ᠮᠠᠨ ᠤ ᠬᠤᠰᠢᠭᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠨᠤᠮᠢᠨ ᠲᠠᠩᠰᠤᠭ ᠬᠦᠭᠵᠢᠯᠲᠡ ᠶᠢ ᠠᠬᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-04-16
     4 ᠰᠠᠷ᠎ᠠ ᠶᠢᠨ 10 ᠤ ᠡᠳᠦᠷ ᠮᠠᠨ ᠤ ᠬᠤᠰᠢᠭᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠨᠤᠮᠢᠨ ᠲᠠᠩᠰᠤᠭ ᠬᠦᠭᠵᠢᠯᠲᠡ ᠶᠢ ᠠᠬᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠮᠠᠯᠵᠢᠬᠤ ᠳ᠋ᠠᠵᠠᠢ ᠦᠦᠰᠢᠨᠵᠤᠤ ᠶᠢᠨ ᠳᠠᠭᠠᠭᠤᠯᠤᠭᠴᠢ᠂ ᠪᠦᠬᠦ ᠤᠯᠤᠰ ᠤᠨ ︽3.8︾ ᠤ ᠤᠯᠠᠭᠠᠨ ᠲᠤᠭᠴᠢ᠂ ᠪᠦᠬᠦ ᠤᠯᠤᠰ ᠤᠨ ︽5.1︾ ᠤ ᠬᠦᠳᠡᠯᠮᠦᠷᠢᠴᠢᠨ ᠤ ᠮᠧᠳᠠᠯ ᠬᠦᠷᠲᠡᠭᠴᠢ᠂ ᠳᠤᠮᠳᠠᠳᠦ ᠤᠯᠤᠰ ᠶᠢᠨ ᠡᠪ ᠬᠠᠮᠲᠦ ᠨᠠᠮ ᠤᠨ ᠶᠢᠰᠦᠳᠦᠭᠡᠷ᠂ ᠠᠷᠪᠠᠳᠤᠭᠠᠷ᠂ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠲᠦᠪ ᠬᠤᠷᠢᠶᠠᠨ ᠤ ᠭᠡᠰᠢᠭᠦᠨ᠂ ᠳᠦᠷᠪᠡᠳᠦᠭᠡᠷ᠂ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠭᠡᠰᠢᠭᠦᠨ᠂ ᠦᠪᠥᠷ ᠮᠤᠩᠭᠤᠯ ᠤᠨ ᠦᠪᠡᠷᠳᠡᠭᠡᠨ ᠵᠠᠰᠬᠤ ᠤᠷᠤᠨ ᠤ ᠨᠠᠮ ᠤᠨ ᠬᠤᠷᠢᠶᠠᠨ ᠤ ᠤᠤᠯ ᠤᠨ ᠳᠡᠳ᠋ ᠱᠦᠵᠢ ᠪᠣᠷᠣᠯᠳᠠᠢ ᠨᠦᠬᠦᠷ ᠬᠤᠷᠠᠯ ᠳᠤ ᠤᠷᠢᠭᠳᠠᠨ ᠤᠷᠤᠯᠴᠠᠵᠤ ᠪᠦᠬᠦ ᠭᠡᠷ ᠲᠤ ᠪᠠᠨ ᠪᠠᠶᠢᠭ᠎ᠠ ᠰᠢᠶᠡᠨ ᠤ ᠳᠡᠰ ᠶᠢᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ᠂ ᠰᠤᠮᠤ ᠪᠠᠯᠭᠠᠰᠤᠨ ᠳᠠᠷᠤᠭ᠎ᠠ᠂ ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠢ ᠪᠤᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠮᠠᠨ ᠤ ᠬᠤᠰᠢᠭᠤᠨ ᠳᠤ ᠰᠠᠭᠤᠷᠢᠰᠢᠭ᠎ᠠ ᠡᠯ᠎ᠡ ᠭᠤᠤᠯᠳᠠᠯᠭᠠᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠦ ᠬᠤᠷᠠᠯ ᠡᠷᠬᠢᠯᠡᠪᠡ᠃
     ᠬᠤᠷᠠᠯ ᠳᠡᠭᠡᠷ᠎ᠡ᠂ ᠰᠤᠷᠭᠠᠯᠲᠦ ᠯᠢ ᠵᠢᠢ ᠡᠾᠧᠩ ᠱᠦᠵᠢ ᠪᠤᠯᠤᠨ ᠪᠦ᠋ ᠰᠢᠶᠤᠤ ᠯᠢᠨ ᠲᠡᠷᠢᠭᠦᠯᠡᠭᠴᠢ ᠶᠢᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤ ᠳᠡᠳ᠋ ᠳᠠᠷᠤᠭ᠎ᠠ ᠪᠡᠶᠠᠠᠴᠡᠩᠭᠡᠯ ᠪᠦᠬᠦ ᠬᠤᠰᠢᠭᠤᠨ ᠤ ᠮᠠᠯ ᠮᠠᠯᠵᠢᠵᠤ ᠠᠳᠠᠷ ᠬᠠᠭᠠᠯᠪᠤᠷᠢᠯᠠᠬᠤ ᠶᠢ ᠵᠤᠭᠰᠤᠭᠠᠬᠤ ᠪᠤᠯᠤᠨ ᠤᠢ ᠰᠢᠭᠤᠢ ᠨᠤᠲᠤᠭ ᠪᠡᠯᠴᠢᠭᠡᠷ  ᠤᠨ ᠭᠠᠯ ᠰᠡᠷᠭᠡᠶᠢᠯᠡᠯᠲᠡ ᠶᠢᠨ ᠠᠵᠢᠯ ᠳᠤ ᠪᠠᠶᠢᠷᠢᠯᠠᠭᠤᠯᠤᠯᠲᠠ ᠬᠢᠵᠤ᠂ ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠬᠠᠷᠢᠭᠤᠴᠠᠯᠭᠠᠲᠠᠨ ᠪᠦᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠤᠳᠤᠬᠠᠨ ᠤ ᠪᠠᠶᠢᠳᠠᠯ ᠤᠨ ᠳᠤᠬᠠᠢ ᠬᠠᠷᠢᠭᠤ ᠮᠡᠳᠡᠭᠦᠯᠦᠯᠲᠡ ᠬᠢᠬᠦ ᠶᠢᠨ ᠬᠠᠮᠲᠦ ᠡᠨᠡ ᠵᠢᠯ ᠤᠨ ᠤᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠳᠠᠯᠭᠠᠲᠠᠢ ᠠᠵᠢᠯ ᠳᠤ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠪᠡ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠸᠢ ᠯᠤ᠋ ᠶᠠᠷᠢᠶ᠎ᠠ ᠲᠠᠯᠪᠢᠵᠤ ᠵᠢᠭᠠᠬᠤ ᠳᠤ ᠪᠠᠨ᠂ ᠲᠡᠭᠡᠷ᠎ᠡ ᠵᠠᠭᠤᠨ ᠤ ᠲᠠᠪᠢ ᠵᠢᠷᠠᠭᠠᠳ ᠣᠨ ᠠᠴᠠ ᠨᠠᠰᠢ ᠮᠠᠨ ᠤ ᠬᠤᠰᠢᠭᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠮᠤᠭ ᠲᠤᠮᠤ ᠰᠠᠭᠤᠷᠢ ᠪᠤᠯᠬᠤ ᠢᠨᠵᠧᠨᠧᠷᠢᠩ ᠪᠤᠯᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ  ᠤᠯᠤᠰ ᠪᠠᠶᠢᠭᠤᠯᠤᠭᠳᠠᠭᠰᠠᠨ ᠠᠴᠠ ᠨᠠᠰᠢᠬᠢ ᠡᠯᠡᠰᠦᠷᠭᠡᠭᠵᠢᠪᠡᠯ ᠵᠠᠶᠢᠯᠠᠵᠤ ᠪᠠᠶᠢᠭᠰᠠᠨ ᠠᠴᠠ ᠳᠠᠯᠠ ᠨᠠᠶᠠᠭᠠᠳ ᠤᠨ ᠤ ᠦᠶ᠎ᠡ ᠳᠤ ᠡᠯᠡᠰᠦ ᠮᠠᠩᠬ᠎ᠠ ᠲᠠᠢ ᠲᠡᠮᠡᠴᠡᠵᠤ᠂ 21 ᠳ᠋ᠤᠭᠡᠷ ᠵᠠᠭᠤᠨ ᠤ ᠡᠬᠢᠨ ᠪᠤᠯᠬᠤ ᠳᠤ ᠡᠯᠡᠰᠦ ᠶᠢ ᠵᠠᠰᠠᠵᠤ ᠪᠠᠶᠢᠭᠰᠠᠨ ᠠᠴᠠ ᠤᠳᠤᠬᠠᠨ ᠳᠤ ᠡᠶ᠎ᠡ ᠵᠤᠬᠢᠴᠠᠯᠲᠦ ᠬᠦᠭᠵᠢᠯᠲᠡ ᠶᠢ ᠪᠡᠶᠡᠯᠡᠭᠦᠯᠦᠭᠡᠳ ᠪᠦᠬᠦ ᠬᠤᠰᠢᠭᠤᠨ ᠤ ᠡᠯᠡᠰᠦᠷᠭᠡᠭᠵᠢᠯ ᠢ ᠪᠦᠬᠦ ᠲᠠᠯ᠎ᠠ ᠪᠠᠷ ᠪᠦᠲᠦᠮᠵᠢᠲᠠᠢ ᠬᠤᠷᠢᠭᠯᠠᠵᠤ ᠭᠡᠰᠡᠭ ᠲᠠᠯ᠎ᠠ ᠪᠠᠷ ᠲᠡᠦᠬᠡᠴᠢ ᠴᠢᠨᠠᠷᠲᠠᠢ ᠰᠠᠶᠢᠵᠢᠷᠠᠯᠲᠠ ᠶᠢ ᠪᠡᠶᠡᠯᠡᠭᠦᠯᠦᠭᠰᠡᠨ ᠪᠠᠶᠢᠨ᠎ᠠ ᠭᠡᠪᠡ᠃        ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭᠠᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠶᠢ ᠦᠨᠡᠨᠬᠦ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ ᠪᠠᠶᠢᠭᠤᠯᠤᠯᠲᠠ ᠬᠠᠮᠠᠭᠠᠯᠠᠯᠲᠠ ᠪᠤᠯᠤᠨ ᠠᠵᠤ ᠠᠬᠤᠢ ᠶᠢᠨ ᠬᠦᠭᠵᠢᠯᠲᠡ ᠶᠢᠨ ᠬᠠᠷᠢᠴᠠᠭ᠎ᠠ ᠶᠢ ᠤᠨᠤᠪᠴᠢᠲᠠᠢ ᠠᠳᠬᠤᠵᠤ ᠪᠦᠲᠦᠭᠡᠨ ᠪᠠᠶᠢᠭᠤᠯᠬᠤ ᠪᠤᠯᠤᠨ ᠬᠠᠮᠠᠭᠠᠯᠠᠨ ᠵᠠᠰᠠᠬᠤ ᠶᠢ ᠬᠠᠮᠲᠦ ᠳᠤᠨᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ ᠰᠢᠨ᠎ᠡ ᠴᠠᠭ ᠦᠶ᠎ᠡ ᠳᠤ ︽ᠮᠠᠯᠵᠢᠬᠤ ᠳ᠋ᠠᠵᠠᠢ︾ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠤᠷᠳᠦ ᠤᠳᠠᠭᠠᠨ ᠢᠶᠠᠷ ᠠᠬᠢᠭᠤᠯᠵᠤ ᠪᠦᠬᠦ ᠬᠤᠰᠢᠭᠤᠨ ᠤ ᠠᠮᠢ ᠠᠬᠤᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠪᠦᠬᠦ ᠠᠷᠠᠳ ᠢᠶᠠᠷ ᠢᠶᠠᠨ ᠬᠦᠳᠡᠯᠦᠯᠴᠡᠨ ᠨᠡᠩ ᠦᠵᠡᠰᠭᠦᠯᠡᠩᠲᠦ ᠰᠠᠶᠢᠬᠠᠨ᠂ ᠨᠤᠮᠢᠨ ᠲᠠᠩᠰᠤᠭ ᠦᠦᠰᠢᠨ ᠢ ᠴᠢᠷᠮᠠᠶᠢᠨ ᠪᠠᠶᠢᠭᠤᠯᠬᠤ ᠬᠡᠷᠡᠭᠲᠡᠢ᠃ ᠨᠢᠭᠡ ᠳᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠵᠡᠯᠲᠡ ᠲᠠᠨᠢᠯᠲᠠ ᠶᠢ ᠦᠨᠡᠨᠬᠦ ᠳᠡᠭᠡᠭᠰᠢᠯᠡᠭᠦᠯᠵᠤ  ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠨᠢ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠨᠢᠭᠡ ᠭᠤᠭᠴᠤᠭ᠎ᠠ ᠪᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠶᠢᠨ ᠪᠤᠶᠠᠨ ᠭᠡᠰᠢᠭ ᠪᠤᠯᠬᠤ ᠶᠢ ᠬᠦᠢᠴᠡᠳ ᠲᠠᠨᠢᠬᠤ ᠬᠡᠷᠡᠭᠲᠡᠢ᠃ ᠬᠤᠶᠠᠷ ᠲᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠤᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨᠬᠦ ᠴᠢᠩᠭᠠᠳᠬᠠᠵᠤ ᠭᠤᠤᠯᠳᠠᠯᠭᠠᠲᠠᠢ ᠤᠷᠤᠨ ᠲᠤᠭᠤᠷᠢᠭ ᠢ ᠠᠩᠬᠠᠷᠤᠨ ᠪᠤᠳᠠᠳᠠᠢ ᠳᠤ ᠨᠢ ᠵᠤᠬᠢᠴᠠᠭᠤᠯᠤᠨ ᠮᠤᠳᠦ ᠲᠠᠷᠢᠵᠤ ᠪᠦᠬᠦ ᠠᠷᠠᠳ ᠢ ᠳᠠᠶᠢᠴᠢᠯᠠᠨ ᠠᠯᠪᠠᠨ ᠵᠢᠷᠤᠮ ᠤᠨ ᠮᠤᠲᠦ ᠲᠠᠷᠢᠬᠤ ᠠᠵᠢᠯᠯᠠᠭ᠎ᠠ ᠶᠢ ᠪᠠᠲᠤᠲᠠᠢ ᠦᠷᠨᠢᠭᠦᠯᠵᠤ ᠭᠤᠤᠯᠳᠠᠯᠭᠠᠲᠠᠢ ᠠᠮᠢ ᠠᠬᠤᠢ ᠶᠢᠨ ᠢᠨᠵᠧᠨᠧᠷᠢᠩ ᠢ ᠬᠢᠨᠠᠮᠠᠭᠠᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠦᠨᠡᠨᠬᠦ ᠲᠤᠭᠤᠰᠢᠯᠠᠭᠤᠯᠵᠤ ᠰᠤᠮᠤ ᠪᠠᠯᠭᠠᠰᠤ᠂ ᠬᠤᠰᠢᠭᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ ᠪᠤᠯᠤᠨ ᠬᠤᠲᠠ ᠬᠦᠳᠡᠭᠡ ᠶᠢᠨ ᠰᠠᠭᠤᠭᠠᠯᠢ ᠠᠷᠠᠳ ᠠᠮᠢ ᠠᠬᠤᠢ᠂ ᠤᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠵᠤ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠳᠦᠷᠢᠮ ᠢ ᠪᠦᠷᠢᠨᠰᠢᠬᠦᠯᠬᠦ᠂ ᠬᠠᠤᠯᠢ ᠴᠠᠭᠠᠵᠠ ᠶᠢ ᠴᠢᠩᠭ᠎ᠠ ᠬᠡᠷᠡᠭᠵᠢᠭᠦᠯᠬᠦ ᠪᠠᠷ ᠲᠠᠮᠵᠢᠨ ᠠᠮᠢ ᠠᠬᠤᠢ ᠶᠢᠨ ᠬᠠᠮᠠᠭᠠᠯᠠᠯᠲᠠ ᠶᠢᠨ ᠬᠦᠴᠦᠯᠡᠴᠡ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠪᠠ᠃      ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠠᠮᠲᠦ ᠪᠠᠷ ᠴᠢᠷᠮᠠᠶᠢᠵᠤ ᠡᠬᠡ ᠤᠯᠤᠰ ᠤᠨ ᠤᠮᠠᠷᠠᠲᠦ ᠬᠢᠯᠢ ᠶᠢᠨ ᠦᠵᠡᠰᠭᠦᠯᠡᠩᠲᠦ ᠦᠵᠡᠮᠵᠢ ᠶᠢᠨ ᠱᠤᠭᠤᠮ ᠢ ᠡᠷᠡᠰ ᠰᠠᠬᠢᠵᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ ᠦᠦᠰᠢᠨ ᠤ ︽ᠨᠤᠮᠢᠨ ᠲᠠᠩᠰᠤᠭ ᠬᠦᠭᠵᠢᠨ ᠮᠠᠨᠳᠤᠯᠲᠠ︾ ᠶᠢ ᠪᠡᠶᠡᠯᠡᠭᠦᠯᠬᠦ ᠳᠤ ᠢᠳᠡᠪᠬᠢᠲᠠᠢ ᠦᠢᠯᠡᠳᠦᠯ ᠦᠵᠡᠭᠦᠯᠵᠤ ᠰᠢᠯᠢᠳᠡᠭ ᠰᠠᠶᠢᠨ ᠬᠢᠷᠢ ᠪᠦᠲᠦᠮᠵᠢ ᠪᠠᠷ ᠤᠯᠤᠰ ᠪᠠᠶᠢᠭᠤᠯᠤᠭᠳᠠᠭᠰᠠᠨ 70 ᠵᠢᠯ ᠤᠨ ᠤᠢ  ᠶᠢ ᠪᠡᠯᠭᠡᠯᠡᠬᠦ ᠬᠡᠷᠡᠭᠲᠡᠢ ᠭᠡᠪᠡ᠃      ᠬᠤᠷᠠᠯ ᠳᠡᠭᠡᠷ᠎ᠡ᠂ ᠬᠤᠰᠢᠭᠤ ᠳᠡᠳ᠋ ᠳᠠᠷᠤᠭ᠎ᠠ ᠪᠡᠶᠠᠠᠴᠡᠩᠭᠡᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠡᠯ᠎ᠡ ᠰᠤᠮᠤ ᠪᠠᠯᠭᠠᠰᠤ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ  ᠲᠠᠢ ᠮᠠᠯ ᠮᠠᠯᠵᠢᠬᠤ ᠠᠲᠠᠷ ᠬᠠᠭᠠᠯᠪᠤᠷᠢᠯᠠᠬᠤ ᠶᠢ ᠵᠤᠭᠰᠤᠭᠠᠬᠤ ᠪᠤᠯᠤᠨ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠦᠭᠵᠢᠯᠲᠡ ᠶᠢᠨ ᠠᠵᠢᠯ ᠤᠨ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠢ ᠲᠤᠭᠲᠠᠪᠠ᠃       ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号