ᠦᠣᠰᠢᠨᠵᠤᠤ ᠪᠠᠯᠭᠠᠰᠤᠨ ᠤ ᠴᠠᠭᠠᠨᠰᠦ᠋ᠮ᠎ᠠ ᠭᠠᠴᠠᠭᠠᠨ ᠤ ᠰᠤᠪᠠᠢ ᠮᠠᠯᠵᠢᠯ ᠤᠨ ᠬᠤᠷᠰᠢᠶᠠᠨ ᠤ ᠮᠠᠯᠴᠢᠳ ᠪᠠᠶᠠᠯᠢᠭ ᠠᠭᠤᠯᠭ᠎ᠠ ᠲᠠᠢ ᠠᠵᠢᠯᠯᠠᠭ᠎ᠠ ᠦᠷᠨᠢᠬᠦᠯᠣᠨ ᠪᠠᠶᠠᠷ ᠤᠨ ᠡᠳᠣᠷ ᠢᠶᠠᠨ ᠤᠳᠬ᠎ᠠ ᠠᠭᠤᠯᠭ᠎ᠠ ᠲᠠᠢ ᠲᠡᠮᠳᠡᠭᠯᠡᠪᠡ
ᠨᠡᠶᠢᠲᠡᠯᠡᠭᠰᠡᠨ ᠴᠠᠭ᠄
2019-03-07
     ︽3·8︾ ᠤ ᠲᠡᠯᠡᠭᠡᠢ ᠶᠢᠨ ᠡᠮᠡᠭᠳᠡᠶᠢᠴᠥᠳ ᠤᠨ ᠪᠠᠶᠠᠷ ᠤᠨ ᠡᠳᠤᠷ ᠬᠦᠷᠴᠣ ᠢᠷᠡᠬᠦ ᠪᠠᠷ ᠦᠣᠰᠢᠨᠵᠤᠤ ᠪᠠᠯᠭᠠᠰᠤᠨ ᠤ ᠴᠠᠭᠠᠨᠰᠦ᠋ᠮ᠎ᠠ ᠭᠠᠴᠠᠭᠠᠨ ᠤ ᠰᠤᠪᠠᠢ ᠮᠠᠯᠵᠢᠯ ᠤᠨ ᠬᠤᠷᠰᠢᠶᠠᠨ ᠤ ᠮᠠᠯᠴᠢᠳ ᠪᠠᠶᠠᠯᠢᠭ ᠠᠭᠤᠯᠭ᠎ᠠ ᠲᠠᠢ ᠠᠵᠢᠯᠯᠠᠭ᠎ᠠ ᠦᠷᠨᠢᠬᠦᠯᠣᠨ ᠪᠠᠶᠠᠷ ᠤᠨ ᠡᠳᠣᠷ ᠢᠶᠠᠨ ᠤᠳᠬ᠎ᠠ ᠠᠭᠤᠯᠭ᠎ᠠ ᠲᠠᠢ ᠪᠡᠯᠬᠡᠯᠡᠨ ᠲᠡᠮᠳᠡᠭᠯᠡᠪᠡ᠃      ᠳᠣᠰ ᠤᠳᠠᠭᠠᠨᠨ ᠤ ᠠᠵᠢᠯᠯᠠᠭ᠎ᠠ ᠳᠤ ︽ᠰᠠᠶᠢᠨ ᠬᠠᠳᠠᠮ ᠡᠵᠢ︾᠂ ︽ᠰᠠᠶᠢᠨ ᠪᠡᠷᠢ︾᠂ ︽︿3·8﹀  ᠤ ᠤᠯᠠᠭᠠᠨ ᠲᠤᠭᠴᠢ︾ ᠶᠢ ᠰᠢᠯᠭᠠᠷᠠᠭᠤᠯᠣᠨ ᠰᠣᠩᠭᠤᠵᠣ ᠬᠦᠬᠢᠭᠦᠯᠣᠨ ᠨᠤᠳᠤᠭ ᠤᠰᠤᠨ ᠳᠤ ᠪᠠᠨ ᠦᠯᠢᠭᠡᠷ ᠲᠠᠭᠤᠷᠢᠶᠠᠯ ᠪᠣᠯᠬᠤ ᠶᠢ ᠵᠣᠷᠢᠭᠵᠢᠭᠤᠯᠣᠭᠰᠠᠨ ᠤ ᠬᠠᠮᠳᠣ ᠳᠣᠰᠠᠯᠠᠨ ᠳᠠᠮᠵᠢᠬᠦ ᠠᠵᠢᠯᠯᠠᠭ᠎ᠠ ᠦᠷᠨᠢᠬᠦᠯᠪᠠ᠃ ᠳᠣᠰ ᠮᠠᠯᠵᠢᠯ ᠤᠨ ᠬᠤᠷᠰᠢᠶᠠᠨ ᠤ ᠪᠥᠭᠦ ᠡᠮᠡᠭᠳᠡᠶᠢᠴᠥᠳ ᠰᠠᠶᠢᠨ ᠲᠤᠷ᠎ᠠ ᠠᠴᠠ ᠪᠠᠨ ᠮᠦᠩᠭᠦ ᠵᠣᠭᠤᠰ ᠬᠠᠨᠳᠢᠪᠯᠠᠨ ᠣᠶᠢᠷ᠎ᠠ ᠬᠠᠪᠢ ᠶᠢᠨ ᠦᠨᠳᠣᠷ ᠨᠠᠰᠣᠨ ᠬᠤᠳᠣᠭᠳᠣ ᠬᠤᠶᠠᠷ ᠨᠠᠰᠣᠳᠠᠨ ᠳᠤ ᠲᠡᠷᠯᠢᠭ ᠤᠨ ᠪᠡᠯᠡᠭ ᠢᠶᠠᠨ ᠭᠠᠷᠳᠠᠭᠤᠯᠵᠣ ᠲᠠᠳᠡᠨ  ᠤ ᠤᠷᠳᠤ ᠨᠠᠰᠤᠯᠠᠵᠤ᠂ ᠤᠳᠠᠭᠠᠨ ᠵᠢᠷᠭᠠᠬᠤ ᠶᠢ ᠬᠦᠰᠡᠨ ᠵᠦᠩᠨᠡᠭᠰᠡᠨ ᠤ ᠬᠠᠮᠳᠤ ᠴᠢᠰᠤᠨ ᠰᠤᠳᠠᠯ ᠤᠨ ᠲᠦᠭᠵᠢᠷᠡᠯ ᠠᠴᠠ ᠪᠣᠯᠵᠣ ᠬᠤᠶᠠᠷ ᠤᠳᠠᠭᠠᠨ ᠤ ᠶᠡᠭᠡ ᠮᠠᠰᠡ ᠵᠠᠰᠠᠯ ᠬᠢᠯᠬᠡᠵᠣ ᠠᠵᠣ ᠠᠮᠢᠳᠣᠷᠠᠯ ᠬᠦᠴᠢᠷᠳᠡᠯᠳᠡᠢ ᠪᠣᠯᠣᠭᠰᠠᠨ ᠮᠠᠯᠴᠢᠨ ᠤᠭ᠍ᠶᠥ ᠶᠢ ᠳᠣᠰᠠᠯᠠᠨ ᠳᠠᠮᠵᠢᠵᠣ ᠨᠡᠶᠢᠭᠡᠮ ᠨᠠᠶᠢᠳᠠ ᠶᠢᠨ ᠬᠠᠯᠠᠭᠤᠨ ᠬᠠᠶᠢᠷ᠎ᠠ ᠪᠠᠷ ᠲᠠᠭᠦᠨ ᠤ ᠡᠪᠡᠳᠴᠢᠨ ᠡᠮᠬᠡᠭ ᠨᠢ ᠡᠷᠳᠠ ᠨᠢᠭᠡᠨ ᠡᠳᠤᠷ ᠡᠷᠡᠭᠦᠯᠵᠢᠭᠦ᠋ᠢ ᠬᠦᠰᠡᠭᠰᠡᠨ  ᠪᠡᠶᠢᠨ᠎ᠠ  ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号