ᠬᠤᠰᠢᠭᠤ ᠮᠤᠩᠭᠤᠯ ᠦᠨᠳᠤᠰᠤᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠡᠵᠡᠨ ᠴᠢᠩᠬᠢᠰ ᠤᠨ ᠮᠡᠨᠳᠤᠯᠡᠭᠰᠡᠨ 857 ᠵᠢᠯ ᠤᠨ ᠤᠢ ᠶᠢ ᠲᠤᠷᠠᠰᠬᠠᠨ ᠲᠡᠮᠳᠡᠭᠯᠠᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2019-04-18
     ᠤᠶᠢᠷ᠎ᠠ ᠶᠢᠨ ᠡᠳᠤᠷ᠂ ᠬᠤᠰᠢᠭᠤ ᠮᠤᠩᠭᠤᠯ ᠦᠨᠳᠤᠰᠤᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠡᠵᠡᠨ ᠴᠢᠩᠬᠢᠰ ᠤᠨ ᠮᠡᠨᠳᠤᠯᠡᠭᠰᠡᠨ 857 ᠵᠢᠯ ᠤᠨ ᠤᠢ ᠶᠢ ᠲᠤᠷᠠᠰᠬᠠᠨ ᠲᠡᠮᠳᠡᠭᠯᠡᠭᠦ ︽ᠲᠡᠯᠭᠡᠷ ᠰᠤᠶᠣᠯ ᠲᠡᠭᠡᠳᠤᠯᠡᠭᠦ ᠦᠪ  ︾ ᠭᠡᠬᠦ ᠭᠤᠤᠯ ᠰᠡᠳᠤᠪᠳᠤ ᠤᠶᠢᠯᠡᠳᠤᠯᠭᠡ ᠶᠢᠨ ᠠᠵᠢᠯᠯᠠᠭ᠎ᠠ ᠦᠷᠨᠢᠭᠦᠯᠪᠡ᠃
     ᠠᠵᠢᠯᠯᠠᠭ᠎ᠠ ᠳᠤ ᠰᠡᠩ ᠲᠠᠯᠪᠢᠵᠦ ᠡᠵᠡᠨ ᠰᠠᠩ ᠤᠩᠰᠢᠬᠤ᠂ ︽ᠮᠤᠩᠭᠤᠯ ᠬᠠᠭᠠᠳ ᠤᠨ ᠬᠡᠯᠬᠢᠶ᠎ᠡ︾  ᠰᠡᠲᠦᠪᠲᠦ ᠡᠯ᠎ᠡ ᠦᠶ᠎ᠡ ᠶᠢᠨ ᠮᠣᠩᠭᠤᠯ ᠬᠠᠭᠠᠳ ᠢ ᠲᠠᠨᠢᠯᠴᠠᠭᠤᠯᠬᠤ᠂ ᠴᠢᠩᠬᠢᠰ ᠬᠠᠭᠠᠨ ᠤ ᠪᠢᠯᠢᠭ ᠰᠤᠷᠭᠠᠯ ᠢ ᠴᠡᠭᠡᠵᠢ ᠪᠠᠷ ᠤᠩᠰᠢᠬᠤ ᠂ ᠴᠢᠩᠬᠢᠰ ᠬᠠᠭᠠᠨ ᠬᠢᠭᠡᠳ ᠲᠡᠭᠦᠨ ᠤ ᠳᠠᠶᠢᠯᠭ᠎ᠠ ᠲᠠᠬᠢᠯᠭ᠎ᠠ ᠶᠢᠨ ᠲᠤᠬᠠᠢ ᠲᠤᠰᠬᠠᠢ ᠰᠡᠲᠦᠪᠲᠦ ᠶᠠᠷᠢᠶ᠎ᠠ ᠲᠠᠶᠢᠯᠤᠮᠵᠢ ᠬᠢᠬᠦ᠂ ᠴᠢᠩᠬᠢᠰ ᠬᠠᠭᠠᠨ ᠤ ᠨᠢᠭᠡ ᠨᠠᠰᠤᠨ ᠤ ᠦᠢᠯᠡ ᠠᠵᠢᠯᠯᠠᠭ᠎ᠠ ᠶᠢ ᠬᠠᠷᠠᠭᠤᠯᠤᠭᠰᠠᠨ ᠲᠤᠰᠬᠠᠢ ᠹᠢᠯᠢᠮ ᠦᠵᠡᠬᠦ᠂ ᠮᠤᠩᠭᠤᠯ ᠲᠡᠤᠬᠡ ᠶᠢᠨ ᠨᠤᠮ ᠤᠩᠰᠢᠬᠤ ᠵᠡᠷᠭᠡ ᠠᠭᠤᠯᠭ᠎ᠠ ᠶᠢᠨ ᠲᠤᠭᠤᠷᠢᠨ ᠳᠤ ᠪᠥᠭᠦ ᠰᠤᠷᠭᠠᠭᠤᠯᠢ ᠶᠢᠨ ᠪᠠᠭᠰᠢ ᠰᠤᠷᠤᠭᠴᠢᠳ ᠲᠡᠤᠬᠡ ᠰᠤᠶᠣᠯ ᠢᠶᠠᠨ ᠦᠪᠯᠡᠨ ᠵᠠᠯᠭᠠᠮᠵᠢᠯᠠᠬᠤ ᠨᠢᠭᠡ ᠡᠳᠦᠷ ᠤᠨ ᠤᠶᠢᠯᠡᠳᠤᠯᠭᠡ ᠶᠢᠨ ᠬᠢᠴᠢᠶᠡᠯᠯᠡᠭᠡ ᠶᠢ ᠦᠷᠨᠢᠭᠦᠯᠵᠠᠢ᠃
     ᠤᠶᠢᠯᠠᠭᠠᠭᠰᠠᠨ ᠢᠶᠠᠷ ᠬᠤᠰᠢᠭᠤ ᠮᠤᠩᠭᠤᠯ ᠲᠤᠷᠰᠢᠯᠳᠠ ᠶᠢᠨ ᠪᠠᠭ᠎ᠠ ᠰᠤᠷᠭᠠᠭᠤᠯᠢ ᠨᠢ ᠵᠢᠯ ᠪᠤᠯᠭᠠᠨ ᠠᠳᠠᠯᠢ ᠪᠤᠰᠤ ᠠᠭᠤᠯᠭ᠎ᠠ ᠪᠠᠷ ᠡᠵᠡᠨ ᠴᠢᠩᠭᠢᠰ ᠤᠨ ᠮᠠᠨᠳᠤᠯᠡᠭᠰᠡᠨ ᠡᠳᠤᠷ ᠢ ᠲᠤᠷᠠᠰᠬᠠᠨ ᠲᠡᠮᠳᠡᠭᠯᠡᠳᠡᠭ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号