4 ᠰᠠᠷ᠎ᠠ ᠶᠢᠨ 11 ᠤ ᠡᠳᠦᠷ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ | ᠹᠸᠢ ᠯᠤ᠋ ᠥᠥᠰᠢᠨᠵᠤᠤ ᠪᠠᠯᠭᠠᠰᠤᠨ ᠳᠤ ᠬᠦᠷᠴᠦ ᠪᠥᠭᠦ ᠬᠤᠰᠢᠭᠤᠨ ᠤ ᠤᠶᠢᠵᠢᠭᠤᠯᠤᠯᠳᠠ ᠶᠢᠨ ᠶᠡᠭᠡ | ᠲᠠᠶᠢᠯᠠᠯᠳᠤᠭᠠᠨ ᠤ ᠪᠡᠯᠡᠳᠭᠡᠯ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ ᠬᠢᠵᠤ᠂ ᠬᠤᠰᠢᠭᠤ | ᠤᠳᠤᠷᠢᠳᠤᠯᠭ᠎ᠠ ᠯᠢ ᠵᠥᠩ ᠯᠢᠨ᠂ ᠪᠠᠶᠠᠠᠴᠠᠩᠭᠡᠯ ᠪᠤᠯᠤᠨ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ | ᠬᠤᠰᠢᠭᠤ ᠤᠢ ᠰᠢᠭᠤᠢ ᠪᠠ ᠨᠤᠳᠤᠭ ᠪᠠᠯᠴᠢᠭᠡᠷ ᠤᠨ ᠲᠤᠪᠴᠢᠶ᠎ᠠ᠂ ᠥᠤᠰᠢᠨᠵᠤᠤ ᠪᠠᠯᠭᠠᠰᠤᠨ ᠤ ᠭᠤᠤᠯ | ᠬᠠᠷᠢᠭᠤᠴᠠᠯᠭᠠᠳᠠᠨ ᠪᠠᠷᠠᠳᠠᠪᠠ᠃ | ᠵᠤᠤ ᠹᠸᠢ ᠯᠤ᠋ ᠨᠠᠷ ᠥᠥᠰᠢᠨᠵᠤᠤ ᠪᠠᠯᠭᠠᠰᠤᠨ ᠤ ᠥᠥᠰᠢᠨᠵᠤᠤ ᠭᠠᠴᠠᠭ᠎ᠠ ᠪᠠ ᠪᠥᠷᠢᠳᠤ ᠭᠠᠴᠠᠭᠠᠨ ᠳᠤ | ᠬᠦᠷᠴᠦ ᠡᠷᠤᠭᠡ ᠳᠤ ᠤᠷᠤᠨ ᠮᠠᠯᠴᠢᠨ ᠲᠠᠷᠢᠶᠠᠴᠢᠨ ᠤ ᠥᠢᠯᠡᠳᠪᠤᠷᠢᠯᠠᠯ ᠠᠮᠢᠳᠤᠷᠠᠯ ᠪᠠ ᠰᠠᠭᠤᠷᠢ ᠲᠥᠭᠦᠭᠡᠷᠤᠮᠵᠢ | ᠶᠢᠨ ᠪᠥᠳᠥᠭᠡᠨ ᠪᠠᠶᠢᠭᠤᠯᠤᠯᠳᠠ ᠶᠢᠨ ᠪᠠᠶᠢᠳᠠᠯ ᠢ ᠤᠶᠢᠯᠠᠭᠠᠭᠰᠠᠨ ᠪᠠᠶᠢᠨ᠎ᠠ᠃ | ᠵᠤᠤ ᠹᠧᠢ ᠯᠤ᠋ ᠱᠠᠭᠠᠷᠳᠠᠬᠤ ᠳᠤ ᠪᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠥᠵᠠᠯ | ᠰᠠᠨᠠᠭ᠎ᠠ ᠶᠢ ᠨᠠᠷᠢᠨ ᠭᠢᠨᠠᠮᠭᠠᠢ ᠥᠢᠯᠡᠳᠤᠯᠭᠡᠵᠢᠭᠦᠯᠵᠤ ᠰᠢ ᠶᠢᠨ ᠫᠢᠩ ᠶᠠᠷᠤᠩᠭᠡᠢ ᠱᠥᠵᠢ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠪᠥᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠤ ᠥᠪᠤᠷ ᠮᠤᠩᠭᠤᠯ ᠤᠨ ᠲᠥᠯᠥᠭᠡᠯᠡᠭᠴᠢᠳ ᠤᠨ ᠪᠥᠯᠭᠦᠮ ᠤᠨ ᠭᠢᠨᠠᠨ ᠵᠥᠪᠯᠠᠭᠦ ᠳᠤ ᠤᠷᠤᠯᠴᠠᠬᠤ | ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ ᠲᠤᠮᠳᠠᠳᠤ | ᠶᠢᠨ ᠥᠨᠳᠤᠰᠤᠳᠠᠨ ᠤ ᠤᠢ ᠮᠤᠳᠤ ᠶᠢ ᠬᠠᠶᠢᠷᠠᠯᠠᠨ ᠬᠠᠮᠠᠭᠠᠯᠠᠬᠤ ᠰᠢᠯᠢᠳᠡᠭ ᠤᠯᠠᠮᠵᠢᠯᠠᠯ ᠪᠠ ︽ᠮᠠᠯᠵᠢᠬᠤ ᠳ᠋ᠠᠵᠠᠢ︾ | ᠶᠢᠨ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠪᠥᠳᠥᠭᠡᠨ ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠤᠭᠳᠠᠯ ᠭᠥᠴᠤᠨ ᠢ ᠪᠠᠷᠢᠮᠳᠠᠯᠠᠨ | ᠬᠠᠪᠤᠷ ᠤᠨ ᠤᠯᠠᠷᠢᠯ ᠤᠨ ᠤᠶᠢᠵᠢᠭᠤᠯᠤᠯᠳᠠ ᠶᠢ ᠦᠷᠨᠢᠬᠦᠯᠦᠨ ᠡᠭᠡ ᠤᠯᠤᠰ ᠤᠨ ᠤᠮᠠᠷᠠᠳᠤ ᠭᠢᠯᠢ ᠶᠢᠨ | ᠥᠵᠡᠰᠭᠦᠯᠡᠩᠳᠤ ᠰᠠᠶᠢᠬᠠᠨ ᠥᠵᠡᠮᠵᠢ ᠶᠢᠨ ᠱᠤᠭᠤᠮ ᠢ ᠰᠠᠭᠢᠨ ᠬᠠᠮᠠᠭᠠᠯᠠᠬᠤ ᠭᠡᠷᠡᠭᠳᠠᠢ ᠭᠡᠵᠡᠢ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠬᠠᠮᠳᠤ ᠶᠢᠨ ᠠᠯᠪᠠᠨ ᠵᠢᠷᠤᠮ ᠤᠨ ᠤᠶᠢᠵᠢᠭᠤᠯᠭ᠎ᠠ ᠶᠢᠨ | ᠠᠵᠢᠯᠯᠠᠭ᠎ᠠ ᠳᠤ ᠤᠷᠤᠯᠴᠠᠬᠤ ᠭᠥᠮᠤᠨ ᠠᠷᠪᠢᠨ ᠪᠠᠶᠢᠵᠤ ᠬᠤᠯᠪᠤᠭᠳᠠᠯ ᠪᠥᠭᠦᠢ ᠰᠠᠯᠠᠭ᠎ᠠ ᠮᠥᠴᠢᠷ ᠵᠤᠭᠢᠶᠠᠨ | ᠪᠠᠶᠢᠭᠤᠯᠤᠨ ᠵᠢᠯᠤᠭᠤᠳᠬᠤ ᠠᠵᠢᠯ ᠢ ᠰᠠᠶᠢᠨ ᠭᠢᠵᠤ ᠡᠯ᠎ᠠ ᠪᠠᠶᠢᠭᠤᠯᠭ᠎ᠠ ᠨᠢᠭᠡᠴᠢ ᠶᠢᠨ ᠲᠤᠭᠳᠠᠭᠰᠠᠨ ᠴᠠᠭ ᠲᠤ ᠪᠠᠨ | ᠬᠠᠷᠢᠭᠤᠴᠠᠯᠭ᠎ᠠ ᠶᠢᠨ ᠤᠷᠤᠨ ᠳᠤ ᠭᠥᠷᠭᠦ ᠶᠢ ᠪᠠᠳᠤᠯᠠᠬᠤ ᠭᠡᠷᠡᠭᠳᠠᠢ᠃ ᠬᠤᠰᠢᠭᠤ ᠤᠢ ᠰᠢᠭᠤᠢ ᠪᠠ ᠨᠤᠳᠤᠭ | ᠪᠠᠯᠴᠢᠭᠡᠷ ᠤᠨ ᠲᠤᠪᠴᠢᠶ᠎ᠠ ᠮᠠᠷᠭᠡᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ ᠤᠶᠢᠵᠢᠭᠤᠯᠤᠯᠳᠠ ᠶᠢᠨ ᠴᠢᠨᠠᠷ ᠢ | ᠴᠢᠬᠤᠯᠠᠴᠢᠯᠠᠵᠤ ᠬᠠᠪᠤᠷ ᠤᠨ ᠤᠶᠢᠵᠢᠭᠤᠯᠤᠯᠳᠠ ᠶᠢᠨ ᠠᠵᠢᠯ ᠢ ᠴᠢᠨᠠᠷ ᠰᠠᠶᠢᠳᠠᠢ ᠪᠠᠶᠠᠯᠠᠭᠦᠯᠭᠦ ᠶᠢ ᠪᠠᠳᠤᠯᠠᠬᠤ | ᠭᠡᠷᠡᠭᠳᠠᠢ᠃ ᠤᠶᠢᠵᠢᠭᠤᠯᠤᠯᠳᠠ ᠶᠢᠨ ᠲᠠᠷᠠᠭ᠎ᠠ ᠬᠠᠮᠠᠭᠠᠯᠠᠯᠳᠠ ᠬᠠᠮᠢᠶᠠᠷᠤᠯᠳᠠ ᠶᠢ ᠴᠢᠩᠭᠠᠳᠬᠠᠨ ᠡᠳᠡᠭᠡᠷᠡᠯᠳᠠ ᠶᠢᠨ | ᠨᠤᠷᠮ᠎ᠠ ᠶᠢ ᠲᠡᠭᠡᠭᠰᠢᠯᠠᠭᠦᠯᠭᠦ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠤᠶᠢᠵᠢᠭᠤᠯᠤᠯᠳᠠ ᠶᠢᠨ | ᠠᠵᠢᠯᠯᠠᠭ᠎ᠠ ᠶᠢ ᠨᠠᠷᠢᠨ ᠬᠢᠨᠠᠮᠠᠭᠠᠢ ᠵᠤᠭᠢᠶᠠᠨ ᠪᠠᠶᠢᠭᠤᠯᠤᠨ ᠥᠷᠨᠢᠭᠦᠯᠵᠤ ᠺᠠᠳ᠋ᠷ ᠠᠵᠢᠯᠳᠠᠳ ᠤᠶᠢᠵᠢᠭᠤᠯᠤᠯᠳᠠ ᠳᠤ | ᠢᠳᠡᠪᠭᠢᠯᠠᠨ ᠤᠷᠤᠯᠴᠠᠵᠤ ᠮᠠᠷᠭᠡᠵᠢᠯ ᠤᠨ ᠪᠠᠷᠢᠮᠵᠢᠶ᠎ᠠ ᠶᠤᠰᠤᠭᠠᠷ ᠮᠤᠳᠤ ᠲᠠᠷᠢᠵᠤ ᠬᠠᠪᠤᠷ ᠤᠨ ᠤᠶᠢᠵᠢᠭᠤᠯᠤᠯᠳᠠ ᠶᠢᠨ | ᠠᠵᠢᠯ ᠤᠨ ᠪᠤᠳᠠᠳᠤ ᠥᠷ᠎ᠠ ᠪᠥᠳᠥᠮᠵᠢ ᠭᠠᠷᠭᠠᠬᠤ ᠶᠢ ᠪᠠᠳᠤᠯᠠᠬᠤ ᠭᠡᠷᠡᠭᠳᠠᠢ ᠭᠡᠵᠡᠢ᠃ | ᠡᠷᠤᠭᠡ ᠳᠤ ᠤᠷᠤᠬᠤ ᠲᠤᠮᠳᠠ ᠵᠤᠤ ᠹᠸᠢ ᠯᠤ᠋ ᠮᠠᠯᠴᠢᠨ ᠲᠠᠷᠢᠶᠠᠴᠢᠨ ᠤ ᠥᠨᠳᠤᠰᠤᠨ ᠥᠢᠯᠡᠳᠪᠤᠷᠢᠯᠠᠯ | ᠠᠮᠢᠳᠤᠷᠠᠯ ᠤᠨ ᠪᠠᠶᠢᠳᠠᠯ ᠪᠠ ᠲᠠᠷᠠᠭᠠᠴᠢ ᠶᠢᠨ ᠠᠯᠠᠬᠤᠮ ᠤᠨ ᠭᠥᠭᠵᠢᠯᠳᠠ ᠶᠢᠨ ᠰᠠᠳᠭᠢᠴᠠ ᠶᠢ ᠯᠠᠪᠯᠠᠨ ᠠᠰᠠᠭᠤᠵᠤ | ᠨᠠᠷᠢᠨ ᠤᠶᠢᠯᠠᠭᠠᠭᠰᠠᠨ ᠤ ᠬᠠᠮᠳᠤ ᠮᠠᠯᠴᠢᠨ ᠲᠠᠷᠢᠶᠠᠴᠢᠨ ᠤ ᠤᠶᠢᠵᠢᠭᠤᠯᠤᠯᠳᠠ ᠶᠢᠨ ᠠᠵᠢᠯ ᠳᠤ ᠢᠳᠡᠪᠭᠢᠯᠠᠨ | ᠤᠷᠤᠯᠴᠠᠬᠤ ᠶᠢ ᠤᠬᠠᠭᠤᠯᠤᠨ ᠲᠠᠶᠢᠴᠢᠯᠠᠭᠰᠠᠨ ᠪᠠᠶᠢᠨ᠎ᠠ᠃ |