ᠮᠠᠨ ᠤ ᠬᠤᠰᠢᠭᠤᠨ ᠤ 2019 ᠣᠨ ᠤ SPPA ᠳᠦᠷᠦᠯ ᠵᠦᠢᠯ ᠤᠨ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-04-16
     4 ᠰᠠᠷ᠎ᠠ ᠶᠢᠨ 10 ᠤ ᠡᠳᠦᠷ ᠮᠠᠨ ᠤ ᠬᠤᠰᠢᠭᠤᠨ ᠤ 2019 ᠣᠨ ᠤ SPPA ᠳᠦᠷᠦᠯ ᠵᠦᠢᠯ ᠤᠨ ᠠᠵᠢᠯ ᠤᠨ ᠬᠤᠷᠠᠯ ᠢ ᠬᠤᠷᠠᠯᠳᠤᠭᠤᠯᠵᠤ ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ᠂ SPPA ᠳᠦᠷᠦᠯ ᠵᠦᠢᠯ ᠤᠨ ᠠᠯᠪᠠᠨ ᠭᠡᠷ ᠤᠨ ᠪᠦᠬᠦ ᠺᠠᠳ᠋ᠷ ᠠᠵᠢᠯᠲᠠᠨ᠂ ᠡᠯ᠎ᠡ ᠰᠣᠮᠣ ᠪᠠᠯᠭᠠᠰᠣᠨ ᠤ ᠳᠦᠷᠦᠯ ᠵᠦᠢᠯ ᠤᠨ ᠠᠵᠢᠯᠲᠠᠨ ᠪᠤᠯᠤᠨ ᠳᠦᠷᠦᠯ ᠵᠦᠢᠯ ᠤᠨ ᠶᠡᠭᠡ ᠲᠣᠭᠤᠶᠢᠯᠠᠩ ᠤᠨ ᠲᠠᠷᠤᠭ᠎ᠠ᠂ ᠨᠢᠬᠲᠠᠯᠠᠨ ᠪᠤᠲᠤᠭᠴᠢ᠂ ᠱᠠᠩᠨᠠᠯ ᠬᠦᠷᠳᠡᠭᠴᠢ ᠨᠡᠶᠢᠲᠡ 120 ᠭᠠᠷᠦᠢ ᠬᠦᠮᠦᠨ ᠤᠷᠤᠯᠴᠠᠪᠠ᠃     ᠬᠤᠷᠠᠯ ᠲᠡᠭᠡᠷ᠎ᠡ ᠡᠯ᠎ᠡ ᠰᠣᠮᠣ ᠪᠠᠯᠭᠠᠰᠣᠨ ᠤ SPPA ᠳᠦᠷᠦᠯ ᠵᠦᠢᠯ ᠤᠨ ᠠᠵᠢᠯᠲᠠᠨ ᠠᠴᠠ ᠠᠵᠢᠯ ᠤᠨ ᠬᠠᠷᠢᠭᠤ ᠮᠡᠳᠡᠬᠦᠯᠦᠯᠲᠡ ᠬᠢᠵᠦ᠂ ᠬᠤᠰᠢᠭᠤ ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠭᠤᠤᠯ ᠬᠠᠷᠢᠭᠤᠴᠠᠯᠭᠠᠲᠠᠨ ᠠᠴᠠ 2018 ᠤᠨ ᠤ ᠪᠦᠬᠦ ᠬᠤᠰᠢᠭᠤᠨ ᠤ SPPA ᠳᠦᠷᠦᠯ ᠵᠦᠢᠯ ᠤᠨ ᠠᠵᠢᠯ ᠤᠨ ᠦᠷ᠎ᠡ ᠪᠦᠳᠦᠮᠵᠢ ᠶᠢ ᠳ᠋ᠦᠩᠨᠡᠬᠦ ᠶᠢᠨ ᠬᠠᠮᠳᠣ 2019 ᠤᠨ ᠤ ᠳᠦᠷᠦᠯ ᠵᠦᠢᠯ ᠤᠨ ᠠᠵᠢᠯ ᠢᠶᠠᠨ ᠪᠠᠶᠢᠷᠢᠯᠠᠭᠤᠯᠤᠭᠰᠠᠨ ᠪᠠᠶᠢᠨ᠎ᠠ᠃       ᠬᠤᠷᠠᠯ ᠠᠴᠠ ᠵᠢᠭᠠᠬᠤ ᠳᠠᠭᠠᠨ᠂ 2018 ᠤᠨ ᠳᠤ ᠬᠤᠰᠢᠭᠤ SPPA ᠳᠦᠷᠦᠯ ᠵᠦᠢᠯ ᠤᠨ ᠠᠯᠪᠠᠨ ᠬᠡᠷ  ᠨᠢ ᠬᠤᠰᠢᠭᠤ ᠨᠠᠮ ᠤᠨ ᠬᠤᠷᠢᠶ᠎ᠡ᠂ ᠵᠠᠰᠠᠭ ᠤᠨ ᠤᠷᠲᠤᠨ ᠤ ᠵᠦᠪ ᠤᠨᠤᠪᠴᠢᠲᠡᠢ ᠤᠳᠤᠷᠢᠳᠤᠯᠭ᠎ᠠ ᠲᠣᠣᠷ᠎ᠠ ᠪᠦᠬᠦ ᠳᠦᠷᠦᠯ ᠵᠦᠢᠯ ᠤᠨ ᠠᠵᠢᠯᠲᠠᠨ ᠤ ᠬᠠᠮᠳᠣ ᠶᠢᠨ ᠴᠢᠷᠮᠠᠶᠢᠯᠭ᠎ᠠ ᠪᠠᠷ ᠡᠯ᠎ᠡ ᠳᠦᠷᠦᠯ ᠤᠨ ᠠᠵᠢᠯ ᠨᠢ ᠢᠯᠭᠤᠮ ᠣᠷᠣᠭᠰᠢᠲᠡᠢ ᠶᠠᠪᠤᠭᠲᠠᠵᠤ ᠦᠨᠳᠦᠷ ᠬᠢᠷᠢ ᠪᠦᠳᠦᠮᠵᠢ ᠤᠯᠤᠭᠰᠠᠨ ᠪᠠᠶᠢᠨ᠎ᠠ ᠭᠡᠪᠡ᠃ ᠬᠤᠷᠠᠯ ᠠᠴᠠ ᠴᠢᠬᠤᠯᠠᠴᠢᠯᠠᠬᠤ  ᠳᠠᠭᠠᠨ᠂ 2019 ᠣᠨ ᠪᠣᠯ ᠰᠢᠨ᠎ᠡ ᠳᠣᠮᠳᠠᠳᠣ ᠣᠯᠣᠰ ᠪᠠᠶᠢᠭᠤᠯᠣᠭᠲᠠᠭᠰᠠᠨ 70 ᠵᠢᠯ ᠤᠨ ᠣᠢ᠂ ᠮᠦᠨᠴᠦ ᠴᠢᠨᠡᠬᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠢᠢᠳᠪᠦᠷᠢᠳᠦ ᠢᠯᠡᠯᠲᠡ ᠶᠢ ᠣᠯᠬᠤ ᠠᠩᠬᠠᠳᠣᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠵᠠᠩᠬᠢᠯᠠᠭ᠎ᠠ ᠶᠢᠨ ᠵᠢᠯ ᠪᠣᠯᠣᠨ᠎ᠠ᠃ ᠰᠠᠶ᠋ᠢᠬᠠᠨ ᠬᠤᠷᠠᠯᠳᠣᠭᠰᠠᠨ ᠪᠦᠬᠦ ᠣᠯᠣᠰ ᠤᠨ ︽ᠬᠤᠶᠠᠷ ᠬᠤᠷᠠᠯ︾ ᠨᠢ ᠪᠢᠳᠠᠨ ᠤ ᠬᠤᠵᠢᠮ ᠤᠨ ᠠᠵᠢᠯ ᠳᠤ ᠴᠢᠭᠯᠡᠯ ᠢ ᠵᠢᠭᠠᠵᠣ ᠦᠭᠴᠡᠢ᠃ ᠣᠳᠣᠬᠠᠨ ᠳᠤ SPPA ᠳᠦᠷᠦᠯ ᠵᠦᠢᠯ ᠤᠨ ᠠᠵᠢᠯ ᠢ ᠬᠦᠭᠵᠢᠬᠦᠯᠬᠦ ᠳᠤ ᠮᠠᠰᠢ ᠤᠯᠠᠨ ᠠᠵᠠ ᠵᠠᠪᠰᠢᠶᠡᠨ ᠪᠠ ᠠᠰᠢᠭᠲᠠᠢ ᠨᠦᠬᠦᠴᠡᠯ ᠲᠤᠬᠢᠶᠠᠯᠳᠤᠵᠤ ᠪᠠᠶᠢᠭ᠎ᠠ ᠮᠦᠷᠲᠡᠭᠡᠨ ᠨᠡᠩ ᠤᠯᠠᠨ ᠠᠶᠤᠯ ᠳᠦᠭᠰᠢᠬᠦᠷᠢ ᠪᠠ ᠮᠦᠷᠬᠦᠯᠳᠦᠬᠡᠨ ᠴᠤ ᠤᠴᠠᠷᠠᠲᠠᠭ ᠪᠤᠯᠬᠤᠷ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠪᠠᠶᠢᠲᠠᠯ ᠲᠠᠢ ᠵᠣᠬᠢᠴᠠᠨ᠂ ᠢᠳᠡᠬᠡᠯ ᠵᠤᠷᠢᠭ ᠢᠶᠠᠨ ᠬᠦᠪᠴᠢᠯᠡᠵᠦ᠂ ᠯᠠᠪᠲᠠᠭᠤᠨ ᠠᠵᠢᠯᠯᠠᠨ᠂ ᠰᠢᠨ᠎ᠡ ᠨᠢᠭᠡᠨ ᠡᠬᠢᠯᠡᠯᠲᠡ ᠶᠢᠨ ᠵᠢᠯ ᠳᠡᠭᠡᠨ ᠪᠦᠬᠦ ᠬᠤᠰᠢᠭᠤᠨ ᠤ ᠡᠮᠡᠭᠲᠡᠶᠢᠴᠦᠳ ᠢᠶᠠᠨ ᠪᠦᠯᠬᠦᠮᠳᠡᠬᠦᠯᠦᠨ ᠲᠠᠶᠢᠴᠢᠯᠠᠵᠤ ᠪᠠᠶᠠᠵᠢᠯ ᠤᠨ ᠵᠠᠮ ᠢᠶᠠᠷ ᠵᠠᠮᠨᠠᠭᠤᠯᠤᠨ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠶᠢ ᠪᠦᠬᠦ ᠲᠠᠯ᠎ᠡ ᠪᠠᠷ ᠳᠦᠯᠬᠢᠨ ᠠᠬᠢᠭᠤᠯᠵᠤ ︽ᠨᠣᠮᠢᠨ ᠲᠠᠩᠰᠤᠭ ᠬᠦᠭᠵᠢᠨ ᠮᠠᠨᠳᠣᠯᠲᠠ︾   ᠶᠢ ᠪᠠᠶᠠᠯᠡᠬᠦᠯᠬᠦ ᠳᠤ ᠬᠦᠴᠦ ᠨᠡᠮᠡᠷᠢᠯᠡᠬᠦ ᠬᠡᠷᠡᠭᠲᠠᠢ᠃ ᠰᠢᠨ᠎ᠡ ᠬᠡᠪ ᠤᠨ ᠪᠠᠶᠢᠲᠠᠯ ᠲᠣᠣᠷ᠎ᠠ ᠡᠮᠡᠭᠲᠡᠶᠢᠴᠦᠳ ᠤᠨ ︽ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ︾   ᠳᠤ ᠬᠠᠭᠠᠰ ᠲᠣᠯᠭᠠᠭᠤᠷᠢ ᠶᠢᠨ ᠦᠢᠯᠡᠳᠦᠯ ᠢᠶᠠᠨ ᠪᠠᠲᠠᠷᠠᠭᠠᠣᠯᠬᠤ ᠬᠡᠷᠡᠭᠲᠠᠢ᠃ ᠰᠢᠨ᠎ᠡ ᠪᠠᠶᠢᠳᠠᠯ ᠤᠨ ᠲᠣᠣᠷ᠎ᠠ ᠳᠦᠷᠦᠯ ᠵᠦᠢᠯ ᠤᠨ ᠳᠦᠭᠰᠢᠬᠦᠷᠢ ᠶᠢ ᠡᠰᠡᠷᠬᠦᠴᠡᠬᠦ ᠴᠢᠳᠠᠪᠣᠷᠢ ᠶᠢ ᠲᠡᠭᠡᠭᠰᠢᠯᠡᠬᠦᠯᠬᠦ ᠬᠡᠷᠡᠭᠲᠠᠢ᠃ ᠰᠢᠨ᠎ᠡ ᠱᠠᠭᠠᠷᠲᠠᠯᠭ᠎ᠠ ᠲᠣᠣᠷ᠎ᠠ ᠳᠦᠷᠦᠯ ᠵᠦᠢᠯ ᠤᠨ ᠡᠮᠡᠭᠲᠡᠶᠢᠴᠦᠳ ᠤᠨ ᠨᠢᠬᠲᠠᠷᠠᠯ ᠤᠨ ᠬᠦᠴᠦᠨ ᠢ ᠴᠢᠩᠭᠠᠳᠬᠠᠬᠤ ᠬᠡᠷᠡᠭᠲᠠᠢ ᠭᠡᠪᠡ᠃      ᠬᠤᠷᠠᠯ ᠲᠡᠭᠡᠷ᠎ᠡ ᠲᠡᠷᠢᠬᠦᠨ ᠤ ᠶᠡᠭᠡ ᠲᠣᠭᠤᠶᠢᠯᠠᠩ 5 ᠨᠡᠷ᠎ᠡ᠂ ᠰᠢᠯᠢᠲᠡᠭ ᠶᠡᠭᠡ ᠲᠣᠭᠤᠶᠢᠯᠠᠩ ᠤᠨ ᠲᠠᠷᠤᠭ᠎ᠠ 5 ᠨᠡᠷ᠎ᠡ᠂ ᠰᠢᠯᠢᠲᠡᠭ ᠦᠢᠯᠡᠰ ᠪᠣᠰᠬᠠᠭᠴᠢ 5 ᠨᠡᠷ᠎ᠡ᠂ ᠰᠢᠯᠢᠲᠡᠭ ᠨᠢᠬᠲᠠᠯᠠᠨ ᠪᠣᠲᠣᠭᠴᠢ 5 ᠨᠡᠷ᠎ᠡ ᠶᠢ ᠱᠠᠩᠨᠠᠨ ᠬᠦᠬᠢᠬᠦᠯᠵᠤ ᠱᠠᠩᠨᠠᠯ ᠣᠯᠣᠭᠰᠠᠳ ᠤᠨ ᠳᠦᠯᠦᠭᠡᠯᠡᠭᠴᠢ ᠠᠴᠠ  ᠢᠯᠡᠳᠬᠡᠯ ᠬᠢᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号