ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠬᠤᠰᠢᠭᠤ ᠵᠠᠰᠠᠭ  ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-04-19
     4 ᠰᠠᠷ᠎ᠠ ᠶᠢᠨ 18 ᠤ ᠡᠳᠦᠷ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠬᠤᠰᠢᠭᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠭᠢᠯᠠᠨ ᠬᠤᠷᠠᠯᠳᠤᠭᠤᠯᠵᠤ ᠬᠤᠰᠢᠭᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠥᠷᠢᠯᠳᠤᠭᠦᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠥᠷᠢᠯᠳᠤᠭᠦᠨ ᠤ ᠠᠵᠢᠯ ᠤᠨ ᠬᠤᠪᠢᠶᠠᠷᠢᠯᠠᠯᠳᠠ ᠶᠢᠨ ᠤᠴᠢᠷ ᠢ ᠰᠤᠳᠤᠯᠪᠠ᠃      ᠵᠤᠤ ᠹᠸᠢ ᠯᠤ᠋ ᠱᠠᠭᠠᠷᠳᠠᠬᠤ ᠳᠤ ᠪᠠᠨ᠂ ᠰᠢᠨ᠎ᠠ ᠪᠠᠷ ᠲᠤᠰᠢᠶᠠᠯ ᠭᠥᠯᠢᠶᠡᠭᠰᠠᠨ ᠪᠠᠭ ᠤᠨ ᠪᠥᠷᠢᠯᠳᠤᠭᠦᠨ ᠠᠵᠢᠯ  ᠤᠨ ᠪᠠᠶᠢᠷᠢᠨ ᠳᠤ ᠪᠠᠨ ᠲᠥᠷᠭᠡᠨ ᠭᠠᠷᠴᠣ ᠤᠬᠤᠷᠬᠠᠨ ᠬᠤᠭᠤᠴᠠᠭᠠᠨ ᠤ ᠲᠤᠳᠤᠷ᠎ᠠ ᠬᠤᠪᠢᠶᠠᠷᠢᠯᠠᠨ ᠬᠠᠷᠢᠭᠤᠴᠠᠬᠤ ᠭᠥᠷᠢᠶ᠎ᠠ ᠭᠡᠪᠴᠢᠶᠠᠨ ᠤ ᠠᠵᠢᠯ ᠤᠨ ᠪᠠᠶᠢᠳᠠᠯ ᠢ ᠤᠶᠢᠯᠠᠭᠠᠬᠤ ᠶᠢᠨ ᠬᠠᠮᠳᠤ ᠬᠤᠯᠪᠤᠭᠳᠠᠯ ᠪᠥᠭᠦᠢ ᠠᠵᠢᠯ ᠢ ᠥᠷᠨᠢᠭᠦᠯᠭᠦ ᠭᠡᠷᠡᠭᠳᠠᠢ᠃ ᠡᠯ᠎ᠠ ᠪᠠᠭ ᠤᠨ ᠪᠥᠷᠢᠯᠳᠤᠭᠦᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠭᠤᠤᠯ ᠠᠵᠢᠯ ᠤᠨ ᠲᠤᠭᠤᠷᠢᠨ ᠳᠤ ᠠᠵᠢᠯ ᠢᠶᠠᠨ ᠬᠤᠪᠢᠶᠠᠷᠢᠯᠠᠨ᠂ ᠬᠠᠷᠢᠯᠴᠠᠨ ᠬᠠᠪᠰᠤᠷᠤᠯᠴᠠᠵᠤ ᠪᠥᠯᠭᠦᠮᠳᠠᠨ ᠬᠠᠮᠵᠢᠯᠴᠠᠵᠤ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠭᠥᠴᠤᠷᠭᠡᠭ ᠶᠡᠭᠡ ᠬᠠᠮᠳᠤ ᠶᠢᠨ ᠭᠥᠴᠤᠨ ᠢ ᠪᠥᠷᠢᠯᠳᠤᠭᠦᠯᠭᠦ ᠭᠡᠷᠡᠭᠳᠠᠢ ᠬᠡᠪᠡ᠃      ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠡᠯ᠎ᠠ ᠪᠠᠭ ᠤᠨ ᠪᠥᠷᠢᠯᠳᠤᠭᠦᠨ ᠭᠤᠤᠯᠳᠠᠯᠭ᠎ᠠ ᠲᠠᠢ ᠠᠵᠢᠯ᠂ ᠲᠤᠬᠠᠶᠢᠯᠠᠭᠰᠠᠨ ᠠᠵᠢᠯ ᠢ ᠴᠢᠩᠭ᠎ᠠ ᠠᠳᠬᠤᠨ ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ ᠶᠢᠨ ᠱᠠᠭᠠᠷᠳᠠᠯᠭ᠎ᠠ  ᠪᠠᠷ ᠬᠤᠪᠢᠶᠠᠷᠢᠯᠠᠨ ᠬᠠᠷᠢᠭᠤᠴᠠᠬᠤ ᠭᠥᠷᠢᠶ᠎ᠠ ᠭᠡᠪᠴᠢᠶᠠᠨ ᠤ ᠨᠠᠮ ᠢ ᠪᠥᠭᠦ ᠲᠠᠯ᠎ᠠ ᠪᠠᠷ ᠴᠢᠩᠭ᠎ᠠ ᠵᠠᠰᠠᠬᠤ᠂ ᠥᠵᠠᠯ ᠤᠬᠠᠮᠰᠠᠷ ᠤᠨ ᠭᠡᠯᠪᠠᠷᠢ᠂ ᠠᠶᠤᠯᠭᠦᠢ ᠥᠢᠯᠡᠳᠪᠤᠷᠢᠯᠠᠯ᠂ ᠰᠤᠷᠳᠠᠯ ᠤᠨ ᠪᠠᠶᠢᠭᠤᠯᠤᠯᠳᠠ ᠵᠡᠷᠭᠡ ᠶᠢᠨ ᠠᠵᠢᠯ ᠢ ᠴᠢᠩᠭ᠎ᠠ ᠠᠳᠬᠤᠵᠤ ᠡᠯ᠎ᠠ ᠲᠥᠷᠤᠯ ᠤᠨ ᠠᠵᠢᠯ ᠤᠨ ᠪᠤᠳᠠᠳᠤ ᠥᠷ᠎ᠠ ᠪᠥᠳᠥᠮᠵᠢ ᠤᠯᠬᠤ ᠶᠢ ᠠᠭᠢᠭᠤᠯᠬᠤ ᠭᠡᠷᠡᠭᠳᠠᠢ᠃ ᠥᠪᠠᠷ ᠤᠨ ᠥᠵᠠᠯ ᠰᠠᠨᠠᠭ᠎ᠠ᠂ ᠤᠯᠤᠰ ᠲᠥᠷᠥ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ ᠬᠤᠰᠢᠭᠤ ᠨᠠᠮ ᠤᠨ ᠬᠤᠷᠢᠶᠠᠨ ᠤ ᠭᠤᠤᠯ ᠲᠤᠭᠤᠶᠢᠯᠠᠩ᠂ ᠨᠠᠮ ᠤᠨ ᠤᠳᠤᠷᠢᠳᠬᠤ ᠲᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠶᠢᠨ ᠠᠵᠢᠯᠯᠠᠭ᠎ᠠ ᠳᠤ ᠢᠳᠡᠪᠭᠢᠳᠠᠢ ᠤᠷᠤᠯᠴᠠᠨ  ᠥᠪᠠᠷ ᠢᠶᠠᠨ ᠰᠤᠷᠤᠯᠴᠠᠬᠤ ᠶᠢ ᠪᠠᠶᠢᠩᠭᠤᠵᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠶᠢ ᠭᠥᠨᠵᠡᠭᠡᠢ ᠰᠤᠷᠤᠯᠴᠠᠨ ᠰᠢ ᠶᠢᠨ ᠫᠢᠩ ᠶᠡᠷᠤᠩᠭᠡᠢ ᠱᠥᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠠᠷᠳᠡᠭᠡᠨ ᠵᠠᠰᠠᠬᠤ ᠤᠷᠤᠨ᠂  ᠬᠤᠳᠠ ᠶᠢᠨ ᠴᠢᠬᠤᠯᠠ ᠬᠤᠷᠠᠯ ᠮᠠᠲ᠋ᠧᠷᠢᠶᠠᠯ ᠤᠨ ᠵᠤᠷᠢᠭ ᠰᠨᠠᠠᠭ᠎ᠠ ᠶᠢ ᠴᠠᠭ ᠲᠠᠷᠤᠢ ᠳᠤ ᠨᠢ ᠰᠤᠷᠤᠯᠴᠠᠨ ᠲᠤᠭᠤᠰᠢᠯᠠᠭᠤᠯᠵᠤ ᠥᠵᠠᠯ ᠰᠠᠨᠠᠭ᠎ᠠ ᠤᠶᠢᠯᠠ ᠠᠵᠢᠯᠯᠠᠭ᠎ᠠ ᠪᠠᠨ ᠲᠡᠭᠡᠷ᠎ᠡ ᠱᠠᠳᠤᠨ ᠤ ᠰᠶᠢᠳᠪᠤᠷᠢᠳᠤ ᠪᠠᠶᠢᠷᠢᠯᠠᠭᠤᠯᠤᠯᠳᠠ ᠲᠠᠢ ᠨᠢᠭᠡᠳᠤᠯᠳᠠᠢ ᠪᠠᠶᠢᠯᠭᠠᠵᠤ ᠠᠵᠢᠯ ᠰᠤᠷᠤᠯᠴᠠᠯᠭ᠎ᠠ ᠬᠤᠶᠠᠷ ᠢ ᠠᠳᠬᠤᠨ ᠪᠥᠭᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠶᠢᠨ ᠶᠡᠭᠡ ᠪᠠᠶᠢᠳᠠᠯ ᠳᠤ ᠨᠠᠩ ᠰᠠᠶᠢᠨ ᠢᠶᠠᠷ ᠥᠢᠯᠡᠴᠢᠯᠠᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号