠠᠢ ᠶᠢᠨ ᠬᠤᠳᠳᠤᠭ ᠤᠨ ᠣᠰᠣ ᠶᠢ ᠬᠦᠨᠵᠡᠬᠡᠢ ᠰᠢᠢᠳᠪᠣᠷᠢᠯᠡᠬᠦ ᠣᠶᠢᠯᠡᠳᠪᠣᠷᠢ ᠪᠠ ᠾᠧᠩ ᠱᠧᠩ ᠵᠡᠷᠬᠡ | ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠳᠳᠤᠭ ᠦᠷᠣᠮᠳᠡᠬᠦ ᠳᠤ ᠢᠯᠭᠠᠷᠠᠭᠤᠯᠣᠭᠰᠠᠨ ᠬᠠᠶᠠᠭᠳᠠᠮᠠᠯ ᠪᠣᠳᠠᠰ ᠢ ᠲᠦᠪᠯᠡᠷᠡᠬᠦᠯᠥᠨ ᠰᠢᠢᠳᠪᠣᠷᠢᠯᠡᠬᠦ 2 | ᠣᠶᠢᠯᠡᠳᠪᠣᠷᠢ ᠶᠢ ᠠᠰᠢᠭᠯᠠᠯᠳᠠ ᠳᠤ ᠣᠷᠣᠭᠤᠯᠵᠣ᠂ ᠪᠦᠬᠦ ᠵᠢᠯ ᠤᠨ ᠠᠭᠠᠷ ᠮᠠᠨᠳᠠᠯ ᠤᠨ ᠴᠡᠪᠡᠷᠴᠡ ᠶᠢᠨ ᠨᠣᠷᠮ᠎ᠠ ᠶᠢ 88% ᠠᠴᠠ ᠳᠡᠬᠡᠭᠰᠢ ᠬᠦᠷᠬᠡᠵᠣ | ᠭᠤᠣᠯ ᠪᠣᠯᠬᠤ ᠭᠤᠣᠯ ᠮᠦᠷᠡᠨ᠂ ᠲᠦᠪᠯᠡᠷᠡᠩᠬᠦᠢ ᠮᠠᠶ᠋ᠢᠭ ᠤᠨ ᠣᠣᠭᠤᠬᠤ ᠣᠰᠣᠨ ᠰᠣᠷᠪᠣᠯᠵᠢ ᠶᠢᠨ ᠣᠷᠣᠨ ᠤ ᠣᠰᠣᠨ ᠤ ᠴᠢᠨᠡᠷ ᠢ ᠪᠠᠷᠢᠮᠵᠢᠶ᠎ᠠ ᠳᠤ | ᠬᠦᠷᠬᠡᠵᠣ ᠴᠢᠨᠡᠷ ᠰᠠᠶᠢᠳᠠᠢ ᠬᠦᠭᠵᠢᠯᠳᠡ ᠶᠢ ᠬᠢᠵᠠᠭᠠᠷᠯᠠᠵᠣ ᠪᠠᠶᠢᠬᠤ ᠴᠢᠬᠤᠯᠠ ᠪᠣᠯᠬᠤ ︽ᠪᠣᠭᠤᠮᠢ︾ ᠶᠢ ᠠᠯᠬᠤᠮ ᠳᠠᠷᠠᠭᠠᠯᠠᠨ ᠰᠢᠢᠳᠪᠣᠷᠢᠯᠡᠪᠠ᠃ | ︵ᠭᠤᠷᠪᠠ︶ ᠢᠳᠡᠪᠬᠢᠳᠡᠢ ᠯᠠᠪᠳᠠᠭᠤᠨ ᠢᠶᠠᠷ ᠪᠦᠳᠦᠴᠡ ᠶᠢ ᠳᠣᠬᠢᠷᠠᠭᠤᠯᠵᠣ ᠬᠦᠭᠵᠢᠯᠳᠡ ᠶᠢᠨ ᠬᠡᠯᠪᠠᠷᠢ ᠶᠢ ᠬᠤᠪᠢᠷᠠᠭᠤᠯᠣᠨ ᠳᠠᠰ ᠳᠠᠪᠰᠢᠬᠦᠯᠬᠦ | ᠠᠯᠬᠤᠴᠠ ᠶᠢ ᠲᠦᠷᠬᠡᠳᠬᠡᠪᠠ᠃ ᠮᠠᠯ ᠳᠠᠷᠢᠶᠠᠯᠠᠩ ᠠᠵᠣ ᠠᠬᠤᠢ ᠶᠢᠨ ᠠᠮᠢᠵᠢᠷᠠᠯ ᠤᠨ ᠬᠦᠴᠦᠨ ᠲᠤᠪᠤᠶᠢᠪᠠ᠃ ᠬᠦᠳᠡᠭᠡ ᠳᠣᠰᠬᠤᠨ ᠢ ᠬᠦᠭᠵᠢᠬᠦᠯᠥᠨ | ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠬᠡᠷᠡᠭᠵᠢᠬᠦᠯᠥᠯᠳᠡ ᠶᠢᠨ ᠰᠠᠨᠠᠯ ᠢ ᠳᠣᠭᠳᠠᠭᠠᠵᠣ ᠦᠪᠡᠷᠳᠡᠬᠡᠨ ᠵᠠᠰᠠᠬᠤ ᠣᠷᠣᠨ ᠤ ᠬᠦᠳᠡᠭᠡ ᠳᠣᠰᠬᠤᠨ ᠤ | ᠶᠡᠷᠦᠩᠬᠡᠶᠢᠯᠡᠭᠰᠡᠨ ᠴᠤᠭᠴᠠ ᠶᠢᠨ ᠳᠣᠷᠰᠢᠯᠳᠡ ᠶᠢᠨ ᠴᠡᠭ ᠢᠶᠠᠷ ᠰᠣᠩᠭᠤᠭᠳᠠᠵᠣ ᠣᠯᠠᠭᠠᠠᠳᠣᠯᠣᠭᠠᠢ ᠪᠠᠯᠭᠠᠰᠣ ︽ᠳᠣᠮᠳᠠᠳᠣ ᠣᠯᠣᠰ ᠤᠨ ᠬᠦᠳᠡᠭᠡ ᠳᠣᠰᠬᠤᠨ ᠢ | ᠬᠦᠭᠵᠢᠬᠦᠯᠥᠨ ᠮᠠᠨᠳᠣᠭᠤᠯᠬᠤ ᠵᠢᠱᠢᠶᠠᠴᠢ ᠪᠠᠯᠭᠠᠰᠣ︾ ᠪᠠᠷ ᠦᠨᠡᠯᠡᠭᠳᠡᠵᠣ ᠪᠠᠶᠠᠠᠭᠤᠣᠯ ᠭᠠᠴᠠᠭ᠎ᠠ᠂ ᠷᠠᠰᠢᠶᠠᠨ ᠳᠣᠬᠤᠢ ᠳᠣᠰᠬᠤᠨ ᠵᠡᠷᠬᠡ 9 ᠵᠢᠱᠢᠶᠠᠴᠢ ᠴᠡᠭ | ᠤᠨ ᠪᠠᠶᠢᠭᠤᠯᠣᠯᠳᠠ ᠢ ᠯᠠᠪᠳᠠᠭᠤᠨ ᠠᠬᠢᠭᠤᠯᠪᠠ᠃ ᠠᠮᠣ ᠪᠣᠳᠠᠭᠠᠨ ᠤ ᠣᠶᠢᠯᠡᠳᠪᠣᠷᠢᠯᠡᠯ ᠤᠨ ᠴᠢᠳᠠᠪᠬᠢᠳᠣ ᠣᠷᠣᠨ ᠢ 30 ᠲᠦᠮᠡᠨ ᠮᠣ᠋ ᠬᠤᠪᠢᠶᠠᠷᠢᠯᠠᠨ | ᠳᠣᠭᠳᠠᠭᠠᠵᠣ ᠦᠨᠳᠣᠷ ᠪᠠᠷᠢᠮᠵᠢᠶᠠᠳᠣ ᠳᠠᠷᠢᠶᠠᠨ ᠭᠠᠵᠠᠷ ᠢ 4.1 ᠲᠦᠮᠡᠨ ᠮᠣ᠋᠂ ᠣᠰᠣ ᠠᠷᠪᠢᠯᠠᠬᠤ ᠣᠰᠣᠯᠠᠯᠳᠠ ᠶᠢ 4 ᠲᠦᠮᠡᠨ ᠮᠣ᠋ ᠬᠡᠷᠡᠭᠵᠢᠬᠦᠯᠵᠣ 61 | ᠰᠢᠨ᠎ᠡ ᠲᠦᠷᠥᠯ ᠤᠨ ᠳᠠᠷᠢᠮᠠᠯ ᠤᠨ ᠵᠣᠶᠢᠯ ᠢ ᠣᠷᠣᠭᠤᠯᠣᠨ ᠮᠣᠣᠠᠣᠰᠣ ᠴᠢᠪᠠᠭ᠎ᠠ ᠵᠡᠷᠬᠡ 3 ᠲᠦᠷᠥᠯ ᠤᠨ ᠪᠦᠳᠦᠬᠡᠭᠳᠡᠬᠦᠨ ᠨᠢ 19 ᠳ᠋ᠦ᠋ᠬᠡᠷ ᠬᠤᠭᠤᠴᠠᠭᠠᠨ ᠤ | ᠳᠣᠮᠳᠠᠳᠣ ᠣᠯᠣᠰ ᠤᠨ ᠪᠣᠬᠢᠷᠳᠣᠯ ᠦᠬᠡᠢ ᠢᠳᠡᠬᠡᠨ ᠤ ᠦᠵᠡᠰᠭᠦᠯᠡᠩ ᠤᠨ ᠴᠤᠭᠯᠠᠭᠠᠨ ᠳᠤ ᠠᠯᠲᠠᠨ ᠮᠧᠳᠠᠯ ᠬᠦᠷᠲᠡᠵᠤ᠂ ᠠᠮᠣ ᠪᠣᠳᠠᠭᠠᠨ ᠤ ᠣᠨᠠᠯᠳᠠ ᠶᠢᠨ | ᠬᠡᠮᠵᠢᠶ᠎ᠠ ᠶᠢ ᠲᠦᠰᠦᠬᠡᠯᠡᠪᠠᠯ 41.5 ᠲᠦᠮᠡᠨ ᠳᠣᠨ ᠬᠦᠷᠬᠡᠪᠠ᠃ ᠠᠩᠬᠢᠰ ᠠᠯᠠᠰᠢᠨ ᠦᠬᠡᠷ ᠤᠨ ᠰᠢᠯᠢᠳᠡᠭ ᠡᠬᠦᠯᠳᠡᠷ ᠢ ᠣᠷᠣᠭᠤᠯᠣᠨ ᠠᠪᠴᠢᠷᠠᠵᠣ ᠹᠦ᠋ ᠷᠦᠢ | ᠳ᠋ᠠ᠂ ᠦ᠋ ᠶᠤᠸᠠᠨ ᠣᠯᠠᠭᠠᠨ ᠢᠳᠡᠬᠡᠨ ᠵᠡᠷᠬᠡ 2 ᠨᠢᠳᠣᠯᠭ᠎ᠠ ᠶᠢᠨ ᠭᠠᠵᠠᠷ ᠢ ᠠᠰᠢᠭᠯᠠᠯᠳᠠ ᠳᠤ ᠣᠷᠣᠭᠤᠯᠵᠣ ᠮᠠᠯ ᠪᠠ ᠬᠡᠷ ᠤᠨ ᠳᠡᠵᠢᠬᠡᠪᠣᠷᠢ ᠶᠢ | ᠲᠦᠰᠦᠭᠡᠯᠡᠪᠡᠯ 163 ᠲᠦᠮᠡᠨ ᠳᠣᠯᠣᠭᠠᠢ ᠮᠠᠯᠵᠢᠨ ᠲᠡᠵᠢᠭᠡᠵᠦ ᠪᠠᠶᠢᠨ᠎ᠠ᠃ ᠸᠠᠩ ᠶᠣᠣ ᠸᠠᠨ ᠳᠣᠰᠬᠤᠨ ᠵᠡᠷᠬᠡ ᠠᠵᠣ ᠣᠶᠢᠯᠡᠰᠵᠢᠭᠰᠡᠨ ᠬᠤᠯᠪᠣᠭᠠᠳᠣ ᠴᠣᠭᠴᠠ | ᠶᠢ 2 ᠪᠠᠶᠢᠭᠤᠯᠪᠠ᠃ ᠰᠢᠷᠬᠤᠰᠣ ᠳᠠᠷᠢᠶᠠᠯᠠᠩ ᠮᠠᠯ ᠠᠵᠣ ᠠᠬᠤᠢ ᠶᠢᠨ ᠺᠣᠮᠫᠠᠨᠢ ᠶᠢᠨ ᠠᠯᠮᠣᠷᠠᠳ ᠪᠠ ᠬᠤᠨ ᠭᠠᠯᠠᠭᠤ ᠳᠡᠮᠳᠡᠭᠳᠣ ᠪᠣᠭᠤᠳᠠᠢ ᠶᠢ ᠣᠷᠭᠠᠨᠢᠭ | ᠢᠳᠡᠬᠡᠨ ᠢᠶᠠᠷ ᠬᠡᠷᠡᠴᠢᠯᠡᠬᠦᠯᠵᠣ᠂ ᠣᠩᠭᠤᠨ ᠰᠢᠯᠢ ᠳᠡᠮᠳᠡᠭᠳᠣ ᠳᠠᠷᠪᠣᠰ ᠵᠡᠷᠬᠡ 10 ᠲᠦᠷᠥᠯ ᠤᠨ ᠪᠦᠳᠦᠬᠡᠭᠳᠡᠬᠦᠨ ᠢ ᠪᠣᠬᠢᠷᠳᠣᠯ ᠦᠬᠡᠢ ᠪᠦᠳᠦᠬᠡᠭᠳᠡᠬᠦᠨ ᠢᠶᠠᠷ | ᠠᠮᠵᠢᠯᠳᠠᠳᠠᠢ ᠮᠡᠳᠡᠬᠦᠯᠵᠣ᠂ ᠣᠷᠳᠣᠰ ᠨᠠᠷᠢᠨ ᠨᠣᠣᠰᠣᠳᠣ ᠬᠤᠨᠢᠨ ᠮᠢᠬ᠎ᠠ ᠵᠡᠷᠬᠡ 3 ᠲᠦᠷᠥᠯ ᠤᠨ ᠮᠠᠯ ᠳᠠᠷᠢᠶᠠᠯᠠᠩ ᠤᠨ ᠪᠦᠳᠦᠬᠡᠭᠳᠡᠬᠦᠨ ᠢ ᠦᠪᠡᠷᠳᠡᠬᠡᠨ | ᠵᠠᠰᠠᠬᠤ ᠣᠷᠣᠨ ᠤ ︽ᠨᠠᠷᠠᠳᠣ ᠰᠢᠯᠢᠳᠡᠭ ᠣᠨᠴᠠᠯᠢᠭᠳᠣ︾ ᠪᠦᠳᠦᠬᠡᠭᠳᠡᠬᠦᠨ ᠢᠶᠠᠷ ᠦᠨᠡᠯᠡᠬᠦᠯᠵᠣ 125 ᠳᠠᠸᠠᠷ ᠤᠨ ᠳᠡᠮᠳᠡᠭᠳᠣ ᠶᠢ ᠰᠢᠨ᠎ᠡ ᠪᠠᠷ | ᠳᠠᠩᠰᠠᠯᠠᠭᠤᠯᠪᠠ᠃ ᠡᠯ᠎ᠡ ᠲᠦᠷᠥᠯ ᠤᠨ ᠨᠦᠬᠦᠪᠦᠷᠢ ᠲᠠᠢ ᠳᠠᠷᠢᠶᠠᠯᠠᠩ ᠤᠨ ᠮᠠᠰᠢᠨ ᠬᠡᠷᠡᠭᠰᠡᠯ ᠢ 1256 ᠰᠠᠭᠤᠷᠢ ︵ᠢᠵᠢ︶ ᠳᠠᠷᠬᠠᠭᠠᠪᠠ᠃ ᠠᠹᠧᠷᠢᠺᠠ ᠲᠢᠪ | ᠤᠨ ᠭᠠᠭ᠋ᠠᠢ ᠶᠢᠨ ᠬᠢᠵᠢᠭ ᠵᠡᠷᠬᠡ ᠠᠮᠢᠳᠠᠨ ᠤ ᠬᠢᠵᠢᠭ ᠡᠪᠡᠳᠴᠢᠨ ᠪᠠ ᠳᠠᠷᠢᠮᠠᠯ ᠤᠨ ᠡᠪᠡᠳᠴᠢᠨ ᠬᠤᠷᠣᠬᠠᠢ ᠶᠢᠨ ᠬᠦᠨᠦᠬᠡᠯ ᠢ ᠰᠢᠨᠵᠢᠯᠡᠬᠦ ᠣᠬᠠᠭᠠᠨᠴᠢ ᠪᠠᠷ | ᠰᠠᠷᠬᠡᠶᠢᠯᠡᠨ ᠬᠤᠷᠢᠭᠯᠠᠪᠠ᠃ ᠣᠯᠠᠮᠵᠢᠯᠠᠯᠳᠣ ᠮᠠᠯ ᠳᠠᠷᠢᠶᠠᠯᠠᠩ ᠠᠵᠣ ᠠᠬᠤᠢ ᠶᠢᠨ ᠳᠣᠮᠣ ᠬᠤᠰᠢᠭᠤ ᠨᠢᠬᠡᠨᠳᠠ ᠪᠣᠬᠢᠷᠳᠣᠯ ᠦᠬᠡᠢ ᠣᠷᠭᠠᠨᠢᠭ᠂ ᠬᠡᠪᠴᠢᠶᠠᠵᠢᠨ | ᠡᠷᠴᠢᠮᠵᠢᠭᠰᠡᠨ᠂ ᠴᠢᠨᠡᠷ ᠰᠠᠶᠢᠳᠠᠢ ᠦᠨ᠎ᠡ ᠳᠣᠬᠢᠷᠠᠮᠵᠢᠳᠡᠢ ᠣᠳᠣᠬᠢᠴᠢᠯᠠᠭᠰᠠᠨ ᠬᠦᠭᠵᠢᠯᠳᠡ ᠶᠢᠨ ᠵᠠᠮ ᠢᠶᠠᠷ ᠵᠠᠮᠨᠠᠪᠠ᠃ ᠠᠵᠣ ᠣᠶᠢᠯᠡᠳᠪᠣᠷᠢ ᠶᠢᠨ ᠠᠵᠣ | ᠠᠬᠤᠢ ᠶᠢ ᠬᠦᠴᠦᠳᠡᠢ ᠬᠦᠭᠵᠢᠬᠦᠯᠪᠠ᠃ ᠨᠠᠷᠢᠠᠭᠤᠣᠯ ᠠᠭᠤᠷᠬᠠᠢ ᠶᠢᠨ ᠳᠣᠭᠤᠷᠢᠭ ᠤᠨ ᠶᠡᠷᠦᠩᠬᠡᠢ ᠲᠥᠯᠥᠪᠵᠢᠬᠦᠯᠬᠡ ᠶᠢᠨ ᠣᠷᠴᠢᠨ ᠳᠣᠭᠤᠷᠢᠨ ᠤ ᠦᠨᠡᠯᠡᠯᠳᠡ | ᠶᠢ ᠵᠦᠪᠰᠢᠶᠠᠷᠠᠬᠦᠯᠵᠣ ᠮᠣᠳᠣᠨᠴᠠᠶᠢᠳᠠᠮ᠂ ᠨᠠᠷᠢᠠᠭᠤᠣᠯ ᠬᠤᠶᠠᠳᠣᠭᠠᠷ ᠨᠣᠮᠧᠷᠳᠣ ᠨᠡᠬᠦᠷᠠᠰᠣᠨ ᠠᠭᠤᠷᠬᠠᠢ ᠶᠢᠨ ᠳᠣᠭᠤᠷᠢᠭ ᠤᠨ ᠬᠦᠷᠢᠶ᠎ᠠ ᠬᠡᠪᠴᠢᠶ᠎ᠠ ᠶᠢ | ᠵᠠᠭᠠᠭᠯᠠᠨ ᠳᠣᠭᠳᠠᠭᠠᠵᠣ ᠪᠦᠬᠦ ᠵᠢᠯ ᠤᠨ ᠨᠠᠬᠦᠷᠠᠰᠣᠨ ᠤ ᠭᠠᠷᠭᠠᠯᠳᠠ ᠶᠢ 4036 ᠲᠦᠮᠡᠨ ᠳᠣᠨ ᠬᠦᠷᠬᠡᠪᠠ᠃ ᠰᠢᠨ᠎ᠡ ᠪᠠᠷ 500 ᠪᠠᠶᠢᠭᠠᠯᠢ ᠶᠢᠨ ᠰᠢᠳᠠᠮᠠᠬᠠᠢ | ᠬᠡᠢ ᠶᠢᠨ ᠬᠤᠳᠳᠤᠭ ᠮᠠᠯᠳᠠᠪᠠ᠃ ᠵᠦᠩ ᠲᠢᠶᠠᠨ ᠾᠧ ᠴᠤᠸᠠᠩ ᠺᠣᠮᠫᠠᠨᠢ ᠶᠢᠨ 90 ᠲᠦᠮᠡᠨ ᠳᠣᠨ ᠮᠧᠲ᠋ᠢᠯ ᠠᠯᠺᠦᠦᠯ ᠤᠨ ᠴᠡᠪᠡᠷ ᠨᠠᠷᠠᠮᠠᠯ ᠤᠨ ᠨᠠᠮᠠᠵᠣ | ᠣᠭᠰᠠᠷᠠᠭᠰᠠᠨ ᠳᠣᠨᠤᠭ ᠲᠦᠬᠦᠬᠡᠷᠣᠮᠵᠢ ᠶᠢ ᠠᠰᠢᠭᠯᠠᠯᠳᠠ ᠳᠤ ᠣᠷᠣᠭᠤᠯᠵᠣ ᠵᠦᠩ ᠮᠧᠢ ᠪᠦᠯᠥᠭᠯᠡᠯ ᠤᠨ ᠣᠷᠳᠣᠰ ᠡᠨᠧᠷᠬᠢ ᠶᠢᠨ ᠬᠢᠮᠢ ᠶᠢᠨ ᠠᠵᠣ | ᠣᠶᠢᠯᠡᠳᠪᠣᠷᠢ ᠶᠢᠨ ᠺᠣᠮᠫᠠᠨᠢ ᠶᠢᠨ 100 ᠲᠦᠮᠡᠨ ᠳᠣᠨ ᠨᠡᠶᠢᠯᠡᠮᠡᠯ ᠬᠡᠢ ᠪᠠᠷ ᠮᠧᠲ᠋ᠢᠯ ᠠᠯᠺᠦᠦᠯ ᠣᠶᠢᠯᠡᠳᠪᠣᠷᠢᠯᠡᠬᠦ ᠮᠡᠷᠬᠡᠵᠢᠯ ᠤᠨ ᠦᠬᠡᠷᠡᠴᠢᠯᠡᠯᠳᠡ᠂ ᠶᠢᠨ | ᠴᠧᠩ ᠲᠠᠢ ᠺᠣᠮᠫᠠᠨᠢ ᠶᠢᠨ 30 ᠲᠦᠮᠡᠨ ᠳᠣᠨ ᠤ ᠡᠲ᠋ᠢᠯ ᠬᠤᠶᠡᠷᠴᠢ ᠠᠯᠺᠥᠥᠯ ᠵᠡᠷᠬᠡ ᠲᠦᠷᠥᠯ ᠵᠣᠶᠢᠯ ᠢ ᠡᠬᠢᠯᠡᠬᠦᠯᠥᠨ ᠪᠠᠶᠢᠭᠤᠯᠪᠠ᠃ ᠠᠯᠺᠧᠨ ᠶᠢᠨ | ᠭᠠᠷᠭᠠᠯᠳᠠ ᠶᠢ 201.8 ᠲᠦᠮᠡᠨ ᠳᠣᠨ ᠬᠦᠷᠬᠡᠵᠣ ᠪᠦᠬᠦ ᠣᠯᠣᠰ ᠤᠨ ᠠᠯᠺᠧᠨ ᠶᠢᠨ ᠣᠶᠢᠯᠡᠳᠪᠣᠷᠢᠯᠡᠯ ᠤᠨ ᠴᠢᠳᠠᠪᠬᠢ ᠶᠢᠨ 16.7% ᠶᠢ ᠡᠵᠡᠯᠡᠵᠡᠢ᠃ | ᠭᠤᠣᠯ ᠪᠣᠯᠬᠤ ᠠᠵᠣ ᠣᠶᠢᠯᠡᠳᠪᠣᠷᠢ ᠶᠢᠨ ᠣᠶᠢᠯᠡᠳᠬᠦᠨ ᠤ ᠦᠨ᠎ᠡ ᠦᠨᠳᠣᠷ ᠪᠠᠶᠢᠵᠣ᠂ ᠬᠡᠪᠴᠢᠶᠠᠵᠢᠯ ᠠᠴᠠ ᠳᠡᠬᠡᠭᠰᠢᠬᠢ ᠠᠵᠣ ᠣᠶᠢᠯᠡᠳᠪᠣᠷᠢ ᠶᠢᠨ ᠠᠵᠣ | ᠠᠬᠤᠶᠢᠯᠡᠯ ᠤᠨ ᠠᠰᠢᠭ ᠬᠤᠨᠵᠢᠪᠣᠷᠢ ᠠᠳᠠᠯᠢ ᠬᠤᠭᠤᠴᠠᠭᠠᠨ ᠤ ᠬᠢ ᠠᠴᠠ 89.6% ᠪᠠᠷ ᠨᠡᠮᠡᠭᠳᠡᠪᠠ᠃ ᠣᠳᠣ ᠦᠶ᠎ᠡ ᠶᠢᠨ ᠣᠶᠢᠯᠡᠴᠢᠯᠡᠬᠡᠨ ᠤ ᠣᠶᠢᠯᠡᠰ | ᠦᠷᠨᠢᠨ ᠬᠦᠭᠵᠢᠪᠠ᠃ ᠪᠣᠷᠣᠳᠣᠬᠤᠢ ᠬᠦᠮᠦᠨ ︵ᠣᠷᠳᠣᠰ ᠬᠦᠮᠦᠨ︶ ᠢ ᠢᠯᠡᠷᠡᠬᠦᠯᠥᠭᠰᠡᠨ 95 ᠵᠢᠯ ᠤᠨ ᠣᠢ ᠶᠢᠨ ᠡᠷᠳᠡᠮ ᠰᠢᠨᠵᠢᠯᠡᠬᠡᠨ ᠤ ᠰᠣᠳᠣᠯᠣᠨ | ᠶᠠᠷᠢᠯᠴᠠᠬᠤ ᠬᠤᠷᠠᠯ ᠪᠠ ᠳᠠᠯᠠᠬᠡᠢ ᠶᠢᠨ ᠪᠦᠳᠦᠨ ᠦᠬᠡᠷ ᠤᠨ ᠰᠢᠷᠠᠮᠠᠯ ᠢᠳᠡᠬᠡᠨ ᠤ ᠴᠣᠭᠯᠠᠭᠠᠨ ᠵᠡᠷᠬᠡ ᠳᠣᠮᠣ ᠬᠡᠯᠪᠡᠷᠢ ᠶᠢᠨ ᠠᠵᠢᠯᠯᠠᠭ᠎ᠠ ᠶᠢ 8 ᠳᠠᠯᠠᠪᠣᠷ | ᠠᠮᠵᠢᠯᠳᠠᠳᠠᠢ ᠡᠷᠬᠢᠯᠡᠵᠣ᠂ 113 ᠲᠦᠮᠡᠨ ᠬᠦᠮᠥᠨ ᠣᠳᠠᠭ᠎ᠠ ᠶᠢᠨ ᠵᠢᠭᠤᠯᠴᠢᠯᠠᠭᠰᠠᠳ ᠢ ᠬᠦᠯᠢᠶᠠᠨ ᠵᠣᠴᠢᠯᠠᠵᠣ᠂ ᠵᠢᠭᠤᠯᠴᠢᠯᠡᠯ ᠤᠨ ᠶᠡᠷᠦᠩᠬᠡᠢ ᠣᠷᠣᠯᠭ᠎ᠠ ᠶᠢ | 36.5 ᠳ᠋ᠦᠩᠰᠢᠭᠤᠷ ᠲᠦᠬᠦᠷᠢᠭ ᠬᠦᠷᠬᠡᠪᠠ᠃ ᠳᠠᠮᠣᠷ ᠵᠠᠮ᠂ ᠵᠠᠰᠠᠮᠠᠯ ᠵᠠᠮ ᠤᠨ ᠪᠠᠷᠠᠭ᠎ᠠ ᠳᠠᠬᠡᠬᠡᠪᠣᠷᠢᠯᠡᠭᠰᠡᠨ ᠬᠡᠮᠵᠢᠶ᠎ᠠ ᠶᠢ ᠳᠣᠰᠪᠣᠷᠢ 1091 ᠲᠦᠮᠡᠨ ᠳᠣᠨ | ᠂ 1871 ᠲᠦᠮᠡᠨ ᠳᠣᠨ ᠬᠦᠷᠬᠡᠵᠣ 13% ᠪᠠ 4.6% ᠪᠠᠷ ᠨᠡᠮᠡᠭᠳᠡᠪᠠ᠃ ᠴᠠᠭᠠᠨ ᠢᠳᠡᠬᠡᠨ ᠪᠣᠯᠪᠠᠰᠣᠷᠠᠭᠤᠯᠬᠤ ᠵᠡᠷᠬᠡ ᠣᠯᠠᠮᠵᠢᠯᠠᠯᠳᠣ ᠦᠪᠡᠷᠮᠢᠴᠡ | ᠣᠨᠴᠠᠯᠢᠭᠳᠣ ᠭᠠᠷ ᠣᠶᠢᠯᠡᠳᠪᠣᠷᠢ ᠶᠢᠨ ᠡᠷᠦᠬᠡ ᠶᠢ 289 ᠪᠠᠶᠢᠭᠤᠯᠪᠠ᠃ ᠭᠠᠷ ᠳᠠᠮᠵᠢᠭᠰᠠᠨ ᠳᠡᠷᠬᠡᠨ ᠠᠷᠠᠯᠵᠢᠶ᠎ᠠ᠂ ᠡᠯᠺᠲᠷᠣᠨ ᠬᠤᠳᠠᠯᠳᠤᠭ᠎ᠠ᠂ ᠲᠦᠷᠬᠡᠨ | ᠬᠦᠷᠬᠡᠯᠳᠡ᠂ ᠪᠠᠷᠠᠭᠠᠨ ᠬᠦᠢᠯᠬᠡᠬᠡ᠂ ᠬᠡᠷ ᠠᠬᠤᠢ ᠶᠢᠨ ᠣᠶᠢᠯᠡᠴᠢᠯᠡᠭᠡ᠂ ᠵᠠᠬᠢᠶᠠᠯᠠᠯᠭ᠎ᠠ ᠶᠢᠨ ᠬᠦᠷᠬᠡᠯᠳᠡ ᠶᠢᠨ ᠣᠶᠢᠯᠡᠴᠢᠯᠡᠭᠡ᠂ ᠰᠣᠷᠭᠠᠨ ᠬᠦᠮᠦᠵᠢᠯ | ᠪᠣᠯᠪᠠᠰᠣᠷᠠᠯ ᠵᠡᠷᠬᠡ ᠠᠮᠢᠳᠣᠷᠠᠯ ᠤᠨ ᠴᠢᠨᠡᠷᠳᠡᠢ ᠣᠶᠢᠯᠡᠴᠢᠯᠡᠬᠡᠨ ᠤ ᠣᠶᠢᠯᠡᠰ ᠢ ᠲᠦᠷᠬᠡᠨ ᠬᠦᠭᠵᠢᠬᠦᠯᠪᠠ᠃ ᠪᠦᠬᠦ ᠬᠤᠰᠢᠭᠤᠨ ᠤ ᠠᠵᠣ ᠠᠬᠤᠢ ᠶᠢᠨ ᠠᠮᠢᠵᠢᠷᠠᠯ | ᠤᠨ ᠬᠦᠴᠦᠨ ᠴᠢᠩᠭᠠᠷᠠᠵᠦ ᠨᠢᠬᠡᠳᠣᠬᠡᠷ᠂ ᠬᠤᠶᠠᠳᠣᠭᠠᠷ᠂ ᠭᠤᠷᠪᠠᠳᠣᠭᠠᠷ ᠠᠵᠣ ᠣᠶᠢᠯᠡᠰ ᠢ ᠬᠠᠮᠳᠣ ᠳᠤᠨᠢ ᠬᠦᠭᠵᠢᠬᠦᠯᠣᠨ ᠬᠠᠷᠢᠯᠴᠠᠨ ᠠᠬᠢᠭᠤᠯᠵᠤ ᠬᠠᠷᠢᠯᠴᠠᠨ | ᠨᠦᠬᠦᠪᠦᠷᠢᠯᠡᠵᠣ ᠣᠷᠢᠳ ᠡᠮᠣᠨ᠎ᠠ ᠭᠠᠷᠤᠭ᠎ᠠ ᠦᠬᠡᠢ ᠬᠦᠭᠵᠢᠯᠳᠡ ᠶᠢᠨ ᠬᠠᠨᠳᠣᠰᠢ ᠪᠠᠷ ᠪᠦᠬᠦ ᠬᠤᠳᠠ ᠶᠢᠨ ᠡᠮᠣᠨ᠎ᠠ ᠡᠩᠨᠡᠬᠡᠨ ᠳᠤ ᠣᠷᠣᠬᠤ ᠪᠠᠷ | ᠣᠷᠣᠭᠰᠢᠯᠠᠵᠣ ᠪᠠᠶᠢᠨ᠎ᠠ᠃ | ︵ᠲᠦᠷᠪᠠ︶ ᠳᠣᠳᠠᠭᠤᠳᠠᠯ ᠢᠶᠠᠨ ᠨᠠᠷᠢᠯᠢᠭ ᠣᠨᠣᠪᠴᠢᠳᠠᠢ ᠨᠦᠬᠦᠪᠦᠷᠢᠯᠡᠵᠣ ᠬᠦᠭᠵᠢᠯᠳᠡ ᠶᠢᠨ ᠰᠠᠭᠤᠷᠢ ᠶᠢ ᠳᠠᠰᠣᠷᠠᠯᠳᠠ ᠦᠬᠡᠢ ᠪᠠᠬᠢᠵᠢᠬᠦᠯᠪᠠ᠃ | ᠪᠦᠬᠦ ᠣᠯᠣᠰ ᠤᠨ ᠬᠤᠰᠢᠭᠤ ᠰᠢᠶᠠᠨ ᠤ ᠳᠠᠰ ᠤᠨ ᠪᠣᠯᠪᠠᠰᠣᠨ ᠬᠤᠳᠠ ᠶᠢᠨ ᠡᠭᠦᠳᠦᠨ ᠪᠠᠶᠢᠭᠤᠯᠤᠯᠲᠠ ᠳᠤ ᠪᠦᠬᠦ ᠠᠷᠠᠳ ᠢᠶᠠᠷ ᠢᠶᠠᠨ ᠬᠦᠳᠡᠯᠦᠯᠴᠡᠪᠡ᠃ | ᠪᠦᠬᠦ ᠬᠤᠰᠢᠭᠤᠨ ᠤ ᠵᠠᠭᠤ ᠭᠠᠷᠤᠢ ᠪᠠᠶᠢᠭᠤᠯᠭ᠎ᠠ ᠨᠢᠬᠡᠴᠢ ᠶᠢᠨ ᠲᠦᠮᠡ ᠭᠠᠷᠤᠢ ᠺᠠᠳ᠋ᠷ ᠠᠵᠢᠯᠳᠠᠨ ᠬᠠᠮᠳᠣᠪᠠᠷ ᠬᠦᠳᠡᠯᠥᠯᠴᠡᠨ ᠠᠵᠢᠯᠯᠠᠵᠣ ᠣᠷᠣᠨ ᠬᠡᠰᠡᠭ | ᠬᠤᠪᠢᠶᠠᠨ ᠳᠠᠭᠠᠭᠠᠴᠢᠯᠠᠵᠣ ᠨᠡᠶᠢᠬᠡᠮ ᠳᠣᠭᠤᠷᠢᠭ᠂ ᠠᠶᠢᠯ ᠡᠷᠦᠬᠡ ᠪᠠᠷ ᠬᠦᠨᠵᠡᠬᠡᠶᠢᠷᠡᠨ ᠪᠦᠬᠦ ᠣᠯᠣᠰ ᠤᠨ ᠬᠤᠰᠢᠭᠤ ᠰᠢᠶᠠᠨ ᠤ ᠳᠠᠰ ᠤᠨ ᠪᠣᠯᠪᠠᠰᠣᠨ ᠬᠤᠳᠠ | ᠶᠢᠨ ᠡᠬᠦᠳᠣᠨ ᠪᠠᠶᠢᠭᠤᠯᠣᠯᠳᠠ ᠶᠢ ᠣᠬᠠᠭᠤᠯᠣᠨ ᠳᠠᠶᠢᠯᠪᠣᠷᠢᠯᠡᠵᠤ ᠦᠵᠡᠯ ᠰᠠᠨᠠᠭ᠎ᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠦ ᠲᠦᠮᠡᠨ ᠣᠯᠠᠨ ᠨᠢᠭᠳᠠᠷᠠᠨ | ᠪᠦᠯᠬᠦᠮᠳᠡᠭᠰᠡᠨ ᠨᠡᠶᠢᠯᠡᠮᠠᠯ ᠬᠦᠴᠦᠨ ᠢ ᠪᠦᠷᠢᠯᠳᠦᠬᠦᠯᠵᠣ ᠠᠩᠬᠠᠨ ᠤ ᠵᠢᠯ ᠤᠨ ᠬᠡᠮᠵᠢᠨ ᠳᠣᠭᠳᠠᠭᠠᠯᠳᠠ ᠳᠤ ᠪᠦᠬᠦ ᠣᠷᠣᠨ ᠤ ᠨᠢᠬᠡᠳᠣᠬᠡᠷ ᠲᠤ ᠵᠢᠭᠰᠠᠭᠠᠭᠳᠠᠪᠠ᠃ | ᠬᠤᠳᠠ ᠶᠢᠨ ᠶᠠᠪᠣᠳᠠᠯ ᠤᠨ ᠳᠣᠳᠠᠭᠤᠳᠠᠯ ᠢ ᠬᠦᠴᠥᠯᠡᠨ ᠳᠡᠬᠦᠯᠳᠡᠷᠵᠢᠬᠦᠯᠵᠣ ᠬᠤᠳᠠ ᠶᠢᠨ ᠴᠢᠳᠠᠪᠬᠢ ᠶᠢ ᠴᠢᠩᠭᠠᠷᠠᠭᠤᠯᠣᠨ ᠬᠤᠳᠠ ᠶᠢᠨ ᠵᠡᠷᠬᠡ ᠳᠠᠰ ᠢ | ᠳᠡᠬᠡᠭᠰᠢᠯᠡᠬᠦᠯᠵᠣ ᠪᠦᠬᠦ ᠵᠢᠯ ᠳᠤ ︽ᠭᠠᠯᠠᠭᠤᠳᠣ ᠪᠠᠯᠭᠠᠰᠣᠨ ᠤ ᠬᠤᠳᠠ ᠶᠢᠨ ᠶᠡᠷᠦᠩᠬᠡᠢ ᠲᠥᠯᠥᠪᠵᠢᠬᠦᠯᠬᠡ ︵2018 — 2035︶︾ ᠵᠡᠷᠬᠡ 15 | ᠲᠦᠷᠥᠯ ᠤᠨ ᠲᠥᠯᠥᠪᠵᠢᠬᠦᠯᠬᠡ ᠶᠢ ᠵᠠᠰᠠᠪᠣᠷᠢᠯᠡᠨ ᠨᠠᠶᠢᠷᠠᠭᠤᠯᠵᠣ ᠡᠯ᠎ᠡ ᠲᠦᠷᠥᠯ ᠤᠨ ᠬᠤᠭᠤᠯᠠᠢ ᠳᠣᠣᠷᠵᠢᠯ ᠢ 30 ᠺᠢᠯᠥᠮᠧᠲᠷ ᠳᠠᠪᠢᠰᠴᠣ ᠣᠰᠣ ᠪᠠᠷ | ᠵᠠᠶᠢᠯᠠᠬᠤ ᠮᠠᠶ᠋ᠢᠭ ᠤᠨ ᠵᠣᠷᠯᠣᠩ ᠢ 14 ᠰᠢᠨ᠎ᠡ ᠪᠠᠷ ᠪᠣᠶᠣ ᠦᠬᠡᠷᠡᠴᠢᠯᠡᠨ ᠪᠠᠶᠢᠭᠤᠯᠵᠣ ᠵᠡᠬᠡᠯᠢ ᠭᠤᠳᠣᠮᠵᠢ ᠶᠢ 10 ᠲᠦᠮᠡᠨ ᠳᠡᠭᠰᠢ ᠲᠦᠷᠪᠠᠯᠵᠢᠨ ᠮᠧᠲᠷ | ᠬᠠᠳᠠᠭᠤᠷᠠᠭᠤᠯᠪᠠ᠃ ᠰᠣᠪᠣᠷᠭ᠎ᠠ ᠠᠭᠤᠳᠠᠮ ᠳᠠᠯᠠᠪᠠᠢ᠂ ᠳᠣᠭᠤᠶᠢᠯᠠᠩ ᠠᠭᠤᠳᠠᠮ ᠳᠠᠯᠠᠪᠠᠢ ᠪᠠ ᠰᠣᠷᠭᠠᠨ ᠬᠦᠮᠦᠵᠢᠯ ᠤᠨ ᠬᠦᠷᠢᠶᠠᠯᠠᠩ ᠳᠣᠭᠤᠷᠢᠭ ᠵᠡᠷᠬᠡ | ᠭᠤᠣᠯ ᠪᠣᠯᠬᠤ ᠬᠤᠳᠠ ᠶᠢᠨ ᠶᠠᠪᠣᠳᠠᠯ ᠤᠨ ᠠᠭᠤᠯᠵᠠᠷ ᠴᠡᠭ ᠤᠨ ᠦᠵᠡᠮᠵᠢ ᠶᠢ ᠦᠭᠡᠷᠡᠴᠢᠯᠡᠨ ᠰᠠᠶᠢᠵᠢᠷᠠᠭᠤᠯᠵᠦ᠂ 12 ᠲᠦᠮᠡᠨ ᠳᠡᠭᠰᠢ ᠲᠦᠷᠪᠠᠯᠵᠢᠨ ᠮᠧᠲᠷ | ᠭᠠᠵᠠᠷ ᠢ ᠨᠤᠭᠤᠭᠠᠷᠠᠭᠤᠯᠪᠠ᠃ 17 ᠬᠠᠭᠤᠴᠢᠨ ᠰᠠᠭᠤᠭᠠᠯᠢ ᠳᠣᠭᠤᠷᠢᠭ ᠢ ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠵᠣ ᠪᠥᠸᠧ ᠵᠢᠤᠸᠠᠢ ᠰᠠᠭᠤᠭᠠᠯᠢ | ᠳᠣᠭᠤᠷᠢᠭ᠂ ᠸᠠᠨ ᠯᠢ ᠰᠠᠭᠤᠭᠠᠯᠢ ᠳᠣᠭᠤᠷᠢᠭ ᠵᠡᠷᠭᠡ ᠰᠠᠭᠤᠭᠠᠯᠢ ᠳᠣᠭᠤᠷᠢᠭ ᠤᠨ ᠰᠠᠭᠤᠷᠢ ᠲᠦᠬᠦᠬᠡᠷᠣᠮᠵᠢ ᠶᠢ ᠰᠠᠶᠢᠵᠢᠷᠠᠭᠤᠯᠣᠨ ᠰᠢᠨ᠎ᠡ ᠡᠨᠧᠷᠬᠢᠳᠣ ᠨᠠᠶᠢᠳᠠ | ᠶᠢᠨ ᠮᠠᠰᠢᠨ ᠳᠡᠷᠬᠡ ᠶᠢ 6 ᠲᠤᠬᠢᠷᠠᠭᠤᠯᠵᠦ 36 ᠲᠦᠷᠢᠶᠠᠰᠣᠨ ᠮᠠᠰᠢᠨ ᠳᠡᠷᠬᠡᠨ ᠵᠣᠭᠰᠣᠭᠠᠯ ᠤᠨ ᠴᠡᠭ ᠳᠣᠬᠢᠷᠠᠭᠤᠯᠪᠠ᠃ ᠮᠠᠯᠵᠢᠬᠤ ᠳᠠᠷᠢᠶᠠᠯᠠᠬᠤ ᠣᠷᠣᠨ ᠤ | ᠣᠷᠣᠰᠢᠨ ᠰᠠᠭᠤᠷᠢᠰᠢᠬᠤ ᠣᠷᠴᠢᠨ ᠳᠣᠭᠤᠷᠢᠨ ᠤ ᠵᠠᠰᠠᠯᠳᠠ ᠶᠢ ᠯᠠᠪᠳᠠᠭᠤᠨ ᠠᠬᠢᠭᠤᠯᠵᠣ ᠰᠣᠮᠣ ᠪᠠᠯᠭᠠᠰᠣᠨ ᠤ ᠠᠮᠢᠳᠣᠷᠠᠯ ᠤᠨ ᠬᠤᠭ ᠨᠣᠪᠰᠢ᠂ ᠪᠣᠬᠢᠷ ᠣᠰᠣ | ᠶᠢ ᠲᠦᠪᠯᠠᠷᠠᠬᠦᠯᠥᠨ ᠰᠢᠢᠳᠪᠣᠷᠢᠯᠡᠬᠦ ᠳᠠᠯᠠᠪᠣᠷ ᠤᠨ ᠲᠥᠯᠥᠪᠵᠢᠬᠦᠯᠬᠡ ᠶᠢ ᠨᠠᠶᠢᠷᠠᠭᠤᠯᠣᠨ ᠵᠣᠬᠢᠶᠠᠵᠣ 656 ᠡᠷᠦᠭᠡ ᠶᠢᠨ ᠣᠰᠣ ᠪᠠᠷ ᠵᠠᠶᠢᠯᠠᠬᠤ ᠮᠠᠶ᠋ᠢᠭ ᠤᠨ | ᠵᠣᠷᠯᠥᠩ ᠢ ᠦᠬᠡᠷᠡᠴᠢᠯᠡᠨ ᠪᠠᠷᠢᠵᠦ᠂ ᠳᠣᠯᠢ ᠲᠦᠪᠯᠡᠷᠠᠨ ᠰᠠᠭᠤᠷᠢᠰᠢᠬᠤ ᠰᠠᠭᠤᠭᠠᠯᠢ ᠠᠷᠠᠳ ᠤᠨ ᠴᠡᠭ ᠤᠨ ᠪᠠᠭ᠎ᠠ ᠬᠡᠯᠪᠠᠷᠢ ᠶᠢᠨ ᠪᠣᠬᠢᠷ ᠣᠰᠣ ᠰᠢᠢᠳᠪᠣᠷᠢᠯᠡᠬᠦ | ᠳᠠᠯᠠᠪᠣᠷ ᠢ ᠠᠰᠢᠭᠯᠠᠯᠳᠠ ᠳᠤ ᠣᠷᠣᠭᠤᠯᠵᠣ ᠣᠯᠠᠨ ᠨᠠᠶᠢᠳᠠ ᠶᠢᠨ ᠣᠷᠴᠢᠨ ᠳᠣᠭᠤᠷᠢᠨ ᠢ ᠪᠠᠶᠢᠩᠭᠤ ᠴᠡᠪᠡᠷᠯᠡᠨ ᠬᠠᠮᠠᠭᠠᠯᠠᠬᠤ ᠣᠯᠠᠨ ᠲᠦᠷᠥᠯ ᠤᠨ ᠲᠦᠷᠢᠮ | ᠳᠣᠭᠳᠠᠭᠠᠯ ᠢ ᠲᠤᠭᠲᠠᠭᠠᠪᠠ᠃ ᠰᠠᠭᠤᠷᠢ ᠲᠦᠬᠦᠬᠡᠷᠣᠮᠵᠢ ᠶᠢᠨ ᠪᠠᠶᠢᠭᠤᠯᠣᠯᠳᠠ ᠶᠢ ᠬᠦᠴᠦᠯᠡᠨ ᠳᠡᠬᠦᠯᠳᠡᠷᠵᠢᠬᠦᠯᠪᠠ᠃ ᠦᠪᠣᠷ ᠮᠣᠩᠭᠤᠯ ᠤᠨ ᠪᠠᠷᠠᠭᠤᠨ ᠬᠡᠰᠡᠭ | ᠠᠴᠠ ᠳᠣᠮᠳᠠᠳᠣ ᠣᠷᠣᠨ ᠬᠦᠷᠬᠦ ᠳᠠᠮᠣᠷ ᠵᠠᠮ ᠤᠨ ᠵᠠᠮ ᠳᠠᠪᠢᠰᠬᠦ ᠠᠵᠢᠯ ᠢ ᠦᠨᠳᠣᠰᠣᠨ ᠳᠡᠭᠡᠨ ᠳᠠᠭᠤᠰᠬᠠᠵᠣ ᠲᠦᠩᠽᠢ ᠠᠴᠠ ᠱᠠᠷᠯᠢᠭ ᠬᠦᠷᠬᠦ 20 | ᠺᠢᠯᠣᠮᠧᠲᠷ ᠤᠨ ᠵᠠᠰᠠᠮᠠᠯ ᠵᠠᠮ ᠢ ᠶᠡᠭᠡ ᠪᠠᠷ ᠵᠠᠰᠠᠬᠤ ᠠᠵᠢᠯ ᠢ ᠳᠠᠭᠤᠰᠬᠠᠨ ᠳᠡᠷᠬᠡ ᠨᠡᠪᠳᠡᠷᠡᠬᠦᠯᠵᠣ ᠭᠠᠯᠠᠭᠤᠳᠣ ᠠᠴᠠ ᠣᠯᠠᠭᠠᠨᠪᠠᠯᠭᠠᠰᠣ ᠬᠦᠷᠬᠦ᠂ ᠳᠣᠯᠢ ᠠᠴᠠ | ᠨᠠᠩᠰᠣ ᠬᠦᠷᠬᠦ ᠨᠢᠬᠡᠳᠣᠬᠡᠷ ᠳᠠᠰ ᠤᠨ ᠵᠠᠰᠠᠮᠠᠯ ᠵᠠᠮ ᠤᠨ ᠵᠠᠮ ᠤᠨ ᠰᠠᠭᠤᠷᠢ᠂ ᠬᠦᠬᠦᠷᠬᠡᠨ ᠭᠤᠯᠳᠣᠩ ᠤᠨ ᠪᠠᠷᠢᠯᠭ᠎ᠠ ᠶᠢᠨ ᠠᠵᠢᠯ ᠢ ᠦᠨᠳᠣᠰᠣᠨ ᠳᠡᠭᠡᠨ | ᠳᠠᠭᠤᠰᠬᠠᠪᠠ᠃ ᠬᠤᠨᠴᠢᠨᠭᠤᠤᠯ ᠠᠴᠠ ᠲᠤᠭᠤᠯᠳᠠᠢ ᠬᠦᠷᠬᠦ 220 ᠺᠢᠯᠤᠸᠤᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ᠂ ᠳᠠᠪᠴᠠᠭ ᠪᠠᠯᠭᠠᠰᠣ | ᠠᠴᠠ ᠳᠣᠯᠢ 35 ᠺᠢᠯᠤᠸᠤᠯᠲ ᠤᠨ ᠴᠠᠬᠢᠯᠭᠠᠨ ᠦᠷᠳᠡᠭᠡ ᠬᠦᠷᠬᠦ ᠴᠠᠬᠢᠯᠭᠠᠨ ᠣᠳᠠᠰᠣᠨ ᠵᠠᠮ ᠤᠨ ᠦᠬᠡᠷᠡᠴᠢᠯᠡᠯᠳᠡ ᠶᠢᠨ ᠢᠨᠵᠧᠨᠧᠷᠢᠩ ᠢ ᠳᠠᠭᠤᠰᠬᠠᠵᠣ᠂ | ᠮᠣᠣᠪᠣᠯᠠᠭ 35 ᠺᠢᠯᠤᠸᠤᠯᠲ ᠤᠨ ᠴᠠᠬᠢᠯᠭᠠᠨ ᠬᠦᠷᠬᠡᠵᠣ ᠬᠤᠪᠢᠰᠬᠠᠬᠤ ᠢᠨᠵᠧᠨᠧᠷᠢᠩ ᠤᠨ ᠪᠠᠷᠢᠯᠭ᠎ᠠ ᠶᠢ ᠠᠰᠢᠭᠯᠠᠯᠳᠠ ᠳᠤ ᠣᠷᠣᠭᠤᠯᠵᠣ ᠳᠠᠷᠢᠶᠠᠯᠠᠩ ᠤᠨ | ᠴᠠᠬᠢᠯᠭᠠᠨ ᠳᠣᠣᠷ ᠢ 650 ᠺᠢᠯᠣᠮᠧᠲᠷ ᠦᠬᠡᠷᠡᠴᠢᠯᠡᠪᠠ᠃ | ︵ᠳᠠᠪᠤ︶ ᠠᠷᠠᠳ ᠤᠨ ᠠᠮᠢᠳᠣᠷᠠᠯ ᠢ ᠪᠦᠬᠦ ᠰᠠᠳᠬᠢᠯ ᠪᠦᠬᠦ ᠬᠦᠴᠦ ᠪᠠᠷ ᠢᠶᠠᠨ ᠬᠠᠷᠠᠭᠠᠯᠵᠠᠵᠣ ᠠᠷᠠᠳ ᠲᠥᠮᠡᠨ ᠤ ᠠᠮᠢᠳᠣᠷᠠᠯ ᠨᠡᠩ ᠵᠣᠯ ᠵᠢᠷᠭᠠᠯᠳᠠᠢ | ᠪᠣᠯᠪᠠ᠃ 22.9 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ ᠠᠵᠢᠯ ᠣᠯᠭᠤᠯᠳᠠ᠂ ᠰᠣᠷᠭᠠᠨ ᠬᠦᠮᠦᠵᠢᠯ᠂ ᠡᠮ ᠡᠮᠨᠡᠯᠬᠡ᠂ ᠨᠠᠰᠣᠳᠠᠨ ᠤ ᠠᠰᠠᠷᠠᠮᠵᠢ᠂ | ᠰᠣᠶᠣᠯ ᠵᠡᠷᠬᠡ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠶᠢᠳᠠᠮ ᠠᠩᠬᠠᠷᠴᠤ ᠪᠠᠶᠢᠭ᠎ᠠ ᠣᠴᠢᠷ ᠶᠠᠪᠤᠳᠠᠯ ᠤᠳ ᠠᠴᠠ ᠭᠠᠷᠳᠠᠨ ᠠᠷᠠᠳ ᠤᠨ ᠠᠮᠢᠳᠣᠷᠠᠯ | ᠤᠨ ᠪᠠᠳᠣᠯᠠᠭ᠎ᠠ ᠶᠢᠨ ᠠᠵᠢᠯ ᠢ ᠴᠢᠩᠭᠠᠳᠬᠠᠪᠠ᠃ 1200 ᠲᠦᠮᠡᠨ ᠲᠦᠬᠦᠷᠢᠭ ᠤᠨ ᠪᠠᠭ᠎ᠠ ᠳᠣᠭᠠᠨ ᠤ ᠵᠢᠬᠡᠯᠡᠯᠬᠡ ᠳᠠᠯᠪᠢᠵᠣ ᠶᠡᠭᠡ ᠳᠡᠬᠡᠳᠣ ᠰᠣᠷᠭᠠᠭᠤᠯᠢ | ᠳᠡᠬᠦᠰᠦᠭᠰᠡᠨ ᠰᠣᠷᠣᠭᠴᠢᠳ ᠢ 100 ᠨᠠᠷᠠ ᠨᠠᠶᠢᠳᠠᠨ ᠬᠦᠮᠦᠵᠢᠬᠦᠯᠵᠣ ᠦᠨᠳᠣᠰᠣᠨ ᠱᠠᠳᠣ ᠪᠠ ᠦᠢᠯᠡᠴᠢᠯᠡᠭᠡᠨ ᠤ ᠴᠣᠩᠬᠤᠪᠴᠢ ᠶᠢᠨ ᠠᠵᠢᠯᠳᠠᠨ ᠢ 140 | ᠨᠠᠷᠠ ᠳᠣᠬᠢᠷᠠᠭᠤᠯᠪᠠ᠃ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠳᠡᠬᠡᠳᠣ ᠰᠣᠷᠭᠠᠭᠤᠯᠢ ᠵᠢᠴᠢ ︽ᠬᠤᠣᠰ ᠳᠡᠷᠢᠬᠦᠨ ᠳᠠᠰ︾ | ᠤᠨ ᠶᠡᠭᠡ ᠰᠣᠷᠭᠠᠭᠤᠯᠢ ᠶᠢᠨ ᠰᠣᠷᠭᠠᠨ ᠬᠦᠮᠦᠵᠢᠯ ᠤᠨ 14 ᠴᠢᠳᠠᠪᠣᠷᠢᠳᠠᠨ ᠢ ᠣᠷᠢᠨ ᠠᠪᠴᠢᠷᠠᠵᠣ᠂ 212 ᠪᠠᠭᠰᠢ ᠶᠢ ᠰᠢᠯᠭᠠᠨ ᠡᠯᠰᠡᠪᠠ︔ | ᠭᠤᠷᠪᠠᠳᠣᠭᠠᠷ ᠬᠡᠣᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠣ ᠣᠷᠳᠣᠪᠠᠶᠠ ᠰᠣᠷᠭᠠᠭᠤᠯᠢ ᠶᠢᠨ ᠪᠠᠭᠰᠢ ᠶᠢᠨ ᠪᠠᠶᠢᠷᠢ ᠶᠢ | ᠠᠰᠢᠭᠯᠠᠯᠳᠠ ᠳᠤ ᠣᠷᠣᠭᠤᠯᠪᠠ᠃ ᠪᠣᠷᠣ ᠬᠡᠷᠳᠣ ᠳᠣᠭᠤᠷᠢᠭ ᠤᠨ ᠦᠬᠡᠷᠡᠴᠢᠯᠡᠯᠳᠡ ᠶᠢ 980 ᠢᠵᠢ ᠪᠠᠶᠠᠯᠡᠬᠦᠯᠪᠠ᠃ ᠬᠤᠳᠠ ᠬᠦᠳᠡᠭᠡ ᠶᠢᠨ ᠬᠠᠮᠤᠭ ᠨᠠᠭᠠᠳᠣ | ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠬᠦᠯᠥᠬᠡᠳ 611 ᠲᠦᠬᠦᠷᠢᠭ ᠪᠠ 476 ᠲᠦᠬᠦᠷᠢᠭ ᠪᠣᠯᠭᠠᠵᠣ᠂ ᠬᠤᠳᠠ ᠬᠦᠳᠡᠭᠡ | ᠶᠢᠨ ᠰᠠᠭᠤᠭᠠᠯᠢ ᠠᠷᠠᠳ ᠤᠨ ᠦᠨᠳᠣᠰᠣᠨ ᠨᠠᠰᠣᠵᠢᠯ ᠤᠨ ᠮᠦᠩᠬᠦ ᠶᠢ ᠰᠠᠷ᠎ᠠ ᠪᠣᠯᠭᠠᠨ 68 ᠲᠦᠬᠦᠷᠢᠭ ᠳᠡᠬᠡᠭᠰᠢᠯᠡᠬᠦᠯᠵᠣ ᠠᠵᠣ ᠠᠬᠤᠶᠢᠯᠡᠯ ᠤᠨ ᠠᠵᠢᠯᠴᠢᠨ | ᠤ ᠨᠠᠰᠦᠵᠢᠯ ᠤᠨ ᠳᠠᠭᠠᠳᠬᠠᠯ ᠤᠨ ᠰᠦᠢᠳᠬᠡᠯ ᠳᠣᠰᠢᠶᠠᠬᠤ ᠨᠣᠷᠮ᠎ᠠ ᠶᠢ 1% ᠪᠠᠷ ᠳᠣᠷᠣᠭᠰᠢᠯᠠᠭᠤᠯᠪᠠ᠃ ᠪᠦᠬᠦ ᠣᠯᠣᠰ ᠤᠨ ᠡᠷᠡᠬᠦᠯ ᠡᠩᠬᠡ ᠶᠢ ᠠᠬᠢᠭᠤᠯᠬᠤ | ᠬᠤᠰᠢᠭᠤ ᠶᠢ ᠡᠬᠢᠯᠡᠬᠦᠯᠥᠨ ᠪᠦᠳᠦᠬᠡᠨ ᠪᠠᠶᠢᠭᠤᠯᠵᠣ᠂ ᠦᠪᠡᠷᠳᠡᠬᠡᠨ ᠵᠠᠰᠠᠬᠤ ᠣᠷᠣᠨ ᠤ ᠣᠳᠠᠭᠠᠨ ᠴᠢᠨᠡᠷᠳᠡᠢ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠬᠦ | ᠵᠢᠱᠢᠶᠠᠴᠢ ᠣᠷᠣᠨ ᠢ ᠡᠬᠦᠳᠣᠨ ᠪᠠᠶᠢᠭᠤᠯᠵᠣ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠤᠷᠤᠭᠤᠯᠤᠨ ᠬᠢᠵᠢᠭ ᠢ | ᠡᠵᠡᠮᠳᠡᠬᠦ ᠲᠦᠪ ᠤᠨ ᠬᠠᠯᠳᠠᠪᠤᠷᠢᠲᠤ ᠡᠪᠡᠳᠴᠢᠨ ᠢ ᠪᠠᠴᠢᠮ ᠰᠢᠢᠳᠪᠦᠷᠢᠯᠡᠬᠦ ᠲᠤᠷᠰᠢᠯᠲᠠ ᠶᠢᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ | ᠴᠢᠩᠬᠤᠸᠠ ᠶᠡᠭᠡ ᠰᠣᠷᠭᠠᠭᠤᠯᠢ ᠶᠢᠨ ᠨᠢᠬᠡᠳᠣᠬᠡᠷ ᠬᠠᠷᠢᠶᠠᠳᠣ ᠡᠮᠨᠡᠯᠬᠡ ᠶᠢᠨ ᠬᠤᠷᠢᠶ᠎ᠠ᠂ ᠣᠯᠠᠨ ᠣᠯᠣᠰ ᠤᠨ ᠮᠣᠩᠭᠤᠯ ᠡᠮᠨᠡᠯᠬᠡ ᠶᠢᠨ ᠬᠤᠷᠢᠶ᠎ᠠ ᠵᠡᠷᠬᠡ ᠡᠮᠨᠡᠯᠭᠡ | ᠶᠢᠨ ᠬᠤᠷᠢᠶᠠᠨ ᠤ ᠨᠠᠷᠠᠳᠣ ᠳᠣᠰᠬᠠᠢ ᠮᠡᠷᠬᠡᠵᠢᠯᠳᠡᠨ ᠢ ᠮᠠᠨ ᠤ ᠬᠤᠰᠢᠭᠤᠨ ᠳᠤ ᠣᠷᠢᠵᠦ ᠠᠪᠴᠢᠷᠠᠨ ᠠᠯᠪᠠᠨ ᠵᠢᠷᠣᠮ ᠤᠨ ᠡᠮᠴᠢᠯᠡᠬᠡᠨ ᠤ ᠠᠵᠢᠯᠯᠠᠭ᠎ᠠ ᠶᠢ 9 | ᠣᠳᠠᠭ᠎ᠠ ᠲᠦᠪᠯᠡᠷᠡᠬᠦᠯᠦᠨ ᠦᠷᠨᠢᠬᠦᠯᠵᠣ 65 ᠪᠦᠬᠦᠯᠢ ᠨᠠᠰᠤᠨ ᠠᠴᠠ ᠲᠡᠭᠡᠭᠰᠢᠬᠢ ᠨᠠᠰᠤᠲᠠᠶᠢᠴᠤᠳ ᠲᠤ ᠠᠭᠤᠰᠬᠢ ᠶᠢᠨ ᠦᠷᠪᠢᠰᠦᠯ᠂ ᠲᠠᠭᠰᠢᠭᠤᠷ ᠤᠨ | ᠸᠠᠺᠼᠢᠨ ᠢ ᠰᠦᠢᠳᠬᠡᠯ ᠬᠤᠷᠢᠶᠠᠬᠤ ᠦᠭᠡᠢ ᠪᠠᠷ ᠳᠠᠷᠢᠨ 4900 ᠭᠠᠷᠦᠢ ᠬᠦᠮᠦᠨ ᠳᠤ ᠠᠰᠢᠭ ᠬᠦᠷᠳᠡᠬᠡᠪᠠ᠃ ᠭᠠᠳᠠᠭᠰᠢ ᠭᠠᠷᠴᠣ ᠳᠣᠭᠯᠠᠯᠳᠠ ᠭᠠᠷᠭᠠᠭᠰᠠᠨ | ᠰᠣᠶᠣᠯ ᠤᠨ ᠦᠷ᠎ᠡ ᠪᠦᠳᠣᠮᠵᠢ ᠢᠶᠠᠷ ᠰᠠᠶᠢᠨ ᠪᠠᠶᠢᠵᠣ ᠣᠯᠠᠭᠠᠠᠮᠦ᠋ᠴᠢᠷ᠂ ᠮᠣᠷᠢᠨ ᠬᠤᠭᠤᠷ ᠤᠨ ᠰᠢᠮᠫᠣᠨᠢ ᠬᠦᠭᠵᠢᠮ ᠤᠨ ᠪᠦᠯᠬᠦᠮ ᠨᠢ ᠭᠧᠷᠮᠠᠨ᠂ ᠹᠷᠠᠨᠼᠢ | ᠵᠡᠷᠬᠡ ᠤᠯᠤᠰ ᠣᠷᠣᠨ ᠢᠶᠠᠷ ᠬᠦᠷᠴᠣ ᠰᠣᠶᠣᠯ ᠤᠨ ᠰᠣᠯᠢᠯᠴᠠᠭᠠᠨ ᠤ ᠳᠣᠭᠯᠠᠯᠳᠠ ᠭᠠᠷᠭᠠᠵᠣ ᠳᠠᠯ᠎ᠠ ᠨᠣᠳᠤᠭ ᠤᠨ ᠰᠣᠶᠣᠯ ᠤᠨ ᠭᠠᠶᠢᠬᠠᠮᠰᠢᠭᠳᠣ ᠰᠠᠶᠢᠬᠠᠨ | ᠢᠷᠡᠭᠤ ᠡᠬᠡᠰᠢᠭ ᠢᠶᠠᠷ ᠡᠶ᠎ᠡ ᠵᠣᠬᠢᠴᠠᠯᠳᠣ ᠨᠦᠬᠦᠷᠯᠡᠯ ᠤᠨ ᠠᠶᠠᠰ ᠢ ᠴᠣᠣᠷᠢᠶᠠᠳᠣᠭᠤᠯᠪᠠ︔ ︽ᠳᠣᠭᠠᠴᠠᠯᠠᠭᠰᠠᠨ ᠰᠣᠶᠣᠯ ᠢ ᠮᠠᠯᠴᠢᠳ ᠤᠨ ᠬᠡᠷ ᠲᠤ ᠬᠦᠷᠬᠡᠬᠦ︾ | ᠢᠨᠵᠧᠨᠧᠷᠢᠩ ᠤᠨ ᠪᠠᠶᠢᠭᠤᠯᠣᠯᠳᠠ ᠪᠠ ︽ᠭᠤᠷᠪᠠ ᠶᠢ ᠬᠦᠳᠡᠭᠡ ᠪᠠᠭᠤᠯᠭᠠᠬᠤ︾᠂ ᠣᠯᠠᠨ ᠬᠤᠷᠠᠬᠤ ᠣᠳᠬ᠎ᠠ ᠣᠷᠠᠯᠢᠭ ᠤᠨ ᠴᠢᠭᠤᠯᠭᠠᠨ᠂ ᠰᠣᠶᠣᠯ ᠤᠨ | ᠳᠣᠭᠤᠶᠢᠯᠡᠩ ᠤᠨ ᠦᠵᠡᠬᠦᠯᠥᠯᠬᠡ ᠶᠢᠨ ᠳᠣᠭᠯᠠᠯᠳᠠ ᠵᠡᠷᠬᠡ ᠠᠵᠢᠯᠯᠠᠭ᠎ᠠ ᠶᠢ ᠦᠷᠨᠢᠬᠦᠯᠵᠣ ᠦᠨᠳᠣᠰᠣᠨ ᠱᠠᠳᠣᠨ ᠤ ᠰᠣᠶᠣᠯ ᠤᠨ ᠠᠮᠢᠳᠣᠷᠠᠯ ᠢ | ᠪᠠᠶᠠᠯᠢᠭᠵᠢᠭᠤᠯᠵᠣ ᠦᠨᠳᠣᠰᠣᠨ ᠱᠠᠳᠣᠨ ᠤ ᠣᠯᠠᠨ ᠨᠠᠶᠢᠳᠠ ᠶᠢᠨ ᠰᠣᠶᠣᠯ ᠤᠨ ᠣᠶᠢᠯᠡᠴᠢᠯᠡᠬᠡᠨ ᠤ ︽ᠬᠠᠮᠤᠭ ᠡᠴᠣᠰ ᠤᠨ ᠨᠢᠬᠡ ᠺᠢᠯᠥᠮᠧᠲᠷ︾ ᠢ | ᠰᠢᠯᠣᠭᠤᠳᠬᠠᠪᠠ᠃ | ︵ᠵᠢᠷᠭᠤᠭ᠎ᠠ︶ ᠦᠬᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠣ ᠬᠦᠭᠵᠢᠯᠳᠡ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠠ ᠳᠣᠪᠣᠶᠢᠪᠠ᠃ | ᠬᠦᠮᠦᠷᠬᠡᠯᠡᠭᠳᠡᠵᠣ ᠪᠠᠶᠢᠬᠤ ᠳᠠᠸᠡᠷ ᠤᠨ ᠬᠡᠷ ᠪᠠᠶᠢᠰᠢᠩ ᠢ 32.6 ᠲᠦᠮᠡᠨ ᠳᠡᠭᠰᠢ ᠲᠦᠷᠪᠠᠯᠵᠢᠨ ᠮᠧᠲᠷ ᠰᠢᠢᠳᠪᠣᠷᠢᠯᠡᠪᠠ᠃ ᠵᠦᠩ ᠮᠧᠢ ᠪᠦᠯᠥᠭᠯᠡᠯ ᠤᠨ ᠮᠧᠩ | ᠳ᠋ᠠ ᠺᠣᠮᠫᠠᠨᠢ ᠨᠢ ᠣᠯᠣᠰ ᠤᠨ ᠣᠶᠣᠨᠴᠢ ᠣᠶᠢᠯᠡᠳᠪᠣᠷᠢ ᠶᠢᠨ ᠵᠢᠱᠢᠶᠠᠴᠢ ᠳᠣᠷᠰᠢᠯᠳᠡ ᠶᠢᠨ ᠴᠡᠭ ᠢᠶᠠᠷ ᠰᠣᠩᠭᠤᠭᠳᠠᠵᠣ᠂ ᠵᠦᠩ ᠲᠢᠶᠠᠨ ᠾᠧ ᠴᠤᠸᠠᠩ | ᠺᠣᠮᠫᠠᠨᠢ ᠨᠢ ᠣᠯᠣᠰ ᠤᠨ ᠦᠨᠳᠤᠷ ᠰᠢᠨ᠎ᠡ ᠮᠡᠷᠬᠡᠵᠢᠯ ᠤᠨ ᠠᠵᠣ ᠠᠬᠤᠶᠢᠯᠡᠯ ᠢᠶᠠᠷ ᠳᠣᠭᠳᠠᠭᠠᠭᠳᠠᠨ ᠬᠡᠷᠡᠭᠯᠡᠬᠡᠨ ᠤ ᠰᠢᠨ᠎ᠡ ᠬᠡᠯᠪᠠᠷᠢ ᠶᠢᠨ ᠳᠣᠰᠬᠠᠢ ᠠᠰᠢᠭ ᠢ | ᠰᠢᠨ᠎ᠡ ᠪᠠᠷ 30 ᠨᠡᠮᠡᠭᠳᠡᠬᠦᠯᠵᠣ᠂ ᠰᠢᠨᠵᠢᠯᠡᠬᠦ ᠣᠬᠠᠭᠠᠨᠴᠢ ᠪᠠᠷ ᠰᠢᠨ᠎ᠡ ᠶᠢ ᠡᠬᠦᠳᠬᠦ ᠬᠦᠭᠵᠢᠯᠳᠡ ᠶᠢᠨ ᠬᠢᠷᠢ ᠲᠦᠪᠰᠢᠨ ᠢ ᠯᠠᠪᠳᠠᠭᠤᠨ ᠳᠡᠭᠡᠭᠰᠢᠯᠡᠬᠦᠯᠪᠠ︔ | ᠠᠵᠣ ᠠᠬᠤᠶᠢᠯᠡᠯ ᠤᠨ ᠳᠡᠩᠰᠡᠯᠡᠯᠳᠡ ᠶᠢᠨ ᠪᠦᠬᠦ ᠶᠠᠪᠣᠴᠠ ᠶᠢ ᠡᠯᠺᠲᠷᠣᠨᠴᠢᠯᠠᠬᠤ ᠵᠡᠷᠬᠡ ᠲᠦᠬᠦᠮ ᠲᠦᠳᠡ ᠠᠷᠭ᠎ᠠ ᠪᠠᠷᠢᠯ ᠢ ᠨᠠᠶᠢᠳᠠᠪᠣᠷᠢᠵᠢᠭᠤᠯᠵᠣ 2522 | ᠵᠠᠬ᠎ᠠ ᠳᠡᠯᠬᠡᠬᠦᠷ ᠤᠨ ᠭᠤᠣᠯ ᠴᠣᠭᠴᠠ ᠶᠢ ᠰᠢᠨ᠎ᠡ ᠪᠠᠷ ᠳᠠᠩᠰᠠᠯᠠᠪᠠ︔ ᠮᠠᠨ ᠤ ᠬᠤᠰᠢᠭᠤ ᠠᠴᠠ ᠭᠤᠣᠯᠯᠠᠨ ᠳᠣᠭᠳᠠᠭᠠᠭᠰᠠᠨ ︽ᠰᠣᠮᠣ ᠪᠠᠯᠭᠠᠰᠣᠨ ᠤ ᠠᠷᠠᠳ | ᠲᠤ ᠲᠦᠬᠦᠮ ᠦᠵᠡᠬᠦᠯᠬᠦ ᠣᠶᠢᠯᠡᠴᠢᠯᠡᠬᠡᠨ ᠤ ᠲᠦᠪ ᠤᠨ ᠪᠦᠳᠦᠬᠡᠨ ᠪᠠᠶᠢᠭᠤᠯᠣᠯᠳᠠ ᠶᠢᠨ ᠲᠦᠷᠢᠮᠵᠢᠯ︾ ︵ᠦᠪᠡᠷᠳᠡᠬᠡᠨ ᠵᠠᠰᠠᠬᠤ ᠣᠷᠣᠨ ᠤ ᠪᠠᠷᠢᠮᠵᠢᠶ᠎ᠠ︶ ᠢ | ᠨᠠᠶᠢᠳᠠᠯᠠᠨ ᠬᠡᠷᠡᠭᠵᠢᠬᠦᠯᠪᠠ︔ ︽ᠨᠢᠬᠡ ᠰᠦᠯᠵᠢᠶᠠᠨ ᠳᠡᠬᠡᠷ᠎ᠡ᠂ ᠨᠢᠬᠡ ᠭᠠᠵᠠᠷ ᠲᠤ᠂ ᠨᠢᠬᠡ ᠯᠡ ᠣᠳᠠᠭ᠎ᠠ ᠳᠡᠬᠡᠷ᠎ᠡ ᠬᠦᠢᠴᠡᠳᠬᠡᠬᠦ︾ ᠦᠬᠡᠷᠡᠴᠢᠯᠡᠯᠳᠡ ᠶᠢ | ᠲᠦᠯᠬᠢᠨ ᠠᠬᠢᠭᠤᠯᠵᠣ ᠬᠢᠨᠡᠨ ᠵᠦᠪᠰᠢᠶᠡᠷᠡᠬᠦᠯᠬᠦ ᠣᠴᠢᠷ ᠶᠠᠪᠣᠳᠠᠯ ᠢ ᠲᠦᠪᠯᠡᠷᠡᠬᠦᠯᠥᠨ ᠬᠦᠢᠴᠡᠳᠬᠡᠬᠦ ᠨᠣᠷᠮ᠎ᠠ ᠶᠢ 90% ᠳᠤ ᠬᠦᠷᠬᠡᠨ ︽ᠳᠠᠷᠦᠢ ᠳᠤᠨᠢ | ᠬᠦᠢᠴᠡᠳᠬᠡᠬᠦ᠂ ᠰᠦᠯᠵᠢᠶᠠᠨ ᠳᠡᠬᠡᠷ᠎ᠡ ᠬᠦᠢᠴᠡᠳᠬᠡᠬᠦ᠂ ᠬᠠᠮᠤᠭ ᠣᠶᠢᠷ᠎ᠠ ᠭᠠᠵᠠᠷ ᠲᠤ ᠬᠦᠢᠴᠡᠳᠬᠡᠬᠦ᠂ ᠨᠢᠭᠡ ᠯᠠ ᠣᠳᠠᠭ᠎ᠠ ᠳᠡᠬᠡᠷ᠎ᠡ ᠬᠦᠢᠴᠡᠳᠬᠡᠬᠦ︾ ᠣᠴᠢᠷ | ᠶᠠᠪᠣᠳᠠᠯ ᠢ 391 ᠬᠤᠪᠢ ᠨᠡᠶᠢᠳᠠᠯᠠᠵᠣ ᠠᠵᠢᠯ ᠬᠦᠢᠴᠡᠳᠬᠡᠬᠦ ᠴᠠᠭ ᠤᠨ ᠬᠢᠵᠠᠭᠠᠷ ᠢ ᠬᠠᠣᠯᠢ ᠳᠤ ᠳᠣᠭᠳᠠᠭᠠᠭᠰᠠᠨ ᠴᠠᠭ ᠤᠨ ᠬᠢᠵᠠᠭᠠᠷ ᠤᠨ ᠬᠠᠭᠠᠰ ᠠᠴᠠ | ᠳᠡᠬᠡᠭᠰᠢ ᠪᠠᠭᠠᠰᠬᠠᠪᠠ︔ ᠭᠠᠷ ᠣᠳᠠᠰᠣᠨAPP ᠢᠶᠠᠷ ᠠᠵᠢᠯ ᠠᠴᠠ ᠪᠠᠨ ᠠᠮᠠᠷᠠᠭᠰᠠᠨ ᠬᠦᠮᠦᠰ ᠤᠨ ᠠᠮᠢᠳᠣ ᠮᠠᠨᠳᠣ ᠪᠠᠶᠢᠬᠤ ᠶᠢ ᠬᠡᠷᠡᠴᠢᠯᠡᠨ ᠨᠣᠳᠠᠯᠠᠬᠤ᠂ ︽ | ᠬᠤᠷᠣᠭᠤᠨ ᠦᠵᠦᠬᠦᠷ ᠲᠠᠬᠢ ᠳᠣᠮᠢᠯᠠᠭᠰᠠᠨ ᠰᠠᠯᠪᠣᠷᠢ︾ ᠵᠡᠷᠬᠡ ᠨᠢᠬᠡ ᠪᠦᠯᠥᠭ ᠠᠷᠠᠳ ᠲᠤ ᠲᠦᠬᠦᠮ ᠦᠵᠡᠬᠦᠯᠬᠦ ᠣᠶᠢᠯᠡᠴᠢᠯᠡᠬᠡᠨ ᠤ ᠠᠷᠭ᠎ᠠ ᠪᠠᠷᠢᠯ ᠢ | ᠬᠡᠷᠡᠭᠯᠡᠵᠦ ᠮᠣᠵᠢ ᠠᠯᠣᠰᠯᠠᠨ ᠡᠮᠴᠢᠯᠡᠬᠦᠯᠦᠭᠰᠡᠨ ᠰᠦᠢᠳᠬᠡᠯ ᠢ ᠰᠢᠭᠤᠳ ᠳᠠᠩᠰᠠᠨ ᠠᠴᠠ ᠳᠠᠶᠢᠯᠬᠤ ᠶᠢ ᠪᠠᠶᠠᠯᠡᠬᠦᠯᠪᠠ︔ ᠳᠠᠭᠠᠭᠤᠯᠢ ᠣᠳᠣᠨ ᠠᠯᠣᠰ | ᠡᠵᠡᠮᠰᠢᠯᠳᠣ ᠵᠢᠷᠤᠭ ᠲᠦᠷᠰᠣ ᠪᠠᠷ ᠭᠠᠵᠠᠷ ᠰᠢᠷᠦᠢ ᠶᠢ ᠪᠠᠶᠢᠴᠠᠭᠠᠬᠤ ᠬᠠᠣᠯᠢ ᠬᠡᠷᠡᠭᠵᠢᠬᠦᠯᠥᠯᠳᠡ ᠪᠠ ᠵᠣᠷᠰᠢᠯ ᠬᠢᠨᠡᠨ ᠪᠠᠶᠢᠴᠠᠭᠠᠯᠳᠠ ᠴᠡᠭᠴᠡᠯᠡᠨ | ᠰᠠᠶᠢᠵᠢᠷᠠᠭᠤᠯᠣᠯᠳᠠ ᠶᠢᠨ ᠠᠵᠢᠯ ᠢ ᠲᠦᠷᠬᠡᠳᠬᠡᠨ ᠠᠬᠢᠭᠤᠯᠵᠣ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠷᠢ ᠶᠢᠨ ᠬᠦᠰᠦᠨᠦᠭᠳᠣ ᠶᠢ | ᠨᠠᠶᠢᠷᠠᠭᠤᠯᠬᠤ ᠠᠵᠢᠯ ᠱᠠᠳᠣᠴᠢ ᠴᠢᠨᠡᠷᠳᠡᠢ ᠠᠬᠢᠯᠳᠠ ᠲᠠᠢ ᠪᠣᠯᠪᠠ᠃ ᠭᠠᠵᠠᠷ ᠰᠢᠷᠦᠢ᠂ ᠨᠣᠳᠤᠭ ᠪᠠᠯᠴᠢᠬᠡᠷ ᠤᠨ ᠡᠷᠬᠡ ᠶᠢ ᠳᠣᠭᠳᠠᠭᠠᠵᠣ ᠳᠠᠩᠰᠠᠯᠠᠨ ᠦᠨᠡᠮᠯᠡᠯ | ᠣᠯᠭᠤᠭᠰᠠᠨ ᠨᠣᠷᠮ᠎ᠠ ᠶᠢ 96 %᠂ 92% ᠬᠦᠷᠬᠡᠵᠣ ᠦᠭᠡᠷᠡᠴᠢᠯᠡᠯᠲᠡ ᠶᠢᠨ ᠲᠤᠭᠳᠠᠭᠠᠭᠰᠠᠨ ᠡᠭᠦᠷᠭᠡ ᠶᠢ ᠪᠦᠳᠦᠬᠡᠯᠴᠢ ᠪᠠᠷ ᠪᠡᠶᠡᠯᠡᠬᠦᠯᠵᠦ ᠬᠦᠭᠵᠢᠯᠲᠡ | ᠳᠤ ᠠᠮᠢᠵᠢᠷᠠᠯ ᠤᠨ ᠬᠦᠴᠦᠨ ᠨᠡᠮᠡᠷᠢᠯᠡᠪᠡ᠃ ᠪᠦᠬᠦ ᠣᠯᠣᠰ ᠤᠨ ᠬᠤᠶᠠᠳᠣᠭᠠᠷ ᠪᠦᠯᠥᠭ ᠮᠠᠯ ᠳᠠᠷᠢᠶᠠᠯᠠᠩ ᠤᠨ ᠪᠦᠳᠦᠬᠡᠭᠳᠡᠬᠦᠨ ᠤ ᠶᠠᠰᠣ ᠴᠢᠨᠡᠷ ᠤᠨ ᠠᠶᠣᠯᠬᠦᠢ | ᠬᠤᠰᠢᠭᠤ ᠶᠢᠨ ᠡᠬᠦᠳᠣᠨ ᠪᠠᠶᠢᠭᠤᠯᠣᠯᠳᠠ ᠶᠢᠨ ᠠᠵᠢᠯ ᠰᠢᠯᠭᠠᠨ ᠬᠤᠷᠢᠶᠠᠯᠳᠠ ᠶᠢ ᠲᠤᠭᠤᠯᠵᠦ᠂ 230 ᠭᠠᠷᠦᠢ ᠮᠠᠯ ᠳᠠᠷᠢᠶᠠᠯᠠᠩ ᠠᠵᠣ ᠠᠬᠤᠢ ᠶᠢᠨ ᠠᠵᠣ | ᠠᠬᠤᠶᠢᠯᠡᠯ ︵ᠵᠣᠬᠢᠶᠠᠨ ᠪᠠᠶᠢᠭᠤᠯᠣᠯᠳᠠ︶ ᠤᠨ ᠪᠦᠳᠦᠬᠡᠭᠳᠡᠬᠦᠨ ᠪᠠ ᠣᠷᠣᠨ ᠨᠣᠳᠤᠭ ᠤᠨ ᠭᠠᠷᠣᠯᠳᠠᠳᠣ ᠢᠳᠡᠬᠡᠨ ᠢ ᠮᠦᠷᠳᠡᠵᠣ ᠪᠣᠯᠬᠤ ᠪᠤᠯᠭᠠᠵᠦ᠂ ᠢᠳᠡᠬᠡᠨ | ᠣᠮᠳᠠᠭᠠᠨ ᠤ ᠠᠮᠣᠷ ᠲᠦᠪᠰᠢᠨ ᠨᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠢᠬᠡᠳᠣᠯᠳᠡᠢ ᠬᠦᠷᠢᠶᠠᠯᠠᠯ ᠢ ᠣᠯᠣᠭᠰᠠᠨ ᠪᠠᠶᠢᠨ᠎ᠠ᠃ | ︵ᠳᠣᠯᠤᠭ᠎ᠠ︶ ᠳᠠᠶᠠᠭᠠᠷ ᠢᠶᠠᠨ ᠰᠠᠳᠬᠢᠯ ᠨᠢᠬᠡᠳᠣᠨ ᠡᠶ᠎ᠡ ᠵᠣᠬᠢᠴᠠᠯ ᠢ ᠠᠬᠢᠭᠤᠯᠵᠣ ᠨᠡᠶᠢᠬᠡᠮ ᠨᠠᠶᠢᠳᠠ ᠪᠠᠷ ᠢᠶᠠᠨ ᠠᠮᠣᠷ ᠳᠣᠭᠳᠠᠭᠤᠨ ᠪᠣᠯᠪᠠ᠃ | ᠦᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠣᠢ ᠶᠢ ᠪᠡᠯᠬᠡᠯᠡᠬᠦ ᠣᠯᠣᠰ ᠢᠶᠠᠨ ᠬᠠᠶᠢᠷᠠᠯᠠᠬᠤ ᠬᠦᠮᠦᠵᠢᠯ ᠤᠨ ᠲᠤᠰᠬᠠᠢ ᠰᠡᠲᠤᠪᠲᠤ ᠰᠢᠷᠢᠰ ᠠᠵᠢᠯᠯᠠᠭ᠎ᠠ ᠶᠢ | ᠡᠷᠬᠢᠯᠡᠪᠠ᠃ ᠪᠦᠬᠦ ᠣᠷᠣᠨ ᠤ ᠦᠨᠳᠣᠰᠣᠳᠠᠨ ᠤ ᠪᠦᠯᠬᠦᠮᠳᠠᠯ ᠳᠠᠪᠰᠢᠯᠳᠠ ᠶᠢᠨ ᠡᠬᠦᠳᠣᠨ ᠪᠠᠶᠢᠭᠤᠯᠣᠯᠳᠠ ᠶᠢᠨ ᠳᠣᠷᠰᠢᠯᠭ᠎ᠠ ᠰᠣᠯᠢᠯᠴᠡᠬᠤ ᠳᠣᠬᠠᠢ ᠶᠢᠨ | ᠳᠠᠯᠠᠪᠣᠷ ᠤᠨ ᠬᠤᠷᠠᠯ ᠢ ᠳᠠᠭᠠᠭᠠᠴᠢᠯᠡᠨ ᠡᠷᠬᠢᠯᠡᠵᠣ ᠮᠣᠩᠭᠤᠯ ᠬᠡᠯᠡᠨ ᠤ ᠵᠠᠰᠠᠭ ᠤᠨ ᠶᠠᠪᠣᠳᠠᠯ ᠤᠨ ᠰᠦᠯᠵᠢᠶ᠎ᠠ ᠶᠢ ᠠᠰᠢᠭᠯᠠᠯᠳᠠ ᠳᠤ ᠣᠷᠣᠭᠤᠯᠤᠨ | ᠦᠣᠰᠢᠨᠵᠣᠣ ᠰᠦᠮ᠎ᠡ ᠶᠢᠨ ᠴᠠᠭᠠᠨ ᠰᠣᠪᠣᠷᠭ᠎ᠠ ᠶᠢ ᠪᠠᠬᠢᠵᠢᠬᠦᠯᠵᠣ ᠴᠦᠬᠡᠨ ᠳᠣᠭᠠᠳᠣ ᠦᠨᠳᠣᠰᠣᠳᠠᠨ ᠤ ᠠᠮᠢᠳᠣᠷᠠᠯ ᠬᠦᠴᠢᠷᠳᠡᠯᠳᠡᠢ ᠣᠯᠠᠨ ᠲᠦᠮᠡᠨ ᠳᠤ | 350 ᠠᠮᠣᠭᠤᠯᠠᠩ ᠣᠷᠣᠨ ᠰᠠᠭᠤᠴᠠ ᠶᠢ ᠪᠠᠷᠢᠨ ᠦᠭᠴᠣ ᠪᠦᠬᠦ ᠣᠯᠣᠰ ᠤᠨ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠵᠢᠱᠢᠶᠠᠴᠢ ᠬᠤᠰᠢᠭᠤ ᠶᠢ | ᠠᠮᠵᠢᠯᠳᠠᠳᠠᠢ ᠡᠭᠦᠳᠦᠨ ᠪᠠᠶᠢᠭᠤᠯᠪᠠ᠃ ᠮᠠᠨ ᠤ ᠬᠤᠰᠢᠭᠤᠨ ᠤ ᠳᠠᠮᠢᠷᠴᠢᠳ ᠦᠪᠡᠷᠳᠡᠬᠡᠨ ᠵᠠᠰᠠᠬᠤ ᠣᠷᠣᠨ ᠤ ᠠᠷᠪᠠᠨ ᠲᠦᠷᠪᠡᠳᠣᠬᠡᠷ ᠬᠤᠭᠤᠴᠠᠭᠠᠨ ᠤ ᠪᠠᠶ᠎ᠠ | ᠳᠠᠮᠢᠷ ᠤᠨ ᠴᠣᠭᠯᠠᠭᠠᠨ ᠳᠡᠬᠡᠷ᠎ᠡ ᠰᠢᠯᠢᠳᠡᠭ ᠬᠢᠷᠢ ᠪᠦᠳᠣᠮᠵᠢ ᠣᠯᠵᠣ ᠰᠣᠷ ᠬᠠᠷᠪᠣᠬᠤ᠂ ᠠᠨᠳᠠᠢ ᠪᠠᠶ᠎ᠠ ᠴᠢᠬᠢᠷᠠᠭᠵᠢᠭᠤᠯᠬᠤ ᠳᠠᠮᠢᠷ ᠵᠡᠷᠬᠡ ᠲᠦᠷᠥᠯ ᠤᠨ | ᠤᠷᠤᠯᠳᠤᠭᠠᠨ ᠳᠤ 4 ᠠᠯᠳᠠᠨ ᠮᠧᠳᠡᠯ 2 ᠮᠦᠩᠬᠦᠨ ᠮᠧᠳᠡᠯ ᠢ ᠬᠦᠷᠳᠡᠵᠡᠢ᠃ 34 ᠲᠥᠷᠥᠯ ᠤᠨ ᠱᠠᠩᠨᠠᠵᠣ ᠳᠣᠷᠭᠠᠬᠤ ᠠᠷᠭ᠎ᠠ ᠪᠠᠷᠢᠯ ᠢ ᠳᠣᠭᠳᠠᠭᠠᠵᠣ | ᠢᠳᠡᠬᠡᠯ ᠨᠠᠶᠢᠳᠠᠪᠣᠷᠢ ᠲᠠᠢ ᠶᠢ ᠨᠢ ᠱᠠᠩᠨᠡᠨ ᠬᠦᠭᠢᠬᠦᠯᠬᠦ ᠪᠠ ᠢᠳᠡᠬᠡᠯ ᠨᠠᠶᠢᠳᠠᠪᠣᠷᠢ ᠪᠠᠨ ᠠᠯᠳᠠᠭᠰᠠᠨ ᠢ ᠨᠢ ᠰᠢᠳᠬᠡᠨ ᠳᠣᠷᠭᠠᠬᠤ ᠲᠦᠷᠢᠮ ᠳᠣᠭᠳᠠᠭᠠᠯ ᠢ | ᠪᠦᠷᠢᠨᠰᠢᠬᠦᠯᠪᠠ᠃ ᠬᠠᠣᠯᠢ ᠴᠠᠭᠠᠵᠠ ᠶᠢᠨ ᠣᠬᠠᠭᠤᠯᠭ᠎ᠠ ᠶᠢ ᠠᠯᠪᠠᠨ ᠪᠠᠶᠢᠭᠤᠯᠭ᠎ᠠ᠂ ᠬᠦᠳᠡᠭᠡ ᠳᠣᠰᠬᠤᠨ᠂ ᠨᠡᠶᠢᠬᠡᠮ ᠳᠣᠭᠤᠷᠢᠭ᠂ ᠰᠣᠷᠭᠠᠭᠤᠯᠢ᠂ ᠠᠵᠣ | ᠠᠬᠤᠶᠢᠯᠡᠯ᠂ ᠠᠵᠢᠯ ᠣᠶᠢᠯᠡᠰ ᠤᠨ ᠪᠠᠶᠢᠭᠤᠯᠭ᠎ᠠ ᠨᠢᠬᠡᠴᠢ᠂ ᠰᠦᠮ᠎ᠡ ᠬᠡᠶᠢᠳ ᠲᠤ ᠣᠷᠣᠭᠤᠯᠬᠤ ᠠᠵᠢᠯᠯᠠᠭ᠎ᠠ ᠶᠢ ᠦᠷᠨᠢᠬᠦᠯᠵᠣ ᠠᠶᠣᠯᠬᠦᠢ ᠶᠢᠨ ᠳᠠᠯᠳᠡ ᠬᠡᠮ ᠢ | ᠳᠠᠷᠠᠭᠠᠯᠠᠨ ᠪᠠᠶᠢᠴᠠᠭᠠᠬᠤ ᠪᠠ ᠵᠦᠷᠢᠴᠡᠯ ᠵᠢᠭᠤᠷᠠᠭᠠᠨ ᠢ ᠰᠢᠢᠳᠪᠣᠷᠢᠯᠡᠬᠦ ᠠᠵᠢᠯ ᠢ ᠴᠢᠩᠭᠠᠳᠬᠠᠨ ︽ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ︾ | ᠳᠣᠰᠬᠠᠢ ᠲᠦᠷᠥᠯ ᠤᠨ ᠳᠠᠮᠠᠴᠠᠯ ᠱᠠᠳᠣᠴᠢ ᠴᠢᠨᠡᠷᠳᠡᠢ ᠦᠷ᠎ᠡ ᠪᠦᠳᠣᠮᠵᠢ ᠣᠯᠪᠠ᠃ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ ᠪᠦᠬᠦ | ᠳᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠤᠨ ᠵᠠᠰᠠᠭ ᠤᠨ ᠣᠷᠳᠣᠨ ᠤ ᠪᠠᠶᠢᠭᠤᠯᠣᠮᠵᠢ ᠶᠢᠨ | ᠦᠬᠡᠷᠡᠴᠢᠯᠡᠯᠳᠡ ᠶᠢ ᠲᠦᠯᠬᠢᠨ ᠠᠬᠢᠭᠤᠯᠵᠣ ᠳᠣᠭᠤᠷᠢᠨ ᠪᠠᠶᠢᠴᠠᠭᠠᠯᠳᠠ ᠴᠠᠭᠳᠠᠨ ᠪᠠᠶᠢᠴᠠᠭᠠᠯᠳᠠ ᠶᠢᠨ ᠬᠠᠷᠢᠭᠤ ᠳᠣᠰᠬᠠᠭᠰᠠᠨ ᠠᠰᠠᠭᠤᠳᠠᠯ ᠤᠨ ᠴᠡᠭᠴᠡᠯᠡᠯᠲᠡ | ᠶᠢ ᠴᠢᠩᠭᠠᠳᠬᠠᠪᠠ᠃ ︽ᠭᠤᠷᠪᠠᠨ ᠴᠢᠬᠤᠯᠠ ᠨᠢᠬᠡ ᠶᠡᠭᠡ︾ ᠲᠦᠷᠢᠮ ᠢ ᠴᠢᠩᠭ᠎ᠠ ᠬᠡᠷᠡᠭᠵᠢᠬᠦᠯᠣᠨ ᠬᠢᠨᠠᠨ ᠪᠣᠳᠣᠯᠳᠠ ᠶᠢᠨ ᠦᠷ᠎ᠡ ᠳ᠋ᠦᠩ ᠢ ᠰᠠᠶᠢᠲᠤᠷ | ᠬᠡᠷᠡᠭᠯᠡᠵᠦ ᠴᠢᠬᠤᠯᠠ ᠶᠡᠭᠡ ᠣᠴᠢᠷ ᠶᠠᠪᠣᠳᠠᠯ ᠤᠨ ᠰᠢᠢᠳᠪᠣᠷᠢᠳᠣ ᠪᠣᠳᠣᠯᠭ᠎ᠠ ᠶᠢ ᠨᠡᠩ ᠲᠦᠷᠢᠮᠵᠢᠬᠦᠯᠪᠠ᠃ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ | ᠤᠨ ᠬᠠᠣᠯᠢ ᠴᠠᠭᠠᠵᠠ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠲᠥᠯᠥᠬᠡᠯᠡᠭᠴᠢᠳ ᠤᠨ 83 ᠬᠤᠪᠢ ᠰᠠᠨᠠᠯ ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ | 64 ᠬᠤᠪᠢ ᠰᠠᠨᠠᠯ ᠳᠣᠷᠠᠳᠣᠯᠭ᠎ᠠ ᠶᠢ ᠬᠦᠢᠴᠡᠳᠬᠡᠪᠠ᠃ 4 ᠣᠳᠠᠭᠠᠨ ᠤ ᠰᠣᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠣᠭᠤᠯᠵᠣ ᠨᠡᠶᠢᠬᠡᠮ ᠨᠠᠶᠢᠳᠠ ᠪᠠᠷ | ᠢᠶᠠᠨ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠴᠠᠭ ᠳᠣᠬᠠᠢ ᠳᠤᠨᠢ ᠬᠠᠷᠢᠭᠤᠯᠳᠠ ᠦᠭᠬᠦᠭᠰᠡᠨ ᠪᠠᠶᠢᠨ᠎ᠠ᠃ ᠡᠬᠦᠨ ᠠᠴᠠ ᠭᠠᠳᠠᠨ᠎ᠠ ᠠᠷᠠᠳ ᠤᠨ ᠵᠠᠪᠰᠡᠭᠳᠣ | ᠬᠦᠴᠦᠨ᠂ ᠳᠠᠩᠰᠠ ᠡᠪᠬᠡᠮᠡᠯ ᠳᠡᠣᠬᠡ ᠣᠶᠢᠯᠠᠯᠭ᠎ᠠ᠂ ᠡᠮᠡᠭᠳᠡᠶᠢᠴᠣᠳ ᠬᠡᠣᠬᠡᠳ᠂ ᠠᠭᠠᠷ ᠤᠨ ᠰᠠᠷᠬᠡᠶᠢᠯᠡᠯᠳᠡ ᠴᠠᠭ ᠠᠭᠤᠷ᠂ ᠭᠠᠵᠠᠷ ᠬᠦᠳᠡᠯᠥᠯᠳᠡ ᠠᠴᠠ | ᠰᠡᠷᠬᠡᠶᠢᠯᠡᠵᠣ ᠭᠠᠮᠰᠢᠭ ᠢ ᠪᠠᠭᠠᠰᠬᠠᠬᠤ ᠵᠡᠷᠬᠡ ᠠᠵᠢᠯ ᠰᠢᠨ᠎ᠡ ᠳᠠᠪᠰᠢᠯᠳᠡ ᠲᠠᠢ ᠪᠣᠯᠪᠠ᠃ | ᠲᠥᠯᠥᠬᠡᠯᠡᠭᠴᠢᠳ ᠡ᠂ ᠦᠩᠬᠡᠷᠡᠭᠰᠡᠨ ᠨᠢᠬᠡ ᠵᠢᠯ ᠢᠶᠠᠨ ᠡᠷᠬᠢᠴᠡᠬᠦᠯᠪᠠᠯ ᠪᠢᠳᠡ ᠬᠦᠴᠢᠷ ᠪᠡᠷᠬᠡᠰᠢᠶᠠᠯ ᠪᠠ ᠨᠣᠭᠤᠷᠠᠯ ᠪᠦᠳᠦᠷᠡᠯ ᠳᠤ ᠳᠣᠯᠭᠠᠷᠠᠭᠰᠠᠨ ᠴᠤ | ᠡᠷᠡᠮᠡᠬᠡᠶᠢᠯᠡᠨ ᠣᠷᠣᠭᠰᠢᠯᠡᠵᠣ ᠠᠶᠣᠯ ᠲᠦᠭᠰᠢᠬᠦᠷᠢ ᠦᠷᠢᠰᠣᠯᠳᠣᠬᠡᠨ ᠳᠣᠯᠭᠠᠷᠠᠭᠰᠠᠨ ᠴᠣ᠋ ᠢᠮᠠᠭᠳᠠ ᠢᠳᠡᠬᠡᠯ ᠵᠣᠷᠢᠭ ᠳᠡᠬᠦᠯᠳᠡᠷ ᠪᠠᠶᠢᠵᠣ ᠠᠵᠠ ᠳᠣᠬᠢᠶᠠᠯ ᠪᠠ | ᠰᠣᠩᠭᠤᠯᠳᠠ ᠳᠤ ᠵᠣᠷᠢᠭᠳᠡᠢ ᠦᠷᠢᠰᠣᠯᠳᠣᠵᠣ ᠠᠷᠠᠳ ᠲᠦᠮᠡᠨ ᠤ ᠲᠥᠯᠥᠬᠡ ᠬᠠᠷᠢᠭᠤᠴᠠᠵᠦ ᠵᠣᠷᠢᠭᠳᠡᠢ ᠡᠬᠦᠷᠬᠡᠯᠡᠨ ᠬᠦᠴᠢᠷ ᠪᠡᠷᠬᠡᠰᠢᠶᠡᠯ ᠢ ᠢᠯᠡᠨ ᠳᠡᠪᠠᠭ᠋ᠣ | ᠵᠣᠷᠢᠭ ᠰᠦᠯᠳᠡ ᠪᠠᠷ ᠠᠷᠠᠳ ᠢᠶᠠᠨ ᠪᠠᠶᠠᠵᠢᠭᠤᠯᠵᠦ ᠬᠤᠰᠢᠭᠤ ᠪᠠᠨ ᠬᠦᠴᠦᠷᠬᠡᠭᠵᠢᠬᠦᠯᠤᠨ ᠴᠢᠨᠡᠷ ᠰᠠᠶᠢᠳᠡᠢ ᠬᠦᠭᠵᠢᠯᠳᠡ ᠶᠢᠨ ᠵᠠᠮ ᠢᠶᠠᠷ ᠰᠢᠭᠤᠷᠬᠠᠢ | ᠣᠷᠣᠭᠰᠢᠯᠠᠪᠠ᠃ ᠨᠢᠬᠡ ᠵᠢᠯ ᠤᠨ ᠳᠣᠷᠰᠢᠬᠢ ᠳᠠᠪᠰᠢᠯᠳᠡ ᠬᠦᠭᠵᠢᠯᠳᠡ ᠨᠢ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ᠂ ᠬᠤᠰᠢᠭᠤ | ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠬᠡᠨ ᠪᠠ ᠨᠡᠶᠢᠬᠡᠮ ᠤᠨ ᠡᠯ᠎ᠡ ᠡᠲᠡᠭᠡᠳ ᠤᠨ ᠬᠢᠨ ᠤ ᠬᠢᠨᠠᠯᠳᠠ ᠳᠡᠮᠵᠢᠯᠬᠡ | ᠠᠴᠠ ᠪᠣᠯᠣᠭᠰᠠᠨ ᠶᠣᠮ᠂ ᠪᠦᠬᠦ ᠬᠤᠰᠢᠭᠤᠨ ᠤ ᠡᠯ᠎ᠡ ᠦᠨᠳᠣᠰᠣᠳᠠᠨ ᠤ ᠺᠠᠳ᠋ᠷ ᠣᠯᠠᠨ ᠲᠦᠮᠡᠨ ᠤ ᠰᠢᠷᠭᠠᠭᠤ ᠴᠢᠷᠮᠠᠶᠢᠯᠭ᠎ᠠ ᠠᠴᠠ ᠪᠣᠯᠤᠭᠰᠠᠨ ᠶᠤᠮ᠃ ᠠᠳᠠ | ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠨ ᠪᠦᠬᠦ ᠲᠥᠯᠤᠭᠡᠯᠡᠭᠴᠢᠳ᠂ ᠤᠯᠤᠰ ᠲᠥᠷᠦ ᠶᠢᠨ ᠵᠦᠪᠯᠡᠯᠭᠡᠨ ᠤ ᠭᠡᠰᠢᠭᠦᠳ᠂ | ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠪᠠ ᠦᠤᠰᠢᠨ ᠤ ᠬᠥᠭᠵᠢᠯᠲᠡ ᠳᠤ ᠣᠷᠣᠯᠴᠠᠨ ᠬᠠᠯᠠᠮᠵᠢᠯᠠᠵᠤ ᠳᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ | ᠡᠲᠡᠭᠡᠳ ᠤᠨ ᠬᠢᠨ ᠳᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠥᠶ᠎ᠠ︕ | ᠪᠢᠳᠠ ᠣᠯᠣᠭᠰᠠᠨ ᠠᠮᠵᠢᠯᠳᠠ ᠪᠦᠳᠣᠮᠵᠢ ᠳᠡᠭᠡᠨ ᠪᠠᠶᠠᠷᠯᠠᠨ ᠣᠮᠣᠭᠰᠢᠬᠤ ᠶᠢᠨ ᠬᠠᠮᠳᠣ ᠣᠳᠣᠬᠠᠨ ᠤ ᠵᠠᠰᠠᠭ ᠤᠨ ᠣᠷᠳᠣᠨ ᠤ ᠦᠷᠢ ᠰᠢᠷᠢ ᠶᠢ | ᠢᠯᠭᠠᠷᠠᠭᠤᠯᠬᠤ᠂ ᠶᠠᠳᠠᠭᠤ ᠠᠴᠠ ᠠᠩᠬᠢᠵᠢᠷᠠᠭᠤᠯᠤᠨ ᠪᠣᠭᠤᠮᠳᠠ ᠰᠢᠪᠳᠣᠯᠬᠤ ᠪᠠᠬᠢᠵᠢᠬᠦᠯᠬᠦ᠂ ᠣᠷᠴᠢᠨ ᠳᠣᠭᠤᠷᠢᠨ ᠤ ᠪᠣᠬᠢᠷᠳᠣᠯ ᠢ ᠰᠠᠷᠬᠡᠶᠢᠯᠡᠨ ᠵᠠᠰᠠᠬᠤ | ᠠᠵᠢᠯ ᠤᠨ ᠳᠠᠷᠣᠯᠳᠠ ᠮᠦᠨ ᠯᠠ ᠨᠠᠯᠢᠶᠡᠳ ᠶᠡᠭᠡ ᠪᠠᠶᠢᠵᠣ᠂ ᠴᠢᠬᠤᠯᠠ ᠶᠡᠭᠡ ᠲᠦᠷᠥᠯ ᠵᠣᠶᠢᠯ ᠤᠨ ᠨᠦᠭᠡᠴᠡ ᠬᠦᠢᠴᠡᠳ ᠪᠣᠰᠣ᠂ ᠳᠣᠭᠳᠠᠮᠠᠯ ᠬᠦᠷᠦᠩᠬᠡ ᠶᠢᠨ | ᠪᠡᠯᠡ ᠣᠷᠣᠭᠤᠯᠣᠯᠳᠠ ᠶᠢᠨ ᠨᠡᠮᠡᠭᠳᠡᠯ ᠰᠣᠯᠠ ᠳᠣᠷᠣᠢ᠂ ᠠᠵᠣ ᠣᠶᠢᠯᠡᠰ ᠤᠨ ᠬᠦᠭᠵᠢᠯᠲᠡ ᠶᠢᠨ ᠬᠡᠯᠪᠠᠷᠢ ᠶᠢ ᠬᠤᠪᠢᠷᠠᠭᠤᠯᠣᠨ ᠳᠡᠰ ᠳᠡᠪᠰᠢᠬᠦᠯᠬᠦ ᠠᠯᠬᠤᠴᠠ | ᠨᠠᠯᠢᠶᠠᠳ ᠣᠳᠠᠭᠠᠨ᠂ ᠠᠵᠣ ᠠᠬᠤᠢ ᠶᠢᠨ ᠪᠦᠳᠦᠴᠡ ᠨᠠᠯᠢᠶᠠᠳ ᠲᠡᠩ ᠴᠣᠯᠭᠤᠢ᠂ ᠠᠷᠠᠳ ᠤᠨ ᠡᠵᠡᠩᠨᠡᠭᠰᠡᠨ ᠠᠵᠣ ᠠᠬᠤᠶᠢᠯᠡᠯ ᠤᠨ ᠬᠦᠭᠵᠢᠯᠳᠡ ᠶᠢᠨ | ᠠᠮᠢᠵᠢᠷᠠᠯ ᠤᠨ ᠬᠦᠴᠦᠨ ᠪᠠ ᠡᠬᠦᠳᠣᠯᠳᠡ ᠶᠢᠨ ᠬᠦᠴᠦᠨ ᠴᠢᠩᠭ᠎ᠠ ᠪᠣᠰᠣ᠂ ᠠᠷᠠᠳ ᠲᠦᠮᠡᠨ ᠤ ᠰᠢᠯᠢᠳᠡᠭ ᠰᠣᠷᠭᠠᠨ ᠬᠦᠮᠦᠵᠢᠯ᠂ ᠡᠮ ᠡᠮᠨᠡᠯᠬᠡ᠂ | ᠨᠠᠰᠣᠳᠠᠶᠢᠴᠤᠳ ᠤᠨ ᠠᠰᠠᠷᠠᠮᠵᠢ ᠶᠢᠨ ᠡᠬᠢ ᠰᠣᠷᠪᠣᠯᠵᠢ ᠶᠢᠨ ᠳᠠᠯ᠎ᠠ ᠶᠢᠨ ᠱᠠᠭᠠᠷᠳᠠᠯᠭ᠎ᠠ ᠳᠠᠰᠣᠷᠠᠯᠳᠡ ᠦᠬᠡᠢ ᠨᠡᠮᠡᠭᠳᠡᠵᠣ᠂ ᠣᠨᠴᠠᠭᠠᠢ ᠵᠠᠷᠢᠮ ᠺᠠᠳ᠋ᠷ | ᠠᠵᠢᠯᠳᠠᠳ ᠤᠨ ᠰᠣᠷᠳᠠᠯ ᠲᠦᠪ ᠪᠣᠰᠣ᠂ ᠵᠣᠷᠢᠭᠳᠡᠢ ᠡᠬᠦᠷᠬᠡᠯᠡᠬᠦ ᠦᠬᠡᠢ᠂ ᠤᠯᠠᠮ ᠠᠴᠠ ᠬᠦᠨᠳᠦᠷᠡᠵᠦ ᠪᠠᠶᠢᠭ᠎ᠠ ᠦᠬᠡᠷᠡᠴᠢᠯᠡᠯᠳᠡ ᠬᠦᠭᠵᠢᠯᠳᠡ ᠶᠢ | ᠲᠤᠭᠲᠠᠭᠤᠨᠵᠢᠭᠤᠯᠬᠤ ᠡᠬᠦᠷᠬᠡ ᠶᠢ ᠡᠬᠦᠷᠬᠡᠯᠡᠨ ᠪᠠᠶᠠᠯᠡᠬᠦᠯᠬᠦ ᠳᠤ ᠬᠦᠴᠢᠷᠳᠡᠵᠣ ᠪᠠᠶᠢᠬᠤ ᠵᠡᠷᠬᠡ ᠪᠠᠶᠢᠳᠠᠯ ᠢ ᠰᠡᠷᠬᠡᠭ ᠢᠶᠠᠷ ᠣᠯᠵᠣ ᠳᠠᠨᠢᠪᠠ᠃ ᠪᠢᠳᠡ ᠡᠳᠡᠬᠡᠷ | ᠠᠰᠠᠭᠤᠳᠠᠯ ᠢ ᠬᠤᠶᠢᠰᠢᠳᠠ ᠶᠢᠨ ᠠᠵᠢᠯ ᠳᠣᠮᠳᠠ ᠪᠠᠨ ᠨᠠᠷᠢᠨ ᠬᠢᠨᠠᠮᠠᠭᠠᠢ ᠰᠣᠳᠣᠯᠵᠣ ᠰᠢᠨᠵᠢᠯᠡᠬᠦ ᠣᠬᠠᠭᠠᠨᠴᠢ᠂ ᠪᠣᠯᠭᠤᠮᠵᠢᠳᠡᠢ ᠣᠪᠣᠷ ᠢᠶᠠᠷ ᠰᠢᠢᠳᠪᠣᠷᠢᠯᠡᠬᠦ | ᠴᠢᠬᠤᠯᠠᠲᠠᠢ ᠪᠠᠶᠢᠨ᠎ᠠ᠃ | ᠬᠤᠶᠡᠷ᠂ 2019 ᠣᠨ ᠤ ᠠᠵᠢᠯ ᠤᠨ ᠪᠠᠶᠢᠷᠢᠯᠠᠭᠤᠯᠣᠯᠳᠠ | ᠲᠥᠯᠥᠬᠡᠯᠡᠭᠴᠢᠳ ᠡ᠂ 2019 ᠣᠨ ᠪᠣᠯ ᠰᠢᠨ᠎ᠡ ᠳᠣᠮᠳᠠᠳᠣ ᠣᠯᠣᠰ ᠪᠠᠶᠢᠭᠤᠯᠣᠭᠳᠠᠭᠰᠠᠨ 70 ᠵᠢᠯ ᠤᠨ ᠣᠢ᠂ ᠴᠢᠨᠡᠬᠡᠯᠢᠭ ᠨᠡᠶᠢᠬᠡᠮ ᠢ ᠪᠦᠬᠦ | ᠳᠠᠯ᠎ᠠ ᠪᠠᠷ ᠪᠠᠶᠡᠯᠡᠬᠦᠯᠬᠦ᠂ ᠨᠢᠬᠡᠳᠣᠬᠡᠷ ᠵᠠᠭᠤᠨ ᠵᠢᠯ ᠤᠨ ᠳᠠᠮᠠᠴᠡᠬᠦ ᠬᠠᠷᠠᠯᠳᠠ ᠶᠢᠨ ᠵᠠᠩᠬᠢᠯᠠᠭ᠎ᠠ ᠶᠢᠨ ᠵᠢᠯ ᠮᠦᠨ᠂ ᠮᠦᠨᠴᠣ ᠪᠦᠬᠦ ᠬᠤᠰᠢᠭᠤ ᠪᠠᠷ ᠢᠶᠠᠨ | ᠰᠠᠳᠬᠢᠯ ᠨᠢᠬᠡᠳᠣᠨ ᠬᠦᠴᠦ ᠪᠠᠨ ᠬᠠᠮᠳᠣᠳᠬᠠᠵᠣ ᠪᠣᠳᠠᠳᠠᠢ ᠠᠵᠢᠯᠯᠠᠨ ᠵᠣᠷᠢᠭᠳᠡᠢ ᠡᠬᠦᠷᠬᠡᠯᠡᠵᠣ ︽ᠨᠣᠮᠢᠨ ᠳᠠᠩᠰᠤᠭ ᠬᠦᠭᠵᠢᠨ ᠮᠠᠨᠳᠣᠯᠳᠠ︾ ᠶᠢᠨ ᠴᠤ᠋ ᠰᠢᠨ᠎ᠡ | ᠬᠠᠭᠤᠳᠠᠰᠣ ᠶᠢ ᠪᠢᠴᠢᠭᠯᠡᠬᠦ ᠡᠬᠢᠯᠡᠯᠳᠡ ᠶᠢᠨ ᠵᠢᠯ ᠪᠠᠶᠢᠵᠦ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠣ᠂ ᠣᠳᠬ᠎ᠠ ᠬᠦᠨᠵᠡᠬᠡᠢ ᠶᠣᠮ᠃ | | ᠦᠨᠣ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ | ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ︽ᠳᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠲᠠᠯᠠᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠦ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢ | ᠪᠠᠷᠢᠮᠲᠠᠯᠠᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ ᠳᠡᠭᠡᠳᠦ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠵᠦ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ ᠨᠡᠮᠡᠭᠳᠡᠯ ᠢ ᠳᠣᠭᠳᠠᠪᠣᠷᠢᠰᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ | ᠠᠷᠠᠳ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ᠂ ᠲᠤᠭᠳᠠᠭᠤᠨ ᠢ ᠪᠠᠲᠤᠯᠠᠬᠤ ᠠᠵᠢᠯ ᠢ ᠨᠢᠭᠡᠳᠦᠯᠲᠡᠢ ᠠᠬᠢᠭᠤᠯᠤᠨ ᠵᠠᠬ᠎ᠠ ᠳᠡᠯᠭᠡᠭᠦᠷ ᠤᠨ ᠢᠲᠡᠭᠡᠯ ᠢ | ᠨᠡᠮᠡᠭᠳᠡᠭᠦᠯᠵᠦ ᠬᠥᠭᠵᠢᠯᠲᠡ ᠂ ᠠᠮᠢ ᠠᠬᠤᠶ᠂ ᠠᠷᠠᠳ ᠤᠨ ᠠᠮᠢᠳᠤᠷᠠᠯ᠂ ᠲᠣᠭᠲᠠᠭᠤᠨ ᠪᠠᠶᠢᠳᠠᠯ᠂ ᠴᠢᠬᠡᠴᠢ ᠵᠠᠰᠠᠭ ᠤᠨ ᠲᠠᠪᠤᠨ ᠵᠤᠷᠪᠤᠰ ᠬᠤᠷᠢᠭ᠎ᠠ ᠱᠤᠭᠤᠮ ᠢ | ᠰᠠᠬᠢᠨ ᠴᠢᠨᠠᠷ ᠰᠠᠶᠢᠲᠠᠢ ᠬᠥᠭᠵᠢᠯᠲᠡ ᠶᠢᠨ ᠨᠣᠮᠢᠨ ᠳᠠᠩᠰᠤᠭ ᠬᠦᠭᠵᠢᠨ ᠮᠠᠨᠳᠣᠯᠳᠠ ᠶᠢᠨ ᠵᠠᠮ ᠢᠶᠠᠷ ᠵᠠᠮᠨᠠᠵᠦ ᠠᠷᠠᠳ ᠤᠯᠠᠨ ᠤ ᠬᠦᠷᠳᠡᠭᠡᠮᠵᠢ ᠶᠢᠨ ᠲᠦᠷᠦᠭᠳᠡᠯ᠂ | ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠤᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠳᠣᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠰᠢᠢᠳᠪᠦᠷᠢᠯᠡᠭᠴᠢ | ᠰᠠᠭᠤᠷᠢ ᠲᠠᠯᠪᠢᠨ ᠰᠢᠯᠢᠳᠡᠭ ᠬᠢᠷᠢ ᠪᠦᠲᠦᠮᠵᠢ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠬᠡᠯᠡᠬᠦ ᠶᠠᠪᠤᠳᠠᠯ ᠪᠤᠯᠤᠨ᠎ᠠ᠃ | ᠭᠤᠣᠯ ᠪᠣᠯᠬᠤ ᠵᠢᠱᠢᠭᠰᠡᠨ ᠬᠠᠷᠠᠯᠲᠠ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7% ᠨᠡᠮᠡᠭᠳᠡᠬᠦᠯᠵᠣ ᠤᠯᠠᠨ ᠨᠡᠶᠢᠲᠡ | ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ ᠶᠢ 23.8 % ᠨᠡᠮᠡᠭᠳᠡᠭᠦᠯᠦᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 11% | ᠨᠡᠮᠡᠭᠳᠡᠬᠦᠯᠵᠤ ᠨᠡᠶᠢᠬᠡᠮ ᠤᠨ ᠬᠡᠷᠡᠭᠯᠡᠭᠡᠨ ᠤ ᠵᠣᠶᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ ᠶᠢ 7.3% ᠨᠡᠮᠡᠭᠳᠡᠬᠦᠯᠤᠨ ᠬᠤᠳᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠣᠰᠪᠣᠷᠢ 7%᠂ 8.5% ᠬᠦᠷᠬᠡᠨ᠎ᠡ᠃ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 4.5% ᠳᠣᠲᠣᠷ᠎ᠠ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠯᠣᠭᠠᠨ ᠳᠠᠯ᠎ᠠ ᠶᠢᠨ ᠠᠵᠢᠯ ᠢ ᠰᠠᠶᠢᠲᠤᠷ ᠬᠢᠨ᠎ᠡ᠃ | ︵ᠨᠢᠭᠡ︶ ᠲᠦᠷᠥᠯ ᠵᠣᠶᠢᠯ ᠢ ᠠᠳᠬᠤᠨ ᠳᠣᠭᠳᠠᠭᠤᠨ ᠢᠶᠠᠷ ᠠᠵᠢᠯᠯᠠᠭᠤᠯᠵᠣ ᠬᠦᠭᠵᠢᠯᠳᠡ ᠶᠢᠨ ᠬᠡᠯᠪᠠᠷᠢ ᠶᠢ ᠬᠤᠪᠢᠷᠠᠭᠤᠯᠣᠨ ᠠᠵᠣ ᠠᠬᠤᠢ ᠶᠢᠨ | ᠳᠣᠭᠳᠠᠭᠤᠨ ᠡᠷᠡᠬᠦᠯ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠡᠯᠪᠡᠭ ᠪᠠᠶᠠᠯᠢᠭ ᠨᠡᠬᠦᠷᠠᠰᠣ᠂ ᠬᠡᠢ᠂ ᠣᠰᠣᠨ ᠡᠬᠢ ᠪᠠᠶᠠᠯᠢᠭ ᠪᠠ ᠮᠢᠩᠭᠠᠨ ᠲᠦᠮᠡᠨ ᠳᠣᠨ | ᠤ ᠳᠠᠰ ᠤᠨ ᠮᠧᠲ᠋ᠢᠯ ᠠᠯᠺᠦᠦᠯ᠂ ᠠᠯᠺᠧᠨ ᠶᠢᠨ ᠠᠵᠣ ᠣᠶᠢᠯᠡᠳᠪᠣᠷᠢ ᠶᠢᠨ ᠲᠦᠬᠦᠭᠡᠢ ᠡᠳ᠋ ᠤᠨ ᠳᠠᠪᠠᠭᠤᠯᠢᠭ ᠲᠤ ᠰᠠᠭᠤᠷᠢᠯᠡᠨ ᠲᠦᠷᠥᠯ ᠵᠣᠶᠢᠯ ᠤᠨ | ᠬᠦᠮᠦᠷᠬᠡ ᠶᠢ ᠳᠡᠬᠦᠯᠳᠡᠷᠵᠢᠬᠦᠯᠵᠦ ᠠᠵᠣ ᠣᠶᠢᠯᠡᠰ ᠤᠨ ᠬᠡᠯᠬᠢᠶᠠᠵᠢᠯ ᠢ ᠣᠷᠳᠣᠳᠬᠠᠨ ᠳᠠᠭᠠᠯᠲᠠ ᠨᠡᠮᠡᠭᠳᠡᠯ ᠦᠷᠳᠡᠭ ᠢ ᠳᠡᠬᠡᠭᠰᠢᠯᠡᠬᠦᠯᠵᠦ ᠲᠦᠷᠦ ᠶᠢᠨ | ᠪᠣᠳᠣᠯᠭ᠎ᠠ ᠶᠢ ᠣᠷᠣᠨᠵᠢᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠬᠦᠯᠬᠦ ᠶᠢ ᠴᠢᠬᠤᠯᠠᠴᠢᠯᠡᠵᠣ ᠬᠦᠴᠦ ᠪᠠᠨ ᠲᠦᠪᠯᠡᠷᠡᠬᠦᠯᠥᠨ ᠲᠦᠷᠥᠯ | ᠵᠣᠶᠢᠯ ᠢ ᠣᠷᠣᠭᠤᠯᠵᠣ ᠪᠠᠰᠠ ᠨᠢᠬᠡ ᠪᠦᠯᠥᠭ ᠳᠣᠮᠣ ᠲᠦᠷᠥᠯ ᠵᠣᠶᠢᠯ᠂ ᠰᠠᠶᠢᠨ ᠲᠦᠷᠥᠯ ᠵᠣᠶᠢᠯ ᠢ ᠣᠷᠣᠨᠵᠢᠭᠤᠯᠵᠣ ᠬᠡᠷᠡᠭᠵᠢᠬᠦᠯᠬᠦ ᠪᠠᠷ ᠴᠢᠷᠮᠡᠶᠢᠵᠦ ᠠᠮᠢ | ᠠᠬᠤᠶᠢᠴᠢ᠂ ᠪᠤᠬᠢᠷᠳᠤᠯ ᠦᠬᠡᠢ ᠬᠦᠭᠵᠢᠯᠲᠡ ᠪᠠᠷ ᠵᠢᠯᠤᠭᠤᠳᠤᠭᠤᠯᠤᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠨ | ᠵᠠᠮᠨᠠᠨ᠎ᠠ᠃ | ᠲᠦᠷᠥᠯ ᠵᠣᠶᠢᠯ ᠤᠨ ᠬᠦᠮᠦᠷᠬᠡ ᠶᠢᠨ ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ᠠᠮᠵᠢᠯᠳᠠ ᠪᠦᠳᠦᠮᠵᠢ ᠬᠡᠵᠢᠶᠠᠳᠠ ᠪᠡᠯᠡᠳᠬᠡᠯ ᠲᠠᠢ ᠬᠦᠮᠦᠨ ᠢ | ᠢᠪᠡᠬᠡᠳᠡᠭ᠃ ᠣᠳᠣᠬᠠᠨ ᠳᠤ ᠮᠠᠨ ᠤ ᠬᠤᠰᠢᠭᠤᠨ ᠤ ᠠᠵᠣ ᠣᠶᠢᠯᠡᠳᠪᠣᠷᠢ ᠶᠢᠨ ᠠᠵᠣ ᠠᠬᠤᠢ ᠨᠢᠬᠡᠨᠳᠠ ᠰᠠᠶᠢᠨ ᠰᠠᠶᠢᠬᠠᠨ ᠬᠦᠭᠵᠢᠯᠳᠡ ᠶᠢᠨ ᠵᠠᠮ ᠳᠤ | ᠣᠷᠣᠵᠣ ᠰᠢᠨ᠎ᠡ ᠭᠠᠪᠢᠶ᠎ᠠ ᠵᠢᠳᠬᠦᠯ ᠭᠠᠷᠭᠠᠬᠤ ᠡᠰᠡᠬᠦ ᠨᠢ ᠪᠢᠳᠠᠨ ᠢ ᠬᠢᠵᠠᠭᠠᠷ ᠱᠤᠭᠤᠮ ᠤᠨ ᠰᠡᠳᠬᠢᠬᠦᠢ ᠶᠢ ᠪᠠᠷᠢᠮᠳᠠᠯᠠᠨ ᠤᠯᠤᠰ ᠤᠨ ᠭᠠᠵᠠᠷ ᠰᠢᠷᠦᠢ ᠶᠢᠨ | ᠲᠦᠯᠦᠪᠵᠢᠬᠦᠯᠭᠡ᠂ ᠬᠠᠮᠠᠭᠠᠯᠠᠯᠲᠠ ᠶᠢᠨ ᠬᠤᠷᠢᠭ᠎ᠠ ᠱᠤᠭᠤᠮ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠡᠬᠤ ᠶᠢ ᠱᠠᠭᠠᠷᠳᠠᠵᠦ ᠠᠵᠣ ᠣᠶᠢᠯᠡᠳᠪᠣᠷᠢ | ᠶᠢᠨ ᠠᠵᠣ ᠠᠬᠤᠢ ᠶᠢᠨ ᠬᠦᠭᠵᠢᠯᠳᠡ ᠶᠢᠨ ᠳᠠᠪᠠᠭᠤᠯᠢᠭ ᠢ ᠪᠣᠰᠣᠳᠴᠢ ᠪᠠᠷ ᠰᠣᠳᠣᠯᠣᠨ ᠮᠠᠭᠠᠳᠯᠠᠵᠣ ᠣᠯᠣᠰ ᠤᠨ ᠳᠣᠳᠣᠭᠠᠳᠣ ᠶᠢᠨ ᠦᠵᠦᠬᠦᠷ ᠳᠠᠰ ᠤᠨ | ᠬᠢᠮᠢ ᠶᠢᠨ ᠠᠵᠣ ᠣᠶᠢᠯᠡᠳᠪᠣᠷᠢ ᠶᠢᠨ ᠲᠥᠯᠥᠪᠵᠢᠬᠦᠯᠬᠡ ᠶᠢᠨ ᠪᠠᠶᠢᠭᠤᠯᠣᠮᠵᠢ ᠶᠢ ᠣᠷᠢᠵᠣ ᠨᠡᠬᠦᠷᠠᠰᠣ ᠬᠡᠢ ᠶᠢᠨ ᠡᠬᠢ ᠪᠠᠶᠠᠯᠢᠭ ᠤᠨ ᠠᠵᠣ ᠣᠶᠢᠯᠡᠰ ᠪᠠ | ᠮᠧᠲ᠋ᠢᠯ ᠠᠯᠺᠦᠦᠯ᠂ ᠠᠯᠺᠧᠨ ᠶᠢᠨ ᠠᠵᠣ ᠣᠶᠢᠯᠡᠳᠪᠣᠷᠢ ᠶᠢᠨ ᠲᠦᠬᠦᠬᠡᠢ ᠡᠳ᠋ ᠤᠨ ᠳᠠᠭᠠᠯᠳᠠ ᠣᠶᠢᠯᠡᠳᠬᠦᠨ ᠤ ᠨᠡᠬᠡᠬᠡᠯᠳᠡ ᠬᠢᠬᠦ ᠳᠠᠯ᠎ᠠ ᠳᠤ ᠨᠢᠬᠡ ᠪᠦᠯᠥᠭ | ᠵᠠᠬ᠎ᠠ ᠳᠡᠯᠬᠡᠬᠦᠷ ᠤᠨ ᠢᠷᠡᠬᠡᠳᠣᠢ ᠲᠠᠢ᠂ ᠠᠵᠣ ᠠᠬᠤᠢ ᠶᠢᠨ ᠦᠷ᠎ᠡ ᠪᠦᠳᠦᠮᠵᠢ ᠢᠶᠠᠷ ᠦᠨᠳᠣᠷ᠂ ᠡᠨᠧᠷᠬᠢ ᠠᠷᠪᠢᠯᠡᠵᠣ ᠣᠷᠴᠢᠨ ᠳᠣᠭᠤᠷᠢᠨ ᠢ ᠬᠠᠮᠠᠭᠠᠯᠠᠬᠤ | ᠬᠢᠮᠢ ᠶᠢᠨ ᠠᠵᠣ ᠣᠶᠢᠯᠡᠳᠪᠣᠷᠢ ᠶᠢᠨ ᠰᠣᠳᠣᠨ ᠲᠦᠷᠥᠯ ᠵᠣᠶᠢᠯ ᠢ ᠲᠦᠯᠥᠪᠯᠡᠵᠣ ᠳᠠᠯᠡᠬᠡᠢ ᠶᠢᠨ ᠳᠠᠷᠢᠬᠦᠨ ᠤ ᠳᠡᠰ ᠤᠨ ᠣᠳᠣ ᠦᠶ᠎ᠡ ᠶᠢᠨ ᠨᠡᠬᠦᠷᠠᠰᠣ ᠬᠡᠢ ᠶᠢᠨ | ᠬᠢᠮᠢ ᠶᠢᠨ ᠠᠵᠣ ᠣᠶᠢᠯᠡᠳᠪᠣᠷᠢ ᠶᠢᠨ ᠠᠵᠣ ᠣᠶᠢᠯᠡᠰ ᠤᠨ ᠰᠦᠷᠦᠭᠵᠢᠯ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠡᠬᠦᠨ ᠤ ᠬᠠᠮᠳᠣ ᠮᠠᠯ | ᠳᠠᠷᠢᠶᠠᠯᠠᠩ ᠣᠢ ᠰᠢᠭᠤᠢ ᠣᠰᠣ᠂ ᠵᠠᠮ ᠬᠠᠷᠢᠯᠴᠠᠭ᠎ᠠ᠂ ᠰᠣᠷᠭᠠᠨ ᠬᠦᠮᠦᠵᠢᠯ᠂ ᠰᠣᠶᠣᠯ᠂ ᠡᠷᠡᠬᠦᠯ ᠬᠠᠮᠠᠭᠠᠯᠠᠯ ᠵᠡᠷᠬᠡ ᠳᠠᠯ᠎ᠠ ᠠᠴᠠ ᠭᠠᠷᠳᠠᠨ ᠨᠢᠬᠡ ᠪᠦᠯᠥᠭ | ᠪᠦᠳᠦᠬᠡᠨ ᠪᠠᠶᠢᠭᠤᠯᠬᠤ ᠲᠦᠷᠥᠯ ᠵᠣᠶᠢᠯ ᠢ ᠲᠥᠯᠥᠪᠯᠡᠬᠦ ᠶᠢᠨ ᠬᠠᠮᠳᠣ ᠳᠡᠬᠡᠷ᠎ᠡ ᠱᠠᠳᠣᠨ ᠤ ᠪᠡᠯᠡ ᠮᠦᠩᠬᠦ ᠶᠢ ᠢᠳᠡᠪᠬᠢᠳᠡᠢ ᠳᠠᠮᠠᠴᠠᠨ ᠣᠯᠵᠣ ᠪᠦᠬᠦ ᠬᠤᠰᠢᠭᠤᠨ | ᠤ ᠠᠵᠣ ᠠᠬᠤᠢ ᠨᠡᠶᠢᠬᠡᠮ ᠤᠨ ᠵᠣᠬᠢᠴᠠᠩᠭᠤᠢ ᠬᠦᠭᠵᠢᠯᠳᠡ ᠶᠢ ᠲᠦᠯᠬᠢᠨ ᠠᠬᠢᠭᠤᠯᠣᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠰᠠᠶᠢᠲᠤᠷ ᠠᠳᠬᠤᠨ᠎ᠠ᠃ ᠭᠤᠤᠯᠳᠠᠯᠭ᠎ᠠ ᠲᠠᠢ ᠲᠤᠮᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ | ᠨᠢ ᠮᠦᠨ ᠤᠳᠤᠬᠠᠨ ᠤ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠭᠦᠭᠵᠢᠯᠲᠡ ᠶᠢ ᠠᠬᠢᠭᠤᠯᠬᠤ᠂ ᠬᠦᠭᠵᠢᠯᠲᠡ ᠶᠢᠨ ᠬᠡᠯᠪᠡᠷᠢ ᠪᠠᠨ | ᠬᠤᠪᠢᠷᠠᠭᠤᠯᠤᠨ ᠲᠡᠰ ᠲᠡᠪᠰᠢᠬᠦᠯᠬᠦ ᠶᠢ ᠲᠠᠭᠠᠭᠤᠯᠬᠤ ᠶᠢᠨ ᠴᠢᠬᠤᠯᠠ ᠭᠠᠷᠳᠠᠴᠠ ᠪᠤᠯᠵᠤ ᠪᠠᠶᠢᠨ᠎ᠠ᠃ ᠪᠢᠳᠠ ᠤᠯᠤᠰ ᠤᠨ ᠠᠵᠤ ᠦᠢᠯᠡᠰ ᠤᠨ ᠬᠦᠭᠵᠢᠯᠲᠡ ᠪᠠ | ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠲᠠ ᠶᠢᠨ ᠴᠢᠭᠯᠡᠯ ᠢ ᠲᠠᠭᠠᠵᠤ ᠲᠤᠭᠲᠠᠯᠴᠠᠭ᠎ᠠ ᠪᠠᠨ ᠲᠡᠭᠦᠯᠳᠡᠷᠵᠢᠬᠦᠯᠦᠨ ᠲᠤᠰᠬᠠᠢ ᠠᠩᠭᠢ ᠵᠤᠬᠢᠶᠠᠨ ᠪᠠᠶᠢᠭᠤᠯᠵᠤ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠵᠡᠷᠭᠡ ᠠᠷᠭ᠎ᠠ ᠪᠠᠷᠢᠯ ᠢᠶᠠᠷ ᠤᠨᠴᠠᠭᠠᠶᠢᠯᠠᠨ | ᠠᠵᠤ ᠠᠬᠤᠶᠢᠯᠠᠯᠲᠠᠨ ᠠᠷᠠᠯᠵᠢᠶᠠᠴᠢᠨ ᠤᠷᠢᠬᠤ ᠦᠢᠯᠡᠳᠦᠯ ᠢ ᠬᠦᠢᠴᠡᠳ ᠪᠠᠳᠠᠷᠠᠭᠤᠯᠵᠤ ᠲᠡᠳᠡᠨ ᠢᠶᠠᠷ ᠲᠠᠮᠵᠢᠭᠤᠯᠤᠨ ᠰᠢᠨ᠎ᠡ ᠨᠠᠶᠢᠵᠠ ᠲᠠᠨᠢᠯᠴᠠᠨ ᠰᠠᠨᠠᠭ᠎ᠠ ᠲᠠᠢ | ᠠᠵᠤ ᠠᠬᠤᠶᠢᠯᠠᠯ ᠲᠠᠢ ᠵᠤᠬᠢᠴᠠᠭᠤᠯᠵᠤ ᠨᠢᠭᠡ ᠪᠦᠯᠦᠭ ᠲᠦᠷᠦᠯ ᠵᠦᠢᠯ ᠢ ᠲᠠᠬᠢᠨ ᠰᠢᠨ᠎ᠡ ᠪᠠᠷ ᠤᠷᠤᠭᠤᠯᠬᠤ ᠶᠢ ᠪᠠᠲᠤᠯᠠᠨ᠎ᠠ᠃ ᠵᠢᠯ ᠤᠨ ᠲᠤᠳᠤᠷ᠎ᠠ ᠱᠠᠨᠳᠦ᠋ᠩ | ᠂ ᠠᠨᠾᠦ᠋ᠢ ᠵᠡᠷᠭᠡ ᠭᠠᠵᠠᠷ ᠬᠦᠷᠬᠦ ᠴᠠᠬᠢᠯᠭᠠᠨ ᠬᠦᠴᠦ ᠶᠢ ᠭᠠᠳᠠᠭᠰᠢ ᠬᠦᠷᠬᠡᠬᠦ ᠵᠠᠮ ᠤᠨ ᠪᠠᠶᠢᠷᠢᠯᠠᠭᠤᠯᠤᠯᠲᠠ ᠶᠢ ᠲᠡᠮᠡᠴᠡᠨ ᠤᠯᠵᠤ ᠱᠠᠨᠳᠦ᠋ᠩ ᠤᠨ ᠶᠠᠨ ᠺᠤᠸᠠᠩ | ᠪᠦᠯᠦᠭᠯᠡᠯ᠂ ᠪᠡᠭᠡᠵᠢᠩ ᠤᠨ ᠡᠨᠧᠷᠬᠢ ᠶᠢᠨ ᠪᠦᠯᠦᠭᠯᠡᠯ᠂ ᠦᠪᠦᠷ ᠮᠤᠩᠭᠤᠯ ᠤᠨ ᠡᠨᠧᠷᠬᠢ ᠶᠢᠨ ᠴᠠᠬᠢᠯᠭᠠᠨ ᠤ ᠪᠡᠯᠡ ᠤᠷᠤᠭᠤᠯᠤᠯᠲᠠ ᠶᠢᠨ ᠪᠦᠯᠦᠭᠯᠡᠯ ᠵᠡᠷᠭᠡ | ᠠᠵᠤ ᠠᠬᠤᠶᠢᠯᠠᠯ ᠤᠨ ᠲᠤᠮᠤ ᠬᠡᠯᠪᠡᠷᠢ ᠶᠢᠨ ᠨᠡᠭᠦᠷᠡᠰᠦᠨ ᠠᠭᠤᠷᠬᠠᠢ ᠶᠢᠨ ᠠᠮᠠᠰᠠᠷ ᠤᠨ ᠬᠠᠵᠠᠭᠤ ᠬᠠᠪᠢ ᠪᠠᠷ ᠪᠠᠶᠢᠷᠢᠯᠠᠬᠤ ᠴᠠᠬᠢᠯᠭᠠᠨ ᠦᠢᠯᠡᠳᠪᠦᠷᠢ ᠶᠢᠨ | ᠪᠦᠲᠦᠭᠡᠨ ᠪᠠᠶᠢᠭᠤᠯᠤᠯᠲᠠ ᠶᠢ ᠬᠠᠷᠢᠯᠴᠠᠵᠤ ᠵᠦᠩ ᠲᠢᠶᠠᠨ ᠾᠧ ᠴᠤᠸᠠᠩ ᠺᠤᠮᠫᠠᠨᠢ ᠶᠢᠨ ᠭᠤᠷᠪᠠᠳᠤᠭᠠᠷ ᠬᠤᠭᠤᠴᠠᠭ᠎ᠠ ᠪᠠ ᠵᠦᠩ ᠮᠸᠢ ᠪᠦᠯᠦᠭᠯᠡᠯ ᠤᠨ | ᠡᠨᠧᠷᠬᠢ ᠶᠢᠨ ᠠᠵᠤ ᠦᠢᠯᠡᠳᠪᠦᠷᠢ ᠶᠢᠨ ᠨᠡᠬᠦᠷᠡᠰᠦ ᠪᠠᠷ ᠡᠲ᠋ᠢᠯ ᠬᠤᠶᠠᠷᠴᠢ ᠠᠯᠺᠤᠤᠯ ᠦᠢᠯᠡᠳᠬᠦ ᠵᠡᠷᠭᠡ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ | ᠢ ᠠᠬᠢᠭᠤᠯᠵᠤ ᠬᠤᠶᠠᠷ ᠵᠢᠯ ᠤᠨ ᠲᠤᠳᠤᠷ᠎ᠠ ᠤᠷᠤᠨᠵᠢᠭᠤᠯᠤᠨ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠨ᠎ᠠ᠃ | ᠲᠦᠷᠦᠯ ᠵᠦᠢᠯ ᠤᠨ ᠠᠵᠢᠯ ᠢᠶᠠᠨ ᠡᠬᠢᠯᠡᠬᠦᠯᠬᠦ ᠰᠡᠷᠬᠦᠬᠡᠬᠦ ᠶᠢ ᠰᠠᠶᠢᠲᠤᠷ ᠠᠳᠬᠤᠨ᠎ᠠ᠃ ᠭᠤᠤᠯᠳᠠᠯᠭᠠᠲᠤ ᠲᠦᠷᠦᠯ ᠵᠦᠢᠯ ᠢ ᠰᠢᠶᠠᠨ ᠤ ᠲᠡᠰ ᠤᠨ | ᠤᠳᠤᠷᠢᠳᠤᠯᠭ᠎ᠠ ᠲᠠᠭᠠᠭᠠᠴᠢᠯᠠᠨ ᠬᠠᠷᠢᠯᠴᠠᠬᠤ᠂ ᠲᠤᠯᠤᠭᠠᠶᠢᠯᠠᠬᠤ ᠰᠠᠯᠠᠭ᠎ᠠ ᠮᠦᠴᠢᠷ ᠳᠠᠭᠠᠭᠤᠯᠤᠨ ᠬᠦᠢᠴᠡᠳᠬᠡᠬᠦ ᠦᠢᠯᠡᠴᠢᠯᠡᠭᠡᠨ ᠤ ᠲᠦᠷᠢᠮ ᠢ ᠬᠡᠷᠡᠭᠵᠢᠬᠦᠯᠵᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠭᠳᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠴᠠᠭ ᠲᠠᠷᠤᠢ ᠳᠤ ᠨᠢ ᠵᠤᠬᠢᠴᠠᠭᠤᠯᠤᠨ ᠰᠢᠢᠳᠪᠦᠷᠢᠯᠡᠵᠤ ᠲᠦᠯᠬᠢᠬᠦ ᠦᠭᠡᠢ ᠬᠤᠶᠢᠰᠢᠯᠠᠭᠤᠯᠬᠤ ᠦᠬᠡᠢ ᠬᠦᠯᠢᠶᠡᠬᠦ ᠦᠭᠡᠢ ᠲᠦᠰᠢᠬᠦ ᠦᠭᠡᠢ ᠠᠵᠢᠯ ᠤᠨ ᠠᠭᠤᠷ | ᠠᠮᠢᠰᠬᠤᠯ ᠢ ᠪᠦᠷᠢᠯᠳᠦᠬᠦᠯᠦᠨ ᠵᠤᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠨ ᠬᠠᠮᠵᠢᠯᠴᠠᠨ ᠠᠬᠢᠭᠤᠯᠵᠦ ᠬᠠᠮᠳᠤᠪᠡᠷ ᠨᠠᠶᠢᠳᠠᠪᠤᠷᠢᠵᠢᠭᠤᠯᠤᠨ 132 ᠲᠦᠷᠦᠯ ᠤᠨ | 500 ᠲᠥᠮᠡᠨ ᠲᠦᠬᠦᠷᠢᠭ ᠠᠴᠠ ᠳᠡᠭᠡᠭᠰᠢ ᠳ᠋ᠦᠩᠰᠢᠭᠤᠷ ᠲᠦᠭᠦᠷᠢᠭ ᠠᠴᠠ ᠲᠤᠷᠤᠭᠰᠢ ᠲᠦᠷᠦᠯ ᠵᠦᠢᠯ ᠢ ᠯᠠᠪᠳᠠᠭᠤᠨ ᠬᠡᠷᠡᠭᠵᠢᠬᠦᠯᠵᠣ᠂ ᠳ᠋ᠦᠩᠰᠢᠭᠤᠷ | ᠲᠦᠬᠦᠷᠢᠭ ᠠᠴᠠ ᠲᠡᠭᠡᠭᠰᠢᠬᠢ 38 ᠭᠤᠤᠯᠳᠠᠯᠭᠠᠲᠤ ᠲᠦᠷᠦᠯ ᠵᠦᠢᠯ ᠢ ᠲᠤᠭᠲᠠᠭᠰᠠᠨ ᠬᠤᠭᠤᠴᠠᠭᠠᠨ ᠳᠤ ᠠᠵᠢᠯ ᠢᠶᠠᠨ ᠡᠬᠢᠯᠡᠬᠦᠯᠬᠦ ᠰᠡᠷᠬᠦᠬᠡᠬᠦ ᠶᠢᠨ ᠬᠠᠮᠲᠤ | ᠲᠡᠰ ᠲᠠᠷᠠᠭ᠎ᠠ ᠲᠠᠢ ᠴᠠᠭ ᠲᠤ ᠪᠠᠨ ᠪᠡᠯᠡ ᠤᠷᠤᠭᠤᠯᠬᠤ ᠲᠦᠯᠦᠪᠯᠡᠭᠡ ᠪᠠᠨ ᠪᠡᠶᠡᠯᠡᠬᠦᠯᠬᠦ ᠶᠢ ᠪᠠᠲᠤᠯᠠᠨ᠎ᠠ᠃ ᠨᠡᠭᠦᠷᠡᠰᠦ ᠬᠡᠢ ᠶᠢᠨ ᠡᠬᠢ ᠪᠠᠶᠠᠯᠢᠭ ᠤᠨ ᠨᠡᠬᠡᠭᠡᠨ | ᠬᠦᠭᠵᠢᠬᠦᠯᠦᠯᠲᠡ ᠶᠢ ᠡᠮᠬᠢ ᠴᠡᠭᠴᠡᠲᠠᠢ ᠠᠬᠢᠭᠤᠯᠤᠨ᠎ᠠ᠃ ᠬᠤᠶᠢᠳᠤ ᠪᠤᠷᠭᠠᠰᠤᠨ ᠲᠦᠬᠦᠮ ᠵᠡᠷᠭᠡ 4 ᠰᠠᠭᠤᠷᠢ ᠬᠤᠳᠳᠤᠭ ᠤᠨ ᠠᠢ ᠰᠠᠪᠠ ᠶᠢᠨ ᠠᠭᠤᠷᠬᠠᠢ | ᠬᠠᠶᠢᠬᠤ ᠡᠷᠭᠡ ᠶᠢᠨ ᠮᠡᠳᠡᠬᠦᠯᠦᠯᠲᠡ ᠶᠢᠨ ᠲᠠᠩᠰᠠᠯᠠᠯᠲᠠ ᠶᠢ ᠠᠬᠢᠭᠤᠯᠵᠦ ᠪᠠᠶᠢᠭᠤᠯᠵᠦ ᠪᠠᠶᠢᠭ᠎ᠠ ᠳᠠᠩ ᠬᠤᠳᠳᠤᠭ ᠤᠨ ᠭᠠᠷᠳᠠᠮ ᠢ ᠲᠦᠷᠭᠡᠨ ᠬᠦᠢᠴᠡᠳᠬᠡᠵᠦ | ᠮᠦᠩᠭᠡᠴᠢᠨ ᠵᠡᠷᠭᠡ 3 ᠨᠡᠭᠦᠷᠡᠰᠦᠨ ᠠᠭᠤᠷᠬᠠᠢ ᠶᠢᠨ ᠪᠠᠷᠢᠯᠭ᠎ᠠ ᠪᠠᠨ ᠲᠠᠭᠤᠰᠬᠠᠵᠦ ᠠᠰᠢᠭᠯᠠᠯᠲᠠ ᠳᠤ ᠣᠷᠣᠬᠤ ᠶᠢ ᠪᠠᠲᠤᠯᠠᠨ ᠮᠤᠳᠤᠨᠴᠠᠶᠢᠳᠠᠮ᠂ ᠨᠠᠷᠢᠠᠭᠤᠤᠯ | ᠬᠤᠶᠠᠳᠤᠭᠠᠷ ᠨᠤᠮᠧᠷᠲᠤ ᠨᠡᠬᠦᠷᠡᠰᠦᠨ ᠠᠭᠤᠷᠬᠠᠢ ᠶᠢᠨ ᠠᠭᠤᠷᠬᠠᠢ ᠨᠡᠬᠡᠬᠡᠬᠦ ᠵᠦᠪᠰᠢᠶᠡᠷᠡᠯ ᠤᠨ ᠦᠨᠡᠮᠯᠡᠯ ᠢ ᠤᠯᠬᠤ᠂ ᠶᠢᠩ ᠫᠠᠨ ᠬᠤᠤ ᠪᠠ ᠪᠠᠢ ᠵᠢᠶᠠ ᠬᠠᠢ ᠽᠢ | ᠨᠡᠬᠦᠷᠡᠰᠦᠨ ᠠᠭᠤᠷᠬᠠᠢ ᠶᠢ ᠬᠢᠨᠠᠨ ᠵᠦᠪᠰᠢᠶᠡᠷᠡᠬᠦᠯᠵᠤ ᠨᠡᠭᠦᠷᠡᠰᠦᠨ ᠭᠠᠷᠤᠯᠲᠠ ᠶᠢ 5000 ᠲᠦᠮᠡᠨ ᠲᠤᠨ ᠢ ᠲᠠᠪᠠᠭᠤᠯᠬᠤ ᠪᠠᠷ ᠴᠢᠷᠮᠠᠶᠢᠨ᠎ᠠ᠃ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦᠯᠬᠦ ᠠᠬᠢᠴᠠ ᠶᠢ ᠲᠦᠷᠭᠡᠳᠬᠡᠨ᠎ᠡ᠃ ᠵᠦᠩ ᠮᠸᠢ | ᠪᠦᠯᠦᠭᠯᠡᠯ ᠤᠨ ᠤᠷᠳᠤᠰ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ 100 ᠲᠦᠮᠡᠨ ᠲᠤᠨ ᠨᠡᠶᠢᠯᠡᠮᠡᠯ ᠬᠡᠢ ᠪᠠᠷ ᠮᠧᠲ᠋ᠢᠯ ᠠᠯᠺᠤᠤᠯ | ᠦᠢᠯᠡᠳᠬᠦ ᠮᠡᠷᠭᠡᠵᠢᠯ ᠤᠨ ᠦᠭᠡᠷᠡᠴᠢᠯᠡᠯᠲᠡ᠂ ᠶᠢᠨ ᠴᠧᠩ ᠲᠠᠢ ᠺᠤᠮᠫᠠᠨᠢ ᠶᠢᠨ 30 ᠲᠦᠮᠡᠨ ᠲᠤᠨ ᠤ ᠡᠲ᠋ᠢᠯ ᠬᠤᠶᠠᠷᠴᠢ ᠠᠯᠺᠤᠤᠯ᠂ ᠵᠦᠩ ᠲᠢᠶᠠᠨ ᠾᠧ | ᠴᠤᠸᠠᠩ ᠺᠤᠮᠫᠠᠨᠢ ᠶᠢᠨ ᠲᠦᠷᠭᠡᠳᠬᠡᠬᠦᠷ ᠢᠶᠠᠷ ᠬᠠᠭᠠᠷᠠᠭᠤᠯᠬᠤ ᠲᠤᠨᠤᠭ ᠲᠦᠬᠦᠭᠡᠷᠦᠮᠵᠢ ᠵᠡᠷᠭᠡ 8 ᠲᠦᠷᠦᠯ ᠵᠦᠢᠯ ᠤᠨ ᠠᠵᠢᠯ ᠢ ᠡᠬᠢᠯᠡᠬᠦᠯᠦᠨ ᠰᠡᠷᠬᠦᠭᠡᠵᠤ | ᠬᠤᠸᠠ ᠢᠤᠢ ᠪᠦᠯᠦᠭᠯᠡᠯ ᠤᠨ 20 ᠲᠦᠮᠡᠨ ᠲᠤᠨ ᠢᠳᠡᠭᠡᠨ ᠤ ᠲᠡᠰ ᠤᠨ ᠨᠡᠬᠦᠷᠡᠰᠦᠳᠦ᠋ᠷᠦᠭᠴᠢ ᠶᠢᠨ ᠲᠠᠪᠬᠤᠷ ᠢᠰᠦᠯ᠂ ᠦᠪᠦᠷ ᠮᠤᠩᠭᠤᠯ ᠤᠨ ᠴᠠᠩ ᠬᠤᠩ | ᠰᠦᠯᠢᠶᠤᠤ ᠶᠢᠨ ᠦᠢᠯᠡᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ 2000 ᠲᠦᠮᠡᠨ ᠵᠤᠷᠪᠤᠰ ᠬᠦᠨᠳᠦ ᠠᠴᠢᠶ᠎ᠠ ᠶᠢ ᠪᠤᠭᠤᠳᠠᠯᠯᠠᠬᠤ | ᠪᠦᠷᠬᠦᠪᠴᠢ ᠤᠭᠤᠳᠠ ᠶᠢᠨ ᠲᠦᠷᠦᠯ ᠵᠦᠢᠯ ᠢ ᠪᠦᠲᠦᠭᠡᠨ ᠪᠠᠶᠢᠭᠤᠯᠵᠤ ᠵᠦᠸᠧ ᠵᠧᠩ ᠺᠤᠮᠫᠠᠨᠢ ᠶᠢᠨ 120 ᠲᠦᠮᠡᠨ ᠲᠤᠨ ᠨᠡᠬᠦᠷᠡᠰᠦ ᠪᠠᠷ ᠮᠧᠲ᠋ᠢᠯ ᠠᠯᠺᠤᠤᠯ | ᠦᠢᠯᠡᠳᠪᠦᠷᠢᠯᠡᠬᠦ ᠲᠦᠷᠦᠯ ᠵᠦᠢᠯ ᠤᠨ ᠠᠵᠢᠯ ᠰᠡᠷᠭᠦᠭᠡᠵᠤ ᠱᠠᠨᠰᠢ ᠶᠢᠨ ᠨᠡᠭᠦᠷᠡᠰᠦᠨ ᠦᠢᠯᠡᠰ ᠤᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠵᠢᠶᠠᠨ | ᠹᠧᠩ ᠺᠤᠮᠫᠠᠨᠢ ᠶᠢᠨ ᠲᠦᠷᠦᠯ ᠵᠦᠢᠯ ᠢ ᠲᠠᠬᠢᠨ ᠡᠬᠢᠯᠡᠬᠦᠯᠬᠦ ᠠᠵᠢᠯ ᠢ ᠮᠦᠷᠳᠡᠨ ᠠᠬᠢᠭᠤᠯᠤᠨ᠎ᠠ᠃ | ᠬᠦᠷᠢᠶᠡᠯᠡᠩ ᠲᠤᠭᠤᠷᠢᠭ ᠤᠨ ᠴᠢᠳᠠᠪᠬᠢ ᠶᠢᠨ ᠢᠵᠢ ᠪᠦᠷᠢᠳᠦᠯ ᠢ ᠰᠠᠶᠢᠲᠤᠷ ᠠᠳᠬᠤᠨ᠎ᠠ᠃ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠦᠷᠢᠶᠡᠯᠡᠩ ᠪᠠᠶᠢᠭᠤᠯᠬᠤ ᠶᠢ ᠭᠤᠶᠤᠴᠢᠯᠠᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠢ ᠢᠵᠢ ᠪᠦᠷᠢᠳᠦᠬᠦᠯᠦᠨ ᠪᠠᠶᠢᠭᠤᠯᠵᠤ ᠲᠤᠮᠳᠠ | ᠪᠠᠭ᠎ᠠ ᠠᠵᠤ ᠠᠬᠤᠶᠢᠯᠠᠯ ᠪᠤᠯᠤᠨ ᠲᠤᠮᠤ ᠠᠵᠤ ᠠᠬᠤᠶᠢᠯᠠᠯ ᠤᠨ ᠢᠵᠢ ᠪᠦᠷᠢᠳᠦᠭᠰᠡᠨ ᠬᠠᠮᠵᠢᠯᠴᠠᠭᠠᠨ ᠤ ᠲᠠᠪᠴᠠᠩ ᠢ ᠪᠠᠶᠢᠭᠤᠯᠤᠨ᠎ᠠ᠃ ᠦᠪᠡᠷᠳᠡᠭᠡᠨ ᠵᠠᠰᠠᠬᠤ | ᠤᠷᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠦᠭᠵᠢᠬᠦᠯᠦᠯᠲᠡ ᠶᠢᠨ ᠲᠤᠰᠬᠠᠢ ᠪᠡᠯᠡ ᠮᠦᠩᠭᠦ ᠪᠠ ᠰᠠᠭᠤᠷᠢ ᠪᠦᠲᠦᠭᠡᠨ ᠪᠠᠶᠢᠭᠤᠯᠤᠯᠲᠠ | ᠶᠢᠨ ᠵᠢᠭᠡᠯᠡᠯᠭᠡ ᠶᠢᠨ ᠲᠡᠮᠳᠡᠭᠲᠤ ᠶᠢᠨ ᠪᠡᠯᠡ ᠮᠦᠩᠭᠦ ᠶᠢ ᠲᠡᠮᠡᠴᠡᠨ ᠤᠯᠵᠤ ᠬᠦᠷᠢᠶᠡᠯᠡᠩ ᠲᠤᠭᠤᠷᠢᠭ ᠤᠨ ᠤᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢ | ᠲᠡᠭᠦᠯᠳᠡᠷᠵᠢᠬᠦᠯᠦᠨ ᠰᠤᠶᠤᠯ᠂ ᠰᠤᠷᠭᠠᠨ ᠬᠦᠮᠦᠵᠢᠯ᠂ ᠰᠡᠯᠡᠬᠦᠴᠡᠯ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ ᠴᠠᠬᠢᠯᠭᠠᠨ ᠲᠦᠭᠡᠭᠡᠭᠦ | ᠬᠡᠮᠵᠢᠶ᠎ᠡ ᠶᠢ ᠨᠡᠮᠡᠭᠳᠡᠬᠦᠯᠬᠦ ᠲᠤᠷᠰᠢᠯᠲᠠ ᠶᠢᠨ ᠴᠡᠭ ᠤᠨ ᠦᠭᠡᠷᠡᠴᠢᠯᠡᠯᠲᠡ ᠶᠢ ᠠᠬᠢᠭᠤᠯᠵᠤ ᠬᠦᠷᠢᠶᠡᠯᠡᠩ ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠤᠷᠴᠢᠨ ᠢ ᠰᠢᠯᠢᠳᠡᠭᠵᠢᠬᠦᠯᠦᠨ ᠬᠦᠷᠢᠶᠡᠯᠡᠩ ᠲᠤᠭᠤᠷᠢᠭ ᠤᠨ ᠠᠴᠢᠶᠠᠯᠠᠬᠤ ᠬᠦᠴᠦᠨ ᠢ ᠲᠡᠭᠡᠭᠰᠢᠯᠡᠬᠦᠯᠦᠨ᠎ᠡ᠃ ᠬᠦᠷᠢᠶᠡᠯᠡᠩ ᠲᠤᠭᠤᠷᠢᠭ ᠦᠪᠡᠷ | ᠤᠨ ᠲᠠᠷᠤᠯᠲᠠ ᠪᠠᠨ ᠨᠡᠮᠡᠭᠳᠡᠬᠦᠯᠵᠤ ᠠᠵᠢᠯ ᠤᠨ ᠭᠤᠤᠯᠳᠠᠯᠭ᠎ᠠ ᠪᠠᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ | ᠲᠡᠭᠡᠭᠰᠢᠯᠡᠬᠦᠯᠬᠦ ᠲᠡᠭᠡᠷ᠎ᠡ ᠲᠠᠯᠪᠢᠵᠤ ᠬᠦᠷᠢᠶᠡᠯᠡᠩ ᠲᠤᠭᠤᠷᠢᠭ ᠤᠨ ᠠᠵᠤ ᠠᠬᠤᠶᠢᠯᠠᠯ ᠳᠤ ᠬᠢᠷᠢ ᠲᠡᠩᠴᠡᠭᠰᠡᠨ ᠰᠠᠭᠤᠷᠢ ᠲᠠᠢ᠂ ᠢᠵᠢ ᠪᠦᠷᠢᠳᠦᠭᠰᠡᠨ ᠴᠢᠳᠠᠪᠬᠢ | ᠲᠠᠢ᠂ ᠦᠨᠳᠦᠷ ᠪᠦᠲᠦᠮᠵᠢᠲᠤ ᠵᠠᠰᠠᠭ ᠵᠠᠬᠢᠷᠭᠠᠨ ᠲᠠᠢ᠂ ᠨᠢᠭᠡ ᠭᠡᠷ ᠪᠦᠯᠢ ᠮᠡᠲᠤ ᠲᠤᠳᠤᠨᠤᠰᠤᠭ ᠠᠷᠠᠯᠵᠢᠶᠠᠴᠢᠨ ᠤᠷᠢᠵᠤ ᠠᠷᠠᠯᠵᠢᠶ᠎ᠠ ᠡᠵᠡᠩᠨᠡᠨ ᠠᠮᠤᠷ | ᠲᠤᠭᠲᠠᠭᠤᠨ ᠪᠠᠶᠠᠵᠢᠨ ᠴᠢᠨᠡᠭᠡᠯᠢᠭᠵᠢᠬᠦ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠦᠢᠯᠡᠳᠬᠦᠨ ᠤ ᠦᠷᠳᠡᠭ ᠨᠢ ᠮᠢᠩᠭᠠᠨ ᠳ᠋ᠦᠩᠰᠢᠭᠤᠷ ᠢ ᠲᠠᠪᠠᠭᠰᠠᠨ ︽ | ᠠᠮᠢ ᠠᠬᠤᠢ ᠶᠢᠨ ᠬᠡᠯᠪᠡᠷᠢ᠂ ᠰᠢᠨ᠎ᠡ ᠡᠭᠦᠳᠦᠯᠲᠡ ᠶᠢᠨ ᠬᠡᠯᠪᠡᠷᠢ᠂ ᠤᠶᠤᠨᠴᠢ ᠬᠡᠯᠪᠡᠷᠢ︾ ᠶᠢᠨ ᠤᠳᠤᠬᠢᠴᠢᠯᠠᠭᠰᠠᠨ ᠬᠦᠷᠢᠶᠡᠯᠡᠩ ᠲᠤᠭᠤᠷᠢᠭ ᠢ ᠪᠦᠲᠦᠭᠡᠨ | ᠪᠠᠶᠢᠭᠤᠯᠤᠨ᠎ᠠ᠃ | ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠡ ᠶᠢ ᠰᠠᠶᠢᠲᠤᠷ ᠠᠳᠬᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠪᠤᠯ ᠮᠠᠨ ᠤ | ᠬᠤᠰᠢᠭᠤᠨ ᠤ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ ᠪᠤᠯᠪᠠᠰᠤᠷᠠᠩᠭᠤᠢ᠂ ᠦᠶᠡᠯᠡᠯ ᠤᠨ ᠬᠤᠭᠤᠴᠠᠭ᠎ᠠ ᠨᠢ ᠤᠬᠤᠷ᠂ ᠠᠮᠵᠢᠯᠲᠠ | ᠭᠠᠷᠬᠤ ᠨᠢ ᠲᠦᠷᠭᠡᠨ ᠵᠡᠷᠭᠡ ᠲᠠᠪᠠᠭᠤᠯᠢᠭ ᠲᠠᠢ᠃ ᠪᠢᠳᠠ ᠨᠢᠭᠡ ᠲᠠᠯ᠎ᠠ ᠪᠠᠷ ︽ᠤᠯᠠᠨ ᠦᠨᠡᠮᠯᠡᠯ ᠢ ᠨᠢᠭᠡᠳᠬᠡᠬᠦ︾ ︽ᠦᠨᠡᠮᠯᠡᠯ ᠭᠡᠷᠡᠴᠢ ᠶᠢ ᠰᠠᠯᠭᠠᠬᠤ︾ | ᠦᠭᠡᠷᠡᠴᠢᠯᠡᠯᠲᠡ ᠶᠢ ᠦᠷᠬᠦᠯᠵᠢᠯᠡᠨ ᠬᠦᠨᠵᠡᠭᠡᠶᠢᠷᠡᠬᠦᠯᠵᠤ ᠭᠠᠶᠢᠯᠢ ᠶᠢ ᠪᠠᠭᠤᠷᠠᠭᠤᠯᠤᠨ ᠵᠠᠷᠤᠳᠠᠯ ᠢ ᠪᠠᠭᠠᠰᠬᠠᠬᠤ ︽ᠬᠠᠮᠳᠤᠷᠠᠯ ᠬᠦᠴᠦᠨ︾ ᠢ ᠰᠠᠶᠢᠨ ᠬᠢᠵᠤ ︽ | ᠠᠵᠤ ᠠᠬᠤᠶᠢᠯᠠᠯ ᠢ ᠡᠬᠦᠯᠡᠨ ᠲᠠᠪᠴᠠᠩ︾ ᠳᠤ ᠭᠠᠷᠭᠠᠵᠤ ᠠᠵᠤ ᠠᠬᠤᠶᠢᠯᠠᠯ ᠤᠨ ᠦᠪᠡᠷ ᠤᠨ ᠦᠷᠳᠡᠭ ᠢ ᠦᠷᠬᠦᠯᠵᠢᠯᠡᠨ ᠪᠠᠭᠤᠷᠠᠭᠤᠯᠵᠤ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠳᠤ ᠦᠷᠢᠳᠦᠭᠰᠡᠨ ᠪᠡᠯᠡ ᠮᠦᠩᠭᠦ ᠶᠢ ᠲᠡᠰ ᠲᠠᠷᠠᠭ᠎ᠠ ᠲᠠᠢ ᠲᠦᠯᠦᠵᠤ ᠤᠳᠤᠬᠠᠨ ᠳᠤ ᠪᠠᠶᠢᠭ᠎ᠠ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠤᠨ ᠡᠮᠬᠢ ᠴᠡᠭᠴᠡᠲᠠᠢ ᠡᠷᠡᠬᠦᠯ ᠬᠦᠭᠵᠢᠯᠲᠡ ᠶᠢ ᠪᠠᠲᠤᠯᠠᠨ᠎ᠠ᠃ ᠨᠦᠭᠦᠭᠡ ᠲᠠᠯ᠎ᠠ ᠪᠠᠷ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠦᠭᠵᠢᠯᠲᠡ | ᠶᠢ ᠨᠡᠩ ᠴᠢᠬᠤᠯᠠᠴᠢᠯᠠᠨ ᠲᠡᠮᠵᠢᠵᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠰᠤᠩᠭᠤᠭᠰᠠᠨ ᠲᠦᠷᠦᠯ ᠵᠦᠢᠯ ᠨᠢ ᠤᠯᠤᠰ ᠤᠨ ᠠᠵᠤ ᠦᠢᠯᠡᠰ ᠤᠨ | ᠲᠦᠷᠦ ᠶᠢᠨ ᠪᠤᠳᠤᠯᠭ᠎ᠠ ᠪᠠ ᠤᠷᠤᠨ ᠨᠤᠲᠤᠭ ᠤᠨ ᠪᠤᠳᠠᠲᠠᠢ ᠲᠠᠢ ᠨᠡᠶᠢᠴᠡᠬᠦ ᠳᠤ ᠬᠦᠷᠪᠡᠯ ᠲᠦᠷᠦᠯ ᠵᠦᠢᠯ ᠤᠨ ᠭᠠᠷ ᠬᠦᠢᠴᠡᠳᠬᠡᠯ ᠵᠡᠷᠭᠡ ᠲᠠᠯ᠎ᠠ ᠪᠠᠷ | ᠭᠤᠣᠯᠳᠠᠯᠭᠠᠲᠠᠢ ᠲᠡᠮᠵᠢᠵᠤ ᠲᠡᠭᠡᠷ᠎ᠡ ᠱᠠᠲᠤᠨ ᠤ ᠲᠤᠰᠬᠠᠢ ᠲᠦᠷᠦᠯ ᠤᠨ ᠪᠡᠯᠡ ᠮᠦᠩᠭᠦ ᠶᠢ ᠤᠯᠵᠤ ᠪᠤᠯᠬᠤ ᠳᠤ ᠬᠦᠷᠪᠡᠯ ᠢᠳᠡᠪᠬᠢᠲᠠᠢ ᠲᠠᠢ ᠬᠠᠪᠰᠤᠷᠤᠨ | ᠤᠯᠬᠤ ᠶᠢᠨ ᠬᠠᠮᠲᠤ ᠬᠦᠢᠴᠡᠳ ᠲᠤᠭ᠎ᠠ ᠪᠠᠷ ᠦᠭᠭᠦᠨ᠎ᠡ᠃ ︽ᠲᠤᠰᠬᠠᠢ ᠨᠠᠷᠢᠯᠢᠭ ᠦᠪᠡᠷᠮᠢᠴᠡ ᠰᠢᠨ᠎ᠡ︾ ᠪᠠᠭ᠎ᠠ ᠪᠢᠴᠢᠯ ᠠᠵᠤ ᠠᠬᠤᠶᠢᠯᠠᠯ ᠢ ᠬᠦᠮᠦᠵᠢᠬᠦᠯᠬᠦ | ᠢᠨᠵᠧᠨᠧᠷᠢᠩ ᠢ ᠬᠡᠷᠡᠭᠵᠢᠬᠦᠯᠵᠤ ᠣᠯᠠᠨ ᠢᠶᠠᠷ ᠢᠶᠠᠨ ᠣᠶᠢᠯᠡᠰ ᠪᠣᠰᠬᠠᠬᠤ ᠶᠢ ᠵᠣᠷᠢᠭᠵᠢᠭᠤᠯᠵᠣ ᠬᠤᠪᠢ ᠶᠢᠨ ᠣᠶᠢᠯᠡᠳᠪᠣᠷᠢ ᠬᠤᠳᠠᠯᠳᠣᠭᠠᠨ ᠤ ᠡᠵᠡᠩᠨᠡᠯᠳᠡ ᠶᠢᠨ | ᠡᠷᠦᠬᠡ ᠪᠠᠭ᠎ᠠ ᠪᠢᠴᠢᠯ ᠠᠵᠣ ᠠᠬᠤᠢ ᠪᠣᠯᠣᠨ ᠬᠦᠭᠵᠢᠵᠣ᠂ ᠪᠠᠭ᠎ᠠ ᠪᠢᠴᠢᠯ ᠠᠵᠣ ᠠᠬᠤᠶᠢᠯᠡᠯ ᠬᠡᠪᠴᠢᠶᠠᠵᠢᠯ ᠠᠴᠠ ᠳᠡᠬᠡᠭᠰᠢᠬᠢ ᠠᠵᠣ ᠠᠬᠤᠶᠢᠯᠠᠯ ᠪᠣᠯᠬᠤ ᠵᠠᠮ | ᠢᠶᠠᠷ ᠱᠠᠳᠣᠴᠢ ᠴᠢᠨᠡᠷᠳᠡᠢ ᠬᠦᠮᠦᠵᠢᠬᠦᠯᠬᠦ ᠰᠢᠰᠲ᠋ᠧᠮ ᠢ ᠪᠠᠶᠢᠭᠤᠯᠵᠣ ︽ᠤᠯᠠᠨ ᠢᠶᠠᠷ ᠢᠶᠠᠨ ᠦᠢᠯᠡᠰ ᠪᠦᠲᠦᠭᠡᠵᠤ ᠲᠠᠶᠠᠭᠠᠷ ᠢᠶᠠᠨ ᠰᠢᠨ᠎ᠡ ᠶᠢ ᠡᠭᠦᠳᠬᠦ︾ | ᠭᠦᠭᠵᠢᠯᠲᠡ ᠶᠢᠨ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠠᠵᠤ ᠠᠬᠤᠶᠢᠯᠠᠯᠲᠠᠨ ᠤ ᠡᠩᠨᠡᠭᠡ ᠶᠢ ᠬᠠᠯᠠᠮᠵᠢᠯᠠᠨ ᠤᠯᠤᠰ ᠤᠨ ᠦᠮᠴᠢᠯᠡᠯᠲᠤ ᠠᠵᠤ ᠠᠬᠤᠶᠢᠯᠠᠯ | ᠤᠨ ᠲᠡᠭᠡᠲᠦ ᠵᠡᠷᠭᠡ ᠶᠢᠨ ᠬᠠᠷᠢᠭᠤᠴᠠᠯᠭᠠᠲᠠᠨ ᠡᠰᠡᠬᠦᠯ᠎ᠡ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠠᠷᠢᠭᠤᠴᠠᠯᠭᠠᠲᠠᠨ ᠴᠦᠮ ᠮᠠᠨ ᠤ ᠬᠤᠰᠢᠭᠤᠨ ᠤ | ᠠᠵᠤ ᠠᠬᠤᠢ ᠶᠢᠨ ᠬᠦᠭᠵᠢᠯᠲᠡ ᠪᠠ ᠠᠵᠢᠯ ᠤᠯᠭᠤᠵᠤ ᠦᠢᠯᠡᠰ ᠪᠦᠲᠦᠭᠡᠬᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ᠂ ᠪᠤᠳᠠᠰ ᠤᠨ | ᠲᠡᠮᠵᠢᠯᠭᠡ ᠰᠤᠷᠭᠠᠨ ᠬᠦᠮᠦᠵᠢᠯ ᠤᠨ ᠲᠤᠰᠠᠯᠠᠮᠵᠢ ᠵᠡᠷᠭᠡ ᠬᠦᠷᠢᠶ᠎ᠡ ᠴᠠᠷᠠᠭᠠᠨ ᠳᠤ ᠴᠢᠬᠤᠯᠠ ᠬᠤᠪᠢ ᠨᠡᠮᠡᠷᠢ ᠦᠵᠡᠬᠦᠯᠵᠤ ᠪᠢᠳᠠ ᠲᠡᠳᠡᠨ ᠲᠠᠢ ᠨᠠᠶᠢᠵᠠᠯᠠᠨ ᠠᠵᠤ | ᠠᠬᠤᠶᠢᠯᠠᠯ ᠤᠨ ᠬᠦᠭᠵᠢᠯᠲᠡ ᠶᠢ ᠬᠠᠯᠠᠮᠵᠢᠯᠠᠬᠤ ᠪᠠᠷ ᠪᠠᠷᠠᠬᠤ ᠦᠭᠡᠢ ᠠᠵᠤ ᠠᠬᠤᠶᠢᠯᠠᠯᠲᠠᠨ ᠤ ᠬᠦᠭᠵᠢᠯᠲᠡ ᠶᠢ ᠴᠢᠬᠤᠯᠠᠴᠢᠯᠠᠵᠤ ᠲᠡᠳᠡᠨ ᠢ ᠬᠠᠪᠰᠤᠷᠤᠨ ᠨᠢᠭᠡ | ᠪᠦᠯᠦᠭ ᠪᠤᠳᠠᠲᠠᠢ ᠠᠰᠠᠭᠤᠳᠠᠯ ᠢ ᠰᠢᠢᠳᠪᠦᠷᠢᠯᠡᠨ ᠲᠡᠳᠡᠨ ᠢ ᠦᠣᠰᠢᠨ ᠳᠤ ᠠᠭᠤᠰᠣᠯᠴᠠᠭᠤᠯᠵᠣ ᠦᠤᠰᠢᠨ ᠳᠤ ᠬᠠᠷᠢᠭᠤᠴᠠᠨ ᠦᠤᠰᠢᠨ ᠤ ᠬᠦᠴᠢᠷᠳᠡᠯ ᠢ | ᠰᠢᠢᠳᠪᠦᠷᠢᠯᠡᠵᠤ ᠦᠤᠰᠢᠨ ᠤ ᠬᠦᠭᠵᠢᠯᠲᠡ ᠶᠢ ᠳᠡᠮᠵᠢᠳᠡᠭ ᠦᠤᠰᠢᠨ ᠬᠦᠮᠦᠨ ᠪᠤᠯᠭᠠᠨ᠎ᠠ᠃ | ︵ᠬᠤᠶᠠᠷ︶ ᠪᠦᠲᠦᠴᠡ ᠶᠢ ᠲᠤᠬᠢᠷᠠᠭᠤᠯᠤᠨ ᠴᠢᠨᠠᠷ ᠪᠦᠲᠦᠮᠵᠢ ᠶᠢ ᠲᠡᠭᠡᠭᠰᠢᠯᠡᠬᠦᠯᠵᠤ ᠤᠷᠴᠢᠨ ᠲᠤᠭᠤᠷᠢᠨ ᠢ ᠰᠢᠯᠢᠳᠡᠭᠵᠢᠬᠦᠯᠦᠨ ᠬᠦᠳᠡᠭᠡ ᠲᠤᠰᠬᠤᠨ | ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠤᠶᠢᠯᠠᠭᠠᠭᠳᠠᠬᠤᠨ ᠢᠶᠠᠨ ᠬᠤᠪᠢᠷᠠᠭᠤᠯᠬᠤ ᠪᠠᠷ | ᠭᠠᠷᠳᠠᠴᠠ ᠪᠤᠯᠭᠠᠵᠤ ᠪᠡᠯᠡ ᠮᠦᠩᠭᠦᠨ ᠤ ᠤᠷᠤᠭᠤᠯᠤᠯᠲᠠ ᠪᠠᠨ ᠤᠯᠠᠮ ᠨᠢᠬᠡ ᠠᠯᠬᠤᠮ ᠨᠡᠮᠡᠭᠳᠡᠬᠦᠯᠦᠨ ᠲᠦᠯᠦᠪᠵᠢᠬᠦᠯᠭᠡ ᠶᠢᠨ ᠲᠤᠭᠳᠠᠯᠴᠠᠭ᠎ᠠ ᠪᠠᠨ | ᠲᠡᠭᠦᠯᠳᠡᠷᠵᠢᠬᠦᠯᠵᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠵᠤ ᠮᠠᠯᠴᠢᠨ ᠲᠠᠷᠢᠶᠠᠴᠢᠨ ᠢ ᠵᠢᠯᠤᠭᠤᠳᠤᠨ | ᠣᠷᠣᠰᠢᠨ ᠰᠠᠭᠤᠷᠢᠰᠢᠬᠤ ᠤᠷᠴᠢᠨ ᠲᠤᠭᠤᠷᠢᠨ ᠤ ᠴᠡᠭᠴᠡᠯᠡᠯᠲᠡ ᠳᠤ ᠤᠷᠤᠯᠴᠠᠭᠤᠯᠵᠤ ᠮᠠᠯ ᠲᠠᠷᠢᠶᠠᠯᠠᠩ ᠤᠨ ᠦᠢᠯᠡᠰ ᠢ ᠬᠦᠭᠵᠢᠬᠦᠯᠵᠦ᠂ ᠮᠠᠯᠵᠢᠬᠤ | ᠲᠠᠷᠢᠶᠠᠯᠠᠬᠤ ᠤᠷᠤᠨ ᠢ ᠭᠤᠶᠤᠵᠢᠭᠤᠯᠤᠨ᠂ ᠮᠠᠯᠴᠢᠨ ᠲᠠᠷᠢᠶᠠᠴᠢᠨ ᠢ ᠴᠢᠨᠡᠭᠡᠯᠢᠭᠵᠢᠬᠦᠯᠬᠦ ᠶᠢ ᠲᠦᠯᠬᠢᠨ ᠠᠬᠢᠭᠤᠯᠤᠨ᠎ᠠ᠃ | ᠮᠠᠯᠴᠢᠨ ᠲᠠᠷᠢᠶᠠᠴᠢᠨ ᠤ ᠭᠤᠤᠯ ᠴᠤᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠰᠠᠶᠢᠨ ᠰᠠᠶᠢᠬᠠᠨ ᠠᠮᠢᠳᠤᠷᠠᠯ ᠢ ᠴᠦᠮ ᠦᠪᠡᠷᠳᠡᠭᠡᠨ | ᠲᠡᠮᠡᠴᠡᠵᠤ ᠪᠠᠶᠢᠭᠠᠳ ᠤᠯᠳᠠᠭ ᠶᠤᠮ᠃ ᠪᠢᠳᠠ ᠮᠠᠯᠴᠢᠨ ᠲᠠᠷᠢᠶᠠᠴᠢᠨ ᠢ ᠬᠦᠮᠦᠵᠢᠬᠦᠯᠵᠦ ᠵᠢᠯᠤᠭᠤᠳᠬᠤ ᠶᠢ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠠᠵᠢᠯ ᠤᠨ ᠲᠡᠷᠢᠬᠦᠨ ᠭᠠᠷᠳᠠᠴᠠ ᠪᠤᠯᠭᠠᠵᠤ ᠦᠵᠡᠯ ᠰᠠᠨᠠᠭᠠᠨ ᠤ ᠤᠶᠢᠯᠠᠭᠠᠭᠳᠠᠬᠤᠨ᠂ ᠲᠦᠷᠦ ᠶᠢᠨ ᠪᠤᠳᠤᠯᠭ᠎ᠠ ᠶᠢᠨ ᠤᠨᠤᠯ᠂ ᠬᠡᠷᠡᠭᠯᠡᠭᠡᠨ ᠤ | ᠮᠡᠷᠭᠡᠵᠢᠯ ᠵᠡᠷᠭᠡ ᠲᠠᠯ᠎ᠠ ᠪᠠᠷ ᠬᠦᠮᠦᠵᠢᠯ ᠪᠤᠯᠪᠠᠰᠤᠷᠠᠯ ᠢ ᠡᠷᠬᠢᠯᠡᠵᠤ ᠲᠠᠨᠢᠯᠲᠠ ᠪᠠᠨ ᠨᠠᠮ ᠤᠨ ᠲᠦᠪ ᠬᠤᠷᠢᠶ᠎ᠠ ᠪᠠ ᠲᠡᠭᠡᠷ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠴᠢᠭᠯᠡᠯᠳᠡ ᠳᠡᠭᠡᠷ᠎ᠡ ᠨᠢᠭᠡᠳᠬᠡᠵᠦ ᠣᠶᠢᠯᠠ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠡ ᠨᠢᠭᠡᠳᠬᠡᠨ ᠦᠷᠭᠡᠨ ᠤᠯᠠᠨ ᠮᠠᠯᠴᠢᠨ ᠲᠠᠷᠢᠶᠠᠴᠢᠨ ᠤ ᠲᠤᠳᠤᠭᠠᠲᠤ ᠬᠦᠳᠡᠯᠭᠡᠭᠴᠢ | ᠬᠦᠴᠦᠨ ᠢ ᠪᠠᠳᠠᠷᠠᠭᠤᠯᠵᠤ ᠮᠠᠯᠴᠢᠨ ᠲᠠᠷᠢᠶᠠᠴᠢᠨ ᠢ ᠤᠬᠠᠮᠰᠠᠷ ᠲᠠᠢ ᠰᠠᠶᠢᠨ ᠲᠤᠷ᠎ᠠ ᠠᠴᠠ ᠪᠠᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ᠂ | ᠣᠷᠣᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠬᠦ ᠳᠤ ᠤᠷᠤᠯᠴᠠᠳᠠᠭ ᠪᠤᠯᠭᠠᠪᠠᠯ ᠯᠠᠪᠲᠠᠢ ᠨᠢᠭᠡᠨ ᠬᠦᠴᠦᠷᠭᠡᠭ ᠬᠦᠴᠦᠨ ᠢ ᠪᠦᠷᠢᠯᠳᠦᠬᠦᠯᠵᠤ | ᠮᠠᠯᠵᠢᠬᠤ ᠲᠠᠷᠢᠶᠠᠯᠠᠬᠤ ᠤᠷᠤᠨ ᠤ ᠠᠵᠢᠯ ᠤᠨ ᠰᠢᠨ᠎ᠡ ᠨᠢᠭᠡ ᠬᠠᠭᠤᠳᠠᠰᠤ ᠶᠢ ᠰᠡᠬᠦᠬᠦ ᠶᠤᠮ᠃ | ᠤᠷᠢᠳᠠᠪᠡᠷ ᠲᠦᠯᠦᠪᠵᠢᠬᠦᠯᠬᠦ ᠶᠢ ᠪᠠᠷᠢᠮᠳᠠᠯᠠᠨ᠎ᠠ᠃ ᠬᠤᠰᠢᠭᠤ ᠱᠠᠲᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ | ᠶᠢᠨ ︽1+5︾ ᠬᠡᠷᠡᠭᠵᠢᠬᠦᠯᠬᠦ ᠲᠦᠰᠦᠯ ᠢ ᠲᠤᠭᠲᠠᠭᠠᠨ ᠲᠦᠪᠯᠡᠷᠡᠬᠦᠯᠦᠨ ᠲᠡᠭᠡᠭᠰᠢᠯᠡᠬᠦᠯᠬᠦ᠂ ᠬᠤᠲᠠ ᠶᠢᠨ ᠲᠡᠬᠦᠷᠭᠡ ᠳᠤ ᠠᠭᠤᠰᠤᠯᠴᠠᠬᠤ᠂ ᠦᠪᠡᠷᠮᠢᠴᠡ | ᠤᠨᠴᠠᠯᠢᠭ ᠢᠶᠠᠨ ᠬᠠᠮᠠᠭᠠᠯᠠᠬᠤ᠂ ᠨᠡᠬᠦᠯᠭᠡᠵᠤ ᠬᠠᠰᠤᠵᠤ ᠨᠡᠶᠢᠯᠡᠬᠦᠯᠬᠦ ᠰᠡᠳᠬᠢᠴᠡ ᠪᠠᠷ ᠮᠠᠯᠴᠢᠨ ᠲᠠᠷᠢᠶᠠᠴᠢᠨ ᠦᠷᠭᠡᠨ ᠢᠶᠠᠷ ᠤᠷᠤᠯᠴᠠᠭᠰᠠᠨ ᠤᠷᠢᠳᠠᠯ ᠲᠤᠤᠷ᠎ᠠ | ᠰᠤᠮᠤ ᠪᠠᠯᠭᠠᠰᠤᠨ ᠠᠴᠠ ᠭᠤᠤᠯᠯᠠᠨ ᠭᠠᠴᠠᠭ᠎ᠠ ᠲᠤᠰᠬᠤᠨ ᠤ ᠲᠦᠯᠦᠪᠵᠢᠬᠦᠯᠭᠡ ᠪᠠ ᠬᠡᠷᠡᠭᠵᠢᠬᠦᠯᠬᠦ ᠲᠦᠰᠦᠯ ᠢ ᠨᠠᠶᠢᠷᠠᠭᠤᠯᠤᠨ ᠲᠤᠭᠳᠠᠭᠠᠨ᠎ᠠ᠃ ᠲᠤᠬᠠᠢ ᠶᠢᠨ | ᠭᠠᠵᠠᠷ ᠤᠨ ᠨᠦᠬᠦᠴᠡᠯ ᠪᠠ ᠡᠬᠢ ᠪᠠᠶᠠᠯᠢᠭ ᠤᠨ ᠲᠠᠪᠠᠭᠤᠯᠢᠭ ᠲᠤ ᠲᠦᠰᠢᠭᠯᠡᠨ ᠲᠦᠷᠦᠯ ᠵᠦᠢᠯ ᠤᠨ ᠨᠦᠭᠡᠴᠡ᠂ ᠪᠡᠯᠡ ᠮᠦᠩᠭᠦᠨ ᠤ ᠲᠤᠬᠢᠷᠠᠭᠤᠯᠤᠯᠲᠠ᠂ | ᠴᠢᠳᠠᠪᠤᠷᠢᠲᠠᠨ ᠤ ᠲᠤᠯᠭᠠᠭᠤᠷᠢᠯᠠᠯ ᠵᠡᠷᠭᠡ ᠠᠵᠢᠯ ᠢ ᠨᠠᠶᠢᠲᠠᠪᠤᠷᠢᠵᠢᠭᠤᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠬᠦᠭᠵᠢᠯᠲᠡ ᠶᠢ | ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠭᠡ ᠶᠢᠨ ᠲᠦᠷᠢᠮ᠂ ᠲᠠᠷᠢᠶᠠᠯᠠᠩ ᠤᠨ ᠣᠰᠣᠨ ᠤ ᠦᠨ᠎ᠡ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠵᠡᠷᠭᠡ ᠰᠠᠭᠤᠷᠢ ᠴᠢᠨᠠᠷᠲᠠᠢ ᠦᠭᠡᠷᠡᠴᠢᠯᠡᠯᠲᠡ ᠪᠠ ᠬᠦᠭᠵᠢᠯᠲᠡ ᠶᠢᠨ ᠭᠤᠤᠯᠯᠠᠬᠤ ᠠᠵᠤ ᠦᠢᠯᠡᠰ ᠢ ᠬᠦᠭᠵᠢᠬᠦᠯᠬᠦ᠂ ᠬᠠᠮᠲᠤ | ᠶᠢᠨ ᠠᠵᠤ ᠠᠬᠤᠢ ᠶᠢ ᠪᠤᠢ ᠪᠤᠯᠭᠠᠬᠤ᠂ ᠭᠠᠴᠠᠭ᠎ᠠ ᠲᠤᠰᠬᠤᠨ ᠤ ᠲᠦᠷᠢ ᠲᠦᠷᠬᠦ ᠶᠢ ᠰᠠᠶᠢᠵᠢᠷᠠᠭᠤᠯᠬᠤ ᠵᠡᠷᠭᠡ ᠲᠠᠯ᠎ᠠ ᠪᠠᠷ ᠡᠮᠦᠨ᠎ᠡ ᠡᠩᠨᠡᠭᠡᠨ ᠳᠤ ᠤᠷᠤᠵᠤ | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠦᠷ᠎ᠡ ᠪᠦᠲᠦᠮᠵᠢ ᠤᠯᠵᠤ ᠲᠠᠭᠤᠷᠢᠶᠠᠵᠤ ᠪᠤᠯᠬᠤ ᠲᠡᠯᠭᠡᠷᠡᠬᠦᠯᠵᠤ ᠪᠤᠯᠬᠤ ᠶᠢ ᠪᠠᠲᠤᠯᠠᠨ᠎ᠠ᠃ | ᠠᠵᠤ ᠦᠢᠯᠡᠰ ᠤᠨ ᠬᠦᠭᠵᠢᠨ ᠮᠠᠨᠳᠤᠯᠲᠠ ᠶᠢ ᠠᠬᠢᠭᠤᠯᠤᠨ᠎ᠠ᠃ ᠮᠠᠯ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠭᠦ ᠶᠢ 1 ᠳ᠋ᠦᠩᠰᠢᠭᠤᠷ | ᠲᠦᠬᠦᠷᠢᠭ ᠠᠴᠠ ᠲᠡᠭᠡᠭᠰᠢ ᠨᠢᠭᠡᠲᠤᠯᠲᠠᠢ ᠲᠤᠬᠢᠷᠠᠭᠤᠯᠤᠨ ᠮᠠᠯ ᠲᠠᠷᠢᠶᠠᠯᠠᠩ ᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ 10 ᠶᠡᠭᠡ ᠠᠵᠢᠯᠯᠠᠭᠠᠨ | ᠤ ᠲᠦᠯᠦᠪᠯᠡᠭᠡ ᠶᠢ ᠨᠠᠶᠢᠲᠠᠪᠤᠷᠢᠵᠢᠭᠤᠯᠵᠤ ᠮᠠᠯ ᠲᠠᠷᠢᠶᠠᠯᠠᠩ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ᠂ ᠨᠡᠷᠡᠲᠦ ᠲᠡᠮᠳᠡᠭᠵᠢᠬᠦᠯᠦᠯᠲᠡ᠂ | ᠤᠬᠢᠵᠢᠭᠤᠯᠤᠯᠲᠠ ᠶᠢ ᠠᠬᠢᠭᠤᠯᠤᠨ᠎ᠠ᠃ ᠰᠤᠮᠤ ᠪᠠᠯᠭᠠᠰᠤ ᠪᠤᠯᠭᠠᠨ ᠳᠤ 200 ᠲᠦᠮᠡᠨ ᠲᠦᠬᠦᠷᠢᠭ ᠤᠨ ᠪᠡᠯᠡ ᠮᠦᠩᠭᠦ ᠲᠤᠬᠢᠷᠠᠭᠤᠯᠤᠨ ᠭᠤᠤᠯᠯᠠᠬᠤ ᠠᠵᠤ | ᠦᠢᠯᠡᠰ᠂ ᠦᠪᠡᠷᠮᠢᠴᠡ ᠤᠨᠴᠠᠯᠢᠭ ᠲᠠᠢ ᠰᠢᠯᠢᠳᠡᠭ ᠠᠵᠤ ᠦᠢᠯᠡᠰ ᠢ ᠬᠦᠴᠦᠷᠭᠡᠭᠵᠢᠬᠦᠯᠬᠦ ᠶᠢ ᠲᠡᠮᠵᠢᠨ᠎ᠡ᠃ ᠵᠤᠬᠢᠬᠤ ᠬᠡᠪᠴᠢᠶᠡᠵᠢᠯ ᠡᠵᠡᠩᠨᠡᠯᠲᠡ ᠬᠢᠬᠦ ᠶᠢ | ᠵᠤᠷᠢᠭᠵᠢᠭᠤᠯᠤᠨ 700 ᠮᠤ᠋ ᠲᠦᠬᠦᠭᠡᠷᠦᠮᠵᠢᠲᠤ ᠲᠠᠷᠢᠶᠠᠯᠠᠩ ᠢ ᠬᠦᠭᠵᠢᠬᠦᠯᠵᠤ 3.6 ᠲᠦᠮᠡᠨ ᠮᠤ᠋ ᠳᠤ ᠤᠰᠤ ᠠᠷᠪᠢᠯᠠᠬᠤ ᠤᠰᠤᠯᠠᠯᠲᠠ ᠶᠢ ᠭᠡᠷᠡᠭᠯᠡᠵᠤ | ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 2.5 ᠲᠦᠮᠡᠨ ᠮᠤ᠋ ᠪᠤᠯᠭᠠᠨ᠎ᠠ᠃ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠡᠪᠡᠰᠦ ᠪᠤᠷᠳᠤᠭ᠎ᠠ ᠶᠢᠨ | ᠬᠠᠷᠢᠴᠠᠯ ᠢ ᠲᠤᠬᠢᠷᠠᠭᠤᠯᠤᠨ ᠰᠢᠯᠢᠳᠡᠭᠵᠢᠬᠦᠯᠵᠤ ᠡᠪᠡᠰᠦ ᠪᠤᠷᠳᠤᠭᠠᠨ ᠤ ᠲᠠᠷᠢᠮᠠᠯ ᠤᠨ ᠲᠠᠯᠠᠪᠠᠢ ᠶᠢ ᠨᠡᠮᠡᠭᠳᠡᠬᠦᠯᠤᠨ ᠡᠷᠳᠡᠨᠢ ᠰᠢᠰᠢ ᠵᠡᠷᠭᠡ ᠭᠤᠤᠯ ᠪᠤᠯᠬᠤ | ᠲᠠᠷᠢᠮᠠᠯ ᠤᠨ ᠪᠦᠬᠦ ᠶᠠᠪᠤᠴᠠ ᠶᠢ ᠮᠠᠰᠢᠨᠴᠢᠯᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠤᠳᠤ ᠦᠶ᠎ᠡ ᠶᠢᠨ ᠭᠡᠷ ᠪᠦᠯᠢ ᠶᠢᠨ ᠮᠠᠯᠵᠢᠯ ᠤᠨ 100 ᠡᠷᠦᠬᠡ ᠶᠢ | ᠲᠡᠮᠵᠢᠨ ᠬᠦᠭᠵᠢᠬᠦᠯᠵᠤ ᠵᠧᠩ ᠺᠠᠩ ᠮᠠᠯ ᠲᠠᠷᠢᠶᠠᠯᠠᠩ ᠤᠨ ᠺᠤᠮᠫᠠᠨᠢ ᠠᠴᠠ 200 ᠠᠩᠭᠢᠰ ᠠᠯᠠᠰᠢᠨ ᠦᠭᠡᠷ ᠲᠠᠢ ᠲᠡᠵᠢᠭᠡᠪᠤᠷᠢ ᠶᠢᠨ ᠲᠦᠷᠦᠯ ᠢ ᠤᠷᠤᠭᠤᠯᠵᠤ | 30 ᠠᠴᠠ ᠲᠡᠭᠡᠭᠰᠢ ᠰᠢᠯᠢᠳᠡᠭ ᠡᠬᠦᠯᠳᠡᠷ ᠤᠨ ᠠᠯᠠᠰᠢᠨ ᠦᠭᠡᠷ ᠲᠠᠢ ᠲᠡᠵᠢᠭᠡᠪᠤᠷᠢ ᠶᠢᠨ ᠲᠤᠮᠤ ᠡᠷᠦᠬᠡ ᠶᠢ ᠰᠢᠨ᠎ᠡ ᠪᠠᠷ 20 ᠨᠡᠮᠡᠵᠤ ᠬᠤᠸᠠᠩ ᠰᠢᠶᠠᠩ ᠭᠠᠭ᠋ᠠᠢ | ᠶᠢᠨ ᠠᠵᠤ ᠦᠢᠯᠡᠰ ᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠲᠠᠢ ᠠᠭᠤᠰᠤᠯᠴᠠᠭᠤᠯᠤᠨ ᠬᠦᠭᠵᠢᠬᠦᠯᠬᠦ ᠲᠦᠷᠦᠯ ᠵᠦᠢᠯ ᠢ ᠵᠤᠬᠢᠶᠠᠨ | ᠪᠠᠶᠢᠭᠤᠯᠤᠨ ᠬᠡᠷᠡᠭᠵᠢᠬᠦᠯᠵᠤ ᠵᠢᠯ ᠤᠨ ᠪᠤᠷᠤᠯᠠᠭᠤᠯᠤᠯᠲᠠ ᠨᠢ 300 ᠠᠴᠠ ᠲᠡᠭᠡᠭᠰᠢᠬᠢ ᠭᠠᠭ᠋ᠠᠢ ᠶᠢᠨ ᠪᠤᠬᠢᠷᠳᠤᠯ ᠦᠭᠡᠢ ᠪᠠᠷᠢᠮᠵᠢᠶᠠᠵᠢᠭᠰᠠᠨ ᠲᠡᠵᠢᠭᠡᠪᠤᠷᠢ ᠶᠢᠨ | ᠲᠤᠮᠤ ᠡᠷᠦᠬᠡ ᠶᠢ 8 ᠪᠤᠢ ᠪᠤᠯᠭᠠᠨ᠎ᠠ᠃ 1000 ᠲᠦᠮᠡᠨ ᠲᠦᠬᠦᠷᠢᠭ ᠤᠨ ᠲᠤᠯᠤᠭᠠᠶᠢᠯᠠᠬᠤ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠠᠰᠢᠭ | ᠲᠤᠰᠠ ᠶᠢ ᠬᠤᠯᠪᠤᠭᠰᠠᠨ ᠲᠤᠭᠳᠠᠯᠴᠠᠭ᠎ᠠ ᠶᠢᠨ ᠲᠡᠮᠵᠢᠯᠭᠡ ᠶᠢᠨ ᠪᠡᠯᠡ ᠮᠦᠩᠭᠦ ᠶᠢ ᠲᠤᠬᠢᠷᠠᠭᠤᠯᠵᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠢ ᠬᠦᠮᠦᠵᠢᠬᠦᠯᠦᠨ ᠯᠢᠤᠢ ᠶᠤᠸᠠᠨ ᠨᠤᠲᠤᠭ ᠤᠨ ᠭᠠᠷᠤᠯᠲᠠ ᠶᠢᠨ ᠢᠳᠡᠭᠡᠨ ᠤ ᠬᠦᠷᠢᠶᠡᠯᠡᠩ ᠤᠨ ᠠᠵᠤ ᠦᠢᠯᠡᠰ ᠤᠨ ᠬᠤᠯᠪᠤᠭᠠᠯᠠᠯ ᠢ ᠪᠤᠢ | ᠪᠤᠯᠭᠠᠵᠤ ᠬᠤᠲᠠ ᠶᠢᠨ ᠲᠡᠰ ᠠᠴᠠ ᠲᠡᠭᠡᠭᠰᠢᠬᠢ ᠮᠠᠯ ᠲᠠᠷᠢᠶᠠᠯᠠᠩ ᠤᠨ ᠠᠵᠤ ᠠᠬᠤᠢ ᠶᠢᠨ ᠲᠤᠯᠤᠭᠠᠶᠢᠯᠠᠬᠤ ᠠᠵᠤ ᠠᠬᠤᠶᠢᠯᠠᠯ ᠢ 5᠂ ᠲᠤᠰᠬᠠᠢ ᠬᠤᠷᠰᠢᠶᠠᠵᠢᠯ | ᠢ 20 ᠪᠤᠢ ᠪᠤᠯᠭᠠᠨ᠎ᠠ᠃ ︽3 + 1︾ ᠬᠠᠷᠢᠯᠴᠠᠨ ᠬᠠᠪᠰᠤᠷᠤᠯᠴᠠᠵᠤ ᠬᠠᠮᠲᠤᠪᠡᠷ ᠪᠠᠶᠢᠭᠤᠯᠬᠤ ᠪᠠ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ | ᠲᠤᠰᠬᠤᠨ ᠢ ᠲᠤᠰᠠᠯᠠᠬᠤ︾ ᠠᠵᠢᠯᠯᠠᠭ᠎ᠠ ᠶᠢ ᠬᠦᠨᠵᠡᠭᠡᠶᠢᠷᠡᠬᠦᠯᠦᠨ ᠬᠠᠮᠲᠤ ᠶᠢᠨ ᠠᠵᠤ ᠠᠬᠤᠢ ᠶᠢᠨ 20 ᠲᠦᠷᠦᠯ ᠵᠦᠢᠯ ᠢ ᠲᠡᠮᠵᠢᠨ ᠬᠦᠭᠵᠢᠬᠦᠯᠵᠤ 60% | ᠶᠢᠨ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ 10 ᠲᠦᠮᠡᠨ ᠲᠦᠭᠦᠷᠢᠭ ᠠᠴᠠ ᠲᠡᠭᠡᠭᠰᠢᠬᠢ ᠪᠤᠯᠭᠠᠬᠤ ᠪᠠᠷ ᠴᠢᠷᠮᠠᠶᠢᠨ᠎ᠠ᠃ ︽ | ᠦᠤᠰᠢᠨ ᠭᠠᠷᠤᠯᠲᠠᠲᠤ︾ ᠨᠡᠷᠡᠲᠦ ᠲᠡᠮᠳᠡᠭ ᠤᠨ ᠲᠤᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ ︽ᠦᠤᠰᠢᠨᠵᠤᠤ ᠶᠢᠨ ᠡᠯᠡᠰᠦ ᠮᠠᠩᠬᠠᠨ ᠤ ᠱᠤᠷᠠᠭᠯᠢᠭ | ᠵᠠᠮᠠᠭ︾ ᠤᠨ ᠭᠠᠵᠠᠷ ᠵᠦᠢ ᠤᠨ ᠪᠡᠯᠭᠡ ᠲᠡᠮᠳᠡᠭᠲᠤ ᠪᠦᠲᠦᠭᠡᠭᠳᠡᠬᠦᠨ᠂ ᠷᠠᠰᠢᠶᠠᠨ ᠲᠤᠬᠤᠢ ᠶᠢᠨ ᠤᠷᠭᠠᠨᠢᠭ ᠲᠤᠳᠤᠷᠭ᠎ᠠ ᠪᠠ 10 ᠵᠦᠢᠯ ᠤᠨ ᠪᠤᠬᠢᠷᠳᠤᠯ ᠦᠭᠡᠢ | ᠢᠳᠡᠭᠡᠨ ᠢ ᠭᠤᠶᠤᠴᠢᠯᠠᠵᠤ ᠲᠠᠸᠠᠷ ᠤᠨ ᠲᠡᠮᠳᠡᠭ ᠲᠠᠩᠰᠠᠯᠠᠬᠤ ᠨᠡᠮᠡᠭᠳᠡᠯ ᠤᠨ ᠨᠤᠷᠮ᠎ᠠ ᠶᠢ 12% ᠠᠴᠠ ᠲᠡᠭᠡᠭᠰᠢ ᠭᠦᠷᠭᠡᠨ᠎ᠡ᠃ | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠬᠦᠯᠦᠨ᠎ᠡ᠃ ᠲᠦᠪ ᠤᠨ ᠲᠤᠭᠤᠷᠢᠨ ᠪᠠᠶᠢᠴᠠᠭᠠᠯᠲᠠ ᠶᠢᠨ | ᠨᠠᠢᠮᠠᠳᠤᠭᠠᠷ ᠲᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠶᠢᠨ | ᠲᠤᠰᠬᠠᠭᠰᠠᠨ ᠠᠰᠠᠭᠤᠳᠠᠯ ᠢ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ ᠠᠵᠤ ᠦᠢᠯᠡᠰ ᠢᠶᠠᠷ ᠲᠡᠳᠬᠦᠬᠦ ᠶᠢ ᠲᠦᠷᠦᠯ ᠬᠤᠪᠢᠶᠠᠨ ᠬᠡᠷᠡᠭᠵᠢᠬᠦᠯᠵᠤ ᠰᠤᠷᠭᠠᠨ | ᠬᠦᠮᠦᠵᠢᠯ᠂ ᠡᠮ ᠡᠮᠨᠡᠯᠭᠡ᠂ ᠨᠡᠶᠢᠬᠡᠮ ᠤᠨ ᠪᠠᠲᠤᠯᠠᠭ᠎ᠠ ᠶᠢᠨ ︽ᠴᠢᠰᠦ ᠶᠡᠭᠦᠯᠡᠬᠦ︾ ᠲᠦᠷᠦ ᠶᠢᠨ ᠪᠤᠳᠤᠯᠭ᠎ᠠ ᠶᠢᠨ ᠦᠷᠬᠦᠯᠵᠢ ᠶᠢᠨ ᠴᠢᠨᠠᠷ᠂ ᠲᠤᠭᠲᠠᠭᠤᠨ | ᠴᠢᠨᠠᠷ ᠢ ᠪᠠᠷᠢᠮᠳᠠᠯᠠᠨ ᠤᠶᠤᠨ ᠤᠬᠠᠭᠠᠨ ᠢ ᠨᠢ ᠲᠡᠮᠵᠢᠬᠦ ᠪᠠ ᠵᠤᠷᠢᠭ ᠰᠦᠯᠳᠡ ᠶᠢ ᠨᠢ ᠲᠡᠮᠵᠢᠬᠦ ᠶᠢ ᠬᠠᠷᠢᠯᠴᠠᠨ ᠤᠶᠠᠯᠳᠤᠭᠤᠯᠤᠨ ᠶᠠᠳᠠᠭᠤ ᠬᠦᠴᠢᠷᠳᠡᠯᠲᠠᠢ | ᠬᠦᠮᠦᠨ ᠤ ᠲᠤᠳᠤᠭᠠᠲᠤ ᠠᠮᠢᠵᠢᠷᠠᠯ ᠤᠨ ᠬᠦᠴᠦᠨ ᠢ ᠬᠦᠭᠵᠢᠭᠡᠨ ᠲᠡᠮᠵᠢᠨ ᠲᠤᠰᠠᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ 2 | ᠡᠷᠦᠬᠡ ᠶᠢᠨ 5 ᠬᠦᠮᠦᠨ ᠢ ᠲᠤᠭᠳᠠᠭᠰᠠᠨ ᠬᠤᠭᠤᠴᠠᠭ᠎ᠠ ᠶᠤᠰᠤᠭᠠᠷ ᠶᠠᠳᠠᠭᠤ ᠠᠴᠠ ᠠᠩᠭᠢᠵᠢᠷᠠᠭᠤᠯᠬᠤ᠂ 262 ᠡᠷᠦᠬᠡ ᠶᠢᠨ 627 ᠬᠦᠮᠦᠨ ᠢ ᠪᠠᠬᠢᠵᠢᠬᠦᠯᠦᠨ | ᠲᠡᠳᠬᠦᠵᠤ ᠤᠷᠤᠯᠭ᠎ᠠ ᠶᠢ ᠲᠤᠭᠳᠠᠭᠤᠨ ᠨᠡᠮᠡᠭᠳᠡᠬᠦᠯᠬᠦ ᠶᠢ ᠪᠠᠲᠤᠯᠠᠨ᠎ᠠ᠃ ᠶᠠᠳᠠᠭᠤ ᠬᠦᠴᠢᠷᠳᠡᠯᠲᠠᠢ ᠡᠷᠦᠬᠡ ᠶᠢᠨ ᠪᠠᠷᠢᠮᠵᠢᠶᠠᠨ ᠳᠤ ᠤᠶᠢᠷᠠᠳᠤᠵᠤ ᠪᠠᠶᠢᠭ᠎ᠠ ᠡᠷᠦᠬᠡ | ᠪᠠ ᠬᠤᠲᠠ ᠪᠠᠯᠭᠠᠰᠤᠨ ᠤ ᠤᠨᠴᠠ ᠬᠦᠴᠢᠷᠳᠠᠯᠲᠠᠢ ᠤᠯᠠᠨ ᠲᠦᠮᠡᠨ ᠢ ᠠᠩᠬᠠᠷᠴᠤ ᠰᠤᠷᠭᠠᠨ ᠬᠦᠮᠦᠵᠢᠯ ᠤᠨ ᠲᠡᠮᠵᠢᠯᠭᠡ᠂ ᠡᠮ ᠡᠮᠨᠡᠯᠭᠡ ᠶᠢᠨ ᠲᠤᠰᠠᠯᠠᠯᠲᠠ ᠶᠢᠨ | ᠠᠷᠭ᠎ᠠ ᠶᠢ ᠲᠤᠭᠲᠠᠭᠠᠵᠤ ᠡᠪᠡᠳᠴᠢᠨ᠂ ᠭᠠᠮᠰᠢᠭ ᠠᠴᠠ ᠪᠤᠯᠵᠤ ᠶᠠᠳᠠᠭᠤ ᠬᠦᠴᠢᠷᠳᠡᠯᠲᠠᠢ ᠪᠤᠯᠬᠤ ᠶᠢ ᠡᠷᠡᠰ ᠰᠡᠷᠭᠡᠶᠢᠯᠡᠨ᠎ᠡ᠃ ᠲᠡᠭᠡᠷ᠎ᠡ ᠱᠠᠲᠤᠨ ᠤ ᠶᠠᠳᠠᠭᠤ | ᠠᠴᠠ ᠠᠩᠭᠢᠵᠢᠷᠠᠭᠤᠯᠤᠨ ᠪᠤᠭᠤᠮᠳᠠ ᠰᠢᠪᠲᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠪᠤᠳᠠᠲᠠᠢ ᠲᠠᠢ | ᠤᠶᠠᠯᠳᠤᠭᠤᠯᠤᠨ ᠲᠡᠮᠵᠢᠨ ᠲᠤᠰᠠᠯᠠᠬᠤ ᠪᠠᠶᠢᠭᠤᠯᠤᠯ ᠲᠤᠭᠲᠠᠯᠴᠠᠭ᠎ᠠ ᠶᠢ ᠲᠡᠭᠦᠯᠳᠡᠷᠵᠢᠬᠦᠯᠤᠨ ᠪᠠᠶᠢᠩᠭᠤᠵᠢᠭᠰᠠᠨ᠂ ᠤᠷᠳᠤ ᠬᠤᠭᠤᠴᠠᠭ᠎ᠠ ᠬᠦᠴᠦᠨ ᠲᠠᠢ᠂ | ᠲᠦᠷᠢᠮᠵᠢᠭᠰᠡᠨ ᠠᠵᠢᠯ ᠤᠨ ᠪᠦᠲᠦᠴᠡ ᠶᠢ ᠪᠦᠷᠢᠯᠳᠦᠬᠦᠯᠦᠨ᠎ᠡ᠃ | ᠦᠵᠡᠰᠬᠦᠯᠡᠩᠲᠤ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ᠡᠯ᠎ᠡ ᠲᠦᠷᠥᠯ ᠤᠨ ᠪᠦᠳᠣᠮᠵᠢᠳᠡᠢ ᠵᠣᠷᠢᠭᠵᠢᠭᠤᠯᠣᠯ ᠪᠠ ᠬᠢᠵᠠᠭᠠᠷᠯᠠᠯ | ᠤᠨ ᠲᠦᠷᠢᠮ ᠢᠶᠠᠷ ᠳᠠᠮᠵᠢᠭᠤᠯᠣᠨ ᠮᠠᠯᠴᠢᠨ ᠲᠠᠷᠢᠶᠠᠴᠢᠨ ᠢ ᠢᠳᠡᠪᠬᠢᠲᠠᠢ ᠵᠤᠬᠢᠶᠠᠨ ᠪᠠᠶᠢᠭᠤᠯᠵᠤ ᠭᠠᠴᠠᠭ᠎ᠠ ᠲᠤᠰᠬᠤᠨ ᠤ ᠤᠷᠴᠢᠨ ᠲᠤᠭᠤᠷᠢᠨ ᠢ ᠴᠡᠭᠴᠡᠯᠡᠨ | ᠰᠠᠶᠢᠵᠢᠷᠠᠭᠤᠯᠬᠤ ᠠᠵᠢᠯ ᠳᠤ ᠤᠷᠤᠯᠴᠠᠭᠤᠯᠵᠤ ᠤᠯᠠᠮᠵᠢᠯᠠᠯᠲᠤ ᠠᠮᠢᠳᠤᠷᠠᠯ ᠤᠨ ᠦᠵᠡᠯᠲᠡ ᠶᠢ ᠨᠢ ᠬᠤᠪᠢᠷᠠᠭᠤᠯᠤᠨ ᠲᠠᠶᠠᠭᠠᠷ ᠢ ᠲᠠᠶᠢᠴᠢᠯᠠᠨ ︽ᠭᠤᠷᠪᠠ ᠶᠢ | ᠴᠡᠪᠡᠷᠯᠡᠵᠤ ᠨᠢᠭᠡ ᠶᠢ ᠦᠭᠡᠷᠡᠴᠢᠯᠡᠬᠦ︾ ᠠᠵᠢᠯᠯᠠᠭ᠎ᠠ ᠦᠷᠨᠢᠬᠦᠯᠵᠤ ᠭᠡᠷ ᠤᠨ ᠲᠤᠳᠤᠨ᠎ᠠ ᠭᠠᠳᠠᠨᠠᠬᠢ ᠡᠷᠡᠬᠦᠯ ᠬᠠᠮᠠᠭᠠᠯᠠᠯ ᠢ ᠰᠠᠶᠢᠲᠤᠷ ᠬᠢᠵᠤ ᠭᠡᠷ ᠤᠷᠤᠨ ᠢᠶᠠᠨ | ᠰᠠᠶᠢᠲᠤᠷ ᠴᠡᠪᠡᠷᠯᠡᠵᠤ ᠴᠡᠪᠡᠷ ᠲᠤᠬᠢᠯᠢᠭ ᠦᠵᠡᠰᠬᠦᠯᠡᠩᠲᠤ ᠰᠠᠶᠢᠬᠠᠨ ᠭᠡᠷ ᠤᠷᠤᠨ ᠢ ᠪᠤᠢ ᠪᠤᠯᠭᠠᠨ᠎ᠠ᠃ ᠶᠡᠭᠡ ᠲᠠᠯ᠎ᠠ ᠶᠢᠨ ᠤᠬᠠᠮᠰᠠᠷ ᠲᠠᠢ ᠪᠠᠶᠢᠵᠤ ᠤᠷᠴᠢᠨ | ᠲᠤᠭᠤᠷᠢᠨ ᠤ ᠴᠡᠪᠡᠷᠯᠡᠨ ᠴᠡᠭᠴᠡᠯᠡᠬᠦ ᠡᠳᠦᠷ ᠢ ᠲᠤᠬᠢᠷᠠᠭᠤᠯᠤᠨ ᠪᠦᠬᠦ ᠠᠷᠠᠳ ᠢᠶᠠᠷ ᠢᠶᠠᠨ ᠬᠦᠳᠡᠯᠦᠯᠴᠡᠨ ᠭᠠᠴᠠᠭ᠎ᠠ ᠲᠤᠰᠬᠤᠨ ᠤ ᠪᠠᠨ ᠤᠯᠠᠨ ᠨᠡᠶᠢᠲᠡ ᠶᠢᠨ | ᠤᠷᠴᠢᠨ ᠲᠤᠭᠤᠷᠢᠨ ᠢ ᠴᠡᠪᠡᠷᠯᠡᠨ ᠴᠡᠭᠴᠡᠯᠡᠬᠦ ᠠᠵᠢᠯ ᠳᠤ ᠢᠳᠡᠪᠬᠢᠲᠡᠢ ᠤᠷᠤᠯᠴᠠᠵᠤ ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠢ ᠲᠦᠷᠢ ᠲᠦᠷᠬᠦ ᠶᠢ | ᠰᠠᠶᠢᠵᠢᠷᠠᠭᠤᠯᠤᠨ ᠭᠤᠶᠢᠳᠠ ᠦᠵᠡᠮᠵᠢ ᠲᠠᠢ ᠨᠠᠶᠢᠷᠰᠠᠭ ᠰᠠᠶᠢᠬᠠᠨ ᠭᠡᠷ ᠤᠷᠤᠨ ᠢ ᠪᠦᠲᠦᠭᠡᠨ ᠪᠠᠶᠢᠭᠤᠯᠤᠨ᠎ᠠ᠃ ᠵᠢᠯ ᠤᠨ ᠲᠤᠳᠤᠷ᠎ᠠ ᠬᠤᠭ ᠨᠤᠪᠰᠢ ᠶᠢ | ᠰᠢᠯᠵᠢᠬᠦᠯᠦᠨ ᠲᠡᠭᠡᠭᠡᠪᠦᠷᠢᠯᠡᠬᠦ ᠦᠷᠳᠡᠭᠡ ᠪᠠ ᠰᠢᠳᠠᠭᠠᠬᠤ ᠦᠢᠯᠡᠳᠪᠦᠷᠢ ᠶᠢ ᠰᠢᠨ᠎ᠡ ᠪᠠᠷ 8᠂ ᠪᠠᠭ᠎ᠠ ᠭᠡᠯᠪᠡᠷᠢ ᠶᠢᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ | ᠶᠢ ᠰᠢᠨ᠎ᠡ ᠪᠠᠷ 5 ᠪᠠᠷᠢᠵᠤ᠂ ᠲᠦᠪᠯᠡᠷᠡᠨ ᠰᠠᠭᠤᠷᠢᠰᠢᠭᠰᠠᠨ ᠲᠤᠭᠤᠷᠢᠭ ᠲᠤ ᠰᠢᠨ᠎ᠡ ᠪᠠᠷ 13 ᠤᠯᠠᠨ ᠨᠡᠶᠢᠲᠡ ᠶᠢᠨ ᠤᠰᠤ ᠪᠠᠷ ᠵᠠᠶᠢᠯᠠᠬᠤ ᠮᠠᠶ᠋ᠢᠭ ᠤᠨ | ᠵᠤᠷᠯᠤᠩ ᠢ ᠪᠠᠷᠢᠵᠤ 5000 ᠡᠷᠦᠬᠡ ᠳᠤ ᠬᠡᠷᠡᠭᠯᠡᠬᠦ ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠢ ᠦᠭᠡᠷᠡᠴᠢᠯᠡᠨ ᠪᠠᠷᠢᠵᠤ ᠲᠦᠭᠡᠮᠡᠯᠵᠢᠭᠰᠡᠨ ᠨᠤᠷᠮ᠎ᠠ ᠶᠢ | 40% ᠳᠤ ᠬᠦᠷᠭᠡᠨ᠎ᠡ᠃ ᠪᠡᠯᠴᠢᠭᠡᠷᠯᠡᠬᠦᠯᠬᠦ ᠶᠢ ᠬᠤᠷᠢᠭᠯᠠᠵᠤ ᠰᠡᠯᠬᠦᠨ ᠮᠠᠯᠵᠢᠬᠤ ᠲᠦᠷᠢᠮ ᠢ ᠴᠢᠩᠭ᠎ᠠ ᠬᠡᠷᠡᠭᠵᠢᠬᠦᠯᠦᠨ ᠰᠢᠨᠵᠢᠯᠡᠬᠦ ᠤᠬᠠᠭᠠᠨᠴᠢ ᠪᠠᠷ ᠤᠷᠤᠨ | ᠪᠦᠰᠡ ᠬᠤᠪᠢᠶᠠᠨ ᠡᠭᠡᠯᠵᠢᠯᠡᠬᠦᠯᠦᠨ ᠮᠠᠯᠵᠢᠨ᠎ᠠ᠃ ᠲᠠᠷᠢᠶᠠᠯᠠᠩ ᠤᠨ ᠡᠮ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠬᠤ᠂ ᠡᠰᠢ ᠰᠦᠷᠡᠯ ᠪᠠ ᠮᠠᠯ | ᠲᠡᠵᠢᠭᠡᠪᠦᠷᠢ ᠶᠢᠨ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ ᠰᠢᠨ᠎ᠡ ᠮᠡᠷᠭᠡᠵᠢᠯ ᠢ ᠲᠡᠯᠭᠡᠷᠡᠬᠦᠯᠦᠨ ᠲᠠᠷᠢᠶᠠᠨ ᠭᠠᠵᠠᠷ ᠤᠨ ᠪᠤᠬᠢᠷᠳᠤᠯ ᠢ ᠪᠦᠲᠦᠮᠵᠢᠲᠠᠢ | ᠵᠠᠰᠠᠨ᠎ᠠ᠃ | ᠲᠦᠯᠦᠭᠡᠯᠡᠭᠴᠢᠳ ᠡ᠂ ᠪᠢᠳᠠ ᠰᠡᠳᠬᠢᠯ ᠬᠦᠴᠦᠨ ᠢᠶᠠᠷ ᠲᠦᠪᠯᠡᠷᠡᠬᠦᠯᠦᠨ ᠲᠦᠷᠦᠯ ᠵᠦᠢᠯ ᠤᠨ ᠪᠡᠯᠡ ᠮᠦᠩᠭᠦ ᠶᠢ ᠤᠷᠤᠨᠵᠢᠭᠤᠯᠬᠤ ᠶᠢ ᠰᠠᠶᠢᠲᠤᠷ | ᠠᠳᠬᠤᠪᠠᠯ ᠦᠤᠰᠢᠨ ᠡᠬᠡ ᠲᠡᠯᠡᠭᠡᠢ ᠠᠮᠢᠵᠢᠷᠠᠯ ᠤᠨ ᠬᠦᠴᠦᠨ ᠢᠶᠠᠷ ᠪᠢᠯᠬᠠᠵᠤ ᠨᠢᠭᠡᠨ ᠠᠵᠤ ᠦᠢᠯᠡᠰ ᠨᠢ ᠬᠦᠭᠵᠢᠭᠰᠡᠨ᠂ ᠠᠮᠢ ᠠᠬᠤᠶᠢᠴᠢ ᠤᠷᠤᠰᠢᠨ | ᠰᠠᠭᠤᠷᠢᠰᠢᠬᠤ ᠳᠤ ᠲᠤᠬᠢᠷᠠᠮᠵᠢᠲᠠᠢ᠂ ᠬᠦᠳᠡᠭᠡ ᠨᠤᠲᠤᠭ ᠨᠢ ᠪᠤᠯᠪᠠᠰᠤᠨ᠂ ᠵᠠᠰᠠᠨ ᠴᠡᠭᠴᠡᠯᠡᠯᠲᠡ ᠨᠢ ᠪᠦᠲᠦᠮᠵᠢᠲᠡᠢ᠂ ᠠᠮᠢᠳᠤᠷᠠᠯ ᠨᠢ ᠴᠢᠨᠡᠭᠡᠯᠢᠭ | ᠤᠳᠤᠬᠢᠴᠢᠯᠠᠭᠰᠠᠨ ᠮᠠᠯᠵᠢᠬᠤ ᠲᠠᠷᠢᠶᠠᠯᠠᠬᠤ ᠤᠷᠤᠨ ᠪᠢᠳᠠᠨ ᠤ ᠴᠢᠷᠮᠠᠶᠢᠯᠭ᠎ᠠ ᠪᠠᠷ ᠪᠦᠲᠦᠭᠡᠨ ᠪᠠᠶᠢᠭᠤᠯᠤᠭᠳᠠᠵᠦ ᠬᠤᠵᠢᠮ ᠯᠠᠪᠲᠠᠢ ᠦᠪᠡᠷᠮᠢᠴᠡ ᠴᠤᠭ ᠵᠢᠪᠬᠤᠭ᠎ᠠ | ᠪᠠᠨ ᠢᠯᠡᠷᠡᠭᠦᠯᠬᠦ ᠶᠤᠮ᠃ | ︵ᠭᠤᠷᠪᠠ︶ ᠲᠤᠭᠳᠠᠯᠴᠠᠭ᠎ᠠ ᠶᠢ ᠪᠠᠶᠢᠭᠤᠯᠵᠤ ᠬᠠᠮᠢᠶᠠᠷᠤᠯᠲᠠ ᠪᠠᠨ ᠴᠢᠩᠭᠠᠳᠬᠠᠨ ᠴᠢᠨᠠᠷ ᠲᠡᠰ ᠢᠶᠠᠨ ᠲᠡᠭᠡᠭᠰᠢᠯᠡᠬᠦᠯᠵᠤ ᠪᠦᠬᠦ ᠤᠯᠤᠰ ᠤᠨ ᠬᠤᠰᠢᠭᠤ | ᠰᠢᠶᠠᠨ ᠤ ᠲᠡᠰ ᠤᠨ ᠪᠤᠯᠪᠠᠰᠤᠨ ᠬᠤᠲᠠ ᠶᠢ ᠪᠦᠬᠦ ᠬᠦᠴᠦᠨ ᠢᠶᠠᠷ ᠡᠬᠦᠳᠦᠨ ᠪᠠᠶᠢᠭᠤᠯᠤᠨ᠎ᠠ᠃ ᠡᠭᠦᠳᠦᠯᠲᠡ ᠪᠠᠷ ᠪᠠᠶᠢᠭᠤᠯᠤᠯᠲᠠ ᠶᠢ ᠠᠬᠢᠭᠤᠯᠤᠨ ︽ᠬᠤᠲᠠ | ᠶᠢᠨ ᠶᠠᠪᠤᠳᠠᠯ ᠤᠨ ᠵᠠᠮ ᠤᠨ ᠲᠤᠤᠷᠵᠢᠯ᠂ ᠴᠢᠳᠠᠪᠬᠢ ᠶᠢᠨ ᠢᠵᠢ ᠪᠦᠷᠢᠳᠦᠯ᠂ ᠬᠤᠲᠠ ᠬᠦᠳᠡᠭᠡ ᠶᠢᠨ ᠲᠦᠷᠢ ᠲᠦᠷᠬᠦ᠂ ᠦᠵᠡᠮᠵᠢ ᠶᠢᠨ ᠤᠰᠤᠨ ᠰᠢᠰᠲ᠋ᠧᠮ᠂ | ᠠᠮᠤᠭᠤᠯᠠᠩ ᠰᠠᠭᠤᠷᠢᠰᠢᠯ᠂ ᠨᠠᠷᠢᠯᠢᠭ ᠬᠠᠮᠢᠶᠠᠷᠤᠯᠲᠠ᠂ ᠤᠨᠴᠠᠯᠢᠭᠲᠤ ᠵᠢᠵᠢᠭ ᠬᠤᠲᠠ ᠪᠠᠯᠭᠠᠰᠤ᠂ ᠬᠦᠮᠦᠨ ᠨᠡᠶᠢᠬᠡᠮ ᠤᠨ ᠬᠡᠪ ᠴᠢᠨᠠᠷ︾ ᠵᠡᠷᠭᠡ ᠲᠤᠯᠤᠭᠠᠨ | ᠲᠦᠷᠦᠯ ᠤᠨ ᠠᠵᠢᠯ ᠢ ᠦᠷᠨᠢᠬᠦᠯᠵᠤ ᠨᠤᠮᠢᠨ ᠲᠠᠩᠰᠤᠭ᠂ ᠠᠮᠢ ᠠᠬᠤᠶᠢᠴᠢ᠂ ᠤᠷᠤᠰᠢᠨ ᠰᠠᠭᠤᠷᠢᠰᠢᠬᠤ ᠳᠤ ᠲᠤᠬᠢᠲᠠᠢ᠂ ᠭᠤᠶᠢᠳᠠ ᠰᠠᠶᠢᠬᠠᠨ ᠴᠢᠨᠠᠷ ᠲᠡᠰᠲᠦ | ᠬᠤᠲᠠ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ | ᠬᠤᠲᠠ ᠶᠢᠨ ᠶᠠᠪᠤᠳᠠᠯ ᠤᠨ ᠵᠠᠮ ᠤᠨ ᠲᠤᠤᠷᠵᠢᠯ ᠢ ᠲᠡᠬᠦᠯᠳᠡᠷᠵᠢᠬᠦᠯᠵᠤ ᠤᠢ ᠶᠢᠨ ᠰᠡᠭᠦᠳᠡᠷᠲᠤ ᠵᠠᠮ᠂ ᠰᠤᠪᠤᠷᠭ᠎ᠠ ᠵᠡᠭᠡᠯᠢ ᠵᠡᠷᠭᠡ 3 ᠵᠤᠷᠪᠤᠰ ᠬᠤᠲᠠ | ᠶᠢᠨ ᠶᠠᠪᠤᠳᠠᠯ ᠤᠨ ᠵᠠᠮ ᠢ ᠵᠠᠰᠠᠨ ᠰᠢᠨᠡᠳᠬᠡᠵᠤ ᠭᠠᠯᠠᠭᠤᠲᠤ ᠶᠡᠷᠦᠩᠬᠡᠶᠢᠯᠡᠭᠰᠡᠨ ᠪᠠᠷᠠᠭᠠᠨ ᠬᠦᠢᠯᠭᠡᠭᠡᠨ ᠤ ᠬᠦᠷᠢᠶᠡᠯᠡᠩ ᠠᠴᠠ ᠭᠠᠯᠲᠤ ᠲᠡᠷᠭᠡᠨ ᠦᠷᠳᠡᠭᠡᠨ ᠳᠤ | ᠬᠦᠷᠬᠦ ᠵᠦᠷᠢᠯᠢᠭ ᠬᠦᠬᠦᠷᠭᠡ ᠶᠢᠨ ᠢᠨ᠋ᠵᠧᠨᠧᠷᠢᠩ ᠢ ᠡᠬᠢᠯᠡᠬᠦᠯᠦᠨ ᠬᠤᠲᠠ ᠶᠢᠨ ᠶᠠᠪᠤᠳᠠᠯ ᠤᠨ ᠬᠠᠳᠠᠭᠤᠵᠢᠭᠤᠯᠤᠯᠲᠠ ᠶᠢ 20 ᠲᠦᠮᠡᠨ ᠲᠡᠭᠰᠢ ᠲᠦᠷᠪᠡᠯᠵᠢᠨ | ᠮᠧᠲᠷ ᠪᠡᠶᠡᠯᠡᠬᠦᠯᠦᠨ᠎ᠡ︔ ᠡᠯ᠎ᠡ ᠲᠦᠷᠦᠯ ᠤᠨ ᠬᠤᠭᠤᠯᠠᠢ ᠲᠤᠤᠷ ᠢ ᠬᠠᠷᠢᠯᠴᠠᠨ ᠨᠡᠪᠲᠡᠷᠡᠬᠦᠯᠵᠦ ᠪᠠᠭᠲᠠᠭᠠᠮᠵᠢ ᠶᠢ ᠨᠡᠮᠡᠭᠳᠡᠬᠦᠯᠬᠦ᠂ ᠰᠡᠳᠡᠷᠡᠵᠤ ᠭᠤᠭᠤᠵᠢᠬᠤ ᠶᠢ | ᠵᠠᠰᠠᠬᠤ ᠦᠭᠡᠷᠡᠴᠢᠯᠡᠯᠲᠡ ᠶᠢ ᠴᠢᠩᠭᠠᠳᠬᠠᠨ ᠡᠯ᠎ᠡ ᠲᠦᠷᠦᠯ ᠤᠨ ᠬᠤᠭᠤᠯᠠᠢ ᠲᠤᠤᠷ ᠢ ᠰᠢᠨ᠎ᠡ ᠪᠠᠷ 100 ᠺᠢᠯᠤᠮᠧᠲᠷ ᠨᠡᠮᠡᠨ᠎ᠡ᠃ ᠰᠠᠭᠤᠷᠢ ᠢᠵᠢ ᠪᠦᠷᠢᠳᠦᠯ | ᠤᠨ ᠬᠢᠷᠢ ᠲᠦᠪᠰᠢᠨ ᠢ ᠲᠡᠭᠡᠭᠰᠢᠯᠡᠬᠦᠯᠵᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠶᠦᠩ ᠲᠠᠢ ᠢᠯᠴᠢ ᠴᠠᠬᠢᠯᠭᠠᠨ ᠬᠤᠯᠪᠤᠭᠠᠯᠠᠭᠰᠠᠨ ᠲᠦᠷᠦᠯ ᠵᠦᠢᠯ ᠢ | ᠬᠡᠷᠡᠭᠯᠡᠯᠲᠡ ᠳᠤ ᠤᠷᠤᠭᠤᠯᠵᠤ 16 ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠢ ᠰᠢᠨ᠎ᠡ ᠪᠠᠷ ᠪᠤᠶᠤ ᠦᠬᠡᠷᠡᠴᠢᠯᠡᠨ ᠪᠠᠷᠢᠨ᠎ᠠ︔ ᠭᠤᠤᠯ ᠲᠡᠳ᠋ ᠵᠠᠮ ᠱᠤᠭᠤᠮ | ᠤᠨ ᠵᠢᠷᠤᠭᠠᠰᠤ ᠲᠡᠮᠳᠡᠭ᠂ ᠫᠠᠶᠢᠰᠠ ᠢᠯᠡᠷᠬᠡᠶᠢᠯᠡᠯ᠂ ᠵᠠᠮ ᠬᠠᠷᠢᠯᠴᠠᠭᠠᠨ ᠤ ᠲᠤᠬᠢᠶᠠᠨ ᠳ᠋ᠧᠩ ᠵᠡᠷᠭᠡ ᠲᠠᠭᠠᠯᠲᠠ ᠲᠦᠬᠦᠭᠡᠷᠦᠮᠵᠢ ᠶᠢ ᠲᠡᠭᠦᠯᠳᠡᠷᠵᠢᠬᠦᠯᠦᠨ ᠤᠢ | ᠶᠢᠨ ᠰᠡᠭᠦᠳᠡᠷᠲᠤ ᠲᠡᠷᠭᠡᠨ ᠵᠤᠭᠰᠤᠭᠠᠯ ᠢ ᠰᠢᠨᠡᠳᠬᠡᠨ ᠵᠠᠰᠠᠨ᠎ᠠ᠃ ᠬᠤᠲᠠ ᠪᠠᠯᠭᠠᠰᠤᠨ ᠤ ᠲᠦᠷᠢ ᠲᠦᠷᠬᠦ ᠶᠢ ᠲᠡᠭᠡᠭᠰᠢᠯᠡᠬᠦᠯᠦᠨ ᠵᠠᠮ ᠤᠨ ᠠᠭᠤᠯᠵᠠᠷ᠂ | ᠴᠡᠴᠡᠷᠯᠢᠭᠵᠢᠬᠦᠯᠦᠯᠲᠡ ᠶᠢᠨ ᠦᠵᠡᠮᠵᠢ᠂ ᠴᠡᠴᠡᠷᠯᠢᠭ ᠠᠭᠤᠳᠠᠮ ᠲᠠᠯᠠᠪᠠᠢ᠂ ᠨᠤᠭᠤᠭᠠᠨ ᠬᠤᠩᠭᠢᠯ ᠨᠤᠭᠤᠭᠠᠨ ᠭᠡᠷᠡᠮ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ 12 ᠲᠦᠮᠡᠨ ᠲᠡᠭᠰᠢ ᠲᠦᠷᠪᠡᠯᠵᠢᠨ ᠮᠧᠲᠷ ᠤᠨ ᠨᠤᠭᠤᠭᠠᠨ ᠭᠠᠵᠠᠷ ᠢ ᠰᠢᠨ᠎ᠡ ᠪᠠᠷ ᠨᠡᠮᠡᠨ ᠦᠬᠡᠷᠡᠴᠢᠯᠡᠨ᠎ᠠ᠃ ᠤᠢ ᠶᠢᠨ ᠰᠡᠭᠦᠳᠡᠷᠲᠤ ᠵᠠᠮ ᠤᠨ | ᠵᠠᠮ ᠤᠨ ᠳ᠋ᠧᠩ ᠤᠨ ᠡᠨᠧᠷᠬᠢ ᠠᠷᠪᠢᠯᠠᠬᠤ ᠦᠭᠡᠷᠡᠴᠢᠯᠡᠯᠲᠡ ᠶᠢ ᠡᠬᠢᠯᠡᠬᠦᠯᠦᠨ ᠰᠠᠭᠤᠭᠠᠯᠢ ᠠᠷᠠᠳ ᠤᠨ ᠭᠤᠳᠤᠮᠵᠢ ᠳᠤ 450 ᠳ᠋ᠧᠩ ᠤᠭᠰᠠᠷᠠᠨ᠎ᠠ᠃ ᠠᠷᠠᠳ | ᠲᠦᠮᠡᠨ ᠤ ᠠᠮᠤᠭᠤᠯᠠᠩ ᠰᠠᠭᠤᠷᠢᠰᠢᠯ ᠤᠨ ᠢᠨᠵᠧᠨᠧᠷᠢᠩ ᠢ ᠠᠬᠢᠭᠤᠯᠤᠨ ᠭᠠᠯᠠᠭᠤᠲᠤ ᠪᠠᠯᠭᠠᠰᠤᠨ ᠤ ᠪᠤᠷᠤ ᠭᠡᠷᠲᠦ ᠲᠤᠭᠤᠷᠢᠭ ᠤᠨ ᠦᠭᠡᠷᠡᠴᠢᠯᠡᠯᠲᠡ ᠶᠢ 300 | ᠡᠷᠦᠬᠡ ᠬᠡᠷᠡᠭᠵᠢᠬᠦᠯᠵᠤ 10 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠡᠷᠦᠩᠬᠡᠶᠢᠯᠡᠨ ᠵᠠᠰᠠᠨ ᠴᠡᠭᠴᠡᠯᠡᠨ᠎ᠡ᠃ ᠠᠳᠠᠯ ᠠᠬᠤᠢ ᠶᠢᠨ ᠦᠢᠯᠡᠴᠢᠯᠡᠭᠡ ᠶᠢ | ᠪᠠᠷᠢᠮᠵᠢᠶᠠᠵᠢᠭᠤᠯᠵᠤ ᠬᠤᠳᠠᠯᠳᠣᠭᠠᠨ ᠤ ᠦᠢᠯᠡᠰ ᠤᠨ ᠭᠡᠷ ᠪᠠᠶᠢᠰᠢᠩ ᠤᠨ ᠬᠦᠮᠦᠷᠭᠡᠯᠡᠯᠲᠡ ᠶᠢ ᠦᠭᠡᠶᠢᠰᠬᠡᠬᠦ ᠪᠠ ᠭᠡᠷ ᠪᠠᠶᠢᠰᠢᠩ ᠤᠨ ᠦᠮᠴᠢᠯᠡᠬᠦ ᠡᠷᠭᠡ ᠶᠢ | ᠲᠦᠪᠯᠡᠷᠡᠬᠦᠯᠦᠨ ᠴᠡᠭᠴᠡᠯᠡᠬᠦ ᠠᠵᠢᠯ ᠢ ᠰᠠᠶᠢᠲᠤᠷ ᠬᠢᠵᠤ ᠪᠠᠷᠢᠵᠤ ᠪᠠᠶᠢᠭ᠎ᠠ ᠪᠠ ᠪᠠᠷᠢᠵᠤ ᠪᠠᠶᠢᠭᠠᠳ ᠵᠤᠭᠰᠤᠭᠰᠠᠨ ᠭᠡᠷ ᠬᠦᠷᠦᠩᠬᠡ ᠶᠢᠨ ᠲᠦᠷᠥᠯ ᠵᠣᠶᠢᠯ ᠤᠨ | ᠦᠯᠡᠳᠡᠭᠳᠡᠯ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠬᠤᠲᠠ ᠪᠠᠯᠭᠠᠰᠤᠨ ᠤ ᠠᠮᠢ ᠠᠬᠤᠢ ᠶᠢᠨ ᠣᠰᠣᠨ ᠦᠵᠡᠮᠵᠢ ᠶᠢᠨ ᠰᠢᠰᠲ᠋ᠧᠮ ᠢ ᠪᠠᠶᠢᠭᠤᠯᠵᠤ | ᠠᠭᠤᠷᠬᠠᠢ ᠶᠢᠨ ᠬᠤᠳᠳᠤᠭ ᠤᠨ ᠤᠰᠤ ᠪᠠ ᠴᠡᠪᠡᠷᠰᠢᠬᠦᠯᠦᠭᠰᠡᠨ ᠪᠤᠬᠢᠷ ᠤᠰᠤ ᠶᠢ ᠶᠡᠷᠦᠩᠬᠡᠶᠢᠯᠡᠨ ᠠᠰᠢᠭᠯᠠᠬᠤ ᠲᠠᠢ ᠤᠶᠠᠯᠳᠤᠭᠤᠯᠤᠨ ᠭᠠᠯᠲᠤ ᠲᠡᠷᠭᠡᠨ | ᠦᠷᠳᠡᠭᠡᠨ ᠤ ᠠᠭᠤᠳᠠᠮ ᠲᠠᠯᠠᠪᠠᠢ᠂ ᠮᠤᠷᠢᠨ ᠬᠤᠭᠤᠷ ᠤᠨ ᠰᠤᠶᠤᠯ ᠤᠨ ᠮᠦᠽᠸᠢ ᠵᠡᠷᠭᠡ ᠶᠢᠨ ᠤᠰᠤᠨ ᠰᠢᠰᠲ᠋ᠧᠮ ᠤᠨ ᠡᠮᠦᠨ᠎ᠡ ᠬᠤᠭᠤᠴᠠᠭᠠᠨ ᠤ ᠠᠵᠢᠯ ᠢ | ᠡᠬᠢᠯᠡᠬᠦᠯᠵᠤ ᠤᠰᠤ ᠪᠠᠷ ᠬᠤᠲᠠ ᠪᠠᠨ ᠴᠢᠮᠡᠭᠯᠡᠨ ᠬᠤᠲᠠ ᠪᠠᠨ ᠤᠮᠳᠠᠯᠠᠵᠤ ᠬᠤᠲᠠ ᠶᠢᠨ ᠦᠵᠡᠮᠵᠢ ᠶᠢ ᠨᠡᠮᠡᠭᠳᠡᠭᠦᠯᠦᠨ᠎ᠡ᠃ ︽ᠬᠤᠸᠠᠷ ᠬᠠᠳᠬᠤᠬᠤ︾ | ᠴᠢᠷᠮᠠᠶᠢᠯᠭ᠎ᠠ ᠪᠠᠷ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠤ ᠤᠶᠤᠨᠴᠢ ᠬᠤᠲᠠ ᠶᠢᠨ ᠶᠠᠪᠤᠳᠠᠯ᠂ ᠤᠶᠤᠨᠴᠢ | ᠴᠡᠴᠡᠷᠯᠢᠭᠵᠢᠬᠦᠯᠦᠯᠲᠡ᠂ ᠲᠤᠭᠠᠴᠠᠯᠠᠭᠰᠠᠨ ᠪᠠᠷᠢᠯᠭ᠎ᠠ ᠶᠢᠨ ᠭᠠᠵᠠᠷ ᠵᠡᠷᠭᠡ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠴᠢᠮᠡᠭᠡ ᠵᠠᠩᠭᠢᠴᠢᠯᠠᠭᠰᠠᠨ ᠲᠠᠪᠴᠠᠩ | ᠢ ᠨᠡᠶᠢᠯᠡᠬᠦᠯᠵᠤ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠠᠵᠢᠯ ᠪᠠ ᠬᠠᠮᠠᠭᠠᠯᠠᠯᠲᠠ ᠬᠠᠮᠢᠶᠠᠷᠤᠯᠲᠠ ᠶᠢ ᠨᠢᠭᠡᠳᠦᠯᠲᠠᠢ ᠲᠤᠬᠢᠷᠠᠭᠤᠯᠤᠨ ᠬᠤᠲᠠ ᠪᠠᠯᠭᠠᠰᠤᠨ ᠤ | ᠬᠠᠤᠯᠢ ᠬᠡᠷᠡᠭᠵᠢᠬᠦᠯᠬᠦ ᠪᠠ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠴᠢᠳᠠᠪᠤᠷᠢ ᠶᠢ ᠲᠡᠭᠡᠭᠰᠢᠯᠡᠬᠦᠯᠤᠨ᠎ᠡ᠃ ︽ᠬᠡᠰᠡᠭ ᠲᠤᠭᠤᠷᠢᠭ ᠤᠨ ᠲᠠᠷᠤᠭ᠎ᠠ ᠶᠢᠨ | ᠲᠦᠷᠢᠮ︾ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠬᠦᠯᠦᠨ ᠲᠦᠷᠢᠮ ᠢ ᠵᠦᠷᠢᠴᠡᠨ ᠵᠠᠮ ᠡᠵᠡᠯᠡᠨ ᠡᠵᠡᠩᠨᠡᠯᠲᠡ ᠬᠢᠬᠦ᠂ ᠬᠠᠮᠢᠶ᠎ᠠ ᠨᠠᠮᠢᠶ᠎ᠠ ᠦᠭᠡᠢ | ᠵᠤᠭᠰᠤᠭᠠᠵᠤ ᠲᠠᠯᠪᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠬᠠᠶᠠᠭᠳᠠᠮᠠᠯ ᠪᠤᠳᠠᠰ ᠢ ᠬᠤᠷᠢᠶᠠᠨ ᠠᠪᠬᠤ ᠦᠷᠳᠡᠭᠡ ᠶᠢ ᠡᠬᠢᠯᠡᠬᠦᠯᠦᠨ ᠪᠦᠲᠦᠭᠡᠨ | ᠪᠠᠶᠢᠭᠤᠯᠵᠤ ᠬᠤᠲᠠ ᠪᠠᠯᠭᠠᠰᠤᠨ ᠤ ᠵᠠᠯᠭᠠᠯᠳᠤᠯ ᠬᠡᠰᠡᠭ᠂ ᠭᠤᠳᠤᠮᠵᠢ ᠶᠢ ᠶᠡᠷᠦᠩᠬᠡᠶᠢᠯᠡᠨ ᠵᠠᠰᠠᠵᠤ ᠱᠦᠢᠨᠢ᠂ ᠬᠠᠶᠢᠷ ᠴᠢᠯᠠᠭᠤ᠂ ᠨᠡᠬᠦᠷᠡᠰᠦ ᠡᠵᠡᠩᠨᠡᠨ | ᠪᠤᠷᠤᠯᠠᠭᠤᠯᠬᠤ ᠡᠷᠦᠬᠡ ᠶᠢ ᠲᠦᠪᠯᠡᠷᠡᠬᠦᠯᠬᠦ ᠪᠠ ᠲᠤᠰᠤ ᠬᠡᠢ ᠶᠢᠨ ᠠᠢ ᠰᠠᠪᠠ ᠶᠢᠨ ᠨᠡᠭᠡᠭᠡᠯᠲᠡ ᠳᠤ ᠬᠡᠷᠡᠭᠯᠡᠬᠦ ᠡᠳ᠋ ᠪᠤᠳᠠᠰ ᠲᠦᠬᠦᠭᠡᠷᠦᠮᠵᠢ ᠶᠢ ᠲᠦᠪᠯᠡᠷᠡᠬᠦᠯᠦᠨ | ᠬᠠᠳᠠᠭᠠᠯᠠᠨ᠎ᠠ᠃ ᠭᠤᠤᠯᠳᠠᠯᠭᠠᠲᠤ ᠤᠷᠤᠨ ᠤ ᠬᠤᠭᠤᠯᠠᠨ ᠭᠡᠷ ᠤᠨ ᠬᠤᠭ ᠨᠤᠪᠰᠢ ᠶᠢ ᠨᠢᠭᠡᠳᠦᠯᠲᠠᠢ ᠬᠤᠷᠢᠶᠠᠬᠤ ᠬᠠᠮᠢᠶᠠᠷᠤᠯᠲᠠ ᠶᠢ ᠪᠡᠶᠡᠯᠡᠬᠦᠯᠦᠨ᠎ᠡ᠃ | ᠤᠨᠴᠠᠯᠢᠭᠲᠤ ᠵᠢᠵᠢᠭ ᠬᠤᠲᠠ ᠪᠠᠯᠭᠠᠰᠤ ᠶᠢ ᠪᠦᠲᠦᠭᠡᠨ ᠪᠠᠶᠢᠭᠤᠯᠵᠤ ᠪᠤᠰᠤᠳ ᠰᠤᠮᠤ ᠪᠠᠯᠭᠠᠰᠤ ᠡᠬᠦᠳᠦᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠪᠠ | ᠤᠯᠠᠨ ᠲᠦᠮᠡᠨ ᠤ ᠪᠤᠳᠠᠲᠠᠢ ᠬᠡᠷᠡᠭᠴᠡᠭᠡ ᠲᠠᠢ ᠬᠠᠷᠭᠤᠭᠤᠯᠵᠤ ᠰᠤᠮᠤ ᠪᠠᠯᠭᠠᠰᠤ ᠭᠠᠴᠠᠭ᠎ᠠ ᠲᠤᠰᠬᠤᠨ ᠤ ᠤᠷᠴᠢᠨ ᠲᠤᠭᠤᠷᠢᠨ ᠤ ᠵᠠᠰᠠᠨ ᠴᠡᠭᠴᠡᠯᠡᠯᠲᠡ ᠶᠢ | ᠰᠢᠰᠲ᠋ᠧᠮ ᠲᠠᠢ ᠦᠷᠨᠢᠬᠦᠯᠤᠨ ᠨᠤᠭᠤᠭᠠᠷᠠᠭᠤᠯᠤᠯᠲᠠ ᠭᠤᠶᠤᠵᠢᠭᠤᠯᠤᠯᠲᠠ᠂ ᠬᠤᠲᠠ ᠶᠢᠨ ᠶᠠᠪᠤᠳᠠᠯ ᠤᠨ ᠵᠠᠮ᠂ ᠪᠤᠷᠤᠭᠠᠨ ᠤ ᠣᠰᠤ ᠪᠠ ᠪᠤᠬᠢᠷ ᠤᠰᠤᠨ ᠤ | ᠬᠤᠭᠤᠯᠠᠢ ᠲᠤᠤᠷ᠂ ᠵᠡᠭᠡᠯᠢ ᠭᠤᠳᠤᠮᠵᠢ ᠶᠢᠨ ᠬᠡᠷᠡᠯᠳᠦᠬᠦᠯᠭᠡ ᠪᠠ ᠤᠰᠤ ᠪᠠᠷ ᠵᠠᠶᠢᠯᠠᠬᠤ ᠮᠠᠶ᠋ᠢᠭ ᠤᠨ ᠵᠤᠷᠯᠤᠩ ᠤᠨ ᠪᠦᠲᠦᠭᠡᠨ ᠪᠠᠶᠢᠭᠤᠯᠤᠯᠲᠠ ᠶᠢ ᠴᠢᠳᠠᠯ ᠤᠨ | ᠢᠶᠠᠨ ᠬᠢᠷᠢ ᠪᠠᠷ ᠠᠯᠬᠤᠮ ᠬᠤᠪᠢᠶᠠᠨ ᠬᠡᠷᠡᠭᠵᠢᠬᠦᠯᠵᠤ ᠵᠢᠵᠢᠭ ᠬᠤᠲᠠ ᠪᠠᠯᠭᠠᠰᠤᠨ ᠤ ᠴᠢᠳᠠᠪᠬᠢ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠦᠨ ᠰᠤᠷᠤᠯᠴᠠᠵᠦ᠂ | ᠠᠮᠢᠳᠤᠷᠠᠵᠦ᠂ ᠠᠵᠢᠯᠯᠠᠬᠤ ᠤᠷᠴᠢᠨ ᠢ ᠰᠠᠶᠢᠵᠢᠷᠠᠭᠤᠯᠵᠤ ᠬᠦᠮᠦᠨ ᠤᠯᠠᠨ ᠴᠤᠭᠯᠠᠷᠠᠭᠤᠯᠤᠨ ᠠᠷᠠᠯᠵᠢᠶ᠎ᠠ ᠬᠤᠳᠠᠯᠳᠤᠭ᠎ᠠ ᠶᠢ ᠬᠦᠭᠵᠢᠬᠦᠯᠦᠨ᠎ᠡ᠃ ᠪᠤᠯᠪᠠᠰᠤᠨ | ᠬᠡᠪ ᠪᠤᠯᠪᠠᠰᠤᠷᠠᠯ ᠢ ᠲᠡᠭᠡᠭᠰᠢᠯᠡᠬᠦᠯᠵᠤ ᠪᠦᠬᠦ ᠤᠯᠤᠰ ᠤᠨ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠤ ᠶᠡᠷᠤᠩᠬᠡᠶᠢᠯᠡᠭᠰᠡᠨ ᠱᠠᠩᠨᠠᠯ ᠪᠠ ᠪᠦᠬᠦ ᠤᠯᠤᠰ ᠤᠨ | ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠵᠢᠱᠢᠶᠡᠴᠢ ᠬᠤᠰᠢᠭᠤ ᠰᠢᠶᠠᠨ ᠤ ᠡᠭᠦᠳᠦᠨ ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠬᠦᠯᠵᠣ ᠰᠢᠨ᠎ᠡ ᠴᠠᠭ ᠦᠶ᠎ᠡ | ᠶᠢᠨ ᠪᠣᠯᠪᠠᠰᠣᠨ ᠢ ᠣᠶᠢᠯᠡᠳᠣᠯᠬᠡᠵᠢᠬᠦᠯᠬᠦ ᠲᠦᠪ ᠤᠨ ᠳᠣᠷᠰᠢᠯᠳᠡ ᠶᠢᠨ ᠠᠵᠢᠯ ᠢ ᠦᠷᠨᠢᠬᠦᠯᠥᠨ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ | ᠶᠢ ᠦᠷᠭᠡᠨ ᠢᠶᠠᠷ ᠤᠬᠠᠭᠤᠯᠵᠤ ᠬᠤᠲᠠ ᠬᠦᠳᠡᠭᠡ ᠶᠢᠨ ᠰᠠᠭᠤᠭᠠᠠᠯᠢ ᠠᠷᠠᠳ ᠤᠨ ᠭᠡᠪ ᠴᠢᠨᠠᠷ ᠢ ᠶᠡᠬᠡᠪᠡᠷ ᠲᠡᠭᠡᠭᠰᠢᠯᠡᠬᠦᠯᠬᠦ ᠠᠵᠢᠯᠯᠠᠭ᠎ᠠ ᠪᠠ ᠪᠤᠯᠪᠠᠰᠤᠨ ᠰᠠᠶᠢᠨ | ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠦᠨ ᠪᠣᠯᠪᠠᠰᠣᠨ ᠤ ᠡᠬᠦᠳᠣᠨ ᠪᠠᠶᠢᠭᠤᠯᠣᠯᠳᠠ ᠶᠢᠨ ᠬᠢᠨᠡᠨ ᠰᠢᠯᠭᠠᠷᠠᠭᠤᠯᠣᠯᠳᠠ ᠶᠢᠨ ᠠᠵᠢᠯᠯᠠᠭ᠎ᠠ ᠶᠢ | ᠡᠷᠬᠢᠯᠡᠵᠣ ᠨᠡᠶᠢᠬᠡᠮ ᠨᠡᠶᠢᠲᠡ ᠶᠢᠨ ᠶᠤᠰᠤ ᠰᠤᠷᠲᠠᠬᠤᠨ᠂ ᠲᠤᠬᠠᠶᠢᠯᠠᠭᠰᠠᠨ ᠠᠵᠢᠯ ᠤᠨ ᠶᠤᠰᠤ ᠰᠤᠷᠲᠠᠬᠤᠨ᠂ ᠭᠡᠷ ᠪᠦᠯᠢ ᠶᠢᠨ ᠶᠤᠰᠤ ᠰᠤᠷᠲᠠᠬᠤᠨ᠂ ᠬᠤᠪᠢ | ᠬᠦᠮᠦᠨ ᠤ ᠶᠤᠰᠤ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ ᠲᠦᠬᠦᠮ ᠤᠶᠢᠯᠠᠭᠠᠮᠵᠢᠲᠠᠢ᠂ ᠪᠤᠳᠠᠲᠠᠢ ᠬᠡᠷᠡᠭᠯᠡᠵᠤ ᠪᠤᠯᠬᠤ ᠭᠠᠴᠠᠭ᠎ᠠ ᠲᠤᠰᠬᠤᠨ ᠤ | ᠲᠦᠷᠢᠮ ᠠᠷᠠᠳ ᠤᠨ ᠬᠡᠷ᠎ᠡ ᠶᠢ ᠲᠤᠭᠲᠠᠭᠠᠨ ᠶᠤᠰᠤ ᠰᠤᠷᠲᠠᠬᠤᠨ ᠤ ᠵᠢᠱᠢᠶᠡᠴᠢ᠂ ᠲᠡᠷᠢᠬᠦᠨ ᠤ ᠨᠡᠶᠢᠲᠡᠯᠢᠭ ᠵᠢᠱᠢᠶ᠎ᠠ ᠶᠢ ᠬᠦᠮᠦᠵᠢᠬᠦᠯᠦᠨ ᠪᠤᠯᠪᠠᠰᠤᠨ ᠢ | ᠡᠭᠦᠳᠦᠨ ᠪᠠᠶᠢᠭᠤᠯᠬᠤ᠂ ᠰᠢᠯᠭᠠᠷᠠᠭᠤᠯᠬᠤ ᠠᠵᠢᠯᠯᠠᠭ᠎ᠠ ᠦᠷᠨᠢᠬᠦᠯᠵᠤ ᠬᠠᠤᠯᠢ ᠪᠠᠷ ᠵᠠᠰᠠᠬᠤ᠂ ᠶᠤᠰᠤ ᠰᠤᠷᠲᠠᠬᠤᠨ ᠢᠶᠠᠷ ᠵᠠᠰᠠᠬᠤ᠂ ᠦᠪᠡᠷ ᠢ ᠪᠠᠨ ᠵᠠᠰᠠᠬᠤ ᠶᠢ | ᠬᠠᠷᠢᠯᠴᠠᠨ ᠤᠶᠠᠯᠳᠤᠭᠤᠯᠤᠭᠰᠠᠨ ᠨᠡᠶᠢᠬᠡᠮ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ | ︵ᠲᠦᠷᠪᠡ︶ ᠨᠡᠷᠡᠲᠦ ᠲᠡᠮᠳᠡᠭ ᠢ ᠪᠤᠢ ᠪᠤᠯᠭᠠᠨ ᠠᠮᠢᠵᠢᠷᠠᠯ ᠤᠨ ᠬᠦᠴᠦᠨ ᠨᠡᠮᠡᠷᠢᠯᠡᠵᠤ ᠬᠦᠳᠡᠯᠭᠡᠭᠴᠢ ᠬᠦᠴᠦᠨ ᠢᠶᠠᠨ ᠴᠢᠩᠭᠠᠷᠠᠭᠤᠯᠤᠨ ᠤᠳᠤ ᠦᠶ᠎ᠡ | ᠶᠢᠨ ᠦᠢᠯᠡᠴᠢᠯᠡᠭᠡᠨ ᠤ ᠦᠢᠯᠡᠰ ᠤᠨ ᠴᠡᠴᠡᠭᠯᠡᠨ ᠬᠦᠭᠵᠢᠯᠲᠡ ᠶᠢ ᠠᠬᠢᠭᠤᠯᠤᠨ᠎ᠠ᠃ ᠬᠦᠨ ᠵᠤᠵᠠᠭᠠᠨ ᠰᠤᠶᠤᠯ᠂ ᠦᠪᠡᠷᠮᠢᠴᠡ ᠰᠠᠶᠢᠬᠠᠨ ᠦᠵᠡᠮᠵᠢ᠂ ᠰᠢᠨ᠎ᠡ | ᠪᠠᠷ ᠮᠠᠨᠳᠤᠭᠰᠠᠨ ᠠᠵᠤ ᠦᠢᠯᠡᠳᠪᠦᠷᠢ ᠳᠤ ᠰᠠᠭᠤᠷᠢᠯᠠᠨ ᠵᠠᠬ᠎ᠠ ᠲᠡᠯᠭᠡᠭᠦᠷ ᠤᠨ ᠦᠷᠢᠰᠦᠯᠳᠦᠭᠡᠨ ᠤ ᠬᠦᠴᠦᠨ ᠢᠶᠠᠷ ᠰᠠᠶᠢᠨ ᠰᠤᠶᠤᠯ ᠵᠢᠭᠤᠯᠴᠢᠯᠠᠯ᠂ ᠤᠳᠤ | ᠦᠶ᠎ᠡ ᠶᠢᠨ ᠪᠠᠷᠠᠭᠠᠨ ᠬᠦᠢᠯᠭᠡᠭᠡ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠵᠡᠷᠭᠡ ᠭᠤᠷᠪᠠᠳᠤᠭᠠᠷ ᠠᠵᠤ ᠦᠢᠯᠡᠰ ᠢ ᠭᠤᠶᠢᠪᠢᠰᠢ ᠦᠭᠡᠢ ᠪᠤᠢ | ᠪᠤᠯᠭᠠᠵᠦ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠢ ᠶᠡᠬᠡᠪᠡᠷ ᠬᠦᠭᠵᠢᠬᠦᠯᠦᠨ ᠰᠢᠨ᠎ᠡ ᠨᠡᠮᠡᠭᠳᠡᠯ ᠤᠨ ᠲᠤᠶᠢᠯ ᠢ ᠪᠦᠷᠢᠯᠳᠦᠬᠦᠯᠦᠨ᠎ᠡ᠃ | ᠵᠢᠭᠤᠯᠴᠢᠯᠠᠯ ᠤᠨ ᠰᠢᠯᠢᠳᠡᠭ ᠨᠡᠷᠡᠲᠦ ᠲᠡᠮᠳᠡᠭ ᠢ ᠡᠭᠦᠳᠦᠨ᠎ᠡ᠃ ᠰᠤᠶᠤᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ ᠪᠦᠬᠦ ᠤᠷᠤᠨ ᠪᠦᠰᠡ ᠶᠢᠨ | ᠵᠢᠭᠤᠯᠴᠢᠯᠠᠯ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ ᠬᠦᠴᠦᠨ ᠢᠶᠠᠨ ᠲᠦᠪᠯᠡᠷᠡᠬᠦᠯᠦᠨ ᠰᠢᠷᠬᠤᠰᠤ ᠰᠤᠶᠤᠯ ᠵᠢᠭᠤᠯᠴᠢᠯᠠᠯ ᠤᠨ | ᠨᠡᠷᠡᠲᠦ ᠲᠡᠮᠳᠡᠭ ᠢ ᠱᠤᠭᠤᠵᠤ ᠨᠢᠭᠡᠳᠤᠯᠲᠠᠢ᠂ ᠬᠦᠴᠦᠲᠠᠢ ᠭᠠᠳᠠᠭᠠᠲᠤ ᠤᠬᠠᠭᠤᠯᠭ᠎ᠠ ᠶᠢᠨ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠰᠢᠷᠬᠤᠰᠤ ᠵᠢᠭᠤᠯᠴᠢᠯᠠᠯ | ᠤᠨ ᠶᠡᠷᠦᠩᠬᠡᠢ ᠴᠤᠭᠴᠠ ᠶᠢ ᠲᠦᠰᠦᠪᠯᠡᠨ ᠪᠠᠶᠢᠭᠤᠯᠵᠤ ᠰᠢᠷᠬᠤᠰᠤ ᠤᠯᠤᠰ ᠤᠨ 5A ᠲᠡᠰ ᠤᠨ ᠦᠵᠡᠮᠵᠢ ᠶᠢᠨ ᠤᠷᠤᠨ ᠢ ᠡᠭᠦᠳᠦᠨ ᠪᠠᠶᠢᠭᠤᠯᠬᠤ ᠪᠠ | ᠲᠡᠯᠡᠭᠡᠢ ᠶᠢᠨ ᠰᠤᠶᠤᠯ ᠪᠤᠯᠤᠨ ᠪᠠᠶᠢᠭᠠᠯᠢ ᠶᠢᠨ ︽ᠬᠤᠤᠰ ᠦᠯᠡᠳᠡᠭᠳᠡᠯ︾ ᠢ ᠭᠤᠶᠤᠴᠢᠯᠠᠬᠤ ᠠᠵᠢᠯ ᠢ ᠡᠬᠢᠯᠡᠬᠦᠯᠵᠤ ᠰᠤᠳᠤᠯᠤᠨ ᠰᠤᠷᠤᠯᠴᠠᠬᠤ ᠰᠠᠭᠤᠷᠢᠨ | ᠭᠠᠵᠠᠷ ᠤᠨ ᠬᠠᠮᠳᠤᠷᠠᠯᠴᠠᠭ᠎ᠠ ᠶᠢᠨ ᠪᠤᠳᠠᠲᠠᠢ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃ ᠪᠠᠶᠠᠠᠨᠠᠭᠤᠷ ᠤᠨ ᠲᠠᠯ᠎ᠠ ᠨᠤᠲᠤᠭ ᠪᠠ ᠤᠩᠭᠤᠨ ᠮᠠᠩᠬ᠎ᠠ᠂ | ᠪᠦᠷᠢᠲᠤ ᠶᠢᠨ ᠡᠯᠡᠰᠦ ᠵᠡᠷᠭᠡ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ ᠶᠢ ᠠᠬᠢᠭᠤᠯᠤᠨ ᠪᠡᠶᠡᠴᠢᠯᠡᠨ ᠤᠶᠢᠯᠠᠭᠠᠬᠤ ᠲᠠᠯ᠎ᠠ ᠪᠠᠷ ᠰᠠᠶᠢᠨ᠂ ᠤᠷᠤᠯᠴᠠᠬᠤ | ᠨᠤᠷᠮ᠎ᠠ ᠪᠠᠷ ᠦᠨᠳᠦᠷ ᠵᠢᠭᠤᠯᠴᠢᠯᠠᠯ ᠤᠨ ᠲᠦᠷᠦᠯ ᠵᠦᠢᠯ ᠢ ᠲᠡᠭᠦᠯᠳᠡᠷᠵᠢᠬᠦᠯᠵᠤ ᠨᠦᠭᠡᠨ ᠭᠡᠷ᠂ ᠮᠤᠩᠭᠤᠯ ᠭᠡᠷ ᠵᠡᠷᠭᠡ ᠦᠪᠡᠷᠮᠢᠴᠡ ᠤᠨᠴᠠᠯᠢᠭ ᠲᠠᠢ ᠬᠤᠨᠤᠭ | ᠤᠨ ᠭᠠᠵᠠᠷ ᠢ ᠬᠦᠭᠵᠢᠬᠦᠯᠵᠤ ᠲᠤᠭ ᠬᠦᠳᠡᠭᠡ ᠨᠤᠲᠤᠭ ᠤᠨ ᠵᠢᠭᠤᠯᠴᠢᠯᠠᠯ ᠤᠨ ᠦᠷᠳᠡᠭᠡ ᠶᠢ ᠪᠠᠶᠢᠭᠤᠯᠵᠣ ᠵᠢᠭᠤᠯᠴᠢᠯᠡᠯ ᠤᠨ ᠤᠷᠤᠨ ᠳᠤ 12 ᠵᠤᠷᠯᠤᠩ ᠢ | ᠪᠠᠷᠢᠨ᠎ᠠ᠃ ︽ᠮᠠᠯᠵᠢᠬᠤ ᠳ᠋ᠠᠵᠠᠢ︾ ᠂ 1949 ᠤᠨ ᠤ ᠨᠠᠮᠤᠷ ᠠᠴᠠ ᠰᠡᠬᠦᠯᠡᠷᠬᠢ ᠬᠤᠰᠢᠭᠤ ᠨᠠᠮ ᠤᠨ ᠬᠤᠷᠢᠶ᠎ᠠ ᠶᠢᠨ ᠬᠠᠭᠤᠴᠢᠨ ᠠᠯᠪᠠᠯᠠᠬᠤ ᠭᠠᠵᠠᠷ ᠵᠡᠷᠭᠡ | ᠬᠤᠪᠢᠰᠬᠠᠯ ᠤᠨ ᠵᠢᠭᠤᠯᠴᠢᠯᠠᠯ ᠤᠨ ᠡᠬᠢ ᠪᠠᠶᠠᠯᠢᠭ ᠢ ᠬᠦᠨᠵᠡᠭᠡᠢ ᠠᠭᠤᠳᠠᠯᠠᠵᠤ ᠦᠤᠰᠢᠨ ᠤ ᠬᠤᠪᠢᠰᠬᠠᠯ ᠤᠨ ᠲᠡᠤᠬᠡ ᠶᠢᠨ ᠮᠦᠽᠸᠢ ᠶᠢ ᠲᠦᠯᠦᠪᠯᠡᠨ | ᠪᠠᠶᠢᠭᠤᠯᠤᠨ᠎ᠠ᠃ ᠢᠷᠭᠠᠢ᠂ ᠲᠡᠮᠡᠭᠡᠲᠦ ᠵᠡᠷᠭᠡ ᠤᠶᠢᠷ᠎ᠠ ᠬᠠᠪᠢ ᠶᠢᠨ ᠵᠢᠭᠤᠯᠴᠢᠯᠠᠭᠰᠠᠳ ᠤᠨ ᠡᠬᠢ ᠪᠠᠶᠠᠯᠢᠭ ᠤᠨ ᠵᠠᠬ᠎ᠠ ᠲᠡᠯᠭᠡᠭᠦᠷ ᠲᠠᠢ ᠢᠳᠡᠪᠬᠢᠲᠠᠢ | ᠠᠭᠤᠰᠤᠯᠴᠠᠨ ᠨᠠᠷᠢᠯᠢᠭ ᠤᠨᠤᠪᠴᠢᠲᠠᠢ ᠤᠬᠠᠭᠤᠯᠭ᠎ᠠ ᠶᠢ ᠦᠷᠨᠢᠬᠦᠯᠦᠨ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠪᠠᠶᠠᠷ ᠴᠤᠭᠯᠠᠭᠠᠨ ᠤ ᠠᠵᠢᠯᠯᠠᠭ᠎ᠠ ᠶᠢ | ᠡᠷᠬᠢᠯᠡᠵᠤ ᠮᠤᠷᠢᠨ ᠬᠤᠭᠤᠷ ᠵᠡᠷᠭᠡ ᠦᠨᠳᠦᠰᠦᠲᠡᠨ ᠤ ᠤᠨᠴᠠᠯᠢᠭᠲᠤ ᠰᠤᠶᠤᠯ ᠤᠨ ᠨᠦᠯᠦᠭᠡᠯᠡᠬᠦ ᠬᠦᠴᠦᠨ ᠢ ᠲᠡᠭᠡᠭᠰᠢᠯᠡᠬᠦᠯᠵᠤ ᠪᠠᠶᠢᠭᠠᠯᠢ ᠤᠨ ᠦᠵᠡᠮᠵᠢ ᠶᠢ | ᠰᠤᠨᠢᠷᠬᠠᠬᠤ᠂ ᠠᠷᠠᠳ ᠤᠨ ᠵᠠᠩ ᠦᠢᠯᠡ ᠶᠢᠨ ᠰᠤᠶᠤᠯ ᠢ ᠪᠠᠶᠠᠴᠢᠯᠡᠨ ᠤᠶᠢᠯᠠᠭᠠᠬᠤ᠂ ᠤᠨᠴᠠᠯᠢᠭᠲᠤ ᠢᠳᠡᠭᠡᠨ ᠤᠮᠳᠠᠭᠠᠨ ᠢ ᠠᠮᠳᠠᠯᠠᠬᠤ ᠪᠠ ᠡᠯᠡᠰᠦ ᠮᠠᠩᠬᠠᠨ | ᠳᠡᠭᠡᠷ᠎ᠡ ᠦᠷᠢᠰᠦᠯᠳᠦᠨ ᠤᠷᠤᠯᠳᠤᠬᠤ᠂ ᠬᠠᠪᠴᠢᠯ ᠤᠨ ᠪᠠᠷᠳᠠᠭ᠎ᠠ ᠰᠢᠨᠵᠢᠯᠡᠬᠦ᠂ ᠵᠢᠭᠠᠰᠤ ᠬᠦᠬᠢᠳᠡᠬᠦ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ | ᠴᠢᠨᠠᠷᠲᠠᠢ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠢ ᠠᠩᠬ᠎ᠠ ᠠᠯᠬᠤᠮ ᠪᠦᠷᠢᠯᠳᠦᠬᠦᠯᠵᠤ ᠪᠦᠬᠦ ᠵᠢᠯ ᠳᠤ ᠬᠦᠯᠢᠶᠡᠨ ᠵᠤᠴᠢᠯᠠᠬᠤ ᠵᠢᠭᠤᠯᠴᠢᠯᠠᠭᠰᠠᠳ ᠤᠨ | ᠲᠤᠭ᠎ᠠ ᠶᠢ 130 ᠲᠦᠮᠡᠨ ᠬᠦᠮᠦᠨ ᠤᠳᠠᠭ᠎ᠠ ᠶᠢ ᠲᠠᠪᠠᠭᠤᠯᠬᠤ ᠪᠠᠷ ᠴᠢᠷᠮᠠᠶᠢᠨ᠎ᠠ᠃ | ᠤᠳᠤ ᠦᠶ᠎ᠡ ᠶᠢᠨ ᠪᠠᠷᠠᠭᠠᠨ ᠬᠦᠢᠯᠭᠡᠭᠡᠨ ᠤ ᠦᠢᠯᠡᠰ ᠢ ᠲᠦᠷᠭᠡᠳᠬᠡᠨ ᠬᠦᠭᠵᠢᠬᠦᠯᠦᠨ᠎ᠡ᠃ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠲᠤᠮᠳᠠᠲᠤ | ᠤᠷᠤᠨ ᠬᠦᠷᠬᠦ ᠲᠡᠮᠦᠷ ᠵᠠᠮ ᠤᠨ ᠱᠤᠭᠤᠮ ᠳᠠᠭᠠᠤ ᠭᠠᠵᠠᠷ ᠤᠷᠤᠨ ᠲᠠᠢ ᠬᠠᠮᠳᠤᠷᠠᠯᠴᠠᠭ᠎ᠠ ᠪᠠᠨ ᠠᠬᠢᠭᠤᠯᠵᠤ ᠭᠠᠯᠠᠭᠤᠲᠤ᠂ ᠨᠠᠷᠢᠠᠭᠤᠤᠯ᠂ ᠬᠤᠯᠪᠤᠭᠠᠯᠵᠢ ᠲᠡᠮᠦᠷ | ᠵᠠᠮ ᠤᠨ ᠲᠦᠪᠯᠡᠷᠡᠬᠦᠯᠦᠨ ᠰᠠᠪᠠᠯᠠᠬᠤ ᠦᠷᠳᠡᠭᠡᠨ ᠤ ᠲᠦᠷᠥᠯ ᠵᠣᠶᠢᠯ ᠢ ᠡᠬᠢᠯᠡᠬᠦᠯᠵᠤ ᠲᠦᠪᠯᠡᠷᠡᠬᠦᠯᠦᠨ ᠬᠠᠳᠠᠭᠠᠯᠠᠬᠤ᠂ ᠵᠦᠭᠡᠭᠡᠪᠦᠷᠢᠯᠡᠬᠦ᠂ ᠴᠢᠮᠡᠭᠡ ᠵᠠᠩᠭᠢ | ᠵᠡᠷᠭᠡ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠪᠠᠷᠠᠭᠠᠨ ᠬᠦᠢᠯᠭᠡᠭᠡᠨ ᠤ ᠬᠦᠷᠢᠶᠡᠯᠡᠩ ᠲᠤᠭᠤᠷᠢᠭ ᠢ ᠪᠦᠲᠦᠭᠡᠨ | ᠪᠠᠶᠢᠭᠤᠯᠵᠤ ᠵᠢᠯ ᠤᠨ ᠲᠤᠳᠤᠷ᠎ᠠ ᠲᠡᠮᠦᠷ ᠵᠠᠮ ᠤᠨ ᠭᠠᠳᠠᠭᠰᠢ ᠵᠦᠭᠡᠭᠡᠪᠦᠷᠢᠯᠡᠬᠦ ᠴᠢᠳᠠᠪᠤᠷᠢ ᠶᠢ 6000 ᠲᠦᠮᠡᠨ ᠲᠤᠨ ᠰᠢᠨ᠎ᠡ ᠪᠠᠷ ᠨᠡᠮᠡᠭᠳᠡᠬᠦᠯᠦᠨ ᠬᠦᠭᠡᠬᠤᠲᠠ | ᠪᠤᠭᠤᠲᠤ ᠤᠷᠳᠤᠰ ᠢᠷᠭᠠᠢ ᠲᠡᠮᠡᠭᠡᠲᠤ ᠶᠢᠨ ᠤᠷᠤᠨ ᠪᠦᠰᠡ ᠶᠢᠨ ᠴᠢᠨᠠᠷᠲᠠᠢ ᠪᠠᠷᠠᠭᠠᠨ ᠬᠦᠢᠯᠭᠡᠭᠡᠨ ᠤ ᠠᠭᠤᠯᠵᠠᠷ ᠴᠡᠭ ᠪᠠ ᠤᠮᠠᠷᠠᠲᠤ ᠶᠢᠨ ᠨᠡᠭᠦᠷᠡᠰᠦ ᠶᠢ | ᠡᠮᠦᠨᠡᠰᠢ ᠲᠡᠭᠡᠭᠡᠪᠦᠷᠢᠯᠡᠬᠦ ᠲᠤᠳᠤᠭᠠᠲᠤ ᠬᠠᠭᠤᠷᠠᠢ ᠶᠢᠨ ᠭᠠᠷᠠᠮ᠂ ᠡᠮᠦᠨᠡᠲᠦ ᠶᠢᠨ ᠪᠠᠷᠠᠭ᠎ᠠ ᠶᠢ ᠤᠮᠠᠷᠠᠰᠢ ᠵᠦᠭᠡᠭᠡᠪᠦᠷᠢᠯᠡᠬᠦ ᠪᠠᠷᠠᠭᠠᠨ ᠬᠦᠢᠯᠭᠡᠭᠡᠨ ᠤ | ᠲᠦᠪᠯᠡᠷᠡᠬᠦᠯᠦᠨ ᠲᠠᠷᠬᠠᠭᠠᠬᠤ ᠭᠠᠵᠠᠷ ᠢ ᠪᠦᠲᠦᠭᠡᠨ ᠪᠠᠶᠢᠭᠤᠯᠤᠨ᠎ᠠ᠃ | ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠦᠭᠵᠢᠬᠦᠯᠦᠨ᠎ᠡ᠃ ᠬᠡᠷᠡᠭᠯᠡᠭᠡ ᠶᠢ ᠲᠡᠰ ᠲᠡᠪᠰᠢᠬᠦᠯᠬᠦ ᠴᠢᠭᠯᠡᠯ ᠤᠨ ᠲᠤᠭᠤᠷᠢᠨ | ᠳᠤ ᠴᠢᠨᠠᠷ ᠰᠠᠶᠢᠲᠠᠢ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠴᠢᠷᠮᠠᠶᠢᠨ ᠨᠡᠮᠡᠭᠳᠡᠬᠦᠯᠦᠨ᠎ᠡ᠃ ᠭᠡᠷ ᠠᠬᠤᠢ᠂ ᠭᠡᠷ ᠲᠤ ᠨᠢ ᠬᠦᠷᠴᠦ ᠨᠠᠰᠤᠲᠠᠳ | ᠢ ᠠᠰᠠᠷᠠᠬᠤ ᠵᠡᠷᠭᠡ ᠦᠢᠯᠡᠴᠢᠯᠡᠭᠡ ᠶᠢ ᠬᠦᠭᠵᠢᠬᠦᠯᠬᠦ ᠶᠢ ᠵᠤᠷᠢᠭᠵᠢᠭᠤᠯᠤᠨ᠎ᠠ᠃ ᠴᠠᠶᠢᠯᠭᠠᠭᠰᠠᠨ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠰᠢᠢᠳᠪᠦᠷᠢᠯᠡᠬᠦ | ᠬᠠᠳᠠᠭᠠᠯᠠᠯᠲᠠ ᠶᠢᠨ ᠬᠦᠮᠦᠷᠭᠡ ᠶᠢ ᠡᠬᠢᠯᠡᠬᠦᠯᠦᠨ ᠪᠦᠲᠦᠭᠡᠨ ᠪᠠᠶᠢᠭᠤᠯᠵᠤ ᠨᠤᠲᠤᠭ ᠤᠨ ᠭᠠᠷᠤᠯᠲᠠ ᠶᠢᠨ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠪᠠ | ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠦᠭᠡᠷᠡᠴᠢᠯᠡᠨ ᠰᠠᠶᠢᠵᠢᠷᠠᠭᠤᠯᠵᠤ ᠬᠤᠨᠵᠢᠨ ᠴᠠᠶᠢᠳᠠᠮ ᠤᠨ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠬᠦᠷ ᠢ | ᠪᠠᠶᠢᠭᠤᠯᠵᠤ ᠪᠦᠬᠦ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠤᠭᠰᠠᠨ ᠵᠢᠱᠢᠶᠡᠴᠢ ᠬᠤᠰᠢᠭᠤ | ᠰᠢᠶᠠᠨ ᠢ ᠭᠤᠶᠤᠴᠢᠯᠠᠨ ᠮᠡᠳᠡᠬᠦᠯᠵᠤ ᠪᠦᠳᠦᠬᠡᠨ ᠪᠠᠶᠢᠭᠤᠯᠣᠨ ᠦᠨᠳᠦᠰᠦᠨ ᠱᠠᠲᠤᠨ ᠤ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠦᠷᠳᠡᠭᠡ ᠶᠢ | ᠰᠢᠨ᠎ᠡ ᠪᠠᠷ 20 ᠪᠠᠶᠢᠭᠤᠯᠵᠤ ᠰᠦᠯᠵᠢᠶᠡᠨ ᠲᠡᠯᠭᠡᠭᠦᠷ ᠪᠠ ᠲᠡᠯᠭᠡᠬᠦᠷ ᠤᠨ ᠪᠤᠷᠤᠯᠠᠭᠤᠯᠭ᠎ᠠ ᠶᠢ ᠬᠦᠭᠵᠢᠬᠦᠯᠦᠨ᠎ᠡ᠃ ︽ᠰᠠᠨᠠᠭ᠎ᠠ ᠠᠮᠤᠷ ᠬᠡᠷᠡᠭᠯᠡᠭᠡ ᠬᠢᠬᠦ ᠬᠤᠲᠠ︾ | ᠶᠢᠨ ᠡᠬᠦᠳᠣᠨ ᠪᠠᠶᠢᠭᠤᠯᠤᠯᠲᠠ ᠶᠢ ᠠᠬᠢᠭᠤᠯᠤᠨ ᠡᠷᠭᠡ ᠠᠰᠢᠭ ᠢᠶᠠᠨ ᠬᠠᠮᠠᠭᠠᠯᠠᠬᠤ ᠪᠠᠳᠤᠯᠠᠭ᠎ᠠ ᠶᠢ ᠴᠢᠩᠭᠠᠳᠬᠠᠵᠤ ᠪᠦᠬᠦ ᠬᠦᠷᠢᠶ᠎ᠠ ᠴᠠᠷᠠᠭᠠᠨ ᠳᠤ ᠰᠠᠨᠠᠭ᠎ᠠ | ᠠᠮᠤᠷ ᠬᠡᠷᠡᠭᠯᠡᠭᠡ ᠬᠢᠬᠦ ᠤᠷᠴᠢᠨ ᠢ ᠪᠦᠷᠢᠯᠳᠦᠬᠦᠯᠦᠨ᠎ᠡ᠃ | ︵ᠲᠠᠪᠤ︶ ᠲᠤᠳᠠᠭᠤᠳᠠᠯ ᠢᠶᠠᠨ ᠨᠦᠬᠦᠪᠦᠷᠢᠯᠡᠵᠤ ᠰᠠᠭᠤᠷᠢ ᠪᠠᠨ ᠪᠠᠳᠤᠳᠬᠠᠨ ᠬᠦᠴᠢᠷᠳᠡᠯ ᠢ ᠲᠤᠭᠤᠯᠵᠤ ᠬᠦᠭᠵᠢᠯᠲᠡ ᠶᠢᠨ ᠠᠴᠢᠶᠠᠯᠠᠬᠤ ᠴᠢᠳᠠᠪᠤᠷᠢ ᠪᠠᠨ | ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠬᠦᠬᠡᠬᠤᠲᠠ ᠪᠤᠭᠤᠲᠤ ᠤᠷᠳᠤᠰ ᠲᠡᠮᠡᠭᠡᠲᠤ ᠶᠢᠨ ᠬᠤᠲᠠ ᠶᠢᠨ ᠰᠦᠷᠦᠭᠵᠢᠯ ᠬᠦᠭᠵᠢᠯᠲᠡ ᠶᠢᠨ ᠲᠤᠬᠢᠶᠠᠯ ᠢ | ᠠᠳᠬᠤᠵᠤ ᠬᠠᠷᠢᠯᠴᠠᠨ ᠬᠤᠯᠪᠤᠯᠳᠤᠨ ᠨᠡᠪᠳᠡᠷᠡᠭᠰᠡᠨ ᠪᠤᠬᠢᠷᠳᠤᠯ ᠦᠭᠡᠢ ᠦᠨᠳᠦᠷ ᠪᠦᠲᠦᠮᠵᠢᠲᠠᠢ ᠰᠠᠭᠤᠷᠢ ᠲᠦᠬᠦᠭᠡᠷᠦᠮᠵᠢ ᠶᠢᠨ ᠲᠤᠭᠳᠠᠯᠴᠠᠭ᠎ᠠ ᠶᠢ | ᠲᠦᠷᠭᠡᠳᠬᠡᠨ ᠪᠠᠶᠢᠭᠤᠯᠵᠤ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠡ ᠬᠦᠴᠦᠲᠤ ᠲᠤᠯᠭᠠᠭᠤᠷᠢᠯᠠᠯ ᠬᠠᠩᠭᠠᠨ᠎ᠠ᠃ | ᠲᠦᠩᠽᠢ ᠠᠴᠠ ᠵᠠᠮᠪᠠᠨ ᠤ ᠲᠠᠯ᠎ᠠ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ᠂ ᠭᠠᠯᠠᠭᠤᠲᠤ ᠠᠴᠠ ᠪᠤᠯᠠᠭ ᠤᠨ ᠭᠤᠤᠯ ᠬᠦᠷᠬᠦ ᠬᠤᠶᠠᠳᠤᠭᠠᠷ ᠲᠡᠰ ᠤᠨ | ᠵᠠᠰᠠᠮᠠᠯ ᠵᠠᠮ ᠢ ᠡᠬᠢᠯᠡᠬᠦᠯᠦᠨ ᠵᠠᠰᠠᠵᠤ ᠭᠠᠯᠠᠭᠤᠳᠤ ᠠᠴᠠ ᠤᠯᠠᠭᠠᠨᠪᠠᠯᠭᠠᠰᠤ᠂ ᠲᠤᠯᠢ ᠠᠴᠠ ᠨᠠᠩᠰᠣ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠲᠡᠷᠭᠡ | ᠨᠡᠪᠳᠡᠷᠡᠬᠦ ᠨᠦᠬᠦᠴᠡᠯ ᠳᠤ ᠬᠦᠷᠭᠡᠨ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ︵ᠱᠠᠨᠰᠢ ᠶᠢᠨ ᠬᠡᠰᠡᠭ︶ ᠤᠨ | ᠡᠮᠦᠨ᠎ᠡ ᠬᠤᠭᠤᠴᠠᠭᠠᠨ ᠤ ᠭᠠᠷ ᠬᠦᠢᠴᠡᠳᠬᠡᠯ ᠬᠦᠢᠴᠡᠳᠬᠡᠬᠦ ᠶᠢ ᠠᠬᠢᠭᠤᠯᠤᠨ ᠭᠠᠯᠠᠭᠤᠲᠤ ᠠᠴᠠ ᠲᠡᠮᠡᠭᠡᠲᠤ ᠶᠢᠨ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ ᠢ | ᠲᠦᠯᠦᠪᠯᠡᠵᠤ ᠨᠢᠭᠡ ᠴᠠᠭ ᠤᠨ ᠲᠤᠳᠤᠷ᠎ᠠ ᠬᠠᠵᠠᠭᠤ ᠬᠠᠪᠢ ᠶᠢᠨ ᠬᠤᠰᠢᠭᠤ ᠰᠢᠶᠠᠨ ︵ᠲᠤᠭᠤᠷᠢᠭ︶ ᠳᠤ ᠬᠦᠷᠬᠦ ᠠᠵᠤ ᠠᠬᠤᠢ ᠶᠢᠨ ᠴᠠᠭᠠᠷᠢᠭ ᠢ | ᠪᠠᠶᠢᠭᠤᠯᠤᠨ᠎ᠠ᠃ ᠲᠦᠩᠽᠢ ᠠᠴᠠ ᠴᠠᠩ ᠴᠢᠩ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠴᠡᠪᠡᠷᠰᠢᠬᠦᠯᠬᠦ ᠬᠤᠶᠠᠳᠤᠭᠠᠷ ᠦᠢᠯᠡᠳᠪᠦᠷᠢ ᠬᠦᠷᠬᠦ᠂ ᠲᠠᠮᠠᠭᠠᠯᠠᠢ ᠶᠢᠨ | ᠴᠠᠶᠢᠳᠠᠮ ᠠᠴᠠ ᠤᠷᠤᠭᠰᠢᠯᠠᠯᠲᠠ ᠲᠤᠰᠬᠤᠨ ᠬᠦᠷᠬᠦ ᠵᠡᠷᠭᠡ 7 ᠵᠤᠷᠪᠤᠰ 141 ᠺᠢᠯᠤᠮᠧᠲᠷ ᠬᠦᠳᠡᠭᠡ ᠲᠤᠰᠬᠤᠨ ᠤ ᠵᠠᠰᠠᠮᠠᠯ ᠵᠠᠮ ᠢ ᠶᠡᠭᠡᠪᠡᠷ ᠰᠡᠯᠪᠢᠨ ᠵᠠᠰᠠᠵᠤ | ︽ᠵᠠᠮ ᠤᠨ ᠲᠠᠷᠤᠭ᠎ᠠ ᠶᠢᠨ ᠲᠦᠷᠢᠮ︾ ᠤᠨ ᠬᠠᠮᠢᠶᠠᠷᠤᠯᠲᠠ ᠶᠢᠨ ᠬᠡᠯᠪᠡᠷᠢ ᠶᠢ ᠬᠡᠷᠡᠭᠵᠢᠬᠦᠯᠦᠨ ᠲᠤᠰᠢᠶᠠᠯ ᠬᠠᠷᠢᠭᠤᠴᠠᠯᠭ᠎ᠠ ᠲᠤᠳᠤᠷᠬᠠᠢ ᠵᠠᠰᠠᠮᠠᠯ ᠵᠠᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠲᠤᠭᠳᠠᠯᠴᠠᠭ᠎ᠠ ᠶᠢ ᠪᠠᠶᠢᠭᠤᠯᠵᠤ ᠦᠪᠡᠷᠳᠡᠭᠡᠨ ᠵᠠᠰᠠᠬᠤ ᠤᠷᠤᠨ ᠤ ︽ᠲᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ | ᠤᠨ ᠵᠢᠱᠢᠶᠡᠴᠢ ᠬᠤᠰᠢᠭᠤ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ ᠪᠤᠭᠤᠲᠤ ᠶᠢᠨ ᠴᠢᠭᠯᠡᠯ ᠤᠨ ᠠᠶᠠᠨᠴᠢᠳ ᠤᠨ ᠭᠠᠯᠳᠤ ᠲᠡᠷᠭᠡ ᠶᠢ ᠴᠢᠷᠮᠠᠶᠢᠨ | ᠨᠡᠪᠳᠡᠷᠡᠬᠦᠯᠵᠤ ᠨᠠᠷᠢᠠᠭᠤᠤᠯ ᠬᠤᠶᠠᠳᠤᠭᠠᠷ ᠨᠤᠮᠧᠷᠲᠤ ᠬᠤᠳᠲᠤᠭ ᠤᠨ ᠲᠡᠮᠦᠷ ᠵᠠᠮ ᠤᠨ ᠲᠤᠰᠬᠠᠢ ᠱᠤᠭᠤᠮ ᠢ ᠡᠬᠢᠯᠡᠬᠦᠯᠦᠨ ᠵᠠᠰᠠᠨ᠎ᠠ᠃ ᠵᠢᠯ ᠤᠨ ᠲᠤᠳᠤᠷ᠎ᠠ | ᠨᠡᠶᠢᠳᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦᠯᠬᠦ ᠨᠦᠬᠦᠴᠡᠯ ᠢ ᠪᠦᠷᠢᠯᠳᠦᠬᠦᠯᠦᠨ᠎ᠡ᠃ ᠦᠤᠰᠢᠨ ᠤ 500 ᠺᠢᠯᠤᠸᠤᠯᠲ᠂ | ᠤᠷᠳᠤᠪᠡᠶ᠎ᠡ ᠠᠴᠠ ᠪᠤᠷᠤᠪᠠᠯᠭᠠᠰᠤ ᠬᠦᠷᠬᠦ 110 ᠺᠢᠯᠤᠸᠤᠯᠲ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠡᠬᠢᠯᠡᠬᠦᠯᠦᠨ ᠪᠠᠶᠢᠭᠤᠯᠵᠤ ᠰᠢᠷᠬᠤᠰᠤ ᠶᠢᠨ | 220 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠵᠤ ᠨᠠᠷᠢᠠᠭᠤᠤᠯ ᠠᠵᠤ ᠦᠢᠯᠡᠳᠪᠦᠷᠢ ᠶᠢᠨ | ᠬᠦᠷᠢᠶᠡᠯᠡᠩ ᠲᠤᠭᠤᠷᠢᠭ ᠤᠨ ︽ᠬᠤᠤᠰ ᠴᠠᠬᠢᠯᠭᠠᠨ ᠱᠤᠭᠤᠮ︾ ︽ᠬᠤᠤᠰ ᠴᠠᠬᠢᠯᠭᠠᠨ ᠡᠬᠦᠰᠬᠡᠭᠴᠢ︾ ᠪᠠᠷ ᠴᠠᠬᠢᠯᠭᠠᠨ ᠬᠠᠩᠭᠠᠬᠤ ᠶᠢ ᠪᠡᠶᠡᠯᠡᠬᠦᠯᠦᠨ᠎ᠡ᠃ | ᠪᠠᠶᠠᠨᠨᠠᠭᠤᠷ ᠵᠡᠷᠭᠡ ᠲᠦᠷᠪᠡᠨ 35 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠤᠨ ᠬᠦᠳᠡᠭᠡ ᠲᠤᠰᠬᠤᠨ | ᠤ ᠴᠠᠬᠢᠯᠭᠠᠨ ᠤ ᠲᠤᠤᠷᠵᠢᠯ ᠢ 500 ᠺᠢᠯᠤᠮᠧᠲᠷ ᠠᠴᠠ ᠲᠡᠭᠡᠭᠰᠢ ᠰᠢᠨ᠎ᠡ ᠪᠠᠷ ᠪᠤᠶᠤ ᠦᠭᠡᠷᠡᠴᠢᠯᠡᠨ ᠲᠠᠳᠠᠵᠤ ᠵᠤᠨ ᠤ ᠲᠠᠷᠢᠶᠠᠯᠠᠩ ᠤᠨ ᠤᠰᠤᠯᠠᠯᠲᠠ ᠳᠤ ︽ | ᠡᠭᠡᠯᠵᠢᠯᠡᠵᠦ ᠴᠠᠬᠢᠯᠭᠠᠨ ᠬᠡᠷᠡᠭᠯᠡᠬᠦ︾ ᠠᠰᠠᠭᠤᠳᠠᠯ ᠢ ᠪᠦᠲᠦᠮᠵᠢᠲᠠᠢ ᠪᠠᠭᠠᠰᠬᠠᠨ᠎ᠠ᠃ ᠰᠢᠷᠬᠤᠰᠣᠨ ᠪᠠᠯᠭᠠᠰᠣᠨ ᠤ ᠪᠠᠯᠭᠠᠰᠣᠨ ᠳᠣᠭᠤᠷᠢᠭ ᠤᠨ ᠤᠤᠭᠤᠬᠤ | ᠤᠰᠤᠨ ᠤ ᠠᠶᠤᠯᠬᠦᠢ ᠶᠢᠨ ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠥᠨ᠎ᠠ᠃ ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ ᠰᠢᠨ᠎ᠡ ᠪᠠᠷ 21 | ᠪᠠᠶᠢᠭᠤᠯᠵᠤ ᠲᠤᠬᠢᠶᠠᠨ ᠲᠡᠮᠳᠡᠭ ᠲᠤᠰᠴᠤ ᠲᠡᠶᠢᠯᠬᠦ ᠦᠭᠡᠢ ᠤᠷᠤᠨ ᠤ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠨ᠎ᠡ᠃ ᠬᠠᠳᠠᠭᠤᠴᠠᠶᠢᠳᠠᠮ ᠤᠰᠤᠨ | ᠰᠤᠷᠪᠤᠯᠵᠢ ᠶᠢᠨ ᠤᠷᠤᠨ ᠪᠠ ᠠᠭᠤᠷᠬᠠᠢ ᠶᠢᠨ ᠤᠷᠤᠨ ᠤ ᠠᠷᠠᠳ ᠢ ᠨᠡᠬᠦᠯᠭᠡᠨ ᠲᠦᠪᠬᠢᠨᠡᠬᠦᠯᠬᠦ ᠠᠵᠢᠯ ᠢ ᠯᠠᠪᠳᠠᠭᠤᠨ ᠠᠬᠢᠭᠤᠯᠤᠨ᠎ᠠ᠃ ᠠᠮᠢ ᠠᠬᠤᠢ ᠶᠢᠨ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠲᠤᠭᠲᠠᠯ ᠬᠦᠴᠦᠨ ᠢ ᠦᠷᠭᠦᠯᠵᠢᠯᠡᠨ | ᠴᠢᠩᠭᠠᠳᠬᠠᠵᠦ ᠠᠮᠢ ᠠᠬᠤᠢ ᠶᠢᠨ ᠰᠢᠰᠲ᠋ᠧᠮ ᠤᠨ ᠲᠤᠲᠤᠭᠠᠳᠤ ᠶᠤᠰᠤ ᠵᠦᠢ ᠪᠠ ᠵᠢᠮ᠎ᠡ ᠶᠤᠰᠤ ᠶᠢ ᠵᠢᠷᠦᠮᠯᠠᠵᠦ ︽ᠠᠭᠤᠯᠠ ᠤᠰᠤ ᠤᠢ ᠲᠠᠷᠢᠶ᠎ᠠ ᠨᠠᠭᠤᠷ | ᠪᠡᠯᠴᠢᠭᠡᠷ ᠪᠠᠯᠠᠷ︾ ᠢ ᠨᠢᠭᠡᠲᠦᠯᠲᠠᠢ ᠲᠦᠯᠦᠪᠵᠢᠬᠦᠯᠦᠨ ᠶᠡᠷᠦᠩᠬᠡᠶᠢᠯᠡᠨ ᠵᠠᠰᠠᠵᠤ ᠦᠪᠡᠷᠳᠡᠭᠡᠨ ᠰᠡᠷᠭᠦᠭᠡᠬᠦ ᠪᠠᠷ ᠭᠤᠤᠯᠳᠠᠭᠤᠯᠤᠨ ᠨᠤᠭᠤ ᠭᠠᠵᠠᠷ᠂ ᠪᠠᠶᠢᠭᠠᠯᠢ | ᠶᠢᠨ ᠬᠠᠮᠠᠭᠠᠯᠠᠯᠲᠠ ᠶᠢᠨ ᠤᠷᠤᠨ ᠤ ᠬᠠᠮᠢᠶᠠᠷᠤᠯᠲᠠ ᠪᠠ ᠨᠠᠭᠤᠷ ᠭᠤᠤᠯ ᠤᠨ ᠲᠤᠭᠤᠷᠢᠨ ᠪᠠᠶᠢᠴᠠᠭᠠᠯᠲᠠ ᠬᠠᠮᠠᠭᠠᠯᠠᠯᠲᠠ ᠪᠠᠨ ᠴᠢᠩᠭᠠᠳᠬᠠᠨ ᠬᠠᠤᠯᠢ ᠪᠤᠰᠤ ᠪᠠᠷ | ᠤᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠦᠷᠢᠯᠠᠭᠰᠠᠨ ᠠᠵᠢᠯᠯᠠᠭ᠎ᠠ ᠳᠤ ᠬᠦᠨᠲᠤ ᠴᠤᠬᠢᠯᠲᠠ ᠦᠭᠬᠦᠨ᠎ᠡ︔ ᠪᠡᠭᠡᠵᠢᠩ ᠲᠢᠶᠠᠨᠵᠢᠨ ᠤ ᠡᠯᠡᠰᠦᠨ ᠰᠢᠭᠤᠷᠭᠠᠨ | ᠤ ᠢᠷᠡᠯᠲᠡ᠂ ᠮᠠᠭᠤᠳᠠᠭᠰᠠᠨ ᠤᠢ ᠰᠢᠭᠤᠢ ᠶᠢ ᠬᠡᠰᠡᠭ ᠬᠤᠪᠢᠶᠠᠨ ᠲᠠᠷᠢᠵᠦ ᠠᠷᠠᠴᠢᠯᠠᠬᠤ ᠦᠭᠡᠷᠡᠴᠢᠯᠡᠯᠲᠡ ᠵᠡᠷᠭᠡ ᠠᠮᠢ ᠠᠬᠤᠢ ᠶᠢ ᠰᠡᠷᠬᠦᠬᠡᠬᠦ ᠢᠨᠵᠧᠨᠧᠷᠢᠩ ᠢ | ᠵᠤᠬᠢᠶᠠᠨ ᠪᠠᠶᠢᠭᠤᠯᠤᠨ ᠬᠡᠷᠡᠭᠵᠢᠬᠦᠯᠵᠤ ᠨᠤᠲᠤᠭ ᠪᠡᠯᠴᠢᠭᠡᠷ ᠢ ᠬᠤᠯᠤᠭᠠᠨ᠎ᠠ ᠬᠤᠷᠤᠬᠠᠢ ᠰᠢᠪᠡᠵᠢ ᠶᠢᠨ ᠬᠦᠨᠦᠬᠡᠯ ᠠᠴᠠ ᠴᠢᠩᠭ᠎ᠠ ᠰᠡᠷᠬᠡᠶᠢᠯᠡᠵᠤ ᠤᠢ ᠰᠢᠭᠤᠢ ᠶᠢᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 15 ᠲᠦᠮᠡᠨ ᠮᠤ᠋᠂ ᠬᠦᠷᠦᠰᠦ ᠰᠢᠷᠤᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠲᠠ ᠶᠢ 20 ᠲᠦᠮᠡᠨ | ᠮᠤ᠋ ᠪᠡᠶᠡᠯᠡᠬᠦᠯᠵᠤ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ︵ᠵᠢᠷᠭᠤᠭ᠎ᠠ︶ ᠦᠨᠳᠦᠰᠦᠨ ᠵᠦᠢᠯ ᠢ ᠪᠠᠲᠤᠯᠠᠵᠦ ᠬᠢᠵᠠᠭᠠᠷ ᠱᠤᠭᠤᠮ ᠢ ᠰᠠᠬᠢᠨ ᠠᠷᠠᠳ ᠤᠨ ᠠᠮᠢᠳᠤᠷᠠᠯ ᠳᠤ ᠠᠰᠢᠭ ᠬᠦᠷᠳᠡᠭᠡᠵᠦ ᠣᠯᠠᠨ ᠨᠡᠶᠢᠳᠡ | ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠶᠡᠭᠡ ᠬᠦᠴᠦᠨ ᠢᠶᠠᠷ ᠳᠡᠭᠡᠭᠰᠢᠯᠡᠬᠦᠯᠦᠨ᠎ᠡ᠃ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠪᠤᠯ | ᠳᠠᠷᠤᠢ ᠪᠢᠳᠠᠨ ᠤ ᠴᠢᠷᠮᠠᠶᠢᠬᠤ ᠴᠢᠭᠯᠡᠯ ᠪᠠᠶᠢᠵᠦ᠂ ᠠᠷᠠᠳ ᠤᠨ ᠠᠮᠢᠳᠤᠷᠠᠯ ᠤᠨ ᠪᠡᠯᠡ ᠤᠷᠤᠭᠤᠯᠤᠯᠲᠠ ᠪᠤᠯᠤᠨ ᠠᠵᠤ ᠠᠬᠤᠢ ᠶᠢᠨ ᠬᠦᠭᠵᠢᠯᠲᠡ ᠶᠢ | ᠵᠤᠬᠢᠴᠠᠩᠭᠤᠢ ᠪᠠᠷ ᠨᠡᠮᠡᠭᠳᠡᠬᠦᠯᠬᠦ ᠲᠤᠭᠲᠠᠯᠴᠠᠭ᠎ᠠ ᠶᠢ ᠪᠦᠲᠦᠭᠡᠨ ᠪᠠᠶᠢᠭᠤᠯᠵᠦ ᠬᠦᠴᠦ ᠴᠢᠳᠠᠯ ᠢᠶᠠᠨ ᠭᠠᠷᠭᠠᠵᠦ ᠪᠠᠶᠢᠭᠠᠳ ᠤᠯᠠᠨ ᠲᠦᠮᠡᠨ ᠤ ᠲᠤᠪᠤᠶᠢᠮ᠎ᠠ | ᠲᠤᠰᠬᠠᠵᠦ ᠪᠠᠶᠢᠭ᠎ᠠ ᠠᠷᠠᠳ ᠤᠨ ᠠᠮᠢᠳᠤᠷᠠᠯ ᠤᠨ ᠲᠤᠳᠠᠭᠤᠳᠠᠯ ᠢ ᠨᠢᠭᠡ ᠨᠢᠭᠡ ᠲᠦᠷᠦᠯ ᠢᠶᠠᠷ ᠨᠦᠬᠦᠪᠦᠷᠢᠯᠡᠨ ᠺᠠᠳ᠋ᠷ ᠠᠵᠢᠯᠳᠠᠨ ᠤ ︽ᠶᠠᠳᠠᠷᠠᠵᠦ ᠵᠦᠳᠡᠷᠡᠭᠰᠡᠨ | ᠵᠢᠭᠠᠯᠲᠠ ᠲᠤᠭ᠎ᠠ︾ ᠪᠠᠷ ᠤᠯᠠᠨ ᠲᠦᠮᠡᠨ ᠤ ︽ᠵᠤᠯ ᠵᠢᠷᠭᠠᠯ ᠤᠨ ᠵᠢᠭᠠᠯᠲᠠ ᠲᠤᠭ᠎ᠠ︾ ᠶᠢ ᠰᠤᠯᠢᠨ᠎ᠠ᠃ | ᠵᠢᠱᠢᠯᠲᠡ ᠶᠤᠰᠤᠭᠠᠷ ᠠᠵᠢᠯ ᠣᠯᠭᠤᠬᠤ ᠶᠢ ᠲᠤᠭᠳᠠᠪᠤᠷᠢᠵᠢᠭᠤᠯᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠷᠭ᠎ᠠ ᠪᠦᠬᠦᠨ | ᠢ ᠰᠦᠪᠡᠭᠴᠢᠯᠡᠨ ᠦᠢᠯᠡᠰ ᠪᠤᠰᠬᠠᠬᠤ ᠶᠢ ᠠᠬᠢᠭᠤᠯᠵᠦ ᠠᠵᠢᠯ ᠤᠯᠭᠤᠬᠤ ᠶᠢ ᠲᠤᠭᠳᠠᠪᠤᠷᠢᠵᠢᠭᠤᠯᠤᠨ ᠡᠯ᠎ᠡ ᠲᠦᠷᠦᠯ ᠤᠨ ᠦᠢᠯᠡᠰ ᠪᠤᠰᠬᠠᠬᠤ ᠬᠦᠷᠢᠶᠡᠯᠡᠩ | ᠲᠤᠭᠤᠷᠢᠭ ᠤᠨ ᠬᠦᠮᠦᠵᠢᠬᠦᠯᠬᠦ ᠴᠢᠳᠠᠪᠤᠷᠢ ᠶᠢ ᠳᠡᠭᠡᠭᠰᠢᠯᠡᠬᠦᠯᠵᠦ ᠮᠡᠷᠭᠡᠵᠢᠯ ᠤᠨ ᠳᠠᠭᠠᠭᠤᠯᠤᠭᠴᠢ ᠶᠢᠨ ᠰᠢᠨ᠎ᠡ ᠶᠢ ᠡᠬᠦᠳᠬᠦ ᠠᠵᠢᠯᠯᠠᠬᠤ ᠳᠠᠰᠤᠭ ᠢ ᠪᠠᠶᠢᠭᠤᠯᠤᠨ | ᠦᠢᠯᠡᠰ ᠪᠤᠰᠬᠠᠬᠤ ᠪᠦᠯᠬᠦᠮ ᠤᠨ ᠦᠨᠳᠦᠷ ᠳᠡᠰ ᠳᠡᠰᠢ ᠬᠦᠭᠵᠢᠬᠦ ᠶᠢ ᠳᠠᠭᠠᠭᠤᠯᠤᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ | ᠪᠠᠲᠤᠯᠠᠭ᠎ᠠ᠂ ᠰᠤᠷᠭᠠᠨ ᠬᠦᠮᠦᠵᠢᠯ᠂ ᠮᠠᠯ ᠲᠠᠷᠢᠶᠠᠯᠠᠩ ᠵᠡᠷᠭᠡ ᠰᠠᠯᠠᠭ᠎ᠠ ᠮᠦᠴᠢᠷ ᠪᠠ ᠨᠡᠶᠢᠬᠡᠮ ᠤᠨ ᠪᠤᠯᠪᠠᠰᠤᠷᠠᠯ ᠤᠨ ᠪᠠᠶᠢᠭᠤᠯᠤᠮᠵᠢ ᠶᠢᠨ ᠡᠬᠢ ᠰᠤᠷᠪᠤᠯᠵᠢ ᠶᠢ | ᠨᠡᠶᠢᠯᠡᠭᠦᠯᠵᠦ ᠦᠨᠳᠦᠷ ᠪᠠᠷᠢᠮᠵᠢᠶ᠎ᠠ ᠲᠠᠢ ᠬᠤᠰᠢᠭᠤ ᠳᠡᠰ ᠤᠨ ᠶᠡᠷᠤᠩᠬᠡᠶᠢᠯᠡᠭᠰᠡᠨ ᠴᠢᠨᠠᠷᠲᠤ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠢᠯᠲᠠ ᠶᠢᠨ ᠰᠠᠭᠤᠷᠢᠨ | ᠭᠠᠵᠠᠷ ᠪᠠ ᠬᠦᠳᠡᠯᠮᠦᠷᠢ ᠦᠢᠯᠡᠴᠢᠯᠡᠭᠡᠨ ᠤ ᠺᠤᠮᠫᠠᠨᠢ ᠶᠢ ᠵᠤᠬᠢᠶᠠᠨ ᠪᠠᠶᠢᠭᠤᠯᠵᠦ ᠠᠵᠢᠯᠴᠢᠨ ᠬᠡᠷᠡᠭᠯᠡᠬᠦ ᠡᠯ᠎ᠡ ᠲᠦᠷᠦᠯ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ ᠠᠵᠢᠯ ᠣᠯᠭᠤᠬᠤ ᠵᠠᠮ ᠰᠤᠪᠠᠭ ᠢ ᠦᠷᠭᠡᠳᠬᠡᠨ ᠠᠵᠢᠯ ᠣᠯᠭᠤᠯᠲᠠ ᠶᠢᠨ ᠨᠤᠷᠮ᠎ᠠ ᠶᠢ ᠳᠡᠭᠡᠭᠰᠢᠯᠡᠬᠦᠯᠦᠨ᠎ᠠ᠃ ᠵᠢᠯ ᠤᠨ ᠲᠤᠲᠤᠷ᠎ᠠ ᠠᠵᠢᠯ ᠮᠡᠷᠭᠡᠵᠢᠯ | ᠤᠨ ᠴᠢᠳᠠᠪᠤᠷᠢ ᠶᠢᠨ ᠪᠤᠯᠪᠠᠰᠤᠷᠠᠯ ᠢ 710 ᠬᠦᠮᠦᠨ ᠤᠳᠠᠭ᠎ᠠ ᠦᠷᠨᠢᠬᠦᠯᠵᠦ ᠶᠡᠭᠡ ᠳᠡᠭᠡᠲᠤ ᠰᠣᠷᠭᠠᠭᠤᠯᠢ ᠪᠠ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠲᠡᠭᠦᠰᠦᠭᠰᠡᠨ 120 ᠰᠣᠷᠣᠭᠴᠢ ᠶᠢ ᠨᠡᠶᠢᠳᠡᠨ ᠬᠦᠮᠦᠵᠢᠬᠦᠯᠵᠦ 600 ᠲᠦᠮᠡᠨ ᠲᠦᠬᠦᠷᠢᠭ ᠤᠨ ᠦᠢᠯᠡᠰ ᠪᠤᠰᠬᠠᠬᠤ ᠵᠢᠭᠡᠯᠡᠯᠭᠡ ᠶᠢᠨ ᠮᠦᠩᠬᠦ ᠶᠢ | ᠲᠠᠷᠬᠠᠭᠠᠵᠤ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠲᠤᠭ᠎ᠠ ᠶᠢ 1450 ᠬᠦᠮᠦᠨ ᠢ ᠳᠠᠪᠠᠭᠤᠯᠤᠨ᠎ᠠ᠃ | ᠰᠣᠷᠭᠠᠨ ᠬᠦᠮᠦᠵᠢᠯ ᠤᠨ ᠦᠢᠯᠡᠰ ᠢ ᠴᠢᠬᠤᠯᠠᠴᠢᠯᠠᠵᠦ ᠰᠤᠷᠭᠠᠨ ᠬᠦᠮᠦᠵᠢᠯ ᠤᠨ ᠶᠠᠰᠣ ᠴᠢᠨᠠᠷ ᠢ ᠴᠢᠩᠭᠠᠳᠬᠠᠨ᠎ᠠ᠃ ᠪᠢᠳᠠ ᠰᠤᠷᠭᠠᠨ ᠬᠦᠮᠦᠵᠢᠯ ᠨᠢ | ᠣᠯᠣᠰ ᠤᠨ ᠬᠦᠭᠵᠢᠯᠲᠡ᠂ ᠦᠨᠳᠦᠰᠦᠳᠡᠨ ᠤ ᠬᠦᠭᠵᠢᠯ ᠮᠠᠨᠳᠤᠯ᠂ ᠬᠡᠷ ᠪᠦᠯᠢ ᠶᠢᠨ ᠵᠤᠯ ᠵᠢᠷᠭᠠᠯ ᠳᠤ ᠴᠢᠬᠤᠯᠠ ᠠᠴᠢ ᠬᠤᠯᠪᠤᠭᠳᠠᠯ ᠲᠠᠢ ᠭᠡᠳᠡᠭ ᠢ ᠬᠦᠨ | ᠣᠶᠢᠯᠠᠭᠠᠨ᠎ᠠ᠃ ᠪᠢᠳᠠ ᠠᠯᠢᠪᠠ ᠬᠦᠴᠢᠷ ᠵᠤᠪᠠᠯᠠᠩ ᠢ ᠢᠯᠠᠨ ᠳᠠᠪᠠᠵᠦ ᠬᠦᠴᠦᠲᠡᠢ ᠠᠷᠭ᠎ᠠ ᠬᠡᠮᠵᠢᠶ᠎ᠠ ᠠᠪᠴᠤ ᠠᠷᠭ᠎ᠠ ᠪᠦᠬᠦᠨ ᠢ ᠰᠦᠪᠡᠭᠴᠢᠯᠡᠨ ᠰᠤᠷᠭᠠᠭᠤᠯᠢ | ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠵᠢᠭᠠᠨ ᠰᠤᠷᠭᠠᠬᠤ ᠲᠦᠭᠦᠬᠡᠷᠤᠮᠵᠢ ᠶᠢ ᠪᠦᠷᠢᠨ᠂ ᠰᠢᠯᠢᠳᠡᠭ᠂ ᠭᠦᠢᠴᠡᠳ ᠲᠤᠬᠢᠷᠠᠭᠤᠯᠵᠦ ᠪᠠᠭᠰᠢ ᠶᠢᠨ | ᠡᠩᠨᠡᠭᠡ ᠶᠢ ᠰᠢᠯᠢᠳᠡᠭᠵᠢᠬᠦᠯᠦᠨ ᠰᠢᠨᠳᠠᠷᠠᠰᠢ ᠦᠭᠡᠢ ᠴᠢᠷᠮᠠᠶᠢᠯᠭ᠎ᠠ ᠪᠠᠷ ᠳᠠᠮᠵᠢᠨ ᠠᠷᠠᠳ ᠲᠦᠮᠡᠨ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ | ᠵᠢᠯ ᠤᠨ ᠲᠤᠲᠤᠷ᠎ᠠ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠣᠭᠠᠷ ᠳᠤᠮᠳᠠᠳᠤ ᠰᠤᠷᠭᠠᠭᠤᠯᠢ᠂ ᠨᠠᠷᠢᠠᠭᠤᠤᠯ ᠠᠵᠤ ᠦᠢᠯᠡᠳᠪᠤᠷᠢ ᠬᠦᠷᠢᠶᠡᠯᠡᠩ | ᠲᠤᠭᠤᠷᠢᠭ ᠤᠨ ᠬᠡᠤᠭᠡᠳ ᠤᠨ ᠴᠡᠴᠡᠷᠯᠢᠭ᠂ ᠱᠠᠷᠯᠢᠭ ᠪᠠᠭ᠎ᠠ ᠰᠤᠷᠭᠠᠭᠤᠯᠢ ᠶᠢᠨ ᠶᠡᠷᠤᠩᠬᠡᠶᠢᠯᠡᠭᠰᠡᠨ ᠠᠰᠠᠷ ᠢ ᠡᠬᠢᠯᠡᠬᠦᠯᠦᠨ ᠪᠦᠲᠦᠭᠡᠨ ᠪᠠᠶᠢᠭᠤᠯᠵᠦ ᠭᠠᠯᠠᠭᠤᠲᠤ | ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ᠂ ᠦᠦᠰᠢᠨᠵᠦᠦ ᠪᠠᠭ᠎ᠠ ᠰᠤᠷᠭᠠᠭᠤᠯᠢ᠂ ᠲᠤᠭ ᠪᠠᠭ᠎ᠠ ᠰᠤᠷᠭᠠᠭᠤᠯᠢ᠂ ᠭᠤᠷᠪᠠᠳᠤᠭᠠᠷ ᠬᠡᠤᠬᠡᠳ ᠤᠨ ᠴᠡᠴᠡᠷᠯᠢᠭ | ᠤᠨ ᠠᠰᠢᠭᠯᠠᠯᠲᠠ ᠳᠤ ᠣᠷᠣᠬᠤ ᠶᠢ ᠪᠠᠲᠤᠯᠠᠨ ᠪᠠᠭᠰᠢ ᠶᠢᠨ ᠪᠠᠶᠢᠷᠢ ᠶᠢᠨ ᠠᠰᠠᠷ ᠪᠠ ᠲᠦᠷᠪᠡᠳᠦᠭᠡᠷ ᠬᠡᠤᠬᠡᠳ ᠤᠨ ᠴᠡᠴᠡᠷᠯᠢᠭ᠂ ᠤᠷᠳᠤᠪᠡᠶ᠎ᠡ ᠰᠤᠷᠭᠠᠭᠤᠯᠢ | ᠶᠢᠨ ᠶᠡᠷᠦᠩᠬᠡᠶᠢᠯᠡᠭᠰᠡᠨ ᠠᠰᠠᠷ ᠵᠡᠷᠭᠡ ᠰᠤᠷᠭᠠᠭᠤᠯᠢ ᠶᠢᠨ ᠬᠦᠷᠢᠶᠡᠨ ᠤ ᠵᠠᠰᠠᠨ ᠰᠡᠯᠪᠢᠬᠦ ᠵᠢᠴᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠦᠷᠭᠡᠳᠬᠡᠨ | ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠦ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠦᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ | ᠬᠤᠰᠢᠭᠤ ᠶᠢᠨ ᠲᠠᠬᠢᠨ ᠬᠢᠨᠠᠯᠲᠠ ᠶᠢ ᠣᠷᠣᠭᠰᠢᠲᠠᠢ ᠦᠩᠭᠡᠷᠡᠬᠦ ᠶᠢ ᠪᠠᠲᠤᠯᠠᠨ᠎ᠠ᠃ ᠨᠡᠩ ᠤᠯᠠᠨ ᠲᠤᠰᠠᠯᠠᠮᠵᠢ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠵᠦ | ᠨᠡᠶᠢᠬᠡᠮ ᠤᠨ ᠬᠦᠴᠦᠨ ᠢ ᠵᠤᠷᠢᠭᠵᠢᠭᠤᠯᠤᠨ ᠬᠡᠤᠬᠡᠳ ᠤᠨ ᠴᠡᠴᠡᠷᠯᠢᠭ᠂ ᠬᠡᠤᠬᠡᠳ ᠠᠰᠠᠷᠠᠬᠤ ᠪᠠᠶᠢᠭᠤᠯᠤᠮᠵᠢ ᠶᠢ ᠪᠠᠶᠢᠭᠤᠯᠵᠦ ᠰᠤᠷᠭᠠᠭᠤᠯᠢ ᠶᠢᠨ ᠭᠠᠳᠠᠨᠠᠬᠢ | ᠪᠤᠯᠪᠠᠰᠤᠷᠠᠯ ᠤᠨ ᠪᠠᠶᠢᠭᠤᠯᠤᠮᠵᠢ ᠶᠢᠨ ᠬᠦᠭᠵᠢᠯᠲᠡ ᠶᠢ ᠲᠦᠷᠢᠮᠵᠢᠬᠦᠯᠦᠨ ᠣᠯᠠᠨ ᠲᠦᠮᠡᠨ ᠤ ᠣᠯᠠᠨ ᠶᠠᠩᠵᠦ ᠶᠢᠨ ᠰᠤᠷᠭᠠᠨ ᠬᠦᠮᠦᠵᠢᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠦᠭᠡᠷᠡᠴᠢᠯᠡᠯᠲᠡ ᠶᠢᠨ ᠬᠡᠷᠡᠭᠵᠢᠬᠦᠯᠦᠯᠲᠡ ᠶᠢᠨ | ᠲᠦᠰᠦᠯ︾ ᠢ ᠲᠤᠭᠳᠠᠭᠠᠨ ᠦᠨᠳᠦᠷ ᠬᠢᠷᠢ ᠲᠦᠪᠰᠢᠨ ᠲᠠᠢ ᠬᠠᠮᠢᠶᠠᠷᠤᠯᠲᠠ ᠶᠢᠨ ᠪᠦᠯᠬᠦᠮ ᠢ ᠤᠷᠤᠭᠤᠯᠵᠦ ᠠᠪᠴᠢᠷᠠᠨ ᠬᠠᠰᠢᠷ ᠪᠠᠭᠰᠢ ᠪᠠ ᠰᠤᠷᠭᠠᠨ | ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠳᠡᠭᠡᠲᠤ ᠰᠤᠷᠭᠠᠭᠤᠯᠢ᠂ ︽ᠬᠤᠤᠰ ᠲᠡᠷᠢᠬᠦᠨ ᠳᠡᠰ︾ ᠤᠨ ᠶᠡᠭᠡ ᠰᠤᠷᠭᠠᠭᠤᠯᠢ ᠶᠢᠨ ᠰᠤᠷᠭᠠᠨ | ᠬᠦᠮᠦᠵᠢᠯ ᠤᠨ ᠴᠢᠳᠠᠪᠤᠷᠢᠲᠠᠳ ᠢ ᠤᠷᠢᠨ ᠡᠯᠰᠡᠵᠦ ᠨᠢᠭᠡ ᠪᠦᠯᠦᠭ ᠬᠢᠴᠢᠶᠠᠯ ᠲᠦᠷᠦᠯ ᠤᠨ ᠪᠠᠴᠢᠮ ᠲᠤᠳᠠᠭᠳᠠᠵᠦ ᠪᠠᠶᠢᠭ᠎ᠠ ᠪᠠᠭᠰᠢ ᠶᠢ ᠰᠢᠯᠭᠠᠨ ᠡᠯᠰᠡᠵᠦ | ᠶᠤᠰᠤ ᠮᠤᠷᠠᠯ ᠰᠠᠶᠢᠨ᠂ ᠭᠡᠪ ᠪᠤᠯᠪᠠᠰᠤᠷᠠᠯ ᠦᠨᠳᠦᠷ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢᠨ ᠡᠩᠨᠡᠭᠡ ᠶᠢ ᠪᠦᠲᠦᠭᠡᠨ ᠪᠠᠶᠢᠭᠤᠯᠤᠨ᠎ᠠ᠃ | ᠠᠵᠢᠯ ᠤᠨ ᠬᠡᠯᠪᠡᠷᠢ ᠶᠢᠨ ᠰᠢᠨ᠎ᠡ ᠶᠢ ᠡᠭᠦᠳᠴᠤ ᠡᠮᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠪᠢᠳᠠ ᠡᠮᠨᠡᠯᠬᠡ ᠶᠢᠨ ᠬᠤᠷᠢᠶ᠎ᠠ ᠡᠷᠬᠢᠯᠡᠬᠦ | ᠰᠡᠳᠬᠢᠮᠵᠢ ᠪᠠᠨ ᠵᠤᠷᠢᠭᠲᠠᠢ ᠰᠢᠨᠡᠴᠢᠯᠡᠨ ᠡᠮᠴᠢᠯᠡᠭᠡᠨ ᠤ ᠦᠬᠡᠷᠡᠴᠢᠯᠡᠯᠲᠡ ᠶᠢ ᠠᠬᠢᠭᠤᠯᠵᠦ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢᠶᠠᠨ ᠬᠦᠴᠦᠯᠡᠨ | ᠳᠡᠭᠡᠭᠰᠢᠯᠡᠬᠦᠯᠵᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠤᠨ ᠰᠢᠨ᠎ᠡ ᠪᠠᠶᠢᠳᠠᠯ ᠢ ᠨᠡᠭᠡᠭᠡᠨ᠎ᠡ᠃ ᠪᠦᠬᠦ ᠤᠯᠤᠰ ᠤᠨ ᠡᠷᠡᠬᠦᠯ ᠡᠩᠬᠡ ᠬᠤᠰᠢᠭᠤᠨ | ᠤ ᠡᠬᠦᠳᠣᠨ ᠪᠠᠶᠢᠭᠤᠯᠣᠯᠳᠠ ᠶᠢ ᠲᠦᠯᠬᠢᠨ ᠠᠬᠢᠭᠤᠯᠵᠦ ᠪᠦᠬᠦ ᠠᠷᠠᠳ ᠢᠶᠠᠷ ᠢᠶᠠᠨ ᠪᠡᠶ᠎ᠡ ᠶᠢᠨ ᠪᠠᠶᠢᠴᠠᠭᠠᠯᠲᠠ ᠬᠢᠬᠦ ᠲᠦᠷᠢᠮ ᠢ ᠪᠠᠶᠢᠭᠤᠯᠣᠨ ᠡᠷᠡᠭᠦᠯ ᠡᠩᠬᠡ | ᠶᠢᠨ ᠭᠤᠤᠯ ᠰᠡᠲᠤᠪᠲᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠦ ᠤᠨᠤᠰᠢᠯᠠᠨ ᠡᠮᠴᠢᠯᠡᠬᠦ ᠠᠴᠠ ᠰᠡᠷᠭᠡᠶᠢᠯᠡᠬᠦ ᠲᠡᠶᠢᠰᠢ ᠰᠢᠯᠵᠢᠬᠦᠯᠦᠨ᠎ᠡ᠃ | ᠦᠨᠳᠣᠰᠣᠨ ᠡᠮ ᠡᠮᠨᠡᠯᠬᠡ ᠶᠢᠨ ᠳᠠᠭᠠᠳᠬᠠᠯ ᠢ ᠨᠡᠶᠢᠯᠡᠬᠦᠯᠥᠨ ᠳᠣᠭᠠᠴᠠᠬᠤ ᠦᠭᠡᠷᠡᠴᠢᠯᠡᠯᠲᠡ ᠶᠢ ᠠᠬᠢᠭᠤᠯᠵᠦ ᠤᠯᠤᠰ ᠤᠨ ᠲᠤᠲᠤᠭᠠᠲᠤ ᠶᠢᠨ ᠨᠡᠷᠡᠲᠤ ᠲᠤᠰᠬᠠᠢ | ᠮᠡᠷᠭᠡᠵᠢᠯᠲᠡᠨ ᠢ ᠤᠷᠢᠵᠦ ᠡᠪᠡᠳᠴᠢᠨ ᠦᠵᠡᠬᠦᠯᠤᠨ ᠪᠤᠭᠤᠲᠤ ᠶᠢᠨ ᠡᠮᠨᠡᠯᠬᠡ ᠶᠢᠨ ᠳᠡᠭᠡᠲᠤ ᠰᠤᠷᠭᠠᠭᠤᠯᠢ ᠶᠢᠨ ᠡᠮᠴᠢᠯᠡᠭᠡᠨ ᠤ ᠵᠢᠭᠠᠨ ᠰᠤᠷᠭᠠᠬᠤ ᠪᠤᠯᠪᠠᠰᠤᠷᠠᠯ | ᠤᠨ ᠰᠠᠭᠤᠷᠢᠨ ᠭᠠᠵᠠᠷ ᠢ ᠫᠠᠶᠢᠰᠠ ᠡᠯᠬᠦᠨ ᠪᠠᠶᠢᠭᠤᠯᠵᠦ 2 ︽ᠡᠮ ᠡᠮᠨᠡᠯᠭᠡ ᠶᠢᠨ ᠬᠠᠮᠲᠤ ᠶᠢᠨ ᠴᠤᠭᠴᠠ︾ ᠶᠢᠨ ᠬᠠᠮᠲᠤ ᠪᠠᠷ ᠪᠠᠶᠢᠭᠤᠯᠵᠦ ᠬᠠᠮᠲᠤ ᠪᠠᠷ | ᠡᠳ᠋ᠯᠡᠬᠦ ᠬᠢᠷᠢ ᠲᠦᠪᠰᠢᠨ ᠢ ᠳᠡᠭᠡᠭᠰᠢᠯᠡᠬᠦᠯᠤᠨ᠎ᠡ ᠃ ᠬᠤᠰᠢᠭᠤ ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠡᠷᠬᠢᠨ | ᠲᠤᠭᠤᠷᠢᠨ ᠤ ᠮᠤᠩᠭᠤᠯ ᠬᠢᠳᠠᠳ ᠡᠮ ᠡᠮᠨᠡᠯᠭᠡ ᠶᠢᠨ ᠣᠯᠠᠮᠵᠢᠯᠠᠯᠲᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ ᠬᠢᠵᠢᠭ ᠢ ᠰᠡᠷᠬᠡᠶᠢᠯᠡᠨ ᠡᠵᠡᠮᠳᠡᠬᠦ ᠲᠦᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠰᠶᠢᠳᠪᠤᠷᠢᠯᠡᠬᠦ ᠲᠤᠷᠰᠢᠯᠲᠠ ᠶᠢᠨ ᠠᠰᠠᠷ ᠢ | ᠪᠠᠶᠢᠭᠤᠯᠵᠦ ᠡᠬᠡ ᠨᠢᠯᠬᠠᠰ ᠤᠨ ᠡᠷᠡᠭᠦᠯᠵᠢᠯ ᠤᠨ ᠲᠦᠪ ᠢ ᠦᠷᠭᠡᠳᠬᠡᠨ ᠪᠠᠶᠢᠭᠤᠯᠬᠤ ᠪᠠ ᠭᠠᠯᠠᠭᠤᠲᠤ ᠪᠠᠯᠭᠠᠰᠤᠨ ᠤ ᠨᠡᠶᠢᠬᠡᠮ ᠲᠤᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠦᠪ ᠢ ᠦᠭᠡᠷᠡᠴᠢᠯᠡᠨ ᠪᠠᠶᠢᠭᠤᠯᠵᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠨᠡᠶᠢᠳᠡᠮᠵᠢᠬᠦᠯᠦᠯᠲᠡ ᠶᠢᠨ ᠬᠡᠪᠴᠢᠶ᠎ᠡ ᠪᠠ | ᠪᠠᠲᠤᠯᠠᠭ᠎ᠠ ᠶᠢᠨ ᠬᠦᠴᠦᠨ ᠢ ᠴᠢᠷᠮᠠᠶᠢᠨ ᠳᠡᠭᠡᠭᠰᠢᠯᠡᠬᠦᠯᠦᠨ᠎ᠡ᠃ | ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠦ ᠨᠠᠰᠣᠳᠠᠶᠢᠴᠣᠳ ᠤᠨ ᠠᠰᠠᠷᠠᠮᠵᠢ ᠶᠢᠨ ᠶᠠᠰᠤ ᠴᠢᠨᠠᠷ ᠢ ᠳᠡᠭᠡᠭᠰᠢᠯᠡᠬᠦᠯᠦᠨ᠎ᠡ᠃ ᠪᠦᠬᠦ ᠰᠡᠳᠬᠢᠯ | ᠪᠦᠬᠦ ᠵᠤᠷᠢᠭ ᠢᠶᠠᠷ ᠠᠷᠠᠳ ᠲᠦᠮᠡᠨ ᠤ ᠲᠦᠯᠦᠬᠡ ᠦᠢᠯᠡᠴᠢᠯᠡᠬᠦ ᠵᠤᠷᠢᠯᠲᠡ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠦ ᠦᠭᠡᠷᠡᠴᠢᠯᠡᠯᠲᠡ ᠬᠦᠭᠵᠢᠯᠲᠡ | ᠶᠢᠨ ᠦᠷ᠎ᠡ ᠪᠦᠲᠦᠭᠡᠯ ᠤᠨ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠦᠷᠭᠡᠳᠬᠡᠵᠦ ᠪᠠᠲᠤᠯᠠᠭ᠎ᠠ ᠶᠢᠨ ᠬᠢᠷᠢ ᠲᠦᠪᠰᠢᠨ ᠪᠠ ᠴᠢᠳᠠᠪᠤᠷᠢ ᠶᠢ ᠲᠤᠭᠳᠠᠭᠤᠨ | ᠢᠶᠠᠷ ᠳᠡᠭᠡᠭᠰᠢᠯᠡᠬᠦᠯᠤᠨ ᠬᠤᠳᠠ ᠬᠦᠳᠡᠭᠡ ᠶᠢᠨ ᠰᠠᠭᠤᠭᠠᠯᠢ ᠠᠷᠠᠳ ᠢ ᠨᠡᠩ ᠴᠢᠨᠠᠷ ᠴᠢᠨᠰᠠᠭ᠎ᠠ ᠲᠠᠢ᠂ ᠪᠠᠶᠠᠷ ᠬᠦᠷ ᠲᠠᠢ᠂ ᠵᠤᠯ ᠵᠢᠷᠭᠠᠯᠲᠠᠢ ᠠᠮᠢᠳᠤᠷᠠᠭᠤᠯᠬᠤ | ᠪᠠᠷ ᠴᠢᠷᠮᠠᠶᠢᠨ᠎ᠠ᠃ ᠵᠢᠯ ᠤᠨ ᠲᠤᠲᠤᠷ᠎ᠠ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠳᠠᠶᠢᠴᠤᠳ ᠤᠨ ᠠᠰᠠᠷᠠᠮᠵᠢ ᠶᠢᠨ ᠦᠨᠳᠦᠰᠦᠨ ᠮᠦᠩᠬᠦ ᠶᠢ | 50 ᠲᠦᠬᠦᠷᠢᠭ ᠳᠡᠭᠡᠭᠰᠢᠯᠡᠬᠦᠯᠣᠨ᠎ᠡ᠃ ᠬᠦᠮᠦᠨ ᠳᠤᠮᠳᠠᠴᠢ ᠪᠠᠷ ᠰᠠᠷ᠎ᠠ ᠪᠦᠷᠢ 200 ᠲᠦᠬᠦᠷᠢᠭ ᠤᠨ ᠪᠠᠷᠢᠮᠵᠢᠶ᠎ᠠ ᠶᠤᠰᠤᠭᠠᠷ ᠣᠷᠴᠢᠨ ᠲᠤᠭᠤᠷᠢᠨ ᠤ ᠡᠷᠡᠭᠦᠯ | ᠬᠠᠮᠠᠭᠠᠯᠠᠯ ᠤᠨ ᠠᠵᠢᠯᠴᠢᠨ ᠪᠠ ᠴᠡᠴᠡᠷᠯᠢᠭᠵᠢᠬᠦᠯᠦᠯᠲᠡ ᠶᠢᠨ ᠠᠵᠢᠯᠴᠢᠨ ᠤ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠪᠡᠯᠡ ᠮᠦᠩᠬᠦ ᠶᠢ | ᠲᠤᠬᠢᠷᠠᠭᠤᠯᠵᠦ ᠠᠵᠢᠯ ᠤᠨ ᠴᠠᠭ ᠤᠨ ᠬᠠᠷᠠᠮᠵᠢ ᠤᠯᠭᠤᠮᠵᠢ ᠶᠢ ᠳᠡᠭᠡᠭᠰᠢᠯᠡᠬᠦᠯᠦᠨ᠎ᠡ᠃ ᠲᠤᠭ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ︽ | ᠠᠯᠪᠠᠨ ᠠᠴᠠ ᠪᠠᠶᠢᠭᠤᠯᠵᠦ ᠠᠷᠠᠳ ᠠᠴᠠ ᠡᠵᠡᠩᠨᠡᠬᠦ︾ ᠦᠢᠯᠡᠴᠢᠯᠡᠭᠡᠨ ᠤ ᠬᠡᠯᠪᠡᠷᠢ ᠶᠢ ᠰᠦᠪᠡᠭᠴᠢᠯᠡᠨ ᠬᠤᠰᠢᠭᠤ ᠨᠠᠰᠤᠳᠠᠶᠢᠴᠤᠳ ᠢ ᠠᠰᠠᠷᠠᠵᠦ ᠰᠤᠪᠢᠯᠠᠬᠤ | ᠬᠦᠷᠢᠶᠡᠯᠡᠩ ᠤᠨ B ᠠᠰᠠᠷ ᠢ ᠠᠰᠢᠭᠯᠠᠯᠲᠠ ᠳᠤ ᠤᠷᠤᠭᠤᠯᠤᠨ᠎ᠠ᠃ ᠨᠦᠬᠦᠴᠡᠯ ᠲᠠᠢ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ | ᠲᠦᠪ ᠢ ᠵᠤᠷᠢᠭᠵᠢᠭᠤᠯᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠶᠢ ᠬᠦᠭᠵᠢᠬᠦᠯᠵᠦ ᠨᠡᠶᠢᠬᠡᠮ ᠲᠤᠭᠤᠷᠢᠭ ᠤᠨ ᠡᠳᠦᠷ ᠲᠤᠳᠤᠮ ᠤᠨ ᠬᠠᠷᠠᠭᠠᠯᠵᠠᠯ ᠤᠨ | ᠲᠦᠪ ᠢ 1 ᠪᠠᠶᠢᠭᠤᠯᠤᠨ ᠨᠠᠰᠤᠳᠠᠶᠢᠴᠤᠳ ᠢ ᠠᠰᠠᠷᠠᠬᠤ ᠤᠷᠤ ᠶᠢ ᠰᠢᠨ᠎ᠡ ᠪᠠᠷ 190 ᠨᠡᠮᠡᠵᠦ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ | ᠠᠯᠳᠠᠭᠰᠠᠨ᠂ ᠵᠡᠮᠳᠡᠭ ᠨᠠᠰᠤᠳᠠᠶᠢᠴᠤᠳ ᠲᠤ ᠣᠶᠢᠷ᠎ᠠ ᠦᠢᠯᠡᠴᠢᠯᠡᠭᠡ ᠶᠢ ᠬᠠᠩᠭᠠᠨ᠎ᠠ᠃ | ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠦ ᠡᠷᠡᠭᠦᠯ ᠡᠩᠬᠡ ᠶᠢᠨ ᠬᠡᠪ ᠰᠤᠷᠳᠠᠯ ᠢ ᠪᠤᠢ ᠪᠤᠯᠭᠠᠨ᠎ᠠ᠃ ᠤᠯᠤᠰ ᠪᠠᠶᠢᠭᠤᠯᠤᠭᠳᠠᠭᠰᠠᠨ 70 ᠵᠢᠯ ᠤᠨ | ᠣᠢ ᠶᠢ ᠪᠡᠯᠭᠡᠯᠡᠬᠦ ᠶᠢᠨ ᠲᠤᠭᠤᠷᠢᠨ ᠳᠤ ᠰᠢᠷᠭᠠᠭᠤ ᠬᠠᠳᠠᠭᠤᠵᠢᠯᠲᠠᠢ ᠲᠡᠮᠡᠴᠡᠯ ᠤᠨ ᠲᠡᠤᠭᠡᠨ ᠶᠠᠪᠤᠴᠠ ᠶᠢ ᠢᠯᠡᠷᠡᠭᠦᠯᠦᠭᠰᠡᠨ᠂ ᠠᠤᠭ᠎ᠠ ᠶᠡᠭᠡ ᠠᠮᠵᠢᠯᠲᠠ | ᠪᠦᠲᠦᠭᠡᠯ ᠤᠯᠤᠭᠰᠠᠨ ᠬᠡᠷᠡᠯ ᠵᠢᠷᠤᠭ ᠤᠨ ᠦᠵᠡᠭᠦᠯᠦᠯᠭᠡ᠂ ᠣᠷᠠᠨ ᠪᠢᠴᠢᠯᠭᠡ ᠤᠷᠠᠨ ᠵᠢᠷᠤᠭ ᠤᠨ ᠦᠵᠡᠬᠦᠯᠦᠯᠬᠡ᠂ ᠤᠳᠬ᠎ᠠ ᠵᠤᠬᠢᠶᠠᠯ ᠤᠨ ᠦᠵᠡᠬᠦᠯᠦᠯᠬᠡ ᠶᠢ | ᠡᠷᠬᠢᠯᠡᠵᠦ ᠤᠯᠠᠭᠠᠨᠮᠦ᠋ᠴᠢᠷ ᠤᠨ ᠠᠷᠠᠳ ᠤᠨ ᠲᠤᠮᠳᠠ ᠬᠦᠨᠵᠡᠭᠡᠶᠢᠷᠡᠬᠦ᠂ ︽ᠭᠤᠷᠪᠠ ᠶᠢ ᠬᠦᠳᠡᠭᠡ ᠪᠠᠭᠤᠯᠭᠠᠬᠤ︾ ︽ᠲᠦᠷᠪᠡ ᠶᠢ ᠬᠦᠷᠬᠡᠵᠦ ᠲᠠᠪᠤ ᠳᠤ | ᠭᠦᠨᠵᠡᠭᠡᠶᠢᠷᠡᠬᠦ︾ ᠵᠡᠷᠭᠡ ᠪᠠᠶᠠᠯᠢᠭ ᠰᠠᠶᠢᠬᠠᠨ ᠰᠤᠶᠤᠯ ᠲᠠᠮᠢᠷ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠦ ᠦᠷᠨᠢᠬᠦᠯᠤᠨ᠎ᠡ᠃ 1000 ᠲᠦᠮᠡᠨ ᠲᠦᠬᠦᠷᠢᠭ ᠤᠨ | ᠪᠡᠯᠡ ᠤᠷᠤᠭᠤᠯᠵᠦ ᠬᠤᠰᠢᠭᠤ ᠳᠡᠰ ᠤᠨ ᠬᠠᠮ ᠵᠠᠭᠤᠴᠢᠯᠠᠭᠤᠷ ᠤᠨ ᠲᠦᠪ ᠢ ᠪᠦᠲᠦᠭᠡᠨ ᠪᠠᠶᠢᠭᠤᠯᠤᠨ᠎ᠠ᠃ ᠮᠠᠯᠴᠢᠨ ᠲᠠᠷᠢᠶᠠᠴᠢᠨ᠂ ᠠᠵᠢᠯᠲᠠᠨ ᠠᠵᠢᠯᠴᠢᠨ ᠤ | ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠵᠦ ᠶᠠᠪᠠᠭᠠᠨ ᠠᠯᠬᠤᠬᠤ᠂ ᠲᠤᠭᠤᠢ ᠤᠨᠤᠬᠤ᠂ ᠨᠡᠷᠡᠬᠦᠢ ᠨᠢᠳᠦᠷᠭ᠎ᠠ᠂ ᠠᠭᠤᠳᠠᠮ ᠲᠠᠯᠠᠪᠠᠢ ᠶᠢᠨ ᠪᠦᠵᠢᠭ ᠵᠡᠷᠭᠡ | ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠠᠵᠢᠯᠯᠠᠭᠠᠨ ᠢ ᠵᠤᠬᠢᠶᠠᠨ ᠪᠠᠶᠢᠭᠤᠯᠵᠦ ᠦᠷᠨᠢᠬᠦᠯᠦᠨ ᠡᠷᠡᠬᠦᠯ ᠡᠩᠬᠡ ᠠᠮᠢᠳᠣᠷᠠᠯ ᠤᠨ | ᠤᠶᠢᠯᠠᠭᠠᠭᠳᠠᠬᠤᠨ ᠢ ᠳᠡᠯᠭᠡᠷᠡᠭᠦᠯᠦᠨ᠎ᠡ᠃ | ︵ᠲᠤᠯᠤᠭ᠎ᠠ︶ ᠬᠢᠵᠠᠭᠠᠷ ᠱᠤᠭᠤᠮ ᠢ ᠰᠠᠬᠢᠵᠦ ᠠᠮᠤᠷ ᠲᠦᠪᠰᠢᠨ ᠢ ᠪᠠᠲᠤᠯᠠᠨ ᠲᠤᠭᠳᠠᠭᠤᠨ ᠢ ᠠᠬᠢᠭᠤᠯᠵᠦ ᠪᠦᠬᠦ ᠬᠦᠴᠦᠨ ᠢᠶᠠᠷ ᠡᠶ᠎ᠡ ᠵᠤᠬᠢᠴᠠᠯᠲᠤ | ᠠᠮᠤᠷ ᠲᠠᠶᠢᠪᠤᠩ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ ᠬᠦᠭᠵᠢᠯᠲᠡ ᠶᠢᠨ ᠣᠷᠴᠢᠨ ᠲᠤᠭᠤᠷᠢᠨ ᠢ ᠪᠤᠢ ᠪᠤᠯᠭᠠᠨ᠎ᠠ᠃ ᠠᠷᠠᠳ ᠲᠦᠮᠡᠨ ᠢᠶᠠᠷ ᠭᠤᠤᠯ | ᠪᠤᠯᠭᠠᠭᠰᠠᠨ ᠬᠦᠭᠵᠢᠯᠲᠡ ᠶᠢᠨ ᠤᠶᠢᠯᠠᠭᠠᠭᠳᠠᠬᠤᠨ ᠢ ᠪᠠᠷᠢᠮᠳᠠᠯᠠᠨ ᠠᠵᠤ ᠠᠬᠤᠢ ᠨᠡᠶᠢᠬᠡᠮ ᠤᠨ ᠬᠦᠷᠢᠶ᠎ᠠ ᠴᠠᠷᠠᠭᠠᠨ ᠤ ᠬᠦᠭᠵᠢᠯᠲᠡ ᠶᠢᠨ ᠲᠡᠩᠴᠡᠭᠦᠷᠢ ᠦᠭᠡᠢ᠂ | ᠭᠦᠢᠴᠡᠳ ᠪᠤᠰᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠶᠢᠳᠪᠤᠷᠢᠯᠡᠵᠦ ᠡᠯ᠎ᠡ ᠲᠦᠷᠦᠯ ᠤᠨ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠤᠰᠤᠭᠠᠷ ᠴᠢᠩᠭ᠎ᠠ ᠴᠤᠬᠢᠯᠲᠠ ᠦᠭᠴᠤ ᠴᠢᠨᠠᠷ ᠰᠠᠶᠢᠲᠠᠢ ᠬᠦᠭᠵᠢᠯᠲᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠬᠦ ᠪᠠᠷ ᠬᠦᠴᠦᠯᠡᠨ | ᠴᠢᠷᠮᠠᠶᠢᠨ᠎ᠠ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ ᠡᠯ᠎ᠡ ᠬᠦᠷᠢᠶ᠎ᠡ ᠴᠠᠷᠠᠭᠠᠨ ᠤ ᠲᠤᠭ᠎ᠠ ᠪᠠᠷᠢᠮᠳᠠ ᠶᠢᠨ ᠡᠬᠢ | ᠰᠤᠷᠪᠤᠯᠵᠢ ᠶᠢ ᠨᠡᠶᠢᠯᠡᠬᠦᠯᠵᠦ ᠰᠠᠯᠠᠭ᠎ᠠ ᠮᠦᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠡᠬᠢ ᠰᠤᠷᠪᠤᠯᠵᠢ ᠶᠢ ᠬᠠᠮᠲᠤ ᠡᠳ᠋ᠯᠡᠵᠦ ᠬᠠᠮᠲᠤ ᠬᠡᠷᠡᠭᠯᠡᠬᠦ ᠪᠠ | ᠨᠢᠭᠡᠳᠦᠯᠲᠡᠢ ᠴᠢᠯᠦᠭᠡᠲᠡᠢ ᠨᠡᠭᠡᠭᠡᠭᠦ ᠪᠠᠶᠢᠳᠠᠯ ᠢ ᠪᠦᠷᠢᠯᠳᠦᠬᠦᠯᠦᠨ᠎ᠡ᠃ ︽ᠨᠢᠭᠡ ᠰᠦᠯᠵᠢᠶᠡᠨ ᠳᠡᠭᠡᠷ᠎ᠡ᠂ ᠨᠢᠭᠡ ᠭᠠᠵᠠᠷ ᠲᠤ᠂ ᠨᠢᠭᠡ ᠯᠠ ᠤᠳᠠᠭ᠎ᠠ ᠳᠡᠭᠡᠷ᠎ᠡ | ᠭᠦᠢᠴᠡᠳᠬᠡᠬᠦ︾ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ ᠦᠢᠯᠡᠴᠢᠯᠡᠭᠡᠨ ᠤ ᠶᠠᠪᠤᠳᠠᠯ ᠤᠨ ᠰᠦᠯᠵᠢᠶᠡᠨ ᠳᠡᠭᠡᠷ᠎ᠡ ᠰᠶᠢᠳᠪᠤᠷᠢᠯᠡᠬᠦ ᠨᠤᠷᠮ᠎ᠠ ᠶᠢ 70 % ᠠᠴᠠ | ᠳᠡᠭᠡᠭᠰᠢ ᠪᠤᠯᠭᠠᠨ ᠦᠨᠳᠦᠷ ᠳᠠᠪᠳᠠᠮᠵᠢ ᠲᠠᠢ 100 ᠤᠴᠢᠷ ᠶᠠᠪᠤᠳᠠᠯ ᠢ ︽ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠶᠢ ᠪᠡᠶᠡᠯᠡᠬᠦᠯᠦᠨ ᠤᠴᠢᠷ ᠶᠠᠪᠤᠳᠠᠯ | ᠢ ᠬᠦᠢᠴᠡᠳᠭᠡᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ ᠢ 60 % ᠠᠴᠠ ᠳᠡᠭᠡᠭᠰᠢ ᠪᠠᠭᠤᠷᠠᠭᠤᠯᠵᠦ ᠲᠤᠭᠳᠠᠭᠤᠨ᠂ ᠡᠷᠭᠡ ᠳᠡᠭᠰᠢ᠂ ᠢᠯᠡ ᠲᠤᠳᠤ᠂ | ᠲᠦᠰᠦᠭᠡᠯᠡᠵᠦ ᠪᠤᠯᠬᠤ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ ᠪᠦᠷᠢᠯᠳᠦᠬᠦᠯᠦᠨ᠎ᠡ᠃ | ᠦᠷᠢ ᠰᠢᠷᠢ ᠶᠢ ᠢᠯᠭᠠᠷᠠᠭᠤᠯᠬᠤ ᠪᠠ ᠮᠦᠩᠬᠦᠨ ᠬᠦᠢᠯᠭᠡᠭᠡᠨ ᠤ ᠲᠦᠭᠰᠢᠬᠦᠷᠢ ᠶᠢ ᠢᠳᠡᠪᠬᠢᠲᠠᠢ ᠰᠠᠨᠠᠭᠠᠴᠢᠯᠠᠭ᠎ᠠ ᠲᠠᠢ ᠪᠠᠷ ᠰᠡᠷᠬᠡᠶᠢᠯᠡᠨ᠎ᠡ᠃ ᠣᠷᠣᠯᠭ᠎ᠠ | ᠪᠠᠨ ᠨᠡᠮᠡᠭᠳᠡᠬᠦᠯᠵᠦ ᠵᠠᠷᠣᠯᠭ᠎ᠠ ᠪᠠᠨ ᠠᠷᠪᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠵᠦ ᠭᠠᠶᠢᠯᠢ ᠳᠠᠳᠠᠪᠤᠷᠢ ᠶᠢᠨ ᠬᠠᠮᠢᠶᠠᠷᠤᠯᠲᠠ ᠪᠠ ᠡᠳ᠋ ᠤᠨ ᠵᠠᠰᠠᠭ | ᠤᠨ ᠲᠦᠰᠦᠪ ᠤᠨ ᠬᠡᠷᠡᠭᠵᠢᠬᠦᠯᠦᠯᠲᠡ ᠶᠢ ᠴᠢᠩᠭᠠᠳᠬᠠᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠤ ᠶᠢ ᠢᠳᠡᠪᠬᠢᠲᠠᠢ ᠲᠡᠮᠡᠴᠡᠨ ᠣᠯᠵᠦ ᠰᠤᠯᠠ | ᠪᠠᠶᠢᠭ᠎ᠠ ᠡᠳ᠋ ᠬᠦᠷᠦᠩᠬᠡ ᠶᠢ ᠰᠶᠢᠳᠪᠤᠷᠢᠯᠡᠨ ᠡᠩ ᠤᠨ ᠴᠢᠨᠠᠷᠲᠠᠢ ᠵᠠᠷᠤᠯᠭ᠎ᠠ ᠶᠢ 10% ᠠᠴᠠ ᠳᠡᠭᠡᠭᠰᠢ ᠪᠠᠭᠠᠰᠬᠠᠵᠦ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠤᠨ ᠤ ᠦᠷᠢ ᠰᠢᠷᠢ ᠶᠢ ᠢᠯᠭᠠᠷᠠᠭᠤᠯᠬᠤ ᠡᠬᠦᠷᠭᠡ ᠶᠢ ᠪᠡᠶᠡᠯᠡᠬᠦᠯᠦᠨ᠎ᠡ᠃ ᠣᠯᠣᠰ ᠤᠨ ᠦᠮᠴᠢᠯᠡᠯᠲᠤ ᠠᠵᠤ ᠠᠬᠤᠶᠢᠯᠠᠯ ᠤᠨ | ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ ᠣᠰᠣᠨ ᠤ ᠶᠠᠪᠤᠳᠠᠯ᠂ ᠵᠠᠮ ᠬᠠᠷᠢᠯᠴᠠᠭᠠᠨ ᠤ ᠪᠡᠯᠡ ᠤᠷᠤᠭᠤᠯᠤᠯᠲᠠ ᠵᠡᠷᠭᠡ 5 ᠶᠡᠭᠡ ᠪᠦᠯᠦᠭᠯᠡᠯ ᠺᠤᠮᠫᠠᠨᠢ ᠶᠢ | ᠪᠠᠶᠢᠭᠤᠯᠤᠨ ᠭᠤᠤᠯ ᠠᠵᠢᠯ ᠢ ᠲᠦᠪᠯᠡᠷᠡᠭᠦᠯᠵᠦ ᠪᠤᠳᠠᠳᠤ ᠴᠤᠭᠴᠠ ᠶᠢᠨ ᠡᠵᠡᠩᠨᠡᠵᠦ ᠪᠠᠶᠢᠭ᠎ᠠ ᠬᠡᠪᠴᠢᠶ᠎ᠡ ᠪᠠᠨ ᠪᠤᠵᠠᠭᠠᠶᠢᠷᠠᠭᠤᠯᠤᠨ ᠣᠯᠣᠰ ᠤᠨ ᠦᠮᠴᠢᠯᠡᠯᠲᠤ | ᠬᠦᠷᠦᠩᠬᠡ ᠶᠢᠨ ᠠᠰᠢᠭ ᠤᠷᠤᠯᠭ᠎ᠠ ᠶᠢ ᠨᠡᠮᠡᠭᠳᠡᠭᠦᠯᠦᠨ᠎ᠡ᠃ ᠵᠠᠰᠠᠭ ᠤᠨ ᠤᠷᠳᠤᠨ ᠠᠴᠠ ᠬᠤᠳᠠᠯᠳᠤᠨ ᠠᠪᠤᠭᠰᠠᠨ ᠤᠯᠠᠨ ᠨᠡᠶᠢᠳᠡ ᠶᠢᠨ ᠦᠢᠯᠡᠴᠢᠯᠡᠭᠡ᠂ ᠵᠠᠰᠠᠭ | ᠤᠨ ᠤᠷᠳᠤᠨ ᠪᠠ ᠨᠡᠶᠢᠬᠡᠮ ᠤᠨ ᠬᠦᠷᠦᠩᠭᠡ ᠶᠢᠨ ᠬᠠᠮᠲᠤᠷᠠᠯᠴᠠᠭ᠎ᠠ ᠶᠢ ᠵᠢᠷᠤᠮᠵᠢᠭᠤᠯᠵᠦ ᠲᠤᠭᠲᠠᠭᠠᠯ ᠠᠴᠠ ᠵᠦᠷᠢᠴᠡᠨ ᠦᠷᠢ ᠲᠠᠯᠪᠢᠬᠤ ︽ᠠᠷᠤ ᠡᠭᠦᠳᠡ︾ | ᠶᠢ ᠡᠷᠡᠰ ᠬᠠᠭᠠᠨ᠎ᠠ᠃ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢ ᠵᠤᠬᠢᠴᠠᠭᠤᠯᠵᠦ ᠰᠢᠯᠵᠢᠬᠦᠯᠦᠨ ᠵᠢᠭᠡᠯᠡᠬᠦᠯᠬᠦ᠂ ᠦᠷᠭᠦᠯᠵᠢᠯᠡᠨ ᠵᠢᠭᠡᠯᠡᠬᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠨ ᠠᠷᠠᠳ ᠤᠨ ᠡᠵᠡᠩᠨᠡᠭᠰᠡᠨ ᠠᠵᠦ ᠠᠬᠤᠶᠢᠯᠠᠯ ᠤᠨ ᠵᠢᠭᠡᠯᠡᠯᠭᠡ ᠶᠢᠨ ᠳᠠᠷᠤᠯᠲᠠ ᠶᠢ ᠬᠦᠩᠬᠡᠷᠡᠬᠦᠯᠵᠦ ᠬᠠᠤᠯᠢ ᠪᠤᠰᠤ ᠪᠠᠷ ᠤᠯᠠᠨ ᠲᠦᠮᠡᠨ ᠤ | ᠬᠠᠳᠠᠭᠠᠯᠠᠮᠵᠢ ᠶᠢᠨ ᠮᠦᠩᠬᠦ ᠶᠢ ᠬᠤᠷᠠᠮᠳᠤᠭᠤᠯᠤᠨ ᠬᠡᠷᠡᠭ ᠲᠤ ᠬᠤᠯᠪᠤᠭᠳᠠᠭᠰᠠᠨ ᠬᠦᠷᠦᠩᠭᠡ ᠶᠢ ᠲᠦᠷᠭᠡᠨ ᠰᠶᠢᠳᠪᠤᠷᠢᠯᠡᠨ᠎ᠡ᠃ | ᠣᠷᠴᠢᠨ ᠲᠤᠭᠤᠷᠢᠨ ᠢ ᠬᠠᠮᠠᠭᠠᠯᠠᠬᠤ ᠠᠵᠢᠯ ᠢ ᠦᠨᠳᠦᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠬᠦᠭᠡᠮᠲᠤᠭ᠌ ᠠᠭᠤᠯᠠ ᠴᠡᠩᠬᠡᠭ ᠣᠰᠣ ᠪᠤᠯ ᠳᠠᠷᠤᠢ | ᠠᠯᠳᠠ ᠮᠦᠩᠬᠦᠨ ᠠᠭᠤᠯᠠ ᠮᠦᠨ ᠬᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠵᠤ ᠠᠭᠠᠷ ᠳᠡᠭᠷᠢ ᠨᠢ ᠴᠡᠯᠮᠡᠭ᠂ ᠣᠰᠣ ᠮᠦᠷᠠᠨ ᠨᠢ ᠳᠣᠩᠭᠠᠯᠠᠭ᠂ | ᠲᠠᠯ᠎ᠠ ᠨᠤᠲᠤᠭ ᠨᠢ ᠠᠷᠢᠭᠤᠨ ᠢᠶᠠᠷ ᠢᠶᠠᠨ ᠪᠠᠶᠢᠬᠤ ᠬᠠᠮᠠᠭᠠᠯᠠᠯᠳᠠ ᠶᠢᠨ ᠳᠠᠶᠢᠯᠠᠯᠳᠣᠭᠠᠨ ᠢ ᠰᠠᠶᠢᠳᠣᠷ ᠬᠢᠵᠦ᠂ ᠤᠷᠤᠨ ᠪᠦᠰᠡ ᠶᠢᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠬᠢᠷᠢ ᠲᠦᠪᠰᠢᠨ ᠢ ᠨᠡᠶᠢᠳᠡᠮ ᠳᠡᠭᠡᠭᠰᠢᠯᠡᠬᠦᠯᠦᠨ᠎ᠡ᠃ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠢᠷᠡᠯᠲᠡ ᠶᠢᠨ | ᠨᠡᠶᠢᠳᠡᠮ ᠪᠠᠶᠢᠴᠠᠭᠠᠯᠲᠠ ᠶᠢ ᠪᠡᠶᠡᠯᠡᠬᠦᠯᠦᠨ᠎ᠡ᠃ ᠣᠰᠣᠨ ᠰᠢᠰᠲ᠋ᠧᠮ ᠢ ᠨᠡᠪᠳᠡᠷᠡᠬᠦᠯᠬᠦ ᠵᠢᠴᠢ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ | ᠠᠰᠢᠭᠯᠠᠬᠤ ᠢᠨᠵᠧᠨᠧᠷᠢᠩ ᠢ ᠬᠡᠷᠡᠭᠵᠢᠬᠦᠯᠵᠦ ᠪᠠᠶᠠᠠᠭᠤᠤᠯ ᠵᠡᠷᠭᠡ ᠠᠭᠤᠷᠬᠠᠢ ᠶᠢᠨ ᠬᠤᠳᠳᠤᠭ ᠤᠨ ᠤᠰᠤ ᠶᠢ ᠨᠠᠷᠢᠯᠢᠭ ᠰᠶᠢᠳᠪᠤᠷᠢᠯᠡᠬᠦ 3 ᠦᠢᠯᠡᠳᠪᠤᠷᠢ ᠶᠢ | ᠬᠡᠷᠡᠭᠯᠡᠯᠲᠡ ᠳᠤ ᠤᠷᠤᠭᠤᠯᠤᠨ ᠶᠢᠩ ᠫᠠᠨ ᠬᠤᠤ ᠠᠴᠠ ᠨᠠᠷᠢᠠᠭᠤᠤᠯ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠬᠦᠷᠬᠦ ᠤᠰᠤ ᠬᠦᠷᠭᠡᠭᠦ ᠢᠨᠵᠧᠨᠧᠷᠢᠩ | ᠢ ᠡᠬᠢᠯᠡᠬᠦᠯᠦᠨ᠎ᠡ᠃ ᠵᠦᠩ ᠮᠸᠢ ᠪᠦᠯᠦᠭᠯᠡᠯ ᠤᠨ ᠮᠧᠩ ᠳ᠋ᠠ ᠺᠤᠮᠫᠠᠨᠢ ᠵᠡᠷᠭᠡ 4 ᠠᠵᠦ ᠠᠬᠤᠶᠢᠯᠠᠯ ᠤᠨ ᠦᠨᠳᠤᠷ ᠳᠠᠪᠤᠰᠤᠲᠤ ᠤᠰᠤ ᠶᠢ ᠲᠠᠯᠠᠰᠵᠢᠭᠤᠯᠤᠨ | ᠴᠡᠪᠡᠷᠰᠢᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠬᠤ ᠶᠢ ᠱᠠᠭᠠᠷᠳᠠᠵᠦ ᠠᠵᠦ ᠠᠬᠤᠶᠢᠯᠠᠯ ᠤᠨ ᠭᠦᠬᠦᠷ ᠦᠭᠡᠶᠢᠵᠢᠭᠦᠯᠬᠦ ᠨᠢᠲᠷᠤ᠋ ᠦᠭᠡᠶᠢᠵᠢᠭᠦᠯᠬᠦ᠂ ᠤᠨᠴᠠ | ᠳᠤᠤᠷ᠎ᠠ ᠭᠠᠳᠠᠭᠰᠢᠯᠠᠭᠤᠯᠤᠯᠲᠠ ᠲᠠᠢ ᠪᠤᠯᠭᠠᠬᠤ ᠦᠭᠡᠷᠡᠴᠢᠯᠡᠯᠲᠡ ᠪᠠ ᠨᠡᠭᠦᠷᠡᠰᠤᠨ ᠴᠢᠯᠠᠭᠤ ᠶᠢ ᠠᠭᠤᠷᠬᠠᠢ ᠶᠢᠨ ᠨᠦᠬᠡᠨ ᠳᠤ ᠡᠬᠡᠭᠦᠯᠦᠨ ᠬᠢᠬᠦ ᠵᠢᠴᠢ | ᠶᠡᠷᠤᠩᠬᠡᠶᠢᠯᠡᠨ ᠠᠰᠢᠭᠯᠠᠬᠤ ᠶᠢ ᠠᠬᠢᠭᠤᠯᠤᠨ ᠵᠦᠩ ᠲᠢᠶᠠᠨ ᠾᠧ ᠴᠤᠸᠠᠩ ᠺᠤᠮᠫᠠᠨᠢ ᠶᠢᠨ ᠦᠢᠯᠡᠳᠪᠤᠷᠢ ᠶᠢᠨ ᠭᠠᠳᠠᠨᠠᠬᠢ ᠰᠢᠭᠠᠷᠤ ᠰᠶᠢᠳᠪᠤᠷᠢᠯᠡᠬᠦ ᠲᠠᠯᠠᠪᠤᠷ | ᠵᠡᠷᠭᠡ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠶᠢ ᠪᠡᠶᠡᠯᠡᠬᠦᠯᠦᠨ᠎ᠡ᠃ ᠪᠤᠬᠢᠷᠳᠤᠯ ᠢ ᠭᠠᠳᠠᠭᠰᠢᠯᠠᠭᠤᠯᠬᠤ ᠠᠵᠤ ᠠᠬᠤᠶᠢᠯᠠᠯ ᠢ ᠰᠦᠯᠵᠢᠶᠠᠨ ᠳᠡᠭᠡᠷ᠎ᠡ | ᠬᠢᠨᠠᠨ ᠡᠵᠡᠮᠰᠢᠬᠦ ᠶᠢ ᠴᠢᠩᠭᠠᠳᠬᠠᠵᠤ ᠣᠷᠴᠢᠨ ᠲᠤᠭᠤᠷᠢᠨ ᠤ ᠬᠠᠤᠯᠢ ᠬᠡᠷᠡᠭᠵᠢᠬᠦᠯᠦᠯᠲᠡ ᠶᠢ ᠴᠢᠩᠭᠠᠳᠬᠠᠨ᠎ᠠ᠃ ᠨᠠᠭᠤᠷ ᠭᠤᠤᠯ ᠤᠨ ᠬᠠᠮᠠᠭᠠᠯᠠᠯᠲᠠ᠂ ᠭᠤᠤᠯ | ᠤᠨ ᠡᠷᠬᠢ ᠶᠢᠨ ᠱᠤᠭᠤᠮ ᠤᠨ ᠵᠠᠭᠠᠭ ᠢ ᠨᠤᠳᠠᠯᠠᠨ ᠲᠤᠭᠲᠠᠭᠠᠬᠤ ᠪᠠ ︽ᠲᠦᠷᠪᠡᠨ ᠬᠠᠮᠢᠶ᠎ᠠ ᠨᠠᠮᠢᠶ᠎ᠠ ᠦᠭᠡᠢ ᠶᠢ ᠴᠡᠭᠴᠡᠯᠡᠬᠦ︾ ᠲᠤᠰᠬᠠᠢ ᠲᠦᠷᠦᠯ ᠤᠨ ᠵᠠᠰᠠᠨ | ᠴᠡᠭᠴᠡᠯᠡᠯᠲᠡ ᠶᠢ ᠪᠦᠬᠦ ᠲᠠᠯ᠎ᠠ ᠪᠠᠷ ᠦᠷᠨᠢᠬᠦᠯᠵᠦ ᠲᠤᠯᠢ ᠶᠢᠨ ᠣᠰᠣᠨ ᠰᠣᠷᠪᠤᠯᠵᠢ ᠶᠢᠨ ᠣᠷᠣᠨ ᠢ ᠢᠯᠭᠠᠨ ᠲᠤᠭᠲᠠᠭᠠᠵᠦ ᠭᠠᠵᠠᠷ ᠲᠤᠤᠷᠠᠬᠢ ᠤᠰᠤ ᠶᠢ | ᠬᠡᠲᠤᠷᠡᠳᠡᠯᠡ ᠬᠡᠷᠡᠭᠯᠡᠭᠰᠡᠨ ᠤᠷᠤᠨ ᠢ ᠶᠡᠷᠦᠩᠬᠡᠶᠢᠯᠡᠨ ᠵᠠᠰᠠᠨ᠎ᠡ᠃ | ᠠᠮᠤᠷ ᠲᠦᠪᠰᠢᠨ ᠤ ᠠᠵᠢᠯ ᠢ ᠤᠷᠲᠤ ᠬᠤᠭᠤᠴᠠᠭ᠎ᠠ ᠪᠠᠷ ᠪᠠᠲᠤ ᠠᠳᠬᠤᠨ᠎ᠠ᠃ ᠪᠠᠶᠢᠭᠤᠯᠤᠮᠵᠢ ᠶᠢᠨ ᠦᠭᠡᠷᠡᠴᠢᠯᠡᠯᠲᠡ ᠪᠠᠷ ᠠᠮᠤᠷ ᠲᠦᠪᠰᠢᠨ ᠤ | ᠬᠠᠤᠯᠢ ᠬᠡᠷᠡᠭᠵᠢᠬᠦᠯᠬᠦ ᠡᠬᠢ ᠪᠠᠶᠠᠯᠢᠭ ᠢ ᠲᠦᠪᠯᠡᠷᠡᠬᠦᠯᠵᠦ ᠪᠠᠶᠢᠭ᠎ᠠ ᠳᠠᠪᠠᠭᠤᠯᠢᠭ ᠢ ᠪᠠᠳᠠᠷᠠᠭᠤᠯᠤᠨ ᠬᠠᠤᠯᠢ ᠪᠤᠰᠤ ᠪᠠ ᠬᠠᠤᠯᠢ ᠵᠦᠷᠢᠴᠡᠭᠰᠡᠨ ᠦᠢᠯᠡᠳᠪᠤᠷᠢᠯᠡᠯ | ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ ᠠᠶᠤᠯᠬᠦᠯ ᠦᠢᠯᠡᠳᠪᠤᠷᠢᠯᠡᠯ ᠤᠨ ᠳᠠᠯᠲᠠ ᠬᠡᠮ ᠢ ᠦᠷᠬᠦᠯᠵᠢ ᠪᠠᠶᠢᠴᠠᠭᠠᠨ | ᠴᠡᠭᠴᠡᠯᠡᠵᠦ ᠦᠷᠭᠦᠯᠵᠢ ᠦᠷᠨᠢᠬᠦᠯᠦᠨ ᠨᠡᠭᠦᠷᠡᠰᠦᠨ ᠠᠭᠤᠷᠬᠠᠢ ᠶᠢᠨ ᠭᠠᠵᠠᠷ ᠤᠨ ᠳᠠᠷᠤᠯᠲᠠ ᠶᠢ ᠲᠦᠷᠢᠬᠦ ᠵᠡᠷᠭᠡ ᠰᠢᠨ᠎ᠡ ᠠᠰᠠᠭᠤᠳᠠᠯ ᠢ ᠰᠠᠶᠢᠲᠤᠷ ᠰᠤᠳᠤᠯᠵᠦ | ᠬᠦᠳᠡᠭᠡ ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠲᠦᠬᠦᠭᠡᠷᠤᠮᠵᠢ ᠶᠢ ᠲᠡᠭᠦᠯᠳᠡᠷᠵᠢᠬᠦᠯᠤᠨ ᠡᠯ᠎ᠡ ᠲᠦᠷᠦᠯ ᠤᠨ ᠠᠶᠤᠯᠬᠦᠢ | ᠦᠢᠯᠡᠳᠪᠤᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠭᠠᠰᠬᠠᠬᠤ ᠠᠪᠤᠷᠠᠬᠤ ᠰᠢᠰᠲ᠋ᠧᠮ᠂ ᠪᠠᠶᠢᠩᠭᠤ | ᠶᠢᠨ ᠪᠠᠴᠢᠮ ᠪᠠᠶᠢᠳᠠᠯ ᠢ ᠰᠶᠢᠳᠪᠤᠷᠢᠯᠡᠬᠦ ᠠᠪᠤᠷᠠᠨ ᠲᠤᠰᠠᠯᠠᠯᠲᠠ ᠶᠢᠨ ᠰᠤᠷᠢᠯᠲᠠ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠤᠨ ᠰᠶᠢᠳᠪᠤᠷᠢᠯᠡᠬᠦ ᠴᠢᠳᠠᠪᠤᠷᠢ | ᠶᠢ ᠳᠡᠭᠡᠭᠰᠢᠯᠡᠬᠦᠯᠦᠨ᠎ᠡ᠃ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠤᠰᠤᠭᠠᠷ ᠢᠳᠡᠭᠡᠨ ᠤᠮᠳᠠᠭᠠᠨ ᠢ ᠰᠤᠭᠤᠯᠤᠨ ᠪᠠᠶᠢᠴᠠᠭᠠᠬᠤ ᠨᠤᠷᠮ᠎ᠠ ᠶᠢ | ᠳᠡᠭᠡᠭᠰᠢᠯᠡᠬᠦᠯᠵᠦ ᠮᠠᠯᠵᠢᠬᠤ ᠲᠠᠷᠢᠶᠠᠯᠠᠬᠤ ᠤᠷᠤᠨ ᠤ ︽ᠲᠦᠷᠪᠡᠨ ᠰᠠᠶᠢᠨ︾ ᠵᠢᠱᠢᠶᠡᠴᠢ ᠳᠡᠯᠭᠡᠭᠦᠷ ᠤᠨ ᠡᠭᠦᠳᠦᠨ ᠪᠠᠶᠢᠭᠤᠯᠤᠯᠲᠠ ᠶᠢ ᠴᠢᠩᠭᠠᠳᠬᠠᠨ ᠠᠹᠷᠢᠺᠠ | ᠲᠢᠪ ᠤᠨ ᠭᠠᠭ᠋ᠠᠢ ᠶᠢᠨ ᠬᠢᠵᠢᠭ ᠵᠡᠷᠭᠡ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠦ ᠮᠠᠯ ᠲᠠᠷᠢᠶᠠᠯᠠᠩ ᠤᠨ | ᠪᠦᠲᠦᠭᠡᠭᠳᠡᠬᠦᠨ᠂ ᠢᠳᠡᠭᠡᠨ ᠤᠮᠳᠠᠭᠠᠨ ᠤ ᠠᠮᠤᠷ ᠲᠦᠪᠰᠢᠨ ᠢ ᠮᠦᠷᠳᠡᠨ ᠪᠠᠶᠢᠴᠠᠭᠠᠬᠤ ᠰᠢᠰᠲ᠋ᠧᠮ ᠢ ᠨᠡᠶᠢᠳᠡᠮᠵᠢᠬᠦᠯᠬᠦ ᠬᠡᠪᠴᠢᠶ᠎ᠡ ᠶᠢ ᠦᠷᠭᠡᠳᠭᠡᠨ ᠤᠯᠠᠨ | ᠲᠦᠮᠡᠨ ᠤ ᠢᠳᠡᠭᠡᠨ ᠤᠮᠳᠠᠭᠠᠨ᠂ ᠡᠮ ᠤᠨ ᠵᠦᠢᠯᠡᠰ ᠤᠨ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠨ᠎ᠠ᠃ | ᠨᠡᠶᠢᠬᠡᠮ ᠤᠨ ᠶᠡᠷᠤᠩᠬᠡᠶᠢᠯᠡᠭᠰᠡᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠰᠢᠶᠠᠨ ᠤ ᠳᠡᠰ ᠤᠨ ᠤᠳᠤᠷᠢᠳᠤᠯᠭ᠎ᠠ ᠬᠡᠷᠡᠭ ᠢ | ᠳᠠᠭᠠᠭᠠᠴᠢᠯᠠᠬᠤ ᠲᠦᠷᠢᠮ ᠢ ᠭᠡᠷᠡᠭᠵᠢᠬᠦᠯᠦᠨ ᠦᠯᠡᠳᠡᠭᠳᠡᠯ ᠵᠦᠷᠢᠴᠡᠯ ᠵᠢᠭᠤᠷᠠᠯᠳᠤᠭᠠᠨ ᠢ ᠰᠶᠢᠳᠪᠤᠷᠢᠯᠡᠨ᠎ᠡ᠃ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ | ᠴᠠᠯᠢᠩ ᠲᠤᠭᠠᠴᠠᠯᠲᠠ ᠶᠢ ᠬᠢᠨᠠᠨ ᠡᠵᠡᠮᠳᠡᠬᠦ ᠪᠠ ᠪᠠᠲᠤᠯᠠᠬᠤ ᠲᠦᠷᠢᠮ ᠢ ᠲᠡᠬᠦᠯᠳᠡᠷᠵᠢᠬᠦᠯᠵᠦ ᠴᠠᠭ ᠲᠤᠬᠠᠢ ᠳᠤᠨᠢ ᠬᠤᠪᠢᠶᠠᠬᠤ ᠶᠢ ᠪᠠᠲᠤᠯᠠᠨ᠎ᠠ᠃ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠤᠨ ᠬᠤᠯᠪᠤᠭᠠᠲᠤ ᠬᠤᠷᠠᠯ᠂ ᠵᠡᠮᠳᠡᠭᠴᠤᠳ ᠤᠨ ᠬᠤᠯᠪᠤᠭᠠᠲᠤ ᠬᠤᠷᠠᠯ ᠵᠡᠷᠭᠡ ᠤᠯᠠᠨ | ᠲᠦᠮᠡᠨ ᠤ ᠪᠦᠯᠬᠦᠮ ᠵᠤᠬᠢᠶᠠᠨ ᠪᠠᠶᠢᠭᠤᠯᠤᠯᠲᠠ ᠪᠠ ᠠᠵᠢᠯ ᠲᠦᠷᠦᠯ ᠤᠨ ᠨᠡᠶᠢᠬᠡᠮᠯᠢᠭ ᠢ ᠳᠡᠮᠵᠢᠵᠦ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ ᠠᠵᠦ | ᠠᠬᠤᠢ ᠨᠡᠶᠢᠬᠡᠮ ᠤᠨ ᠬᠦᠭᠵᠢᠯᠲᠡ ᠳᠤ ᠨᠡᠩ ᠰᠠᠶᠢᠨ ᠦᠢᠯᠡᠴᠢᠯᠡᠨ᠎ᠡ᠃ ᠴᠡᠷᠢᠭ ᠠᠷᠠᠳ ᠤᠨ ᠠᠭᠤᠰᠤᠯᠴᠠᠯ ᠢ ᠴᠢᠩᠭᠠᠳᠬᠠᠵᠦ ︽ᠬᠤᠶᠠᠷ ᠢ ᠬᠦᠷᠢᠶᠡᠯᠡᠬᠦ︾ | ᠬᠠᠷᠠᠭᠠᠯᠵᠠᠨ ᠲᠦᠪᠬᠢᠨᠡᠬᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠨ᠎ᠡ᠃ ︽ᠣᠶᠣᠨᠴᠢᠯᠠᠭᠰᠠᠨ ᠲᠤᠳᠤᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ | ᠲᠦᠯᠬᠢᠨ ᠠᠬᠢᠭᠤᠯᠵᠦ ᠵᠡᠭᠡᠯᠢ ᠳᠡᠭᠡᠷ᠎ᠡ ᠴᠠᠭᠳᠠᠬᠤ ᠨᠤᠷᠮ᠎ᠠ ᠶᠢ ᠳᠡᠭᠡᠭᠰᠢᠯᠡᠬᠦᠯᠦᠨ ᠰᠠᠭᠤᠭᠠᠯᠢ ᠠᠷᠠᠳ ᠤᠨ ᠲᠤᠭᠤᠷᠢᠭ ᠤᠨ ᠮᠡᠷᠭᠡᠵᠢᠯ ᠢᠶᠠᠷ ᠰᠡᠷᠬᠡᠶᠢᠯᠡᠬᠦ | ᠲᠦᠬᠦᠭᠡᠷᠦᠮᠵᠢ ᠶᠢ ᠵᠢᠯ ᠳᠠᠷᠠᠭᠠᠯᠠᠨ ᠳᠡᠭᠦᠯᠳᠡᠷᠵᠢᠬᠦᠯᠵᠦ ᠠᠷᠠᠳ ᠣᠯᠠᠨ ᠤ ᠠᠮᠤᠷ ᠲᠦᠪᠰᠢᠨ ᠤ ᠲᠦᠷᠦᠭᠳᠡᠯ ᠢ ᠦᠷᠬᠦᠯᠵᠢᠯᠡᠨ ᠨᠡᠮᠡᠭᠳᠡᠭᠦᠯᠦᠨ᠎ᠡ᠃ ︽ | ᠲᠤᠯᠤᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠬᠦᠯᠬᠦ ᠤᠬᠠᠭᠤᠯᠭ᠎ᠠ ᠶᠢ ᠬᠦᠨᠵᠡᠬᠡᠢ ᠦᠷᠨᠢᠬᠦᠯᠦᠨ᠎ᠡ᠃ ᠣᠯᠠᠨ ᠲᠦᠮᠡᠨ ᠢ ᠳᠠᠶᠢᠴᠢᠯᠠᠨ | ᠦᠷᠬᠡᠨ ᠢᠶᠠᠷ ᠣᠷᠣᠯᠴᠠᠭᠤᠯᠵᠦ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ︾ ︽ᠫᠤᠤ ᠵᠡᠪᠰᠡᠭ ᠢ ᠬᠤᠷᠢᠶᠠᠵᠦ ᠳᠡᠯᠪᠡᠷᠡᠯᠲᠡ ᠶᠢᠨ ᠡᠳ᠋ ᠢ | ᠴᠡᠭᠴᠡᠯᠡᠬᠦ︾ ᠲᠤᠰᠬᠠᠢ ᠲᠡᠮᠡᠴᠡᠯ ᠢ ᠰᠠᠶᠢᠲᠤᠷ ᠠᠬᠢᠭᠤᠯᠤᠨ ᠲᠤᠰᠬᠤᠨ ᠤ ᠡᠵᠡᠷᠭᠡᠭᠴᠢ ᠵᠠᠮ ᠤᠨ ᠡᠵᠡᠷᠭᠡᠭᠴᠢ ᠪᠠ ᠱᠠᠯᠢᠭ ᠵᠠᠪᠬᠠᠢ ᠵᠤᠭᠤᠰ ᠮᠦᠷᠦᠶᠢᠴᠡᠬᠦ | ᠬᠤᠤᠷ ᠫᠠᠨᠽᠠᠯᠠᠬᠤ᠂ ᠬᠦᠴᠦᠷᠬᠡᠭᠯᠡᠯ ᠢᠶᠠᠷ ᠦᠷᠢ ᠨᠡᠬᠡᠬᠦ᠂ ᠵᠠᠬᠢᠳᠠᠯ ᠰᠤᠷᠪᠤᠯᠵᠢᠯᠠᠭ᠎ᠠ ᠬᠢᠵᠦ ᠶᠠᠷᠰᠢᠭᠯᠠᠵᠦ ᠦᠢᠮᠡᠭᠡᠬᠦ ᠵᠡᠷᠭᠡ ᠬᠠᠤᠯᠢ ᠵᠦᠷᠢᠴᠡᠭᠰᠡᠨ ᠶᠠᠯᠠᠲᠤ | ᠠᠵᠢᠯᠯᠠᠭ᠎ᠠ ᠳᠤ ᠬᠦᠴᠦᠲᠠᠢ ᠴᠤᠬᠢᠯᠳᠠ ᠦᠭᠴᠦ ᠠᠮᠵᠢᠭᠤᠯᠵᠦ ᠲᠠᠷᠢᠵᠦ ᠵᠠᠶᠢᠯᠠᠬᠤ᠂ ᠪᠠᠷᠢᠯᠭ᠎ᠠ ᠪᠠᠷᠢᠬᠤ ᠶᠢ ᠬᠤᠷᠢᠭᠯᠠᠬᠤ᠂ ᠠᠯᠪᠠᠲᠠᠵᠦ ᠬᠤᠳᠠᠯᠳᠤᠭᠠᠯᠠᠬᠤ᠂ | ᠠᠯᠪᠠᠳᠠᠯᠭ᠎ᠠ ᠪᠠᠷ ᠪᠠᠷᠢᠯᠭ᠎ᠠ ᠶᠢ ᠳᠠᠭᠠᠭᠠᠴᠢᠯᠠᠬᠤ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠨ᠎ᠠ᠃ ᠦᠨᠳᠦᠰᠦᠳᠡᠨ ᠤ ᠪᠦᠯᠬᠦᠮᠳᠠᠯ | ᠳᠠᠪᠰᠢᠯᠲᠡ ᠶᠢᠨ ︽ᠵᠢᠷᠭᠤᠭ᠎ᠠ ᠳᠤ ᠤᠷᠤᠭᠤᠯᠬᠤ +︾ ᠠᠵᠢᠯᠯᠠᠭ᠎ᠠ ᠶᠢ ᠦᠷᠨᠢᠬᠦᠯᠵᠦ ᠲᠡᠷᠢᠬᠦᠨ ᠤ ᠵᠢᠱᠢᠶᠡᠴᠢ ᠶᠢ ᠰᠣᠩᠭᠤᠨ ᠬᠦᠮᠦᠵᠢᠬᠦᠯᠵᠦ᠂ ᠡᠭᠦᠳᠦᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠦᠨ ᠱᠠᠰᠢᠨ ᠰᠤᠷᠳᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ ᠪᠦᠬᠦ ᠬᠤᠰᠢᠭᠤᠨ ᠤ | ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠳᠤ ᠰᠡᠳᠬᠢᠯ ᠨᠢᠭᠡᠳᠤᠭ᠍ᠰᠡᠨ᠂ ᠲᠠᠭᠠᠯᠠᠮᠵᠢᠲᠠᠢ᠂ ᠤᠪᠤᠷ ᠰᠤᠷᠳᠠᠯ ᠲᠦᠪ᠂ ᠡᠶ᠎ᠡ ᠨᠠᠶᠢᠷᠠᠮᠳᠠᠭᠤ ᠰᠠᠶᠢᠨ | ᠰᠠᠶᠢᠬᠠᠨ ᠨᠡᠶᠢᠬᠡᠮ ᠤᠨ ᠤᠷᠴᠢᠨ ᠢ ᠪᠦᠷᠢᠯᠳᠦᠬᠦᠯᠦᠨ᠎ᠡ᠃ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠪᠢᠳᠠ 2019 ᠤᠨ ᠢ ᠪᠠᠷᠠᠯᠠᠬᠤᠶ᠎ᠠ ᠤᠷᠬᠢᠯᠦᠮ᠎ᠠ ᠬᠠᠯᠠᠭᠤᠨ ᠵᠤᠷᠢᠭ ᠤᠪᠤᠯᠵᠠᠵᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠡᠶᠡᠯᠡᠬᠦᠯᠬᠦ | ᠰᠶᠢᠳᠪᠤᠷᠢᠲᠤ ᠢᠯᠠᠯᠲᠠ ᠶᠢ ᠣᠯᠬᠤ ᠲᠡᠤᠬᠡ ᠶᠢᠨ ᠵᠠᠩᠬᠢᠯᠠᠭ᠎ᠠ ᠶᠢᠨ ᠴᠠᠭ ᠲᠤ ᠵᠤᠭᠰᠣᠵᠦ ᠪᠦᠬᠦ ᠬᠤᠰᠢᠭᠤᠨ ᠤ ᠦᠷᠭᠡᠨ ᠤᠯᠠᠨ ᠤᠳᠤᠷᠢᠳᠬᠤ ᠺᠠᠳ᠋ᠷ | ᠪᠦᠬᠦᠳᠡᠭᠡᠷ ᠢᠶᠠᠨ ᠡᠷᠡᠮᠡᠭᠡᠶᠢᠯᠡᠨ ᠤᠷᠤᠭᠰᠢᠯᠠᠬᠤ ᠡᠷᠴᠢ ᠵᠤᠷᠢᠭ᠂ ᠭᠠᠪᠰᠢᠭᠠᠶᠢᠯᠠᠨ ᠳᠠᠭᠠᠷᠢᠬᠤ ᠡᠷᠴᠢ ᠵᠤᠷᠢᠭ᠂ ᠬᠦᠴᠦᠯᠡᠨ ᠴᠢᠷᠮᠠᠶᠢᠬᠤ ᠡᠷᠴᠢ ᠵᠤᠷᠢᠭ᠂ ᠡᠷᠡᠰ | ᠬᠠᠳᠠᠨ ᠡᠷᠴᠢ ᠵᠤᠷᠢᠭ ᠪᠠ ᠵᠤᠷᠢᠭᠲᠠᠢ ᠠᠵᠢᠯᠯᠠᠬᠤ ᠡᠷᠴᠢ ᠵᠤᠷᠢᠭ ᠲᠠᠢ ᠪᠠᠶᠢᠵᠦ ᠲᠤᠰᠤᠯ ᠢ ᠬᠤᠷᠠᠮᠳᠤᠭᠤᠯᠤᠨ ᠳᠠᠯᠠᠢ ᠪᠤᠯᠭᠠᠵᠦ ᠦᠭᠡᠷᠡᠴᠢᠯᠡᠯᠲᠡ ᠬᠦᠭᠵᠢᠯᠲᠡ | ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠣᠯᠣᠰ ᠲᠦᠷᠦ ᠶᠢᠨ ᠡᠷᠡᠰ ᠪᠠᠲᠤ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ ᠬᠠᠷᠢᠭᠤᠴᠠᠯᠭᠠᠲᠤ ᠵᠠᠰᠠᠭ ᠤᠨ ᠤᠷᠳᠤᠨ ᠢ ᠪᠦᠲᠦᠭᠡᠨ | ᠪᠠᠶᠢᠭᠤᠯᠵᠦ ︽ᠤᠭ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠤᠪᠲᠤ ᠬᠦᠮᠦᠵᠢᠯ ᠤᠨ ᠠᠵᠢᠯᠯᠠᠭ᠎ᠠ ᠲᠠᠢ | ᠤᠶᠠᠯᠳᠤᠭᠤᠯᠤᠨ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠤᠰᠤᠭᠠᠷ ᠡᠷᠳᠡᠮ ᠴᠢᠳᠠᠪᠤᠷᠢ ᠪᠠᠨ ᠴᠢᠩᠭᠠᠳᠬᠠᠨ᠂ ᠬᠡᠪ ᠪᠤᠯᠪᠠᠰᠤᠷᠠᠯ ᠢᠶᠠᠨ | ᠳᠡᠭᠡᠭᠰᠢᠯᠡᠬᠦᠯᠵᠦ᠂ ᠰᠠᠭᠤᠷᠢ ᠪᠠᠨ ᠪᠠᠬᠢᠵᠢᠬᠦᠯᠬᠦ ᠰᠣᠷᠣᠯᠴᠠᠨ ᠰᠣᠳᠣᠯᠬᠤ ᠰᠢᠷᠢᠰ ᠠᠵᠢᠯᠯᠠᠭᠠᠨ ᠤ ᠦᠷ᠎ᠡ ᠪᠦᠲᠦᠬᠡᠯ ᠢ ᠰᠠᠶᠢᠲᠤᠷ ᠬᠡᠷᠡᠭᠯᠡᠵᠦ ᠪᠦᠬᠦ ᠲᠠᠯ᠎ᠠ ᠪᠠᠷ᠂ | ᠰᠢᠰᠲ᠋ᠧᠮ ᠲᠠᠢ᠂ ᠤᠷᠳᠤ ᠬᠤᠭᠤᠴᠠᠭ᠎ᠠ ᠪᠠᠷ᠂ ᠬᠦᠨᠵᠡᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠣᠯᠣᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠵᠦ᠂ ᠤᠬᠠᠭᠤᠯᠵᠦ᠂ ᠲᠤᠭᠤᠰᠢᠯᠠᠭᠤᠯᠵᠦ ︽ᠲᠦᠷᠪᠡᠨ ᠤᠬᠠᠮᠰᠠᠷ︾ ᠢ ᠳᠠᠰᠤᠷᠠᠯᠲᠠ ᠦᠭᠡᠢ ᠪᠠᠲᠤ ᠪᠠᠬᠢ | ᠪᠤᠢ ᠪᠤᠯᠭᠠᠨ ︽ᠲᠦᠷᠪᠡᠨ ᠢᠳᠡᠭᠡᠯ︾ ᠢ ᠴᠢᠩᠭᠠᠳᠬᠠᠵᠤ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠤᠨ ᠤᠳᠤᠷᠢᠳᠬᠤ ᠺᠠᠳ᠋ᠷ ᠤᠨ ᠤᠨᠤᠯ ᠢ ᠤᠬᠠᠵᠤ | ᠮᠡᠳᠡᠬᠦ᠂ ᠦᠢᠯᠡᠳᠦᠯᠬᠡ ᠶᠢ ᠵᠢᠯᠤᠭᠤᠳᠬᠤ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠬᠦᠯᠵᠦ ᠨᠠᠮ ᠤᠨ ᠤᠳᠤᠷᠢᠳᠤᠯᠭ᠎ᠠ ᠶᠢ ᠵᠠᠰᠠᠭ ᠤᠨ | ᠤᠷᠳᠤᠨ ᠤ ᠠᠵᠢᠯ ᠤᠨ ᠡᠯ᠎ᠡ ᠬᠦᠷᠢᠶ᠎ᠠ ᠴᠠᠷᠠᠭ᠎ᠠ ᠪᠠ ᠪᠦᠬᠦᠶᠢᠯᠡ ᠶᠠᠪᠤᠴᠠ ᠳᠤ ᠲᠤᠭᠤᠰᠢᠯᠠᠭᠤᠯᠤᠨ ᠨᠠᠮ ᠤᠨ ᠲᠦᠪ ᠬᠤᠷᠢᠶᠠᠨ ᠤ ᠦᠨᠳᠦᠰᠦᠨ ᠪᠤᠳᠤᠯᠭ᠎ᠠ | ᠴᠢᠭᠯᠡᠯᠲᠡ ᠪᠠ ᠳᠡᠭᠡᠲᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ ᠦᠷ᠎ᠡ ᠪᠦᠲᠦᠭᠡᠯ ᠭᠠᠷᠭᠠᠨ᠎ᠠ᠃ ᠨᠠᠮ ᠤᠨ ᠪᠠᠶᠢᠭᠤᠯᠤᠯᠲᠠ ᠪᠠᠷ ᠤᠳᠤᠷᠢᠳᠬᠤ ᠶᠢ ᠪᠠᠷᠢᠮᠳᠠᠯᠠᠵᠦ ᠵᠠᠰᠠᠭ ᠤᠨ ᠤᠷᠳᠤᠨ ᠤ ᠨᠠᠮ ᠤᠨ | ᠤᠳᠤᠷᠢᠳᠬᠤ ᠲᠤᠭᠤᠶᠢᠯᠠᠩ ᠪᠠ ᠵᠠᠰᠠᠭ ᠤᠨ ᠣᠷᠳᠣᠨ ᠤ ᠰᠢᠰᠲ᠋ᠧᠮ ᠤᠨ ᠰᠠᠯᠠᠭ᠎ᠠ ᠮᠦᠴᠢᠷ ᠤᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠤᠨ | ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ ᠲᠦᠷᠦ ᠪᠠᠷᠢᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠬᠦᠯᠵᠦ ᠠᠵᠢᠯᠴᠢ ᠪᠦᠭᠡᠳ ᠦᠨᠳᠦᠷ | ᠪᠦᠲᠦᠮᠵᠢᠲᠡᠢ᠂ ᠠᠷᠢᠭᠤᠨ ᠴᠢᠭᠡᠴᠢ ᠪᠦᠭᠡᠳ ᠦᠷ᠎ᠡ ᠪᠦᠲᠦᠭᠡᠯ ᠲᠠᠢ ᠵᠠᠰᠠᠭ ᠤᠨ ᠤᠷᠳᠤᠨ ᠤ ᠲᠦᠷᠢ ᠲᠦᠷᠬᠦ ᠶᠢ ᠪᠦᠷᠢᠯᠳᠦᠬᠦᠯᠦᠨ᠎ᠡ᠃ | ᠵᠠᠰᠠᠭ ᠤᠨ ᠤᠷᠳᠤᠨ ᠤ ᠣᠯᠠᠨ ᠨᠡᠶᠢᠳᠡ ᠶᠢᠨ ᠢᠳᠡᠬᠡᠯ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ ᠢᠳᠡᠭᠡᠮᠵᠢᠲᠡᠢ ᠵᠠᠰᠠᠭ ᠤᠨ ᠤᠷᠳᠤᠨ ᠢ | ᠪᠦᠲᠦᠭᠡᠨ ᠪᠠᠶᠢᠭᠤᠯᠵᠦ ᠵᠠᠰᠠᠭ ᠤᠨ ᠤᠷᠳᠤᠨ ᠤ ᠢᠳᠡᠭᠡᠯ ᠢᠶᠠᠨ ᠰᠠᠬᠢᠵᠦ ᠠᠮᠠᠯᠠᠯᠲᠠ ᠪᠠᠨ ᠦᠢᠯᠡᠳᠦᠯᠭᠡᠵᠢᠬᠦᠯᠬᠦ ᠲᠤᠭᠲᠠᠯᠴᠠᠭ᠎ᠠ ᠶᠢ ᠰᠢᠨᠵᠢᠯᠡᠬᠦ ᠤᠬᠠᠭᠠᠨᠴᠢ | ᠪᠠᠷ ᠲᠡᠭᠦᠯᠳᠡᠷᠵᠢᠭᠦᠯᠦᠨ ᠲᠤᠭᠳᠠᠭᠠᠭᠰᠠᠨ ᠭᠡᠷ᠎ᠡ᠂ ᠬᠡᠯᠡᠯᠴᠡᠭᠡᠷ ᠢᠶᠠᠨ ᠬᠠᠤᠯᠢ ᠲᠦᠷᠢᠮ ᠶᠤᠰᠤᠭᠠᠷ ᠴᠢᠩᠭ᠎ᠠ ᠭᠦᠢᠴᠡᠳᠬᠡᠵᠦ ᠣᠨᠴᠠᠭᠠᠶᠢᠯᠠᠨ ᠣᠳᠣᠬᠠᠨ ᠤ | ᠪᠠᠴᠢᠮ ᠲᠤᠯᠭᠠᠮ᠎ᠠ ᠢᠯᠭᠠᠷᠠᠭᠤᠯᠬᠤ ᠴᠢᠬᠤᠯᠠᠲᠠᠢ ᠦᠷᠢ ᠰᠢᠷᠢ ᠪᠠ ᠠᠮᠠᠯᠠᠭᠰᠠᠨ ᠠᠷᠠᠳ ᠢ ᠬᠠᠷᠠᠭᠠᠯᠵᠠᠬᠤ ᠪᠤᠳᠠᠳᠤ ᠠᠵᠢᠯ ᠢ ᠪᠦᠬᠦᠨ ᠢ ᠡᠴᠤᠰ ᠲᠤᠨᠢ | ᠲᠤᠯᠳᠠᠯ᠎ᠠ ᠠᠳᠬᠤᠵᠦ ᠡᠷᠬᠡᠪᠰᠢ ᠪᠤᠳᠠᠳᠤ ᠪᠦᠲᠦᠮᠵᠢ ᠤᠯᠤᠨ᠎ᠠ᠃ ᠬᠠᠤᠯᠢ ᠶᠤᠰᠤᠭᠠᠷ ᠰᠶᠢᠳᠪᠤᠷᠢᠲᠤ ᠪᠤᠳᠤᠯᠭ᠎ᠠ ᠲᠤᠭᠳᠠᠭᠠᠬᠤ ᠶᠢ ᠪᠠᠷᠢᠮᠳᠠᠯᠠᠨ ᠬᠠᠤᠯᠢ ᠪᠠᠷ | ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠠᠬᠢᠭᠤᠯᠤᠨ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠤᠷᠢᠲᠤ ᠪᠤᠳᠤᠯᠭ᠎ᠠ | ᠶᠢᠨ ᠬᠠᠤᠯᠢ ᠳᠤ ᠲᠤᠭᠳᠠᠭᠠᠭᠰᠠᠨ ᠳᠠᠷᠠᠭᠠᠯᠠᠯ ᠢ ᠴᠢᠩᠭ᠎ᠠ ᠬᠡᠷᠡᠭᠵᠢᠬᠦᠯᠤᠨ᠎ᠡ᠃ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠵᠡᠷᠭᠡ ᠰᠠᠭᠤᠷᠢ ᠴᠢᠨᠠᠷ ᠲᠠᠢ ᠠᠵᠢᠯ ᠢ ᠦᠨᠳᠦᠷ ᠴᠢᠨᠠᠷ | ᠴᠢᠨᠰᠠᠭ᠎ᠠ ᠲᠠᠢ ᠰᠠᠶᠢᠲᠤᠷ ᠬᠢᠵᠦ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭᠠᠨ ᠳᠤ ᠣᠶᠣᠨ ᠤ ᠬᠦᠮᠦᠷᠭᠡ᠂ ᠵᠦᠪᠯᠡᠯᠭᠡ ᠦᠭᠬᠦ ᠺᠤᠮᠫᠠᠨᠢ ᠶᠢ ᠤᠷᠢᠵᠦ ᠵᠠᠰᠠᠭ ᠤᠨ | ᠤᠷᠳᠤᠨ ᠤ ᠵᠦᠪ ᠤᠨᠤᠪᠴᠢᠲᠠᠢ ᠰᠶᠢᠳᠪᠤᠷᠢᠲᠤ ᠪᠤᠳᠤᠯᠭ᠎ᠠ ᠲᠤᠭᠳᠠᠭᠠᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠨ᠎ᠠ᠃ ᠴᠢᠬᠤᠯᠠ ᠶᠡᠭᠡ ᠬᠡᠷᠡᠭ | ᠶᠠᠪᠤᠳᠠᠯ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠬᠦᠯᠵᠦ | ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠠ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤ ᠰᠠᠨᠠᠯ ᠳᠤᠷᠠᠳᠤᠯᠭ᠎ᠠ ᠶᠢ ᠬᠢᠨᠠᠮᠠᠭᠠᠢ | ᠰᠶᠢᠳᠪᠤᠷᠢᠯᠡᠨ ᠰᠠᠨᠠᠭᠠᠴᠢᠯᠠᠭ᠎ᠠ ᠠᠴᠠ ᠪᠠᠨ ᠵᠠᠰᠠᠭ ᠤᠨ ᠤᠷᠳᠤᠨ ᠤ ᠵᠦᠪᠳᠡᠯᠴᠡᠬᠦ ᠠᠵᠢᠯ ᠢ ᠦᠷᠨᠢᠬᠦᠯᠵᠦ ᠣᠯᠠᠨ ᠤ ᠤᠶᠤᠨ ᠤᠬᠠᠭᠠᠨ ᠢ ᠲᠦᠪᠯᠡᠷᠡᠭᠦᠯᠦᠨ | ᠠᠵᠤ ᠠᠬᠤᠢ ᠨᠡᠶᠢᠬᠡᠮ ᠤᠨ ᠬᠦᠭᠵᠢᠯᠲᠡ ᠶᠢ ᠬᠢᠵᠠᠭᠠᠷᠯᠠᠵᠦ ᠪᠠᠶᠢᠭ᠎ᠠ ︽ᠪᠤᠭᠤᠮᠢ︾ ᠶᠢ ᠰᠶᠢᠳᠪᠤᠷᠢᠯᠡᠨ᠎ᠡ᠃ ᠨᠡᠶᠢᠬᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠴᠤ ᠲᠤᠭᠳᠠᠮᠠᠯ ᠬᠤᠭᠤᠴᠠᠭ᠎ᠠ ᠲᠠᠢ ᠪᠠᠷ ᠰᠤᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠤᠭᠤᠯᠵᠦ ᠴᠢᠮᠡᠭᠡ ᠵᠠᠩᠬᠢ | ᠶᠢ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠬᠦᠷᠢᠶ᠎ᠡ ᠬᠡᠪᠴᠢᠶ᠎ᠡ ᠶᠢ ᠦᠷᠭᠡᠳᠬᠡᠨ ᠠᠷᠠᠳ ᠣᠯᠠᠨ ᠤ ᠪᠠᠶᠢᠳᠠᠯ ᠢ ᠮᠡᠳᠡᠬᠦ ᠡᠷᠭᠡ᠂ ᠬᠢᠨᠠᠯᠲᠠ ᠲᠠᠯᠪᠢᠬᠤ ᠡᠷᠬᠡ | ᠶᠢ ᠪᠠᠲᠤᠯᠠᠨ ᠡᠷᠭᠡ ᠶᠢ ᠢᠯᠡ ᠪᠠᠷ ᠬᠡᠷᠡᠭᠵᠢᠬᠦᠯᠦᠨ᠎ᠡ᠃ | ᠰᠶᠢᠳᠪᠤᠷᠢᠲᠤ ᠪᠤᠳᠤᠯᠭ᠎ᠠ ᠭᠡᠷᠡᠭᠵᠢᠬᠦᠯᠬᠦ ᠬᠦᠴᠦᠨ ᠢ ᠦᠨᠡᠨ ᠬᠦ ᠳᠡᠭᠡᠭᠰᠢᠯᠡᠬᠦᠯᠬᠦ ᠬᠡᠷᠡᠭᠲᠡᠢ᠃ ᠪᠢᠳᠠ ᠦᠨᠳᠦᠷ ᠪᠦᠲᠦᠮᠵᠢᠲᠤ ᠵᠠᠰᠠᠭ ᠤᠨ ᠤᠷᠳᠤᠨ ᠢ | ᠪᠦᠲᠦᠭᠡᠨ ᠪᠠᠶᠢᠭᠤᠯᠵᠦ ᠲᠤᠭᠳᠠᠭᠰᠠᠨ ᠴᠠᠭ ᠶᠤᠰᠤᠭᠠᠷ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠵᠦ | ᠰᠢᠨᠵᠢᠯᠡᠬᠦ ᠤᠬᠠᠭᠠᠨᠴᠢ ᠲᠦᠷᠢᠮᠵᠢᠯ ᠲᠠᠢ᠂ ᠦᠨᠳᠦᠷ ᠪᠦᠲᠦᠮᠵᠢᠲᠡᠢ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠪᠠᠶᠢᠭᠤᠯᠤᠨ᠎ᠠ᠃ ᠭᠤᠷᠪᠠᠨ | ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ᠂ ᠲᠦᠷᠦᠯ ᠵᠦᠢᠯ ᠤᠨ ᠪᠠᠷᠢᠯᠭ᠎ᠠ ᠡᠬᠢᠯᠡᠬᠦᠯᠵᠦ ᠪᠠᠷᠢᠯᠭ᠎ᠠ ᠰᠡᠷᠭᠦᠭᠡᠬᠦ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ᠂ ᠪᠦᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠰᠠᠭᠤᠷᠢ ᠢᠵᠢ ᠪᠦᠷᠢᠳᠦᠯ ᠪᠠ ᠠᠷᠠᠳ | ᠤᠨ ᠠᠮᠢᠳᠤᠷᠠᠯ ᠤᠨ ᠪᠤᠳᠠᠳᠤ ᠶᠠᠪᠤᠳᠠᠯ ᠵᠡᠷᠭᠡ ᠴᠢᠬᠤᠯᠠ ᠠᠵᠢᠯ ᠤᠨ ᠰᠢᠶᠠᠨ ᠤ ᠳᠡᠰ ᠤᠨ ᠤᠳᠤᠷᠢᠳᠤᠯᠭ᠎ᠠ᠂ ᠲᠦᠷᠦᠬᠦᠯᠡᠨ ᠬᠢᠬᠦ ᠨᠢᠭᠡᠴᠢ ᠪᠠ | ᠬᠠᠷᠢᠭᠤᠴᠠᠯᠭᠠᠲᠠᠨ ᠪᠦᠬᠦᠨ ᠢ ᠲᠤᠳᠤᠷᠬᠠᠶᠢᠯᠠᠵᠦ ᠴᠠᠭ ᠤᠨ ᠬᠦᠰᠦᠨᠦᠭᠲᠤ ᠶᠢ ᠭᠠᠷᠭᠠᠨ ᠵᠠᠮ ᠱᠤᠭᠤᠮ ᠤᠨ ᠵᠢᠷᠤᠭ ᠢ ᠵᠢᠷᠦᠵᠦ ᠰᠠᠶᠢᠲᠤᠷ ᠲᠦᠯᠬᠢᠨ | ᠠᠬᠢᠭᠤᠯᠵᠦ ᠬᠢᠨᠠᠨ ᠪᠠᠶᠢᠴᠠᠭᠠᠨ ᠨᠢᠭᠡ ᠨᠢᠭᠡ ᠲᠦᠷᠦᠯ ᠢᠶᠠᠷ ᠨᠠᠶᠢᠳᠠᠪᠤᠷᠢᠵᠢᠭᠤᠯᠵᠦ ᠨᠢᠭᠡ ᠨᠢᠭᠡ ᠬᠡᠷᠡᠭ ᠢᠶᠠᠷ ᠰᠶᠢᠳᠪᠤᠷᠢᠯᠡᠨ ᠵᠢᠱᠢᠭᠰᠡᠨ ᠦᠷ᠎ᠡ ᠪᠦᠲᠦᠮᠵᠢ ᠶᠢ | ᠤᠯᠬᠤ ᠶᠢ ᠪᠠᠲᠤᠯᠠᠨ᠎ᠠ᠃ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠦ ᠱᠠᠭᠠᠷᠳᠠᠨ ᠪᠠᠶᠢᠴᠠᠭᠠᠵᠦ ᠬᠠᠷᠢᠭᠤᠴᠠᠯᠭ᠎ᠠ ᠨᠡᠭᠡᠮᠵᠢᠯᠡᠬᠦ᠂ ᠬᠢᠨᠠᠨ ᠰᠢᠯᠭᠠᠵᠦ | ᠦᠷ᠎ᠡ ᠳ᠋ᠦᠩ ᠢ ᠨᠢ ᠠᠰᠠᠭᠤᠬᠤ ᠶᠢ ᠣᠯᠠᠮ ᠨᠢᠭᠡ ᠠᠯᠬᠤᠮ ᠴᠢᠩᠭᠠᠳᠬᠠᠨ ᠠᠵᠢᠯ ᠢ ᠠᠷᠭᠠᠴᠠᠭᠠᠵᠦ ᠠᠯᠠᠩ ᠰᠠᠯᠠᠩ ᠬᠢᠬᠦ᠂ ᠠᠵᠢᠯᠯᠠᠬᠤ ᠳᠤ ᠪᠠᠨ ᠬᠠᠰᠢ ᠶᠠᠰᠢ | ᠪᠠᠶᠢᠬᠤ ᠦᠢᠯᠡ ᠠᠵᠢᠯᠯᠠᠭ᠎ᠠ ᠳᠤ ᠴᠢᠩᠭ᠎ᠠ ᠰᠶᠢᠳᠬᠡᠯ ᠦᠭᠴᠦ ᠵᠠᠯᠬᠠᠭᠤ ᠰᠤᠯᠠ ᠵᠠᠳᠠᠭᠠᠢ᠂ ᠬᠦᠯᠢᠶᠡᠬᠦ ᠲᠦᠰᠢᠭᠯᠡᠬᠦ ᠠᠪᠬᠤ ᠵᠡᠷᠭᠡ ᠨᠠᠵᠠᠭᠠᠢ ᠦᠵᠡᠯ ᠰᠠᠨᠠᠭ᠎ᠠ | ᠶᠢ ᠡᠷᠡᠰ ᠦᠭᠡᠶᠢᠰᠬᠡᠨ ᠵᠦᠷᠢᠴᠡᠯ ᠲᠠᠭᠠᠷᠠᠯᠳᠤᠪᠠᠯ ᠵᠠᠶᠢᠯᠠᠵᠦ ᠶᠠᠪᠤᠬᠤ᠂ ᠬᠦᠴᠢᠷ ᠲᠤᠯᠭᠠᠷᠠᠪᠠᠯ ᠲᠤᠯᠤᠭᠠᠢ ᠪᠦᠬᠦᠶᠢᠳᠡᠭ ︽ᠲᠡᠮᠡᠭᠡᠨ ᠬᠢᠷᠭᠤᠤᠯ︾ ᠤᠨ ᠦᠵᠡᠯ | ᠰᠠᠨᠠᠭ᠎ᠠ ᠶᠢ ᠣᠰᠠᠳᠬᠠᠨ᠎ᠠ᠃ ᠭᠠᠴᠠᠭ᠎ᠠ ᠲᠤᠰᠬᠤᠨ ᠳᠤ ᠰᠠᠭᠤᠵᠦ ᠬᠠᠪᠰᠤᠷᠤᠨ ᠳᠡᠳᠬᠦᠬᠦ ᠠᠵᠢᠯ ᠤᠨ ᠲᠦᠷᠢᠮ ᠢ ᠰᠠᠶᠢᠲᠤᠷ ᠠᠰᠢᠭᠯᠠᠵᠦ ᠪᠠᠶᠢᠴᠠᠭᠠᠯᠲᠠ | ᠰᠤᠳᠤᠯᠤᠯᠲᠠ ᠶᠢ ᠦᠷᠭᠡᠨ ᠢᠶᠠᠷ ᠦᠷᠨᠢᠬᠦᠯᠦᠨ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤ᠂ ᠠᠵᠦ ᠠᠬᠤᠶᠢᠯᠠᠯ᠂ ᠮᠠᠯᠴᠢᠨ ᠲᠠᠷᠢᠶᠠᠴᠢᠨ ᠤ ᠭᠡᠷ ᠲᠤ | ᠬᠦᠷᠴᠤ ᠬᠡᠷᠡᠭᠴᠡᠭᠡ ᠱᠠᠭᠠᠷᠳᠠᠯᠭ᠎ᠠ ᠬᠦᠰᠡᠯ ᠨᠠᠶᠢᠳᠠᠯᠭ᠎ᠠ ᠪᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠢᠯᠠᠭᠠᠵᠦ ᠲᠦᠷᠦ ᠶᠢᠨ | ᠪᠤᠳᠤᠯᠭ᠎ᠠ ᠶᠢ ᠤᠨᠤᠪᠴᠢᠲᠠᠢ ᠲᠤᠭᠳᠠᠭᠠᠭᠰᠠᠨ ᠦᠭᠡᠢ᠂ ᠨᠠᠶᠢᠳᠠᠪᠤᠷᠢᠵᠢᠭᠤᠯᠤᠯᠲᠠ ᠶᠢᠨ ᠬᠡᠯᠪᠡᠷᠢ ᠮᠠᠶ᠋ᠢᠭ ᠬᠤᠪᠢᠷᠠᠭᠰᠠᠨ᠂ ᠠᠵᠢᠯ ᠤᠨ ᠠᠬᠢᠭᠤᠯᠤᠯᠲᠠ ᠤᠳᠠᠭᠠᠨ | ᠵᠡᠷᠭᠡ ᠠᠰᠠᠭᠤᠳᠠᠯ ᠢ ᠪᠦᠲᠦᠮᠵᠢᠲᠡᠢ ᠰᠶᠢᠳᠪᠤᠷᠢᠯᠡᠨ᠎ᠡ᠃ | ᠰᠠᠬᠢᠯᠭ᠎ᠠ ᠪᠠᠲᠤ ᠶᠢᠨ ᠬᠢᠵᠠᠭᠠᠷᠯᠠᠬᠤ ᠬᠦᠴᠦᠨ ᠢ ᠦᠨᠡᠨ ᠬᠦ ᠳᠡᠭᠡᠭᠰᠢᠯᠡᠬᠦᠯᠦᠨ᠎ᠡ᠃ ᠪᠢᠳᠠ ᠠᠷᠢᠭᠤᠨ ᠴᠢᠭᠡᠴᠢ ᠵᠠᠰᠠᠭ ᠤᠨ ᠤᠷᠳᠤᠨ ᠢ ᠪᠦᠲᠦᠭᠡᠨ | ᠪᠠᠶᠢᠭᠤᠯᠵᠦ ︽ᠬᠦᠮᠦᠨ ᠪᠦᠬᠦᠨ ᠵᠤᠷᠢᠭ ᠰᠦᠯᠳᠡ ᠲᠠᠢ ᠪᠠᠶᠢᠬᠤ ᠬᠡᠷᠡᠭᠲᠡᠢ︾ ᠬᠡᠬᠦ ᠦᠵᠡᠯ ᠰᠠᠨᠠᠭ᠎ᠠ ᠶᠢ ᠰᠠᠨᠠᠭᠠᠴᠢᠯᠠᠨ ᠠᠵᠢᠯ ᠬᠢᠵᠦ ᠦᠢᠯᠡᠰ ᠪᠤᠰᠬᠠᠬᠤ᠂ | ᠬᠠᠷᠠᠮ ᠦᠭᠡᠢ ᠵᠤᠷᠢᠭᠤᠯᠬᠤ ᠰᠠᠶᠢᠨ ᠰᠠᠶᠢᠬᠠᠨ ᠣᠶᠤᠨ ᠰᠠᠨᠠᠭᠠᠨ ᠤ ᠬᠡᠪ ᠪᠠᠶᠢᠳᠠᠯ ᠢ ᠪᠤᠢ ᠪᠤᠯᠭᠠᠵᠦ ᠠᠮᠢᠨᠴᠢᠷ ᠰᠠᠨᠠᠭ᠎ᠠ ᠬᠤᠪᠢᠨᠴᠢᠷ ᠪᠤᠳᠤᠯ ᠪᠠ ︽ᠡᠳ᠋ | ᠪᠤᠳᠠᠰ ᠢ ᠬᠡᠲᠤᠷᠬᠡᠢ ᠡᠷᠬᠢᠮᠯᠡᠬᠦ ᠦᠵᠡᠯ︾ ᠢ ᠡᠷᠡᠰ ᠲᠠᠶᠠᠭᠳᠠᠨ ᠢᠯᠵᠠᠷᠠᠯ ᠢ ᠡᠰᠡᠷᠭᠦᠴᠡᠨ ᠬᠤᠪᠢᠰᠤᠯᠲᠠ ᠶᠢ ᠰᠡᠷᠬᠡᠶᠢᠯᠡᠬᠦ ᠦᠵᠡᠯ ᠤᠬᠠᠮᠰᠠᠷ ᠢ ᠪᠠᠳᠣᠳᠬᠠᠨ᠎ᠠ᠃ | ᠵᠠᠰᠠᠭ ᠤᠨ ᠤᠷᠳᠤᠨ ᠤ ᠨᠠᠮ ᠤᠨ ᠣᠳᠣᠷᠢᠳᠬᠤ ᠲᠤᠭᠤᠶᠢᠯᠠᠩ ᠤᠨ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ | ᠨᠠᠶᠢᠳᠠᠪᠤᠷᠢᠵᠢᠭᠤᠯᠵᠦ ᠵᠠᠰᠠᠭ ᠤᠨ ᠤᠷᠳᠤᠨ ᠤ ᠡᠯ᠎ᠡ ᠲᠦᠷᠦᠯ ᠤᠨ ᠠᠵᠢᠯ ᠤᠨ ᠲᠤᠭᠲᠠᠯᠴᠠᠭ᠎ᠠ ᠶᠢ ᠲᠡᠭᠦᠯᠳᠡᠷᠵᠢᠬᠦᠯᠤᠨ ᠵᠠᠰᠠᠭ ᠶᠠᠪᠤᠭᠤᠯᠬᠤ ᠳᠤ ᠵᠢᠷᠤᠮᠯᠠᠬᠤ | ᠲᠦᠷᠢᠮ ᠲᠤᠭᠲᠠᠭᠠᠯ ᠲᠠᠢ ᠪᠠᠶᠢᠵᠦ᠂ ᠲᠦᠷᠢᠮ ᠲᠤᠭᠳᠠᠭᠠᠯ ᠪᠠᠶᠢᠪᠠᠯ ᠵᠠᠪᠠᠯ ᠵᠢᠷᠤᠮᠯᠠᠬᠤ ᠶᠢ ᠪᠠᠲᠤᠯᠠᠨ᠎ᠠ᠃ ᠲᠤᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠ | ᠬᠢᠨᠠᠨ ᠪᠤᠳᠤᠬᠤ ᠪᠠᠷ ᠳᠠᠮᠵᠢᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠡᠭᠡᠲᠤ ᠬᠡᠮᠵᠢᠶ᠎ᠡ ᠪᠠᠷ ᠴᠢᠬᠤᠯᠠᠴᠢᠯᠠᠨ ᠦᠵᠡᠵᠦ | ᠬᠠᠨᠳᠤᠯᠭᠠᠲᠤ ᠴᠢᠨᠠᠷ ᠲᠠᠢ ᠪᠠᠷ ᠴᠡᠭᠴᠡᠯᠡᠨ ᠰᠠᠶᠢᠵᠢᠷᠠᠭᠤᠯᠬᠤ ᠲᠦᠰᠦᠯ ᠢ ᠲᠤᠭᠳᠠᠭᠠᠨ ᠵᠤᠷᠢᠭᠲᠠᠢ ᠪᠠᠷ ᠬᠦᠴᠢᠷ ᠪᠡᠷᠭᠡ ᠶᠢ ᠳᠠᠪᠠᠨ ᠴᠢᠨᠠᠷ ᠢ ᠪᠠᠲᠤᠯᠠᠵᠦ ᠴᠠᠭ | ᠲᠤᠬᠠᠢ ᠳᠤᠨᠢ ᠡᠭᠦᠷᠭᠡ ᠪᠠᠨ ᠪᠡᠶᠡᠯᠡᠬᠦᠯᠤᠨ᠎ᠡ᠃ ᠰᠢᠷᠭᠠᠭᠤ ᠬᠠᠳᠠᠭᠤᠵᠢᠯᠳᠠᠢ ᠳᠡᠮᠡᠴᠡᠨ ᠠᠵᠢᠯᠴᠢ ᠠᠷᠪᠢᠴᠢ ᠪᠠᠷ ᠠᠵᠣ ᠲᠦᠷᠦᠬᠦ ᠰᠠᠶᠢᠨ ᠰᠠᠶᠢᠬᠠᠨ ᠬᠡᠪ | ᠰᠣᠷᠳᠠᠯ ᠢ ᠶᠡᠬᠡᠪᠡᠷ ᠪᠠᠳᠠᠷᠠᠭᠤᠯᠵᠣ ᠪᠦᠬᠦ ᠬᠤᠰᠢᠭᠤᠨ ᠤ ᠡᠯ᠎ᠡ ᠱᠠᠳᠣᠨ ᠤ ᠠᠯᠪᠠᠨ ᠪᠠᠶᠢᠭᠤᠯᠭ᠎ᠠ ᠪᠠ ᠨᠠᠮ ᠤᠨ ᠬᠡᠰᠢᠬᠦᠨ ᠺᠡᠳ᠋ᠷᠴᠣᠳ ᠳᠣᠯᠣᠭᠠᠶᠢᠯᠠᠨ ᠠᠵᠢᠯᠴᠢ | ᠠᠷᠪᠢᠴᠢ ᠪᠠᠷ ᠠᠮᠢᠳᠣᠷᠠᠨ ᠡᠳᠦᠷ ᠳᠣᠳᠣᠮ ᠤᠨ ᠠᠯᠪᠡᠯᠠᠬᠤ ᠵᠠᠷᠣᠳᠠᠯ᠂ ᠢᠨᠵᠧᠨᠧᠷᠢᠩ ᠤᠨ ᠲᠦᠷᠥᠯ ᠵᠣᠶᠢᠯ ᠤᠨ ᠪᠦᠳᠦᠬᠡᠨ ᠪᠠᠶᠢᠭᠤᠯᠣᠯᠳᠠ ᠪᠦᠬᠦᠨ ᠢ | ᠨᠠᠷᠢᠯᠢᠭ ᠲᠥᠯᠥᠪᠯᠡᠵᠣ ᠨᠢᠮᠪᠠᠢ ᠳᠣᠭᠠᠴᠠᠨ ᠦᠷᠳᠡᠭ ᠢ ᠠᠷᠪᠢᠯᠡᠨ ᠦᠷ᠎ᠡ ᠠᠰᠢᠭ ᠢᠶᠠᠨ ᠨᠡᠮᠡᠭᠳᠡᠬᠦᠯᠵᠣ ᠮᠦᠩᠬᠦ ᠪᠦᠬᠦᠨ ᠢ ᠴᠢᠬᠤᠯᠠᠳᠠᠢ ᠵᠣᠶᠢᠯ ᠳᠤ ᠬᠡᠷᠡᠭᠯᠡᠵᠣ | ᠠᠷᠠᠳ ᠢ ᠬᠠᠷᠠᠭᠠᠯᠵᠠᠬᠤ ᠪᠣᠳᠠᠳᠣ ᠶᠠᠪᠣᠳᠠᠯ ᠳᠡᠬᠡᠷ᠎ᠠ ᠵᠠᠷᠣᠴᠠᠭᠤᠯᠣᠨ ᠬᠤᠳᠠ ᠬᠦᠳᠡᠭᠡ ᠶᠢᠨ ᠰᠠᠭᠤᠭᠠᠯᠢ ᠠᠷᠠᠳ ᠢ ᠰᠠᠶᠢᠨ ᠰᠠᠶᠢᠬᠠᠨ ᠠᠮᠢᠳᠣᠷᠠᠭᠤᠯᠬᠤ ᠪᠠᠷ | ᠴᠢᠷᠮᠠᠶᠢᠨ᠎ᠠ᠃ ᠲᠦᠪ ᠤᠨ ᠨᠠᠢᠮᠠᠨ ᠲᠦᠷᠦᠯ ᠤᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠦ ᠰᠤᠷᠳᠠᠯ ᠤᠨ ᠪᠠᠶᠢᠭᠤᠯᠤᠯᠲᠠ ᠶᠢ | ᠴᠢᠩᠭᠠᠳᠬᠠᠨ ᠢᠳᠡᠭᠦ᠂ ᠠᠪᠬᠤ᠂ ᠬᠤᠷᠢᠭᠯᠠᠬᠤ᠂ ᠨᠡᠬᠡᠵᠣ ᠠᠪᠬᠤ᠂ ᠳᠡᠯᠳᠠᠭᠤᠷ ᠣᠶᠢᠯᠡᠳᠬᠦ ᠵᠡᠷᠭᠡ ᠬᠠᠤᠯᠢ᠂ ᠰᠠᠬᠢᠯᠭ᠎ᠠ ᠪᠠᠲᠤ ᠶᠢ ᠵᠦᠷᠢᠴᠡᠭᠰᠡᠨ ᠠᠰᠠᠭᠤᠳᠠᠯ | ᠢ ᠡᠷᠡᠰ ᠪᠠᠶᠢᠴᠠᠭᠠᠨ ᠰᠶᠢᠳᠪᠤᠷᠢᠯᠡᠵᠦ ᠣᠯᠠᠨ ᠲᠦᠮᠡᠨ ᠤ ᠡᠷᠭᠡ ᠠᠰᠢᠭ ᠢ ᠬᠤᠬᠢᠷᠠᠭᠤᠯᠤᠭᠰᠠᠨ ᠠᠵᠢᠯᠯᠠᠭ᠎ᠠ ᠶᠢ ᠵᠠᠰᠠᠨ ᠲᠦᠪ ᠭᠤᠤᠯᠴᠢ᠂ ᠠᠷᠢᠭᠤᠨ ᠴᠢᠭᠡᠴᠢ | ᠂ ᠠᠷᠠᠳ ᠲᠦᠮᠡᠨ ᠳᠤ ᠦᠢᠯᠡᠴᠢᠯᠡᠬᠦ ᠶᠢ ᠠᠯᠪᠠᠨ ᠲᠤᠰᠢᠶᠠᠯᠲᠠᠨ ᠨᠢᠭᠡᠪᠤᠷᠢ ᠶᠢᠨ ᠪᠠᠶᠢᠪᠠᠰᠤ ᠵᠤᠬᠢᠬᠤ ᠤᠯᠤᠰ ᠲᠦᠷᠦ ᠶᠢᠨ ᠡᠭᠦᠷᠭᠡ ᠬᠠᠷᠢᠭᠤᠴᠠᠯᠭ᠎ᠠ ᠪᠤᠯᠭᠠᠨ᠎ᠠ᠃ | | ᠲᠦᠯᠦᠭᠡᠯᠡᠭᠴᠢᠳ ᠡ᠂ ᠰᠢᠨ᠎ᠡ ᠴᠠᠭ ᠦᠶ᠎ᠡ ᠳᠤ ᠰᠢᠨ᠎ᠡ ᠬᠦᠰᠡᠯ ᠡᠷᠡᠮᠡᠯᠵᠡᠯ ᠲᠠᠢ ᠪᠠᠶᠢᠵᠣ᠂ ᠰᠢᠨ᠎ᠡ ᠴᠠᠭ ᠦᠶ᠎ᠡ ᠳᠤ ᠰᠢᠨ᠎ᠡ ᠠᠮᠵᠢᠯᠲᠠ ᠪᠦᠲᠦᠮᠵᠢ | ᠭᠠᠷᠭᠠᠬᠤ ᠬᠡᠷᠡᠭᠳᠡᠢ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠ ᠪᠦᠯᠬᠦᠮᠳᠡᠵᠦ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ | ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ ᠪᠦᠯᠬᠦᠮᠳᠡᠨ ᠲᠡᠮᠡᠴᠡᠵᠦ ᠠᠵᠠ ᠲᠤᠬᠢᠶᠠᠯ ᠢ ᠡᠵᠡᠮᠳᠡᠨ ᠡᠷᠡᠮᠡᠬᠡᠶᠢᠯᠡᠨ | ᠤᠷᠤᠭᠰᠢᠯᠠᠵᠦ᠂ ᠵᠤᠷᠢᠭᠲᠠᠢ ᠢᠯᠠᠨ ᠳᠠᠪᠠᠵᠦ ᠴᠢᠨᠠᠷ ᠰᠠᠶᠢᠲᠠᠢ ᠬᠦᠭᠵᠢᠯᠲᠡ᠂ ᠨᠤᠮᠢᠨ ᠲᠠᠩᠰᠤᠭ ᠬᠦᠭᠵᠢᠨ ᠮᠠᠨᠳᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ | ᠰᠢᠯᠢᠳᠡᠭ ᠬᠢᠷᠢ ᠪᠦᠲᠦᠮᠵᠢ ᠪᠠᠷ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠡᠭᠡᠶᠡ︕ | | | | ᠨᠡᠷᠡᠰ ᠤᠨ ᠲᠠᠶᠢᠯᠪᠤᠷᠢ | ︽ᠲᠦᠷᠪᠡᠨ ᠬᠦᠢᠴᠡᠳᠭᠡᠬᠦ︾ ᠤᠴᠢᠷ ᠶᠠᠪᠤᠳᠠᠯ᠄ ︽ᠳᠠᠷᠤᠢ ᠳᠤ ᠨᠢ ᠬᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠶᠢᠷ᠎ᠠ ᠬᠠᠪᠢ ᠳᠤᠨᠢ | ᠬᠦᠢᠴᠡᠳᠬᠡᠬᠦ᠂ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠤᠴᠢᠷ ᠶᠠᠪᠤᠳᠠᠯ ᠢ ᠵᠢᠭᠠᠨ᠎ᠠ᠃ | ︽ᠨᠢᠭᠡ ᠰᠦᠯᠵᠢᠶᠡᠨ ᠳᠡᠭᠡᠷ᠎ᠡ᠂ ᠨᠢᠭᠡ ᠭᠠᠵᠠᠷ ᠲᠤ᠂ ᠨᠢᠭᠡ ᠯᠠ ᠤᠳᠠᠭ᠎ᠠ ᠳᠡᠭᠡᠷ᠎ᠡ ᠭᠦᠢᠴᠡᠳᠬᠡᠬᠦ︾ ᠥᠭᠡᠷᠡᠴᠢᠯᠡᠯᠲᠡ᠄ ᠠᠵᠦ ᠠᠬᠤᠶᠢᠯᠠᠯ ᠪᠠ ᠣᠯᠠᠨ | ᠲᠦᠮᠡᠨ ᠤᠴᠢᠷ ᠶᠠᠪᠤᠳᠠᠯ ᠢᠶᠠᠨ ᠬᠦᠢᠴᠡᠳᠬᠡᠬᠦ ᠳᠤ ᠪᠠᠨ ᠰᠦᠯᠵᠢᠶᠡᠨ ᠳᠡᠭᠡᠷ᠎ᠡ ︽ᠨᠢᠭᠡ ᠯᠠ ᠰᠦᠯᠵᠢᠶᠠᠨ ᠳᠡᠭᠡᠷ᠎ᠡ ᠨᠡᠶᠢᠳᠡᠮ ᠬᠦᠢᠴᠡᠳᠬᠡᠬᠦ︾᠂ | ᠦᠢᠯᠡᠴᠢᠯᠡᠭᠡᠨ ᠤ ᠴᠤᠩᠬᠤᠪᠴᠢ ᠳᠡᠭᠡᠷ᠎ᠡ ︽ᠨᠢᠭᠡ ᠯᠠ ᠭᠠᠵᠠᠷ ᠲᠤ ᠣᠴᠢᠬᠤ︾᠂ ᠲᠤᠬᠠᠢ ᠶᠢᠨ ᠲᠠᠯᠠᠪᠠᠢ ᠳᠤ ︽ᠬᠠᠮᠤᠭ ᠤᠯᠠᠨ ᠳᠤ ᠪᠠᠨ ᠨᠢᠭᠡ ᠯᠠ | ᠤᠳᠠᠭ᠎ᠠ ᠣᠴᠢᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠭᠡᠷᠡᠴᠢᠯᠡᠯᠲᠡ ᠶᠢ ᠵᠢᠭᠠᠨ᠎ᠠ᠃ | ᠣᠯᠠᠨ ᠦᠨᠡᠮᠯᠡᠯ ᠢ ᠨᠢᠭᠡᠳᠭᠡᠬᠦ᠄ ᠨᠢᠭᠡᠨᠲᠡ ᠬᠡᠷᠡᠭᠵᠢᠬᠦᠯᠦᠭᠰᠡᠨ ᠡᠵᠡᠩᠨᠡᠯᠲᠡ ᠶᠢᠨ ᠦᠨᠡᠮᠯᠡᠯ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ | ᠲᠦᠯᠦᠭᠡᠨ ᠤ ᠺᠤᠳ᠋ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠲᠠᠩᠰᠠᠯᠠᠯᠲᠠ ᠶᠢᠨ ᠦᠨᠡᠮᠯᠡᠯ᠂ ᠨᠡᠶᠢᠬᠡᠮ ᠤᠨ ᠳᠠᠭᠠᠳᠬᠠᠯ ᠤᠨ ᠳᠠᠩᠰᠠᠯᠠᠯᠲᠠ ᠶᠢᠨ | ᠦᠨᠡᠮᠯᠡᠯ᠂ ᠲᠤᠭ᠎ᠠ ᠪᠦᠷᠢᠳᠬᠡᠯ ᠤᠨ ᠦᠨᠡᠮᠯᠡᠯ ︽ᠲᠠᠪᠤᠨ ᠦᠨᠡᠮᠯᠡᠯ ᠢ ᠨᠢᠭᠡᠳᠭᠡᠨ ᠨᠢᠭᠡ ᠪᠤᠯᠭᠠᠬᠤ︾ ᠰᠠᠭᠤᠷᠢᠨ ᠳᠡᠭᠡᠷ᠎ᠡ ᠭᠤᠶᠤᠴᠢᠯᠠᠭᠴᠢ ᠳᠤ ᠨᠢᠭᠡᠳᠦᠯᠳᠡᠢ | ᠨᠡᠶᠢᠬᠡᠮ ᠤᠨ ᠢᠳᠡᠭᠡᠮᠵᠢ ᠶᠢᠨ ᠲᠦᠯᠦᠭᠡᠨ ᠺᠤᠳ᠋ ᠪᠠ ᠢᠳᠡᠭᠡᠨ ᠣᠮᠳᠠᠭᠠᠨ ᠤ ᠵᠦᠢᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠤᠨ ᠨᠤᠮᠧᠷ ᠵᠡᠷᠭᠡ | ᠨᠢᠭᠡ ᠦᠨᠡᠮᠯᠡᠯ ᠳᠤ ᠬᠤᠶᠠᠷ ᠨᠤᠮᠧᠷ ᠪᠤᠶᠤ ᠣᠯᠠᠨ ᠨᠤᠮᠧᠷ ᠲᠠᠢ ︽ᠣᠯᠠᠨ ᠦᠨᠡᠮᠯᠡᠯ ᠢ ᠨᠢᠭᠡᠳᠭᠡᠭᠰᠡᠨ︾ ᠡᠵᠡᠩᠨᠡᠯᠲᠡ ᠶᠢᠨ ᠦᠨᠡᠮᠯᠡᠯ ᠢ ᠲᠠᠷᠬᠠᠭᠠᠬᠤ | ᠨᠢᠭᠡᠳᠦᠯᠲᠡᠢ ᠬᠤᠯᠪᠤᠭᠠᠯᠠᠨ ᠳᠠᠩᠰᠠᠯᠠᠬᠤ ᠠᠷᠭ᠎ᠠ ᠪᠠᠷᠢᠯ ᠢ ᠵᠢᠭᠠᠨ᠎ᠠ᠃ | ᠬᠡᠷᠡᠴᠢ ᠦᠨᠡᠮᠯᠡᠯ ᠢ ᠰᠠᠯᠭᠠᠬᠤ᠄ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠤᠨ ᠲᠠᠷᠬᠠᠭᠠᠭᠰᠠᠨ ᠡᠵᠡᠩᠨᠡᠯᠲᠡ ᠶᠢᠨ ᠦᠨᠡᠮᠯᠡᠯ ᠪᠠ ᠡᠯ᠎ᠡ | ᠬᠠᠮᠢᠶ᠎ᠠ ᠪᠦᠬᠦᠢ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠠᠷᠬᠠᠭᠠᠭᠰᠠᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ | ᠬᠢᠨᠠᠨ ᠵᠦᠪᠰᠢᠶᠡᠷᠡᠬᠦ ᠦᠬᠡᠷᠡᠴᠢᠯᠡᠯᠲᠡ ᠶᠢ ᠵᠢᠭᠠᠨ᠎ᠠ᠃ ᠦᠭᠡᠷᠡᠴᠢᠯᠡᠭᠰᠡᠨ ᠤ ᠳᠠᠷᠠᠭ᠎ᠠ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠬᠦᠷᠴᠤ | ᠡᠵᠡᠩᠨᠡᠯᠲᠡ ᠶᠢᠨ ᠦᠨᠡᠮᠯᠡᠯ ᠢᠶᠠᠨ ᠠᠪᠤᠭᠰᠠᠨ ᠤ ᠳᠠᠷᠠᠭ᠎ᠠ ᠡᠩ ᠤᠨ ᠴᠢᠨᠠᠷᠲᠠᠢ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠤᠯᠤᠨ᠎ᠠ᠃ ᠬᠡᠷᠪᠡ | ᠵᠦᠪᠰᠢᠶᠡᠷᠡᠬᠦᠯᠬᠦ ᠴᠢᠬᠤᠯᠠᠲᠠᠢ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠬᠦ ᠳᠤ ᠲᠠᠬᠢᠨ ᠬᠤᠯᠪᠤᠭᠳᠠᠯ ᠪᠦᠬᠦᠢ ᠬᠢᠨᠠᠨ ᠵᠦᠪᠰᠢᠶᠡᠷᠡᠬᠦᠯᠬᠦ | ᠰᠠᠯᠠᠭ᠎ᠠ ᠮᠦᠴᠢᠷ ᠲᠤ ᠬᠦᠷᠴᠤ ᠵᠦᠪᠰᠢᠶᠡᠷᠡᠬᠦᠯᠬᠦ ᠭᠠᠷᠳᠠᠮ ᠢ ᠬᠦᠢᠴᠡᠳᠬᠡᠨ᠎ᠡ᠃ | ᠠᠵᠦ ᠠᠬᠤᠶᠢᠯᠠᠯ ᠢ ᠡᠬᠦᠯᠡᠨ ᠳᠠᠪᠴᠠᠩ ᠳᠤ ᠭᠠᠷᠭᠠᠬᠤ᠄ ᠠᠵᠦ ᠠᠬᠤᠶᠢᠯᠠᠯ ᠨᠢ ᠰᠦᠯᠵᠢᠶ᠎ᠡ ᠪᠠᠷ ᠳᠠᠮᠵᠢᠨ ᠠᠵᠤ ᠠᠬᠤᠶᠢᠯᠠᠯ ᠤᠨ ᠰᠠᠭᠤᠷᠢ ᠰᠢᠰᠲ᠋ᠧᠮ᠂ | ᠬᠠᠮᠢᠶᠠᠷᠤᠯᠲᠠ ᠵᠢᠴᠢ ᠲᠤᠬᠠᠶᠢᠯᠠᠭᠰᠠᠨ ᠠᠵᠢᠯ ᠢᠶᠠᠨ ᠡᠭᠦᠯᠡᠨ ᠳᠠᠪᠴᠡᠩ ᠳᠤ ᠪᠠᠶᠢᠷᠢᠯᠠᠭᠤᠯᠤᠨ ᠰᠦᠯᠵᠢᠶ᠎ᠡ ᠶᠢ ᠠᠰᠢᠭᠯᠠᠵᠦ ᠦᠢᠯᠡᠴᠢᠯᠡᠬᠡᠨ ᠤ ᠬᠤᠳᠠᠯᠳᠤᠭᠠᠴᠢᠨ | ᠤ ᠬᠠᠩᠭᠠᠭᠰᠠᠨ ᠦᠢᠯᠡᠴᠢᠯᠡᠭᠡ ᠶᠢ ᠲᠦᠬᠦᠮ ᠲᠦᠳᠡ ᠪᠠᠷ ᠣᠯᠵᠦ ᠡᠭᠦᠨ ᠢᠶᠠᠷ ᠳᠠᠮᠵᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢᠨ ᠪᠦᠲᠦᠮᠵᠢ ᠶᠢ | ᠳᠡᠭᠡᠭᠰᠢᠯᠡᠬᠦᠯᠦᠨ ᠠᠵᠦ ᠠᠬᠤᠢ ᠶᠢᠨ ᠬᠦᠭᠵᠢᠯᠲᠡ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ ᠰᠢᠨ᠎ᠡ ᠬᠠᠭᠤᠴᠢᠨ ᠬᠦᠳᠡᠯᠬᠡᠬᠦ ᠬᠦᠴᠦᠨ ᠤ ᠰᠤᠯᠢᠭᠳᠠᠯ ᠢ | ᠲᠦᠷᠭᠡᠳᠬᠡᠬᠦ ᠶᠢ ᠵᠢᠭᠠᠨ᠎ᠠ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ︽1 + 5︾ ᠬᠡᠷᠡᠭᠵᠢᠬᠦᠯᠬᠦ ᠲᠦᠰᠦᠯ ᠄ 1 ᠨᠢ ᠪᠤᠯ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠶᠡᠷᠦᠩᠬᠡᠢ ᠬᠡᠷᠡᠭᠵᠢᠬᠦᠯᠬᠦ ᠲᠦᠰᠦᠯ᠃ 5 ᠨᠢ ᠪᠤᠯ ᠳᠠᠷᠤᠢ ᠠᠵᠦ ᠦᠢᠯᠡᠰ ᠢ ᠬᠦᠭᠵᠢᠬᠦᠯᠦᠨ ᠮᠠᠨᠳᠤᠭᠤᠯᠬᠤ᠂ ᠠᠮᠢ | ᠠᠬᠤᠢ ᠶᠢ ᠬᠦᠭᠵᠢᠬᠦᠯᠦᠨ ᠮᠠᠨᠳᠤᠭᠤᠯᠬᠤ᠂ ᠰᠤᠶᠤᠯ ᠢ ᠬᠦᠭᠵᠢᠬᠦᠯᠦᠨ ᠮᠠᠨᠳᠤᠭᠤᠯᠬᠤ᠂ ᠵᠤᠬᠢᠶᠠᠨ ᠪᠠᠶᠢᠭᠤᠯᠤᠯᠲᠠ ᠶᠢ ᠬᠦᠭᠵᠢᠬᠦᠯᠦᠨ ᠮᠠᠨᠳᠤᠭᠤᠯᠬᠤ ᠪᠠ | ᠴᠢᠳᠠᠪᠤᠷᠢᠲᠠᠨ ᠢ ᠬᠦᠭᠵᠢᠬᠦᠯᠦᠨ ᠮᠠᠨᠳᠤᠭᠤᠯᠬᠤ ᠶᠢ ᠬᠡᠷᠡᠭᠵᠢᠬᠦᠯᠬᠦ ᠲᠦᠰᠦᠯ ᠢ ᠵᠢᠭᠠᠨ᠎ᠠ᠃ | ᠠᠵᠦ ᠠᠬᠤᠶᠢᠯᠠᠯ ᠤᠨ ᠬᠤᠯᠪᠤᠭᠠᠲᠤ ᠴᠤᠭᠴᠠ᠄ ᠮᠠᠯ ᠲᠠᠷᠢᠶᠠᠯᠠᠩ ᠤᠨ ᠠᠵᠦ ᠠᠬᠤᠶᠢᠯᠠᠯ ᠢᠶᠠᠷ ᠲᠤᠯᠤᠭᠠᠶᠢᠯᠠᠭᠴᠢ ᠪᠤᠯᠭᠠᠭᠰᠠᠨ᠂ ᠮᠠᠯᠴᠢᠨ ᠲᠠᠷᠢᠶᠠᠴᠢᠨ | ᠤ ᠲᠤᠰᠬᠠᠢ ᠬᠤᠷᠰᠢᠶᠠᠵᠢᠯ ᠢᠶᠠᠷ ᠬᠤᠯᠪᠤᠭᠠᠰᠤ ᠪᠤᠯᠭᠠᠭᠰᠠᠨ ᠬᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ ᠪᠠᠷ ᠰᠠᠭᠤᠷᠢ ᠪᠤᠯᠭᠠᠭᠰᠠᠨ ᠨᠢᠭᠡ | ᠴᠤᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠤᠳᠤᠬᠢᠴᠢᠯᠠᠭᠰᠠᠨ ᠮᠠᠯ ᠲᠠᠷᠢᠶᠠᠯᠠᠩ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠵᠤᠬᠢᠶᠠᠨ ᠪᠠᠶᠢᠭᠤᠯᠤᠯᠲᠠ | ᠪᠤᠯᠤᠨ᠎ᠠ᠃ | ᠭᠤᠷᠪᠠ ᠶᠢ ᠴᠡᠪᠡᠷᠯᠡᠨ ᠨᠢᠬᠡ ᠶᠢ ᠦᠬᠡᠷᠡᠴᠢᠯᠡᠬᠦ᠄ ᠭᠤᠷᠪᠠ ᠶᠢ ᠴᠡᠪᠡᠷᠯᠡᠬᠦ ᠬᠡᠳᠡᠭ ᠨᠢ ᠬᠤᠭ ᠨᠣᠪᠰᠢ ᠶᠢ ᠴᠡᠪᠡᠷᠯᠡᠬᠦ᠂ ᠭᠤᠣ ᠴᠦᠬᠦᠷᠣᠮ ᠢ ᠴᠡᠪᠡᠷᠯᠡᠬᠦ᠂ | ᠮᠠᠯ ᠵᠢᠬᠦᠷᠳᠡᠨ ᠤ ᠰᠢᠬᠡᠭ ᠪᠠᠭᠠᠰᠣ ᠶᠢ ᠴᠡᠪᠡᠷᠯᠡᠬᠦ ᠶᠢ ᠵᠢᠭᠠᠵᠣ᠂ ᠨᠢᠬᠡ ᠶᠢ ᠦᠬᠡᠷᠡᠴᠢᠯᠡᠬᠦ ᠬᠡᠳᠡᠭ ᠨᠢ ᠮᠠᠯᠴᠢᠨ ᠲᠠᠷᠢᠶᠠᠴᠢᠨ ᠤ ᠣᠷᠣᠰᠢᠨ ᠰᠠᠭᠤᠷᠢᠰᠢᠬᠤ | ᠣᠷᠴᠢᠨ ᠢ ᠨᠦᠯᠦᠬᠡᠯᠡᠵᠣ ᠪᠠᠶᠢᠬᠤ ᠮᠠᠭᠤ ᠮᠠᠭᠤᠬᠠᠢ ᠳᠡᠳᠬᠠᠯ ᠢ ᠦᠬᠡᠷᠡᠴᠢᠯᠡᠬᠦ ᠶᠢ ᠵᠢᠭᠠᠵᠣ ᠪᠠᠶᠢᠨ᠎ᠠ᠃ | ᠰᠣᠳᠣᠯᠵᠣ ᠰᠣᠷᠣᠯᠴᠠᠬᠤ ᠰᠠᠭᠤᠷᠢᠨ ᠭᠠᠵᠠᠷ᠄ ᠰᠣᠳᠣᠯᠵᠣ ᠰᠣᠷᠣᠯᠴᠠᠬᠤ ᠵᠢᠭᠤᠯᠴᠢᠯᠡᠯ ᠭᠡᠳᠡᠭ ᠨᠢ ᠰᠣᠷᠭᠠᠭᠤᠯᠢ ᠠᠴᠠ ᠵᠢᠭᠠᠨ ᠰᠣᠷᠭᠠᠯᠳᠠ ᠶᠢᠨ | ᠠᠭᠤᠯᠭ᠎ᠠ ᠶᠢᠨ ᠱᠠᠭᠠᠷᠳᠠᠯᠭ᠎ᠠ ᠶᠢ ᠦᠨᠳᠣᠰᠣᠯᠠᠨ ᠰᠣᠷᠣᠭᠴᠢᠳ ᠢ ᠵᠣᠬᠢᠶᠠᠨ ᠪᠠᠶᠢᠭᠤᠯᠵᠣ ᠬᠠᠮᠳᠣ ᠪᠠᠷ ᠢᠶᠠᠨ ᠵᠢᠭᠤᠯᠴᠢᠯᠡᠬᠤ᠂ ᠲᠦᠪᠯᠠᠷᠠᠨ ᠢᠳᠡᠵᠣ ᠣᠣᠭᠤᠵᠣ | ᠬᠤᠨᠣᠭᠯᠠᠬᠤ ᠵᠡᠷᠬᠡ ᠠᠷᠭ᠎ᠠ ᠪᠠᠷᠢᠯ ᠢᠶᠠᠷ ᠳᠠᠮᠵᠢᠨ ᠰᠣᠷᠭᠠᠭᠤᠯᠢ ᠶᠢᠨ ᠬᠦᠷᠢᠶᠠᠨ ᠤ ᠭᠠᠳᠠᠨᠠᠬᠢ ᠠᠳᠡᠯᠢ ᠪᠣᠰᠣ ᠠᠮᠢᠳᠣᠷᠠᠯ ᠤᠨ ᠳᠣᠮᠳᠠ ᠬᠠᠷᠠᠭ᠎ᠠ ᠪᠠᠨ ᠳᠡᠯᠡᠵᠣ | ᠡᠬᠡ ᠪᠠᠶᠢᠭᠠᠯᠢ ᠪᠠ ᠰᠣᠶᠣᠯ ᠲᠠᠢ ᠨᠡᠩ ᠣᠶᠢᠷᠠᠳᠣᠵᠣ ᠬᠠᠮᠳᠣ ᠶᠢᠨ ᠠᠮᠢᠳᠣᠷᠠᠯ ᠤᠨ ᠠᠷᠭ᠎ᠠ ᠪᠠᠷᠢᠯ ᠪᠠ ᠨᠡᠶᠢᠬᠡᠮ ᠤᠨ ᠶᠣᠰᠣ ᠰᠣᠷᠳᠠᠬᠤᠨ ᠢ ᠪᠠᠶᠠᠴᠢᠯᠡᠨ | ᠣᠶᠢᠯᠠᠭᠠᠬᠤ ᠶᠢ ᠵᠢᠭᠠᠨ᠎ᠠ᠃ ᠰᠣᠳᠣᠯᠵᠣ ᠰᠣᠷᠣᠯᠴᠠᠬᠤ ᠰᠠᠭᠤᠷᠢᠨ ᠭᠠᠵᠠᠷ ᠪᠣᠯ ᠰᠣᠳᠣᠯᠵᠣ ᠰᠣᠷᠣᠯᠴᠠᠬᠤ ᠵᠢᠭᠤᠯᠴᠢᠯᠡᠯ ᠤᠨ ᠦᠪᠡᠷᠮᠢᠴᠡ ᠣᠨᠴᠠᠯᠢᠭ ᠲᠠᠢ | ᠬᠠᠷᠠᠯᠳᠠ ᠶᠢᠨ ᠣᠷᠣᠨ ᠢ ᠵᠢᠭᠠᠨ᠎ᠠ᠃ | ︽ᠲᠦᠷᠪᠠᠨ ᠰᠠᠶᠢᠳᠠᠢ ᠬᠦᠳᠡᠭᠡ ᠳᠣᠰᠬᠤᠨ ᠤ ᠵᠠᠮ︾᠄ ︽ᠪᠠᠶᠢᠭᠤᠯᠣᠯᠳᠠ ᠰᠠᠶᠢᠳᠠᠢ᠂ ᠬᠠᠮᠢᠶᠠᠷᠣᠯᠳᠠ ᠰᠠᠶᠢᠳᠠᠢ᠂ ᠬᠠᠮᠠᠭᠠᠯᠠᠯᠳᠠ ᠰᠠᠶᠢᠳᠠᠢ᠂ | ᠠᠰᠢᠭᠯᠠᠯᠳᠠ ᠰᠠᠶᠢᠳᠠᠢ︾ ᠬᠦᠳᠡᠭᠡ ᠳᠣᠰᠬᠤᠨ ᠤ ᠵᠠᠰᠠᠮᠠᠯ ᠵᠠᠮ ᠢ ᠵᠢᠭᠠᠨ᠎ᠠ᠃ | ᠵᠠᠮ ᠤᠨ ᠳᠠᠷᠤᠭ᠎ᠠ ᠶᠢᠨ ᠳᠣᠭᠳᠠᠯᠴᠠᠭ᠎ᠠ᠄ ᠵᠠᠮ ᠬᠠᠮᠢᠶᠠᠷᠣᠭᠴᠢ ᠨᠠᠷ ᠵᠠᠮ ᠤᠨ ᠳᠠᠷᠤᠭ᠎ᠠ ᠶᠢᠨ ᠨᠢᠬᠡᠳᠣᠯᠳᠡᠢ ᠣᠳᠣᠷᠢᠳᠣᠯᠭ᠎ᠠ ᠳᠣᠣᠷ᠎ᠠ ᠦᠪᠡᠷ ᠤᠨ | ᠬᠠᠷᠢᠭᠤᠴᠠᠵᠣ ᠪᠠᠶᠢᠬᠤ ᠵᠠᠰᠠᠮᠠᠯ ᠵᠠᠮ ᠤᠨ ᠳᠠᠭᠠᠯᠲᠠ ᠲᠦᠬᠦᠬᠡᠷᠣᠮᠵᠢ᠂ ᠵᠠᠮ ᠤᠨ ᠲᠦᠷᠢ ᠲᠦᠷᠬᠦ᠂ ᠵᠠᠮ ᠬᠠᠷᠢᠯᠴᠠᠭᠠᠨ ᠤ ᠡᠮᠬᠢ ᠲᠢᠭᠯᠢᠮ᠂ | ᠨᠣᠭᠤᠭᠠᠷᠠᠭᠤᠯᠣᠯᠳᠠ ᠪᠠ ᠣᠷᠴᠢᠨ ᠳᠣᠭᠤᠷᠢᠨ ᠤ ᠡᠷᠡᠬᠦᠯ ᠬᠠᠮᠠᠭᠠᠯᠠᠯ ᠵᠡᠷᠬᠡ ᠶᠢ ᠪᠦᠬᠦ ᠳᠠᠯ᠎ᠠ ᠪᠠᠷ ᠶᠡᠷᠦᠩᠬᠡᠶᠢᠯᠡᠨ ᠬᠠᠮᠢᠶᠠᠷᠬᠤ ᠲᠦᠷᠢᠮ ᠢ ᠵᠢᠭᠠᠨ᠎ᠠ᠃ | ︽ᠬᠤᠣᠰ ᠳᠠᠷᠢᠬᠦᠨ ᠳᠠᠰ︾ ᠤᠨ ᠶᠡᠭᠡ ᠰᠣᠷᠭᠠᠭᠤᠯᠢ᠄ ᠳᠡᠯᠡᠬᠡᠢ ᠶᠢᠨ ᠳᠠᠷᠢᠬᠦᠨ ᠤ ᠳᠠᠰ ᠤᠨ ᠶᠡᠭᠡ ᠰᠣᠷᠭᠠᠭᠤᠯᠢ ᠪᠠ ᠳᠠᠷᠢᠬᠦᠨ ᠤ ᠳᠠᠰ ᠤᠨ | ᠰᠢᠨᠵᠢᠯᠡᠬᠡᠨ ᠢ ᠪᠠᠶᠢᠭᠤᠯᠤᠨ᠎ᠠ᠂ ᠳᠣᠮᠳᠠᠳᠣ ᠣᠯᠣᠰ ᠤᠨ ᠳᠡᠬᠡᠳᠣ ᠵᠡᠷᠬᠡ ᠶᠢᠨ ᠰᠣᠷᠭᠠᠨ ᠬᠦᠮᠦᠵᠢᠯ ᠤᠨ ᠬᠦᠷᠢᠶᠠᠨ ᠳᠠᠬᠢ ︽211 ᠢᠨᠵᠧᠨᠧᠷᠢᠩ︾᠂ ︽ | 985 ᠢᠨᠵᠧᠨᠧᠷᠢᠩ︾ ᠤᠨ ᠳᠠᠷᠠᠭᠠᠬᠢ ᠣᠯᠣᠰ ᠤᠨ ᠪᠠᠶᠢᠯᠳᠣᠬᠤ ᠪᠣᠳᠣᠯᠭ᠎ᠠ ᠪᠣᠯᠣᠨ᠎ᠠ᠃ | ᠡᠮ ᠡᠮᠨᠡᠯᠭᠡ ᠶᠢᠨ ᠬᠠᠮᠲᠤ ᠶᠢᠨ ᠴᠤᠭᠴᠠ᠄ ᠮᠠᠯᠵᠢᠬᠤ ᠲᠠᠷᠢᠶᠠᠯᠠᠬᠤ ᠤᠷᠤᠨ ᠳᠤ ᠡᠮ ᠡᠮᠨᠡᠯᠭᠡ ᠶᠢᠨ ᠬᠤᠯᠪᠤᠭᠠᠯᠠᠭᠰᠠᠨ ᠴᠤᠭᠴᠠ ᠶᠢᠨ ᠪᠦᠲᠦᠭᠡᠨ | ᠪᠠᠶᠢᠭᠤᠯᠤᠯᠲᠠ ᠶᠢᠨ ᠭᠤᠤᠯ ᠬᠡᠯᠪᠡᠷᠢ ᠪᠤᠯᠤᠨ᠎ᠠ᠃ ︽ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠪᠠᠷ ᠲᠦᠷᠦᠬᠦᠯᠡᠬᠦᠯᠵᠤ᠂ ᠰᠤᠮᠤ ᠪᠠᠯᠭᠠᠰᠤᠨ ᠤ ᠡᠷᠡᠬᠦᠯ | ᠬᠠᠮᠠᠭᠠᠯᠠᠯ ᠤᠨ ᠬᠤᠷᠢᠶ᠎ᠠ ᠪᠠᠷ ᠵᠠᠩᠭᠢᠯᠠᠭ᠎ᠠ ᠪᠤᠯᠭᠠᠨ ᠭᠠᠴᠠᠭ᠎ᠠ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠢᠶᠠᠷ ᠰᠠᠭᠤᠷᠢᠯᠠᠭᠤᠯᠤᠭᠰᠠᠨ︾ ᠬᠤᠰᠢᠭᠤ | ᠰᠢᠶᠡᠨ ᠬᠦᠳᠡᠭᠡ ᠲᠤᠰᠬᠤᠨ ᠤ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢ ᠭᠤᠤᠯᠳᠠᠯᠭ᠎ᠠ ᠲᠠᠢ ᠬᠠᠶᠢᠨ ᠰᠦᠪᠡᠭᠴᠢᠯᠠᠵᠤ ᠬᠤᠰᠢᠭᠤ ᠰᠢᠶᠠᠨ᠂ ᠰᠤᠮᠤ | ᠪᠠᠯᠭᠠᠰᠤ᠂ ᠭᠠᠴᠠᠭ᠎ᠠ ᠲᠤᠰᠬᠤᠨ ᠢ ᠬᠤᠯᠪᠤᠠᠭᠰᠠᠨ ᠬᠤᠰᠢᠭᠤ ᠰᠢᠶᠡᠨ ᠤ ᠪᠦᠰᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ | ᠵᠢᠭᠠᠵᠤ ᠪᠠᠶᠢᠨ᠎ᠠ᠃ | ︽ᠲᠦᠷᠪᠡᠨ ᠬᠠᠮᠢᠶ᠎ᠠ ᠨᠠᠮᠢᠶ᠎ᠠ ᠦᠭᠡᠢ ᠶᠢ ᠴᠡᠭᠴᠡᠯᠡᠬᠦ︾ ᠲᠤᠰᠬᠠᠢ ᠲᠦᠷᠦᠯ ᠤᠨ ᠵᠠᠰᠠᠨ ᠴᠡᠭᠴᠡᠯᠡᠯᠲᠡ᠄ ᠬᠠᠮᠢᠶ᠎ᠠ ᠨᠠᠮᠢᠶ᠎ᠠ ᠦᠭᠡᠢ ᠡᠵᠡᠯᠡᠬᠦ᠂ ᠬᠠᠮᠢᠶ᠎ᠠ | ᠨᠠᠮᠢᠶ᠎ᠠ ᠦᠭᠡᠢ ᠮᠠᠯᠳᠠᠬᠤ᠂ ᠬᠠᠮᠢᠶ᠎ᠠ ᠨᠠᠮᠢᠶ᠎ᠠ ᠦᠭᠡᠢ ᠤᠪᠤᠭᠠᠯᠠᠬᠤ᠂ ᠬᠠᠮᠢᠶ᠎ᠠ ᠨᠠᠮᠢᠶ᠎ᠠ ᠦᠭᠡᠢ ᠪᠠᠷᠢᠬᠤ ᠵᠡᠷᠭᠡ ᠨᠠᠭᠤᠷ ᠭᠤᠤᠯ ᠤᠨ ᠬᠠᠮᠢᠶᠠᠷᠤᠯᠲᠠ ᠬᠠᠮᠠᠭᠠᠯᠠᠯᠲᠠ | ᠶᠢᠨ ᠲᠤᠪᠤᠶᠢᠮ᠎ᠠ ᠠᠰᠠᠭᠤᠳᠠᠯ ᠳᠤ ᠲᠤᠰᠬᠠᠢ ᠲᠦᠷᠦᠯ ᠤᠨ ᠴᠡᠪᠡᠷᠯᠡᠯᠲᠡ ᠴᠡᠭᠴᠡᠯᠡᠯᠲᠡ ᠶᠢᠨ ᠠᠵᠢᠯᠯᠠᠭ᠎ᠠ ᠦᠷᠨᠢᠬᠦᠯᠬᠦ ᠶᠢ ᠵᠢᠭᠠᠵᠤ ᠪᠠᠶᠢᠨ᠎ᠠ᠃ | ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ︽ᠵᠢᠷᠭᠤᠭ᠎ᠠ ᠳᠤ ᠣᠷᠣᠭᠤᠯᠬᠤ +︾᠄ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ ᠡᠬᠦᠳᠣᠨ | ᠪᠠᠶᠢᠭᠤᠯᠣᠯᠳᠠ ᠶᠢᠨ ᠠᠵᠢᠯᠯᠠᠭ᠎ᠠ ᠶᠢ ᠠᠯᠪᠠᠨ ᠪᠠᠶᠢᠭᠤᠯᠭ᠎ᠠ᠂ ᠠᠵᠣ ᠠᠬᠤᠶᠢᠯᠡᠯ᠂ ᠨᠡᠶᠢᠬᠡᠮ ᠳᠣᠭᠤᠷᠢᠭ᠂ ᠰᠣᠮᠣ ᠪᠠᠯᠭᠠᠰᠣ᠂ ᠰᠣᠷᠭᠠᠭᠤᠯᠢ᠂ ᠰᠦᠮ᠎ᠡ ᠬᠡᠶᠢᠳ | ᠳᠤ ᠣᠷᠣᠭᠤᠯᠬᠤ ᠶᠢᠨ ᠰᠠᠭᠤᠷᠢᠨ ᠳᠡᠬᠡᠷ᠎ᠡ ᠣᠷᠣᠨ ᠨᠣᠳᠤᠭ ᠤᠨ ᠪᠣᠳᠠᠳᠣ ᠪᠠᠶᠢᠳᠠᠯ ᠲᠠᠢ ᠣᠶᠠᠯᠳᠣᠭᠤᠯᠣᠨ ᠦᠨᠳᠣᠰᠣᠳᠠᠨ ᠤ ᠪᠦᠯᠬᠦᠮᠳᠠᠯ ᠳᠠᠪᠰᠢᠯᠳᠡ ᠶᠢᠨ | ᠡᠬᠦᠳᠣᠨ ᠪᠠᠶᠢᠭᠤᠯᠣᠯᠳᠠ ᠶᠢᠨ ᠠᠵᠢᠯᠯᠠᠭ᠎ᠠ ᠶᠢ ᠬᠦᠷᠢᠶᠠᠯᠠᠩ ᠳᠣᠭᠤᠷᠢᠭ᠂ ᠴᠡᠷᠢᠭ ᠤᠨ ᠬᠤᠸᠠᠷᠠᠨ᠂ ᠡᠮᠨᠡᠯᠬᠡ᠂ ᠬᠡᠷ ᠪᠦᠯᠢ ᠵᠡᠷᠬᠡ ᠳᠤ ᠣᠷᠣᠭᠤᠯᠬᠤ ᠶᠢ | ᠵᠢᠭᠠᠨ᠎ᠠ᠃ | ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ ᠬᠠᠮᠤᠭ ᠤᠨ | ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠶᠢᠨ ᠨᠡᠬᠡᠮᠵᠢᠯᠡᠯ ᠢ ᠬᠡᠷᠡᠭᠯᠡᠵᠤ ᠦᠷᠭᠡᠨ ᠤᠯᠠᠨ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ | ᠲᠦᠪᠰᠢᠨ ᠢ ᠪᠠᠲᠤᠯᠠᠬᠤ ᠶᠢ ᠵᠢᠭᠠᠵᠤ ᠪᠠᠶᠢᠨ᠎ᠠ᠃ | ᠮᠠᠯᠵᠢᠬᠤ ᠲᠠᠷᠢᠶᠠᠯᠠᠬᠤ ᠤᠷᠤᠨ ᠤ ︽ᠲᠦᠷᠪᠡᠨ ᠰᠠᠶᠢᠨ︾ ᠵᠢᠱᠢᠶᠡᠴᠢ ᠲᠡᠯᠭᠡᠭᠦᠷ᠄ ᠨᠡᠶᠢᠲᠡᠮ ᠲᠦᠷᠢ ᠲᠦᠷᠬᠦ ᠰᠠᠶᠢᠨ᠂ ᠬᠡᠷᠡᠴᠢ ᠦᠨᠡᠮᠯᠡᠯ ᠢ ᠵᠠᠷᠯᠠᠬᠤ | ᠨᠢ ᠰᠠᠶᠢᠨ᠂ ᠦᠪᠡᠷ ᠢ ᠪᠠᠨ ᠱᠠᠭᠠᠷᠳᠠᠬᠤ ᠪᠠᠷ ᠰᠠᠶᠢᠨ᠂ ᠪᠦᠲᠦᠭᠡᠭᠳᠡᠬᠦᠨ ᠤ ᠴᠢᠨᠠᠷ ᠰᠠᠶᠢᠨ ᠢᠶᠠᠷ ᠰᠠᠭᠤᠷᠢ ᠪᠤᠯᠭᠠᠭᠰᠠᠨ ᠢᠳᠡᠭᠡᠨ ᠤᠮᠳᠠᠭᠠᠨ ᠤ ᠠᠮᠤᠷ | ᠲᠦᠪᠰᠢᠨ ᠤ ᠵᠢᠱᠢᠶᠡᠴᠢ ᠲᠡᠯᠭᠡᠭᠦᠷ ᠢ ᠵᠢᠭᠠᠵᠤ ᠪᠠᠶᠢᠨ᠎ᠠ᠃ | ᠦᠨᠳᠣᠰᠣᠨ ᠡᠮ ᠡᠮᠨᠡᠯᠬᠡ ᠶᠢᠨ ᠳᠠᠭᠠᠳᠬᠠᠯ ᠢ ᠨᠡᠶᠢᠯᠡᠬᠦᠯᠥᠨ ᠳᠣᠭᠠᠴᠠᠬᠤ᠄ ᠳᠣᠬᠠᠢ ᠶᠢᠨ ᠵᠢᠯ ᠤᠨ ᠡᠮ ᠡᠮᠨᠡᠯᠬᠡ ᠶᠢᠨ ᠳᠠᠭᠠᠳᠬᠠᠯ ᠤᠨ ᠪᠡᠯᠡ ᠮᠦᠩᠬᠦ | ᠠᠴᠠ 10% ᠶᠢᠨ ᠠᠶᠣᠯ ᠳᠦᠭᠰᠢᠬᠦᠷᠢ ᠶᠢᠨ ᠮᠦᠩᠬᠦ ᠶᠢ ᠨᠢ ᠭᠠᠷᠭᠠᠵᠣ ᠠᠪᠣᠭᠰᠠᠨ ᠤ ᠳᠠᠷᠠᠭ᠎ᠠ ᠦᠯᠡᠳᠡᠭᠰᠡᠨ ᠬᠡᠰᠡᠭ ᠤᠨ 95% ᠶᠢ ᠣᠶᠢᠯᠡᠴᠢᠯᠡᠭᠡ | ᠬᠦᠷᠳᠡᠬᠦ ᠬᠦᠮᠦᠰ ᠢ ᠦᠨᠳᠣᠰᠣᠯᠡᠨ ᠡᠮ ᠡᠮᠨᠡᠯᠬᠡ ᠶᠢᠨ ᠬᠠᠮᠳᠣ ᠶᠢᠨ ᠴᠣᠭᠴᠠ ᠳᠤ ᠳᠣᠰᠢᠶᠠᠨ ᠳᠠᠭᠠᠭᠠᠴᠢᠯᠠᠭᠤᠯᠵᠣ ᠬᠠᠷᠢᠶᠠᠳᠣ ᠣᠷᠣᠨ ᠤ ᠣᠯᠠᠨ ᠲᠦᠮᠡᠨ ᠤ | ᠳᠣᠬᠠᠢ ᠶᠢᠨ ᠵᠢᠯ ᠤᠨ ᠡᠬᠦᠳᠡᠨ ᠡᠮᠨᠡᠯᠬᠡ ᠪᠠ ᠡᠮᠨᠡᠯᠬᠡ ᠳᠤ ᠰᠠᠭᠤᠭᠰᠠᠨ ᠣᠳᠠᠭ᠎ᠠ᠂ ᠬᠦᠨᠳᠣ ᠡᠪᠡᠳᠴᠢᠨ ᠤ ᠳᠠᠭᠠᠳᠬᠠᠯ ᠤᠨ ᠣᠶᠢᠯᠡᠴᠢᠯᠡᠭᠡ ᠳᠤ ᠰᠢᠭᠤᠳ | ᠬᠠᠩᠭᠠᠬᠤ ᠴᠢᠬᠤᠯᠠᠳᠡᠢ ᠰᠢᠯᠵᠢᠨ ᠡᠮᠴᠢᠯᠡᠬᠦᠯᠬᠦ ᠵᠡᠷᠬᠡ ᠳᠤ ᠳᠣᠭᠳᠠᠭᠠᠭᠰᠠᠨ ᠵᠠᠷᠣᠳᠠᠯ ᠢ ᠳᠠᠩᠰᠠᠨ ᠠᠴᠠ ᠳᠠᠶᠢᠯᠬᠤ ᠶᠢ ᠬᠠᠷᠢᠭᠤᠴᠠᠵᠣ ᠦᠯᠡᠳᠡᠭᠰᠡᠨ ᠪᠡᠯᠡ | ᠮᠦᠩᠬᠦ ᠶᠢ 6᠄ 3᠄ 1 ᠶᠢᠨ ᠬᠠᠷᠢᠴᠠᠯ ᠢᠶᠠᠷ ᠬᠤᠰᠢᠭᠤ ᠱᠠᠳᠣᠨ ᠤ ᠡᠮᠨᠡᠯᠬᠡ ᠶᠢᠨ ᠬᠤᠷᠢᠶ᠎ᠠ᠂ ᠰᠣᠮᠣ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠪᠠ | ᠭᠠᠴᠠᠭ᠎ᠠ ᠳᠣᠰᠬᠤᠨ ᠤ ᠡᠷᠡᠬᠦᠯ ᠬᠠᠮᠠᠭᠠᠯᠠᠯ ᠤᠨ ᠳᠠᠰᠤᠭ ᠲᠤ ᠬᠤᠪᠢᠶᠠᠵᠣ ᠡᠯ᠎ᠡ ᠡᠳᠡᠬᠡᠳ ᠤᠨ ᠢᠳᠡᠪᠬᠢ ᠴᠢᠨᠡᠷ ᠢ ᠬᠦᠭᠵᠢᠬᠡᠨ ᠬᠤᠰᠢᠭᠤ ᠰᠢᠶᠠᠨ ᠤ | ᠬᠡᠪᠴᠢᠶᠠᠨ ᠳᠤ ᠡᠮᠴᠢᠯᠡᠬᠦᠯᠬᠦ ᠨᠣᠷᠮ᠎ᠠ ᠶᠢ ᠳᠡᠬᠡᠭᠰᠢᠯᠡᠬᠦᠯᠬᠦ ᠶᠢ ᠵᠢᠭᠠᠵᠣ ᠪᠠᠶᠢᠨ᠎ᠠ᠃ | |