ᠣᠶᠢᠷ᠎ᠠ ᠳᠤ᠂ ᠬᠤᠲᠠ ᠶᠢᠨ ᠣᠷᠣᠨ ᠰᠠᠭᠤᠴᠠ ᠪᠠ ᠬᠤᠲᠠ ᠬᠦᠳᠡᠭᠡ ᠶᠢᠨ ᠲᠦᠯᠦᠪᠵᠢᠬᠦᠯᠬᠡ ᠶᠢᠨ | ᠪᠦᠲᠦᠬᠡᠨ ᠪᠠᠶᠢᠭᠤᠯᠣᠯᠲᠠ ᠶᠢᠨ ᠲᠣᠪᠴᠢᠶᠠᠨ ᠤ ᠨᠠᠮ ᠤᠨ ᠣᠳᠣᠷᠢᠳᠬᠤ ᠲᠣᠭᠤᠶᠢᠯᠠᠩ ᠤᠨ ᠳᠡᠳ᠋ ᠱᠦᠵᠢ | ᠲᠣᠪᠴᠢᠶᠠᠨ ᠳᠠᠷᠤᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠢᠦᠢ ᠶᠥᠩ | ᠴᠦᠩ ᠮᠠᠨ ᠤ ᠬᠤᠰᠢᠭᠤᠨ ᠳᠤ ᠢᠷᠡᠵᠤ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠲᠠ ᠰᠢᠪᠲᠣᠯᠬᠤ ᠠᠵᠢᠯ ᠪᠣᠯᠣᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠠᠵᠢᠯ | ᠳᠤ ᠪᠠᠶᠢᠴᠠᠭᠠᠨ ᠰᠣᠳᠣᠯᠣᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠣᠬᠠᠭᠤᠯᠬᠤ | ᠭᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠲᠡᠳ᠋ ᠲᠠᠷᠤᠭ᠎ᠠ ᠵᠧᠦ ᠱᠤᠸᠠᠢ ᠪᠤᠯᠤᠨ ᠭᠠᠯᠠᠭᠤᠲᠣ ᠪᠠᠯᠭᠠᠰᠣ᠂ | ᠬᠤᠰᠢᠭᠤ ᠣᠷᠣᠨ ᠰᠠᠭᠤᠴᠠ ᠪᠠ ᠬᠤᠲᠠ ᠬᠦᠳᠡᠭᠡ ᠶᠢᠨ ᠲᠦᠯᠦᠪᠵᠢᠬᠦᠯᠬᠡ ᠶᠢᠨ ᠪᠦᠲᠦᠬᠡᠨ ᠪᠠᠶᠢᠭᠤᠯᠣᠯᠲᠠ ᠶᠢᠨ | ᠲᠣᠪᠴᠢᠶ᠎ᠠ᠂ ᠮᠣᠳᠣᠨᠴᠠᠶᠢᠳᠠᠮ ᠲᠣᠰᠬᠤᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠲᠣᠭᠤᠶᠢᠯᠠᠩ᠂ | ᠮᠣᠳᠣᠨᠴᠠᠶᠢᠳᠠᠮ ᠲᠣᠰᠬᠤᠨ ᠤ ︽3 +1︾ ᠬᠠᠷᠢᠯᠴᠠᠨ ᠬᠠᠪᠰᠣᠷᠣᠯᠴᠠᠬᠤ ᠨᠢᠭᠡᠴᠢ ᠶᠢᠨ ᠬᠠᠷᠢᠭᠤᠴᠠᠯᠭᠠᠲᠠᠨ | ᠪᠠᠷᠠᠳᠠᠨ ᠪᠠᠶᠢᠴᠠᠭᠠᠪᠠ᠃ | ᠬᠠᠪᠰᠣᠷᠣᠨ ᠲᠡᠳᠬᠦᠬᠦ ᠴᠡᠭ ᠪᠤᠯᠬᠤ ᠮᠣᠳᠣᠨᠴᠠᠶᠢᠳᠠᠮ ᠲᠣᠰᠬᠤᠨ ᠳᠤ ᠢᠦᠢ ᠶᠥᠩ ᠴᠦᠩ ᠨᠠᠷ ᠲᠣᠰᠬᠤᠨ | ᠤ ᠬᠠᠮᠲᠣ ᠶᠢᠨ ᠠᠵᠤ ᠠᠬᠤᠢ ᠶᠢᠨ ᠡᠷᠭᠢᠯᠳᠠ ᠶᠢᠨ ᠪᠠᠶᠢᠳᠠᠯ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ | ᠴᠡᠭᠴᠡᠯᠡᠨ ᠵᠠᠰᠠᠯᠲᠠ᠂ ᠵᠣᠷᠯᠣᠩ ᠢ ᠦᠭᠡᠷᠡᠴᠢᠯᠡᠭᠰᠡᠨ ᠪᠠᠶᠢᠳᠠᠯ᠂ ᠣᠰᠣ ᠪᠠᠷ ᠵᠠᠶᠢᠯᠠᠬᠤ ᠮᠠᠶ᠋ᠢᠭ ᠤᠨ ᠵᠤᠷᠯᠤᠩ ᠢ | ᠣᠭᠰᠠᠷᠠᠭᠰᠠᠨ ᠪᠠᠶᠢᠳᠠᠯ ᠢ ᠨᠠᠷᠢᠨ ᠤᠶᠢᠯᠠᠭᠠᠵᠤ ᠶᠠᠳᠠᠭᠤ ᠬᠦᠴᠢᠷᠳᠡᠯᠲᠡᠢ ᠠᠶᠢᠯ ᠡᠷᠦᠬᠡ ᠪᠠᠷ ᠬᠦᠷᠴᠦ ᠲᠡᠳᠡᠨ ᠤ | ᠦᠢᠯᠡᠳᠪᠤᠷᠢᠯᠡᠯ ᠠᠮᠢᠳᠣᠷᠠᠯ ᠪᠤᠯᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠣᠬᠠᠢ ᠦᠢᠯᠡᠭᠠᠭᠰᠠᠨ | ᠪᠠᠶᠢᠨ᠎ᠠ᠃ ᠪᠠᠶᠢᠴᠠᠭᠠᠨ ᠰᠣᠳᠣᠯᠣᠯᠲᠠ ᠲᠣᠮᠲᠠ ᠢᠦᠢ ᠶᠥᠩ ᠴᠦᠩ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ | ᠰᠢ ᠶᠢᠨ ᠫᠢᠩ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠣᠯᠬᠤ ᠠᠵᠢᠯ ᠤᠨ ᠴᠢᠬᠤᠯᠠ ᠦᠬᠦᠯᠡᠯᠲᠡ᠂ | ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠥᠵᠠᠯ ᠰᠠᠨᠠᠭ᠎ᠠ ᠶᠢ ᠬᠦᠨᠵᠡᠭᠡᠢ | ᠰᠣᠷᠣᠯᠴᠠᠨ ᠲᠤᠭᠤᠰᠢᠯᠠᠭᠤᠯᠵᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠦᠷᠦᠯ ᠤᠨ | ᠰᠢᠢᠳᠪᠤᠷᠢᠲᠤ ᠪᠤᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠭᠠᠵᠠᠷ ᠲᠤ ᠨᠢ ᠨᠠᠶᠢᠳᠠᠪᠣᠷᠢᠵᠢᠭᠤᠯᠬᠤ ᠬᠡᠷᠡᠭᠲᠡᠢ | ᠭᠡᠵᠡᠢ᠃ | ᠪᠠᠶᠢᠴᠠᠭᠠᠨ ᠰᠣᠳᠣᠯᠣᠯᠲᠠ ᠶᠢᠨ ᠳᠠᠷᠠᠭ᠎ᠠ ᠰᠠᠭᠤᠳᠠᠯ ᠤᠨ ᠬᠤᠷᠠᠯ ᠬᠤᠷᠠᠯᠳᠣᠭᠤᠯᠵᠤ ᠲᠣᠰᠬᠤᠨ᠂ ᠪᠠᠯᠭᠠᠰᠣ᠂ | ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠲᠣᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠪᠤᠯᠤᠨ | ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠳᠡᠭᠡᠷ᠎ᠡ ᠢᠦᠢ ᠶᠥᠩ ᠴᠦᠩ ᠴᠢᠬᠤᠯᠠᠴᠢᠯᠠᠬᠤ ᠳᠠᠭᠠᠨ᠂ ᠦᠨᠳᠦᠰᠦᠨ ᠱᠠᠳᠣᠨ ᠤ ᠨᠠᠮ ᠤᠨ | ᠪᠠᠶᠢᠭᠤᠯᠣᠯᠲᠠ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠢ ᠲᠠᠭᠠᠭᠤᠯᠤᠨ ᠲᠠᠶᠢᠴᠢᠯᠠᠬᠤ | ᠶᠢ ᠰᠠᠶᠢᠳᠣᠷ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠲᠦᠷᠦ ᠶᠢᠨ ᠪᠣᠳᠣᠯᠭ᠎ᠠ᠂ ᠬᠠᠷᠢᠭᠤᠴᠠᠯᠭ᠎ᠠ ᠶᠢ ᠪᠣᠳᠠᠲᠠᠢ | ᠨᠠᠶᠢᠳᠠᠪᠣᠷᠢᠵᠢᠭᠤᠯᠵᠣ ᠣᠨᠢᠨ ᠳᠡᠭᠡᠷ᠎ᠡ ᠨᠢ ᠶᠠᠳᠠᠭᠤ ᠶᠢ ᠲᠡᠳᠬᠦᠨ ᠣᠷᠣᠰᠢᠨ ᠰᠠᠭᠤᠷᠢᠰᠢᠬᠤ ᠣᠷᠴᠢᠨ ᠳᠣᠭᠤᠷᠢᠨ ᠤ | ᠴᠡᠭᠴᠡᠯᠡᠨ ᠵᠠᠰᠠᠯᠲᠠ᠂ ᠠᠶᠢᠯ ᠡᠷᠦᠭᠡ ᠶᠢᠨ ᠵᠣᠷᠯᠤᠩ ᠢ ᠦᠭᠡᠷᠡᠴᠢᠯᠡᠬᠦ ᠠᠵᠢᠯ ᠢ ᠨᠢᠭᠡᠳᠦᠯᠲᠡᠢ ᠲᠦᠪᠯᠡᠷᠡᠭᠦᠯᠦᠨ | ᠠᠬᠢᠭᠤᠯᠵᠤ ᠵᠧᠵᠢᠶᠠᠩ ᠮᠣᠵᠢ ᠶᠢᠨ ︽ᠮᠢᠩᠭᠠᠨ ᠲᠣᠰᠬᠤᠨ ᠢᠶᠠᠷ ᠲᠠᠭᠤᠷᠢᠶᠠᠯ ᠦᠵᠡᠬᠦᠯᠵᠦ᠂ ᠲᠦᠮᠡᠨ ᠲᠣᠰᠬᠤᠨ | ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠣᠷᠰᠢᠯᠭ᠎ᠠ ᠶᠢ ᠲᠣᠯᠢ ᠪᠤᠯᠭᠠᠨ ᠰᠣᠷᠣᠯᠴᠠᠵᠤ ᠮᠤᠳᠣᠨᠴᠠᠶᠢᠳᠠᠮ | ᠲᠣᠰᠬᠤᠨ ᠢ ︽ᠠᠵᠤ ᠦᠢᠯᠡᠰ ᠬᠦᠭᠵᠢᠩᠬᠦᠢ᠂ ᠠᠮᠢ ᠠᠬᠤᠶᠢᠴᠢ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ᠂ | ᠵᠠᠩ ᠰᠣᠷᠳᠠᠯ ᠢᠶᠠᠷ ᠪᠤᠯᠪᠠᠰᠣᠨ᠂ ᠴᠢᠨᠡᠭᠡᠯᠢᠭ ᠠᠮᠢᠳᠣᠷᠠᠯ ᠲᠠᠢ︾ ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ | ᠪᠣᠯᠭᠠᠨ ᠪᠦᠲᠦᠬᠡᠨ ᠪᠠᠶᠢᠭᠤᠯᠬᠤ ᠬᠡᠷᠡᠭᠳᠡᠢ ᠭᠡᠵᠡᠢ᠃ | ᠬᠤᠷᠠᠯ ᠳᠡᠭᠡᠷ᠎ᠡ ᠹᠧᠩ ᡁᠢ ᠮᠢᠩ ᠵᠢᠭᠠᠵᠤ ᠭᠠᠷᠭᠠᠬᠤ ᠳᠠᠭᠠᠨ᠂ ᠡᠯ᠎ᠡ ᠱᠠᠳᠣᠨ ᠤ ᠺᠠᠳ᠋ᠷᠴᠣᠳ ᠦᠵᠡᠯ | ᠣᠬᠠᠮᠰᠠᠷ ᠢᠶᠠᠨ ᠨᠠᠮ ᠤᠨ ᠲᠦᠪ ᠬᠤᠷᠢᠶ᠎ᠠ ᠲᠠᠢ ᠨᠢᠭᠡᠳᠦᠯᠲᠡᠢ ᠪᠠᠶᠢᠯᠭᠠᠨ ᠳᠡᠭᠡᠷ᠎ᠡ ᠲᠣᠣᠷ᠎ᠠ ᠱᠠᠳᠣᠨ ᠤ ᠬᠢᠨ ᠬᠦᠴᠦ | ᠪᠠᠨ ᠬᠠᠮᠳᠣᠳᠬᠠᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠣᠯᠬᠤ ᠪᠤᠯᠤᠨ ᠬᠦᠳᠡᠭᠡ ᠲᠣᠰᠬᠤᠨ ᠢ | ᠬᠦᠭᠵᠢᠬᠦᠯᠦᠨ ᠮᠠᠨᠳᠣᠭᠤᠯᠬᠤ ᠠᠵᠢᠯ ᠢ ᠯᠠᠪᠳᠠᠭᠤᠨ ᠪᠠᠳᠣᠲᠠᠢ ᠦᠷᠨᠢᠬᠦᠯᠵᠦ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠣᠨ ᠭᠠᠴᠠᠭᠠᠨ ᠤ ᠬᠠᠮᠲᠣ ᠶᠢᠨ ᠠᠵᠣ ᠠᠬᠤᠢ ᠶᠢ ᠭᠥᠭᠵᠢᠭᠦᠯᠵᠤ ᠠᠷᠠᠳ ᠤᠨ ᠣᠷᠣᠯᠭ᠎ᠠ ᠶᠢ | ᠨᠡᠮᠡᠭᠳᠡᠬᠦᠯᠬᠦ ᠳᠤ ᠲᠤᠰᠠᠯᠠᠬᠤ ᠭᠡᠷᠡᠭᠳᠠᠢ ᠬᠡᠵᠡᠢ᠃ |