ᠤᠯᠤᠰ ᠤᠨ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 16 ᠤ ᠡᠳᠦᠷ ᠹᠷᠠᠨᠼᠢ ᠶᠢᠨ ᠫᠡᠷᠢᠰ ᠤᠨ ᠳ᠋ᠠᠷ᠎ᠠ | ᠡᠬᠡ ᠶᠢᠨ ᠲᠤᠭᠠᠩ ᠳᠤ ᠭᠠᠯ ᠤᠨ ᠭᠠᠮᠰᠢᠭ ᠭᠠᠷᠤᠭᠰᠠᠠ ᠲᠤᠬᠠᠢ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠳᠤ | ᠲᠤᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠵᠥ᠂ ᠪᠦᠬᠦ ᠹᠷᠠᠨᠼᠢ ᠶᠢᠨ ᠠᠷᠠᠳ ᠲᠦᠮᠡᠨ ᠢ ᠴᠢᠩ | ᠰᠡᠳᠭᠢᠯ ᠠᠴᠠ ᠪᠠᠨ ᠲᠤᠬᠤᠨᠢᠭᠤᠯᠵᠤ ᠪᠠᠶᠢᠬᠤ ᠪᠠᠨ ᠢᠯᠡᠳᠭᠡᠵᠠᠢ᠃ | ᠰᠢ ᠶᠢᠨ ᠫᠢᠩ᠂ ᠫᠠᠷᠢᠰ ᠤᠨ ᠳ᠋ᠠᠷ᠎ᠠ ᠡᠬᠡ ᠶᠢᠨ ᠲᠤᠭᠠᠩ ᠪᠤᠯ ᠹᠷᠠᠨᠼᠢ ᠶᠢᠨ ᠪᠤᠯᠪᠠᠰᠤᠨ ᠤ ᠴᠢᠬᠤᠯᠠ ᠪᠡᠯᠭᠡ | ᠲᠡᠮᠲᠡᠭ ᠮᠥᠨ᠂ ᠪᠠᠰᠠ ᠴᠤ ᠬᠦᠮᠦᠨ ᠲᠦᠷᠦᠯᠬᠢᠲᠡᠨ ᠤ ᠪᠤᠯᠪᠠᠰᠤᠨ ᠤ ᠭᠠᠶᠢᠬᠠᠮᠰᠢᠬᠲᠤ ᠬᠤᠪᠤᠷ ᠡᠷᠳᠡᠨᠢ ᠪᠤᠯᠬᠤ | ᠶᠤᠮ᠃ ᠳᠤᠮᠳᠠᠳᠤ ᠤᠯᠤᠰ ᠤᠨ ᠠᠷᠠᠳ ᠲᠦᠮᠡᠨ ᠹᠷᠠᠨᠼᠢ ᠶᠢᠨ ᠠᠷᠠᠳ ᠲᠦᠮᠡᠨ ᠲᠠᠢ ᠠᠳᠠᠯᠢ ᠪᠠᠷ ᠲᠤᠰ | ᠤᠳᠠᠭ᠎ᠠ ᠶᠢᠨ ᠭᠠᠯ ᠤᠨ ᠭᠠᠮᠰᠢᠭ ᠭᠠᠷᠤᠭᠰᠠᠠ ᠳᠤ ᠭᠦᠨ ᠬᠠᠷᠠᠮᠰᠠᠵᠤ ᠪᠠᠶᠢᠨ᠎ᠠ᠃ ᠹᠷᠠᠨᠼᠢ ᠶᠢᠨ ᠠᠷᠠᠳ ᠲᠦᠮᠡᠨ ᠤ | ᠴᠢᠷᠮᠠᠶᠢᠯᠭ᠎ᠠ ᠪᠤᠯᠤᠨ ᠳᠡᠯᠡᠬᠡᠢ ᠨᠡᠶᠢᠲᠡ ᠶᠢᠨ ᠳᠡᠮᠵᠢᠯᠭᠡ ᠳᠤᠤᠷ᠎ᠠ᠂ ᠫᠠᠷᠢᠰ ᠤᠨ ᠳ᠋ᠠᠷ᠎ᠠ ᠡᠬᠡ ᠶᠢᠨ ᠲᠤᠭᠠᠩ ᠢ ᠯᠠᠪ | ᠠᠮᠵᠢᠯᠲᠠ ᠲᠠᠢ ᠪᠠᠷ ᠰᠡᠷᠭᠦᠭᠡᠵᠦ᠂ ᠦᠡᠭᠭᠡᠷᠡᠭᠰᠡᠨ ᠤ ᠭᠡᠷᠡᠯ ᠰᠠᠴᠤᠷᠠᠩᠭᠤᠢ ᠪᠠᠶᠢᠳᠠᠯ ᠢ ᠨᠢ ᠳᠠᠬᠢᠨ ᠢᠯᠡᠷᠡᠭᠦᠯᠬᠦ ᠶᠢ | ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ |