4 ᠰᠠᠷ᠎ᠠ ᠶᠢᠨ 15 ᠤ ᠡᠳᠦᠷ ᠮᠠᠨ ᠤ ᠬᠤᠰᠢᠭᠤ ᠠᠷᠪᠠᠨ ᠳᠠᠪᠣᠳᠣᠭᠠᠷ ᠬᠤᠭᠤᠴᠠᠭᠠᠨ ᠤ ᠬᠤᠰᠢᠭᠤ ᠨᠠᠮ | ᠤᠨ ᠬᠤᠷᠢᠶ᠎ᠠ ᠶᠢᠨ ᠳᠠᠪᠣᠳᠣᠭᠠᠷ ᠡᠭᠡᠯᠵᠢ ᠶᠢᠨ ᠳᠣᠭᠤᠷᠢᠨ ᠪᠠᠶᠢᠴᠠᠭᠠᠯᠳᠠ ᠶᠢᠨ ᠠᠵᠢᠯ ᠤᠨ ᠳᠠᠶᠢᠴᠢᠯᠠᠯᠳᠠ | ᠪᠠᠶᠢᠷᠢᠯᠠᠭᠤᠯᠣᠯᠲᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ | ᠡᠷᠬᠢᠯᠡᠭᠴᠢ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠳᠣᠭᠤᠶᠢᠯᠠᠩ | ᠤᠨ ᠳᠠᠷᠤᠭ᠎ᠠ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ | ᠬᠡᠯᠳᠡᠰ ᠤᠨ ᠳᠠᠷᠤᠭ᠎ᠠ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ | ᠳᠣᠭᠤᠶᠢᠯᠠᠩ ᠤᠨ ᠳᠡᠳ᠋ ᠳᠠᠷᠤᠭ᠎ᠠ ᠰᠣ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ | ᠠᠵᠢᠯ ᠤᠨ ᠣᠳᠣᠷᠢᠳᠬᠤ ᠳᠣᠭᠤᠶᠢᠯᠠᠩ ᠤᠨ ᠡᠯ᠎ᠡ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠳᠣᠭᠤᠷᠢᠨ | ᠪᠠᠶᠢᠴᠠᠭᠠᠬᠤ ᠠᠵᠢᠯ ᠤᠨ ᠡᠯ᠎ᠡ ᠬᠠᠮᠵᠢᠯᠴᠠᠬᠤ ᠪᠠᠶᠢᠭᠤᠯᠭ᠎ᠠ ᠨᠢᠬᠡᠴᠢ᠂ ᠪᠠᠶᠢᠴᠠᠭᠠᠭᠳᠠᠬᠤ ᠪᠠᠶᠢᠭᠤᠯᠭ᠎ᠠ ᠨᠢᠬᠡᠴᠢ ᠶᠢᠨ | ᠣᠳᠣᠷᠢᠳᠬᠤ ᠪᠠᠭ᠂ ᠬᠤᠰᠢᠭᠤ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠪᠠᠶᠢᠭᠤᠯᠣᠮᠵᠢ ᠪᠠ ᠳᠣᠰ | ᠣᠳᠠᠭᠠᠨ ᠤ ᠳᠣᠭᠤᠷᠢᠨ ᠪᠠᠶᠢᠴᠠᠭᠠᠯᠳᠠ ᠳᠤ ᠣᠷᠣᠯᠴᠠᠬᠤ ᠪᠦᠬᠦ ᠺᠠᠳ᠋ᠷ ᠠᠵᠢᠯᠳᠠᠳ ᠬᠤᠷᠠᠯ ᠳᠤ ᠣᠷᠣᠯᠴᠠᠪᠠ᠃ | | | | | | | ᠬᠤᠷᠠᠯ ᠠᠴᠠ ᠵᠢᠭᠠᠬᠤ ᠳᠠᠭᠠᠨ᠂ ᠰᠢᠨ᠎ᠡ ᠴᠠᠭ ᠦᠶ᠎ᠡ ᠶᠢᠨ ᠳᠣᠭᠤᠷᠢᠨ ᠪᠠᠶᠢᠴᠠᠭᠠᠬᠤ ᠠᠵᠢᠯ ᠢ ᠰᠠᠶᠢᠳᠣᠷ | ᠬᠢᠬᠦ ᠳᠤ ᠣᠯᠣᠰ ᠳᠦᠷᠦ ᠶᠢᠨ ᠳᠣᠭᠤᠷᠢᠨ ᠪᠠᠶᠢᠴᠭᠠᠬᠤ ᠵᠣᠭᠰᠣᠴᠠ ᠪᠠᠨ ᠴᠢᠩᠭ᠎ᠠ ᠠᠳᠬᠤᠵᠦ ᠣᠬᠠᠮᠰᠠᠷ ᠠᠴᠠ | ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠳᠦᠪ ᠬᠤᠷᠢᠶ᠎ᠠ | ᠶᠢᠨ ᠭᠤᠤᠯ ᠴᠤᠭᠴᠠ᠂ ᠪᠦᠬᠦ ᠨᠠᠮ ᠤᠨ ᠭᠤᠣᠯ ᠴᠣᠭᠴᠠ ᠪᠣᠯᠬᠤ ᠶᠢ ᠡᠷᠡᠰ ᠬᠠᠮᠠᠭᠠᠯᠠᠵᠦ ᠨᠠᠮ ᠤᠨ ᠳᠦᠪ | ᠬᠤᠷᠢᠶᠠᠨ ᠤ ᠡᠷᠬᠡ ᠰᠦᠷ ᠪᠠ ᠨᠢᠬᠡᠳᠦᠯᠳᠡᠢ ᠣᠳᠣᠷᠢᠳᠣᠯᠭ᠎ᠠ ᠶᠢ ᠡᠷᠡᠰ ᠬᠠᠮᠠᠭᠠᠯᠠᠬᠤ ᠬᠡᠷᠡᠭᠲᠡᠢ ᠬᠡᠪᠡ᠃ | ᠬᠤᠷᠠᠯ ᠠᠴᠠ ᠱᠠᠭᠠᠷᠳᠠᠬᠤ ᠳᠠᠭᠠᠨ᠂ ᠳᠠᠨᠢᠯᠳᠠ ᠪᠠᠨ ᠳᠡᠭᠡᠭᠰᠢᠯᠡᠬᠦᠯᠵᠦ ᠳᠣᠭᠤᠷᠢᠨ ᠪᠠᠶᠢᠴᠠᠭᠠᠬᠤ ᠠᠵᠢᠯ ᠤᠨ | ᠣᠯᠣᠰ ᠳᠦᠷᠦ ᠶᠢᠨ ᠣᠬᠠᠮᠰᠠᠷ ᠢ ᠦᠨᠡᠨᠬᠦ ᠴᠢᠩᠭᠠᠳᠬᠠᠵᠤ ᠳᠣᠭᠤᠷᠢᠨ ᠪᠠᠶᠢᠴᠠᠭᠠᠯᠳᠠ ᠶᠢᠨ ᠴᠢᠨᠠᠷ ᠴᠢᠨᠰᠠᠭ᠎ᠠ ᠪᠠ | ᠦᠷ᠎ᠡ ᠪᠦᠲᠦᠮᠵᠢ ᠶᠢ ᠦᠷᠬᠦᠯᠵᠢᠯᠡᠨ ᠠᠬᠢᠭᠤᠯᠵᠦ ︽ᠬᠤᠶᠠᠷ ᠢ ᠬᠠᠮᠠᠭᠠᠯᠠᠬᠤ︾ ᠪᠠᠷ ᠦᠨᠳᠦᠰᠦᠨ ᠣᠯᠣᠰ ᠳᠦᠷᠦ | ᠶᠢᠨ ᠡᠬᠦᠷᠭᠡ ᠪᠠᠨ ᠪᠣᠯᠭᠠᠵᠦ ︽ᠳᠦᠷᠪᠡᠨ ᠣᠬᠠᠮᠰᠠᠷ︾ ᠢᠶᠠᠷ ᠣᠯᠣᠰ ᠳᠦᠷᠦ ᠶᠢᠨ ᠳᠡᠮᠳᠡᠭ ᠪᠣᠯᠭᠠᠵᠦ ᠡᠯ᠎ᠡ | ᠱᠠᠳᠣᠨ ᠤ ᠨᠠᠮ ᠤᠨ ᠵᠣᠬᠢᠶᠠᠨ ᠪᠠᠶᠢᠭᠤᠯᠣᠯᠲᠠ ᠶᠢᠨ ᠨᠠᠮ ᠢ ᠬᠠᠮᠢᠶᠠᠷᠴᠦ ᠨᠠᠮ ᠢ ᠵᠠᠰᠠᠬᠤ ᠣᠯᠣᠰ ᠳᠦᠷᠦ ᠶᠢᠨ | ᠡᠬᠦᠷᠭᠡ ᠪᠠᠨ ᠪᠠᠳᠣᠵᠢᠭᠤᠯᠬᠤ ᠶᠢ ᠱᠠᠯᠠᠪᠳᠠᠨ ᠱᠠᠭᠠᠷᠳᠠᠵᠦ ᠳᠦᠪ᠂ ᠦᠪᠡᠷᠳᠡᠭᠡᠨ ᠵᠠᠰᠠᠬᠤ ᠣᠷᠣᠨ᠂ ᠬᠤᠳᠠ ᠪᠠ | ᠬᠤᠰᠢᠭᠤ ᠨᠠᠮ ᠤᠨ ᠬᠤᠷᠢᠶᠠᠨ ᠤ ᠴᠢᠬᠤᠯᠠ ᠰᠢᠢᠳᠪᠦᠷᠷᠢᠲᠤ ᠪᠣᠳᠣᠯᠭ᠎ᠠ ᠶᠢ ᠪᠤᠳᠠᠲᠠᠢ ᠳᠤ ᠲᠤᠭᠤᠰᠢᠯᠠᠭᠤᠯᠬᠤ ᠶᠢ | ᠠᠬᠢᠭᠤᠯᠬᠤ ᠬᠡᠷᠡᠭᠲᠡᠢ᠃ ᠳᠣᠭᠤᠷᠢᠨ ᠪᠠᠶᠢᠴᠠᠭᠠᠬᠤ ᠳᠤ ᠣᠷᠣᠯᠴᠠᠬᠤ ᠺᠠᠳ᠋ᠷ ᠠᠵᠢᠯᠳᠠᠳ ᠣᠯᠣᠰ ᠳᠦᠷᠦ ᠶᠢᠨ | ᠳᠣᠭᠤᠷᠢᠨ ᠪᠠᠶᠢᠴᠠᠭᠠᠯᠳᠠ ᠶᠢᠨ ᠠᠭᠤᠯᠣᠭᠳᠠᠬᠤᠨ᠂ ᠵᠣᠭᠰᠣᠴᠠ᠂ ᠡᠬᠦᠷᠭᠡ ᠬᠠᠷᠢᠭᠤᠴᠠᠯᠭ᠎ᠠ ᠶᠢ ᠳᠣᠳᠣᠷᠬᠠᠢ ᠳᠠᠨᠢᠵᠦ | ᠳᠣᠪᠣᠶᠢᠮ᠎ᠠ ᠠᠰᠠᠭᠤᠳᠠᠯ ᠢ ᠢᠯᠡᠷᠡᠬᠦᠯᠵᠦ ᠠᠷᠠᠳ ᠳᠦᠮᠡᠨ ᠢᠶᠠᠷ ᠭᠤᠣᠯ ᠪᠣᠯᠭᠠᠭᠰᠠᠨ ᠦᠷᠳᠡᠭ ᠤᠨ ᠴᠢᠭᠯᠡᠯ ᠢ | ᠱᠣᠭᠤᠵᠦ ᠣᠨᠴᠠᠭᠠᠶᠢᠯᠠᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ᠂ ᠠᠷᠠᠳ ᠤᠨ ᠠᠭᠠᠷ ᠤᠨ | ᠰᠡᠷᠭᠡᠶᠢᠯᠡᠯᠳᠡ ᠶᠢᠨ ᠰᠢᠰᠲ᠋ᠧᠮ᠂ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾᠂ ᠪᠠᠶᠢᠭᠤᠯᠣᠮᠵᠢ ᠶᠢᠨ | ᠦᠬᠡᠷᠡᠴᠢᠯᠡᠯᠳᠡ ᠵᠡᠷᠭᠡ ᠳᠣᠰᠬᠠᠢ ᠳᠦᠷᠦᠯ ᠤᠨ ᠠᠵᠢᠯ ᠤᠨ ᠳᠣᠭᠤᠷᠢᠨ ᠪᠠᠶᠢᠴᠠᠭᠠᠯᠳᠠ ᠶᠢᠨ ᠬᠢᠨᠠᠯᠳᠠ ᠪᠠᠶᠢᠴᠠᠭᠠᠯᠳᠠ | ᠶᠢ ᠴᠢᠩᠭᠠᠳᠬᠠᠬᠤ ᠬᠡᠷᠡᠭᠲᠡᠢ᠃ ᠳᠣᠰ ᠣᠳᠠᠭ᠎ᠠ ᠭᠠᠴᠠᠭ᠎ᠠ ᠳᠣᠰᠬᠤᠨ ᠳᠤ ᠳᠣᠭᠤᠷᠢᠨ ᠪᠠᠶᠢᠴᠠᠭᠠᠯᠳᠠ ᠬᠢᠵᠦ | ᠭᠤᠣᠯᠳᠠᠭᠤ ᠳᠦᠪ᠂ ᠦᠪᠡᠷᠳᠡᠭᠡᠨ ᠵᠠᠰᠠᠬᠤ ᠣᠷᠣᠨ᠂ ᠬᠤᠳᠠ ᠪᠠ ᠬᠤᠰᠢᠭᠤ ᠨᠠᠮ ᠤᠨ ᠬᠤᠷᠢᠶᠠᠨ ᠤ ᠴᠢᠬᠤᠯᠠ | ᠰᠢᠢᠳᠪᠦᠷᠢᠲᠤ ᠪᠣᠳᠣᠯᠭ᠎ᠠ ᠶᠢ ᠲᠤᠭᠤᠰᠢᠯᠠᠭᠤᠯᠤᠭᠰᠠᠨ ᠪᠠᠶᠢᠳᠠᠯ᠂ ᠦᠨᠳᠦᠰᠦᠨ ᠱᠠᠳᠣᠨ ᠤ ᠨᠠᠮ ᠤᠨ ᠵᠣᠬᠢᠶᠠᠨ | ᠪᠠᠶᠢᠭᠤᠯᠣᠯᠳᠠ ᠶᠢᠨ ᠳᠣᠬᠠᠢ᠂ ᠣᠯᠠᠨ ᠲᠦᠮᠡᠨ ᠤ ᠳᠣᠮᠳᠠᠬᠢ ᠢᠯᠵᠢᠷᠡᠯ ᠤᠨ ᠠᠰᠠᠭᠤᠳᠠᠯ᠂ ᠦᠨᠳᠦᠰᠦᠨ ᠱᠠᠳᠣᠨ ᠤ | ᠨᠠᠮ ᠤᠨ ᠬᠡᠰᠢᠬᠦᠨ ᠺᠠᠳ᠋ᠷᠴᠣᠳ ᠤᠨ ᠰᠣᠷᠳᠠᠯ ᠤᠨ ᠠᠰᠠᠭᠤᠳᠠᠯ᠂ ︽ᠭᠤᠷᠪᠠᠨ ᠶᠠᠪᠣᠳᠠᠯ ᠢ ᠢᠯᠡ ᠪᠣᠯᠭᠠᠬᠤ︾ | ᠵᠡᠷᠭᠡ ᠠᠭᠤᠯᠭ᠎ᠠ ᠶᠢᠨ ᠳᠣᠭᠤᠷᠢᠨ ᠳᠤ ᠬᠢᠨᠠᠨ ᠪᠠᠶᠢᠴᠠᠭᠠᠯᠳᠠ ᠬᠢᠵᠦ ᠳᠣᠰᠬᠠᠢ ᠳᠦᠷᠦᠯ ᠤᠨ ᠳᠣᠭᠤᠷᠢᠨ | ᠪᠠᠶᠢᠴᠠᠭᠠᠯᠳᠠ ᠬᠢᠨ᠎ᠡ᠃ ᠡᠯ᠎ᠡ ᠪᠠᠶᠢᠴᠠᠭᠠᠭᠳᠠᠬᠤ ᠪᠠᠶᠢᠭᠤᠯᠭ᠎ᠠ ᠨᠢᠭᠡᠴᠢ ᠳᠠᠨᠢᠯᠳᠠ ᠪᠠᠨ ᠳᠡᠭᠡᠭᠰᠢᠯᠡᠬᠦᠯᠵᠦ ᠶᠠᠳᠠᠭᠤ | ᠠᠴᠠ ᠠᠩᠬᠢᠵᠢᠷᠠᠭᠤᠯᠬᠤ ᠪᠣᠭᠤᠮᠳᠠ ᠰᠢᠪᠲᠤᠯᠬᠤ ᠲᠠᠶᠢᠯᠠᠯᠳᠤᠭᠠᠨ ᠤ ᠢᠯᠵᠢᠷᠡᠯ ᠤᠨ ᠠᠰᠠᠭᠤᠳᠠᠯ ᠢ ᠴᠡᠭᠴᠡᠯᠡᠨ | ᠵᠠᠰᠠᠬᠤ ᠠᠵᠢᠯ ᠢ ᠪᠦᠬᠦ ᠳᠠᠯ᠎ᠠ ᠪᠠᠷ ᠰᠠᠶᠢᠳᠣᠷ ᠬᠢᠵᠦ ᠳᠣᠰ ᠣᠳᠠᠭᠠᠨ ᠤ ᠳᠣᠭᠤᠷᠢᠨ ᠪᠠᠶᠢᠴᠠᠭᠠᠯᠳᠠ ᠶᠢᠨ ᠡᠯ᠎ᠡ | ᠡᠬᠦᠷᠭᠡ ᠶᠢ ᠠᠮᠵᠢᠯᠳᠠᠳᠠᠢ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ ᠬᠡᠪᠡ᠃ | ᠬᠤᠷᠠᠯ ᠳᠡᠭᠡᠷ᠎ᠡ᠂ ᠳᠦᠪ᠂ ᠦᠪᠡᠷᠳᠡᠭᠡᠨ ᠵᠠᠰᠠᠬᠤ ᠣᠷᠣᠨ ᠪᠠ ᠬᠤᠳᠠ ᠶᠢᠨ ᠨᠠᠮ ᠤᠨ ᠬᠤᠷᠢᠶᠠᠨ ᠤ | ᠳᠣᠭᠤᠷᠢᠨ ᠦᠵᠡᠵᠦ ᠳᠣᠭᠤᠷᠢᠨ ᠪᠠᠶᠢᠴᠠᠭᠠᠬᠤ ᠠᠵᠢᠯ ᠤᠨ ᠳᠣᠬᠠᠢ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ | ᠶᠢ ᠣᠯᠠᠮᠵᠢᠯᠠᠨ ᠰᠣᠷᠣᠯᠴᠠᠵᠦ᠂ ᠰᠣ᠋ ᠰᠢᠨ ᠹᠠ ᠠᠷᠪᠠᠨ ᠳᠠᠪᠣᠳᠣᠭᠠᠷ ᠬᠤᠭᠤᠴᠠᠭᠠᠨ ᠤ ᠦᠦᠰᠢᠨ ᠬᠤᠰᠢᠭᠤᠨ ᠤ | ᠨᠠᠮ ᠤᠨ ᠬᠤᠷᠢᠶ᠎ᠠ ᠶᠢᠨ ᠳᠠᠪᠣᠳᠣᠭᠠᠷ ᠡᠭᠡᠯᠵᠢ ᠶᠢᠨ ᠳᠣᠭᠤᠷᠢᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠶᠢᠨ | ᠡᠷᠭᠡ ᠶᠢ ᠤᠯᠭᠤᠬᠤ ᠪᠠ ᠡᠬᠦᠷᠭᠡ ᠶᠢᠨ ᠬᠤᠪᠢᠶᠠᠷᠢᠯᠠᠯ ᠤᠨ ᠰᠢᠢᠳᠪᠦᠷᠷᠢ ᠶᠢ ᠨᠡᠶᠢᠳᠡᠯᠡᠪᠡ᠃ |