ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ | ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠵᠦ᠂ 4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ | ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠢᠢᠯᠠᠩ ᠤᠨ ᠦᠦᠰᠢᠨ | ᠬᠤᠰᠢᠭᠤᠨ ᠤ ᠠᠵᠢᠯ ᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ | ᠡᠮᠦᠨ᠎ᠡ᠂ ᠳᠤᠭᠤᠢᠢᠯᠠᠩ ᠤᠨ ᠳᠠᠷᠤᠭ᠎ᠠ ᠡᠤ ᠶᠠᠨ ᠭᠠᠩ ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ | ᠡᠷᠳᠡᠨᠢᠪᠢᠯᠢᠭ ᠪᠣᠯᠤᠨ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠧᠢ ᠯᠤ᠋ ᠲᠠᠢ | ᠠᠭᠤᠯᠵᠠᠵᠤ ᠨᠡᠪᠲᠡᠷᠡᠯᠴᠡᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ | ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠲᠡᠶᠢᠴᠢᠯᠡᠨ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠢᠢᠯᠠᠩ ᠤᠨ ᠳᠠᠷᠤᠭ᠎ᠠ ᠡᠦ ᠶᠠᠨ ᠭᠠᠩ ᠤᠳᠠᠯ ᠦᠭᠡᠢ | ᠥᠷᠨᠢᠭᠦᠯᠬᠦ ᠪᠠᠷ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠭᠰᠠᠨ ᠪᠥᠭᠡᠳ ᠲᠣᠭᠤᠷᠢᠨ | ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠠᠮᠵᠢᠯᠴᠠᠬᠤ ᠲᠤᠬᠠᠢ ᠱᠠᠭᠠᠷᠳᠠᠯᠭ᠎ᠠ ᠳᠤᠷᠠᠳᠴᠠᠢ᠃ ᠣᠷᠳᠣᠰ ᠬᠤᠲᠠ | ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠢ | ᠰᠢᠨ ᠹᠠᠩ ᠬᠤᠷᠠᠯ ᠢ ᠡᠷᠭᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠲᠣᠭᠤᠷᠢᠨ ᠪᠠᠶᠢᠴᠠᠭᠠᠬᠤ | ᠳᠤᠭᠤᠢᠢᠯᠠᠩ ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠢᠢᠯᠠᠩ ᠤᠨ | ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠢᠢᠯᠠᠩ ᠤᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ︔ | ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ︵ᠪᠠᠶᠢᠭᠤᠯᠭ᠎ᠠ ᠨᠢᠭᠡᠴᠢ︶ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠦᠰ ᠬᠤᠷᠠᠯ ᠳᠤ | ᠰᠤᠯᠠ ᠣᠷᠣᠯᠴᠠᠪᠠ᠃ | ᠲᠣᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ᠂ | ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ᠂ ᠮᠦᠨ ᠴᠣ᠋ ᠨᠠᠮ ᠤᠨ ᠳᠣᠲᠣᠭᠠᠳᠤ ᠶᠢᠨ | ᠬᠢᠨᠠᠯᠲᠠ ᠶᠢ ᠴᠢᠩᠭᠠᠳᠬᠠᠬᠤ ᠴᠢᠬᠤᠯᠠ ᠬᠡᠯᠪᠡᠷᠢ ᠮᠥᠨ ᠭᠡᠮᠡᠨ ᠡᠦ ᠶᠠᠨ ᠭᠠᠩ ᠵᠢᠭᠠᠵᠦ ᠭᠠᠷᠭᠠᠪᠠ᠃ ᠦᠦᠰᠢᠨ | ᠬᠤᠰᠢᠭᠤᠨ ᠤ ᠨᠠᠮ ᠤᠨ ᠬᠤᠷᠢᠶ᠎ᠠ ᠨᠢ ᠤᠯᠤᠰ ᠲᠥᠷᠥ ᠶᠢᠨ ᠵᠣᠭᠰᠣᠴᠠ ᠪᠠ ᠤᠯᠤᠰ ᠲᠥᠷᠥ ᠶᠢᠨ ᠤᠬᠠᠮᠰᠠᠷ ᠢᠶᠠᠨ | ᠳᠡᠭᠡᠭᠰᠢᠯᠡᠭᠦᠯᠵᠦ ᠤᠯᠤᠰ ᠲᠥᠷᠥ ᠶᠢᠨ ᠲᠠᠯ᠎ᠠ ᠠᠴᠠ ᠲᠣᠭᠤᠷᠢᠨ ᠪᠠᠶᠢᠴᠠᠭᠠᠬᠤ ᠠᠵᠢᠯ ᠢ ᠲᠠᠨᠢᠨ ᠠᠬᠢᠭᠤᠯᠵᠤ᠂ ︽ | ᠬᠤᠶᠠᠷ ᠢ ᠬᠠᠮᠠᠭᠠᠯᠠᠬᠤ︾ ᠬᠠᠷᠢᠭᠤᠴᠠᠯᠭᠠᠲᠤ ᠰᠡᠳᠬᠢᠯᠭᠡ ᠪᠠ ᠡᠬᠦᠷᠭᠡ ᠲᠤᠰᠢᠶᠠᠯᠲᠤ ᠰᠡᠳᠬᠢᠯᠭᠡ ᠪᠠᠨ | ᠳᠡᠭᠡᠭᠰᠢᠯᠡᠭᠦᠯᠵᠦ ᠲᠣᠭᠤᠷᠢᠨ ᠪᠠᠶᠢᠴᠠᠭᠠᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠨᠠᠮ ᠤᠨ ᠲᠥᠪ | ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠪᠠᠶᠢᠷᠢᠯᠠᠭᠤᠯᠤᠯᠲᠠ ᠶᠢ ᠲᠡᠷᠡ ᠴᠡᠭ ᠢᠶᠠᠷ ᠨᠢ ᠪᠣᠳᠠᠲᠠᠢ | ᠳᠤ ᠨᠠᠶᠢᠳᠠᠪᠤᠷᠢᠵᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ | ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠲᠣᠭᠤᠷᠢᠨ | ᠪᠠᠶᠢᠴᠠᠭᠠᠵᠤ ᠵᠢᠭᠠᠵᠤ ᠭᠠᠷᠭᠠᠭᠰᠠᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠠᠨᠢᠵᠤ ᠨᠢᠭᠡᠳᠦᠯᠲᠡᠢ | ᠲᠥᠯᠥᠪᠵᠢᠭᠦᠯᠦᠨ ᠰᠤᠳᠤᠯᠵᠤ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ | ᠳᠤᠭᠤᠢᠢᠯᠠᠩ ᠤᠨ ᠠᠵᠢᠯ ᠢ ᠳᠠᠮᠵᠢᠨ ᠬᠠᠮᠵᠢᠯᠴᠠᠵᠤ ᠡᠨᠡ ᠤᠳᠠᠭ᠎ᠠ ᠶᠢᠨ ᠲᠣᠭᠤᠷᠢᠨ ᠪᠠᠶᠢᠴᠠᠭᠠᠬᠤ ᠡᠭᠦᠷᠭᠡ ᠶᠢ | ᠬᠠᠮᠲᠤᠪᠠᠷ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃ | ᠡᠦ ᠶᠠᠨ ᠭᠠᠩ ᠴᠢᠬᠤᠯᠠᠴᠢᠯᠠᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠬᠤ ᠳᠤᠭᠤᠢᠢᠯᠠᠩ ᠨᠢ ᠢᠮᠠᠭᠲᠠ ᠤᠯᠤᠰ ᠲᠥᠷᠥ ᠶᠢᠨ ᠳᠠᠯ᠎ᠠ ᠪᠠᠷ ᠲᠣᠭᠤᠷᠢᠨ ᠪᠠᠶᠢᠴᠠᠭᠠᠬᠤ | ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ︽ᠬᠤᠶᠠᠷ ᠢ ᠬᠠᠮᠠᠭᠠᠯᠠᠬᠤ︾ ᠶᠢ ᠦᠨᠳᠦᠰᠦᠨ | ᠡᠭᠦᠷᠭᠡ ᠪᠣᠯᠭᠠᠵᠤ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ | ᠬᠢᠨᠠᠨ ᠦᠵᠡᠵᠦ ︽ᠵᠢᠷᠭᠤᠭᠠᠨ ᠲᠣᠭᠤᠷᠢᠨ ᠳᠤ ᠨᠢᠭᠡ ᠶᠢ ᠴᠢᠩᠭᠠᠳᠬᠠᠬᠤ︾ ᠪᠠ ︽ᠲᠠᠪᠤ ᠶᠢ ᠦᠷᠭᠦᠯᠵᠢᠯᠡᠭᠦᠯᠬᠦ︾ | ᠱᠠᠭᠠᠷᠳᠠᠯᠭ᠎ᠠ ᠶᠣᠰᠣᠭᠠᠷ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ | ᠪᠠᠶᠢᠭᠤᠯᠤᠯᠲᠠ ᠪᠣᠯᠤᠨ ᠢᠯᠵᠢᠷᠠᠯ ᠢ ᠡᠰᠡᠷᠭᠦᠴᠡᠬᠦ ᠲᠡᠮᠡᠴᠡᠯ ᠵᠢᠴᠢ ᠳᠡᠭᠡᠷ᠎ᠡ ᠤᠳᠠᠭ᠎ᠠ ᠶᠢᠨ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠠᠯ᠎ᠠ ᠪᠠᠷ ᠬᠢᠨᠠᠯᠲᠠ ᠲᠠᠯᠪᠢᠵᠤ | ᠪᠠᠶᠢᠴᠠᠭᠠᠯᠲᠠ ᠥᠷᠨᠢᠭᠦᠯᠵᠦ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ | ᠠᠬᠢᠭᠤᠯᠬᠤ ᠬᠡᠷᠡᠭᠲᠡᠢ ᠭᠡᠪᠡ᠃ | ᠢᠦᠢ ᠰᠢᠨ ᠹᠠᠩ ᠱᠠᠭᠠᠷᠳᠠᠭᠰᠠᠨ ᠨᠢ᠂ ᠦᠦᠰᠢᠨ ᠬᠤᠰᠢᠭᠤᠨ ᠤ ᠬᠢᠨ ᠲᠣᠭᠤᠷᠢᠨ ᠪᠠᠶᠢᠴᠠᠭᠠᠬᠤ ᠠᠵᠢᠯ ᠢ | ᠰᠠᠶᠢᠲᠤᠷ ᠬᠠᠮᠵᠢᠯᠴᠠᠨ ᠰᠠᠶᠢᠲᠤᠷ ᠬᠢᠬᠦ ᠶᠢ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠶᠢᠨ | ᠪᠣᠳᠠᠲᠤ ᠰᠢᠯᠭᠠᠯᠲᠠ ᠪᠣᠯᠭᠠᠵᠤ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠵᠦ ᠬᠢᠨᠠᠯᠲᠠ ᠶᠢ ᠦᠨᠡᠨᠴᠢ ᠪᠠᠷ | ᠬᠦᠯᠢᠶᠡᠬᠦ ᠬᠡᠷᠡᠭᠲᠡᠢ᠃ ᠠᠰᠠᠭᠤᠳᠠᠯ ᠳᠤ ᠰᠢᠭᠤᠳ ᠬᠠᠨᠳᠤᠵᠤ ᠮᠠᠭᠤ ᠶᠢ ᠳᠠᠯᠳᠠᠯᠠᠬᠤ ᠦᠭᠡᠢ᠂ ᠮᠠᠭᠤ ᠶᠢ | ᠬᠠᠮᠠᠭᠠᠯᠠᠬᠤ ᠦᠭᠡᠢ ᠪᠠᠶᠢᠵᠤ᠂ ᠪᠠᠶᠢᠳᠠᠯ ᠢ ᠪᠤᠰᠤᠳᠴᠢ ᠪᠠᠷ ᠲᠤᠰᠬᠠᠵᠤ ᠵᠥᠷᠢᠶ᠎ᠡ ᠶᠢ ᠰᠠᠨᠠᠭᠠᠴᠢᠯᠠᠭ᠎ᠠ ᠠᠴᠠ ᠪᠠᠨ | ᠡᠷᠢᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ | ᠠᠳᠬᠤᠵᠤ ᠲᠣᠭᠤᠷᠢᠨ ᠪᠠᠶᠢᠴᠠᠭᠠᠬᠤ ᠲᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ᠂ ᠣᠷᠣᠰᠢᠵᠤ ᠪᠠᠶᠢᠭ᠎ᠠ | ᠬᠦᠷᠦᠯᠴᠡᠬᠦ ᠦᠭᠡᠢ ᠲᠠᠯ᠎ᠠ ᠳᠤ ᠣᠷᠣᠰᠢᠵᠤ ᠪᠠᠶᠢᠭ᠎ᠠ ᠰᠢᠯᠲᠠᠭᠠᠨ ᠢ ᠭᠦᠨᠵᠡᠭᠡᠢ ᠵᠠᠳᠠᠯᠤᠨ ᠰᠢᠨᠵᠢᠯᠡᠵᠦ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠣᠭᠲᠠᠭᠠᠵᠤ ᠲᠣᠭᠤᠷᠢᠨ ᠪᠠᠶᠢᠴᠠᠭᠠᠬᠤ ᠶᠢᠨ ᠳᠠᠭᠠᠤ | ᠴᠡᠭᠴᠡᠯᠡᠨ ᠰᠠᠶᠢᠵᠢᠷᠠᠭᠤᠯᠵᠤ ᠳᠠᠷᠦ᠋ᠢᠬᠠᠨ ᠬᠡᠷᠡᠭᠵᠢᠭᠦᠯᠬᠦ ᠶᠢᠨ ᠳᠠᠭᠠᠣ ᠴᠡᠭᠴᠡᠯᠡᠨ ᠰᠠᠶᠢᠵᠢᠷᠠᠭᠤᠯᠵᠤ ᠲᠦᠢᠯᠪᠤᠷᠢᠲᠠᠢ | ᠴᠡᠭᠴᠡᠯᠡᠨ ᠰᠠᠶᠢᠵᠢᠷᠠᠭᠤᠯᠵᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠦᠨᠡᠨᠬᠦ | ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠶᠠᠪᠤᠴᠠ ᠪᠣᠯᠭᠠᠬᠤ ᠬᠡᠷᠡᠭᠲᠡᠢ᠃ ᠡᠭᠦᠨ ᠤ ᠬᠠᠮᠲᠤ᠂ | ᠬᠤᠲᠠ ᠶᠢᠨ ᠨᠠᠮ ᠤᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠳᠤᠭᠤᠢᠢᠯᠠᠩ ᠤᠨ ᠠᠵᠢᠯ ᠢ ᠪᠥᠬᠦ ᠬᠦᠴᠦᠨ ᠢᠶᠠᠷ ᠬᠠᠮᠵᠢᠨ ᠱᠠᠭᠠᠷᠳᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ ᠴᠡᠭᠴᠡᠯᠡᠨ ᠰᠠᠶᠢᠵᠢᠷᠠᠭᠤᠯᠬᠤ ᠵᠦᠶᠯᠡᠰ ᠢ ᠪᠦᠬᠦᠨ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ ᠭᠡᠪᠡ᠃ | ᠡᠷᠳᠡᠨᠢᠪᠢᠯᠢᠭ ᠬᠡᠯᠡᠬᠦ ᠳᠡᠭᠡᠨ᠂ ᠲᠣᠭᠤᠷᠢᠨ ᠪᠠᠶᠢᠴᠠᠭᠠᠯᠲᠠ ᠨᠢ ᠦᠦᠰᠢᠨ ᠬᠤᠰᠢᠭᠤᠨ ᠤ ᠡᠯ᠎ᠡ ᠵᠦᠢᠯ ᠤᠨ | ᠠᠵᠢᠯ ᠤᠨ ︽ᠪᠦᠬᠦ ᠲᠠᠯ᠎ᠠ ᠶᠢᠨ ᠪᠠᠶᠢᠴᠠᠭᠠᠯᠲᠠ︾ ᠪᠣᠯᠬᠤ ᠪᠥᠭᠡᠳ ᠪᠠᠰᠠ ᠡᠯ᠎ᠡ ᠱᠠᠲᠤᠨ ᠤ ᠤᠳᠤᠷᠢᠳᠬᠤ ᠪᠠᠭ | ᠲᠤ ᠬᠠᠨᠳᠣᠭᠤᠯᠣᠭᠰᠠᠨ ︽ᠤᠯᠤᠰ ᠲᠥᠷᠥ ᠶᠢᠨ ᠪᠠᠶᠢᠴᠠᠭᠠᠯᠲᠠ︾ ᠪᠣᠯᠤᠨ᠎ᠠ᠃ ᠪᠦᠬᠦ ᠬᠤᠰᠢᠭᠤᠨ ᠤ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ | ᠲᠥᠷᠥ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠣᠪᠣᠷ | ᠢᠶᠠᠷ ᠲᠣᠭᠤᠷᠢᠨ ᠪᠠᠶᠢᠴᠠᠭᠠᠬᠤ ᠠᠵᠢᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ᠂ ᠲᠥᠪ ᠴᠢᠩᠭ᠎ᠠ ᠨᠠᠷᠢᠨ | ᠬᠢᠨᠠᠮᠠᠭᠠᠢ ᠬᠠᠨᠳᠤᠵᠤ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠡᠭᠦᠷᠭᠡᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠴᠡᠭ ᠢᠶᠠᠷ ᠨᠢ ᠰᠠᠶᠢᠲᠤᠷ ᠬᠢᠵᠦ | ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠪᠦᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠬᠤ ᠪᠠᠷ ᠴᠢᠷᠮᠠᠶᠢᠨ᠎ᠠ | ᠭᠡᠪᠡ᠃ | |