︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠨᠢᠬᠡ ᠤᠯᠤᠰ ᠨᠢᠬᠡ ᠦᠨᠳᠦᠰᠦᠳᠡᠨ ᠰᠦᠭ ᠰᠦᠨᠡᠰᠤ ᠦᠭᠡᠢ ᠪᠠᠶᠢᠵᠤ ᠪᠤᠯᠬᠤ ᠦᠭᠡᠢ︾ ᠭᠡᠬᠦ ᠴᠢᠬᠤᠯᠨ ᠵᠤᠬᠢᠶᠠᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2019-04-18
     4 ᠰᠠᠷ᠎ᠠ ᠶᠢᠨ 16 ᠤ ᠡᠳᠤᠷ ᠬᠡᠪᠯᠡᠭᠳᠡᠬᠦ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ ︽ᠨᠢᠬᠡ ᠤᠯᠤᠰ ᠨᠢᠬᠡ ᠦᠨᠳᠦᠰᠦᠳᠡᠨ ᠰᠦᠭ ᠰᠦᠨᠡᠰᠦ ᠦᠭᠡᠢ ᠪᠠᠶᠢᠵᠥ ᠪᠤᠯᠬᠤ ᠦᠬᠡᠢ︾ ᠬᠡᠬᠦ ᠴᠢᠬᠤᠯᠠ ᠵᠤᠬᠢᠶᠠᠯ ᠢ ᠨᠡᠶᠢᠳᠡᠯᠡᠪᠡ᠃      ᠵᠤᠬᠢᠶᠠᠯ ᠳᠤ᠂ ᠰᠢᠨ᠎ᠡ ᠴᠠᠭ ᠦᠶ᠎ᠡ ᠭᠠᠷᠮᠠᠭᠠᠢ ᠵᠤᠬᠢᠶᠠᠯᠴᠢᠳ᠂ ᠤᠷᠠᠯᠢᠬᠴᠢᠳ᠂ ᠤᠨᠤᠯᠴᠢᠳ ᠢ ᠤᠷᠠᠶᠢᠯᠠᠨ ᠲᠠᠭᠤᠳᠠᠵᠥ ᠪᠠᠶᠢᠨ᠎ᠠ᠂ ᠤᠳᠬ᠎ᠠ ᠤᠷᠠᠯᠢᠭ ᠤᠨ ᠵᠤᠬᠢᠶᠠᠨ ᠪᠦᠳᠦᠬᠡᠯᠬᠡ᠂ ᠡᠷᠳᠡᠮ ᠰᠢᠨᠵᠢᠯᠡᠬᠡᠨ ᠤ ᠰᠢᠨᠡᠴᠢᠯᠡᠯᠳᠡ ᠬᠢᠵᠠᠭᠠᠷ ᠦᠬᠡᠢ ᠠᠭᠤᠳᠠᠮ ᠤᠷᠤᠨ ᠵᠠᠢ ᠲᠠᠢ ᠪᠠᠶᠢᠨ᠎ᠠ᠂ ᠰᠤᠶᠤᠯ ᠤᠨ ᠢᠳᠡᠬᠡᠯ ᠢᠶᠠᠨ ᠪᠠᠳᠤᠳᠬᠠᠵᠤ ᠴᠠᠭ ᠦᠶ᠎ᠠ ᠶᠢᠨ ᠪᠠᠶᠢᠳᠠᠯ ᠢ ᠡᠵᠡᠮᠳᠡᠨ ᠴᠠᠭ ᠦᠶ᠎ᠡ ᠶᠢᠨ ᠲᠠᠭᠤᠨ ᠢ ᠰᠤᠨᠤᠰᠴᠦ᠂ ᠴᠠᠭ ᠦᠶ᠎ᠡ ᠲᠠᠢ ᠵᠡᠷᠬᠡ ᠪᠠᠷ ᠤᠷᠤᠭᠰᠢᠯᠠᠬᠤ᠂ ᠠᠷᠠᠳ ᠲᠦᠮᠡᠨ ᠢᠶᠠᠷ ᠭᠤᠤᠯ ᠪᠤᠯᠭᠠᠬᠤ᠂ ᠰᠤᠳᠤᠨ ᠪᠦᠳᠦᠬᠡᠯ ᠢᠶᠠᠨ ᠠᠷᠠᠳ ᠲᠦᠮᠡᠨ ᠳᠡᠭᠡᠨ ᠡᠷᠬᠦᠬᠦ᠂ ᠡᠷᠬᠢᠮ ᠮᠤᠷᠠᠯ ᠢᠶᠠᠷ ᠬᠡᠪ ᠰᠤᠷᠳᠠᠯ ᠢ ᠲᠠᠭᠠᠭᠤᠯᠬᠤ ᠶᠢ ᠪᠠᠷᠢᠮᠳᠠᠯᠠᠬᠤ ᠬᠡᠷᠡᠭᠳᠡᠢ ᠬᠡᠵᠥ ᠴᠢᠬᠤᠯᠠᠴᠢᠯᠠᠪᠠ᠃      ᠵᠤᠬᠢᠶᠠᠯ ᠳᠤ᠂ ᠨᠢᠬᠡ ᠤᠯᠤᠰ ᠨᠢᠬᠡ ᠦᠨᠳᠦᠰᠦᠳᠡᠨ ᠰᠦᠭ ᠰᠦᠨᠡᠰᠦ ᠦᠭᠡᠢ ᠪᠠᠶᠢᠵᠥ ᠪᠤᠯᠬᠤ ᠦᠬᠡᠢ᠃ ᠰᠤᠶᠤᠯ ᠤᠷᠠᠯᠢᠭ ᠤᠨ ᠠᠵᠢᠯᠳᠠᠳ᠂ ᠭᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠠᠵᠢᠯᠳᠠᠳ ᠪᠦᠷ ᠦᠵᠡᠯ ᠰᠠᠨᠠᠭ᠎ᠠ ᠶᠢ ᠰᠡᠩᠬᠡᠷᠡᠬᠦᠯᠬᠦ᠂ ᠵᠠᠩ ᠴᠢᠨᠠᠷ ᠢ ᠬᠦᠮᠥᠵᠢᠬᠦᠯᠬᠦ᠂ ᠰᠡᠳᠬᠢᠯ ᠵᠢᠷᠦᠬᠡ ᠶᠢ ᠲᠤᠯᠠᠭᠠᠴᠠᠭᠤᠯᠬᠤ ᠴᠢᠬᠤᠯᠠ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠵᠥ᠂ ᠰᠤᠶᠤᠯ ᠢᠶᠠᠷ ᠬᠦᠮᠥᠨ ᠢ ᠤᠬᠠᠭᠠᠷᠠᠭᠤᠯᠬᠤ᠂ ᠰᠤᠶᠤᠯ ᠢᠶᠠᠷ ᠬᠦᠮᠥᠨ ᠢ ᠬᠦᠮᠦᠵᠢᠭᠦᠯᠬᠦ᠂ ᠰᠤᠶᠤᠯ ᠢᠶᠠᠷ ᠤᠬ ᠦᠨᠳᠦᠰᠦ ᠶᠢ ᠪᠤᠶᠢᠵᠢᠭᠤᠯᠬᠤ ᠡᠬᠦᠷᠬᠡ ᠶᠢ ᠡᠬᠦᠷᠬᠡᠯᠡᠵᠥ ᠪᠠᠶᠢᠭ᠎ᠠ ᠶᠤᠮ᠃ ᠰᠤᠶᠤᠯ ᠤᠷᠠᠯᠢᠭ ᠤᠨ ᠠᠵᠢᠯ᠂ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠠᠵᠢᠯ ᠨᠢ ᠨᠠᠮ ᠪᠤᠯᠤᠨ ᠤᠯᠤᠰ ᠤᠨ ᠪᠦᠬᠦ ᠲᠡᠯ᠎ᠡ ᠶᠢᠨ ᠠᠵᠢᠯ ᠳᠤ ᠲᠦᠢᠯ ᠤᠨ ᠴᠢᠬᠤᠯᠠ ᠪᠠᠶᠢᠷᠢ ᠶᠢ ᠡᠵᠡᠯᠡᠵᠥ᠂ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ ᠬᠡᠵᠥ ᠵᠢᠭᠠᠵᠥ ᠭᠠᠷᠭᠠᠵᠠᠢ᠃      ᠵᠤᠬᠢᠶᠠᠯ ᠨᠢ ᠰᠢᠨ᠎ᠠ ᠪᠠᠶᠢᠳᠠᠯ ᠳᠤᠤᠷᠠᠬᠢ ᠰᠤᠶᠤᠯ ᠤᠷᠠᠯᠢᠬ ᠤᠨ ᠠᠵᠢᠯ᠂ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠳᠤ ᠳᠦᠷᠪᠡᠨ ᠳᠠᠯ᠎ᠠ ᠶᠢᠨ ᠱᠠᠭᠠᠷᠳᠠᠯᠭ᠎ᠠ ᠳᠤᠷᠠᠳᠪᠡ᠄ ᠨᠢᠬᠡᠳᠦᠬᠡᠷ ᠲᠤ᠂ ᠴᠠᠬ ᠦᠶ᠎ᠠ ᠲᠠᠢ ᠠᠯᠬᠤᠮ ᠢᠶᠠᠨ ᠨᠢᠬᠡᠳᠬᠡᠬᠦ ᠶᠢ ᠪᠠᠷᠢᠮᠳᠠᠯᠠᠬᠤ ᠬᠡᠷᠡᠭᠳᠠᠢ᠃ ᠬᠤᠶᠠᠳᠤᠭᠠᠷ ᠲᠤ᠂ ᠠᠷᠠᠳ ᠳᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠬᠤ ᠬᠡᠷᠡᠭᠳᠠᠢ᠃ ᠭᠤᠷᠪᠠᠳᠤᠭᠠᠷ ᠲᠤ᠂ ᠰᠤᠳᠤᠨ ᠪᠦᠳᠦᠬᠡᠯ ᠢᠶᠠᠨ ᠠᠷᠠᠳ ᠳᠦᠮᠡᠨ ᠳᠡᠭᠡᠨ ᠡᠷᠭᠦᠬᠦ ᠶᠢ ᠪᠠᠷᠢᠮᠳᠠᠯᠠᠬᠤ ᠬᠡᠷᠡᠭᠳᠠᠢ᠃ ᠲᠦᠷᠪᠡᠳᠤᠬᠡᠷ ᠲᠤ᠂ ᠡᠷᠬᠢᠮ ᠮᠤᠷᠠᠯ ᠢᠶᠠᠷ ᠬᠡᠪ ᠰᠤᠷᠳᠠᠯ ᠢ ᠲᠠᠭᠠᠭᠤᠯᠬᠤ ᠶᠢ ᠪᠠᠷᠢᠮᠳᠠᠯᠠᠬᠤ ᠬᠡᠷᠡᠭᠳᠠᠢ᠃      ᠵᠤᠬᠢᠶᠠᠯ ᠳᠤ᠂ ᠡᠨᠡ ᠵᠢᠯ ᠪᠤᠯ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠤᠯᠤᠨ᠎ᠠ ᠃ 70 ᠵᠢᠯ ᠡᠷᠡᠮᠡᠬᠡᠶᠢᠯᠡᠨ ᠤᠷᠤᠭᠰᠢᠯᠠᠭᠰᠠᠨ ᠢᠶᠠᠷ ᠮᠠᠨ ᠤ ᠤᠯᠤᠰ ᠲᠤ ᠲᠡᠭᠷᠢ ᠭᠠᠵᠠᠷ ᠢ ᠲᠤᠩᠰᠤᠯᠭᠠᠮ᠎ᠠ ᠬᠤᠪᠢᠷᠠᠯᠳᠠ ᠭᠠᠷᠴᠠᠢ᠃ ᠳᠤᠮᠳᠠᠳᠤ ᠶᠢᠨ ᠦᠨᠳᠦᠰᠦᠳᠡᠨ ᠤ ᠳᠡᠤᠬᠡᠨ ᠳᠤ ᠴᠤ ᠲᠡᠷᠡ᠂ ᠳᠡᠯᠡᠬᠡᠢ ᠶᠢᠨ ᠳᠡᠤᠬᠡᠨ ᠳᠤ ᠴᠤ ᠲᠡᠷᠡ᠂ ᠡᠨᠡ ᠪᠤᠯ ᠳᠡᠭᠷᠢ ᠭᠠᠵᠠᠷ ᠢ ᠤᠶᠠᠷᠠᠭᠤᠯᠤᠮ᠎ᠠ ᠳᠡᠮᠡᠴᠡᠯ ᠤᠨ ᠳᠤᠤᠯᠢᠰ ᠪᠤᠯᠬᠤ ᠶᠤᠮ᠃ ᠤᠯᠠᠨ ᠢᠶᠠᠷ ᠢᠶᠠᠨ 70 ᠵᠢᠯ ᠤᠨ ᠳᠤᠷᠰᠢᠬᠢ ᠨᠠᠮ ᠪᠤᠯᠤᠨ ᠠᠷᠠᠳ ᠳᠦᠮᠡᠨ ᠤ ᠳᠡᠮᠡᠴᠡᠯ ᠤᠨ ᠦᠢᠯᠡᠳᠦᠯᠬᠡ ᠶᠢ ᠬᠦᠨᠵᠡᠬᠡᠢ ᠳᠤᠰᠬᠠᠵᠦ᠂ ᠰᠢᠨ᠎ᠠ ᠳᠤᠮᠳᠠᠳᠤ ᠤᠯᠤᠰ ᠤᠨ 70 ᠵᠢᠯ ᠤᠨ ᠳᠡᠤᠬᠡᠳᠦ ᠴᠢᠨᠠᠷᠳᠠᠢ ᠬᠤᠪᠢᠰᠤᠯᠳᠠ ᠳᠤ ᠠᠭᠤᠯᠤᠬᠳᠠᠭ᠎ᠠ ᠳᠤᠳᠤᠭᠠᠳᠤ ᠯᠤᠬᠢᠬ ᠢ ᠬᠦᠨᠵᠡᠬᠡᠢ ᠵᠠᠳᠠᠯᠤᠨ ᠳᠠᠶᠢᠯᠪᠤᠷᠢᠯᠠᠵᠦ᠂ ᠳᠡᠤᠬᠡᠳᠦ ᠴᠢᠨᠠᠷᠳᠠᠢ ᠠᠮᠵᠢᠯᠳᠠ ᠪᠦᠳᠦᠮᠵᠢ ᠶᠢᠨ ᠠᠷᠤ ᠳᠠᠬᠢ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠵᠠᠮ᠂ ᠤᠨᠤᠯ᠂ ᠪᠠᠶᠢᠭᠤᠯᠤᠯ᠂ ᠰᠤᠶᠤᠯ ᠤᠨ ᠳᠠᠪᠠᠭᠤᠯᠢᠬ ᠢ ᠨᠠᠷᠢᠨ ᠳᠤᠳᠤᠷᠬᠠᠢ ᠶᠠᠷᠢᠵᠦ᠂ ᠳᠤᠮᠳᠠᠳᠤ ᠤᠯᠤᠰ ᠤᠨ ᠤᠨᠤᠯ ᠢᠶᠠᠷ ᠳᠤᠮᠳᠠᠳᠤ ᠤᠯᠤᠰ ᠤᠨ ᠦᠢᠯᠡᠳᠦᠯᠬᠡ ᠶᠢ ᠨᠡᠩ ᠰᠠᠶᠢᠨ ᠳᠠᠶᠢᠯᠪᠤᠷᠢᠯᠠᠵᠦ᠂ ᠨᠠᠮ ᠪᠤᠯᠤᠨ ᠠᠷᠠᠳ ᠳᠦᠮᠡᠨ ᠤ ᠦᠷᠬᠦᠯᠵᠢᠯᠡᠨ ᠤᠷᠤᠬᠰᠢᠯᠠᠬᠤ ᠳᠤ ᠬᠦᠴᠦᠳᠦ ᠶᠡᠭᠡ ᠤᠶᠤᠨ ᠰᠠᠨᠠᠭᠠᠨ ᠤ ᠵᠤᠷᠢᠬᠵᠢᠭᠤᠯᠤᠯ ᠤᠯᠭᠤᠬᠤ ᠶᠢ ᠬᠦᠰᠡᠵᠦ ᠪᠠᠶᠢᠨ᠎ᠠ ᠬᠡᠵᠦ ᠴᠢᠬᠤᠯᠠᠴᠢᠯᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号