ᠬᠥᠳᠡᠯᠮᠦᠷᠢ ᠶᠢᠨ ᠵᠢᠱᠢᠶᠡᠴᠢ ᠶᠢᠨ ᠵᠤᠷᠢᠭ ᠰᠠᠨᠠᠭ᠎ᠠ ᠶᠢ ᠪᠠᠳᠠᠷᠠᠭᠤᠯᠤᠨ ᠨᠤᠮᠢᠨ ᠲᠠᠩᠰᠤᠭ ᠭᠡᠷ ᠤᠷᠤᠨ  ᠢᠶᠠᠨ ᠬᠠᠮᠳᠤᠪᠡᠷ ᠴᠤᠭᠴᠠᠯᠠᠶ᠎ᠠ
ᠨᠡᠶᠢᠲᠡᠯᠡᠭᠰᠡᠨ ᠴᠠᠭ᠄
2019-04-17
     4 ᠰᠠᠷ᠎ᠠ ᠶᠢᠨ 14 ᠤ ᠡᠳᠦᠷ ᠬᠤᠲᠠ ᠶᠢᠨ ᠴᠠᠬᠢᠯᠭᠠᠨ ᠤ ᠦᠢᠯᠡᠰ ᠤᠨ ᠲᠤᠪᠴᠢᠶ᠎ᠠ ᠭᠥᠳᠡᠯᠮᠤᠷᠢ ᠶᠢᠨ ᠵᠢᠱᠢᠶᠠᠴᠢ ᠶᠢ ᠵᠤᠬᠢᠶᠠᠨ ᠪᠠᠶᠢᠭᠤᠯᠵᠤ ᠮᠠᠨ ᠤ ᠬᠤᠰᠢᠭᠤᠨ ᠤ ᠰᠦᠯᠳᠡ ᠰᠤᠮᠤᠨ ᠤ ᠲᠤᠭᠤᠷᠢᠮ ᠭᠠᠴᠠᠭᠠᠨ ᠳᠤ  ᠮᠤᠳᠤ ᠲᠠᠷᠢᠬᠤ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠬᠤᠲᠠ ᠶᠢᠨ ᠴᠠᠬᠢᠯᠭᠠᠨ ᠤ ᠦᠢᠯᠡᠰ ᠤᠨ ᠲᠤᠪᠴᠢᠶᠠᠨ ᠤ ᠠᠵᠢᠯᠲᠠᠳ ᠵᠢᠴᠢ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ ᠲᠤᠰ ᠠᠵᠢᠯᠯᠠᠭ᠎ᠠ ᠳᠤ ᠤᠷᠤᠯᠴᠠᠵᠤ ᠨᠥᠭᠡ ᠮᠠᠯᠠᠳᠠᠬᠤ᠂ ᠰᠤᠶᠤᠭ᠎ᠠ ᠰᠠᠭᠤᠯᠭᠠᠬᠤ᠂ ᠰᠢᠷᠤᠢ ᠨᠠᠮᠠᠭᠦ ᠵᠡᠷᠭᠡ ᠶᠢᠨ ᠭᠤᠭᠴᠤᠭ᠎ᠠ ᠶᠢ ᠡᠮᠬᠢ ᠳᠠᠷᠠᠭ᠎ᠠ ᠶᠠᠪᠤᠭᠳᠠᠭᠤᠯᠵᠤ ᠮᠤᠳᠤ ᠲᠠᠷᠢᠬᠤ ᠠᠬᠤᠢ ᠲᠠᠯᠠᠪᠠᠢ ᠬᠦᠷ ᠬᠦᠭᠵᠢᠶᠡᠨ ᠢᠶᠠᠷ ᠪᠢᠯᠬᠠᠵᠤ ᠪᠠᠶᠢᠯ᠎ᠠ᠃      ᠪᠤᠶᠠᠨᠮᠠᠨᠳᠤᠬᠤ ᠮᠤᠳᠤ ᠲᠠᠷᠢᠬᠤ ᠶᠢᠨ ᠲᠠᠭᠠᠤ ᠤᠯᠠᠨ ᠲᠠᠢ ᠣᠶᠢᠵᠢᠭᠤᠯᠤᠯᠲᠠ ᠨᠤᠭᠤᠭᠠᠷᠠᠭᠤᠯᠤᠯᠲᠠ ᠶᠢᠨ ᠲᠤᠬᠠᠢ ᠥᠵᠠᠯ ᠪᠤᠳᠤᠯ ᠢᠶᠠᠨ ᠰᠣᠯᠢᠯᠴᠠᠭᠰᠠᠨ ᠪᠠᠶᠢᠨ᠎ᠠ᠃ ᠲᠡᠷᠡ ᠬᠡᠯᠡᠬᠦ ᠳᠡᠭᠡᠨ ᠬᠠᠪᠤᠷ ᠤᠨ ᠤᠯᠠᠷᠢᠯ ᠤᠨ ᠠᠰᠢᠭᠳᠠᠢ ᠲᠤᠭᠢᠶᠠᠯ ᠢ ᠠᠳᠬᠤᠨ ᠮᠤᠳᠤ ᠲᠠᠷᠢᠵᠤ ᠤᠶᠢᠵᠢᠭᠤᠯᠬᠤ ᠠᠵᠢᠯᠯᠠᠭ᠎ᠠ ᠢᠳᠡᠪᠬᠢᠲᠡᠢ ᠥᠷᠨᠢᠭᠦᠯᠵᠤ  ᠨᠤᠭᠤᠭᠠᠷᠠᠭᠤᠯᠤᠯᠲᠠ ᠶᠢᠨ ᠬᠢᠷᠢ ᠲᠥᠪᠰᠢᠨ ᠪᠠ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠤᠷᠮ᠎ᠠ ᠶᠢ ᠴᠢᠷᠮᠠᠶᠢᠨ ᠳᠡᠭᠡᠭᠰᠢᠯᠡᠭᠦᠯᠵᠤ ᠣᠶᠢᠵᠢᠭᠤᠯᠤᠯᠲᠠ ᠨᠤᠭᠤᠭᠠᠷᠠᠭᠤᠯᠤᠯᠲᠠ ᠶᠢᠨ ᠦᠷ᠎ᠡ ᠪᠥᠲᠥᠮᠵᠢ ᠶᠢ ᠦᠨᠡᠨᠬᠦ ᠬᠠᠮᠠᠭᠠᠯᠠᠬᠤ ᠬᠡᠷᠡᠭᠲᠡᠢ ᠬᠡᠵᠡᠢ᠃      ᠣᠷᠳᠣᠰ ᠤᠨ ᠴᠠᠬᠢᠯᠭᠠᠨ ᠤ ᠦᠢᠯᠡᠰ ᠤᠨ ᠲᠤᠪᠴᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠭᠤᠤ ᠬᠠᠢ ᠶᠠᠨ᠄ ︽ᠡᠨᠡ ᠰᠠᠶᠢᠬᠠᠨ ᠤᠯᠠᠷᠢᠯ ᠳᠤ ᠪᠢᠳᠠ ᠲᠠᠪᠢ ᠭᠠᠷᠤᠢ ᠬᠥᠳᠡᠯᠮᠦᠷᠢ ᠶᠢᠨ ᠵᠢᠱᠢᠶᠡᠴᠢ  ᠶᠢ ᠵᠤᠬᠢᠶᠠᠨ ᠪᠠᠶᠢᠭᠤᠯᠵᠤ ᠦᠦᠰᠢᠨ ᠬᠤᠰᠢᠭᠤᠨ ᠳᠤ ᠢᠷᠡᠵᠦ ᠬᠥᠳᠡᠯᠮᠦᠷᠢ ᠶᠢᠨ ᠵᠢᠱᠢᠶᠡᠴᠢ ᠶᠢᠨ ᠮᠤᠳᠤ ᠲᠠᠷᠢᠬᠤ ᠠᠵᠢᠯᠯᠠᠭ᠎ᠠ ᠶᠢ ᠥᠷᠨᠢᠭᠦᠯᠦᠭᠰᠡᠨ ᠨᠢ ᠮᠠᠰᠢ ᠤᠳᠬ᠎ᠠ ᠠᠭᠤᠯᠭ᠎ᠠ ᠲᠠᠢ ᠭᠡᠵᠤ ᠪᠤᠳᠤᠵᠤ ᠪᠠᠶᠢᠨ᠎ᠠ᠃ ᠤᠴᠢᠷ ᠨᠢ ᠶᠠᠭᠤᠨ ᠤ ᠤᠷᠢᠳ ᠲᠤᠭᠤᠷᠢᠮ ᠭᠠᠴᠠᠭ᠎ᠠ ᠪᠤᠯ ᠪᠢᠳᠠᠨ ᠤ ᠬᠠᠪᠰᠤᠷᠤᠨ ᠲᠡᠳᠬᠦᠬᠦ ᠭᠠᠵᠠᠷ ᠣᠷᠣᠨ ᠪᠤᠯᠬᠤ ᠶᠤᠮ᠂  ᠲᠠᠬᠢᠪᠠᠯ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠪᠢᠳᠠ ᠨᠤᠮᠢᠨ ᠲᠠᠩᠰᠤᠭ ᠦᠦᠰᠢᠨ ᠢ ᠴᠤᠭᠴᠠᠯᠠᠨ ᠪᠠᠶᠢᠭᠤᠯᠬᠤ ᠪᠤᠶᠠᠨᠰᠠᠭ ᠠᠵᠢᠯᠯᠠᠭ᠎ᠠ ᠳᠤ ᠥᠪᠡᠷ ᠤᠨ ᠬᠡᠰᠡᠨ ᠬᠤᠪᠢ ᠨᠡᠮᠡᠷᠢ ᠪᠠᠨ ᠦᠵᠡᠭᠦᠯᠵᠦ ᠴᠢᠳᠠᠵᠠᠢ︾ ᠭᠡᠵᠤ ᠶᠠᠷᠢᠵᠤ ᠪᠠᠶᠢᠯ᠎ᠠ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠬᠥᠳᠡᠯᠮᠦᠷᠢ ᠶᠢᠨ ᠵᠢᠱᠢᠶᠡᠴᠢ ᠨᠠᠷ ᠢᠯᠡᠷᠬᠡᠶᠢᠯᠡᠬᠦ ᠳᠡᠭᠡᠨ᠂ ᠮᠤᠳᠤ ᠲᠠᠷᠢᠬᠤ ᠠᠵᠢᠯᠯᠠᠭᠠᠨ ᠳᠤ ᠤᠷᠤᠯᠴᠠᠬᠤ ᠪᠤᠯ ᠡᠷᠬᠡᠲᠦ ᠠᠷᠠᠳ ᠨᠢᠭᠡᠪᠤᠷᠢ ᠶᠢᠨ ᠵᠠᠶᠢᠯᠠᠭᠤᠯᠵᠤ ᠪᠤᠯᠤᠰᠢ ᠦᠭᠡᠢ ᠡᠭᠦᠷᠭᠡ ᠬᠠᠷᠢᠭᠤᠴᠠᠯᠭ᠎ᠠ ᠪᠤᠯᠬᠤ ᠶᠤᠮ᠃ ᠨᠡᠩ ᠢᠯᠠᠩᠭᠤᠶ᠎ᠠ ᠬᠥᠳᠡᠯᠮᠦᠷᠢ ᠶᠢᠨ ᠵᠢᠱᠢᠶᠡᠴᠢ ᠪᠤᠯᠤᠭᠰᠠᠨ ᠤ ᠬᠤᠪᠢ  ᠳᠤ ᠡᠷᠬᠡᠪᠰᠢ ᠳᠠᠶᠠᠭᠠᠷ ᠢ ᠳᠠᠶᠢᠴᠢᠯᠠᠵᠤ ᠤᠯᠠᠨ ᠳᠤ ᠳᠠᠭᠤᠷᠢᠶᠠᠯ ᠦᠵᠡᠭᠦᠯᠦᠨ᠂ ︽ᠬᠥᠳᠡᠯᠮᠦᠷᠢ ᠥᠩᠭᠡ ᠭᠡᠷᠡᠯᠲᠡᠢ︾ ᠬᠡᠬᠦ ᠤᠶᠢᠯᠠᠭᠠᠭᠳᠠᠬᠤᠨ ᠪᠠ ︽ᠮᠤᠳᠤ ᠶᠢ ᠬᠠᠶᠢᠷᠠᠯᠠᠵᠤ᠂ ᠮᠤᠳᠤ ᠲᠠᠷᠢᠨ᠂ ᠮᠤᠳᠤ ᠶᠢ ᠬᠠᠮᠠᠭᠠᠯᠠᠬᠤ︾ ᠠᠮᠢ ᠠᠬᠤᠢ  ᠶᠢᠨ ᠪᠤᠯᠪᠠᠰᠤᠨ ᠤ ᠦᠵᠡᠯ ᠤᠬᠠᠮᠰᠠᠷ ᠢ ᠤᠯᠠᠮᠵᠢᠯᠠᠨ ᠨᠡᠩ ᠤᠯᠠᠨ ᠬᠦᠮᠦᠨ ᠢ ᠳᠠᠶᠢᠴᠢᠯᠠᠵᠤ ᠬᠠᠮᠲᠤ ᠪᠠᠷ ᠨᠤᠮᠢᠨ ᠲᠠᠩᠰᠤᠭ ᠬᠤᠲᠠ ᠶᠢᠨ ᠣᠷᠴᠢᠨ ᠲᠤᠭᠤᠷᠢᠨ ᠢ ᠴᠤᠭᠴᠠᠯᠠᠨ ᠪᠠᠶᠢᠭᠤᠯᠬᠤ ᠴᠢᠬᠤᠯᠠᠲᠠᠢ ᠪᠠᠶᠢᠨ᠎ᠠ ᠭᠡᠵᠡᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号