4 ᠰᠠᠷ᠎ᠠ ᠶᠢᠨ 18 ᠤ ᠡᠳᠦᠷ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ᠂ ᠬᠤᠰᠢᠭᠤ ᠲᠠᠷᠤᠭ᠎ᠠ ᠵᠤᠤ | ᠹᠸᠢ ᠯᠤ᠋ ᠬᠤᠰᠢᠭᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠠᠮᠳᠤ ᠶᠢᠨ | ᠰᠤᠷᠤᠯᠴᠠᠯᠭ᠎ᠠ ᠶᠢᠨ ᠬᠤᠷᠠᠯ ᠢ ᠡᠷᠭᠢᠯᠠᠨ ᠬᠤᠷᠠᠯᠳᠤᠭᠤᠯᠵᠤ ᠬᠤᠰᠢᠭᠤ ᠵᠠᠰᠠᠭ ᠤᠨ ᠤᠷᠳᠤᠨ ᠤ ᠨᠠᠮ ᠤᠨ | ᠤᠳᠤᠷᠢᠳᠬᠤ ᠲᠤᠭᠤᠶᠢᠯᠠᠩ ᠤᠨ ᠪᠥᠷᠢᠯᠳᠤᠭᠦᠨ ᠬᠤᠷᠠᠯ ᠳᠤ ᠤᠷᠤᠯᠴᠠᠵᠤ᠂ ᠬᠤᠰᠢᠭᠤ ᠵᠠᠰᠠᠭ ᠤᠨ ᠤᠷᠳᠤᠨ ᠤ | ᠠᠯᠪᠠᠨ ᠭᠡᠷ ᠤᠨ ᠪᠥᠭᠦ ᠨᠠᠮ ᠤᠨ ᠭᠡᠰᠢᠭᠦᠨ ᠬᠤᠷᠠᠯ ᠳᠤ ᠰᠤᠯᠠ ᠤᠷᠤᠯᠴᠠᠪᠠ᠃ | ᠬᠤᠷᠠᠯ ᠲᠡᠭᠡᠷ᠎ᠡ᠂ ᠰᠢ ᠶᠢᠨ ᠫᠢᠩ ᠶᠠᠷᠤᠩᠭᠡᠢ ᠱᠥᠵᠢ ᠶᠢᠨ ᠶᠥᠨᠨᠠᠨ ᠮᠤᠵᠢ ᠶᠢᠨ ᠬᠦᠩᠱᠠᠨ ᠰᠢᠶᠠᠨ ᠤ ᠳ᠋ᠥ᠋ | ᠯᠥᠩ ᠵᠢᠶᠠᠩ ᠰᠢᠶᠠᠩ ᠤᠨ ᠤᠯᠠᠨ ᠲᠥᠮᠡᠨ ᠳᠤ ᠥᠭᠭᠦᠭᠰᠠᠨ ᠬᠠᠷᠢᠭᠤ ᠵᠠᠭᠢᠳᠠᠯ᠂ ᠰᠢ ᠶᠢᠨ ᠫᠢᠩ ᠶᠠᠷᠤᠩᠭᠡᠢ | ᠱᠥᠵᠢ ᠶᠢᠨ ᠴᠥᠩᠴᠢᠩ ᠳᠤ ᠰᠢᠠᠵᠢᠯᠠᠨ ᠪᠠᠶᠢᠴᠠᠭᠠᠯᠳᠠ ᠭᠢᠭᠦ ᠶᠢᠨ ᠬᠠᠮᠳᠤ ᠡᠷᠭᠢᠯᠠᠨ ᠬᠤᠷᠠᠯᠳᠤᠭᠤᠯᠤᠭᠰᠠᠨ ︽ | ᠬᠤᠶᠠᠷ ᠲᠤ ᠵᠤᠪᠠᠭ᠋ᠤ ᠥᠭᠡᠢ ᠭᠤᠷᠪᠠ ᠶᠢ ᠪᠠᠳᠤᠯᠠᠬᠤ︾ ᠲᠤᠬᠠᠢ ᠲᠤᠪᠤᠶᠢᠮ᠎ᠠ ᠠᠰᠠᠭᠤᠳᠠᠯ ᠢ ᠰᠶᠢᠳᠪᠤᠷᠢᠯᠠᠭᠦ | ᠰᠠᠭᠤᠳᠠᠯ ᠤᠨ ᠬᠤᠷᠠᠯ ᠤᠨ ᠵᠤᠷᠢᠭ ᠰᠠᠨᠠᠭ᠎ᠠ ᠪᠠ ᠬᠤᠳᠠ ᠶᠢᠨ ᠨᠠᠮ ᠤᠨ ᠬᠤᠷᠢᠶᠠᠨ ᠤ ᠱᠥᠵᠢ ᠨᠢᠤ ᠵᠢᠶᠥ᠋ᠨ ᠶᠠᠨ | ᠤ ᠵᠢᠭᠠᠪᠤᠷᠢ ᠶᠢᠨ ᠵᠤᠷᠢᠭ ᠰᠨᠠᠭ᠎ᠠ ᠶᠢ ᠤᠯᠠᠮᠵᠢᠯᠠᠨ ᠰᠤᠷᠤᠯᠴᠠᠪᠠ᠃ | ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ 2015 ᠤᠨ ᠠᠴᠠ ᠨᠠᠰᠢ ᠰᠢ ᠶᠢᠨ ᠫᠢᠩ ᠶᠠᠷᠤᠩᠭᠡᠢ | ᠱᠥᠵᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠳᠤ ᠴᠢᠭᠯᠡᠭᠦᠯᠤᠨ 6 ᠤᠳᠠᠭᠠᠨ ᠤ | ᠰᠠᠭᠤᠳᠠᠯ ᠤᠨ ᠬᠤᠷᠠᠯ ᠢ ᠬᠤᠷᠠᠯᠳᠤᠭᠤᠯᠤᠨ ᠴᠢᠬᠤᠯᠠ ᠶᠠᠷᠢᠶ᠎ᠠ ᠲᠠᠯᠪᠢᠵᠤ ᠪᠢᠳᠠᠨ ᠤ ᠶᠠᠳᠠᠭᠤ ᠠᠴᠠ | ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠢᠯᠠᠬᠤ ᠳᠤ ᠴᠢᠭᠯᠡᠯ ᠢ ᠵᠢᠭᠠᠨ ᠥᠭᠭᠦᠭᠰᠠᠨ ᠪᠠᠶᠢᠨ᠎ᠠ᠃ | ᠲᠠᠶᠠᠭᠠᠷ ᠢᠶᠠᠨ ᠰᠢ ᠶᠢᠨ ᠫᠢᠩ ᠶᠠᠷᠤᠩᠭᠡᠢ ᠱᠥᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ | ᠰᠤᠷᠤᠯᠴᠠᠨ ︽ᠬᠤᠶᠠᠷ ᠲᠤ ᠵᠤᠪᠠᠭ᠋ᠤ ᠥᠭᠡᠢ ᠭᠤᠷᠪᠠ ᠶᠢ ᠪᠠᠳᠤᠯᠠᠬᠤ︾ ᠪᠠᠷᠢᠮᠵᠢᠶ᠎ᠠ ᠪᠠᠷ ᠶᠠᠳᠠᠭᠤ ᠠᠴᠠ | ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠢᠯᠠᠬᠤ ᠭᠡᠷᠡᠭᠳᠠᠢ᠃ ᠵᠠᠭᠤᠨ ᠠᠵᠤ | ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠭᠦ ᠠᠵᠢᠯᠯᠠᠭ᠎ᠠ ᠶᠢ ᠨᠠᠷᠢᠨ ᠭᠢᠨᠠᠮᠠᠭᠠᠢ ᠥᠷᠨᠢᠭᠦᠯᠵᠤ ᠠᠵᠤ | ᠠᠬᠤᠶᠢᠯᠠᠯ ᠤᠨ ᠢᠳᠡᠪᠭᠢ ᠴᠢᠨᠠᠷ ᠢ ᠲᠠᠶᠢᠴᠢᠯᠠᠨ ᠠᠵᠤ ᠠᠬᠤᠶᠢᠯᠠᠯ ᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ | ᠰᠢᠪᠳᠤᠯᠬᠤ ᠲᠠᠶᠢᠯᠠᠯᠳᠤᠭᠠᠨ ᠪᠠ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢᠨ ᠭᠥᠭᠵᠢᠯᠳᠠ ᠳᠤ | ᠤᠷᠤᠯᠴᠠᠭᠤᠯᠵᠤ ᠤᠨᠢᠨ ᠲᠠᠭᠡᠷ᠎ᠡ ᠨᠢ ᠶᠠᠳᠠᠭᠤ ᠶᠢ ᠲᠡᠳᠬᠦᠬᠦ ᠪᠠ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ | ᠶᠢᠨ ᠭᠥᠭᠵᠢᠯᠳᠠ ᠶᠢᠨ ᠥᠷ᠎ᠠ ᠠᠰᠢᠭ ᠢ ᠲᠡᠭᠡᠭᠰᠢᠯᠡᠬᠦᠯᠬᠦ ᠭᠡᠷᠡᠭᠳᠠᠢ᠃ ᠮᠠᠯᠵᠢᠬᠤ ᠤᠷᠤᠨ ᠭᠥᠳᠡᠭᠡ ᠲᠤᠰᠬᠤᠨ ᠪᠠ | ᠬᠤᠳᠠ ᠪᠠᠯᠭᠠᠰᠤᠨ ᠤ ᠭᠥᠴᠢᠷᠳᠠᠯᠳᠠᠢ ᠡᠷᠤᠭᠡ ᠶᠢ ᠲᠠᠳᠭᠦᠨ ᠲᠠᠮᠵᠢᠭᠦ ᠠᠵᠢᠯ ᠤᠨ ᠲᠥᠰᠤᠯ ᠢ ᠲᠤᠭᠳᠠᠭᠠᠨ | ᠲᠠᠳᠭᠦᠨ ᠲᠠᠮᠵᠢᠭᠦ ᠠᠵᠢᠯ ᠢ ᠰᠠᠶᠢᠨ ᠭᠢᠭᠦ ᠭᠡᠷᠡᠭᠳᠠᠢ ᠭᠡᠵᠡᠢ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠠᠮᠢ ᠠᠬᠤᠢ ᠶᠢ ᠤᠷᠢᠳᠠᠪᠠᠷ ᠪᠤᠳᠤᠯᠭᠢᠯᠠᠨ ᠪᠤᠭᠢᠷᠳᠤᠯ ᠥᠭᠡᠢ | ᠭᠥᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠭᠥᠭᠵᠢᠯᠳᠠ ᠶᠢᠨ ᠵᠠᠮ ᠢᠶᠠᠷ ᠡᠷᠡᠰ ᠵᠠᠮᠨᠠᠵᠤ | ᠭᠤᠤᠯᠳᠠᠯᠭ᠎ᠠ ᠲᠠᠢ ᠲᠥᠷᠤᠯ ᠵᠥᠢᠯ ᠤᠨ ᠪᠥᠳᠥᠭᠡᠨ ᠪᠠᠶᠢᠭᠤᠯᠤᠯᠳᠠ ᠶᠢ ᠴᠢᠩᠭ᠎ᠠ ᠠᠳᠬᠤᠨ ᠠᠷᠠᠯᠵᠢᠶ᠎ᠠ ᠡᠵᠡᠩᠨᠠᠭᠦ | ᠤᠷᠴᠢᠨ ᠲᠤᠭᠤᠷᠢᠨ ᠢ ᠰᠢᠯᠢᠳᠡᠭᠵᠢᠭᠦᠯᠤᠨ ᠰᠠᠭᠤᠭ᠎ᠠ ᠠᠵᠤ ᠠᠬᠤᠶᠢᠯᠠᠯ ᠤᠨ ᠥᠢᠯᠡᠳᠤᠯ ᠢ ᠪᠠᠳᠠᠷᠠᠭᠤᠯᠬᠤ ᠶᠢ | ᠴᠢᠬᠤᠯᠠᠴᠢᠯᠠᠵᠤ ᠲᠤᠭᠳᠠᠮᠠᠯ ᠭᠥᠷᠥᠩᠭᠡ ᠶᠢᠨ ᠪᠠᠯᠡ ᠤᠷᠤᠭᠤᠯᠤᠯᠳᠠ ᠶᠢ ᠲᠡᠭᠡᠭᠰᠢᠯᠠᠭᠦᠯᠭᠦ ᠭᠡᠷᠡᠭᠳᠠᠢ ᠭᠡᠵᠡᠢ᠃ | ᠬᠤᠷᠠᠯ ᠠᠴᠠ ᠱᠠᠭᠠᠷᠳᠠᠬᠤ ᠳᠤ ᠪᠠᠨ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ | ᠪᠥᠷᠢᠯᠳᠤᠭᠦᠨ ᠰᠢ ᠶᠢᠨ ᠫᠢᠩ ᠶᠠᠷᠤᠩᠭᠡᠢ ᠱᠥᠵᠢ ᠶᠢᠨ 3 ᠰᠠᠷ᠎ᠠ ᠶᠢᠨ 4 ᠤ ᠡᠳᠦᠷ ᠤᠨ ᠪᠥᠭᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠰᠤᠶᠤᠯ | ᠤᠷᠠᠯᠢᠭ ᠤᠨ ᠡᠳᠡᠭᠡᠳ᠂ ᠨᠠᠶᠢᠭᠡᠮ ᠤᠨ ᠰᠢᠨᠵᠢᠯᠠᠭᠦ ᠤᠬᠠᠭᠠᠨ ᠤ ᠡᠳᠡᠭᠡᠳ ᠤᠨ ᠭᠡᠰᠢᠭᠦᠨ ᠤ ᠬᠠᠮᠳᠤᠷᠠᠭᠰᠠᠨ ᠬᠤᠷᠠᠯ | ᠳᠤ ᠤᠷᠤᠯᠴᠠᠬᠤ ᠥᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠨᠠᠭᠠ ᠶᠢ ᠥᠪᠠᠷ ᠢᠶᠠᠨ ᠰᠤᠷᠤᠯᠴᠠᠬᠤ ᠭᠡᠷᠡᠭᠳᠠᠢ | ᠭᠡᠵᠡᠢ᠃ |