ᠤᠶᠢᠷ᠎ᠠ ᠶᠢᠨ ᠡᠳᠦᠷ ᠬᠤᠰᠢᠭᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ︽ᠰᠢᠯᠭᠠᠨ | ᠪᠠᠶᠢᠴᠠᠭᠠᠯᠲᠠ ᠶᠢᠨ ᠴᠢᠳᠠᠪᠤᠷᠢ ᠪᠠᠨ ᠲᠡᠭᠡᠭᠰᠢᠯᠡᠬᠦᠯᠵᠤ ᠦᠢᠯᠡᠴᠢᠯᠡᠭᠡ ᠶᠢᠨ ᠲᠦᠪᠰᠢᠨ ᠢᠶᠠᠨ ᠰᠠᠶᠢᠵᠢᠷᠠᠭᠤᠯᠬᠤ︾ | ᠭᠤᠤᠯ ᠰᠡᠳᠤᠪᠳᠤ ᠤᠯᠠᠨ ᠨᠡᠶᠢᠲᠡ ᠳᠤ ᠨᠡᠭᠡᠭᠡᠯᠲᠡ ᠬᠢᠬᠦ ᠡᠳᠤᠷ ᠤᠨ ᠠᠵᠢᠯᠯᠠᠭ᠎ᠠ ᠦᠷᠨᠢᠬᠦᠯᠤᠨ ᠬᠤᠰᠢᠭᠤ ᠠᠷᠠᠳ | ᠤᠨ ᠲᠦᠯᠦᠭᠡᠯᠡᠭᠴᠢ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠰᠤᠷᠭᠠᠭᠤᠯᠢ ᠬᠡᠤᠭᠡᠳ ᠤᠨ ᠴᠡᠴᠡᠷᠯᠢᠭ ᠤᠨ | ᠬᠤᠭᠤᠯᠠᠨ ᠬᠡᠷ ᠤᠨ ᠬᠠᠷᠢᠭᠤᠴᠠᠯᠭᠠᠳᠠᠨ᠂ ᠠᠵᠢᠯ ᠲᠦᠷᠦᠯ ᠤᠨ ᠲᠦᠯᠦᠬᠡᠯᠡᠭᠴᠢ᠂ ᠭᠡᠷ ᠤᠨ ᠠᠬᠠᠮᠠᠳ ᠤᠨ | ᠲᠦᠯᠦᠬᠡᠯᠡᠭᠴᠢ ᠵᠡᠷᠬᠡ ᠲᠦᠴᠢ ᠰᠢᠬᠠᠮ ᠬᠦᠮᠦᠰ ᠢ ᠤᠷᠢᠨ ᠤᠷᠤᠯᠴᠠᠭᠤᠯᠵᠠᠢ᠃ | ᠰᠢᠯᠭᠠᠨ ᠪᠠᠶᠢᠴᠠᠭᠠᠬᠤ ᠲᠦᠪ ᠤᠨ ᠠᠵᠢᠯᠳᠠᠨ ᠠᠴᠠ ᠲᠤᠭᠤᠷᠢᠨ ᠦᠵᠡᠭᠰᠡᠳ ᠲᠤ ᠲᠤᠷᠰᠢᠯᠳᠠ ᠶᠢᠨ ᠬᠡᠷ ᠤᠨ | ᠲᠤᠨᠤᠭ ᠲᠦᠬᠦᠬᠡᠷᠤᠮᠵᠢ᠂ ᠰᠢᠯᠭᠠᠨ ᠪᠠᠶᠢᠴᠠᠭᠠᠬᠤ ᠴᠢᠳᠠᠪᠬᠢ ᠵᠡᠷᠬᠡ ᠦᠨᠳᠤᠰᠤᠨ ᠪᠠᠶᠢᠳᠠᠯ ᠢ ᠨᠢᠬᠡ ᠨᠢᠬᠡ ᠪᠠᠷ | ᠲᠠᠨᠢᠯᠴᠠᠭᠤᠯᠬᠤ ᠶᠢᠨ ᠬᠠᠮᠳᠤ ᠲᠦᠷᠬᠡᠨ ᠰᠢᠯᠭᠠᠨ ᠪᠠᠶᠢᠴᠠᠭᠠᠬᠤ ᠲᠤᠷᠰᠢᠯᠳᠠ ᠭᠢᠵᠦ ᠦᠵᠡᠭᠦᠯᠪᠠ᠃ ᠰᠠᠭᠤᠳᠠᠯ ᠤᠨ | ᠬᠤᠷᠠᠯ ᠲᠡᠬᠡᠷ᠎ᠡ ᠬᠤᠷᠠᠯ ᠳᠤ ᠤᠷᠤᠯᠴᠠᠭᠰᠠᠳ ᠠᠴᠠ ᠲᠤᠷᠰᠢᠯᠳᠠ ᠶᠢᠨ ᠬᠡᠷ ᠤᠨ ᠪᠦᠳᠤᠬᠡᠨ ᠪᠠᠶᠢᠭᠤᠯᠤᠯᠳᠠ ᠪᠤᠯᠤᠨ | ᠰᠢᠯᠭᠠᠨ ᠪᠠᠶᠢᠴᠠᠭᠠᠬᠤ ᠴᠢᠳᠠᠪᠬᠢ ᠳᠤ ᠦᠨᠳᠤᠷ ᠦᠨᠡᠯᠡᠯᠳᠡ ᠦᠭᠭᠦᠭᠰᠡᠨ ᠪᠠᠶᠢᠨ᠎ᠠ᠃ ᠵᠠᠬ᠎ᠠ ᠲᠡᠯᠬᠡᠬᠦᠷ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠠᠴᠠ ᠰᠢᠯᠭᠠᠨ ᠪᠠᠶᠢᠴᠠᠭᠠᠬᠤ ᠲᠦᠪ ᠤᠨ ᠦᠢᠯᠡᠳᠤᠯ | ᠢ ᠬᠡᠷᠬᠢᠨ ᠪᠠᠳᠠᠷᠠᠭᠤᠯᠵᠤ ᠪᠠᠶᠢᠬᠤ ᠲᠤᠬᠠᠢ ᠲᠡᠯᠬᠡᠷᠡᠩᠬᠦᠢ ᠵᠠᠳᠠᠯᠤᠯᠳᠠ ᠭᠢᠬᠦ ᠶᠢᠨ ᠬᠠᠮᠳᠤ ᠬᠡᠰᠡᠭ ᠲᠦᠯᠦᠭᠡᠯᠡᠭᠴᠢ | ᠬᠡᠰᠢᠬᠦᠨ ᠪᠠ ᠲᠤᠬᠠᠶᠢᠯᠠᠭᠰᠠᠨ ᠠᠵᠢᠯ ᠲᠦᠷᠦᠯ ᠤᠨ ᠲᠦᠯᠦᠬᠡᠯᠡᠭᠴᠢ ᠶᠢᠨ ᠢᠳᠡᠬᠡᠨ ᠤ ᠠᠮᠤᠷ ᠲᠦᠪᠰᠢᠨ ᠤ ᠲᠤᠬᠠᠢ | ᠠᠰᠠᠭᠤᠯᠳᠠ ᠶᠢ ᠨᠠᠷᠢᠨ ᠲᠤᠲᠤᠷᠬᠠᠢ ᠲᠠᠶᠢᠯᠪᠤᠷᠢᠯᠠᠪᠠ᠃ | ᠬᠤᠷᠠᠯ ᠤᠨ ᠲᠠᠷᠠᠭ᠎ᠠ ᠲᠤᠭᠤᠷᠢᠨ ᠦᠵᠡᠭᠰᠡᠳ ᠨᠤᠲᠤᠭ ᠤᠨ ᠭᠠᠷᠤᠯᠲᠠ ᠶᠢᠨ ᠢᠳᠡᠭᠡᠨ ᠪᠤᠯᠪᠠᠰᠤᠷᠠᠭᠤᠯᠬᠤ | ᠬᠦᠷᠢᠶᠡᠯᠡᠩ ᠤᠨ ᠪᠤᠷᠴᠠᠭ ᠤᠨ ᠠᠭᠠᠷᠤᠤᠯ᠂ ᠪᠤᠷᠴᠠᠭ ᠤᠨ ᠰᠤᠶᠤᠭ᠎ᠠ᠂ ᠰᠤᠷ ᠪᠤᠳᠠᠭ᠎ᠠ ᠪᠤᠯᠪᠠᠰᠤᠷᠠᠭᠤᠯᠬᠤ ᠵᠡᠷᠭᠡ | ᠵᠢᠵᠢᠭ ᠦᠢᠯᠡᠳᠬᠡᠯ ᠤᠨ ᠭᠠᠵᠠᠷ ᠢ ᠲᠤᠭᠤᠷᠢᠨ ᠦᠵᠡᠵᠡᠢ᠃ ᠬᠤᠰᠢᠭᠤ ᠠᠷᠠᠳ ᠤᠨ ᠲᠦᠯᠦᠬᠡᠯᠡᠭᠴᠢ ᠯᠢ ᠶᠥᠩ | ᠹᠧᠩ ᠢᠯᠡᠷᠬᠡᠶᠢᠯᠡᠬᠦ ᠳᠤ ᠪᠠᠨ᠂ ᠦᠨᠤᠳᠤᠷ ᠤᠨ ᠦᠵᠡᠵᠤ ᠰᠤᠨᠤᠰᠬᠤ ᠪᠠᠷ ᠲᠠᠮᠵᠢᠨ ᠬᠤᠰᠢᠭᠤ ᠨᠠᠮ ᠤᠨ ᠬᠤᠷᠢᠶ᠎ᠠ | ᠵᠠᠰᠠᠭ ᠤᠨ ᠤᠷᠳᠤᠨ ᠤ ᠴᠢᠬᠤᠯᠠᠴᠢᠯᠠᠭ᠎ᠠ ᠪᠠ ᠲᠡᠮᠵᠢᠯᠭᠡ ᠲᠤᠤᠷ᠎ᠠ ᠮᠠᠨ ᠤ ᠬᠤᠰᠢᠭᠤᠨ ᠤ ᠵᠠᠬ᠎ᠠ ᠲᠡᠯᠭᠡᠭᠦᠷ ᠤᠨ | ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠦᠨᠳᠦᠰᠦᠨ ᠱᠠᠲᠤᠨ ᠤ ᠪᠦᠷᠢᠨ ᠲᠡᠭᠦᠯᠳᠡᠷ ᠰᠠᠭᠤᠷᠢᠨ ᠭᠠᠵᠠᠷ᠂ ᠰᠢᠯᠭᠠᠨ | ᠪᠠᠶᠢᠴᠠᠭᠠᠬᠤ ᠰᠢᠰᠲ᠋ᠧᠮ ᠢ ᠠᠰᠢᠭᠯᠠᠨ ᠦᠨᠳᠤᠷ ᠬᠡᠪ ᠴᠢᠨᠠᠷ ᠲᠠᠢ ᠠᠵᠢᠯᠳᠠᠳ ᠲᠤ ᠪᠠᠨ ᠲᠦᠰᠢᠭᠯᠡᠨ ᠡᠳᠤᠷ ᠳᠤᠳᠤᠮ | ᠤᠨ ᠬᠢᠨᠠᠨ ᠪᠠᠶᠢᠴᠠᠭᠠᠯᠳᠠ ᠪᠠᠨ ᠴᠢᠩᠭ᠎ᠠ ᠠᠳᠬᠤᠵᠤ ᠪᠦᠬᠦ ᠬᠤᠰᠢᠭᠤᠨ ᠤ ᠠᠷᠠᠳ ᠲᠦᠮᠡᠨ ᠤ ᠢᠳᠡᠭᠡᠨ ᠤᠮᠳᠠᠭᠠᠨ | ᠤ ᠠᠮᠤᠷ ᠲᠦᠪᠰᠢᠨ ᠤ ᠲᠠᠯ᠎ᠠ ᠪᠠᠷ ᠮᠠᠰᠢ ᠶᠡᠭᠡ ᠬᠤᠪᠢ ᠨᠡᠮᠡᠷᠢ ᠦᠵᠡᠭᠦᠯᠦᠭᠰᠡᠨ ᠭᠡᠳᠡᠭ ᠢ ᠤᠶᠢᠯᠠᠭᠠᠵᠤ ᠮᠡᠳᠡᠯ᠎ᠡ᠃ | ᠬᠤᠶᠢᠰᠢᠳᠠ ᠤᠯᠠᠮ ᠢᠯᠡᠬᠦᠤ ᠴᠢᠷᠮᠠᠶᠢᠨ ᠠᠵᠢᠯᠯᠠᠵᠤ ᠪᠦᠬᠦ ᠬᠤᠰᠢᠭᠤᠨ ᠤ ᠢᠳᠡᠬᠡᠨ ᠤ ᠠᠮᠤᠷ ᠲᠦᠪᠰᠢᠨ ᠢ | ᠪᠠᠳᠤᠯᠠᠬᠤ ᠶᠢ ᠬᠦᠰᠡᠵᠤ ᠪᠠᠶᠢᠨ᠎ᠠ ᠭᠡᠪᠡ᠃ | ᠬᠤᠰᠢᠭᠤ ᠢᠳᠡᠭᠡᠨ ᠤᠮᠳᠠᠭᠠᠨ ᠡᠮ ᠤᠨ ᠵᠦᠢᠯ ᠤᠨ ᠰᠢᠯᠭᠠᠨ ᠪᠠᠶᠢᠴᠠᠭᠠᠬᠤ ᠲᠦᠪ ᠪᠤᠯ ᠬᠤᠰᠢᠭᠤ ᠵᠠᠰᠠᠭ | ᠤᠨ ᠤᠷᠳᠤᠨ ᠤ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠨᠢᠬᠡ ᠮᠦᠨ᠃ 2014 ᠤᠨ | ᠠᠴᠠ ᠡᠬᠢᠯᠡᠨ 1800 ᠲᠦᠮᠡᠨ ᠲᠦᠬᠦᠷᠢᠭ ᠤᠨ ᠪᠡᠯᠡ ᠤᠷᠤᠭᠤᠯᠵᠤ ᠡᠳᠤᠬᠡ 19 ᠲᠤᠰᠬᠠᠢ ᠮᠡᠷᠬᠡᠵᠢᠯ ᠤᠨ | ᠠᠵᠢᠯᠳᠠᠨ ᠲᠠᠢ᠂ 381 ᠵᠦᠢᠯ ᠤᠨ ᠢᠳᠡᠭᠡᠨ ᠤᠮᠳᠠᠭᠠᠨ ᠡᠮ ᠤᠨ ᠵᠦᠢᠯᠡᠰ ᠲᠤ ᠬᠠᠷᠠᠭᠠᠯᠵᠠᠭᠰᠠᠨ 430 ᠲᠦᠷᠦᠯ | ᠤᠨ ᠰᠢᠯᠭᠠᠨ ᠪᠠᠶᠢᠴᠠᠭᠠᠬᠤ ᠠᠷᠭ᠎ᠠ ᠲᠠᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠰᠢᠭᠤ | ᠰᠢᠶᠠᠨ ᠤ ᠲᠡᠰ ᠤᠨ ᠰᠢᠯᠭᠠᠨ ᠪᠠᠶᠢᠴᠠᠭᠠᠬᠤ ᠲᠦᠪ ᠲᠤᠳᠤᠷ᠎ᠠ ᠲᠡᠷᠢᠬᠦᠨ ᠤ ᠬᠢᠷᠢ ᠲᠦᠪᠰᠢᠨ ᠳᠤ ᠪᠠᠶᠢᠷᠢᠯᠠᠵᠤ᠂ | 2018 ᠤᠨ ᠳᠤ 967 ᠤᠳᠠᠭᠠᠨ ᠤ ᠢᠳᠡᠬᠡᠨ ᠤ ᠰᠤᠩᠭᠤᠨ ᠪᠠᠶᠢᠴᠠᠭᠠᠯᠳᠠ ᠪᠠ 2000 ᠤᠳᠠᠭᠠᠨ ᠤ ᠢᠳᠡᠬᠡᠨ | ᠤ ᠲᠦᠷᠬᠡᠨ ᠰᠢᠯᠭᠠᠨ ᠪᠠᠶᠢᠴᠠᠭᠠᠯᠳᠠ ᠬᠢᠪᠡ᠃ | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠨᠠᠩ ᠤᠯᠠᠨ ᠬᠦᠮᠦᠨ ᠳᠤ ᠰᠢᠯᠭᠠᠨ ᠪᠠᠶᠢᠴᠠᠭᠠᠬᠤ ᠲᠦᠪ ᠤᠨ | ᠲᠡᠷᠢᠬᠦᠨ ᠵᠡᠷᠭᠡ ᠶᠢᠨ ᠰᠢᠯᠭᠠᠨ ᠪᠠᠶᠢᠴᠠᠭᠠᠬᠤ ᠲᠦᠬᠦᠬᠡᠷᠤᠮᠵᠢ ᠪᠠ ᠴᠢᠳᠠᠪᠬᠢ ᠶᠢ ᠲᠠᠨᠢᠭᠤᠯᠵᠤ ᠢᠳᠡᠬᠡᠨ ᠤᠮᠳᠠᠭᠠᠨ | ᠡᠮ ᠤᠨ ᠵᠤᠶᠢᠯ ᠤᠨ ᠰᠢᠯᠭᠠᠨ ᠪᠠᠶᠢᠴᠠᠭᠠᠬᠤ ᠠᠵᠢᠯ ᠤᠨ ᠲᠠᠪᠰᠢᠩᠭᠤᠢ ᠴᠢᠨᠠᠷ ᠪᠠ ᠲᠦᠪ ᠴᠢᠩᠭ᠎ᠠ ᠴᠢᠨᠠᠷ ᠢ | ᠮᠡᠳᠡᠷᠡᠬᠦᠯᠵᠡᠢ᠃ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠦᠪᠡᠷ ᠤᠨ ᠲᠠᠪᠠᠭᠤᠯᠢᠭ ᠲᠠᠢ ᠪᠠᠨ | ᠤᠶᠠᠯᠳᠤᠭᠤᠯᠤᠨ ᠡᠬᠢ ᠪᠠᠶᠠᠯᠢᠭ ᠤᠨ ᠲᠤᠬᠢᠷᠠᠭᠤᠯᠤᠯᠲᠠ ᠪᠠᠨ ᠰᠢᠯᠢᠳᠡᠭᠵᠢᠬᠦᠯᠦᠨ ᠺᠠᠳ᠋ᠷ ᠠᠵᠢᠯᠳᠠᠳ ᠤᠨ ᠬᠡᠪ ᠴᠢᠨᠠᠷ | ᠢ ᠲᠡᠭᠡᠭᠰᠢᠯᠡᠬᠦᠯᠵᠤ ᠰᠢᠯᠭᠠᠨ ᠪᠠᠶᠢᠴᠠᠭᠠᠬᠤ ᠲᠦᠪ ᠤᠨ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠲᠤᠮᠳᠠᠬᠢ | ᠦᠢᠯᠡᠳᠤᠯ ᠢᠶᠠᠨ ᠬᠦᠢᠴᠡᠳ ᠪᠠᠳᠠᠷᠠᠭᠤᠯᠵᠤ ᠢᠳᠡᠬᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠳᠤᠯᠠᠬᠤ ᠪᠠᠷ | ᠴᠢᠷᠮᠠᠶᠢᠵᠤ ᠪᠠᠶᠢᠨ᠎ᠠ᠃ |