ᠤᠶᠢᠷ᠎ᠠ ᠳᠤ᠂ ᠬᠤᠰᠢᠭᠤ ᠣᠷᠣᠨ ᠰᠠᠭᠤᠴᠠ ᠪᠠ ᠬᠤᠲᠠ ᠬᠦᠳᠡᠭᠡ ᠶᠢᠨ ᠲᠦᠯᠦᠪᠵᠢᠬᠦᠯᠬᠡ ᠪᠦᠲᠦᠭᠡᠨ | ᠪᠠᠶᠢᠭᠤᠯᠣᠯᠲᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠲᠣᠪᠴᠢᠶ᠎ᠠ ᠬᠠᠮᠳᠣᠷᠠᠨ ᠬᠤᠰᠢᠭᠤ ᠠᠵᠢᠯ ᠮᠡᠷᠭᠡᠵᠢᠯ ᠤᠨ | ᠰᠣᠷᠭᠠᠭᠤᠯᠢ ᠳᠤ ᠪᠦᠬᠦ ᠬᠤᠰᠢᠭᠤᠨ ᠤ ᠪᠠᠷᠢᠯᠭ᠎ᠠ ᠶᠢᠨ ᠶᠠᠰᠤ ᠴᠢᠨᠠᠷ ᠤᠨ ᠠᠶᠤᠯᠬᠦᠢ ᠦᠢᠯᠡᠳᠪᠦᠷᠢᠯᠡᠯ ᠤᠨ | ᠪᠤᠯᠪᠠᠰᠣᠷᠠᠯ ᠤᠨ ᠠᠩᠬᠢ ᠡᠷᠬᠢᠯᠡᠭᠰᠡᠨ ᠪᠠᠶᠢᠨ᠎ᠠ᠃ | ᠪᠣᠯᠪᠠᠰᠣᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠷᠢᠯᠭ᠎ᠠ ᠶᠢᠨ ᠲᠣᠰᠬᠠᠢ | ᠮᠡᠷᠭᠡᠵᠢᠯᠲᠡᠨ ᠢ ᠣᠷᠢᠨ ᠭᠤᠣᠯᠳᠠᠭᠤ ᠢᠨᠵᠧᠨᠧᠷᠢᠩ ᠤᠨ ᠶᠠᠰᠣ ᠴᠢᠨᠠᠷ ᠤᠨ ᠬᠢᠨᠠᠯᠲᠠ᠂ ᠪᠦᠲᠦᠭᠡᠨ | ᠪᠠᠶᠢᠭᠤᠯᠣᠯᠲᠠ ᠶᠢᠨ ᠪᠠᠷᠢᠯᠭ᠎ᠠ ᠶᠢᠨ ᠲᠦᠷᠦᠯ ᠵᠦᠢᠯ ᠤᠨ ᠬᠠᠮᠢᠶᠠᠷᠣᠯᠲᠠ᠂ ᠪᠠᠷᠢᠯᠭ᠎ᠠ ᠶᠢᠨ ᠦᠨ᠎ᠡ ᠶᠢᠨ ᠬᠠᠮᠢᠶᠠᠷᠣᠯᠲᠠ | ᠪᠤᠯᠤᠨ ᠡᠯ᠎ᠡ ᠪᠣᠳᠠᠳᠠᠢ ᠬᠠᠮᠢᠶᠠᠷᠣᠯᠲᠠ ᠶᠢᠨ ᠠᠵᠢᠯ ᠤᠨ ᠲᠣᠭᠤᠷᠢᠨ ᠳᠤ ᠬᠢᠴᠢᠶᠡᠯᠯᠡᠭᠡ ᠬᠢᠯᠭᠡᠵᠤ᠂ ᠣᠨᠣᠯ ᠤᠨ | ᠮᠡᠳᠡᠯᠭᠡ ᠪᠤᠯᠤᠨ ᠪᠣᠳᠠᠳᠠᠢ ᠵᠢᠱᠢᠶᠠᠨ ᠤ ᠵᠠᠳᠠᠯᠣᠯᠲᠠ ᠪᠠᠷ ᠲᠠᠮᠵᠢᠨ ᠪᠠᠷᠢᠯᠭ᠎ᠠ ᠶᠢᠨ ᠬᠦᠷᠢᠶ᠎ᠡ ᠴᠠᠷᠠᠭᠠᠨ ᠳᠤ | ᠲᠣᠯᠭᠠᠷᠠᠭᠰᠠᠨ ᠠᠰᠠᠭᠤᠳᠠᠯ ᠳᠤ ᠵᠢᠯᠣᠭᠤᠳᠣᠯᠭ᠎ᠠ ᠬᠢᠯᠭᠡᠨ ᠮᠡᠷᠭᠡᠵᠢᠯᠲᠡᠨ ᠠᠴᠠ ᠪᠦᠲᠦᠭᠡᠨ ᠪᠠᠶᠢᠭᠤᠯᠣᠯᠲᠠ ᠶᠢᠨ | ᠢᠨᠵᠧᠨᠧᠷᠢᠩ ᠢ ᠬᠡᠷᠡᠭᠵᠢᠬᠦᠯᠬᠦ ᠠᠵᠢᠯ ᠢ ᠰᠠᠶᠢᠨ ᠬᠢᠬᠦ ᠳᠤ ᠪᠣᠳᠠᠲᠠᠢ ᠰᠠᠨᠠᠯ ᠰᠠᠨᠠᠭᠤᠯᠭ᠎ᠠ ᠲᠣᠷᠠᠳᠴᠠᠢ᠃ | ᠲᠣᠰ ᠣᠳᠠᠭᠠᠨ ᠤ ᠪᠣᠯᠪᠠᠰᠣᠷᠠᠯ ᠨᠢ ᠮᠠᠨ ᠤ ᠬᠤᠰᠢᠭᠤᠨ ᠤ ᠪᠠᠷᠢᠯᠭ᠎ᠠ ᠶᠢᠨ ᠶᠠᠰᠤ ᠴᠢᠨᠠᠷ ᠤᠨ ᠠᠶᠦᠯᠬᠦᠢ | ᠦᠢᠯᠡᠳᠪᠤᠷᠢᠯᠡᠯ ᠤᠨ ᠬᠠᠮᠢᠶᠠᠷᠣᠯᠲᠠ ᠶᠢᠨ ᠠᠵᠢᠯ ᠢ ᠬᠡᠷᠡᠭᠵᠢᠬᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠦ | ᠠᠵᠤ ᠠᠬᠤᠶᠢᠯᠠᠯ ᠤᠨ ᠠᠶᠦᠯᠬᠦᠢ ᠦᠢᠯᠡᠳᠪᠤᠷᠢᠯᠡᠯ ᠤᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠵᠦ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠮᠣᠷ ᠲᠦᠪᠰᠢᠨ ᠤ ᠬᠠᠮᠢᠶᠠᠷᠣᠯᠲᠠ ᠶᠢᠨ ᠬᠢᠷᠢ | ᠬᠡᠮᠵᠢᠶ᠎ᠡ ᠪᠤᠯᠤᠨ ᠠᠵᠢᠯ ᠡᠷᠬᠢᠯᠡᠬᠦ ᠠᠮᠣᠷ ᠲᠦᠪᠰᠢᠨ ᠤ ᠬᠠᠷᠢᠭᠤᠴᠠᠯᠭᠠᠲᠣ ᠴᠢᠨᠠᠷ ᠢ ᠤᠯᠠᠮ ᠨᠢᠭᠡ ᠠᠯᠬᠤᠮ | ᠲᠡᠭᠡᠭᠰᠢᠯᠡᠬᠦᠯᠦᠭᠰᠡᠨ ᠪᠠᠶᠢᠨ᠎ᠠ᠃ |