4 ᠰᠠᠷ᠎ᠠ ᠶᠢᠨ 12 ᠤᠨ ᠡᠳᠦᠷ 2019 ᠣᠨ ᠤ ᠦᠦᠰᠢᠨ ᠬᠤᠰᠢᠭᠤᠨ ᠤ ᠰᠢᠨ᠎ᠡ ᠴᠠᠭ ᠦᠶ᠎ᠡ ᠶᠢᠨ | ᠪᠣᠯᠪᠰᠣᠨ ᠢ ᠦᠢᠯᠡᠳᠦᠯᠬᠡᠵᠢᠬᠦᠯᠬᠦ ᠲᠦᠪ ᠤᠨ ︽ᠭᠤᠷᠪᠠ ᠶᠢ ᠬᠦᠳᠡᠭᠡ ᠪᠠᠭᠤᠯᠭᠠᠬᠤ︾ ᠵᠢᠱᠢᠶ᠎ᠡ ᠦᠵᠡᠬᠦᠯᠬᠦ | ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠰᠦᠯᠳᠡ ᠰᠣᠮᠣᠨ ᠳᠤ ᠶᠠᠪᠣᠭᠳᠠᠪᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ ᠣᠬᠠᠭᠤᠯᠬᠤ ᠬᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ ᠨᠢᠭᠡᠳᠦᠮᠡᠯ ᠹᠷᠤᠨᠲ ᠤᠨ ᠬᠡᠯᠳᠡᠰ ᠤᠨ ᠳᠠᠤᠭᠠ ᠠᠯᠳᠠᠨᠳᠣᠶᠠᠭ᠎ᠠ ᠡᠬᠢᠯᠡᠯᠳᠡ ᠶᠢᠨ ᠶᠣᠰᠣᠯᠠᠯ | ᠳᠤ ᠣᠷᠣᠯᠴᠠᠵᠦ᠂ ᠰᠦᠯᠳᠡ ᠰᠣᠮᠣᠨ ᠤ ᠺᠠᠳ᠋ᠷ ᠠᠵᠢᠯᠳᠠᠳ᠂ ᠪᠦᠬᠦ ᠬᠤᠰᠢᠭᠤᠨ ᠤ ︽ᠭᠤᠷᠪᠠ ᠶᠢ ᠬᠦᠳᠡᠭᠡ | ᠪᠠᠭᠤᠯᠭᠠᠬᠤ︾ 33 ᠪᠦᠷᠢᠯᠳᠦᠬᠦᠨ ᠪᠠᠶᠢᠭᠤᠯᠭ᠎ᠠ ᠶᠢᠨ ᠬᠠᠷᠢᠭᠤᠴᠠᠯᠭᠠᠳᠠᠨ᠂ ᠣᠬᠠᠭᠤᠯᠬᠤ ᠬᠡᠰᠢᠬᠦᠨ ᠵᠢᠴᠢ ᠮᠠᠯᠴᠢᠨ | ᠳᠠᠷᠢᠶᠠᠴᠢᠨ ᠡᠬᠢᠯᠡᠯᠳᠡ ᠶᠢᠨ ᠶᠣᠰᠣᠯᠠᠯ ᠳᠤ ᠣᠷᠣᠯᠴᠠᠪᠠ᠃ | | | | | | | ᠶᠤᠰᠤᠯᠠᠯ ᠲᠡᠭᠡᠷ᠎ᠡ ᠹᠧᠩ ᡁᠢ ᠮᠢᠩ ᠵᠢᠭᠠᠵᠦ ᠭᠠᠷᠭᠠᠬᠤ ᠳᠠᠭᠠᠨ᠂ ᠳᠣᠰ ᠣᠳᠠᠭᠠᠨ ᠤ ᠠᠵᠢᠯᠯᠠᠭ᠎ᠠ ᠪᠣᠯ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠤᠨᠴᠠᠯᠢᠭ ᠲᠠᠢ ᠨᠡᠶᠢᠬᠡᠮ ᠵᠢᠷᠣᠮ ᠤᠨ ᠦᠵᠡᠯ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠵᠦ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ | ᠪᠠᠶᠢᠯᠳᠤᠬᠤ ᠪᠣᠳᠣᠯᠭ᠎ᠠ᠂ ᠤᠨᠤᠪᠴᠢᠲᠠᠢ ᠪᠠᠷ ᠶᠠᠳᠠᠭᠤ ᠶᠢ ᠲᠡᠳᠬᠦᠬᠦ ᠶᠢ ᠲᠡᠮᠵᠢᠬᠦ ᠶᠢ ᠬᠦᠨᠵᠡᠭᠡᠢ ᠬᠡᠷᠡᠭᠵᠢᠬᠦᠯᠬᠦ | ᠪᠤᠳᠠᠲᠤ ᠦᠢᠯᠡᠳᠦᠯᠭᠡ ᠪᠠᠶᠢᠵᠤ ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠶᠢ | ᠪᠣᠳᠠᠳᠠᠶᠢᠵᠢᠭᠤᠯᠤᠨ ᠮᠠᠯᠵᠢᠬᠤ ᠳᠠᠷᠢᠶᠠᠯᠠᠬᠤ ᠣᠷᠣᠨ ᠤ ᠣᠶᠣᠨ ᠤ ᠪᠣᠯᠪᠠᠰᠣᠨ ᠤ ᠪᠠᠶᠢᠭᠤᠯᠣᠯᠲᠠ ᠶᠢ ᠠᠬᠢᠭᠤᠯᠬᠤ | ᠴᠢᠬᠤᠯᠠ ᠠᠷᠭ᠎ᠠ ᠪᠠᠷᠢᠯ ᠪᠣᠯᠣᠨ᠎ᠠ᠃ 20 ᠵᠢᠯ ᠤᠨ ᠳᠣᠷᠰᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ ᠮᠠᠨ ᠤ ᠬᠤᠰᠢᠭᠤ ︽ᠭᠤᠷᠪᠠ ᠶᠢ ᠬᠦᠳᠡᠭᠡ ᠪᠠᠭᠤᠯᠭᠠᠬᠤ︾ | ᠠᠵᠢᠯᠯᠠᠭ᠎ᠠ ᠶᠢ ᠶᠠᠪᠤᠭᠳᠠᠭᠤᠯᠵᠤ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ ᠭᠡᠪᠡ᠃ ᠹᠧᠩ | ᡁᠢ ᠮᠢᠩ ᠠᠴᠠ ᠴᠢᠬᠤᠯᠠᠴᠢᠯᠠᠬᠤ ᠳᠠᠭᠠᠨ᠂ ᠦᠨᠦ ᠵᠢᠯ ᠪᠣᠯ ᠰᠢᠨ᠎ᠡ ᠳᠣᠮᠳᠠᠳᠣ ᠣᠯᠣᠰ ᠪᠠᠶᠢᠭᠤᠯᠣᠭᠳᠠᠭᠰᠠᠨ 70 | ᠵᠢᠯ ᠤᠨ ᠣᠢ᠂ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ᠂ ︽ᠭᠤᠷᠪᠠᠨ ᠶᠡᠭᠡ ᠪᠣᠭᠤᠮᠳᠠ ᠰᠢᠪᠳᠣᠯᠬᠤ | ᠳᠠᠶᠢᠯᠠᠯᠳᠣᠭᠠᠨ︾ ᠢ ᠰᠠᠶᠢᠳᠣᠷ ᠬᠢᠬᠦ᠂ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ | ᠪᠣᠳᠣᠯᠭ᠎ᠠ ᠶᠢ ᠬᠡᠷᠡᠭᠵᠢᠬᠦᠯᠦᠭᠰᠡᠨ ᠵᠠᠩᠬᠢᠯᠠᠭ᠎ᠠ ᠶᠢᠨ ᠵᠢᠯ᠂ ᠮᠦᠨᠴᠦ ᠮᠠᠨ ᠤ ᠬᠤᠰᠢᠭᠤ ︽ᠴᠢᠨᠠᠷ ᠰᠠᠶᠢᠳᠠᠢ | ᠬᠦᠭᠵᠢᠯᠲᠡ ᠶᠢ ᠠᠬᠢᠭᠤᠯᠵᠦ ᠨᠣᠮᠢᠨ ᠳᠠᠩᠰᠤᠭ ᠬᠦᠭᠵᠢᠨ ᠮᠠᠨᠳᠣᠯᠲᠠ ᠶᠢ ᠪᠡᠶᠡᠯᠡᠬᠦᠯᠬᠦ︾ ᠶᠢᠨ ᠠᠩᠬᠠᠨ ᠤ ᠵᠢᠯ | ᠮᠦᠨ᠃ ᠡᠶᠢᠮᠦ ᠠᠴᠠ ᠪᠢᠳᠠ ᠰᠢᠨ᠎ᠡ ᠴᠠᠭ ᠦᠶ᠎ᠡ ᠶᠢᠨ ᠪᠣᠯᠪᠠᠰᠣᠨ ᠢ ᠦᠢᠯᠡᠳᠦᠯᠬᠡᠵᠢᠬᠦᠯᠬᠦ ᠲᠦᠪ ᠤᠨ ︽ᠭᠤᠷᠪᠠ | ᠶᠢ ᠬᠦᠳᠡᠭᠡ ᠪᠠᠭᠤᠯᠭᠠᠬᠤ︾ ᠠᠵᠢᠯᠯᠠᠭᠠᠨ ᠤ ᠨᠡᠷᠡᠲᠦ ᠳᠡᠮᠳᠡᠭ ᠤᠨ ᠨᠦᠯᠦᠬᠡᠯᠡᠯ ᠤᠨ ᠳᠠᠶᠢᠴᠢᠯᠠᠨ ᠳᠠᠭᠠᠭᠤᠯᠬᠤ | ᠦᠢᠯᠡᠳᠦᠯ ᠢ ᠪᠠᠳᠠᠷᠠᠭᠤᠯᠵᠦ ᠨᠠᠮ ᠤᠨ ᠣᠨᠣᠯ ᠤᠨ ᠪᠦᠲᠦᠮᠵᠢ ᠪᠠ ᠳᠦᠷᠦ ᠶᠢᠨ ᠪᠣᠳᠣᠯᠭ᠎ᠠ ᠶᠢ ᠮᠠᠯᠴᠢᠨ ᠳᠠᠷᠢᠶᠠᠴᠢᠨ | ᠳᠤ ᠣᠬᠠᠭᠤᠯᠵᠦ᠂ ᠣᠨᠣᠯ᠂ ᠳᠦᠷᠦ ᠶᠢᠨ ᠪᠣᠳᠣᠯᠭ᠎ᠠ᠂ ᠣᠶᠣᠨ ᠤ ᠰᠤᠶᠤᠯ ᠤᠨ ᠪᠦᠲᠦᠭᠡᠭᠳᠡᠬᠦᠨ ᠢ ︽ᠬᠦᠷᠭᠡᠬᠦ︾ | ᠪᠠᠷ ᠪᠠᠷᠠᠬᠤ ᠦᠬᠡᠢ ᠲᠦᠷᠦᠯ ᠵᠦᠢᠯ᠂ ᠮᠡᠷᠭᠡᠵᠢᠯ᠂ ᠦᠢᠯᠡᠴᠢᠯᠡᠭᠡ ᠬᠦᠷᠭᠡᠵᠦ ︽ᠭᠤᠷᠪᠠ ᠶᠢ ᠬᠦᠳᠡᠭᠡ ᠪᠠᠭᠤᠯᠭᠠᠬᠤ︾ | ᠶᠢ ᠮᠠᠯᠵᠢᠬᠤ ᠳᠠᠷᠢᠶᠠᠯᠠᠬᠤ ᠣᠷᠣᠨ ᠤ ᠣᠶᠣᠨ ᠤ ᠪᠣᠯᠪᠠᠰᠣᠨ ᠤ ᠪᠠᠶᠢᠭᠤᠯᠣᠯᠲᠠ ᠶᠢᠨ ᠠᠷᠠᠳ ᠤᠨ ᠰᠡᠳᠬᠢᠯ ᠳᠤ | ᠬᠦᠷᠦᠭᠰᠡᠨ ᠢᠨᠵᠧᠨᠧᠷᠢᠩ ᠪᠣᠯᠭᠠᠬᠤ ᠬᠡᠷᠡᠭᠲᠡᠢ ᠬᠡᠪᠡ᠃ | | | | | | | ᠠᠵᠢᠯᠯᠠᠭ᠎ᠠ ᠳᠤ ᠦᠦᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ 50 ᠲᠦᠮᠡᠨ | ᠳᠦᠬᠦᠷᠢᠭ ᠤᠨ ᠪᠡᠯᠡ ᠮᠦᠩᠬᠦ ᠭᠠᠷᠭᠠᠵᠣ ᠰᠦᠯᠳᠡ ᠰᠣᠮᠣᠨ ᠤ ︽ᠠᠷᠪᠠᠨ ᠣᠳᠣᠨ ᠳᠡᠰ ᠤᠨ ᠪᠣᠯᠪᠠᠰᠣᠨ ᠡᠷᠦᠬᠡ︾ | ᠂ ︽ ᠰᠣᠳᠣᠨ ᠮᠠᠯᠴᠢᠨ ᠳᠠᠷᠢᠶᠠᠴᠢᠨ︾᠂ ︽ᠰᠢᠨ᠎ᠡ ᠴᠠᠭ ᠦᠶ᠎ᠡ ᠶᠢᠨ ᠪᠣᠯᠪᠠᠰᠣᠨ ᠢ ᠦᠢᠯᠡᠳᠦᠯᠬᠡᠵᠢᠬᠦᠯᠬᠦ | ᠳᠠᠭᠤᠷᠢᠶᠠᠯ ᠦᠵᠡᠬᠦᠯᠬᠦ ᠭᠠᠵᠠᠷ︾ ᠵᠡᠷᠬᠡ ᠶᠢ ᠬᠦᠬᠢᠬᠦᠯᠦᠨ ᠵᠣᠷᠢᠭᠵᠢᠭᠤᠯᠵᠣ᠂ ᠰᠦᠯᠳᠡ ᠰᠣᠮᠣᠨ ᠤ ᠬᠦᠨᠳᠦ | ᠡᠪᠡᠳᠴᠢᠳᠡᠨ᠂ ᠶᠠᠳᠠᠭᠤ ᠬᠦᠴᠢᠷᠳᠡᠯᠳᠡᠢ ᠰᠣᠷᠣᠭᠴᠢᠳ᠂ ᠰᠢᠨᠵᠢᠯᠡᠭᠡ ᠮᠡᠷᠭᠡᠵᠢᠯ ᠢᠶᠠᠷ ᠳᠠᠷᠢᠶᠠᠯᠠᠩ ᠢᠶᠠᠨ | ᠬᠦᠭᠵᠢᠬᠦᠯᠦᠭᠰᠡᠨ ᠳᠠᠭᠤᠷᠢᠶᠠᠯ ᠡᠷᠦᠬᠡ ᠵᠡᠷᠭᠡ ᠬᠤᠪᠢ ᠬᠦᠮᠦᠨ ᠪᠠ ᠬᠠᠮᠲᠣ ᠨᠡᠶᠢᠳᠡ ᠳᠤ ᠨᠦᠬᠦᠪᠦᠷᠢ ᠪᠠᠷ | ᠳᠣᠰᠠᠯᠠᠪᠠ᠃ | | | | | | | ᠠᠵᠢᠯᠯᠠᠭ᠎ᠠ ᠳᠤ ︽ᠭᠤᠷᠪᠠ ᠶᠢ ᠬᠦᠳᠡᠭᠡ ᠪᠠᠭᠤᠯᠭᠠᠬᠤ︾ ᠳᠤ ᠣᠷᠣᠯᠴᠠᠵᠣ ᠪᠠᠶᠢᠭ᠎ᠠ ᠪᠠᠶᠢᠭᠤᠯᠭ᠎ᠠ ᠨᠢᠭᠡᠴᠢ | ᠠᠴᠠ ᠣᠨᠣᠯ᠂ ᠰᠢᠨᠵᠢᠯᠡᠭᠡ ᠮᠡᠷᠬᠡᠵᠢᠯ᠂ ᠡᠮ ᠡᠮᠨᠡᠯᠬᠡ᠂ ᠬᠠᠣᠯᠢ ᠴᠠᠭᠠᠵᠠ ᠶᠢᠨ ᠮᠡᠳᠡᠯᠬᠡ ᠶᠢ ᠣᠬᠠᠭᠤᠯᠬᠤ ᠪᠠᠷ | ᠲᠠᠮᠵᠢᠨ ᠮᠠᠯᠴᠢᠨ ᠳᠠᠷᠢᠶᠠᠴᠢᠨ ᠳᠤ ᠣᠯᠠᠨ ᠳᠠᠯ᠎ᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃ ᠦᠦᠰᠢᠨ | ᠬᠤᠰᠢᠭᠤᠨ ᠤ ᠣᠯᠠᠭᠠᠨᠮᠦ᠋ᠴᠢᠷ ᠪᠠ ᠰᠦᠯᠳᠡ ᠰᠣᠮᠣᠨ ᠤ ᠰᠣᠶᠣᠯ ᠤᠨ ᠳᠣᠭᠤᠶᠢᠯᠠᠩ ᠠᠴᠠ ᠭᠤᠶᠢᠳᠠ ᠰᠠᠶᠢᠬᠠᠨ | ᠳᠣᠭᠯᠠᠯᠲᠠ ᠭᠠᠷᠭᠠᠵᠣ ᠣᠯᠠᠨ ᠲᠦᠮᠡᠨ ᠳᠤ ᠨᠡᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠶᠢ | ᠣᠬᠠᠭᠤᠯᠣᠨ ᠣᠯᠠᠮᠵᠢᠯᠠᠭᠰᠠᠨ ᠪᠠᠶᠢᠨ᠎ᠠ᠃ |