ᠪᠦᠬᠦ ᠬᠤᠳᠠ ᠶᠢᠨ ᠭᠤᠷᠪᠠᠳᠤᠭᠠᠷ ᠬᠤᠭᠤᠴᠠᠭᠠᠨ ᠤ ᠳ᠋ᠠᠴᠢᠩ ᠬᠦᠭᠵᠢᠮ ᠤᠨ ᠪᠤᠯᠪᠠᠰᠤᠷᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-04-16
     ᠣᠶᠢᠷ᠎ᠠ ᠶᠢᠨ ᠡᠳᠣᠷ᠂ ᠣᠷᠳᠣᠰ ᠬᠤᠳᠠ ᠶᠢᠨ ᠳ᠋ᠠᠴᠢᠩ ᠬᠦᠭᠵᠢᠮ ᠤᠨ ᠦᠪᠯᠡᠨ ᠤᠯᠠᠮᠵᠢᠯᠠᠬᠤ ᠵᠦᠪᠯᠠᠯ ᠤᠨ ᠭᠤᠷᠪᠠᠳᠤᠭᠠᠷ ᠬᠤᠭᠤᠴᠠᠭᠠᠨ ᠤ ᠳ᠋ᠠᠴᠢᠩ ᠬᠦᠭᠵᠢᠮ ᠤᠨ ᠪᠤᠯᠪᠠᠰᠤᠷᠠᠯ ᠮᠠᠨ ᠤ ᠬᠤᠰᠢᠭᠤᠨ ᠳᠤ ᠠᠮᠵᠢᠯᠳᠠ ᠲᠠᠢ ᠶᠠᠪᠣᠭᠳᠠᠪᠠ᠃      ᠪᠤᠯᠪᠠᠰᠤᠷᠠᠯ ᠲᠡᠭᠡᠷ᠎ᠡ ᠦᠪᠦᠷ ᠮᠤᠩᠭᠤᠯ ᠤᠨ ᠦᠨᠳᠤᠰᠤᠳᠡᠨ ᠤ ᠲᠠᠭᠤᠤ ᠵᠦᠴᠦᠭᠡ ᠶᠢᠨ ᠬᠦᠷᠢᠶᠡᠯᠡᠩ ᠤᠨ ᠰᠢᠭᠤᠳ ᠬᠠᠷᠢᠶ᠎ᠠ ᠤᠯᠠᠭᠠᠨᠮᠥ᠋ᠴᠢᠷ ᠤᠨ ᠤᠯᠤᠰ ᠤᠨ ᠨᠢᠭᠡᠳᠤᠭᠡᠷ ᠲᠠᠰ ᠤᠨ ᠲᠣᠭᠯᠠᠭᠴᠢ  ᠪᠦᠷᠢᠨᠳᠡᠯᠭᠡᠷ ᠠᠴᠠ ᠳ᠋ᠠᠴᠢᠩ ᠭᠥᠭᠵᠢᠮ ᠢ ᠭᠥᠭᠵᠢᠮᠳᠠᠭᠦ ᠤᠷ᠎ᠠ ᠮᠠᠷᠭᠡᠵᠢᠯ ᠤᠨ ᠲᠠᠯ᠎ᠠ ᠪᠠᠷ ᠲᠤᠰᠬᠠᠢ ᠮᠡᠷᠭᠡᠵᠢᠯ ᠤᠨ ᠭᠢᠴᠢᠶᠠᠯᠯᠡᠭᠡ ᠭᠢᠵᠤ᠂ ᠲᠥᠴᠢ ᠭᠠᠷᠤᠢ ᠬᠦᠭᠵᠢᠮ ᠤᠨ ᠪᠠᠭ᠋ᠠᠳᠠᠳ ᠤᠷᠤᠯᠴᠠᠨ ︽ᠪᠠᠷᠠᠭᠤᠨ ᠪᠤᠯᠠᠭ︾ ︽ᠤᠷᠳᠤᠰ ᠮᠤᠩᠭᠤᠯ︾ ᠵᠡᠷᠭᠡ ᠠᠷᠡᠳ ᠤᠨ ᠳᠠᠭᠤᠣ ᠶᠢᠨ ᠠᠶᠠᠰ ᠢ ᠬᠦᠭᠵᠢᠮᠳᠡᠵᠦ ᠦᠪᠡᠷ ᠦᠪᠡᠷ ᠤᠨ ᠢᠶᠠᠨ ᠡᠵᠠᠮᠰᠢᠨ ᠰᠤᠷᠤᠭᠰᠠᠨ ᠤᠷ᠎ᠠ ᠮᠡᠷᠭᠡᠵᠢᠯ ᠢᠶᠠᠨ ᠭᠠᠶᠢᠬᠠᠭᠤᠯᠤᠭᠰᠠᠨ ᠪᠠᠶᠢᠨ᠎ᠠ᠃      ᠣᠷᠳᠣᠰ ᠬᠤᠳᠠ ᠶᠢᠨ ᠳ᠋ᠠᠴᠢᠩ ᠬᠦᠭᠵᠢᠮ ᠤᠨ ᠦᠪᠯᠡᠨ ᠵᠠᠯᠭᠠᠮᠵᠢᠯᠠᠬᠤ ᠵᠦᠪᠯᠠᠯ ᠨᠢ 2018 ᠤᠨ ᠳᠤ ᠤᠳᠤᠭ᠂ ᠬᠠᠩᠬᠢᠨ᠂ ᠡᠵᠡᠨ ᠬᠤᠷᠤᠭ᠎ᠠ᠂ ᠦᠤᠰᠢᠨ ᠵᠡᠷᠭᠡ ᠭᠠᠵᠠᠷ ᠤᠨ ᠬᠦᠭᠵᠢᠮ ᠤᠨ ᠳᠣᠷ᠎ᠠ ᠪᠠᠭ᠋ᠠᠳᠠᠳ ᠣᠷᠣᠯᠴᠠᠭᠰᠠᠨ ᠠᠩᠬᠠᠨ ᠤ ᠪᠣᠯᠪᠠᠰᠣᠷᠠᠯ ᠢ ᠡᠷᠬᠢᠯᠡᠨ ᠬᠢᠭᠰᠡᠨ ᠠᠴᠠ ᠨᠠᠰᠢ ᠲᠤᠰ ᠤᠳᠠᠭ᠎ᠠ ᠭᠤᠷᠪᠡᠳᠡᠬᠢ ᠣᠳᠠᠭ᠎ᠠ  ᠪᠠᠨ ᠣᠭᠳᠣᠵᠣ ᠪᠠᠶᠢᠨ᠎ᠠ᠃        ᠳ᠋ᠠᠴᠢᠩ ᠬᠦᠭᠵᠢᠮ ᠨᠢ ᠶᠠᠫᠤᠨ ᠤᠯᠣᠰ ᠠᠴᠠ ᠮᠠᠨ ᠤ ᠤᠯᠣᠰ ᠲᠤ ᠣᠯᠠᠮᠵᠢᠯᠠᠭᠳᠠᠭᠠᠳ ᠨᠠᠯᠢᠶᠠᠳ ᠣᠳᠠᠵᠣ ᠲᠡᠭᠡᠷ᠎ᠡ ᠵᠠᠭᠤᠨ ᠤ ᠲᠠᠪᠢ ᠵᠢᠷᠠᠭᠠᠳ ᠤᠨ ᠠᠴᠠ ᠡᠬᠢᠯᠡᠨ ᠮᠤᠩᠭᠤᠯᠴᠤᠳ ᠶᠡᠭᠡᠪᠡᠷ ᠬᠦᠭᠵᠢᠮᠳᠡᠨ ᠰᠣᠷᠴᠣ ᠠᠶᠢᠯ ᠡᠷᠣᠬᠡ ᠪᠣᠯᠣᠨ ᠰᠤᠷᠭᠠᠭᠤᠯᠢ ᠶᠢᠨ ᠬᠦᠷᠢᠶ᠎ᠠ ᠪᠠᠷ ᠦᠷᠭᠡᠨ ᠢᠶᠠᠷ ᠳᠠᠯᠭᠡᠷᠡᠭᠰᠡᠨ ᠬᠦᠭᠵᠢᠮ ᠤᠨ ᠪᠠᠭᠠᠵᠢ ᠪᠣᠯᠵᠣ ᠳ᠋ᠠᠴᠢᠩ ᠬᠦᠭᠵᠢᠮ ᠤᠨ ᠦᠪᠯᠡᠨ ᠣᠯᠠᠮᠵᠢᠯᠠᠬᠤ ᠪᠤᠯᠪᠠᠰᠤᠷᠠᠯ ᠨᠢ ᠳ᠋ᠠᠴᠢᠩ ᠬᠦᠭᠵᠢᠮ ᠢ ᠣᠯᠠᠮᠵᠢᠯᠠᠨ ᠬᠦᠭᠵᠢᠬᠦᠯᠵᠣ ᠳ᠋ᠠᠴᠢᠩ ᠬᠦᠭᠵᠢᠮ ᠤᠨ ᠲᠤᠷ᠎ᠠ ᠪᠠᠭ᠋ᠠᠳᠠᠢ ᠬᠦᠮᠦᠰ ᠲᠤ ᠣᠷ᠎ᠠ ᠠᠪᠢᠶᠠᠰ ᠢᠶᠠᠨ ᠪᠡᠳᠡᠷᠠᠭᠤᠯᠬᠤ ᠲᠠᠪᠴᠠᠩ ᠬᠠᠨᠭ᠍ᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号