ᠪᠥᠭᠦ ᠬᠤᠰᠢᠭᠤᠨ ᠤ ᠨᠠᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠬᠤ ᠵᠠᠭᠢᠳᠠᠯ ᠰᠤᠷᠪᠤᠯᠵᠢᠯᠠᠭ᠎ᠠ ᠵᠢᠴᠢ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠠᠵᠢᠯ ᠤᠨ ᠲᠤᠬᠢᠷᠠᠭᠤᠯᠤᠯᠲᠠ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-04-19
     4 ᠰᠠᠷ᠎ᠠ ᠶᠢᠨ 18 ᠤ ᠡᠳᠦᠷ ᠪᠥᠭᠦ ᠬᠤᠰᠢᠭᠤᠨ ᠤ ᠨᠠᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠬᠤ ᠵᠠᠭᠢᠳᠠᠯ ᠰᠤᠷᠪᠤᠯᠵᠢᠯᠠᠭ᠎ᠠ ᠵᠢᠴᠢ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠠᠵᠢᠯ  ᠤᠨ ᠲᠤᠬᠢᠷᠠᠭᠤᠯᠤᠯᠲᠠ ᠶᠢᠨ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠲᠡᠳ᠋ ᠲᠠᠷᠤᠭ᠎ᠠ ᠲᠤᠳᠤᠭᠠᠳᠤ  ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠭᠤᠤ ᠬᠤ᠋᠂ ᠬᠤᠰᠢᠭᠤ ᠠᠷᠠᠳ ᠤᠨ ᠰᠢᠭᠦᠭᠦ ᠬᠤᠷᠢᠶᠠᠨ ᠤ ᠲᠠᠷᠤᠭ᠎ᠠ ᠰᠥᠨ ᠰᠢᠶᠤᠤ ᠴᠢᠶᠠᠩ᠂ ᠠᠷᠠᠳ ᠤᠨ ᠪᠠᠶᠢᠴᠠᠭᠠᠬᠤ ᠬᠤᠷᠢᠶᠠᠨ ᠤ ᠲᠠᠷᠤᠭ᠎ᠠ ᠽᠥᠸᠧ ᠴᠧᠨ ᠭᠤᠸᠠᠩ ᠵᠢᠴᠢ ᠬᠤᠰᠢᠭᠤ ᠤᠯᠤᠰ ᠲᠥᠷᠥ ᠬᠠᠤᠯᠢ ᠴᠠᠭᠠᠵᠠ᠂ ᠵᠠᠭᠢᠳᠠᠯ ᠰᠤᠷᠪᠤᠯᠵᠢᠯᠠᠭ᠎ᠠ ᠪᠤᠯᠤᠨ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠤᠳᠤᠷᠢᠳᠬᠤ ᠲᠤᠭᠤᠶᠢᠯᠠᠩ ᠤᠨ ᠪᠥᠷᠢᠯᠳᠤᠭᠦᠨ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠭᠡᠰᠡᠭ ᠲᠤᠯᠤᠭᠠᠶᠢᠯᠠᠬᠤ ᠰᠠᠯᠠᠭ᠎ᠠ ᠮᠥᠴᠢᠷ ᠤᠨ ᠲᠠᠭᠠᠭᠠᠴᠢᠯᠠᠵᠤ ᠪᠠᠶᠢᠭ᠎ᠠ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠴᠡᠭᠴᠡᠯᠠᠨ ᠰᠠᠶᠢᠵᠢᠷᠠᠭᠤᠯᠬᠤ ᠲᠥᠰᠤᠯ ᠤᠨ ᠠᠵᠢᠯ ᠤᠨ ᠠᠭᠢᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠥᠯᠳᠠ ᠶᠢ ᠰᠤᠨᠤᠰᠪᠠ᠃ ᠬᠤᠰᠢᠭᠤ ᠵᠠᠭᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠡᠨᠡ ᠵᠢᠯ ᠤᠨ ᠨᠢᠭᠡᠳᠤᠭᠡᠷ ᠤᠯᠠᠷᠢᠯ ᠤᠨ ᠠᠵᠢᠯ ᠢ ᠨᠠᠶᠢᠳᠠᠯᠠᠵᠤ  ᠤᠷᠴᠢᠮ  ᠤᠨ ᠬᠤᠭᠤᠴᠠᠭᠠᠨ ᠤ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠬᠠᠷ᠎ᠠ ᠪᠥᠯᠥᠭᠳᠠᠨ  ᠬᠠᠷᠭᠢᠰ ᠭᠥᠴᠤᠨ ᠢ ᠠᠷᠢᠯᠭᠠᠬᠤ ᠠᠯᠪᠠᠨ ᠭᠡᠷ ᠤᠨ ᠬᠢᠨ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠤᠷᠴᠢᠮ ᠤᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ  ᠤᠳᠤᠷᠢᠳᠬᠤ ᠲᠤᠭᠤᠶᠢᠯᠠᠩ  ᠤᠨ ᠡᠯ᠎ᠠ ᠪᠥᠷᠢᠯᠳᠤᠭᠦᠨ ᠪᠠᠶᠢᠭᠤᠯᠭ᠎ᠠ ᠶᠢᠨ ᠬᠢᠨ ᠠᠵᠢᠯ ᠤᠨ ᠬᠠᠷᠢᠭᠤ ᠮᠡᠳᠡᠭᠦᠯᠥᠯᠳᠠ ᠪᠠᠨ ᠪᠢᠴᠢᠭ ᠤᠨ ᠭᠡᠯᠪᠠᠷᠢ  ᠪᠠᠷ ᠲᠤᠰᠢᠶᠠᠭᠰᠠᠨ ᠪᠠᠶᠢᠨ᠎ᠠ᠃      ᠬᠤᠷᠠᠯ ᠲᠡᠭᠡᠷ᠎ᠡ ᠰᠤᠷᠭᠠᠯᠳᠤ ᠴᠢᠬᠤᠯᠠᠴᠢᠯᠠᠬᠤ ᠳᠤ ᠪᠠᠨ᠂ ᠠᠷᠭ᠎ᠠ ᠭᠡᠮᠵᠢᠶ᠎ᠠ ᠪᠠᠨ ᠴᠢᠩᠭᠠᠳᠬᠠᠨ  ᠭᠥᠷᠤᠯᠴᠠᠭᠦᠢ ᠲᠠᠯ᠎ᠠ ᠪᠠᠨ ᠨᠥᠭᠦᠪᠤᠷᠢᠯᠠᠵᠤ ᠨᠠᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠬᠤ ᠵᠠᠭᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠨ ᠭᠢᠭᠦ ᠭᠡᠷᠡᠭᠳᠠᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠤᠯᠤᠰ ᠲᠥᠷᠥ ᠶᠢᠨ ᠠᠮᠤᠷ ᠲᠥᠪᠰᠢᠨ ᠤ ᠲᠥᠭᠰᠢᠭᠦᠷᠢ ᠶᠢ ᠰᠠᠷᠭᠡᠶᠢᠯᠠᠭᠦ ᠲᠠᠶᠢᠯᠠᠯᠳᠤᠭᠠᠨ ᠢ ᠡᠷᠡᠰ ᠢᠯᠠᠨ ᠠᠮᠤᠷ ᠢ ᠬᠠᠮᠠᠭᠠᠯᠠᠬᠤ ᠠᠵᠢᠯ ᠢ ᠰᠠᠶᠢᠨ ᠭᠢᠵᠤ ᠵᠥᠷᠢᠴᠠᠯ ᠵᠢᠭᠤᠷᠠᠭᠠᠨ ᠢ ᠡᠶᠠᠳᠡᠭᠦᠯᠭᠦ ᠠᠵᠢᠯ ᠢ ᠭᠥᠨᠵᠡᠭᠡᠢ ᠥᠷᠨᠢᠭᠦᠯᠵᠤ ᠤᠯᠠᠨ ᠨᠠᠶᠢᠳᠠ ᠶᠢᠨ ᠠᠮᠤᠷ ᠲᠥᠪᠰᠢᠨ ᠤ ᠲᠥᠭᠰᠢᠭᠦᠷᠢ ᠶᠢᠨ ᠲᠠᠯᠳᠠ ᠭᠡᠮ ᠢ ᠪᠥᠭᠦ ᠲᠠᠯ᠎ᠠ ᠪᠠᠷ ᠠᠷᠢᠯᠭᠠᠨ  ᠥᠨᠳᠤᠰᠤᠨ ᠱᠠᠳᠤᠨ ᠤ ᠨᠠᠶᠢᠭᠡᠮ ᠤᠨ ᠵᠠᠰᠠᠯᠳᠠ ᠶᠢᠨ ᠪᠠᠶᠢᠭᠤᠯᠤᠮᠵᠢ ᠶᠢᠨ ᠲᠤᠭᠳᠠᠯᠴᠠᠭ᠎ᠠ ᠶᠢ ᠲᠠᠭᠦᠯᠳᠡᠷᠵᠢᠭᠦᠯᠵᠤ  ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ᠂ ᠠᠵᠢᠯ ᠤᠨ ᠠᠷᠭ᠎ᠠ ᠭᠡᠮᠵᠢᠶ᠎ᠠ ᠶᠢᠨ ᠨᠠᠶᠢᠳᠠᠪᠤᠷᠢᠵᠢᠭᠤᠯᠤᠯᠳᠠ ᠶᠢ  ᠤᠷᠤᠨᠵᠢᠭᠤᠯᠤᠨ᠂ ᠰᠢᠨ᠎ᠠ ᠲᠤᠮᠳᠠᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠭᠦ ᠳᠤ ᠠᠮᠤᠷ ᠲᠤᠭᠳᠠᠭᠤᠨ ᠨᠠᠶᠢᠭᠡᠮ ᠤᠨ ᠤᠷᠴᠢᠨ ᠢ ᠡᠭᠦᠳᠭᠦ ᠭᠡᠷᠡᠭᠳᠠᠢ ᠭᠡᠵᠡᠢ᠃      ᠰᠤᠷᠭᠠᠯᠳᠤ ᠴᠢᠬᠤᠯᠠᠴᠢᠯᠠᠬᠤ ᠳᠤ ᠪᠠᠨ᠂ ᠠᠷᠭ᠎ᠠ ᠭᠡᠮᠵᠢᠶ᠎ᠠ ᠪᠠᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠯᠳᠠ  ᠶᠢ ᠴᠢᠩᠭ᠎ᠠ ᠠᠳᠬᠤᠵᠤ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠢ ᠪᠥᠭᠦ ᠲᠠᠯ᠎ᠠ ᠪᠠᠷ ᠬᠦᠨᠵᠡᠭᠡᠢ ᠦᠷᠨᠢᠬᠦᠯᠬᠦ ᠬᠡᠷᠡᠭᠲᠠᠢ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠥᠴᠢᠷ ᠤᠯᠠᠨ ᠲᠥᠮᠡᠨ ᠢ ᠭᠥᠢᠴᠡᠳ ᠲᠠᠶᠢᠴᠢᠯᠠᠨ ᠭᠢᠨᠠᠨ ᠵᠢᠯᠤᠭᠤᠳᠤᠯᠭ᠎ᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠶᠢ ᠴᠢᠩᠭ᠎ᠠ ᠠᠳᠬᠤᠵᠤ ᠰᠢᠨ᠎ᠠ ᠨᠢᠭᠡ ᠡᠭᠡᠯᠵᠢ ᠶᠢᠨ ᠲᠤᠰᠬᠠᠢ ᠲᠥᠷᠥᠯ ᠤᠨ ᠵᠠᠰᠠᠨ ᠴᠡᠭᠴᠡᠯᠠᠯᠳᠠ ᠶᠢ ᠲᠥᠷᠭᠡᠨ ᠥᠷᠨᠢᠭᠦᠯᠤᠨ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠤᠨ ᠢᠯᠠᠯᠳᠠ ᠤᠯᠬᠤ ᠶᠢ ᠠᠭᠢᠭᠤᠯᠬᠤ ᠭᠡᠷᠡᠭᠳᠡᠢ ᠭᠡᠵᠡᠢ᠃       ᠭᠤᠤ ᠬᠤ᠋ ᠱᠠᠭᠠᠷᠳᠠᠬᠤ ᠳᠤ ᠪᠠᠨ᠂  ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠭᠥᠨᠵᠡᠭᠡᠢ ᠤᠶᠢᠯᠠᠭᠠᠨ ᠡᠵᠡᠮᠳᠠᠵᠤ ᠴᠠᠭ ᠲᠠᠷᠤᠢ ᠳᠤ ᠨᠢ ᠤᠯᠠᠮᠵᠢᠯᠠᠨ ᠲᠤᠭᠤᠰᠢᠯᠠᠭᠤᠯᠵᠤ ᠪᠥᠭᠦ ᠲᠠᠯ᠎ᠠ ᠪᠠᠷ ᠨᠢᠭᠡᠳᠤᠯᠳᠠᠢ ᠲᠥᠯᠥᠪᠵᠢᠭᠦᠯᠤᠨ ᠪᠠᠶᠢᠷᠢᠯᠠᠭᠤᠯᠤᠯᠳᠠ ᠭᠢᠵᠤ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号