4 ᠰᠠᠷ᠎ᠠ ᠶᠢᠨ 12 ᠤᠨ ᠡᠳᠦᠷ 2019 ᠣᠨ ᠤ ︽ᠬᠠᠲᠤᠨ ᠭᠤᠤᠯ ᠢᠶᠠᠨ ᠬᠠᠮᠠᠭᠠᠯᠠᠵᠤ · ᠤᠷᠳᠤᠰ | ᠨᠤᠲᠤᠭ ᠢᠶᠠᠨ ᠬᠠᠶᠢᠷᠯᠠᠶᠠ ᠨᠣᠮᠢᠨ ᠲᠠᠩᠰᠤᠭ ᠦᠦᠰᠢᠨ ᠤ ᠵᠠᠯᠠᠭᠤᠴᠤᠳ ᠤᠨ ᠣᠢ︾ ᠶᠢᠨ ᠫᠠᠶᠢᠰᠠ ᠰᠡᠬᠦᠬᠦ | ᠶᠤᠰᠤᠯᠠᠯ ᠵᠢᠴᠢ ᠪᠦᠬᠦ ᠬᠤᠲᠠ ᠶᠢᠨ ᠵᠠᠯᠠᠭᠤᠴᠤᠳ ᠪᠠᠭᠠᠴᠤᠳ ᠤᠨ ᠤᠶᠢᠵᠢᠭᠤᠯᠤᠨ ᠬᠠᠮᠠᠭᠠᠯᠠᠬᠤ ᠲᠦᠪᠯᠡᠷᠡᠭᠦᠯᠦᠨ | ᠵᠢᠱᠢᠶ᠎ᠡ ᠦᠵᠡᠬᠦᠯᠬᠦ ᠠᠵᠢᠯᠯᠠᠭ᠎ᠠ ᠦᠦᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠳᠤ ᠡᠬᠢᠯᠡᠭᠰᠡᠨ ᠪᠠᠶᠢᠨ᠎ᠠ᠃ | ᠮᠠᠯᠵᠢᠬᠤ ᠳ᠋ᠠᠵᠠᠢ ᠦᠦᠰᠢᠨᠵᠤᠤ ᠶᠢᠨ ᠳᠠᠭᠠᠭᠤᠯᠤᠭᠴᠢ᠂ ᠪᠦᠬᠦ ᠤᠯᠤᠰ ᠤᠨ ︽3.8︾ ᠤ ᠤᠯᠠᠭᠠᠨ ᠲᠤᠭᠴᠢ᠂ | ᠪᠦᠬᠦ ᠤᠯᠤᠰ ᠤᠨ ︽5.1︾ ᠤ ᠬᠦᠳᠡᠯᠮᠦᠷᠢᠴᠢᠨ ᠤ ᠮᠧᠳᠠᠯ ᠬᠦᠷᠲᠡᠭᠴᠢ᠂ ᠳᠤᠮᠳᠠᠳᠦ ᠤᠯᠤᠰ ᠶᠢᠨ ᠡᠪ ᠬᠠᠮᠲᠦ | ᠨᠠᠮ ᠤᠨ ᠶᠢᠰᠦᠳᠦᠭᠡᠷ᠂ ᠠᠷᠪᠠᠳᠤᠭᠠᠷ᠂ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠲᠦᠪ ᠬᠤᠷᠢᠶᠠᠨ ᠤ | ᠭᠡᠰᠢᠭᠦᠨ᠂ ᠳᠦᠷᠪᠡᠳᠦᠭᠡᠷ᠂ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠭᠡᠰᠢᠭᠦᠨ᠂ ᠦᠪᠥᠷ ᠮᠤᠩᠭᠤᠯ ᠤᠨ ᠦᠪᠡᠷᠳᠡᠭᠡᠨ ᠵᠠᠰᠬᠤ ᠤᠷᠤᠨ ᠤ ᠨᠠᠮ ᠤᠨ | ᠬᠤᠷᠢᠶᠠᠨ ᠤ ᠤᠤᠯ ᠤᠨ ᠳᠡᠳ᠋ ᠱᠦᠵᠢ ᠪᠣᠷᠣᠯᠳᠠᠢ᠂ ᠪᠦᠬᠦ ᠤᠯᠤᠰ ᠤᠨ ᠬᠦᠳᠡᠯᠮᠦᠷᠢ ᠶᠢᠨ ᠵᠢᠱᠢᠶᠡᠴᠢ | ᠤᠶᠢᠵᠢᠭᠤᠯᠤᠯᠲᠠ ᠬᠢᠭᠰᠡᠨ ᠲᠤᠮᠤ ᠡᠷᠦᠬᠡ ᠶᠢᠨ ᠢᠦᠢ ᠵᠧᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠸᠠᠩ ᠵᠠᠨ ᠴᠢᠩ᠂ ᠬᠤᠲᠠ ᠶᠢᠨ ᠡᠪᠯᠡᠯ ᠤᠨ ᠬᠤᠷᠢᠶᠠᠨ ᠤ ᠱᠦᠵᠢ | ᠸᠠᠩ ᠭᠤᠤ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠣ᠋᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ ᠰᠤ᠋ | ᠰᠢᠨ ᠹᠠ᠂ ᠬᠤᠰᠢᠭᠤ ᠳᠡᠳ᠋ ᠳᠠᠷᠤᠭ᠎ᠠ ᠯᠢ ᠬᠤᠩ ᠯᠢᠶᠠᠩ ᠵᠢᠴᠢ ᠳᠡᠭᠡᠷ᠎ᠡ ᠵᠠᠭᠤᠨ ᠤ ᠡᠯᠡᠰᠦ ᠶᠢ ᠵᠠᠰᠠᠭᠰᠠᠨ | ᠵᠠᠯᠠᠭᠤᠴᠤᠳ ᠤᠨ ᠭᠠᠪᠰᠢᠭᠠᠶᠢᠯᠠᠭᠴᠢ ᠠᠩᠬᠢ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ᠂ ᠬᠤᠲᠠ ᠶᠢᠨ ᠡᠪᠯᠡᠯ ᠤᠨ ᠬᠤᠷᠢᠶ᠎ᠠ᠂ ᠬᠤᠰᠢᠭᠤ ᠡᠪᠯᠡᠯ ᠤᠨ ᠬᠤᠷᠢᠶᠠᠨ ᠤ ᠨᠠᠮ ᠤᠨ ᠭᠡᠰᠢᠭᠦᠨ | ᠺᠠᠳ᠋ᠷᠴᠤᠳ᠂ ᠡᠯ᠎ᠡ ᠱᠠᠲᠤᠨ ᠤ ᠵᠠᠯᠠᠭᠤᠴᠤᠳ ᠤᠨ ᠪᠤᠯᠪᠠᠰᠤᠨ ᠬᠠᠮᠲᠦ ᠨᠡᠶᠢᠲᠡ᠂ ᠵᠠᠯᠠᠭᠤᠴᠤᠳ ᠤᠨ ᠰᠠᠶᠢᠨ | ᠳᠤᠷᠠᠴᠤᠳ᠂ ᠰᠤᠷᠤᠭᠴᠢ ᠶᠢᠨ ᠲᠦᠯᠦᠭᠡᠯᠡᠭᠴᠢ ᠪᠤᠯᠤᠨ ᠪᠦᠷᠢᠳᠦ ᠭᠠᠴᠠᠭᠠᠨ ᠤ ᠨᠠᠮ ᠤᠨ ᠭᠡᠰᠢᠭᠦᠨ ᠤᠯᠠᠨ ᠲᠦᠮᠡᠨ | ᠠᠵᠢᠯᠯᠠᠭᠠᠨ ᠳᠤ ᠤᠷᠤᠯᠴᠠᠪᠠ᠃ | | | | | | | ᠠᠵᠢᠯᠯᠠᠭ᠎ᠠ ᠳᠤ᠂ ᠬᠤᠰᠢᠭᠤᠴᠢ ᠠᠩᠬᠢ ᠶᠢᠨ ᠭᠡᠰᠢᠭᠦᠨ ᠳᠡᠭᠡᠷ᠎ᠡ ᠵᠠᠭᠤᠨ ᠤ ᠡᠯᠡᠰᠦ ᠶᠢ ᠵᠠᠰᠠᠭᠰᠠᠨ | ᠵᠠᠯᠠᠭᠤᠴᠤᠳ ᠤᠨ ᠭᠠᠪᠰᠢᠭᠠᠶᠢᠯᠠᠭᠴᠢ ᠠᠩᠬᠢ ᠶᠢᠨ ᠭᠡᠰᠢᠭᠦᠨ ᠳᠤ ᠤᠯᠠᠭᠠᠨ ᠪᠦᠴᠡ ᠬᠦᠨᠳᠦᠳᠬᠡᠨ ᠵᠡᠭᠦᠯᠭᠡᠵᠤ᠂ | ᠮᠠᠯᠵᠢᠬᠤ ᠳ᠋ᠠᠵᠠᠢ ᠦᠦᠰᠢᠨᠵᠤᠤ ᠶᠢᠨ ᠳᠠᠭᠠᠭᠤᠯᠤᠭᠴᠢ ᠪᠤᠷᠤᠯᠳᠠᠢ ᠳᠤᠬᠠᠢ ᠶᠢᠨ ᠦᠶ᠎ᠡ ᠳᠤ ᠠᠳᠡ ᠤᠶᠢᠵᠢᠭᠤᠯᠤᠯᠲᠠ | ᠬᠢᠵᠤ ᠡᠯᠡᠰᠦ ᠶᠢ ᠰᠡᠷᠭᠡᠶᠢᠯᠡᠨ ᠵᠠᠰᠠᠵᠤ ᠪᠠᠶᠢᠬᠤ ᠦᠩᠭᠡ ᠬᠡᠷᠡᠯᠲᠦ ᠴᠠᠭ ᠦᠶ᠎ᠡ ᠪᠠᠨ ᠡᠷᠬᠢᠴᠡᠭᠦᠯᠦᠨ ᠠᠮᠢ ᠠᠬᠤᠢ | ᠶᠢᠨ ᠪᠠᠶᠢᠭᠤᠯᠤᠯᠲᠠ ᠬᠠᠮᠠᠭᠠᠯᠠᠯᠲᠠ ᠶᠢᠨ ᠹᠷᠤᠨᠲ ᠳᠡᠭᠡᠷ᠎ᠡ ᠰᠢᠨ᠎ᠡ ᠪᠠᠷ ᠭᠠᠪᠰᠢᠭᠠᠶᠢᠯᠠᠨ ᠭᠠᠷᠴᠦ ᠢᠷᠡᠭᠰᠡᠨ | ᠵᠠᠯᠠᠭᠤᠴᠤᠳ ᠨᠢᠭᠡ ᠦᠶ᠎ᠡ ᠶᠢᠨ ᠬᠢᠨ ᠳᠤ ᠬᠦᠰᠡᠯ ᠨᠠᠶᠢᠲᠠᠯᠭ᠎ᠠ ᠪᠠᠨ ᠲᠠᠯᠪᠢᠪᠠ᠃ ᠪᠤᠷᠤᠯᠳᠠᠢ᠂ ᠶᠢᠨ ᠢᠦᠢ ᠵᠧᠨ | ᠵᠢᠴᠢ ᠳᠡᠭᠡᠷ᠎ᠡ ᠵᠠᠭᠤᠨ ᠤ ᠡᠯᠡᠰᠦ ᠶᠢ ᠵᠠᠰᠠᠭᠰᠠᠨ ᠭᠠᠪᠰᠢᠭᠠᠶᠢᠯᠠᠭᠴᠢ ᠠᠩᠭᠢ ᠶᠢᠨ ᠭᠡᠰᠢᠭᠦᠳ ᠵᠠᠯᠠᠭᠤᠴᠤᠳ | ᠪᠠᠭᠠᠴᠤᠳ ᠲᠤ ᠲᠤᠭ ᠣᠯᠭᠤᠪᠠ᠃ | ᠵᠤᠤ ᠹᠸᠢ ᠯᠤ᠋ ᠶᠠᠷᠢᠬᠤ ᠳᠤ ᠪᠠᠨ᠂ ᠤᠶᠢᠷ᠎ᠠ ᠶᠢᠨ ᠵᠢᠯ ᠳᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠪᠠᠲᠤᠲᠠᠢ ᠤᠳᠤᠷᠢᠳᠤᠯᠭ᠎ᠠ ᠲᠤᠤᠷ᠎ᠠ ᠮᠠᠨ ᠤ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ᠠᠮᠢ | ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ︽ᠠᠮᠢ ᠠᠬᠤᠢ ᠪᠠᠷ | ᠬᠤᠰᠢᠭᠤ ᠪᠠᠨ ᠱᠤᠭᠤᠬᠤ︾ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ ᠠᠮᠢ ᠠᠬᠤᠢ ᠶᠢᠨ | ᠬᠠᠮᠠᠭᠠᠯᠠᠯᠲᠠ ᠶᠢᠨ ᠱᠤᠭᠤᠮ ᠢ ᠪᠠᠲᠦ ᠰᠠᠬᠢᠨ ᠤᠶᠢᠵᠢᠭᠤᠯᠤᠯᠲᠠ ᠬᠠᠮᠠᠭᠠᠯᠠᠯᠲᠠ ᠬᠢᠬᠦ ᠪᠤᠯᠪᠠᠰᠤᠨ ᠤ ᠠᠵᠢᠯᠯᠠᠭ᠎ᠠ ᠶᠢ | ᠪᠦᠬᠦ ᠬᠦᠴᠦᠨ ᠢᠶᠠᠷ ᠦᠷᠨᠢᠭᠦᠯᠦᠭᠰᠡᠨ ᠠᠴᠠ ᠪᠦᠬᠦ ᠠᠷᠠᠳ ᠤᠨ ᠠᠮᠢ ᠠᠬᠤᠢ ᠶᠢᠨ ᠪᠤᠯᠪᠠᠰᠤᠨ ᠤ ᠦᠵᠡᠯ ᠤᠬᠠᠮᠰᠠᠷ | ᠢᠯᠡᠳᠲᠡ ᠲᠡᠭᠡᠭᠰᠢᠯᠡᠨ ᠪᠠᠶᠢᠭᠠᠯᠢ ᠠᠮᠢ ᠠᠬᠤᠢ ᠪᠤᠯᠤᠨ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ | ᠦᠷᠭᠦᠯᠵᠢᠯᠡᠨ ᠰᠠᠶᠢᠵᠢᠷᠠᠪᠠ᠃ 2018 ᠤᠨ ᠪᠤᠯᠬᠤ ᠳᠤ ᠤᠷᠭᠤᠮᠠᠯ ᠤᠨ ᠪᠦᠷᠬᠦᠪᠴᠢ 80% ᠬᠦᠷᠴᠦ ᠤᠢ | ᠰᠢᠭᠤᠢ ᠶᠢᠨ ᠪᠦᠷᠬᠦᠪᠴᠢ 32.9% ᠭᠥᠷᠤᠭᠡᠳ ᠴᠢᠨᠠᠷ ᠰᠠᠶᠢᠲᠠᠢ ᠬᠦᠭᠵᠢᠯᠲᠡ ᠶᠢᠨ ᠰᠠᠭᠤᠷᠢ ᠶᠢ ᠪᠠᠲᠤᠵᠢᠭᠤᠯᠵᠤ | ᠪᠦᠬᠦ ᠬᠤᠲᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ | ᠦᠵᠡᠬᠦᠯᠦᠭᠰᠡᠨ ᠪᠠᠶᠢᠨ᠎ᠠ ᠭᠡᠪᠡ᠃ | | | | | | | ᠵᠤᠤ ᠹᠸᠢ ᠯᠤ᠋ ᠵᠢᠭᠠᠬᠤ ᠳᠤ ᠪᠠᠨ᠂ ᠪᠦᠬᠦ ᠠᠷᠠᠳ ᠤᠨ ᠠᠯᠪᠠᠨ ᠵᠢᠷᠤᠮ ᠤᠨ ᠮᠤᠳᠦ ᠲᠠᠷᠢᠬᠤ ᠠᠵᠢᠯᠠᠯᠭ᠎ᠠ | ᠦᠷᠨᠢᠭᠦᠯᠬᠦ ᠨᠢ ᠠᠮᠢ ᠠᠬᠤᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠴᠢᠮ ᠲᠤᠯᠭᠠᠮ᠎ᠠ ᠱᠠᠭᠠᠷᠳᠠᠯᠭ᠎ᠠ ᠮᠦᠷᠲᠡᠭᠡᠨ | ᠨᠡᠩ ᠴᠦ ᠨᠢᠭᠡᠨ ᠦᠷ᠎ᠡ ᠬᠤᠶᠢᠴᠢᠰ ᠲᠤ ᠪᠠᠨ ᠪᠤᠶᠠᠨ ᠦᠢᠯᠡᠳᠬᠦ ᠲᠤᠮᠤ ᠢᠨᠵᠧᠨᠧᠷᠢᠩ ᠪᠤᠯᠬᠤ ᠶᠤᠮ᠃ ᠲᠤᠰ | ᠤᠳᠠᠭᠠᠨ ᠤ ᠠᠵᠢᠯᠯᠠᠭ᠎ᠠ ᠶᠢ ᠦᠷᠨᠢᠭᠦᠯᠬᠦ ᠨᠢ ᠨᠢᠭᠡ ᠲᠠᠯ᠎ᠠ ᠪᠠᠷ ᠳᠤᠮᠳᠠᠳᠦ ᠶᠢᠨ ᠦᠨᠳᠦᠰᠦᠲᠡᠨ ᠤ | ᠤᠶᠢᠵᠢᠭᠤᠯᠤᠯᠲᠠ ᠬᠢᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ ᠤᠯᠠᠨ ᠢᠶᠠᠷ ᠢᠶᠠᠨ ᠤᠶᠢᠵᠢᠭᠤᠯᠤᠯᠲᠠ ᠬᠢᠬᠦ ᠪᠠᠷ | ᠳᠠᠮᠵᠢᠨ ᠰᠢᠯᠢᠳᠡᠭ ᠰᠠᠶᠢᠨ ᠠᠮᠢ ᠠᠬᠤᠢ ᠶᠢᠨ ᠦᠷ᠎ᠡ ᠪᠦᠲᠦᠮᠵᠢ ᠶᠢᠨ ᠢᠷᠡᠯᠲᠡ ᠶᠢᠨ ᠬᠠᠲᠠᠭᠤ ᠪᠡᠷᠬᠡᠰᠢᠶᠡᠯ ᠢ | ᠤᠶᠢᠯᠠᠭᠠᠭᠤᠯᠵᠤ ᠠᠮᠢ ᠠᠬᠤᠢ ᠶᠢ ᠬᠠᠮᠠᠭᠠᠯᠠᠬᠤ ᠬᠠᠷᠢᠭᠤᠴᠠᠯᠭ᠎ᠠ ᠪᠤᠯᠤᠨ ᠦᠵᠡᠯ ᠤᠬᠠᠮᠰᠠᠷ ᠢ ᠦᠨᠡᠨᠬᠦ | ᠴᠢᠩᠭᠠᠳᠬᠠᠬᠤ ᠶᠢᠨ ᠲᠦᠯᠦᠭᠡ ᠶᠤᠮ᠃ ᠨᠦᠭᠦᠭᠡ ᠲᠠᠯ᠎ᠠ ᠪᠠᠷ ᠨᠡᠶᠢᠬᠡᠮ ᠤᠨ ᠡᠯ᠎ᠡ ᠡᠲᠡᠭᠡᠳ ᠤᠨ ᠬᠢᠨ ᠢ ᠤᠷᠢᠶᠠᠯᠠᠨ | ᠳᠠᠶᠢᠴᠢᠯᠠᠵᠤ ᠤᠶᠢᠵᠢᠭᠤᠯᠤᠯᠲᠠ ᠬᠢᠬᠦ ᠠᠵᠢᠯᠯᠠᠭᠠᠨ ᠳᠤ ᠤᠷᠤᠯᠴᠠᠭᠤᠯᠬᠤ ᠶᠢᠨ ᠲᠦᠯᠦᠭᠡ ᠶᠤᠮ᠃ ᠡᠷᠬᠡᠪᠰᠢ ︽ | ᠮᠠᠯᠵᠢᠬᠤ ᠳ᠋ᠠᠵᠠᠢ︾ ᠶᠢᠨ ᠵᠤᠷᠢᠭ ᠰᠠᠨᠠᠭ᠎ᠠ ᠶᠢ ᠪᠠᠳᠠᠷᠠᠭᠤᠯᠤᠨ ᠰᠢᠨ᠎ᠡ ᠴᠠᠭ ᠦᠶ᠎ᠡ ᠳᠤ ᠠᠮᠢ ᠠᠬᠤᠢ ᠶᠢ | ᠴᠢᠬᠤᠯᠠᠴᠢᠯᠠᠨ ᠨᠤᠮᠢᠨ ᠲᠠᠩᠰᠤᠭ ᠬᠦᠭᠵᠢᠨ ᠮᠠᠨᠳᠤᠯᠲᠠ ᠶᠢ ᠠᠬᠢᠭᠤᠯᠬᠤ ᠬᠦᠳᠡᠯᠭᠡᠭᠴᠢ ᠬᠦᠴᠦᠨ ᠢ ᠦᠨᠡᠨᠬᠦ | ᠴᠢᠩᠭᠠᠳᠬᠠᠵᠤ ᠪᠤᠲᠠᠲᠠᠢ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠦ ᠬᠢᠮᠢ ᠶᠢᠨ ᠦᠵᠡᠰᠭᠦᠯᠡᠩᠲᠦ ᠦᠵᠡᠮᠵᠢ | ᠶᠢᠨ ᠱᠤᠭᠤᠮ ᠢ ᠪᠠᠶᠢᠭᠤᠯᠬᠤ ᠳᠤ ᠬᠦᠴᠦᠨ ᠴᠢᠲᠠᠯ ᠤᠶᠤᠨ ᠤᠬᠠᠭᠠᠨ ᠢᠶᠠᠨ ᠡᠷᠬᠦᠬᠦ ᠬᠡᠷᠡᠭᠲᠡᠢ ᠭᠡᠪᠡ᠃ | | | | | | | ᠡᠬᠢᠯᠡᠯᠲᠡ ᠶᠢᠨ ᠶᠤᠰᠤᠯᠠᠯ ᠤᠨ ᠳᠠᠷᠠᠭ᠎ᠠ ᠲᠡᠭᠡᠷ᠎ᠡ ᠵᠠᠭᠤᠨ ᠤ ᠡᠯᠡᠰᠦ ᠶᠢ ᠵᠠᠰᠠᠭᠰᠠᠨ ᠵᠠᠯᠠᠭᠤᠴᠤᠳ ᠤᠨ | ᠭᠠᠪᠰᠢᠭᠠᠶᠢᠯᠠᠭᠴᠢ ᠠᠩᠬᠢ ᠶᠢᠨ ᠭᠡᠰᠢᠭᠦᠨ ᠪᠤᠯᠤᠨ ᠵᠠᠯᠠᠭᠤᠴᠤᠳ ᠪᠠᠭᠠᠴᠤᠳ ᠬᠠᠮᠲᠤᠪᠠᠷ ᠤᠷᠭᠢᠯᠦᠮ᠎ᠠ ᠬᠠᠯᠠᠭᠤᠨ | ᠰᠡᠳᠬᠢᠯᠭᠡ ᠪᠠᠷ ᠢᠶᠠᠨ ᠡᠨᠡ ᠬᠠᠪᠤᠷ ᠤᠨ ᠠᠩᠬᠠᠨ ᠤ ᠤᠶᠢᠵᠢᠭᠤᠯᠤᠯᠲᠠ ᠪᠠᠨ ᠬᠢᠭᠰᠡᠨ ᠪᠠᠶᠢᠨ᠎ᠠ᠃ | ᠠᠵᠢᠯᠯᠠᠭᠠᠨ ᠤ ᠳᠤᠮᠳᠠ ᠬᠤᠰᠢᠭᠤᠴᠢ ᠠᠩᠬᠢ ᠶᠢᠨ ᠭᠡᠰᠢᠭᠦᠳ ᠪᠤᠯᠤᠨ ᠡᠪᠯᠡᠯ ᠤᠨ ᠭᠡᠰᠢᠭᠦᠨ ᠮᠠᠯᠵᠢᠬᠤ | ᠳ᠋ᠠᠵᠠᠢ ᠶᠢᠨ ᠮᠦᠽᠸᠢ ᠪᠠᠷ ᠲᠤᠭᠤᠷᠢᠨ ᠦᠵᠡᠵᠤ ᠠᠬᠠᠮᠠᠳ ᠨᠢᠭᠡᠨ ᠦᠶ᠎ᠡ ᠶᠢᠨ ᠡᠯᠡᠰᠦ ᠶᠢ ᠵᠠᠰᠠᠭᠰᠠᠨ ᠳᠠᠭᠤᠷᠢᠶᠠᠯᠲᠦ | ᠦᠢᠯᠡ ᠶᠠᠪᠤᠳᠠᠯ ᠪᠤᠯᠤᠨ ᠦᠯᠢᠭᠡᠷ ᠢ ᠰᠤᠨᠤᠰᠴᠦ ᠲᠡᠳᠡᠨ ᠤ ᠰᠡᠳᠬᠢᠯ ᠳᠤ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠲᠠ ᠶᠢᠨ ᠤᠨᠤᠯᠵᠢᠭᠤᠨ ᠢ ᠨᠡᠩ ᠭᠦᠨᠵᠡᠭᠡᠢ ᠬᠠᠳᠠᠩᠰᠢᠭᠤᠯᠪᠠ᠃ |