ᠮᠠᠨ ᠤ ᠬᠤᠰᠢᠭᠤᠨ ᠤ ᠲᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠲᠠᠬᠢᠨᠲᠠ ᠤᠷᠤᠯᠴᠠᠪᠠ
ᠨᠡᠶᠢᠲᠡᠯᠡᠭᠰᠡᠨ ᠴᠠᠭ᠄
2019-04-17
     ᠮᠠᠨ ᠤ ᠬᠤᠰᠢᠭᠤᠨ ᠤ ᠲᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ 4 ᠰᠠᠷ᠎ᠠ ᠶᠢᠨ 12  ᠤᠨ ᠡᠳᠦᠷ ᠤᠨ ᠬᠠᠮᠳᠤ ᠶᠢᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠭᠰᠠᠨ ᠤ ᠰᠠᠭᠦᠯᠠᠷ 4 ᠰᠷ᠎ᠠ ᠶᠢᠨ 15 ᠤ ᠡᠳᠦᠷ ᠥᠥᠰᠢᠨᠵᠤᠤ ᠪᠠᠯᠭᠠᠰᠤᠨ ᠤ ᠪᠥᠷᠢᠳᠤ ᠭᠠᠴᠠᠭᠠᠨ ᠤ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠭᠠᠵᠠᠷ ᠲᠤ ᠲᠠᠬᠢᠨᠲᠠ ᠭᠥᠷᠴᠤ ᠺᠠᠳ᠋ᠷ ᠤᠯᠠᠨ ᠲᠥᠮᠡᠨ ᠲᠠᠢ ᠬᠠᠮᠳᠤᠪᠠᠷ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠵᠤ ᠪᠥᠭᠦ ᠬᠤᠰᠢᠭᠤᠨ ᠤ ᠺᠠᠳ᠋ᠷ ᠤᠯᠠᠨ ᠲᠥᠮᠡᠨ᠂ ᠠᠵᠤ ᠠᠬᠤᠶᠢᠯᠠᠯ ᠤᠨ ᠠᠵᠢᠯᠳᠠᠳ ᠢ ᠮᠤᠳᠤ ᠲᠠᠷᠢᠵᠤ ᠤᠶᠢᠵᠢᠭᠤᠯᠬᠤ ᠠᠵᠢᠯᠯᠠᠭ᠎ᠠ ᠳᠤ ᠢᠳᠡᠪᠭᠢᠯᠠᠨ ᠤᠷᠤᠯᠴᠠᠬᠤ ᠶᠢ ᠪᠤᠳᠠᠳᠤ ᠠᠵᠢᠯᠯᠠᠭ᠎ᠠ  ᠪᠠᠷ ᠢᠶᠠᠨ ᠤᠷᠢᠶᠠᠯᠠᠨ ᠨᠤᠮᠢᠨ ᠲᠠᠩᠰᠤᠭ ᠥᠥᠰᠢᠨ ᠳᠤ ᠨᠤᠭᠤᠭᠠᠨ ᠥᠩᠭᠡ ᠨᠠᠮᠠᠷᠢᠯᠡᠭᠰᠠᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠠᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠢ ᠵᠡᠷᠭᠡ ᠤᠳᠤᠷᠢᠳᠤᠯᠭ᠎ᠠ ᠨᠠᠷ ᠤᠷᠤᠯᠴᠠᠨ ᠬᠤᠶᠠᠷ ᠭᠥᠮᠤᠨ ᠨᠢᠭᠡ ᠲᠤᠭᠤᠶᠢᠯᠠᠩ ᠪᠤᠯᠵᠤ ᠬᠠᠷᠢᠯᠴᠠᠨ ᠬᠠᠪᠰᠤᠷᠤᠯᠴᠠᠨ ᠬᠠᠮᠳᠤᠪᠠᠷ ᠬᠠᠮᠵᠢᠯᠴᠠᠵᠤ ᠨᠥᠭᠡ ᠮᠠᠯᠳᠠᠬᠤ᠂ ᠰᠤᠶᠤᠭ᠎ᠠ ᠮᠤᠳᠤ ᠰᠠᠭᠤᠯᠭᠠᠬᠤ᠂ ᠰᠢᠷᠤᠢ ᠨᠠᠮᠠᠭᠦ ᠵᠡᠷᠭᠡ ᠶᠢᠨ ᠡᠯ᠎ᠠ ᠭᠤᠭᠴᠤᠭᠠᠨ ᠤ ᠠᠵᠢᠯ ᠢ ᠡᠮᠭᠢ ᠲᠠᠷᠠᠭ᠎ᠠ ᠲᠠᠢ ᠨᠠᠷᠢᠨ ᠬᠢᠨᠠᠮᠠᠭᠠᠢ ᠪᠠᠶᠠᠯᠡᠭᠦᠯᠥᠭᠰᠠᠨ ᠪᠠᠶᠢᠨ᠎ᠠ᠃      ᠮᠤᠳᠤ ᠲᠠᠷᠢᠬᠤ ᠲᠤᠮᠳᠠ ᠵᠤᠤ ᠹᠸᠢ ᠯᠤ᠋ ᠤᠢ ᠰᠢᠭᠤᠢ ᠶᠢᠨ ᠮᠠᠷᠭᠡᠵᠢᠯ ᠤᠨ ᠠᠵᠢᠯᠳᠠᠨ ᠠᠴᠠ ᠰᠤᠶᠤᠭ᠎ᠠ ᠮᠤᠳᠤᠨ ᠤ ᠲᠥᠷᠥᠯ ᠵᠥᠢᠯ᠂ ᠲᠠᠷᠢᠵᠤ ᠠᠷᠠᠴᠢᠯᠠᠬᠤ ᠮᠠᠷᠭᠡᠵᠢᠯ ᠵᠡᠷᠭᠡ ᠲᠠᠯ᠎ᠠ ᠶᠢᠨ ᠪᠠᠶᠢᠳᠠᠯ ᠢ ᠯᠠᠪᠯᠠᠨ ᠠᠰᠠᠭᠤᠬᠤ  ᠶᠢᠨ ᠬᠠᠮᠳᠤ ᠲᠠᠶᠠᠭᠠᠷ ᠲᠤ ᠰᠤᠶᠤᠭ᠎ᠠ ᠮᠤᠳᠤᠨ ᠤ ᠡᠳᠡᠭᠡᠷᠡᠯᠳᠠ ᠶᠢ ᠪᠠᠳᠤᠯᠠᠬᠤ ᠶᠢ ᠰᠠᠨᠠᠭᠤᠯᠵᠠᠢ᠃ ᠲᠠᠷᠠ ᠪᠠᠰᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠬᠤ ᠨᠥᠭᠦᠳ ᠢ ᠤᠳᠤᠬᠠᠨ ᠤ ᠠᠰᠢᠭᠳᠠᠢ ᠲᠤᠭᠢᠶᠠᠯ ᠢ ᠴᠢᠩᠭ᠎ᠠ ᠡᠵᠡᠮᠳᠠᠨ ᠪᠥᠭᠦ ᠬᠤᠰᠢᠭᠤᠨ ᠤ ᠡᠯ᠎ᠠ ᠲᠠᠯ᠎ᠠ ᠶᠢᠨ ᠭᠥᠴᠤᠨ ᠢ ᠲᠠᠶᠢᠴᠢᠯᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠭᠤᠯᠵᠤ ᠬᠠᠪᠤᠷ ᠤᠨ ᠤᠯᠠᠷᠢᠯ ᠤᠨ  ᠤᠶᠢᠵᠢᠭᠤᠯᠤᠯᠳᠠ ᠨᠤᠭᠤᠭᠠᠷᠠᠭᠤᠯᠤᠯᠳᠠ ᠪᠠ ᠪᠥᠭᠦ ᠠᠷᠠᠳ ᠤᠨ ᠠᠯᠪᠠᠨ ᠵᠢᠷᠤᠮ ᠤᠨ ᠮᠤᠳᠤ ᠲᠠᠷᠢᠬᠤ ᠥᠷᠨᠢᠯᠳᠠ ᠶᠢ ᠭᠠᠷᠭᠠᠵᠤ ᠪᠤᠳᠠᠳᠤ ᠠᠵᠢᠯᠯᠠᠭ᠎ᠠ ᠪᠠᠷ ᠢᠶᠠᠨ ᠪᠤᠭᠢᠷᠳᠤᠯ ᠥᠭᠡᠢ ᠭᠥᠭᠵᠢᠯᠳᠠ ᠶᠢᠨ ᠤᠨᠤᠯᠵᠢᠭᠤᠨ ᠢ ᠥᠢᠯᠡᠳᠤᠯᠭᠡᠵᠢᠭᠦᠯᠭᠦ ᠶᠢᠨ ᠬᠠᠮᠳᠤ ᠰᠢᠨᠵᠢᠯᠠᠭᠦ ᠤᠬᠠᠭᠠᠠᠴᠢ  ᠪᠠᠷ ᠬᠠᠮᠢᠶᠠᠷᠤᠯᠳᠠ ᠬᠠᠮᠠᠭᠠᠯᠠᠯᠳᠠ ᠭᠢᠵᠤ ᠡᠳᠡᠭᠡᠷᠡᠯᠳᠠ ᠨᠤᠭᠤᠭᠠᠷᠠᠭᠤᠯᠤᠯᠳᠠ ᠶᠢᠨ ᠨᠤᠷᠮ᠎ᠠ ᠶᠢ ᠲᠡᠭᠡᠭᠰᠢᠯᠠᠭᠦᠯᠭᠦ ᠶᠢ ᠭᠥᠰᠡᠵᠠᠢ᠃      ᠲᠠᠶᠠᠭᠠᠷ ᠤᠨ ᠬᠠᠮᠳᠤ ᠶᠢᠨ ᠴᠢᠷᠮᠠᠶᠢᠯᠭ᠎ᠠ ᠪᠠᠷ ᠡᠯᠠᠰᠤᠨ ᠬᠠᠯᠬᠠᠪᠴᠢ ᠵᠢᠭᠳᠡᠷᠠᠵᠤ᠂ ᠮᠥᠷ ᠮᠥᠷ ᠨᠢᠯᠬ᠎ᠠ ᠮᠤᠳᠤ ᠡᠯᠡᠰᠤᠨ ᠳᠤ ᠥᠨᠳᠤᠰᠤ ᠬᠠᠳᠬᠤᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号