ᠮᠠᠨ ᠤ ᠬᠤᠰᠢᠭᠤ ᠮᠠᠯ ᠠᠵᠤ ᠠᠬᠤᠢ ᠶᠢᠨ ᠣᠯᠠᠨ ᠵᠦᠢᠯ ᠤᠨ ᠮᠡᠷᠭᠡᠵᠢᠯ ᠢ ᠰᠤᠳᠤᠯᠤᠨ ᠲᠦᠭᠡᠮᠡᠯᠵᠢᠭᠦᠯᠵᠦ ᠨᠤᠲᠤᠭ ᠪᠡᠯᠴᠢᠭᠡᠷ ᠢ ᠰᠡᠷᠭᠦᠭᠡᠨ ᠠᠮᠢ ᠠᠬᠤᠢ ᠶᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2019-04-18
     ᠮᠠᠨ ᠤ ᠬᠤᠰᠢᠭᠤ ᠪᠣᠯ ᠣᠷᠳᠣᠰ ᠨᠠᠷᠢᠨ ᠨᠣᠣᠰᠣᠲᠤ ᠬᠤᠨᠢ ᠮᠠᠯᠵᠢᠵᠤ ᠪᠠᠶᠢᠭ᠎ᠠ ᠭᠤᠣᠯ ᠪᠣᠯᠬᠤ ᠭᠠᠵᠠᠷ ᠣᠷᠣᠨ ᠶᠤᠮ᠃ ᠣᠶᠢᠷ᠎ᠠ ᠶᠢᠨ ᠵᠢᠯ ᠠᠴᠠ ᠮᠠᠨ ᠤ ᠬᠤᠰᠢᠭᠤ ᠣᠷᠳᠣᠰ ᠨᠠᠷᠢᠨ ᠨᠣᠣᠰᠤᠲᠤ ᠬᠤᠨᠢ ᠶᠢ ᠢᠬᠢᠷᠡᠯᠡᠭᠦᠯᠬᠦ ᠮᠡᠷᠭᠡᠵᠢᠯ᠂ ᠬᠤᠶᠠᠷ ᠵᠢᠯ ᠳᠤ ᠭᠤᠷᠪᠠ ᠤᠳᠠᠭ᠎ᠠ ᠲᠦᠯ ᠳᠣᠰᠬᠤ ᠵᠡᠷᠭᠡ ᠮᠡᠷᠭᠡᠵᠢᠯ ᠢ ᠰᠤᠳᠤᠯᠤᠨ ᠲᠦᠭᠡᠮᠡᠯᠵᠢᠭᠦᠯᠵᠦ ᠨᠤᠲᠤᠭ ᠪᠡᠯᠴᠢᠭᠡᠷ ᠢ ᠰᠡᠷᠭᠦᠭᠡᠨ ᠠᠮᠢ ᠠᠬᠤᠢ ᠶᠢ ᠬᠠᠮᠠᠭᠠᠯᠠᠵᠤ ᠪᠠᠶᠢᠨ᠎ᠠ᠃      ᠭᠠᠯᠠᠭᠤᠳᠤ ᠪᠠᠯᠭᠠᠰᠤᠨ ᠤ ᠪᠠᠶ᠋ᠬᠠᠥ᠋ᠨᠳᠦᠷ ᠭᠠᠴᠠᠭᠠᠨ ᠤ ᠮᠠᠯᠴᠢᠨ ᠣᠶᠣᠨᠴᠢᠮᠡᠭ ᠤᠨ ᠬᠢᠨ ᠡᠨᠡ ᠵᠢᠯ ᠲᠦᠴᠢ ᠭᠠᠷᠤᠢ ᠲᠦᠯᠵᠢᠬᠦ ᠬᠤᠨᠢᠨ ᠠᠴᠠ ᠨᠠᠶᠠ ᠭᠠᠷᠤᠢ ᠲᠦᠯ ᠳᠣᠰᠴᠤ᠂ ᠢᠬᠢᠷᠡᠯᠡᠭᠰᠡᠨ ᠨᠣᠷᠮ᠎ᠠ ᠨᠢ 100% ᠳᠤ ᠬᠦᠷᠴᠦ ᠮᠠᠯᠴᠢᠨ ᠲᠦᠮᠡᠨ ᠢᠶᠠᠨ ᠭᠠᠶᠢᠬᠠᠰᠢᠷᠠᠭᠤᠯᠤᠭᠰᠠᠨ ᠪᠠᠶᠢᠯ᠎ᠠ  ᠃ ᠣᠶᠣᠨᠴᠢᠮᠡᠭ ᠤᠨ ᠬᠢᠨ ᠣᠷᠴᠢᠮ ᠤᠨ ᠵᠢᠯ  ᠠᠴᠠ ᠮᠠᠯ ᠤᠨ ᠲᠤᠭ᠎ᠠ ᠲᠣᠯᠤᠭᠠᠢ ᠪᠠᠨ ᠴᠦᠭᠡᠳᠬᠡᠵᠦ ᠢᠬᠢᠷᠡᠯᠡᠭᠦᠯᠬᠦ ᠮᠡᠷᠭᠡᠵᠢᠯ ᠢ ᠬᠡᠷᠡᠭᠯᠡᠭᠰᠡᠨ ᠠᠴᠠ ᠣᠷᠣᠯᠭ᠎ᠠ ᠨᠢ ᠴᠤ ᠤᠤᠯ ᠠᠴᠠ ᠪᠠᠨ ᠨᠡᠮᠡᠭᠳᠡᠵᠦ ᠪᠡᠯᠴᠢᠭᠡᠷ ᠨᠤᠲᠤᠭ ᠢᠶᠠᠨ ᠰᠡᠷᠭᠦᠭᠡᠵᠦ ᠠᠮᠢ ᠠᠬᠤᠢ ᠪᠠᠨ ᠬᠠᠮᠠᠭᠠᠯᠠᠵᠤ ᠴᠢᠳᠠᠭᠰᠠᠨ ᠪᠠᠶᠢᠨ᠎ᠠ᠃      ᠣᠶᠣᠨᠴᠢᠮᠡᠭ ᠤᠨ ᠬᠢᠨ ᠲᠠᠢ ᠠᠳᠠᠯᠢᠬᠠᠨ ᠲᠣᠭᠤᠷᠢᠮ ᠭᠠᠴᠠᠭᠠᠨ ᠤ ᠮᠠᠯᠴᠢᠨ ᠰᠤᠶᠤᠯᠪᠠᠲᠤ ᠶᠢᠨ ᠬᠢᠨ ᠴᠤ ᠢᠬᠢᠷᠡᠯᠡᠭᠦᠯᠬᠦ ᠮᠡᠷᠭᠡᠵᠢᠯ ᠢ ᠬᠡᠷᠡᠭᠯᠡᠭᠰᠡᠨ ᠠᠴᠠ ᠡᠨᠡ ᠵᠢᠯ 67 ᠲᠦᠯᠵᠢᠬᠦ ᠬᠤᠨᠢᠨ ᠠᠴᠠ 103 ᠬᠤᠷᠠᠭ᠎ᠠ ᠳᠣᠰᠴᠤ ᠮᠠᠯ ᠠᠵᠤ ᠠᠬᠤᠢ ᠶᠢᠨ ᠰᠢᠨ᠎ᠡ ᠮᠡᠷᠭᠡᠵᠢᠯ ᠤᠨ ᠠᠰᠢᠭ ᠢ ᠬᠦᠷᠲᠡᠭᠰᠡᠨ ᠪᠠᠶᠢᠨ᠎ᠠ᠃ ᠰᠤᠶᠤᠯᠪᠠᠲᠤ᠄ ︽ᠶᠢᠰᠦᠨ ᠰᠠᠷ᠎ᠠ ᠶᠢᠨ ᠠᠷᠪᠠᠨ ᠲᠠᠪᠤᠨ ᠠᠴᠠ ᠡᠬᠢᠯᠡᠨ ᠬᠡᠭᠡᠯᠳᠦᠭᠦᠯᠪᠡᠯ ᠮᠠᠯ ᠤᠨ ᠬᠦᠴᠦ ᠲᠠᠷᠭᠤ ᠬᠠᠮᠤᠭ ᠰᠠᠶᠢᠨ᠂ ᠴᠠᠭ ᠠᠭᠤᠷ ᠤᠨ ᠨᠦᠬᠦᠴᠡᠯ ᠴᠤ ᠳᠤᠯᠠᠭᠠᠨ ᠰᠢᠭ᠋᠂ ᠡᠨᠡ ᠴᠠᠭ ᠲᠤ ᠬᠡᠭᠡᠯ ᠠᠪᠬᠤ ᠨᠤᠷᠮ᠎ᠠ ᠦᠨᠳᠦᠷ ᠪᠦᠭᠡᠳ ᠢᠬᠢᠷᠡᠯᠡᠬᠦ ᠨᠤᠷᠮ᠎ᠠ ᠦᠨᠳᠦᠷ ᠪᠠᠶᠢᠳᠠᠭ︾ ᠭᠡᠵᠤ ᠲᠤᠷᠰᠢᠯᠭ᠎ᠠ ᠪᠠᠨ ᠶᠠᠷᠢᠵᠤ ᠪᠠᠶᠢᠯ᠎ᠠ᠃      ᠮᠠᠨ ᠤ ᠬᠤᠰᠢᠭᠤ ᠣᠳᠣ ᠨᠡᠶᠢᠲᠡ 120 ᠭᠠᠷᠤᠢ ᠲᠦᠮᠡᠨ ᠲᠣᠯᠣᠭᠠᠢ ᠣᠷᠳᠣᠰ ᠨᠠᠷᠢᠨ ᠨᠣᠣᠰᠣᠲᠤ ᠬᠤᠨᠢ ᠮᠠᠯᠵᠢᠵᠤ ᠪᠠᠶᠢᠳᠠᠭ᠃ ᠣᠶᠢᠷ᠎ᠠ ᠶᠢᠨ ᠵᠢᠯ ᠠᠴᠠ ᠮᠠᠯᠴᠢᠳ ᠤᠨ ᠦᠵᠡᠯᠲᠡ ᠲᠠᠨᠢᠯᠲᠠ ᠳᠡᠭᠡᠭᠰᠢᠯᠡᠵᠦ ᠰᠠᠭᠤᠷᠢ ᠳᠥᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠪᠦᠷᠢᠨᠰᠢᠵᠦ ᠡᠪᠡᠰᠦ ᠪᠣᠷᠳᠣᠭᠠᠨ ᠤ ᠰᠠᠭᠤᠷᠢᠨ ᠭᠠᠵᠠᠷ ᠬᠡᠪᠴᠢᠶᠡᠵᠢᠭᠰᠡᠨ ᠢᠶᠠᠷ ᠪᠠᠷᠠᠬᠤ ᠦᠭᠡᠢ ᠣᠯᠠᠨ ᠵᠦᠢᠯ ᠤᠨ ᠮᠠᠯ ᠠᠵᠤ ᠠᠬᠤᠢ ᠶᠢᠨ ᠮᠡᠷᠭᠡᠵᠢᠯ ᠢ ᠰᠤᠳᠤᠯᠤᠨ ᠲᠦᠭᠡᠮᠡᠯᠵᠢᠭᠦᠯᠦᠭᠰᠡᠨ ᠠᠴᠠ ᠮᠠᠯᠴᠢᠳ ᠰᠢᠨᠵᠢᠯᠡᠬᠦ ᠤᠬᠠᠭᠠᠨᠴᠢ ᠪᠠᠷ ᠮᠠᠯᠵᠢᠬᠤ ᠦᠢᠯᠡᠳᠪᠦᠷᠢᠯᠡᠯ ᠡᠷᠬᠢᠯᠡᠵᠦ ᠮᠠᠯ ᠤᠨ ᠲᠠᠷᠭᠤ ᠬᠦᠴᠦ ᠶᠢ ᠪᠠᠲᠤᠯᠠᠨ ᠡᠭᠦᠯᠳᠡᠷ ᠰᠠᠶᠢᠵᠢᠷᠠᠭᠤᠯᠤᠯᠲᠠ ᠶᠢ ᠴᠢᠩᠭ᠎ᠠ ᠠᠳᠬᠤᠭᠰᠠᠨ ᠢᠶᠠᠷ ᠠᠰᠢᠭ ᠣᠷᠣᠯᠭ᠎ᠠ ᠨᠢ ᠳᠡᠭᠡᠭᠰᠢᠯᠡᠵᠦ ᠪᠡᠯᠴᠢᠭᠡᠷ ᠨᠤᠲᠤᠭ ᠢᠶᠠᠨ ᠰᠡᠷᠭᠦᠭᠡᠵᠦ ᠠᠮᠢ ᠠᠬᠤᠢ ᠪᠠᠨ ᠬᠠᠮᠠᠭᠠᠯᠠᠵᠤ ᠴᠢᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号