ᠮᠠᠨ ᠤ ᠬᠤᠰᠢᠭᠤ ᠠᠩᠬᠠᠳᠣᠭᠠᠷ ᠣᠳᠠᠭᠠᠨ ᠤ ᠮᠣᠩᠭᠤᠯ ᠬᠡᠯᠡᠨ ᠤ ᠬᠢᠴᠢᠶᠡᠯᠯᠡᠭᠴᠢ ᠪᠠᠭᠰᠢ ᠨᠠᠷ ᠤᠨ ᠵᠦᠪ ᠪᠢᠴᠢᠯᠭᠡ ᠶᠢᠨ ᠣᠷᠣᠯᠳᠣᠭᠠᠨ ᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2019-04-19
     ᠣᠶᠢᠷ᠎ᠠ ᠶᠢᠨ ᠡᠳᠣᠷ ᠬᠤᠰᠢᠭᠤ ᠰᠣᠷᠭᠠᠨ ᠬᠦᠮᠦᠵᠢᠯ ᠪᠠᠶ᠎ᠡ ᠲᠠᠮᠢᠷ ᠶᠢᠨ ᠲᠤᠪᠴᠢᠶ᠎ᠠ᠂ ᠦᠨᠳᠤᠰᠤᠳᠡᠨ ᠤ ᠭᠡᠷᠡᠭ ᠡᠷᠭᠢᠯᠡᠭᠦ ᠵᠦᠪᠯᠡᠯ ᠠᠴᠠ ᠡᠷᠬᠢᠯᠡᠭᠰᠡᠨ ᠪᠦᠬᠦ ᠬᠤᠰᠢᠭᠤᠨ ᠤ ᠠᠩᠬᠠᠳᠤᠭᠠᠷ ᠤᠳᠠᠭᠠᠨ ᠤ ᠮᠤᠩᠭᠤᠯ ᠬᠡᠯᠡᠨ ᠤ ᠬᠢᠴᠢᠶᠡᠯᠯᠡᠭᠴᠢ ᠪᠠᠭᠰᠢ ᠨᠠᠷ ᠤᠨ ᠵᠦᠪ ᠪᠢᠴᠢᠯᠭᠡ ᠶᠢᠨ ᠣᠷᠣᠯᠳᠣᠭᠠᠨ ᠠᠮᠵᠢᠯᠳᠡ ᠲᠠᠢ ᠶᠠᠪᠤᠭᠳᠠᠪᠠ᠃      ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ᠡᠨ᠋ᠨ ᠣᠳᠠᠭᠠᠨ ᠤ ᠣᠷᠣᠯᠳᠣᠭᠠᠨ ᠢ ᠪᠠᠭ᠎ᠠ ᠰᠣᠷᠭᠠᠭᠤᠯᠢ᠂ ᠲᠣᠮᠳᠠᠳᠣ ᠰᠣᠷᠭᠠᠭᠤᠯᠢ ᠬᠡᠬᠦ ᠬᠤᠶᠠᠷ ᠳᠣᠭᠤᠶᠢᠯᠠᠩ ᠬᠤᠪᠢᠶᠠᠨ ᠰᠢᠩᠭᠡᠭᠡᠯᠲᠡ ᠰᠣᠨᠣᠰᠴᠣ ᠲᠠᠩ ᠦᠬᠡᠰ ᠪᠣᠯᠣᠨ ᠬᠤᠯᠪᠤᠭ᠎ᠠ ᠦᠬᠡ ᠰᠣᠨᠣᠰᠴᠣ ᠪᠢᠴᠢᠬᠦ᠂ ᠦᠭᠬᠦᠭᠳᠡᠭᠰᠡᠨ ᠭᠡᠰᠡᠭᠯᠡᠯ ᠠᠴᠠ ᠪᠤᠷᠤᠭᠤ ᠬᠡᠷᠡᠭᠯᠡᠭᠰᠡᠨ ᠲᠡᠶᠢᠨ ᠢᠯᠭᠠᠯ ᠤᠨ ᠳᠠᠭᠠᠪᠣᠷᠢ᠂ ᠲᠠᠰᠢᠶ᠎ᠠ ᠦᠰᠦᠭ ᠢ ᠡᠷᠢᠨ ᠭᠠᠷᠭᠠᠵᠦ ᠵᠠᠯᠠᠷᠠᠭᠤᠯᠬᠤ ᠵᠡᠷᠭᠡ ᠳᠠᠪᠠᠭ᠎ᠠ ᠬᠤᠪᠢᠶᠠᠨ ᠶᠠᠪᠤᠭᠳᠠᠭᠤᠯᠵᠤ 60 ᠭᠠᠷᠣᠢ ᠪᠠᠭᠰᠢ ᠣᠷᠣᠯᠴᠠᠭᠰᠠᠨ ᠪᠠᠶᠢᠨ᠎ᠠ᠃      ᠣᠷᠣᠯᠳᠣᠭᠠᠨ ᠳᠤ ᠣᠷᠣᠯᠴᠠᠭᠴᠢ ᠪᠠᠭᠰᠢ ᠪᠤᠯᠤᠷ᠄ ︽ᠦᠬᠡ ᠬᠡᠯᠡ ᠦᠰᠦᠭ ᠪᠢᠴᠢᠭ ᠢᠶᠠᠨ ᠵᠦᠪ ᠬᠡᠷᠡᠭᠯᠡᠵᠦ ᠪᠢᠴᠢᠵᠦ ᠰᠣᠷᠬᠤ ᠪᠤᠯ ᠣᠳᠣ ᠨᠡᠶᠢᠭᠡᠮ ᠳᠠᠶᠠᠭᠠᠷ ᠤᠨ ᠬᠦᠨᠳᠣᠳᠬᠡᠨ ᠦᠵᠡᠵᠦ ᠪᠠᠶᠢᠭ᠎ᠠ ᠠᠰᠠᠭᠤᠳᠠᠯ ᠮᠦᠨ᠃ ᠥᠨᠥᠳᠦᠷ ᠪᠦᠬᠦ ᠬᠤᠰᠢᠭᠤᠨ ᠤ ᠬᠡᠯᠡ ᠪᠢᠴᠢᠭ ᠤᠨ ᠪᠠᠭᠰᠢ ᠨᠠᠷ ᠤᠨ ᠵᠦᠪ ᠪᠢᠴᠢᠯᠭᠡ ᠶᠢᠨ ᠣᠷᠣᠯᠳᠣᠭᠠᠨ ᠳᠤ ᠤᠷᠤᠯᠴᠠᠬᠤ ᠪᠠᠷ ᠳᠠᠮᠵᠢᠭᠠᠳ ᠨᠢᠭᠡ ᠵᠠᠯᠠᠭᠤ ᠪᠠᠭᠰᠢ ᠪᠤᠯᠤᠭᠰᠠᠨ ᠤ ᠬᠤᠪᠢ ᠳᠤ ᠦᠪᠡᠷ ᠢ ᠪᠠᠨ ᠲᠡᠭᠦᠯᠳᠡᠷᠵᠢᠬᠦᠯᠵᠦ ᠴᠢᠨᠠᠭᠰᠢᠯᠠᠨ ᠰᠣᠷᠣᠭᠴᠢ ᠳᠠᠭᠠᠨ ᠭᠡᠪ ᠳᠠᠭᠤᠷᠢᠶᠠᠯ ᠪᠤᠯᠵᠤ ᠴᠢᠳᠠᠭᠰᠠᠨ ᠭᠡᠵᠤ ᠪᠤᠳᠤᠵᠤ ᠪᠠᠶᠢᠨ᠎ᠠ᠃ ᠬᠤᠵᠢᠮ ᠡᠶᠢᠮᠦᠷᠬᠦ ᠠᠵᠢᠯᠯᠠᠭ᠎ᠠ ᠳᠤ ᠤᠯᠠᠨ ᠤᠷᠤᠯᠴᠠᠵᠤ ᠨᠡᠩ ᠠᠷᠪᠢᠨ ᠪᠠᠭᠰᠢ ᠨᠠᠷ ᠢ ᠣᠷᠢᠶᠠᠯᠠᠨ ᠳᠠᠶᠢᠴᠢᠯᠠᠵᠦ ᠡᠬᠡ ᠬᠡᠯᠡᠨ  ᠤ ᠵᠢᠭᠠᠨ ᠰᠣᠷᠭᠠᠯᠲᠠ᠂ ᠦᠨᠳᠦᠰᠦᠳᠡᠨ ᠤ ᠰᠣᠷᠭᠠᠨ ᠬᠦᠮᠦᠵᠢᠯ ᠤᠨ ᠲᠦᠯᠦᠭᠡ ᠴᠢᠷᠮᠠᠶᠢᠨ ᠵᠢᠳᠬᠦᠨ᠎ᠡ︾ ᠭᠡᠵᠤ ᠶᠠᠷᠢᠵᠤ ᠪᠠᠶᠢᠯ᠎ᠠ᠃      ᠤᠷᠤᠯᠳᠤᠭᠠᠨ ᠢᠶᠠᠷ ᠲᠠᠮᠵᠢᠨ ᠮᠠᠨ ᠤ ᠬᠤᠰᠢᠭᠤᠨ ᠤ ᠳᠣᠮᠳᠠᠳᠣ ᠪᠠᠭ᠎ᠠ ᠰᠣᠷᠭᠠᠭᠤᠯᠢ ᠶᠢᠨ ᠬᠡᠯᠡ ᠪᠢᠴᠢᠭ ᠤᠨ ᠪᠠᠭᠰᠢ ᠨᠠᠷ ᠤᠨ ᠬᠡᠯᠡ ᠪᠢᠴᠢᠭ ᠤᠨ ᠦᠨᠳᠦᠰᠦᠨ ᠭᠡᠪ ᠪᠤᠯᠪᠠᠰᠣᠷᠠᠯ ᠢ ᠤᠯᠠᠮ ᠨᠢᠭᠡ ᠠᠯᠬᠤᠮ ᠳᠡᠭᠡᠭᠰᠢᠯᠡᠬᠦᠯᠵᠦ ᠦᠨᠳᠦᠰᠦᠳᠡᠨ ᠤ ᠪᠠᠨ ᠦᠬᠡ ᠬᠡᠯᠡ ᠦᠰᠦᠭ ᠪᠢᠴᠢᠭ ᠢᠶᠠᠨ ᠲᠦᠷᠢᠮᠵᠢᠬᠦᠨ ᠰᠣᠷᠴᠣ ᠬᠡᠷᠡᠭᠯᠡᠵᠦ ᠬᠤᠶᠢᠴᠢ ᠦᠶ᠎ᠡ  ᠶᠢᠨ ᠬᠢᠨ ᠳᠡᠭᠡᠨ ᠨᠠᠩ ᠰᠠᠶᠢᠨ ᠣᠯᠠᠮᠵᠢᠯᠠᠨ ᠰᠣᠷᠭᠠᠬᠤ ᠤᠬᠠᠮᠰᠠᠷ᠂ ᠬᠠᠷᠢᠭᠤᠴᠠᠯᠭ᠎ᠠ᠂ ᠢᠳᠡᠪᠬᠢᠵᠢᠯ ᠲᠠᠢ ᠪᠤᠯᠭᠠᠨ ᠲᠠᠶᠢᠴᠢᠯᠠᠭᠰᠠᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号