ᠣᠶᠢᠷ᠎ᠠ ᠶᠢᠨ ᠡᠳᠦᠷ ᠮᠠᠨ ᠤ ᠬᠤᠰᠢᠭᠤᠨ ᠤ ᠢᠪᠡᠭᠡᠯ ᠰᠣᠶᠣᠷᠬᠠᠯᠲᠣ ᠨᠡᠶᠢᠲᠡ ᠶᠢᠨ ᠬᠠᠯᠠᠮᠵᠢ ᠶᠢᠨ | ᠨᠡᠶᠢᠭᠡᠮᠯᠢᠭ ᠤᠨ ᠫᠠᠶᠢᠰᠠ ᠰᠡᠬᠦᠬᠦ ᠶᠣᠰᠣᠯᠠᠯ ᠵᠢᠴᠢ ᠭᠤᠤᠨᠢ ᠨᠠᠰᠣᠳᠡᠶᠢᠴᠣᠣᠨ ᠢ ᠬᠠᠷᠠᠭᠠᠯᠵᠠᠬᠤ ᠰᠠᠶᠢᠨ | ᠳᠣᠷᠠᠴᠣᠳ ᠤᠨ ᠦᠢᠯᠡᠴᠢᠯᠡᠬᠡᠨ ᠤ ᠲᠦᠷᠦᠯ ᠵᠦᠢᠯ ᠤᠨ ᠡᠬᠢᠯᠡᠯᠲᠡ ᠶᠢᠨ ᠶᠣᠰᠣᠯᠠᠯ ᠭᠠᠯᠠᠭᠤᠲᠤ ᠪᠠᠯᠭᠠᠰᠤᠨ ᠤ | ᠨᠠᠨᠳᠢᠨ ᠨᠡᠶᠢᠬᠡᠮ ᠲᠣᠭᠤᠷᠢᠭ ᠲᠤ ᠶᠠᠪᠣᠭᠳᠠᠵᠤ᠂ ᠬᠤᠰᠢᠭᠤ ᠣᠶᠣᠨ ᠤ ᠪᠣᠯᠪᠠᠰᠣᠨ ᠤ ᠠᠯᠪᠡᠨ ᠭᠡᠷ᠂ ᠡᠪᠯᠡᠯ ᠤᠨ | ᠬᠤᠷᠢᠶ᠎ᠠ᠂ ᠡᠮᠡᠭᠳᠡᠶᠢᠴᠣᠣᠨ ᠤᠨ ᠬᠤᠯᠪᠤᠭᠠᠲᠤ ᠬᠤᠷᠠᠯ᠂ ᠠᠵᠢᠯᠴᠢᠨ ᠤ ᠡᠪᠯᠡᠯ᠂ ᠠᠷᠡᠳ ᠤᠨ ᠶᠠᠪᠣᠳᠠᠯ᠂ | ᠭᠠᠯᠠᠭᠤᠳᠣ ᠪᠠᠯᠭᠠᠰᠣ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠪᠣᠯᠣᠨ 70 ᠭᠠᠷᠣᠢ | ᠰᠠᠶᠢᠨ ᠳᠣᠷᠠᠴᠣᠣᠯ ᠤᠷᠤᠯᠴᠠᠪᠠ᠃ | ᠶᠤᠰᠤᠯᠠᠯ ᠳᠡᠭᠡᠷ᠎ᠡ᠂ ᠢᠪᠡᠭᠡᠯ ᠰᠣᠶᠣᠷᠬᠠᠯᠲᠣ ᠨᠡᠶᠢᠲᠡ ᠶᠢᠨ ᠬᠠᠯᠠᠮᠵᠢ ᠶᠢᠨ ᠨᠡᠶᠢᠭᠡᠮᠯᠢᠭ ᠤᠨ ᠫᠠᠶᠢᠰᠠ ᠶᠢ | ᠰᠡᠬᠦᠵᠣ ᠭᠤᠣᠨᠢ ᠨᠠᠰᠣᠳᠡᠨ ᠢ ᠠᠰᠠᠷᠡᠨ ᠬᠠᠷᠠᠭᠠᠯᠵᠠᠬᠤ 5 ᠳᠦᠷᠣᠯ ᠤᠨ ᠰᠠᠶᠢᠨ ᠳᠣᠷᠠᠴᠣᠣᠯ ᠤᠨ ᠣᠶᠢᠯᠡᠴᠢᠯᠡᠭᠡ | ᠶᠢ ᠡᠬᠢᠯᠡᠬᠦᠯᠵᠦ ᠳᠣᠬᠠᠢ ᠶᠢᠨ ᠳᠠᠯᠠᠪᠠᠢ ᠳᠡᠭᠡᠷ᠎ᠡ ᠰᠠᠭᠤᠭᠠᠯᠢ ᠠᠷᠡᠳ ᠲᠤ ᠰᠦᠢᠳᠬᠡᠯ ᠬᠤᠷᠢᠶᠠᠬᠤ ᠦᠬᠡᠢ ᠪᠠᠷ ᠪᠠᠶ᠎ᠠ | ᠶᠢᠨ ᠪᠠᠶᠢᠴᠠᠭᠠᠯᠳᠠ ᠬᠢᠬᠦ᠂ ᠦᠰᠣ ᠭᠡᠵᠢᠬᠡ ᠬᠠᠶᠢᠴᠢᠯᠠᠬᠤ ᠵᠡᠷᠭᠡ ᠡᠯ᠎ᠡ ᠵᠣᠶᠢᠯ ᠤᠨ ᠨᠡᠶᠢᠳᠡ ᠶᠢᠨ ᠠᠰᠠᠷᠠᠮᠵᠢ ᠶᠢᠨ | ᠠᠵᠢᠯᠯᠠᠭ᠎ᠠ ᠦᠷᠨᠢᠬᠦᠯᠵᠤ ᠨᠠᠩ ᠣᠯᠠᠨ ᠪᠣᠶᠠᠨᠰᠠᠭ ᠰᠠᠳᠬᠢᠯᠳᠣ ᠬᠦᠮᠣᠰ ᠠᠵᠢᠯᠯᠠᠭ᠎ᠠ ᠳᠤ ᠤᠷᠤᠯᠴᠠᠨ ᠣᠯᠠᠨ | ᠳᠦᠮᠡᠨ ᠤ ᠪᠣᠯᠪᠠᠰᠣᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠤᠷᠢᠶᠠᠯᠠᠭᠰᠠᠨ ᠪᠠᠶᠢᠨ᠎ᠠ᠃ | ᠶᠤᠰᠤᠯᠠᠯ ᠤᠨ ᠳᠠᠷᠠᠭ᠎ᠠ ᠨᠠᠨᠳᠢᠨ ᠨᠡᠶᠢᠭᠡᠮ ᠳᠣᠭᠤᠷᠢᠭ ᠪᠣᠯᠣᠨ ᠨᠠᠶᠢᠳᠡ ᠶᠢᠨ ᠠᠰᠠᠷᠡᠮᠵᠢ ᠶᠢᠨ ᠨᠡᠶᠢᠬᠡᠮᠯᠢᠭ | ᠬᠠᠮᠳᠣᠷᠠᠨ 50 ᠭᠤᠣᠨᠢ ᠨᠠᠰᠣᠳᠠᠨ ᠪᠣᠯᠣᠨ 30 ᠶᠠᠳᠠᠭᠤ ᠬᠦᠴᠢᠷᠳᠡᠯᠳᠡᠢ ᠪᠠᠭᠠᠴᠣᠣᠨ ᠢ ᠪᠣᠯᠭᠤᠭᠠᠨ ᠥᠵᠠᠵᠤ | ᠭᠤᠯᠢᠷ᠂ ᠳᠣᠳᠣᠷᠭ᠎ᠠ᠂ ᠢᠳᠡᠰᠢᠨ ᠲᠣᠰᠣ ᠵᠡᠷᠭᠡ ᠠᠮᠢᠳᠣᠷᠠᠯ ᠤᠨ ᠪᠤᠳᠠᠰ ᠪᠣᠯᠣᠨ ᠪᠢᠴᠢᠭ ᠤᠨ ᠭᠡᠷᠡᠭᠰᠡᠯ ᠢᠶᠠᠷ | ᠳᠣᠰᠠᠯᠠᠭᠰᠠᠨ ᠪᠠᠶᠢᠨ᠎ᠠ᠃ |