ᠰᠢᠨᠬᠤᠸᠠ ᠬᠤᠷᠢᠶᠠᠨ ᠤ ᠮᠡᠳᠡᠬᠡᠯᠡᠭᠰᠡᠨ ᠢᠶᠠᠷ 4 ᠰᠠᠷ᠎ᠠ ᠶᠢᠨ 12 ᠤᠨ ᠡᠳᠤᠷ᠂ ᠤᠯᠤᠰ ᠤᠨ ᠲᠡᠷᠢᠬᠦᠯᠡᠭᠴᠢ | ᠰᠢ ᠶᠢᠨ ᠫᠢᠩ ᠰᠤᠯᠤᠩᠭᠤᠰ ᠤᠨ ᠲᠡᠬᠡᠳᠤ ᠤᠳᠤᠷᠢᠳᠬᠤ ᠬᠦᠮᠥᠨ ᠶᠢᠨ ᠵᠧᠩ ᠡᠸ᠋ᠨ ᠳᠤ ᠴᠠᠬᠢᠯᠭᠠᠨ ᠴᠢᠮᠡᠭᠡ | ᠶᠠᠪᠤᠭᠤᠯᠵᠥ᠂ ᠲᠡᠬᠦᠨ ᠤ ᠰᠤᠯᠤᠩᠭᠤᠰ ᠤᠨ ᠲᠦᠷᠦ ᠶᠢᠨ ᠶᠠᠪᠤᠳᠠᠯ ᠤᠨ ᠬᠤᠷᠢᠶᠡᠨ ᠤ ᠬᠤᠷᠢᠶᠠᠨ ᠲᠠᠷᠤᠭ᠎ᠠ ᠪᠠᠷ | ᠲᠠᠬᠢᠨᠳᠠ ᠰᠤᠩᠭᠤᠭᠳᠠᠭᠰᠠᠠ ᠳᠤ ᠪᠠᠶᠠᠷ ᠬᠦᠷᠬᠡᠪᠡ᠃ | ᠰᠢ ᠶᠢᠨ ᠫᠢᠩ᠂ ᠲᠠ ᠰᠤᠯᠤᠩᠭᠤᠰ ᠤᠨ ᠠᠷᠠᠳ ᠤᠨ ᠲᠡᠬᠡᠳᠤ ᠬᠤᠷᠡᠯ ᠤᠨ ᠠᠷᠪᠠᠨ ᠲᠦᠷᠪᠡᠳᠤᠭᠡᠷ | ᠬᠤᠭᠤᠴᠠᠭᠠᠨ ᠤ ᠠᠩᠬᠠᠳᠤᠭᠠᠷ ᠬᠤᠷᠡᠯ ᠲᠡᠭᠡᠷ᠎ᠡ ᠪᠦᠬᠦᠳᠡ ᠨᠠᠶᠢᠷᠠᠮᠳᠠᠬᠤ ᠠᠷᠠᠳᠴᠢᠯᠠᠬᠰᠠᠠ ᠰᠤᠯᠤᠩᠭᠤᠰ ᠠᠷᠠᠳ | ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠡᠨ ᠤ ᠬᠤᠷᠢᠶᠠᠨ ᠲᠠᠷᠤᠭ᠎ᠠ ᠪᠠᠷ ᠲᠠᠬᠢᠨᠳᠠ ᠰᠤᠩᠭᠤᠭᠳᠠᠭᠰᠠᠠ ᠪᠠᠶᠢᠨ᠎ᠠ | ᠂ ᠡᠨᠡ ᠨᠢ ᠰᠤᠯᠤᠩᠭᠤᠰ ᠤᠨ ᠨᠠᠮ ᠪᠤᠯᠤᠨ ᠠᠷᠠᠳ ᠲᠦᠮᠡᠨ ᠲᠠᠨ ᠢ ᠢᠳᠡᠬᠡᠨ ᠬᠦᠷᠢᠶᠡᠯᠡᠵᠥ ᠪᠠᠶᠢᠬᠤ ᠶᠢ ᠬᠠᠷᠠᠭᠤᠯᠵᠥ | ᠪᠠᠶᠢᠨ᠎ᠠ᠃ ᠪᠢ ᠲᠠᠨ ᠳᠤ ᠬᠠᠯᠠᠭᠤᠨ ᠪᠠᠶᠠᠷ ᠪᠠ ᠴᠢᠩ ᠦᠨᠡᠨᠴᠢ ᠵᠦᠩᠨᠡᠯ ᠲᠡᠪᠰᠢᠬᠦᠯᠵᠥ ᠪᠠᠶᠢᠨ᠎ᠠ᠃ ᠤᠢᠢᠷ᠎ᠠ ᠶᠢᠨ | ᠵᠢᠯ ᠠᠴᠠ᠂ ᠬᠤᠷᠢᠶᠠᠨ ᠲᠠᠷᠤᠭ᠎ᠠ ᠨᠦᠬᠦᠷ ᠤᠨ ᠤᠳᠤᠷᠢᠳᠤᠯᠭ᠎ᠠ ᠲᠤᠤᠷ᠎ᠡ᠂ ᠰᠤᠯᠤᠩᠭᠤᠰ ᠤᠨ ᠠᠵᠥ ᠠᠬᠤᠢ | ᠨᠡᠶᠢᠬᠡᠮ ᠤᠨ ᠬᠦᠭᠵᠢᠯᠳᠡ ᠲᠠᠰᠤᠷᠠᠯᠳᠡ ᠦᠭᠡᠢ ᠰᠢᠨ᠎ᠡ ᠦᠷ᠎ᠡ ᠪᠦᠳᠦᠬᠡᠯ ᠤᠯᠵᠥ᠂ ᠨᠡᠶᠢᠬᠡᠮ ᠵᠢᠷᠤᠮ ᠤᠨ ᠦᠢᠯᠡᠰ | ᠰᠢᠨ᠎ᠡ ᠲᠡᠤᠬᠡᠳᠤ ᠱᠠᠳᠤ ᠦᠶ᠎ᠡ ᠳᠤ ᠤᠷᠤᠭᠰᠠᠠ ᠢ ᠪᠢᠳᠡ ᠪᠠᠶᠠᠷᠳᠠᠢ ᠪᠠᠷ ᠤᠯᠵᠥ ᠬᠠᠷᠠᠯ᠎ᠠ᠃ ᠬᠤᠷᠢᠶᠠᠨ ᠲᠠᠷᠤᠭ᠎ᠠ | ᠨᠦᠬᠦᠷ ᠤᠨ ᠲᠤᠭᠳᠠᠭᠠᠭᠰᠠᠠ ᠰᠢᠨ᠎ᠡ ᠪᠠᠶᠢᠯᠳᠤᠬᠤ ᠪᠤᠳᠤᠯᠭ᠎ᠠ ᠶᠢᠨ ᠱᠤᠭᠤᠮ ᠤᠨ ᠵᠢᠯᠤᠭᠤᠳᠤᠯᠭ᠎ᠠ ᠲᠤᠤᠷ᠎ᠡ᠂ | ᠰᠤᠯᠤᠩᠭᠤᠰ ᠤᠨ ᠠᠷᠠᠳ ᠲᠦᠮᠡᠨ ᠤᠯᠤᠰ ᠤᠨ ᠢᠶᠠᠨ ᠪᠦᠳᠦᠬᠡᠨ ᠪᠠᠶᠢᠭᠤᠯᠤᠯᠳᠡ ᠪᠤᠯᠤᠨ ᠬᠦᠭᠵᠢᠯᠳᠡ ᠶᠢᠨ ᠡᠯ᠎ᠡ | ᠵᠦᠢᠯ ᠤᠨ ᠦᠢᠯᠡᠰ ᠲᠡᠭᠡᠨ ᠯᠠᠪᠳᠠᠢ ᠰᠢᠨ᠎ᠡ ᠨᠡᠩ ᠶᠡᠭᠡ ᠠᠮᠵᠢᠯᠳᠡ ᠤᠯᠤᠨ᠎ᠠ ᠬᠡᠳᠡᠭ ᠢ ᠪᠢ ᠢᠳᠡᠬᠡᠵᠥ ᠪᠠᠶᠢᠨ᠎ᠠ | ᠬᠡᠵᠥ ᠢᠯᠡᠳᠬᠡᠪᠡ᠃ | ᠰᠢ ᠶᠢᠨ ᠫᠢᠩ᠂ ᠲᠤᠮᠳᠠᠳᠤ ᠰᠤᠯᠤᠩᠭᠤᠰ ᠬᠤᠶᠠᠷ ᠤᠯᠤᠰ ᠪᠤᠯ ᠠᠭᠤᠯᠠ ᠤᠰᠤ ᠪᠠᠷ ᠢᠶᠠᠨ ᠵᠠᠯᠭᠠᠯᠳᠤᠭᠰᠠᠠ | ᠨᠦᠬᠦᠷᠰᠡᠭ ᠬᠦᠷᠰᠢ ᠶᠤᠮ᠃ ᠪᠢ ᠲᠤᠮᠳᠠᠳᠤ ᠰᠤᠯᠤᠩᠭᠤᠰ ᠤᠨ ᠤᠯᠠᠮᠵᠢᠯᠠᠯᠳᠤ ᠨᠦᠬᠦᠷᠰᠡᠭ ᠢᠶᠠᠷ ᠬᠠᠮᠳᠤᠷᠠᠨ | ᠠᠵᠢᠯᠯᠠᠬᠤ ᠬᠠᠷᠢᠯᠴᠠᠭ᠎ᠠ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠨᠢᠳᠤᠨᠤᠨ ᠠᠴᠠ ᠨᠠᠭᠠᠰᠢ᠂ ᠪᠢ | ᠬᠤᠷᠢᠶᠡᠨ ᠲᠠᠷᠤᠭ᠎ᠠ ᠨᠦᠬᠦᠷ ᠲᠠᠢ ᠲᠦᠷᠪᠡ ᠤᠳᠠᠭ᠎ᠠ ᠠᠭᠤᠯᠵᠠᠵᠤ᠂ ᠠᠯᠢ ᠤᠯᠠᠨ ᠴᠢᠬᠤᠯᠠ ᠶᠡᠭᠡ ᠬᠠᠮᠳᠤ ᠶᠢᠨ | ᠲᠠᠨᠢᠯᠳᠠ ᠲᠠᠢ ᠪᠤᠯᠵᠥ᠂ ᠲᠤᠮᠳᠠᠳᠤ ᠰᠤᠯᠤᠩᠭᠤᠰ ᠤᠨ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠬᠠᠮᠳᠤ ᠪᠠᠷ | ᠰᠡᠬᠦᠭᠰᠡᠡ ᠪᠠᠶᠢᠨ᠎ᠠ᠃ ᠪᠢ ᠲᠤᠷᠠᠳᠠᠶ᠎ᠠ ᠬᠤᠷᠢᠶᠠᠨ ᠲᠠᠷᠤᠭ᠎ᠠ ᠨᠦᠬᠦᠷ ᠲᠠᠢ ᠬᠠᠮᠳᠤ ᠪᠠᠷ᠂ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠭᠰᠠᠠ 70 ᠵᠢᠯ ᠤᠨ ᠤᠢ ᠪᠠᠷ ᠠᠵᠠ ᠲᠤᠬᠢᠶᠠᠯ ᠪᠤᠯᠭᠠᠵᠥ᠂ ᠲᠤᠮᠳᠠᠳᠤ ᠰᠤᠯᠤᠩᠭᠤᠰ ᠤᠨ | ᠬᠠᠷᠢᠯᠴᠠᠭ᠎ᠠ ᠤᠯᠠᠮ ᠴᠢᠨᠠᠬᠰᠢᠳᠠ ᠬᠦᠭᠵᠢᠬᠦ ᠶᠢ ᠠᠬᠢᠭᠤᠯᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ | ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠬᠡᠵᠥ ᠵᠢᠭᠠᠵᠥ ᠭᠠᠷᠭᠠᠪᠠ᠃ |