ᠬᠤᠰᠢᠭᠤ ᠤᠯᠤᠰ ᠲᠥᠷᠤ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠥᠵᠡᠯ ᠤᠬᠠᠮᠰᠠᠷ ᠤᠨ ᠭᠡᠯᠪᠠᠷᠢ ᠶᠢᠨ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-04-18
     4 ᠰᠠᠷ᠎ᠠ ᠶᠢᠨ 16 ᠤ ᠡᠳᠦᠷ ᠬᠤᠰᠢᠭᠤ ᠤᠯᠤᠰ ᠲᠥᠷᠤ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠥᠵᠡᠯ ᠤᠬᠠᠮᠰᠠᠷ ᠤᠨ ᠭᠡᠯᠪᠠᠷᠢ ᠶᠢᠨ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ᠂ ᠬᠤᠰᠢᠭᠤ ᠤᠯᠤᠰ ᠲᠥᠷᠥ ᠶᠢᠨ ᠵᠦᠪᠯᠡᠯᠭᠡᠨ ᠤ ᠲᠡᠳ᠋ ᠲᠠᠷᠢᠭᠦᠯᠡᠭᠴᠢ ᠯᠸᠢ ᠬᠠᠰ᠂ ᠯᠢ ᠵᠢᠷᠤᠮᠳᠤ᠂ ᠸᠠᠩ ᠭᠠᠩ᠂ ᠤᠶᠤᠨᠪᠢᠯᠢᠭ᠌ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠯᠪᠠᠨ ᠪᠠᠶᠢᠭᠤᠯᠭ᠎ᠠ ᠶᠢᠨ ᠰᠠᠯᠠᠭ᠎ᠠ ᠮᠥᠴᠢᠷ ᠤᠨ ᠪᠥᠭᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃      ᠬᠤᠤ ᠸᠧᠢ ᠴᠢᠬᠤᠯᠠᠴᠢᠯᠠᠬᠤ ᠳᠤ ᠪᠠᠨ᠂ ᠤᠯᠤᠰ ᠲᠥᠷᠥ ᠶᠢᠨ ᠵᠤᠭᠰᠤᠴᠠ ᠪᠠᠨ ᠥᠨᠠᠠᠭᠦ ᠲᠡᠭᠡᠭᠰᠢᠯᠠᠭᠦᠯᠤᠨ ᠤᠨᠤᠯ ᠢᠶᠠᠷ ᠵᠡᠪᠰᠡᠭᠯᠠᠭᠦ ᠪᠠ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠪᠠᠨ ᠭᠥᠢᠴᠡᠳᠭᠡᠨ ᠥᠷ᠎ᠠ ᠠᠰᠢᠭ ᠢᠶᠠᠨ ᠲᠡᠭᠡᠭᠰᠢᠯᠠᠭᠦᠯᠭᠦ ᠶᠢ ᠤᠷᠭᠠᠨᠢᠭ ᠢᠶᠠᠷ ᠤᠶᠠᠯᠳᠤᠭᠤᠯᠵᠤ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠭᠴᠠ  ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠰᠢᠯᠢᠳᠡᠭ ᠤᠯᠤᠰ ᠲᠥᠷᠥ ᠶᠢᠨ ᠵᠥᠪᠯᠠᠯᠭᠡᠨ ᠤ ᠭᠡᠰᠢᠭᠦᠨ ᠤ ᠡᠩᠨᠡᠭᠡ ᠪᠠ ᠺᠠᠳ᠋ᠷᠴᠤᠳ ᠤᠨ ᠡᠩᠨᠡᠭᠡ ᠶᠢ ᠪᠠᠶᠢᠭᠤᠯᠤᠨ ᠨᠤᠮᠢᠨ ᠲᠠᠩᠰᠤᠭ ᠥᠥᠰᠢᠨ ᠤ ᠴᠢᠨᠠᠷ ᠰᠠᠶᠢᠳᠠᠢ ᠭᠥᠭᠵᠢᠯᠳᠠ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠲᠤᠮᠳᠠ ᠤᠯᠤᠰ ᠲᠥᠷᠥ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠬᠦᠯᠵᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠠ ᠲᠥᠷᠢ ᠪᠠᠶᠢᠳᠠᠯ ᠰᠢᠨ᠎ᠠ ᠠᠮᠵᠢᠯᠳᠠ ᠪᠥᠳᠥᠭᠡᠯ ᠢ ᠢᠯᠠᠷᠠᠭᠦᠯᠭᠦ ᠭᠡᠷᠡᠭᠳᠠᠢ ᠭᠡᠵᠡᠢ᠃      ᠬᠤᠷᠠᠯ ᠲᠡᠭᠡᠷ᠎ᠡ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠤᠳᠤᠷᠢᠳᠬᠤ ᠲᠤᠭᠤᠶᠢᠯᠠᠩ  ᠤᠨ ᠠᠵᠢᠯ ᠤᠨ ᠲᠥᠷᠢᠮ︾᠂ ︽ᠰᠢᠨ᠎ᠠ ᠴᠠᠭ ᠥᠶ᠎ᠠ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠨᠠᠮ  ᠤᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ ᠤᠳ︾ ᠢ ᠬᠠᠮᠳᠤ ᠪᠠᠷ ᠰᠤᠷᠤᠯᠴᠠᠵᠤ ᠲᠥᠪ ᠤᠨ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠥᠪᠠᠷᠳᠡᠭᠡᠨ ᠵᠠᠰᠠᠬᠤ ᠤᠷᠤᠨ ᠤ ᠰᠠᠭᠢᠯᠭ᠎ᠠ ᠪᠠᠳᠤ ᠪᠠᠶᠢᠴᠭᠠᠠᠬᠤ ᠬᠤᠷᠢᠶ᠎ᠠ ᠂ ᠬᠤᠳᠠ ᠶᠢᠨ ᠰᠠᠭᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠤᠰᠢᠭᠤ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠥᠭᠦᠳᠠ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠲᠡᠭᠡᠷ᠎ᠡ᠂ ︽ᠬᠤᠰᠢᠭᠤ ᠤᠯᠤᠰ ᠲᠥᠷᠥ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ 2019 ᠤᠨ ᠤ ᠠᠵᠢᠯ ᠤᠨ ᠭᠤᠤᠯᠳᠠᠯᠭ᠎ᠠ︾᠂ ︽ᠬᠤᠰᠢᠭᠤ ᠤᠯᠤᠰ ᠲᠥᠷᠥ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ 2019 ᠤᠨ ᠤ ᠨᠠᠮ  ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠠᠵᠢᠯ ᠤᠨ ᠭᠤᠤᠯᠳᠠᠯᠭ᠎ᠠ︾ ᠪᠤᠯᠤᠨ ︽ᠬᠤᠰᠢᠭᠤ ᠤᠯᠤᠰ ᠲᠥᠷᠥ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ  ᠤᠨ 2019 ᠤᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠶᠤᠯ ᠲᠥᠭᠰᠢᠭᠦᠷᠢ ᠶᠢ ᠰᠠᠷᠭᠡᠶᠢᠯᠠᠭᠦ ᠶᠢ ᠭᠡᠷᠡᠭᠵᠢᠭᠦᠯᠭᠦ ᠲᠥᠰᠤᠯ︾  ᠂ ︽ᠬᠤᠰᠢᠭᠤ ᠤᠯᠤᠰ ᠲᠥᠷᠥ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ 2019 ᠤᠨ ᠤ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠭᠤᠤᠯᠳᠠᠯᠭ᠎ᠠ ︾᠂ ︽ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ 2019 ᠤᠨ ᠤ ᠰᠤᠷᠤᠯᠴᠠᠬᠤ ᠲᠥᠯᠥᠪᠯᠡᠭᠡ︾ ᠶᠢ ᠭᠢᠨᠠᠨ ᠪᠠᠳᠤᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号