ᠪᠦᠬᠦ ᠬᠤᠰᠢᠭᠤᠨ ᠤ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠵᠢᠴᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠲᠣᠰᠬᠠᠢ ᠰᠡᠳᠦᠪᠲᠣ ᠪᠤᠯᠪᠠᠰᠣᠷᠠᠯ ᠤᠨ ᠠᠩᠬᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2019-04-17
     ᠣᠶᠢᠷ᠎ᠠ ᠶᠢᠨ ᠡᠳᠦᠷ᠂ ᠪᠦᠬᠦ ᠬᠤᠰᠢᠭᠤᠨ ᠤ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠵᠢᠴᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠲᠣᠰᠬᠠᠢ ᠰᠡᠳᠦᠪᠲᠣ ᠪᠤᠯᠪᠠᠰᠣᠷᠠᠯ ᠤᠨ ᠠᠩᠬᠢ ᠬᠢᠴᠢᠶᠡᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠣᠯᠣᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠲᠣ᠂ ᠬᠤᠲᠠ ᠠᠴᠠ ᠮᠠᠨ ᠤ ᠬᠤᠰᠢᠭᠤᠨ ᠳᠤ ᠲᠣᠮᠢᠯᠠᠭᠰᠠᠨ ᠲᠠᠪᠣᠳᠣᠭᠠᠷ ᠱᠠᠭᠠᠷᠳᠠᠨ  ᠪᠠᠶᠢᠴᠠᠭᠠᠯᠳᠠ ᠶᠢᠨ ᠠᠭᠢᠭᠤᠯᠤᠯᠳᠠ ᠶᠢᠨ ᠲᠣᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠬᠤᠲᠠ ᠶᠢᠨ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠵᠦᠪᠯᠡᠯ ᠤᠨ ᠳᠡᠳ᠋ ᠡᠷᠬᠢᠯᠡᠭᠴᠢ ᠰᠥᠩ ᠮᠢᠩ ᠦ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠥᠩ ᠴᠢᠩ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠭᠢᠴᠢᠶᠠᠯ ᠡᠭᠢᠯᠠᠭᠦ ᠶᠣᠰᠣᠯᠠᠯ ᠳᠤ ᠣᠷᠣᠯᠴᠠᠪᠠ᠃ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠪᠤᠯᠤᠨ ᠣᠳᠣᠷᠢᠳᠣᠯᠭ᠎ᠠ ᠵᠢᠴᠢ ᠡᠯ᠎ᠡ ᠰᠣᠮᠣ ᠪᠠᠯᠭᠠᠰᠣ ᠶᠢᠨ ᠨᠠᠮ ᠤᠨ ᠬᠤᠷᠢᠶᠠᠨ ᠤ ᠱᠦᠵᠢ᠂ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠣᠯᠬᠤ ᠠᠵᠢᠯ ᠤᠨ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠣᠳᠣᠷᠢᠳᠣᠯᠭ᠎ᠠ᠂ ᠶᠠᠳᠠᠭᠤ ᠶᠢ ᠳᠡᠳᠬᠦᠬᠦ ᠠᠵᠢᠯᠲᠠᠨ᠂ ᠡᠯ᠎ᠡ ᠭᠠᠴᠠᠭ᠎ᠠ ᠲᠤᠰᠬᠤᠨ ᠤ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠡᠷᠬᠢᠯᠡᠭᠴᠢ ᠪᠤᠯᠪᠠᠰᠣᠷᠠᠯ ᠳᠤ ᠣᠷᠣᠯᠴᠠᠪᠠ᠃
     ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠰᠣᠷᠭᠠᠯᠲᠣ ᠶᠠᠷᠢᠶ᠎ᠠ ᠲᠠᠯᠪᠢᠵᠦ ᠵᠢᠭᠠᠬᠤ ᠳᠠᠭᠠᠨ᠂ ᠲᠣᠰ ᠣᠳᠠᠭᠠᠨ ᠤ ᠪᠤᠯᠪᠠᠰᠣᠷᠠᠯ ᠪᠤᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠷᠬᠢᠯᠡᠭᠰᠡᠨ ᠨᠢᠭᠡ ᠤᠳᠠᠭᠠᠨ ᠤ ᠴᠢᠬᠤᠯᠠ ᠪᠤᠯᠪᠠᠰᠣᠷᠠᠯ ᠪᠤᠯᠤᠨ᠎ᠠ᠃ ᠭᠤᠣᠯ ᠵᠣᠷᠢᠯᠭ᠎ᠠ ᠨᠢ ᠲᠦᠪ ᠤᠨ ᠭᠦᠳᠡᠭᠡ ᠲᠣᠰᠬᠤᠨ ᠤ ᠠᠵᠢᠯ ᠤᠨ ᠬᠤᠷᠠᠯ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ ᠲᠦᠪ ᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠲᠣᠰᠬᠠᠢ ᠲᠣᠭᠤᠷᠢᠨ ᠪᠠᠶᠢᠴᠠᠭᠠᠵᠤ ᠬᠠᠷᠢᠭᠤ ᠲᠣᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠡᠬᠦᠷᠭᠡ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ ᠪᠦᠬᠦ ᠬᠤᠰᠢᠭᠤ ᠪᠠᠷ ᠬᠦᠳᠡᠯᠦᠯᠴᠡᠨ ᠨᠡᠩ ᠢᠯᠠᠩᠭᠤᠶ᠎ᠠ ᠰᠣᠮᠣ ᠪᠠᠯᠭᠠᠰᠣ᠂ ᠭᠠᠴᠠᠭ᠎ᠠ ᠲᠣᠰᠬᠤᠨ ᠤ ᠺᠠᠳ᠋ᠷ ᠪᠤᠯᠤᠨ ᠭᠠᠴᠠᠭ᠎ᠠ ᠲᠣᠰᠬᠤᠨ  ᠳᠤ ᠰᠠᠭᠤᠭ᠎ᠠ ᠠᠵᠢᠯ ᠤᠨ ᠠᠩᠬᠢ ᠶᠢ ᠲᠠᠶᠢᠴᠢᠯᠠᠨ ᠣᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠨ ᠠᠵᠢᠯ  ᠤᠨ ᠬᠠᠮᠳᠤᠷᠠᠯ ᠬᠦᠴᠦᠨ ᠢ ᠪᠦᠷᠢᠯᠳᠦᠬᠦᠯᠵᠦ ᠠᠵᠢᠯ ᠤᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ ᠪᠦᠬᠦ ᠬᠤᠰᠢᠭᠤᠨ  ᠤ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠤᠨ ᠰᠢᠨ᠎ᠡ ᠠᠮᠵᠢᠯᠲᠠ᠂ ᠰᠢᠨ᠎ᠡ ᠡᠬᠦᠷᠭᠡᠯᠡᠯ ᠢ ᠴᠢᠷᠮᠠᠶᠢᠨ ᠪᠠᠶᠠᠯᠡᠬᠦᠯᠬᠦ ᠶᠠᠪᠤᠳᠠᠯ ᠪᠤᠯᠤᠨ᠎ᠠ ᠬᠡᠪᠡ᠃  ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠲᠤᠳᠤᠭᠠᠲᠤ ᠠᠭᠤᠯᠤᠭᠳᠠᠬᠤᠨ᠂ ᠪᠤᠳᠠᠲᠤ ᠠᠷᠭ᠎ᠠ ᠵᠠᠮ ᠤᠨ ᠲᠤᠬᠠᠢ ᠰᠤᠷᠭᠠᠯᠲᠤ ︽ᠶᠠᠭᠠᠬᠢᠵᠤ ᠦᠵᠡᠬᠦ᠂ ᠶᠠᠭᠠᠬᠢᠵᠦ ᠠᠵᠢᠯᠯᠠᠬᠤ᠂ ᠶᠠᠭᠠᠬᠢᠵᠦ ᠠᠳᠬᠤᠬᠤ︾  ᠵᠡᠷᠭᠡ ᠭᠤᠷᠪᠠᠨ ᠲᠠᠯ᠎ᠠ ᠠᠴᠠ ᠭᠥᠨᠵᠡᠭᠡᠢ ᠵᠠᠳᠠᠯᠤᠠ ᠲᠠᠶᠢᠯᠪᠤᠷᠢᠯᠠᠵᠤ ᠮᠠᠨ ᠤ ᠬᠤᠰᠢᠭᠤᠨ  ᠤ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠭᠥᠭᠵᠢᠯᠳᠠ ᠶᠢᠨ ᠴᠢᠭᠯᠡᠯ ᠢ ᠲᠤᠳᠤᠷᠬᠠᠶᠢᠯᠠᠵᠠᠢ᠃ ᠲᠠᠷᠤᠢ ᠣᠳᠣᠬᠢ ᠪᠠᠶᠢᠳᠠᠯ ᠳᠤ ᠰᠠᠭᠤᠷᠢᠯᠠᠨ᠂  ᠬᠠᠮᠳᠤ ᠳᠤ ᠨᠢ ᠬᠠᠷᠠᠭᠠᠯᠵᠠᠨ ᠬᠤᠯᠠ ᠶᠢ ᠪᠤᠳᠤᠯᠭᠢᠯᠠᠵᠤ ᠵᠠᠷᠴᠢᠮ ᠱᠠᠭᠠᠷᠳᠠᠯᠭ᠎ᠠ ᠲᠠᠢ᠂ ᠲᠤᠳᠤᠷᠬᠠᠢ ᠬᠠᠷᠠᠯᠲᠠ   ᠲᠠᠢ  ᠪᠠᠶᠢᠬᠤ ᠪᠤᠯ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠪᠠᠶᠢᠳᠠᠯ ᠢ ᠤᠨᠤᠪᠴᠢᠳᠠᠢ ᠡᠵᠡᠮᠳᠠᠨ  ᠡᠭᠦᠷᠭᠡ ᠪᠣᠯᠣᠨ ᠠᠷᠭ᠎ᠠ ᠬᠡᠮᠵᠢᠶ᠎ᠠ ᠶᠢ ᠨᠠᠷᠢᠯᠢᠭᠵᠢᠭᠤᠯᠤᠨ ᠡᠯ᠎ᠡ ᠱᠠᠳᠣᠨ ᠤ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠲᠡᠭᠡᠰᠢᠯᠠᠭᠦᠯᠵᠤ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠰᠠᠶᠢᠨ ᠭᠢᠭᠦ ᠳᠤ ᠴᠢᠬᠤᠯᠠ  ᠵᠢᠯᠣᠭᠤᠳᠣᠯᠭ᠎ᠠ ᠪᠤᠯᠤᠨ ᠦᠢᠯᠡᠳᠦᠯᠭᠡ ᠶᠢᠨ ᠠᠴᠢ ᠬᠤᠯᠪᠤᠭᠳᠠᠯ ᠲᠠᠢ ᠬᠡᠪᠡ᠃
     ᠬᠤᠷᠠᠯ ᠲᠡᠭᠡᠷ᠎ᠡ ᠪᠠᠶᠠᠨᠴᠡᠩᠭᠡᠯ ︽ᠪᠦᠬᠦ ᠬᠤᠰᠢᠭᠤᠨ ᠤ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠪᠤᠯᠤᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠬᠤ ᠲᠣᠬᠠᠢ ᠮᠡᠳᠡᠭᠳᠡᠯ︾ ᠢ ᠣᠯᠠᠮᠵᠢᠯᠠᠪᠠ᠃      ᠲᠣᠰ ᠣᠳᠠᠭᠠᠨ ᠤ ᠪᠤᠯᠪᠠᠰᠣᠷᠠᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠣᠭᠳᠠᠵᠤ ᠥᠪᠦᠷ ᠮᠤᠩᠭᠤᠯ  ᠤᠨ ᠨᠠᠮ ᠤᠨ ᠰᠣᠷᠭᠠᠭᠤᠯᠢ ᠶᠢᠨ ᠠᠵᠤ ᠠᠬᠤᠢ ᠶᠢᠨ ᠣᠬᠠᠭᠠᠨ ᠤ ᠵᠢᠭᠠᠨ ᠰᠣᠳᠣᠯᠬᠤ ᠬᠡᠯᠳᠡᠰ ᠤᠨ ᠳᠡᠳ᠋ ᠫᠷᠤᠹᠧᠰᠰᠤᠷ ᠱᠠ ᠶᠥᠩ ᠮᠧᠢ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠣᠷᠭᠠᠭᠤᠯᠢ ᠶᠢᠨ ᠳ᠋ᠣᠺᠲ᠋ᠣᠷ ᠠᠰᠫᠢᠷᠠᠨᠲ ᠤᠨ ᠵᠢᠯᠣᠭᠤᠳᠣᠭᠴᠢ ᠪᠠᠭᠰᠢ ᠵᠠᠩ ᠱᠧᠩ ᠫᠷᠤᠹᠧᠰᠰᠤᠷ ᠪᠤᠯᠤᠨ ᠨᠠᠷᠠᠨᠮᠠᠨᠳᠣᠬᠤ ᠫᠷᠤᠹᠧᠰᠰᠤᠷ ᠢ ᠣᠨᠴᠠᠭᠠᠶᠢᠯᠠᠨ ᠣᠷᠢᠵᠦ ᠲᠣᠰ ᠲᠣᠰ ︽ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠣᠯᠬᠤ ᠠᠵᠢᠯ ᠢ ᠲᠣᠰᠠᠯᠠᠬᠤ︾᠂ ︽ ᠣᠨᠴᠠᠯᠢᠭ ᠢ ᠠᠳᠬᠤᠵᠤ ᠲᠠᠪᠠᠭᠤᠯᠢᠭ ᠲᠠᠯ᠎ᠠ ᠪᠠᠨ ᠪᠠᠳᠠᠷᠠᠭᠤᠯᠣᠨ ᠲᠠᠷᠢᠮᠠᠯ ᠤᠨ ᠦᠷ᠎ᠡ ᠠᠰᠢᠭ  ᠢ ᠳᠡᠭᠡᠭᠰᠢᠯᠡᠬᠦᠯᠬᠦ ᠶᠢ ᠴᠢᠬᠤᠯᠠᠴᠢᠯᠠᠬᠤ︾᠂ ︽ᠣᠳᠣ ᠦᠶ᠎ᠡ ᠶᠢᠨ ᠮᠠᠯ ᠠᠵᠣ ᠠᠬᠤᠢ ᠶᠢᠨ ᠬᠦᠭᠵᠢᠯᠲᠠ ᠬᠠᠨᠳᠣᠰᠢ ᠵᠢᠴᠢ ᠠᠮᠢᠲᠠᠨ ᠤ ᠡᠪᠡᠳᠴᠢᠨ ᠡᠮᠬᠡᠭ ᠢ ᠰᠠᠷᠭᠡᠶᠢᠯᠡᠨ ᠵᠠᠰᠠᠬᠤ︾ ᠵᠡᠷᠭᠡ ᠭᠤᠷᠪᠠᠨ ᠰᠡᠳᠣᠪ ᠤᠨ ᠲᠣᠭᠤᠷᠢᠨ ᠳᠤ ᠲᠣᠰᠬᠠᠢ ᠪᠤᠯᠪᠠᠰᠣᠷᠠᠯ ᠭᠢᠯᠭᠡᠵᠡᠢ  ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号