ᠲᠥᠯᠥᠬᠡᠯᠡᠭᠴᠢ ᠪᠠᠳᠠᠷᠠᠯᠳᠤ᠄ ᠮᠠᠯᠵᠢᠬᠤ ᠲᠠᠷᠢᠶᠠᠯᠠᠬᠤ ᠤᠷᠤᠨ ᠤ ᠬᠤᠷᠰᠢᠶᠠᠵᠢᠯ ᠤᠨ ᠪᠠᠶᠢᠭᠤᠯᠤᠯᠳᠡ ᠶᠢ ᠴᠢᠩᠭᠠᠳᠬᠠᠬᠤ ᠴᠢᠬᠤᠯᠠᠳᠠᠢ
ᠨᠡᠶᠢᠲᠡᠯᠡᠭᠰᠡᠨ ᠴᠠᠭ᠄
2019-03-04
     ᠪᠠᠳᠠᠷᠠᠯᠳᠤ ᠪᠤᠯ ᠥᠥᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠪᠤᠵᠠᠢ ᠭᠠᠴᠠᠭᠠᠨ ᠠᠴᠠ ᠬᠥᠷᠥᠯᠴᠡᠨ ᠢᠷᠡᠭᠰᠡᠨ ᠮᠠᠯᠴᠢᠨ ᠲᠥᠯᠥᠬᠡᠯᠡᠭᠴᠢ ᠪᠠᠶᠢᠵᠥ᠂ ᠮᠠᠯᠵᠢᠬᠤ ᠲᠠᠷᠢᠶᠠᠯᠠᠬᠤ ᠤᠷᠤᠨ ᠳᠤ ᠤᠷᠤᠰᠢᠵᠥ ᠪᠠᠶᠢᠭ᠎ᠠ ᠠᠰᠠᠭᠤᠳᠠᠯ  ᠤᠨ ᠲᠤᠬᠠᠢ ᠠᠩᠬᠠᠷᠴᠤ ᠬᠠᠯᠠᠮᠵᠢᠯᠠᠭᠰᠠᠭᠠᠷ ᠢᠷᠡᠭᠰᠡᠨ ᠪᠠᠶᠢᠯ᠎ᠠ᠃ ᠪᠠᠳᠠᠷᠠᠯᠳᠤ ᠲᠤᠰ ᠤᠳᠠᠭᠠᠨ ᠤ ᠬᠤᠷᠠᠯ ᠳᠤ ᠮᠠᠯᠵᠢᠬᠤ ᠲᠠᠷᠢᠶᠠᠯᠠᠬᠤ ᠤᠷᠤᠨ ᠢ ᠬᠥᠭᠵᠢᠬᠦᠯᠭᠦ ᠲᠤᠬᠠᠢ ᠥᠪᠡᠷ ᠤᠨ ᠰᠠᠨᠠᠯ ᠵᠥᠪᠯᠡᠯᠬᠡ ᠪᠠᠨ ᠶᠠᠷᠢᠯ᠎ᠠ᠃ ᠲᠡᠷᠡ᠄ ︽ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠬᠦᠯᠬᠦ ᠳᠤ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠥᠳᠤᠬᠡᠨ ᠪᠠᠶᠢᠭᠤᠯᠤᠯᠳᠡ ᠶᠢ ᠥᠷᠬᠦᠯᠵᠢᠯᠡᠨ ᠴᠢᠩᠭᠠᠳᠬᠠᠬᠤ ᠴᠢᠬᠤᠯᠠᠳᠠᠢ᠃ ᠮᠠᠨ ᠤ ᠮᠠᠯᠵᠢᠬᠤ ᠤᠷᠤᠨ ᠳᠤ ᠪᠠᠰᠠ ᠯᠠ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠨᠡᠪᠳᠡᠷᠡᠭᠰᠡᠨ ᠥᠬᠡᠢ᠂ ᠴᠠᠬᠢᠯᠭᠠᠨ ᠬᠥᠴᠥᠳᠡᠯ ᠬᠥᠷᠥᠯᠴᠡᠬᠦ ᠦᠭᠡᠢ ᠵᠡᠷᠭᠡ ᠠᠰᠠᠭᠤᠳᠠᠯ ᠨᠡᠶᠢᠳᠡᠮ ᠤᠷᠤᠰᠢᠵᠥ ᠪᠤᠢ᠃ ᠡᠬᠦᠨ ᠠᠴᠠ ᠭᠠᠳᠠᠨ᠎ᠠ᠂ ᠬᠥᠳᠡᠭᠡ ᠲᠤᠰᠬᠤᠨ ᠳᠤ ᠤᠶᠢᠷ᠎ᠠ ᠶᠢᠨ ᠬᠡᠳᠤᠨ ᠵᠢᠯ ᠠᠴᠠ ᠮᠠᠰᠢ ᠠᠷᠪᠢᠨ ᠬᠤᠷᠰᠢᠶᠠᠵᠢᠯ ᠪᠠᠶᠢᠭᠤᠯᠤᠭᠳᠠᠭᠰᠠᠨ ᠪᠠᠶᠢᠨ᠎ᠠ᠃ ᠮᠠᠨ ᠤ ᠥᠥᠰᠢᠨ ᠬᠤᠰᠢᠭᠤᠨ  ᠳᠤ ᠮᠠᠯ ᠲᠠᠵᠢᠬᠡᠪᠤᠷᠢ᠂ ᠲᠠᠷᠢᠶᠠᠯᠡᠩ ᠤᠨ ᠮᠠᠰᠢᠨ ᠤ ᠬᠤᠷᠰᠢᠶᠠᠵᠢᠯ ᠪᠠᠷᠤᠭ 200 ᠭᠠᠷᠤᠢ ᠪᠠᠶᠢᠪᠠᠴᠤ ᠦᠷ᠎ᠡ ᠪᠥᠳᠥᠮᠵᠢ ᠪᠠᠷ ᠰᠠᠶᠢᠨ ᠬᠤᠷᠰᠢᠶᠠᠵᠢᠯ ᠲᠤᠩ ᠴᠥᠬᠡᠨ ᠶᠤᠮ᠃ ᠡᠬᠦᠨ ᠳᠤ ᠨᠡᠶᠢᠬᠡᠮ ᠤᠨ ᠬᠠᠮᠢᠶᠠᠷᠤᠯᠳᠡ ᠪᠠᠷ ᠲᠤᠳᠠᠮᠠᠭ᠂ ᠡᠳ᠋ ᠮᠥᠡᠭᠬᠦᠨ ᠤ ᠬᠠᠨᠭ᠍ᠭᠠᠯᠭ᠎ᠠ ᠲᠤᠳᠠᠮᠠᠭ ᠤᠴᠢᠷ ᠠᠴᠠ ᠮᠠᠰᠢᠨ ᠲᠤᠨᠤᠭᠯᠠᠯ ᠢᠶᠠᠨ ᠪᠥᠷᠢᠨ ᠬᠥᠢᠴᠡᠳ ᠪᠤᠯᠭᠠᠵᠥ ᠲᠡᠶᠢᠯᠬᠦ ᠥᠬᠡᠢ᠂ ᠴᠢᠨᠠᠷ ᠴᠢᠨᠰᠠᠭ᠎ᠠ᠂ ᠬᠥᠮᠤᠨ ᠤ ᠴᠢᠳᠠᠪᠤᠷᠢ ᠬᠥᠴᠥᠨ ᠪᠠ ᠬᠥᠷᠥᠩᠭᠡ ᠪᠤᠳᠠᠰ ᠲᠥᠪᠯᠡᠷᠡᠵᠥ ᠴᠢᠳᠠᠬᠤ ᠥᠬᠡᠢ ᠠᠴᠠ ᠪᠤᠯᠤᠭᠠᠳ ᠠᠮᠢᠵᠢᠷᠠᠯ ᠤᠨ ᠬᠥᠴᠥᠨ ᠲᠤᠩ ᠪᠠᠭᠤᠷᠠᠢ ᠶᠤᠮ᠃ ᠡᠨᠡ ᠨᠢ ᠬᠥᠳᠡᠭᠡ ᠲᠤᠰᠬᠤᠨ ᠤ ᠪᠤᠬᠢᠷᠳᠤᠯ ᠥᠬᠡᠢ ᠤᠨᠴᠠᠯᠢᠭᠳᠤ ᠤᠶᠢᠯᠡᠰ ᠤᠨ ᠬᠥᠭᠵᠢᠯᠳᠡ ᠳᠤ ᠠᠰᠢᠭ ᠥᠬᠡᠢ᠃ ᠡᠨᠡ ᠠᠰᠠᠭᠤᠳᠠᠯ ᠢ ᠰᠢᠢᠳᠪᠤᠷᠢᠯᠡᠬᠦ ᠳᠤ ᠵᠠᠬ᠎ᠠ ᠲᠡᠯᠬᠡᠬᠦᠷ ᠤᠨ ᠠᠶᠠᠨᠳᠠᠭᠠᠨ ᠤ ᠵᠤᠬᠢᠴᠠᠯ ᠢ ᠲᠥᠰᠢᠭᠯᠡᠬᠦ ᠪᠠᠷ ᠪᠠᠷᠠᠬᠤ ᠥᠬᠡᠢ᠂ ᠨᠡᠶᠢᠬᠡᠮ ᠤᠨ ᠬᠠᠮᠢᠶᠠᠷᠤᠯᠳᠡ ᠶᠢᠨ ᠲᠠᠯ᠎ᠠ ᠪᠠᠷ ᠲᠤᠯᠤᠭᠠᠶᠢᠯᠠᠬᠤ ᠬᠤᠷᠰᠢᠶᠠᠵᠢᠯ ᠳᠤ ᠬᠠᠨᠭ᠍ᠭᠠᠮᠵᠢᠳᠠᠢ ᠡᠳ᠋ ᠮᠥᠡᠭᠬᠦᠨ   ᠤ ᠲᠡᠮᠵᠢᠯᠬᠡ ᠶᠢ ᠥᠵᠡᠬᠦᠯᠬᠦ ᠰᠠᠭᠤᠷᠢ ᠮᠥᠡᠭᠬᠦᠨ ᠤ ᠨᠡᠶᠢᠬᠡᠮᠯᠢᠭ ᠢ ᠪᠠᠶᠢᠭᠤᠯᠵᠥ᠂ ᠲᠠᠷᠢᠶᠠᠯᠡᠩ ᠤᠨ ᠮᠠᠰᠢᠨ ᠬᠤᠳᠠᠯᠳᠤᠨ ᠠᠪᠬᠤ ᠨᠦᠭᠦᠪᠦᠷᠢ ᠮᠦᠩᠭᠦ ᠶᠢᠨ ᠲᠤᠭ᠎ᠠ ᠶᠢ ᠨᠡᠮᠡᠭᠳᠡᠬᠦᠯᠬᠦ ᠴᠢᠬᠤᠯᠠᠳᠠᠢ᠃ ᠡᠭᠦᠨ ᠠᠴᠠ ᠭᠠᠳᠠᠨ᠎ᠠ᠂ ᠨᠡᠶᠢᠬᠡᠮ ᠤᠨ ᠬᠠᠮᠢᠶᠠᠷᠤᠯᠳᠡ ᠶᠢ ᠴᠢᠩᠭᠠᠳᠬᠠᠨ᠂ ᠬᠤᠷᠰᠢᠶᠠᠵᠢᠯ ᠪᠠᠶᠢᠭᠤᠯᠬᠤ ᠪᠠᠷᠢᠮᠵᠢᠶ᠎ᠠ ᠶᠢ ᠲᠤᠭᠳᠠᠭᠠᠬᠤ ᠬᠡᠷᠡᠭᠳᠡᠢ᠃ ᠪᠠᠰᠠ ᠨᠢᠬᠡ ᠨᠢ ᠠᠷᠭ᠎ᠠ ᠤᠬᠠᠭᠠᠨ᠂ ᠮᠡᠷᠬᠡᠵᠢᠯ ᠤᠨ ᠵᠢᠯᠤᠭᠤᠳᠤᠮᠵᠢ᠂ ᠪᠤᠯᠪᠠᠰᠤᠷᠠᠯ ᠢ ᠬᠥᠷᠳᠡᠬᠡᠪᠠᠯ ᠰᠠᠶ᠋ᠢ ᠬᠥᠳᠡᠭᠡ ᠲᠤᠰᠬᠤᠨ ᠤ ᠬᠤᠷᠰᠢᠶᠠᠵᠢᠯ ᠤᠨ ᠬᠥᠭᠵᠢᠯᠳᠡ ᠶᠢᠨ ᠬᠤᠷᠳᠤᠴᠠ ᠶᠢ ᠨᠡᠩ ᠲᠥᠷᠬᠡᠳᠬᠡᠵᠥ᠂ ᠬᠥᠳᠡᠭᠡ ᠲᠤᠰᠬᠤᠨ ᠢ ᠬᠥᠭᠵᠢᠬᠦᠯᠵᠥ ᠲᠡᠶᠢᠯᠦᠨ᠎ᠡ︾ ᠭᠡᠯ᠎ᠡ᠃      ︵ᠤᠷᠳᠤᠰ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ  ︶
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号