ᠮᠠᠨ ᠤ ᠬᠤᠰᠢᠭᠤ ︽ᠬᠠᠷ᠎ᠠ ᠪᠥᠯᠥᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠥᠷᠨᠢᠭᠦᠯᠵᠦ ᠨᠡᠶᠢᠭᠡᠮ ᠶᠢᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ︾ ᠭᠤᠤᠯ ᠰᠡᠲᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-04-16
     4 ᠰᠠᠷ᠎ᠠ ᠶᠢᠨ 9 ᠤ ᠡᠳᠦᠷ ᠮᠠᠨ ᠤ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯ ᠶᠢᠨ ᠲᠤᠭᠤᠷᠢᠭ ᠤᠨ ᠵᠠᠮ ᠤᠨ ᠶᠠᠪᠤᠳᠠᠯ ᠤᠨ ᠶᠡᠭᠡ ᠠᠩᠭᠢ ᠰᠢᠷᠬᠤᠰᠤᠨ ᠪᠠᠯᠭᠠᠰᠤᠨ ᠤ ᠤᠷᠳᠤᠪᠡᠶ᠎ᠡ ᠬᠡᠷᠡᠭ ᠡᠷᠬᠢᠯᠡᠬᠦ ᠭᠠᠵᠠᠷ ᠤᠨ ᠲᠤᠮᠢᠯᠠᠭᠰᠠᠨ ᠰᠠᠯᠪᠤᠷᠢ ᠪᠤᠯᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠷᠠᠵᠤ᠂ ︽ᠬᠠᠷ᠎ᠠ ᠪᠥᠯᠥᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠥᠷᠨᠢᠭᠦᠯᠵᠦ ᠨᠡᠶᠢᠭᠡᠮ ᠶᠢᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ︾ ᠭᠤᠤᠯ ᠰᠡᠲᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃      ᠠᠵᠢᠯᠯᠠᠭ᠎ᠠ ᠳᠤ ᠤᠬᠠᠭᠤᠯᠭ᠎ᠠ ᠶᠢᠨ ᠠᠵᠢᠯᠲᠠᠨ ᠠᠴᠠ ᠣᠯᠠᠨ ᠲᠠᠶᠠᠭᠠᠷ ᠲᠤ ︽ᠵᠠᠮ ᠬᠠᠷᠢᠯᠴᠠᠭ᠎ᠠ ᠲᠡᠭᠡᠭᠡᠪᠦᠷᠢ ᠶᠢᠨ  ᠭᠥᠷᠢᠶ᠎ᠠ ᠭᠡᠪᠴᠢᠶᠠᠨ ᠤ ᠬᠠᠷ᠎ᠠ ᠪᠥᠯᠥᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠥᠬᠦ ᠲᠠᠯ᠎ᠠ ᠪᠠᠷ ᠠᠬᠢᠭᠤᠯᠵᠤ ︿ᠬᠠᠷ᠎ᠠ ᠲᠡᠷᠭᠡ ᠶᠢ ᠬᠤᠷᠢᠭᠯᠠᠵᠤ᠂ ᠠᠮᠤᠷ ᠲᠥᠪᠰᠢᠨ ᠢᠶᠠᠷ ᠠᠶᠠᠯᠠᠬᠤ﹀ ᠲᠤᠬᠠᠢ ᠰᠠᠨᠠᠭᠠᠴᠢᠯᠠᠭ᠎ᠠ ᠶᠢᠨ ᠪᠢᠴᠢᠭ︾᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠶᠢᠨ ᠬᠠᠤᠯᠢ︾᠂ ︽ᠵᠠᠰᠠᠮᠠᠯ ᠵᠠᠮ ᠤᠨ ᠠᠮᠤᠷ ᠲᠥᠪᠰᠢᠨ ᠤ ᠬᠠᠮᠠᠭᠠᠯᠠᠯᠲᠠ ᠶᠢᠨ ᠳᠦᠷᠢᠮ︾  ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ︾ ᠵᠡᠷᠭᠡ ᠭᠤᠤᠯ ᠰᠡᠲᠦᠪᠲᠦ ᠤᠬᠠᠭᠤᠯᠭ᠎ᠠ ᠶᠢᠨ ᠮᠠᠲ᠋ᠧᠷᠢᠶᠠᠯ ᠪᠠ ᠦᠨᠦᠷᠲᠦ ᠰᠠᠪᠤᠩ᠂ ᠰᠢᠳᠤᠨ ᠱᠤᠸᠠᠰᠠ ᠵᠡᠷᠭᠡ ᠤᠬᠠᠭᠤᠯᠭ᠎ᠠ ᠶᠢᠨ ᠪᠤᠳᠠᠰ ᠲᠠᠷᠬᠠᠭᠠᠨ ᠥᠭᠬᠦ ᠶᠢᠨ ᠬᠠᠮᠲᠤ  ᠠᠬᠤᠢ ᠲᠠᠯᠠᠪᠠᠢ ᠳᠤ ᠵᠠᠮ ᠬᠠᠷᠢᠯᠴᠠᠭᠠᠨ ᠤ ᠠᠮᠤᠷ ᠲᠥᠪᠰᠢᠨ ᠤ ᠮᠡᠳᠡᠯᠭᠡ ᠶᠢᠨ ᠦᠵᠡᠬᠦᠯᠦᠯᠭᠡ ᠶᠢᠨ ᠰᠠᠮᠪᠠᠷ᠎ᠠ ᠭᠠᠷᠭᠠᠨ   ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠨᠠᠷᠢᠯᠢᠭ ᠲᠠᠶᠢᠯᠪᠤᠷᠢᠯᠠᠵᠤ ᠥᠭᠭᠦᠭᠰᠠᠨ ᠪᠠᠶᠢᠨ᠎ᠠ᠃ ᠪᠠᠰᠠ ᠰᠦᠯᠳᠡ ᠰᠤᠮᠤᠨ ᠤ ᠲᠣᠯᠢ ᠰᠦᠢᠳᠬᠡᠯ ᠬᠤᠷᠢᠶᠠᠬᠤ ᠥᠷᠲᠡᠭᠡ ᠵᠡᠷᠭᠡ ᠮᠠᠰᠢᠨ ᠲᠡᠷᠭᠡ ᠣᠯᠠᠨ ᠭᠠᠵᠠᠷ ᠢᠶᠠᠷ ᠬᠦᠷᠴᠦ᠂ ᠲᠡᠷᠭᠡᠨ ᠵᠢᠯᠣᠭᠤᠴᠢ ᠪᠠ ᠠᠶᠠᠨᠴᠢᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 20 ᠭᠠᠷᠤᠢ ᠤᠬᠠᠭᠤᠯᠭ᠎ᠠ ᠶᠢᠨ ᠠᠵᠢᠯᠲᠠᠨ ᠤᠷᠤᠯᠴᠠᠵᠤ᠂ 2000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号