ᠪᠥᠭᠦ ᠬᠤᠰᠢᠭᠤᠨ ᠤ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-04-16
     4 ᠰᠠᠷ᠎ᠠ ᠶᠢᠨ 11 ᠤ ᠡᠳᠦᠷ ᠮᠠᠨ ᠤ ᠬᠤᠰᠢᠭᠤ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷᠴᠤᠳ  ᠤᠨ ᠶᠡᠭᠡ ᠬᠤᠷᠠᠯ ᠢ ᠬᠤᠷᠠᠯᠳᠤᠭᠤᠯᠵᠤ ᠬᠤᠳᠠ ᠶᠢᠨ ᠨᠠᠮ ᠤᠨ ᠬᠤᠷᠢᠶ᠎ᠠ ᠶᠢᠨ ᠥᠥᠰᠢᠨ ᠬᠤᠰᠢᠭᠤᠨ ᠤ ᠤᠳᠤᠷᠢᠳᠬᠤ ᠺᠠᠳ᠋ᠷᠴᠤᠳ ᠤᠨ ᠲᠤᠭᠢᠷᠠᠭᠤᠯᠤᠯᠳᠠ ᠶᠢᠨ ᠲᠤᠬᠠᠢ ᠤᠴᠢᠷ ᠶᠠᠪᠤᠳᠠᠯ ᠢ ᠨᠡᠶᠢᠳᠡᠯᠡᠭᠰᠠᠨ ᠪᠠᠶᠢᠨ᠎ᠠ᠃ᠥᠪᠡᠷᠳᠡᠭᠡᠨ ᠵᠰᠠᠬᠤ ᠤᠷᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠰᠬᠠᠢ ᠲᠤᠭᠤᠷᠢᠨ ᠪᠠᠶᠢᠴᠠᠭᠠᠭᠴᠢ ᠰᠥᠨ ᠵᠢᠶᠠᠨ ᠭᠤᠸᠠᠩ᠂ ᠬᠤᠳᠠ ᠶᠢᠨ ᠨᠠᠮ ᠤᠨ ᠬᠤᠷᠢᠶᠠᠨ  ᠤ ᠵᠤᠭᠢᠶᠠᠨ ᠪᠠᠶᠢᠭᠤᠯᠬᠤ ᠭᠡᠯᠳᠡᠰ ᠤᠨ ᠲᠡᠳ᠋ ᠲᠠᠷᠤᠭ᠎ᠠ ᠬᠤᠳᠠ ᠶᠢᠨ ᠠᠯᠪᠠᠳᠠᠨ ᠤ ᠲᠤᠪᠴᠢᠶᠠᠨ ᠤ ᠲᠠᠷᠤᠭ᠎ᠠ ᠤᠳᠤᠨ᠂ ᠬᠤᠳᠠ ᠶᠢᠨ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ ᠭᠡᠯᠳᠡᠰ ᠤᠨ ᠺᠠᠳ᠋ᠷᠴᠤᠳ ᠤᠨ ᠬᠤᠶᠠᠳᠤᠭᠠᠷ ᠰᠠᠯᠠᠭᠠᠨ ᠤ ᠲᠠᠷᠤᠭ᠎ᠠ ᠡᠤ ᠵᠠᠨ ᠵᠢᠶᠥ᠋ᠨ᠂ ᠡᠷᠭᠢᠯᠡᠭᠴᠢ ᠠᠵᠢᠯᠲᠠᠨ ᠵᠠᠩ ᠰᠢ ᠸᠧᠢ ᠪᠤᠯᠤᠨ ᠪᠥᠭᠦ ᠬᠤᠰᠢᠭᠤᠨ ᠤ ᠰᠢᠶᠠᠨ ᠤ ᠲᠠᠰ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠬᠤᠷᠠᠯ   ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠬᠤᠷᠠᠯ ᠡᠷᠭᠢᠯᠠᠪᠠ᠃
     ᠬᠤᠷᠠᠯ ᠳᠡᠭᠡᠷ᠎ᠡ᠂ ᠡᠤ ᠵᠠᠨ ᠵᠢᠶᠥ᠋ᠨ ᠬᠤᠳᠠ ᠶᠢᠨ ᠨᠠᠮ ᠤᠨ ᠬᠤᠷᠢᠶᠠᠨ ᠤ ᠺᠠᠳ᠋ᠷ ᠤᠨ ᠳᠣᠰᠢᠶᠠᠯ ᠡᠬᠦᠷᠭᠡᠯᠡᠬᠦ ᠰᠢᠢᠳᠪᠦᠷᠢ ᠶᠢ ᠤᠩᠰᠢᠨ ᠨᠡᠶᠢᠳᠡᠯᠡᠪᠡ᠃ ᠬᠤᠳᠠ ᠶᠢᠨ ᠨᠠᠮ ᠤᠨ ᠬᠤᠷᠢᠶ᠎ᠠ ᠯᠢ ᠵᠦᠩ ᠯᠢᠨ ᠨᠦᠬᠦᠷ ᠢ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠬᠡᠰᠢᠬᠦᠨ᠂ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠢᠶᠠᠷ ᠨᠡᠷ᠎ᠡ ᠳᠡᠪᠰᠢᠬᠦᠯᠦᠨ ᠳᠣᠮᠢᠯᠠᠪᠠ᠃      ᠣᠳᠣᠨ ᠬᠤᠳᠠ ᠶᠢᠨ ᠨᠠᠮ ᠤᠨ ᠬᠤᠷᠢᠶ᠎ᠠ ᠶᠢ ᠳᠦᠯᠦᠬᠡᠯᠡᠨ ᠶᠠᠷᠢᠶ᠎ᠠ ᠳᠠᠯᠪᠢᠵᠦ ᠵᠢᠭᠠᠬᠤ ᠳᠤ ᠪᠠᠨ᠂ ᠬᠤᠳᠠ  ᠶᠢᠨ ᠨᠠᠮ ᠤᠨ ᠬᠤᠷᠢᠶ᠎ᠠ ᠳᠣᠰ ᠣᠳᠠᠭᠠᠨ ᠤ ᠺᠠᠳ᠋ᠷᠴᠤᠳ ᠤᠨ ᠲᠤᠭᠢᠷᠠᠭᠤᠯᠤᠯᠳᠠ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ ᠦᠦᠰᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠳᠣᠷᠢᠳᠬᠤ ᠪᠠᠭ ᠤᠨ ᠪᠠᠶᠢᠭᠤᠯᠣᠯᠲᠠ᠂ ᠦᠦᠰᠢᠨ ᠬᠤᠰᠢᠭᠤᠨ ᠤ ᠠᠵᠣ ᠠᠬᠤᠢ ᠨᠡᠶᠢᠬᠡᠮ ᠤᠨ ᠠᠯᠣᠰ ᠬᠡᠳᠦ ᠶᠢᠨ ᠬᠦᠭᠵᠢᠯᠲᠡ ᠶᠢᠨ ᠪᠣᠳᠠᠳᠣ ᠬᠡᠷᠡᠭᠴᠡᠭᠡ ᠶᠢ ᠪᠣᠳᠣᠯᠬᠢᠯᠠᠭᠰᠠᠨ ᠪᠠᠶᠢᠨ᠎ᠠ᠃ ᠡᠬᠦᠨ ᠤ ᠵᠣᠷᠢᠯᠭ᠎ᠠ ᠨᠢ ᠳᠣᠬᠢᠷᠠᠭᠤᠯᠣᠯᠲᠠ ᠪᠠᠷ ᠳᠠᠮᠵᠢᠨ ᠰᠠᠶᠢᠨ ᠢ ᠨᠢ ᠰᠢᠯᠭᠠᠷᠠᠭᠤᠯᠣᠨ ᠳᠣᠬᠢᠷᠠᠭᠤᠯᠵᠦ ᠺᠠᠳ᠋ᠷ ᠣᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠳᠠᠶᠢᠴᠢᠯᠠᠵᠦ ᠬᠦᠴᠢᠷ ᠪᠡᠷᠭᠡ ᠶᠢ ᠢᠯᠠᠨ ᠠᠵᠢᠯ ᠬᠢᠬᠦ ᠮᠡᠳᠡᠯᠬᠡ ᠪᠠ ᠬᠦᠴᠦᠨ ᠢ ᠳᠦᠪᠯᠡᠷᠡᠬᠦᠯᠬᠦ ᠶᠢᠨ ᠲᠦᠯᠦᠬᠡ ᠶᠣᠮ᠃ ᠦᠦᠰᠢᠨ ᠬᠤᠰᠢᠭᠤᠨ ᠤ ᠡᠯ᠎ᠡ ᠱᠠᠳᠣᠨ ᠤ ᠨᠠᠮ ᠤᠨ ᠬᠡᠰᠢᠬᠦᠨ ᠤᠳᠤᠷᠳᠬᠤ ᠺᠠᠳ᠋ᠷᠴᠣᠳ ᠦᠵᠡᠯ ᠰᠠᠨᠠᠭ᠎ᠠ ᠪᠠᠨ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠤ ᠪᠣᠳᠣᠯᠭ᠎ᠠ ᠲᠠᠢ ᠨᠢᠬᠡᠳᠭᠡᠵᠦ ᠬᠦᠴᠦ  ᠪᠠᠨ ᠬᠠᠮᠳᠣᠳᠬᠠᠨ ᠡᠯ᠎ᠡ ᠳᠦᠷᠦᠯ ᠤᠨ ᠠᠵᠢᠯ ᠢ ᠰᠠᠶᠢᠳᠣᠷ ᠬᠢᠵᠦ ᠰᠡᠳᠬᠢᠯ ᠢᠶᠠᠨ ᠳᠦᠪᠯᠡᠷᠡᠬᠦᠯᠤᠨ ᠴᠢᠷᠮᠠᠶᠢᠨ ᠲᠡᠮᠡᠴᠡᠵᠤ ᠠᠵᠣ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠤᠨ ᠰᠠᠬᠢᠯᠭ᠎ᠠ ᠪᠠᠳᠣ ᠶᠢ ᠰᠠᠬᠢᠵᠦ ᠨᠠᠮ ᠢ ᠴᠢᠩᠭ᠎ᠠ ᠵᠠᠰᠠᠬᠤ ᠡᠬᠦᠷᠭᠡ ᠬᠠᠷᠢᠭᠤᠴᠠᠯᠭ᠎ᠠ ᠶᠢ ᠪᠦᠬᠦ ᠳᠠᠯ᠎ᠠ ᠪᠠᠷ ᠲᠤᠭᠤᠰᠢᠯᠠᠭᠤᠯᠬᠤ ᠬᠡᠷᠡᠭᠲᠡᠢ ᠬᠡᠪᠡ᠃      ᠵᠣᠣ ᠹᠧᠢ ᠯᠣ᠋ ᠬᠤᠳᠠ ᠶᠢᠨ ᠨᠠᠮ ᠤᠨ ᠬᠤᠷᠢᠶ᠎ᠠ ᠯᠢ ᠵᠦᠩ ᠯᠢᠨ ᠨᠦᠬᠦᠷ ᠢ ᠦᠦᠰᠢᠨ ᠬᠤᠰᠢᠭᠤᠨ ᠳᠤ ᠳᠣᠮᠢᠯᠠᠭᠰᠠᠨ ᠨᠢ ᠬᠤᠳᠠ ᠶᠢᠨ ᠨᠠᠮ ᠤᠨ ᠬᠤᠷᠢᠶᠠᠨ ᠠᠴᠠ ᠮᠠᠨ ᠤ ᠬᠤᠰᠢᠭᠤᠨ ᠤ ᠠᠵᠢᠯ ᠢ ᠳᠡᠭᠡᠲᠦ ᠬᠡᠮᠵᠢᠶ᠎ᠡ ᠢᠶᠠᠷ ᠴᠢᠬᠤᠯᠠᠴᠢᠯᠠᠵᠦ᠂ ᠯᠢ ᠵᠦᠩ ᠯᠢᠨ ᠨᠦᠬᠦᠷ ᠢ ᠬᠦᠢᠴᠡᠳ ᠦᠨᠡᠯᠡᠵᠦ ᠪᠠᠶᠢᠭ᠎ᠠ ᠶᠣᠮ᠃ ᠪᠦᠬᠦ ᠬᠤᠰᠢᠭᠤᠨ ᠤ ᠡᠯ᠎ᠡ ᠱᠠᠳᠣᠨ ᠤ ᠣᠳᠣᠷᠢᠳᠬᠤ ᠺᠠᠳ᠋ᠷᠴᠣᠳ ᠯᠢ ᠵᠦᠩ ᠯᠢᠨ ᠨᠦᠬᠦᠷ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ ᠪᠦᠯᠬᠦᠮᠳᠡᠨ ᠨᠢᠭᠳᠠᠷᠠᠵᠦ ᠡᠯ᠎ᠡ ᠳᠦᠷᠦᠯ ᠤᠨ ᠠᠵᠢᠯ ᠢ ᠰᠠᠶᠢᠳᠣᠷ ᠬᠢᠵᠦ ᠬᠤᠳᠠ ᠶᠢᠨ ᠨᠠᠮ ᠤᠨ ᠬᠤᠷᠢᠶ᠎ᠠ ᠶᠢᠨ ᠢᠳᠡᠭᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ᠂ ᠦᠷᠭᠡᠨ ᠣᠯᠠᠨ ᠺᠠᠳ᠋ᠷ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠶᠢᠬᠤ ᠬᠡᠷᠡᠭᠲᠡᠢ ᠬᠡᠪᠡ᠃      ᠬᠤᠷᠠᠯ ᠳᠡᠭᠡᠷ᠎ᠡ᠂ ᠰᠢᠨ᠎ᠡ ᠪᠠᠷ ᠳᠣᠰᠢᠶᠠᠯ ᠡᠬᠦᠷᠭᠡᠯᠡᠭᠰᠡᠨ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠡᠷ᠎ᠡ ᠳᠡᠪᠰᠢᠬᠦᠯᠦᠭᠰᠡᠨ ᠬᠤᠰᠢᠭᠤ ᠳᠡᠳ᠋ ᠳᠠᠷᠤᠭ᠎ᠠ ᠯᠢ ᠵᠦᠩ ᠯᠢᠨ ᠠᠴᠠ ᠣᠪᠣᠷ ᠢᠶᠠᠨ ᠢᠯᠡᠳᠭᠡᠵᠦ ᠶᠠᠷᠢᠶ᠎ᠠ ᠳᠠᠯᠪᠢᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号