ᠲᠥᠯᠥᠬᠡᠯᠡᠭᠴᠢ ᠡᠷᠳᠡᠨᠢ᠄ ᠶᠠᠳᠠᠭᠤ ᠡᠷᠤᠬᠡ ᠶᠢᠨ ᠬᠦᠮᠦᠰ ᠤᠨ ᠥᠵᠡᠯ ᠰᠠᠨᠠᠭ᠎ᠠ ᠶᠢ ᠲᠠᠰᠤᠷᠠᠯᠳᠡ ᠥᠬᠡᠢ ᠴᠢᠯᠥᠬᠡᠯᠡᠬᠦ ᠴᠢᠬᠤᠯᠠᠲᠠᠢ
ᠨᠡᠶᠢᠲᠡᠯᠡᠭᠰᠡᠨ ᠴᠠᠭ᠄
2019-03-04
     ᠶᠠᠳᠠᠭᠤ ᠠᠴᠠ ᠠᠩᠬᠢᠵᠢᠷᠠᠭᠤᠯᠬᠤ ᠠᠵᠢᠯ ᠨᠢ ᠬᠡᠳᠤᠨ ᠵᠢᠯ ᠢᠶᠠᠷ ᠲᠠᠮᠵᠢᠭᠠᠳ ᠨᠡᠯᠢᠶᠠᠳ ᠰᠠᠶᠢᠨ ᠪᠤᠯᠵᠤ᠂ ᠤᠯᠠᠩᠬᠢ ᠡᠷᠤᠬᠡ ᠨᠢᠬᠡᠨᠳᠡ ᠶᠠᠳᠠᠭᠤ ᠠᠴᠠ ᠠᠩᠬᠢᠵᠢᠷᠠᠭᠰᠠᠨ ᠪᠠᠶᠢᠨ᠎ᠠ᠃ ᠮᠠᠨ ᠤ ᠭᠠᠴᠠᠭ᠎ᠠ ᠭᠤᠤᠯᠳᠠᠭᠤ ᠬᠤᠷᠰᠢᠶᠠᠵᠢᠯ᠂ ᠠᠵᠤ ᠠᠬᠤᠶᠢᠯᠠᠯ ᠠᠴᠠ ᠶᠠᠳᠠᠭᠤ ᠡᠷᠤᠭᠡ ᠳᠤ ᠮᠡᠷᠬᠡᠵᠢᠯ ᠬᠠᠨᠭ᠍ᠭᠠᠵᠥ᠂ ᠰᠠᠭᠤᠷᠢ ᠪᠥᠳᠥᠬᠡᠨ ᠪᠠᠶᠢᠭᠤᠯᠤᠯᠳᠡ ᠶᠢᠨ ᠨᠥᠬᠦᠴᠡᠯ ᠢ ᠨᠢ ᠰᠠᠶᠢᠵᠢᠷᠠᠭᠤᠯᠤᠨ᠂ ᠤᠤᠯ ᠤᠨ ᠬᠢᠵᠥ ᠪᠠᠶᠢᠭᠰᠠᠨ ᠠᠵᠢᠯ ᠢ ᠨᠢ ᠴᠢᠩᠭᠠᠳᠬᠠᠵᠥ ᠪᠤᠢ᠃ ᠤᠳᠤ ᠥᠷᠬᠦᠯᠵᠢᠯᠡᠨ ᠤᠷᠤᠯᠭ᠎ᠠ ᠶᠢ ᠨᠢ ᠲᠡᠭᠡᠭᠰᠢᠯᠡᠬᠦᠯᠬᠦ ᠪᠤᠶᠤ ᠰᠢᠨ᠎ᠡ ᠪᠠᠷ ᠶᠠᠳᠠᠭᠤ ᠬᠥᠴᠢᠷᠳᠡᠯᠳᠠᠢ ᠡᠷᠤᠭᠡ ᠨᠡᠮᠡᠭᠳᠡᠬᠦ ᠶᠢ ᠠᠩᠬᠠᠷᠴᠤ ᠪᠠᠶᠢᠬᠤ ᠶᠤᠮ᠃      ᠬᠤᠶᠢᠰᠢᠳᠡ ᠪᠤᠯ ᠶᠠᠳᠠᠭᠤ ᠡᠷᠤᠬᠡ ᠶᠢᠨ ᠥᠵᠡᠯ ᠰᠠᠨᠠᠭ᠎ᠠ ᠶᠢ ᠲᠠᠰᠤᠷᠠᠯᠳᠡ ᠥᠬᠡᠢ ᠴᠢᠯᠥᠬᠡᠯᠡᠬᠦ ᠬᠡᠷᠡᠭᠳᠡᠢ ᠪᠠᠶᠢᠨ᠎ᠠ᠂ ᠥᠵᠡᠯ ᠰᠠᠨᠠᠭ᠎ᠠ ᠨᠢ ᠰᠠᠶᠢᠵᠢᠷᠠᠪᠠᠯ ᠰᠠᠶ᠋ᠢ ᠶᠠᠳᠠᠭᠤ ᠠᠴᠠ ᠠᠩᠬᠢᠵᠢᠷᠠᠵᠥ ᠲᠡᠶᠢᠯᠤᠨ᠎ᠠ᠃ ᠤᠳᠤᠬᠠᠨ ᠳᠤ ᠶᠠᠳᠠᠭᠤ ᠬᠥᠴᠢᠷᠳᠡᠯᠳᠠᠢ ᠡᠷᠤᠭᠡ ᠴᠤ ᠤᠯᠠᠨ ᠲᠦᠷᠦᠯ ᠤᠨ ᠠᠵᠢᠯ ᠢ ᠬᠢᠵᠥ ᠪᠠᠶᠢᠨ᠎ᠠ᠃ ᠵᠠᠷᠢᠮ ᠨᠢ ᠮᠠᠯ ᠲᠠᠷᠢᠶᠠᠯᠡᠩ ᠬᠢᠵᠥ᠂ ᠵᠠᠷᠢᠮ ᠨᠢ ᠬᠥᠯᠥᠰᠤᠨ ᠠᠵᠢᠯ ᠬᠢᠵᠥ᠂ ᠪᠠᠰᠠ ᠵᠠᠷᠢᠮ ᠨᠢ ᠬᠤᠪᠢ ᠶᠢᠨ ᠡᠵᠡᠩᠨᠡᠯᠳᠡ ᠬᠢᠵᠥ ᠪᠤᠢ᠃ ᠡᠶᠢᠮᠦ ᠠᠴᠠ ᠠᠵᠤ ᠠᠬᠤᠢ ᠶᠢᠨ ᠲᠠᠯ᠎ᠠ ᠪᠠᠷ ᠵᠢᠯᠤᠭᠤᠳᠤᠯᠭ᠎ᠠ ᠬᠢᠵᠥ ᠪᠠᠶᠢᠭᠠᠳ ᠲᠡᠳᠡᠨ ᠢ ᠥᠪᠡᠷᠰᠡᠳ ᠢᠶᠠᠨ ᠪᠡᠶ᠎ᠡ  ᠪᠠᠨ ᠲᠠᠭᠠᠭᠠᠵᠥ ᠬᠢᠬᠦ ᠴᠢᠳᠠᠪᠤᠷᠢ ᠶᠢ ᠨᠢ ᠰᠠᠶᠢᠵᠢᠷᠠᠭᠤᠯᠪᠠᠯ ᠵᠤᠬᠢᠨ᠎ᠠ᠃ ᠡᠬᠦᠨ ᠠᠴᠠ ᠭᠠᠳᠠᠨ᠎ᠠ ᠠᠵᠤ ᠠᠬᠤᠶᠢᠯᠠᠯ᠂ ᠬᠤᠷᠰᠢᠶᠠᠵᠢᠯ᠂ ᠨᠠᠮ ᠤᠨ ᠬᠡᠰᠢᠬᠦᠨ᠂ ᠲᠥᠷᠥᠯ ᠵᠤᠶᠢᠯ ᠤᠨ ᠶᠡᠭᠡ ᠡᠷᠤᠭᠡ ᠠᠴᠠ ᠶᠠᠳᠠᠭᠤ ᠡᠷᠤᠬᠡ ᠶᠢ ᠲᠠᠶᠢᠴᠢᠯᠠᠨ᠂ ᠠᠰᠢᠭ ᠤᠷᠤᠯᠭ᠎ᠠ ᠶᠢ ᠨᠢ ᠥᠷᠬᠦᠯᠵᠢᠯᠡᠨ ᠪᠠᠳᠤᠯᠠᠵᠥ ᠨᠡᠮᠡᠭᠳᠡᠬᠦᠯᠬᠦ ᠴᠢᠬᠤᠯᠠ ᠲᠠᠢ᠃     ︵ᠤᠷᠳᠤᠰ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠬᠤᠶᠠᠳᠤᠭᠠᠷ ᠤᠳᠠᠭᠠᠨ ᠤ ᠬᠤᠷᠠᠯᠳᠤᠭᠠᠨ︶
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号