ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ ︽ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠮᠴᠢᠯᠠᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2019-04-18
     ᠰᠢᠨᠬᠤᠸᠠ ᠬᠤᠷᠢᠶᠠᠨ ᠤ ᠮᠡᠳᠡᠬᠡᠯᠡᠭᠰᠡᠨ ᠢᠶᠠᠷ ᠤᠢᠢᠷ᠎ᠠ ᠶᠢᠨ ᠡᠳᠤᠷ᠂ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ᠂ ᠲᠦᠢᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠮᠴᠢᠯᠠᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠨᠢᠬᠡᠳᠤᠯᠳᠡᠢ ᠲᠦᠯᠦᠪᠵᠢᠬᠦᠯᠦᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠠᠷᠤᠮᠠᠯᠯᠠᠨ ᠲᠠᠷᠬᠠᠭᠠᠭᠰᠠᠠ ᠪᠦᠬᠡᠳ ᠮᠡᠳᠡᠭᠳᠡᠯ ᠪᠠᠭᠤᠯᠭᠠᠵᠥ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠢ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠥ ᠪᠠᠶᠢᠭᠠᠳ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠱᠠᠭᠠᠷᠳᠠᠪᠠ᠃      ︽ᠰᠠᠨᠠᠯ︾ ᠳᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠮᠴᠢᠯᠠᠯ ᠤᠨ ᠡᠷᠬᠡ ᠶᠢᠨ  ᠲᠦᠷᠢᠮ ᠢ ᠲᠦᠷᠭᠡᠨ ᠲᠡᠬᠦᠯᠳᠡᠷᠵᠢᠬᠦᠯᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠤᠯᠠᠮ ᠴᠢᠨᠠᠬᠰᠢᠳᠠ ᠠᠬᠢᠭᠤᠯᠵᠥ᠂ ᠰᠢᠰᠲ᠋ᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠪᠦᠳᠦᠮᠵᠢ ᠰᠠᠶᠢᠳᠡᠢ ᠲᠤᠮᠳᠠᠳᠤ ᠤᠯᠤᠰ ᠤᠨ ᠤᠨᠴᠠᠯᠢᠭ ᠲᠠᠢ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠮᠴᠢᠯᠠᠯ ᠤᠨ ᠡᠷᠬᠡ ᠶᠢᠨ ᠲᠦᠷᠢᠮ ᠤᠨ ᠰᠢᠰᠲ᠋ᠧᠮ ᠢ ᠲᠦᠷᠭᠡᠳᠬᠡᠨ ᠪᠠᠶᠢᠭᠤᠯᠵᠥ᠂ ᠨᠡᠶᠢᠬᠡᠮ ᠵᠢᠷᠤᠮ ᠤᠨ ᠵᠠᠬ᠎ᠠ ᠲᠡᠯᠬᠡᠬᠦᠷ ᠤᠨ ᠠᠵᠥ ᠠᠬᠤᠢ ᠶᠢᠨ ᠪᠠᠶᠢᠭᠤᠯᠤᠮᠵᠢ ᠶᠢ ᠲᠡᠬᠦᠯᠳᠡᠷᠵᠢᠬᠦᠯᠬᠦ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ᠂ ᠦᠵᠡᠰᠬᠦᠯᠡᠩᠳᠤ ᠰᠠᠶᠢᠬᠠᠨ ᠲᠤᠮᠳᠠᠳᠤ ᠤᠯᠤᠰ ᠢ ᠪᠦᠳᠦᠬᠡᠨ ᠪᠠᠶᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠳᠡᠢ ᠬᠡᠵᠥ ᠲᠤᠷᠠᠳᠪᠠ᠃      ︽ᠰᠠᠨᠠᠯ︾ ᠳᠤ᠂ ᠬᠠᠮᠠᠭᠠᠯᠠᠬᠤ ᠶᠢ ᠤᠷᠢᠳ ᠢᠶᠠᠷ ᠪᠤᠳᠤᠯᠬᠢᠯᠠᠬᠤ᠂ ᠡᠷᠴᠢᠮᠵᠢᠬᠦᠯᠥᠨ ᠠᠰᠢᠬᠯᠠᠬᠤ᠂ ᠵᠠᠬ᠎ᠠ ᠳᠡᠯᠭᠡᠭᠦᠷ ᠠᠴᠠ ᠲᠤᠬᠢᠷᠠᠭᠤᠯᠬᠤ᠂ ᠵᠠᠰᠠᠭ ᠤᠨ ᠤᠷᠳᠤᠨ ᠬᠢᠨᠠᠨ ᠬᠠᠮᠢᠶᠠᠷᠬᠤ᠂ ᠪᠤᠳᠠᠰ ᠤᠨ ᠡᠷᠬᠡ ᠶᠢ ᠬᠠᠤᠯᠢ ᠪᠠᠷ ᠲᠤᠬᠲᠠᠭᠠᠬᠤ᠂ ᠡᠷᠬᠡ ᠲᠡᠭᠰᠢ ᠪᠠᠷ ᠬᠠᠮᠠᠭᠠᠯᠠᠬᠤ᠂ ᠬᠠᠤᠯᠢ ᠶᠤᠰᠤᠭᠠᠷ ᠦᠭᠡᠷᠡᠴᠢᠯᠡᠯᠲᠡ ᠬᠢᠬᠦ᠂ ᠲᠤᠷᠰᠢᠯᠲᠡ ᠶᠢᠨ ᠴᠡᠭ ᠲᠤ ᠤᠷᠢᠤᠨ ᠢᠶᠠᠷ ᠬᠢᠬᠦ ᠦᠨᠳᠦᠰᠦᠨ ᠵᠠᠷᠴᠢᠮ ᠢ ᠪᠠᠷᠢᠮᠲᠠᠯᠠᠵᠥ᠂ 2020 ᠤᠨ ᠪᠤᠯᠬᠤ ᠳᠤ᠂ ᠬᠠᠷᠢᠶᠠᠯᠠᠯ ᠲᠤᠳᠤ᠂ ᠡᠷᠬᠡ ᠬᠠᠷᠢᠭᠤᠴᠠᠯᠭ᠎ᠠ ᠲᠤᠳᠤᠷᠬᠠᠢ᠂ ᠬᠠᠮᠠᠭᠠᠯᠠᠯᠲᠠ ᠴᠢᠩᠭ᠎ᠠ᠂ ᠡᠷᠭᠢᠯᠳᠡ ᠤᠷᠤᠬᠰᠢᠲᠠᠢ᠂ ᠬᠢᠨᠠᠨ ᠬᠠᠮᠢᠶᠠᠷᠤᠯᠲᠠ ᠪᠦᠲᠦᠮᠵᠢᠲᠡᠢ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠮᠴᠢᠯᠡᠯ ᠤᠨ ᠡᠷᠬᠡ ᠶᠢᠨ ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠦᠷ᠎ᠠ ᠪᠦᠲᠦᠮᠵᠢ ᠪᠤᠯᠤᠨ ᠬᠠᠮᠠᠭᠠᠯᠠᠯᠲᠠ ᠶᠢᠨ ᠡᠷᠴᠢᠮ ᠢ ᠢᠯᠡᠷᠬᠡᠢ ᠳᠡᠭᠡᠭᠰᠢᠯᠡᠬᠦᠯᠵᠦ᠂ ᠠᠮᠢ ᠠᠬᠤᠢ ᠶᠢᠨ ᠪᠤᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠪᠤᠯᠤᠨ ᠡᠬᠢ ᠪᠠᠶᠠᠯᠢᠭ ᠤᠨ ᠠᠮᠤᠷ  ᠲᠦᠪᠰᠢᠨ ᠢ ᠪᠠᠲᠤᠯᠠᠵᠤ᠂ ᠬᠦᠮᠦᠨ ᠪᠠ ᠪᠠᠶᠢᠭᠠᠯᠢ ᠡᠶ᠎ᠡ ᠵᠤᠬᠢᠴᠠᠩᠭᠤᠢ ᠪᠠᠷ ᠬᠦᠭᠵᠢᠬᠦ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠠ ᠪᠠᠶᠢᠷᠢᠰᠢᠯ ᠢ ᠪᠦᠷᠢᠯᠳᠦᠭᠦᠯᠭᠦ ᠳᠤ ᠬᠦᠴᠦᠲᠡᠢ ᠲᠤᠯᠭᠠᠭᠤᠷᠢᠯᠠᠯ ᠬᠠᠨᠭ᠍ᠭᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃       ︽ᠰᠠᠨᠠᠯ︾ ᠳᠤ᠂ ᠳᠤᠤᠷᠠᠬᠢ ᠭᠤᠤᠯ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠂ ᠲᠤᠬᠠᠢᠢᠯᠠᠪᠠᠯ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠮᠴᠢᠯᠡᠯ ᠤᠨ ᠡᠷᠬᠡ ᠶᠢᠨ ᠰᠢᠰᠲ᠋ᠧᠮ ᠢ ᠪᠦᠷᠢᠨᠰᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠮᠴᠢᠯᠡᠯ ᠤᠨ ᠡᠷᠬᠡ ᠶᠢᠨ ᠭᠤᠤᠯ ᠴᠤᠬᠴᠠ ᠶᠢ ᠲᠤᠲᠤᠷᠬᠠᠢᠢᠯᠠᠵᠤ᠂ ᠪᠠᠶᠢᠭᠠᠯᠢ ᠶᠢᠨ ᠡᠬᠢ ᠪᠠᠶᠠᠯᠢᠭ ᠢ ᠨᠢᠭᠡᠲᠦᠯᠲᠡᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠠᠵᠢᠯ ᠢ ᠦᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠲᠦᠯᠲᠡᠢ ᠪᠠᠷ ᠲᠤᠬᠲᠠᠭᠠᠬᠤ ᠳᠠᠩᠰᠠᠯᠠᠬᠤ ᠶᠢ ᠲᠦᠷᠭᠡᠳᠬᠡᠵᠤ᠂ ᠪᠠᠶᠢᠭᠠᠯᠢ ᠶᠢᠨ ᠡᠬᠢ ᠪᠠᠶᠠᠯᠢᠭ ᠤᠨ ᠪᠦᠬᠦᠯᠢ ᠴᠤᠬᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢ ᠡᠷᠴᠢᠮᠵᠢᠭᠦᠯᠤᠨ ᠨᠡᠭᠡᠭᠡᠨ ᠠᠰᠢᠬᠯᠠᠬᠤ ᠶᠢ ᠠᠬᠢᠭᠤᠯᠵᠤ᠂ ᠪᠠᠶᠢᠭᠠᠯᠢ ᠶᠢᠨ ᠠᠮᠢ ᠠᠬᠤᠢ ᠶᠢᠨ ᠤᠷᠤᠨ ᠵᠠᠢ ᠶᠢᠨ ᠰᠢᠰᠲ᠋ᠧᠮ ᠢ ᠵᠠᠰᠠᠵᠤ ᠰᠡᠷᠭᠦᠬᠡᠬᠦ ᠪᠠ ᠵᠤᠬᠢᠰᠲᠠᠢ ᠪᠠᠷ ᠨᠦᠬᠦᠪᠦᠷᠢᠯᠡᠬᠦ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢ ᠬᠢᠨᠠᠨ ᠬᠠᠮᠢᠶᠠᠷᠬᠤ ᠰᠢᠨᠲ᠋ᠧᠮ ᠢ ᠪᠦᠷᠢᠨᠰᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠦᠮᠴᠢᠯᠡᠯ ᠤᠨ ᠡᠷᠬᠡ ᠶᠢᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号