ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠶᠠᠩ ᠮᠢᠩ ᠮᠠᠨ ᠤ ᠬᠤᠰᠢᠭᠤᠨ ᠳᠤ ᠢᠷᠠᠵᠤ ᠤᠰᠤᠨ ᠤ ᠪᠤᠭᠢᠷᠳᠤᠯ ᠢ ᠰᠠᠷᠭᠡᠶᠢᠯᠠᠨ ᠵᠠᠰᠠᠬᠤ ᠬᠠᠤᠯᠢ ᠶᠢ ᠲᠤᠭᠤᠰᠢᠯᠠᠭᠤᠯᠤᠨ ᠭᠡᠷᠡᠭᠵᠢᠭᠦᠯᠥᠭᠰᠠᠨ ᠪᠠᠶᠢᠳᠠᠯ ᠳᠤ ᠬᠠᠤᠯᠢ ᠭᠡᠷᠡᠭᠵᠢᠭᠦᠯᠥᠯᠳᠠ ᠶᠢᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2019-04-16
     4 ᠰᠠᠷ᠎ᠠ ᠶᠢᠨ 9 ᠤ ᠡᠳᠦᠷ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠲᠡᠳ᠋ ᠡᠷᠭᠢᠯᠡᠭᠴᠢ ᠶᠠᠩ ᠮᠢᠩ ᠮᠠᠨ ᠤ ᠬᠤᠰᠢᠭᠤᠨ ᠳᠤ ᠢᠷᠠᠵᠤ ᠤᠰᠤᠨ ᠤ ᠪᠤᠭᠢᠷᠳᠤᠯ ᠢ ᠰᠠᠷᠭᠡᠶᠢᠯᠠᠨ ᠵᠠᠰᠠᠬᠤ ᠬᠠᠤᠯᠢ ᠶᠢ ᠲᠤᠭᠤᠰᠢᠯᠠᠭᠤᠯᠤᠨ ᠭᠡᠷᠡᠭᠵᠢᠭᠦᠯᠥᠭᠰᠠᠨ ᠪᠠᠶᠢᠳᠠᠯ ᠳᠤ ᠬᠠᠤᠯᠢ ᠭᠡᠷᠡᠭᠵᠢᠭᠦᠯᠥᠯᠳᠠ  ᠶᠢᠨ ᠪᠠᠶᠢᠴᠠᠭᠠᠯᠳᠠ ᠭᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠸᠠᠩ ᠶᠥᠩ ᠴᠢᠩ᠂ ᠬᠤᠰᠢᠭᠤ ᠲᠡᠳ᠋ ᠲᠠᠷᠤᠭ᠎ᠠ ᠵᠸᠤ ᠱᠤᠸᠠᠢ ᠪᠤᠯᠤᠨ ᠬᠤᠰᠢᠭᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠤᠰᠤᠨ ᠤ ᠶᠠᠪᠤᠳᠠᠯ ᠪᠠ ᠭᠥᠷᠤᠰᠤ ᠰᠢᠷᠤᠢ ᠶᠢ ᠬᠠᠮᠠᠭᠠᠯᠠᠬᠤ ᠲᠤᠪᠴᠢᠶ᠎ᠠ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃      ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠤᠷᠢᠳ ᠬᠤᠵᠢᠳ ᠵᠥᠩ ᠲᠢᠶᠠᠨ ᠡᠾᠧ ᠴᠤᠸᠠᠩ ᠺᠤᠮᠫᠠᠨᠢ ᠶᠢᠨ ᠬᠤᠯᠤᠰᠤ ᠨᠡᠬᠦᠷᠡᠰᠦᠨ ᠠᠭᠤᠷᠬᠠᠢ᠂ ᠵᠥᠩ ᠲᠢᠶᠠᠨ ᠡᠾᠧ ᠴᠤᠸᠠᠩ ᠺᠤᠮᠫᠠᠨᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠬᠦᠨᠵᠡᠭᠡᠢ ᠰᠢᠢᠳᠪᠦᠷᠢᠯᠡᠬᠦ ᠲᠥᠷᠥᠯ ᠵᠥᠢᠯ᠂ ᠬᠠᠳᠠᠭᠤᠴᠠᠶᠢᠳᠠᠮ ᠤᠰᠤᠨ ᠰᠤᠷᠪᠤᠯᠵᠢ  ᠶᠢᠨ ᠤᠷᠤᠨ᠂ ᠭᠠᠯᠠᠭᠤᠳᠤ ᠪᠠᠯᠭᠠᠰᠤᠨ ᠤ ᠪᠤᠵᠠᠷ ᠤᠰᠤ ᠶᠢ ᠰᠢᠢᠳᠪᠦᠷᠢᠯᠡᠬᠦ ᠥᠢᠯᠡᠳᠪᠤᠷᠢ᠂ ᠹᠦ᠋ ᠷᠥᠢ ᠳ᠋ᠠ ᠮᠢᠬᠠᠨ ᠲᠥᠷᠤᠯ ᠢ ᠨᠠᠷᠢᠯᠢᠭ ᠪᠤᠯᠪᠠᠰᠤᠷᠠᠭᠤᠯᠬᠤ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠤᠷᠤᠨ ᠢᠶᠠᠷ ᠭᠥᠷᠴᠤ ᠮᠠᠲ᠋ᠧᠷᠢᠶᠠᠯ ᠢ ᠪᠠᠶᠢᠴᠠᠭᠠᠨ ᠥᠵᠠᠭᠦ ᠪᠠ ᠲᠤᠬᠠᠢ ᠶᠢᠨ ᠭᠠᠵᠠᠷ ᠲᠤ ᠪᠠᠶᠢᠴᠠᠭᠠᠬᠤ ᠪᠠᠷ ᠲᠠᠮᠵᠢᠨ ᠤᠰᠤᠨ ᠤ ᠪᠤᠭᠢᠷᠳᠤᠯ  ᠢ ᠰᠠᠷᠭᠡᠶᠢᠯᠠᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠭᠰᠠᠨ ᠪᠠ ᠭᠡᠷᠡᠭᠵᠢᠭᠦᠯᠥᠭᠰᠠᠨ ᠪᠠᠶᠢᠳᠠᠯ᠂ ᠭᠤᠤᠯ ᠴᠤᠭᠴᠠ  ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠳᠠ ᠭᠢᠵᠤ᠂ ᠡᠯ᠎ᠠ ᠤᠰᠤᠨ ᠡᠭᠢ ᠰᠤᠷᠪᠤᠯᠵᠢ ᠶᠢᠨ ᠲᠥᠭᠦᠭᠡᠷᠤᠮᠵᠢ ᠶᠢᠨ ᠡᠷᠭᠢᠯᠳᠠ ᠶᠢᠨ ᠪᠠᠶᠢᠳᠠᠯ ᠪᠤᠯᠤᠨ ᠠᠭᠤᠷᠬᠠᠢ ᠶᠢᠨ ᠬᠤᠳᠳᠤᠭ ᠤᠨ ᠤᠰᠤ ᠶᠢ ᠰᠢᠢᠳᠪᠦᠷᠢᠯᠡᠬᠦ ᠪᠠᠶᠢᠳᠠᠯ ᠳᠤ ᠪᠠᠶᠢᠴᠠᠭᠠᠯᠳᠠ ᠭᠢᠭᠦ ᠶᠢᠨ ᠬᠠᠮᠳᠤ ᠠᠵᠢᠯᠳᠠᠳ ᠲᠠᠢ ᠨᠠᠷᠢᠨ ᠶᠠᠷᠢᠯᠴᠠᠵᠤ ᠤᠰᠤᠨ ᠤ ᠰᠢᠯᠭᠠᠨ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠨᠠᠷᠢᠨ ᠤᠶᠢᠯᠠᠭᠠᠭᠰᠠᠨ ᠪᠠᠶᠢᠨ᠎ᠠ᠃      ᠪᠠᠶᠢᠴᠠᠭᠠᠯᠳᠠ ᠶᠢᠨ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠲᠡᠭᠡᠷ᠎ᠡ᠂ ᠬᠤᠰᠢᠭᠤ ᠲᠠᠳ᠋ ᠲᠠᠷᠤᠭ᠎ᠠ ᠵᠸᠤ ᠱᠤᠸᠠᠢ ᠮᠠᠨ ᠤ ᠬᠤᠰᠢᠭᠤ ︽ᠪᠥᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ  ᠤ ᠪᠤᠭᠢᠷᠳᠤᠯ ᠢ ᠰᠠᠷᠭᠡᠶᠢᠯᠠᠨ ᠵᠠᠰᠠᠬᠤ ᠬᠠᠤᠯᠢ︾ ᠶᠢ ᠲᠤᠭᠤᠰᠢᠯᠠᠭᠤᠯᠤᠨ ᠭᠡᠷᠡᠭᠵᠢᠭᠦᠯᠥᠭᠰᠠᠨ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠪᠠ᠃ ᠬᠠᠷᠢᠭᠤ ᠮᠡᠳᠡᠭᠦᠯᠥᠯᠳᠠ ᠶᠢᠨ ᠲᠠᠷᠠᠭ᠎ᠠ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠮᠠᠨ ᠤ ᠬᠤᠰᠢᠭᠤᠨ ᠤ ᠤᠰᠤᠨ ᠤ ᠪᠤᠭᠢᠷᠳᠤᠯ ᠢ ᠰᠠᠷᠭᠡᠶᠢᠯᠠᠭᠦ  ᠬᠤᠯᠪᠤᠭᠳᠠᠯ ᠪᠥᠭᠦᠢ ᠠᠵᠢᠯ ᠳᠤ ᠪᠤᠰᠤᠳᠴᠢ ᠥᠨᠠᠯᠠᠯᠳᠠ ᠥᠭᠴᠤ ᠬᠠᠳᠠᠭᠤᠴᠠᠶᠢᠳᠠᠮ ᠤᠨ ᠤᠰᠤᠨ ᠰᠤᠷᠪᠤᠯᠵᠢ ᠶᠢᠨ ᠤᠷᠤᠨ ᠤ ᠤᠷᠤᠰᠢᠵᠤ ᠪᠠᠶᠢᠭ᠎ᠠ ᠠᠰᠠᠭᠤᠳᠠᠯ ᠢᠶᠠᠨ ᠴᠠᠭ ᠲᠠᠷᠤᠢ ᠳᠤ ᠨᠢ ᠰᠢᠢᠳᠪᠦᠷᠢᠯᠡᠵᠤ ᠪᠤᠰᠤᠳ ᠤᠰᠤᠨ ᠰᠤᠷᠪᠤᠯᠵᠢ ᠶᠢᠨ ᠤᠷᠤᠨ ᠢ ᠱᠠᠭᠠᠷᠳᠠᠯᠭ᠎ᠠ ᠶᠤᠰᠤᠭᠠᠷ ᠪᠥᠳᠥᠭᠡᠨ ᠪᠠᠶᠢᠭᠤᠯᠤᠯᠳᠠ ᠬᠠᠮᠠᠭᠠᠯᠠᠯᠲᠠ ᠭᠢᠭᠦ ᠶᠢ ᠰᠠᠨᠠᠭᠤᠯᠵᠠᠢ ᠭᠡᠪᠡ᠃      ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠱᠠᠭᠠᠷᠳᠠᠬᠤ ᠳᠤ ᠪᠠᠨ᠂ ᠡᠯ᠎ᠠ ᠱᠠᠳᠤᠨ ᠤ ᠵᠠᠰᠠᠭ ᠤᠨ ᠤᠷᠳᠤᠨ ᠪᠤᠯᠤᠨ ᠬᠤᠯᠪᠤᠭᠳᠠᠯ ᠪᠥᠭᠦᠢ ᠰᠠᠯᠠᠭ᠎ᠠ ᠮᠥᠴᠢᠷ ᠬᠠᠤᠯᠢ ᠪᠠᠷ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠰᠢ ᠶᠢᠨ ᠫᠢᠩ ᠶᠠᠷᠤᠩᠭᠡᠢ ᠱᠥᠵᠢ ᠶᠢᠨ ᠥᠪᠤᠷ ᠮᠤᠩᠭᠤᠯ ᠤᠨ ᠲᠥᠯᠥᠭᠡᠯᠡᠭᠴᠢᠳ ᠤᠨ ᠪᠥᠯᠭᠦᠮ ᠤᠨ ᠭᠢᠨᠠᠨ ᠵᠥᠪᠯᠠᠭᠦ ᠳᠤ ᠤᠷᠤᠯᠴᠠᠬᠤ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠢᠨᠠᠮᠠᠭᠠᠢ ᠰᠤᠷᠤᠯᠴᠠᠬᠤ ᠭᠡᠷᠡᠭᠳᠠᠢ᠃ ᠨᠠᠶᠢᠭᠡᠮ ᠤᠨ ᠡᠯ᠎ᠠ ᠡᠳᠡᠭᠡᠳ ᠤᠨ ᠭᠥᠴᠤᠨ ᠢ ᠠᠮᠢ ᠠᠬᠤᠢ ᠶᠢᠨ ᠪᠤᠯᠪᠠᠰᠤᠨ ᠤ ᠪᠥᠳᠥᠭᠡᠨ ᠪᠠᠶᠢᠭᠤᠯᠤᠯᠳᠠ ᠳᠤ ᠤᠷᠤᠯᠴᠠᠭᠤᠯᠵᠤ ᠬᠠᠷᠢᠯᠴᠠᠨ ᠬᠠᠪᠰᠤᠷᠤᠯᠴᠠᠨ ᠬᠠᠮᠳᠤ ᠪᠠᠷ ᠵᠢᠳᠭᠦᠨ  ᠠᠮᠢ ᠠᠬᠤᠢ  ᠶᠢᠨ ᠪᠤᠯᠪᠠᠰᠤᠨ ᠤ ᠪᠠᠶᠢᠭᠤᠯᠤᠯᠳᠠ ᠶᠢᠨ ᠬᠠᠮᠳᠤ ᠶᠢᠨ ᠭᠥᠴᠤᠨ ᠢ ᠨᠢᠭᠡᠳᠤᠭᠦᠯᠵᠤ ᠡᠭᠡ ᠤᠯᠤᠰ ᠤᠨ ᠤᠮᠠᠷᠠᠳᠤ ᠭᠢᠯᠢ ᠭᠢᠵᠠᠭᠠᠷ ᠤᠨ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢᠨ ᠤᠷᠳᠤᠰ ᠤᠨ ᠰᠠᠷᠭᠡᠶᠢᠯᠠᠯᠳᠠ ᠶᠢᠨ ᠱᠤᠭᠤᠮ  ᠢ ᠪᠠᠭᠢᠵᠢᠭᠦᠯᠭᠦ ᠭᠡᠷᠡᠭᠳᠠᠢ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号