ᠲᠥᠯᠥᠭᠡᠯᠡᠭᠴᠢ ᠰᠤᠶᠤᠯᠳᠤ ᠡᠨᠡ ᠤᠳᠠᠭ᠎ᠠ ︽ᠮᠠᠯ ᠬᠠᠰᠢᠶᠠᠯᠠᠬᠤ ᠶᠢ ᠨᠢᠭᠡ ᠰᠠᠷ᠎ᠠ ᠤᠷᠢᠳᠴᠢᠯᠠᠪᠠᠯ ᠰᠠᠶᠢᠨ︾ | ᠭᠡᠭᠦ ᠰᠠᠨᠠᠯ ᠲᠤᠷᠠᠳᠤᠯᠭ᠎ᠠ ᠲᠠᠢ ᠢᠷᠡᠵᠡᠢ᠃ ᠲᠡᠷᠡ ᠭᠡᠯᠡᠭᠦ ᠳᠡᠭᠡᠨ᠂ ᠮᠠᠯ ᠬᠠᠰᠢᠶᠠᠯᠠᠬᠤ ᠴᠠᠬ ᠨᠢ 4 ᠰᠠᠷ᠎ᠠ ᠶᠢᠨ | 1 ᠠᠴᠠ 7 ᠰᠠᠷ᠎ᠠ ᠶᠢᠨ 1 ᠤ ᠬᠤᠭᠤᠷᠤᠨᠲᠤ ᠭᠤᠷᠪᠠᠨ ᠰᠠᠷ᠎ᠠ ᠪᠠᠶᠢᠳᠠᠭ᠃ ᠬᠡᠪᠡᠴᠤ ᠮᠠᠨ ᠤ ᠤᠯᠠᠩᠭᠢ ᠮᠠᠯᠴᠢᠨ ᠡᠨᠡ | ᠴᠠᠭ ᠤᠨ ᠲᠠᠯ᠎ᠠ ᠪᠠᠷ 3 ᠰᠠᠷ᠎ᠠ ᠶᠢᠨ 1 ᠠᠴᠠ 6 ᠰᠠᠷ᠎ᠠ ᠶᠢᠨ 1 ᠤ ᠬᠤᠭᠤᠷᠤᠨᠲᠤ ᠪᠠᠶᠢᠪᠠᠯ ᠨᠡᠩ ᠲᠤᠬᠢᠷᠠᠮᠵᠢᠲᠠᠢ | ᠬᠡᠮᠡᠨ ᠦᠵᠡᠵᠤ ᠪᠠᠶᠢᠨ᠎ᠠ᠃ ᠶᠠᠭᠠᠬᠢᠭᠠᠳ ᠢᠡᠭᠭᠢᠵᠤ ᠦᠵᠡᠳᠡᠭ ᠪᠤᠢ︖ ᠬᠡᠪᠡᠯ 6 ᠳ᠋ᠤᠭᠠᠷ ᠰᠠᠷ᠎ᠠ ᠪᠤᠯ ᠮᠠᠯ ᠪᠠᠰᠠ | ᠲᠡᠶᠢᠮᠤ ᠶᠡᠭᠡ ᠡᠪᠡᠰᠤ ᠮᠠᠯᠲᠠᠳᠠᠭ ᠴᠠᠭ ᠪᠢᠰᠢ᠂ ᠨᠢᠳᠤᠨᠤᠨ ᠮᠠᠨ ᠤ ᠦᠤᠰᠢᠨ ᠬᠤᠰᠢᠭᠤᠨ ᠤ ᠨᠢᠬᠡ ᠪᠦᠯᠥᠭ | ᠨᠠᠰᠤᠲᠠᠶᠢᠴᠤᠳ᠂ ᠠᠵᠢᠯ ᠠᠴᠠ ᠪᠠᠨ ᠠᠮᠠᠷᠠᠭᠰᠠᠨ ᠲᠤᠰᠬᠠᠢ ᠮᠡᠷᠬᠡᠵᠢᠯᠳᠠᠳ ᠮᠠᠯᠴᠢᠳ ᠤᠨ ᠲᠤᠮᠳᠠ ᠬᠦᠨᠵᠡᠬᠡᠶᠢᠷᠡᠵᠤ | ᠪᠠᠶᠢᠴᠠᠭᠠᠯᠲᠠ ᠬᠢᠭᠰᠡᠨ ᠶᠤᠮ᠃ ᠪᠠᠶᠢᠴᠠᠭᠠᠯᠲᠠ ᠪᠠᠷ ᠳᠠᠮᠵᠢᠭᠠᠳ 6 ᠳ᠋ᠤᠭᠠᠷ ᠰᠠᠷ᠎ᠠ ᠪᠤᠯ ᠲᠡᠭᠷᠢ ᠲᠤᠯᠠᠭᠠᠷᠠᠵᠤ᠂ | ᠤᠷᠳᠤᠰ ᠤᠨ ᠨᠠᠷᠢᠨ ᠨᠤᠤᠰᠤᠲᠤ ᠬᠤᠨᠢ ᠶᠢ ᠡᠨᠡ ᠬᠠᠯᠠᠭᠤᠨ ᠳᠤ ᠬᠠᠰᠢᠶᠠᠯᠠᠬᠤ ᠳᠤ ᠶᠡᠬᠡᠬᠡᠨ ᠲᠦᠪᠡᠭ ᠲᠠᠢ᠂ | ᠡᠭᠦᠨ ᠠᠴᠠ ᠪᠤᠯᠤᠭᠠᠳ 6 ᠳ᠋ᠤᠭᠠᠷ ᠰᠠᠷ᠎ᠠ ᠳᠤ ᠠᠬᠠᠷ ᠨᠤᠤᠰᠤᠯᠠᠵᠤ ᠪᠠᠶᠢᠬᠤ ᠳᠤ ᠲᠡᠭᠦᠨ ᠢ ᠬᠠᠰᠢᠶᠠᠯᠠᠭᠠᠳ ᠳᠡᠮᠡᠢ | ᠠᠵᠤ ᠠᠬᠤᠢ ᠶᠢᠨ ᠤᠷᠤᠯᠭ᠎ᠠ ᠡᠭᠦᠳᠴᠤ ᠴᠢᠳᠠᠬᠤ ᠦᠭᠡᠢ ᠮᠦᠷᠲᠡᠬᠡᠨ ᠡᠨᠡ ᠬᠤᠭᠤᠴᠠᠭᠠᠨ ᠳᠤ ᠡᠳᠦᠷ ᠢᠶᠠᠷ | ᠬᠠᠰᠢᠶᠠᠯᠠᠵᠤ᠂ ᠰᠦᠨᠢ ᠪᠡᠯᠴᠢᠬᠡᠳᠡᠭ ᠦᠵᠡᠭᠳᠡᠯ ᠭᠠᠷᠴᠤ ᠪᠠᠶᠢᠨ᠎ᠠ᠃ ᠲᠡᠶᠢᠮᠤ ᠠᠴᠠ ᠦᠨᠡᠨ ᠳᠡᠭᠡᠨ ᠬᠠᠰᠢᠶᠠᠯᠠᠵᠤ | ᠪᠠᠶᠢᠨ᠎ᠠ ᠬᠡᠵᠤ ᠪᠠᠶᠢᠪᠡᠴᠤ ᠨᠤᠲᠤᠭ ᠪᠡᠯᠴᠢᠬᠡᠷ ᠠᠮᠠᠷᠠᠵᠤ ᠳᠡᠶᠢᠯᠬᠦ ᠦᠭᠡᠢ ᠦᠵᠡᠭᠳᠡᠯ ᠭᠠᠷᠴᠤ ᠪᠤᠢ᠃ ᠲᠡᠭᠡᠬᠦᠯᠡᠷ | ᠡᠨᠡ ᠬᠠᠰᠢᠶᠠᠯᠠᠬᠤ ᠴᠠᠭ ᠢ ᠨᠢᠬᠡᠮᠦᠰᠦᠨ ᠨᠢᠬᠡ ᠰᠠᠷ᠎ᠠ ᠤᠷᠢᠳᠴᠢᠯᠠᠭᠠᠳ ᠲᠠᠯᠪᠢᠴᠢᠬᠠᠪᠠᠯ ᠠᠵᠢᠯ ᠬᠢᠬᠦ ᠳᠤ ᠴᠤ ᠠᠮᠠᠷ᠂ | ᠮᠠᠯᠴᠢᠳ ᠴᠤ ᠵᠤᠷᠢᠭ ᠲᠠᠢ ᠬᠠᠰᠢᠶᠠᠯᠠᠴᠢᠬᠠᠨᠠ᠃ ᠡᠭᠦᠨ ᠢ ᠡᠨᠡ ᠤᠳᠠᠭᠠᠨ ᠤ ᠬᠤᠶᠠᠷ ᠬᠤᠷᠠᠯ ᠢᠶᠠᠷ ᠳᠠᠮᠵᠢᠭᠠᠳ | ᠵᠠᠰᠠᠭ ᠤᠨ ᠤᠷᠳᠤᠨ ᠳᠤ ᠮᠡᠳᠡᠬᠦᠯᠬᠦ ᠵᠤᠷᠢᠯᠭ᠎ᠠ ᠲᠠᠢ ᠭᠡᠯ᠎ᠠ᠃ | ︵ᠤᠷᠳᠤᠰ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ︶ |