ᠰᠢᠷᠬᠤᠰᠤ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠡᠨ᠋ᠨ ᠬᠠᠪᠣᠷ ᠤᠨ ᠠᠩᠬᠠᠨ ᠤ ︽ᠬᠡᠶᠢᠴᠢᠨ︾ ᠢᠶᠠᠨ ᠣᠭᠳᠣᠪᠠ
ᠨᠡᠶᠢᠲᠡᠯᠡᠭᠰᠡᠨ ᠴᠠᠭ᠄
2019-03-29
     ᠤᠷᠢᠨ ᠬᠠᠪᠤᠷ ᠰᠠᠭᠠᠳᠠᠵᠤ ᠠᠭᠤᠷ ᠠᠮᠢᠰᠬᠤᠯ ᠲᠤᠯᠠᠭᠠᠷᠠᠬᠤ ᠶᠢ ᠲᠠᠭᠠᠯᠳᠤᠨ ᠦᠪᠦᠷ ᠮᠤᠩᠭᠤᠯ ᠤᠨ ᠰᠢᠷᠬᠤᠰᠤ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠲᠤ ᠴᠠᠭᠠᠨ ᠳᠡᠬᠡᠯᠡᠢ᠂ ᠬᠦᠬᠡ ᠲᠡᠬᠡᠯᠡᠢ᠂ ᠯᠠᠮ᠎ᠠ ᠰᠢᠪᠠᠭᠤ ᠢᠷᠡᠵᠤ  ᠴᠡᠪᠡᠷ ᠲᠤᠩᠭᠠᠯᠠᠭ ᠤᠰᠤᠨ ᠳᠤ ᠨᠢ ᠨᠠᠭᠠᠳᠤᠨ ᠱᠤᠮᠪᠠᠵᠦ ᠴᠡᠩᠬᠡᠷ ᠬᠦᠬᠡ ᠲᠡᠭᠷᠢ ᠳᠤ ᠨᠢ ᠬᠠᠯᠢᠨ ᠲᠡᠬᠦᠯᠢᠵᠦ ᠭᠤᠶᠢᠳᠠ ᠰᠠᠶᠢᠬᠠᠨ ᠦᠵᠡᠮᠵᠢ ᠶᠢ ᠪᠦᠷᠢᠯᠳᠦᠬᠦᠯᠪᠡ᠃      ᠡᠳᠡᠬᠡᠷ ᠰᠢᠪᠠᠭᠤᠳ ᠲᠤ ᠠᠮᠤᠭᠤᠯᠠᠩ ᠲᠠᠭᠠᠳᠠᠢ ᠤᠷᠤᠰᠢᠨ ᠠᠮᠠᠷᠠᠬᠤ ᠤᠷᠴᠢᠨ ᠬᠠᠩᠭᠠᠬᠤ ᠪᠠᠷ ᠦᠪᠦᠷ ᠮᠤᠩᠭᠤᠯ ᠤᠨ ᠰᠢᠷᠬᠤᠰᠤ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ ᠶᠢᠨ ᠲᠤᠪᠴᠢᠶᠠᠨ ᠤ ᠠᠵᠢᠯᠳᠠᠨ 24 ᠴᠠᠭ ᠢᠶᠠᠷ ᠲᠤᠭᠤᠷᠢᠨ ᠴᠠᠭᠳᠠᠬᠤ ᠵᠡᠷᠬᠡ ᠬᠢᠨᠠᠨ ᠬᠠᠮᠢᠶᠠᠷᠤᠯᠳᠠ ᠶᠢᠨ ᠠᠵᠢᠯ ᠢᠶᠠᠨ ᠡᠷᠴᠢᠮᠵᠢᠬᠦᠯᠵᠦ ᠤᠳᠤᠬᠠᠨ ᠳᠤ ᠵᠠᠭᠤᠭᠠᠳ ᠰᠢᠪᠠᠭᠤ ᠨᠡᠬᠦᠳᠡᠯᠯᠠᠨ ᠢᠷᠡᠬᠡᠳ ᠪᠠᠶᠢᠨ᠎ᠠ᠃      ᠦᠪᠦᠷ ᠮᠤᠩᠭᠤᠯ ᠤᠨ ᠰᠢᠷᠬᠤᠰᠤ ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠨᠢ ᠰᠢ ᠶᠢᠨ ᠫᠢᠩ  ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠠᠶᠢᠳᠤᠷ ᠰᠤᠷᠤᠯᠴᠠᠨ ᠲᠤᠭᠤᠰᠢᠯᠠᠭᠤᠯᠵᠦ ᠡᠬᠡ ᠤᠯᠤᠰ  ᠤᠨ ᠤᠮᠠᠷᠠᠲᠤ ᠬᠢᠯᠢ ᠶᠢᠨ ᠦᠵᠡᠮᠵᠢ ᠶᠢᠨ ᠱᠤᠭᠤᠮ ᠢ ᠰᠠᠶᠢᠳᠤᠷ ᠪᠠᠬᠢᠵᠢᠬᠦᠯᠬᠦ ᠬᠦᠨᠳᠦ ᠨᠠᠶᠢᠳᠠᠯᠭ᠎ᠠ ᠪᠠᠷ ᠠᠮᠢ ᠠᠬᠤᠢ  ᠶᠢᠨ ᠪᠤᠯᠪᠠᠰᠤᠨ ᠤ ᠪᠠᠶᠢᠭᠤᠯᠤᠯᠳᠠ ᠶᠢᠨ ᠡᠯ᠎ᠡ ᠲᠦᠷᠦᠯ ᠤᠨ ᠠᠷᠭ᠎ᠠ ᠪᠠᠷᠢᠯ ᠢ ᠪᠤᠳᠠᠲᠤ ᠭᠠᠵᠠᠷ ᠲᠤ ᠨᠢ ᠨᠠᠶᠢᠳᠠᠪᠤᠷᠢᠵᠢᠭᠤᠯᠤᠨ ᠬᠦᠮᠦᠨ ᠪᠠᠶᠢᠭᠠᠯᠢ ᠡᠶ᠎ᠡ ᠵᠤᠬᠢᠴᠠᠩᠭᠤᠢ ᠬᠠᠮᠲᠤ ᠪᠠᠷ ᠤᠷᠤᠰᠢᠨ ᠲᠤᠭᠳᠠᠨᠢᠬᠤ ᠰᠢᠨ᠎ᠡ ᠬᠠᠭᠤᠳᠠᠰᠤ ᠶᠢ ᠪᠢᠴᠢᠭᠯᠡᠭᠰᠡᠬᠡᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号