ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠡᠪᠯᠡᠯ ᠤᠨ ᠬᠤᠷᠢᠶ᠎ᠠ ᠬᠠᠮᠳᠣᠷᠠᠨ ︽ᠡᠷᠡᠬᠦᠯ ᠮᠡᠨᠳᠦ  ᠶᠢ ᠡᠷᠬᠢᠮᠯᠠᠨ ᠠᠮᠢ ᠨᠠᠰᠣ ᠪᠠᠨ ᠨᠠᠨᠳᠢᠩᠨᠠᠬᠤ︾ ᠮᠡᠳᠡᠯᠬᠡ ᠶᠢᠨ ᠪᠣᠯᠪᠠᠰᠣᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2019-04-02
     ︽ᠠᠮᠢᠲᠣ ᠶᠠᠪᠣᠪᠠᠯ ᠠᠯᠲᠠᠨ ᠠᠶᠠᠭᠠᠨ ᠠᠴᠠ ᠣᠰᠣ ᠣᠣᠭᠤᠨ᠎ᠠ︾ ᠬᠡᠳᠡᠭᠴᠢᠯᠡᠨ ᠡᠷᠡᠬᠦᠯ ᠴᠢᠬᠢᠷᠠᠭ ᠪᠡᠶ᠎ᠡ ᠮᠠᠬᠠᠪᠣᠳ ᠪᠠᠶᠢᠬᠤ ᠪᠣᠯ ᠬᠦᠮᠦᠨ ᠨᠢᠬᠡᠪᠦᠷᠢ ᠶᠢᠨ ᠬᠠᠮᠳᠣ ᠶᠢᠨ ᠬᠦᠰᠡᠯ ᠪᠢᠯᠡ᠃ 3 ᠰᠠᠷ᠎ᠠ ᠶᠢᠨ 28 ᠤ ᠡᠳᠦᠷ ᠬᠤᠰᠢᠭᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠪᠣᠯᠣᠨ ᠡᠪᠯᠡᠯ ᠤᠨ ᠬᠤᠷᠢᠶ᠎ᠠ ᠬᠠᠮᠳᠣᠷᠠᠨ ︽ᠡᠷᠡᠬᠦᠯ ᠮᠡᠨᠳᠦ  ᠶᠢ ᠡᠷᠬᠢᠮᠯᠠᠨ ᠠᠮᠢ ᠨᠠᠰᠣ ᠪᠠᠨ ᠨᠠᠨᠳᠢᠩᠨᠠᠬᠤ︾ ᠮᠡᠳᠡᠯᠭᠡ ᠶᠢᠨ ᠪᠣᠯᠪᠠᠰᠣᠷᠠᠯ ᠢ ᠡᠷᠬᠢᠯᠡᠪᠡ᠃ ᠡᠨᠡ ᠣᠳᠠᠭᠠᠨ ᠤ ᠪᠣᠯᠪᠠᠰᠣᠷᠠᠯ ᠳᠤ ᠲᠣᠮᠳᠠᠲᠣ ᠣᠯᠣᠰ ᠤᠨ ᠡᠷᠡᠬᠦᠯ ᠮᠡᠨᠳᠦ ᠶᠢᠨ ᠰᠦᠯᠵᠢᠶᠡᠨ ᠤ ᠦᠪᠦᠷ ᠮᠣᠩᠭᠤᠯ ᠳᠠᠬᠢ ᠠᠵᠢᠯᠯᠠᠬᠤ ᠦᠷᠳᠡᠭᠡᠨ ᠤ ᠬᠤᠸᠠᠩ ᠪᠠᠭᠰᠢ ᠶᠢ ᠣᠷᠢᠨ ᠠᠪᠴᠢᠷᠠᠵᠤ ᠲᠠᠶᠢᠯᠦᠮᠵᠢ ᠬᠢᠯᠬᠡᠨ ᠬᠤᠶᠠᠷ ᠪᠠᠶᠢᠭᠤᠯᠭ᠎ᠠ ᠶᠢᠨ 22 ᠺᠠᠳ᠋ᠷ ᠠᠵᠢᠯᠲᠠᠨ ᠣᠷᠣᠯᠴᠠᠪᠠ᠃      ᠬᠤᠸᠠᠩ ᠪᠠᠭᠰᠢ ᠡᠷᠡᠬᠦᠯ ᠬᠠᠮᠠᠭᠠᠯᠠᠯ ᠪᠠ ᠡᠷᠡᠬᠦᠯ ᠮᠡᠨᠳᠦ ᠶᠢᠨ ᠲᠣᠬᠠᠢ ᠰᠠᠭᠤᠷᠢ ᠮᠡᠳᠡᠯᠬᠡ ᠶᠢᠨ ᠲᠣᠭᠤᠷᠢᠨ  ᠳᠤ ᠲᠠᠶᠢᠯᠦᠮᠵᠢ ᠬᠢᠵᠦ ᠠᠷᠢᠬᠢ ᠣᠣᠭᠤᠬᠤ᠂ ᠲᠠᠮᠠᠬᠢ ᠲᠠᠲᠠᠬᠤ᠂ ᠢᠳᠡᠭᠡᠨ ᠣᠮᠳᠠᠭᠠᠨ ᠤ ᠡᠷᠡᠬᠦᠯ ᠪᠣᠰᠣ ᠲᠠᠳᠬᠠᠯ᠂ ᠲᠠᠮᠢᠷᠯᠠᠬᠤ ᠦᠬᠡᠢ ᠪᠣᠶᠣ ᠬᠡᠳᠦᠷᠬᠡᠢ ᠲᠠᠮᠢᠷᠯᠠᠬᠤ ᠵᠡᠷᠬᠡ ᠠᠴᠠ ᠪᠣᠯᠣᠭᠰᠠᠨ ᠡᠪᠡᠳᠴᠢᠨ ᠡᠮᠬᠡᠭ ᠤᠨ ᠬᠤᠣᠷ ᠬᠦᠨᠦᠭᠡᠯ  ᠢ ᠶᠠᠷᠢᠭᠰᠠᠨ ᠢᠶᠠᠷ ᠦᠯᠦ ᠪᠠᠷᠠᠨ ᠢᠳᠡᠭᠡᠨ ᠣᠮᠳᠠᠭᠠᠨ ᠢᠶᠠᠨ ᠵᠣᠬᠢᠴᠠᠭᠤᠯᠵᠤ᠂ ᠵᠣᠬᠢᠰᠲᠡᠢ ᠲᠠᠮᠢᠷᠯᠠᠨ᠂ ᠰᠠᠨᠠᠭ᠎ᠠ ᠰᠡᠳᠬᠢᠯ ᠢᠶᠠᠨ ᠲᠠᠶᠢᠪᠣᠰᠢᠷᠠᠭᠤᠯᠣᠨ᠂ ᠡᠳᠦᠷᠵᠢᠨ ᠰᠠᠶᠢᠨ ᠰᠠᠶᠢᠬᠠᠨ ᠠᠮᠢᠳᠣᠷᠠᠯ ᠤᠨ ᠲᠠᠳᠬᠠᠯ ᠲᠠᠢ ᠪᠠᠶᠢᠬᠤ ᠶᠢ ᠵᠢᠯᠣᠭᠤᠲᠣᠭᠰᠠᠨ ᠮᠦᠷᠲᠡᠭᠡᠨ ᠹᠢᠽᠢᠺ ᠤᠨ ᠵᠠᠰᠠᠯ ᠤᠨ ᠪᠠᠭᠠᠵᠢ ᠪᠠᠷ ᠬᠦᠵᠦᠭᠦᠦ ᠰᠡᠭᠡᠷ ᠤᠨ ᠡᠪᠡᠳᠴᠢᠨ᠂ ᠴᠢᠰᠦᠨ ᠰᠣᠲᠠᠯ ᠤᠨ ᠲᠦᠭᠵᠢᠷᠡᠯ ᠵᠡᠷᠬᠡ ᠶᠢ ᠬᠡᠷᠬᠢᠨ ᠡᠮᠨᠡᠬᠦ᠂ ᠪᠠᠴᠢᠮ ᠠᠪᠣᠷᠠᠯᠲᠠ ᠶᠢ ᠬᠡᠷᠬᠢᠨ ᠬᠢᠬᠦ ᠵᠡᠷᠬᠡ ᠮᠡᠳᠡᠯᠬᠡ ᠶᠢ ᠠᠮᠢᠳᠣᠯᠢᠭ ᠢᠶᠠᠷ ᠵᠢᠱᠢᠶ᠎ᠡ ᠲᠠᠲᠠᠨ ᠶᠡᠷᠢᠪᠠ᠃      ᠳᠣᠰ ᠣᠳᠠᠭᠠᠨ ᠤ ᠪᠣᠯᠪᠠᠰᠣᠷᠠᠯ ᠢᠶᠠᠷ ᠲᠠᠮᠵᠢᠨ ᠺᠠᠳ᠋ᠷ ᠠᠵᠢᠯᠲᠠᠨ ᠤ ᠡᠷᠡᠬᠦᠯ ᠮᠡᠨᠳᠦ ᠶᠢᠨ ᠲᠣᠬᠠᠢ ᠲᠠᠨᠢᠯᠲᠠ  ᠶᠢ ᠣᠯᠠᠮ ᠨᠢᠬᠡ ᠠᠯᠬᠤᠮ ᠲᠠᠭᠡᠭᠰᠢᠯᠡᠬᠦᠯᠵᠦ ᠦᠪᠡᠷ ᠦᠪᠡᠷ ᠤᠨ ᠡᠷᠡᠬᠦᠯ ᠪᠣᠰᠣ ᠠᠮᠢᠳᠣᠷᠠᠯ ᠤᠨ ᠲᠠᠳᠬᠠᠯ ᠢᠶᠠᠨ ᠬᠠᠯᠠᠨ ᠰᠠᠶᠢᠵᠢᠷᠠᠭᠤᠯᠵᠤ ᠵᠣᠬᠢᠰᠲᠡᠢ ᠲᠠᠮᠢᠷᠯᠠᠨ᠂ ᠢᠳᠡᠬᠡᠨ ᠣᠮᠳᠠᠭᠠᠨ ᠢᠶᠠᠨ ᠵᠣᠬᠢᠴᠠᠭᠤᠯᠵᠤ ᠰᠢᠨᠵᠢᠯᠡᠬᠦ ᠣᠬᠠᠭᠠᠨᠴᠢ  ᠪᠠᠷ ᠠᠮᠢ ᠰᠣᠪᠢᠯᠠᠬᠤ ᠪᠠ ᠡᠷᠡᠬᠦᠯ ᠮᠠᠨᠳᠦ ᠪᠠᠨ ᠬᠠᠮᠠᠭᠠᠯᠠᠬᠤ ᠲᠣᠬᠠᠢ ᠮᠡᠳᠡᠯᠬᠡ ᠶᠢ ᠰᠣᠷᠣᠯᠴᠠᠨ ᠵᠦᠪ ᠪᠣᠰᠣ ᠠᠮᠢᠳᠣᠷᠠᠯ ᠤᠨ ᠠᠷᠭ᠎ᠠ ᠮᠠᠶ᠋ᠢᠭ ᠠᠴᠠ ᠪᠠᠨ ᠪᠣᠯᠵᠤ ᠡᠪᠡᠳᠴᠢᠨ ᠡᠮᠬᠡᠭ ᠲᠤ ᠨᠡᠷᠪᠡᠭᠲᠡᠬᠦ ᠶᠢ ᠣᠷᠢᠳᠴᠢᠯᠠᠨ ᠰᠡᠷᠬᠡᠶᠢᠯᠡᠬᠦ ᠳᠤ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号