ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠰᠦᠮ᠎ᠡ ᠬᠡᠶᠢᠳ ᠤᠨ ᠠᠮᠤᠷ ᠲᠦᠪᠰᠢᠨ ᠳᠤ ᠪᠠᠶᠢᠴᠠᠭᠠᠯᠳᠠ ᠬᠢᠯ᠎ᠡ
ᠨᠡᠶᠢᠲᠡᠯᠡᠭᠰᠡᠨ ᠴᠠᠭ᠄
2019-04-18
     ᠤᠢᠢᠷ᠎ᠠ ᠶᠢᠨ ᠡᠳᠦᠷ᠂ ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠦᠤᠰᠢᠨ ᠬᠤᠰᠢᠭᠤᠨ ᠤ ᠬᠡᠪᠴᠢᠶᠡᠨ ᠳᠤ ᠪᠠᠶᠢᠭ᠎ᠠ ᠡᠯ᠎ᠡ ᠰᠦᠮ᠎ᠡ ᠬᠡᠶᠢᠳ ᠲᠤ ᠬᠦᠷᠴᠤ ᠠᠮᠤᠷ ᠲᠦᠪᠰᠢᠨ ᠤ ᠪᠠᠶᠢᠴᠠᠭᠠᠯᠳᠠ ᠬᠢᠪᠡ᠃      ᠪᠠᠶᠢᠴᠠᠭᠠᠯᠳᠠ ᠲᠤᠮᠳᠠ ᠰᠦᠮ᠎ᠡ ᠬᠡᠶᠢᠳ ᠤᠨ ᠲᠦᠷᠢᠮ ᠲᠤᠭᠳᠠᠭᠠᠯ᠂ ᠲᠠᠩᠰᠠ ᠡᠪᠬᠡᠮᠡᠯ ᠤᠨ ᠠᠵᠢᠯ ᠢ ᠪᠠᠶᠢᠴᠠᠭᠠᠵᠤ᠂ ᠰᠦᠮ᠎ᠡ ᠬᠡᠶᠢᠳ ᠤᠨ ᠬᠠᠮᠢᠶᠠᠷᠤᠯᠳᠠ ᠶᠢᠨ ᠲᠠᠯ᠎ᠠ ᠶᠢᠨ ᠠᠵᠢᠯ᠂ ᠰᠦᠮ᠎ᠡ ᠬᠡᠶᠢᠳ ᠲᠤ ᠢᠷᠡᠭᠰᠡᠨ ᠮᠦᠷᠬᠦᠯᠴᠢᠳ ᠢ ᠲᠠᠩᠰᠠᠯᠠᠨ ᠲᠡᠮᠳᠡᠭᠯᠡᠵᠤ᠂ ᠬᠠᠤᠯᠢ ᠪᠤᠰᠤ ᠡᠳᠡᠭᠡᠳ ᠵᠠᠪᠰᠢᠶᠠᠨ ᠢ ᠲᠠᠯᠢᠮᠳᠠᠭᠤᠯᠤᠨ ᠬᠠᠤᠯᠢ ᠪᠤᠰᠤ ᠠᠵᠢᠯᠯᠠᠭ᠎ᠠ ᠬᠢᠬᠦ ᠶᠢ ᠰᠡᠷᠭᠡᠶᠢᠯᠡᠨ ᠬᠤᠷᠢᠭᠯᠠᠬᠤ᠂ ᠭᠠᠯ ᠤᠨ ᠠᠶᠤᠯ ᠭᠠᠷᠬᠤ ᠶᠢ ᠰᠡᠷᠭᠡᠶᠢᠯᠡᠬᠦ᠂ ᠱᠠᠰᠢᠨ ᠰᠤᠷᠳᠠᠬᠤᠨ ᠤ ᠠᠵᠢᠯᠳᠠᠳ ᠤᠨ ᠢᠳᠡᠪᠬᠢ ᠦᠢᠯᠡᠳᠦᠯ ᠢ ᠪᠠᠳᠠᠷᠠᠭᠤᠯᠵᠤ ᠰᠦᠮ᠎ᠡ ᠶᠢᠨ ᠠᠵᠢᠯᠯᠠᠭ᠎ᠠ ᠶᠢᠨ ᠬᠠᠤᠯᠢ ᠶᠤᠰᠤᠨ ᠤ ᠲᠤᠳᠤᠷ᠎ᠠ ᠪᠠᠶᠢᠬᠤ ᠶᠢ ᠪᠠᠳᠤᠯᠠᠬᠤ᠂ ᠱᠠᠰᠢᠨ ᠰᠢᠳᠦᠭᠰᠡᠳ ᠲᠤ ᠤᠯᠤᠰ ᠢᠶᠠᠨ ᠬᠠᠶᠢᠷᠠᠯᠠᠬᠤ ᠬᠦᠮᠦᠵᠢᠯ ᠬᠦᠷᠳᠡᠭᠡᠨ ᠱᠠᠰᠢᠨ ᠰᠢᠳᠦᠭᠰᠡᠳ ᠤᠨ ᠬᠠᠤᠯᠢ ᠶᠤᠰᠤᠭᠠᠷ᠂ ᠪᠤᠯᠪᠠᠰᠤᠨ ᠢᠶᠠᠷ ᠱᠠᠰᠢᠨ ᠰᠢᠳᠦᠵᠤ᠂ ᠡᠭᠡ ᠤᠯᠤᠰ᠂ ᠨᠠᠮ ᠵᠠᠰᠠᠭ ᠲᠠᠭᠠᠨ ᠲᠠᠯᠠᠷᠬᠠᠬᠤ ᠰᠠᠶᠢᠬᠠᠨ ᠤᠬᠠᠮᠰᠠᠷ ᠢ ᠪᠤᠢ ᠪᠤᠯᠭᠠᠬᠤ ᠵᠡᠷᠭᠡ ᠬᠡᠳᠦᠨ ᠲᠠᠯ᠎ᠠ ᠪᠠᠷ ᠴᠢᠩᠭᠠᠳᠬᠠᠬᠤ ᠶᠢ ᠱᠠᠭᠠᠷᠳᠠᠭᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号