ᠤᠷᠴᠢᠮ ᠤᠨ ᠵᠢᠯ ᠠᠴᠠ᠂ ᠦᠤᠰᠢᠨ ᠬᠤᠰᠢᠭᠤ ︽ᠴᠢᠳᠠᠪᠤᠷᠢᠲᠠᠨ ᠤ ᠬᠦᠴᠦᠷᠬᠡᠭ ᠬᠤᠰᠢᠭᠤ︾ ᠶᠢᠨ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡᠨ ᠤ ᠴᠢᠳᠠᠪᠤᠷᠢᠲᠠᠨ ᠢ | ᠬᠦᠮᠦᠵᠢᠭᠦᠯᠬᠦ᠂ ᠬᠡᠷᠡᠭᠯᠡᠬᠦ ᠵᠡᠷᠭᠡ ᠲᠠᠯ᠎ᠠ ᠠᠴᠠ ᠭᠠᠷᠳᠠᠵᠦ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡᠨ ᠤ | ᠴᠢᠳᠠᠪᠤᠷᠢᠲᠠᠨ ᠤ ᠡ᠊ᠩᠨᠡᠭᠡ ᠶᠢ ᠰᠢᠯᠢᠳᠡᠭᠵᠢᠭᠦᠯᠦᠨ᠂ ᠬᠦᠳᠡᠭᠡ ᠲᠤᠰᠬᠤᠨ ᠢ ᠬᠦᠭᠵᠢᠬᠦᠯᠬᠦ ᠳᠤ ᠴᠢᠳᠠᠪᠤᠷᠢᠲᠠᠨ ᠤ | ᠲᠡᠮᠵᠢᠯᠭᠡ ᠦᠵᠡᠭᠦᠯᠵᠦ ᠪᠠᠶᠢᠨ᠎ᠠ᠃ | — ᠦᠢᠯᠡᠳᠪᠤᠷᠢᠯᠡᠯ ᠡᠵᠡᠩᠨᠡᠯᠲᠡ ᠶᠢᠨ ᠬᠡᠯᠪᠡᠷᠢ ᠶᠢᠨ ᠴᠢᠳᠠᠪᠤᠷᠢᠲᠠᠨ ᠤ ᠡ᠊ᠩᠨᠡᠭᠡ ᠶᠢ ᠪᠤᠶᠢᠵᠢᠭᠤᠯᠬᠤ ᠶᠢ | ᠴᠢᠩᠭ᠎ᠠ ᠪᠠᠷᠢᠮᠳᠠᠯᠠᠪᠠ᠃ 2018 ᠤᠨ ᠳᠤ ᠦᠤᠰᠢᠨ ᠬᠤᠰᠢᠭᠤ ᠮᠠᠯᠴᠢᠨ ᠲᠠᠷᠢᠶᠠᠴᠢᠨ ᠤ ᠬᠡᠷᠡᠭᠯᠡᠭᠡᠨ ᠤ | ᠮᠡᠷᠭᠡᠵᠢᠯ ᠤᠨ ᠪᠤᠯᠪᠠᠰᠤᠷᠠᠯ ᠢ 92 ᠬᠤᠭᠤᠴᠠᠭ᠎ᠠ ᠡᠷᠬᠢᠯᠡᠨ 5000 ᠭᠠᠷᠤᠢ ᠮᠠᠯᠴᠢᠨ ᠲᠠᠷᠢᠶᠠᠴᠢᠨ ᠪᠤᠯᠪᠠᠰᠤᠷᠠᠯ ᠳᠤ | ᠤᠷᠤᠯᠴᠠᠭᠰᠠᠨ ᠪᠠᠶᠢᠨ᠎ᠠ᠃ ᠦᠤᠰᠢᠨ ᠬᠤᠰᠢᠭᠤᠨ ᠤ ᠰᠢᠨ᠎ᠠ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠤ ᠪᠤᠯᠪᠠᠰᠤᠷᠠᠯ ᠤᠨ ᠰᠤᠷᠭᠠᠭᠤᠯᠢ ᠡᠷᠦᠬᠡ ᠪᠠᠨ ᠰᠡᠭᠦᠵᠦ᠂ ᠰᠢᠷᠬᠤᠰᠤᠨ ᠪᠠᠯᠭᠠᠰᠤ ᠶᠢᠨ ᠸᠠᠩ ᠶᠤᠤ ᠸᠠᠨ | ᠲᠤᠰᠬᠤᠨ ᠤ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠠᠵᠢᠯ ᠤᠨ | ᠦᠷᠳᠡᠭᠡᠨ ᠳᠤ ᠲᠤᠰᠬᠠᠢ ᠮᠡᠷᠭᠡᠵᠢᠯᠲᠡᠨ ᠬᠦᠳᠡᠭᠡ ᠲᠤᠰᠬᠤᠨ ᠳᠤ ᠦᠢᠯᠡᠴᠢᠯᠡᠬᠦ ᠠᠵᠢᠯᠯᠠᠭ᠎ᠠ ᠶᠢ ᠠᠮᠵᠢᠯᠲᠠ ᠲᠠᠢ | ᠦᠷᠨᠢᠭᠦᠯᠵᠦ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠠᠷᠠᠭᠤᠨ ᠬᠤᠶᠢᠳᠤ ᠶᠢᠨ ᠲᠠᠷᠢᠶᠠᠯᠠᠩ | ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ 13 ᠨᠡᠷ᠎ᠠ ᠮᠠᠯ ᠲᠠᠷᠢᠶᠠᠯᠠᠩ ᠤᠨ | ᠮᠡᠷᠭᠡᠵᠢᠯᠲᠡᠨ ᠢ ᠲᠤᠰᠬᠠᠢᠢᠯᠠᠨ ᠤᠷᠢᠵᠦ᠂ ᠪᠤᠳᠠ ᠪᠤᠭ ᠮᠠᠯ ᠠᠷᠠᠴᠢᠯᠠᠵᠦ ᠮᠠᠯᠵᠢᠬᠤ᠂ ᠨᠤᠭᠤᠭ᠎ᠠ ᠵᠢᠮᠢᠰ ᠲᠠᠷᠢᠵᠦ | ᠠᠷᠠᠴᠢᠯᠠᠬᠤ᠂ ᠬᠦᠳᠡᠭᠡ ᠲᠤᠰᠬᠤᠨ ᠤ ᠵᠤᠭᠠᠴᠠᠯ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠬᠦ ᠵᠡᠷᠭᠡ | ᠠᠭᠤᠯᠭ᠎ᠠ ᠶᠢᠨ ᠲᠤᠭᠤᠷᠢᠨ ᠳᠤ ᠲᠡᠶᠢᠯᠦᠮᠵᠢ ᠬᠢᠵᠦ᠂ 100 ᠭᠠᠷᠤᠢ ᠮᠠᠯᠴᠢᠨ ᠲᠠᠷᠢᠶᠠᠴᠢᠨ ᠪᠤᠯᠪᠠᠰᠤᠷᠠᠯ ᠳᠤ | ᠤᠷᠤᠯᠴᠠᠵᠦ᠂ ᠮᠡᠷᠭᠡᠵᠢᠯ ᠲᠤᠷᠰᠢᠯᠭ᠎ᠠ ᠪᠠᠨ ᠲᠡᠭᠡᠭᠰᠢᠯᠡᠭᠦᠯᠦᠭᠰᠡᠨ ᠪᠠᠶᠢᠨ᠎ᠠ᠃ ᠠᠵᠢᠯ ᠮᠡᠷᠭᠡᠵᠢᠯ ᠤᠨ ᠰᠤᠷᠭᠠᠭᠤᠯᠢ᠂ | ᠠᠵᠦ ᠠᠬᠤᠢᠢᠯᠠᠯ᠂ ᠪᠤᠯᠪᠠᠰᠤᠷᠠᠯ ᠤᠨ ᠪᠠᠶᠢᠭᠤᠯᠤᠮᠵᠢ ᠵᠡᠷᠭᠡ ᠪᠠᠷ ᠲᠡᠮᠵᠢᠨ ᠵᠠᠬᠢᠶᠠᠯᠠᠭ᠎ᠠ ᠶᠢᠨ ᠬᠡᠯᠪᠡᠷᠢ ᠶᠢᠨ | ᠪᠤᠯᠪᠠᠰᠤᠷᠠᠯ᠂ ᠲᠤᠭᠳᠠᠭᠰᠠᠨ ᠠᠵᠢᠯ ᠤᠨ ᠪᠤᠯᠪᠠᠰᠤᠷᠠᠯ ᠡᠷᠭᠢᠯᠡᠵᠤ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠢ | ᠰᠢᠯᠵᠢᠭᠦᠯᠬᠦ ᠪᠤᠯᠪᠠᠰᠤᠷᠠᠯ ᠳᠤ 710 ᠬᠦᠮᠦᠨ᠂ ᠦᠢᠯᠡᠰ ᠪᠦᠳᠦᠭᠡᠬᠦ ᠪᠤᠯᠪᠠᠰᠤᠷᠠᠯ ᠳᠤ 355 ᠬᠦᠮᠦᠨ | ᠤᠷᠤᠯᠴᠠᠭᠰᠠᠨ ᠪᠠᠶᠢᠨ᠎ᠠ᠃ ᠡᠯ᠎ᠠ ᠵᠦᠢᠯ ᠤᠨ ᠪᠤᠯᠪᠠᠰᠤᠷᠠᠯ ᠢᠶᠠᠷ ᠲᠠᠮᠵᠢᠨ᠂ ᠤᠳᠤᠬᠠᠨ ᠳᠤ ᠪᠦᠬᠦ ᠬᠤᠰᠢᠭᠤᠨ ᠳᠤ | ᠲᠠᠷᠢᠵᠦ ᠲᠡᠵᠢᠭᠡᠬᠦ ᠭᠠᠷᠮᠠᠭᠠᠢ ᠴᠢᠳᠠᠪᠤᠷᠢᠲᠠᠨ 682 ᠬᠦᠮᠦᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠬᠦ | ᠭᠠᠷᠮᠠᠭᠠᠢ ᠴᠢᠳᠠᠪᠤᠷᠢᠲᠠᠨ 48 ᠬᠦᠮᠦᠨ᠂ ᠮᠠᠯᠴᠢᠨ ᠲᠠᠷᠢᠶᠠᠴᠢᠨ ᠵᠠᠭᠤᠴᠢᠯᠠᠭᠴᠢ 190 ᠬᠦᠮᠦᠨ᠂ ᠮᠠᠯ | ᠲᠠᠷᠢᠶᠠᠯᠠᠩ ᠤᠨ ᠲᠤᠰᠬᠠᠢ ᠬᠤᠷᠰᠢᠶᠠᠵᠢᠯ ᠤᠨ ᠲᠠᠭᠠᠭᠤᠯᠤᠭᠴᠢ 256 ᠬᠦᠮᠦᠨ᠂ ᠲᠠᠷᠢᠶᠠᠯᠠᠩ ᠤᠨ | ᠪᠦᠳᠦᠭᠡᠭᠳᠡᠭᠦᠨ ᠤ ᠲᠤᠯᠤᠭᠠᠢᠢᠯᠠᠭᠴᠢ ᠠᠵᠦ ᠠᠬᠤᠢᠢᠯᠠᠯ ᠤᠨ ᠡᠵᠡᠩᠨᠡᠭᠴᠢ 27 ᠬᠦᠮᠦᠨ ᠢ ᠬᠦᠮᠦᠵᠢᠭᠦᠯᠵᠦ᠂ | ᠬᠦᠳᠡᠭᠡ ᠲᠤᠰᠬᠤᠨ ᠢ ᠬᠦᠭᠵᠢᠭᠦᠯᠬᠦ ᠴᠢᠬᠤᠯᠠ ᠬᠦᠴᠦᠨ ᠪᠤᠯᠤᠭᠰᠠᠨ ᠪᠠᠶᠢᠨ᠎ᠠ᠃ | — ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠡᠯᠪᠡᠷᠢ ᠶᠢᠨ ᠴᠢᠳᠠᠪᠤᠷᠢᠲᠠᠨ ᠤ ᠡ᠊ᠩᠨᠡᠭᠡ ᠶᠢ | ᠪᠤᠶᠢᠵᠢᠭᠤᠯᠬᠤ ᠶᠢ ᠪᠠᠷᠢᠮᠳᠠᠯᠠᠪᠠ᠃ ︽ᠲᠤᠰᠬᠠᠢ ᠮᠡᠷᠭᠡᠵᠢᠯᠲᠡᠨ + ᠮᠡᠷᠭᠡᠵᠢᠯ ᠤᠨ ᠠᠵᠢᠯᠲᠠᠨ + ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠤᠷᠢᠶᠠᠯ ᠦᠵᠡᠭᠦᠯᠬᠦ ᠡᠷᠦᠬᠡ + ᠡ᠊ᠩ ᠤᠨ ᠡᠷᠦᠬᠡ︾ ᠶᠢᠨ ᠪᠤᠯᠪᠠᠰᠤᠷᠠᠯ ᠤᠨ ᠬᠡᠯᠪᠡᠷᠢ | ᠮᠠᠶ᠋ᠢᠭ ᠢ ᠦᠨᠳᠤᠰᠤᠯᠡᠵᠦ᠂ ᠮᠠᠯᠴᠢᠨ ᠲᠠᠷᠢᠶᠠᠴᠢᠨ ᠡᠷᠦᠬᠡ ᠳᠤ ᠬᠦᠨᠵᠡᠭᠡᠶᠢᠷᠡᠨ 3000 ᠭᠠᠷᠤᠢ ᠮᠠᠯᠴᠢᠨ | ᠲᠠᠷᠢᠶᠠᠴᠢᠨ ᠢ ᠪᠤᠯᠪᠠᠰᠤᠷᠠᠯ ᠳᠤ ᠤᠷᠤᠯᠴᠠᠭᠤᠯᠵᠠᠢ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ | ᠲᠡᠳᠭᠦᠵᠦ᠂ ᠰᠢᠨᠵᠢᠯᠡᠬᠦ ᠤᠬᠠᠭᠠᠨ ᠮᠡᠷᠭᠡᠵᠢᠯ ᠢ ᠭᠠᠴᠠᠭ᠎ᠠ ᠲᠤᠰᠬᠤᠨ ᠠᠶᠢᠯ ᠡᠷᠦᠬᠡ ᠳᠤ ᠬᠦᠷᠭᠡᠬᠦ︾ ᠰᠢᠷᠢᠰ | ᠠᠵᠢᠯᠯᠠᠭ᠎ᠠ ᠦᠷᠨᠢᠭᠦᠯᠵᠦ᠂ ︽ᠲᠦᠪᠯᠡᠷᠡᠭᠦᠯᠦᠨ ᠬᠢᠴᠢᠶᠡᠯᠯᠡᠭᠡ ᠬᠢᠬᠦ + ᠲᠤᠬᠠᠢ ᠶᠢᠨ ᠲᠠᠯᠠᠪᠤᠷ ᠲᠤ ᠵᠢᠭᠠᠨ | ᠵᠢᠯᠤᠭᠤᠳᠤᠯᠭ᠎ᠠ ᠬᠢᠬᠦ︾ ᠶᠢ ᠤᠶᠠᠯᠳᠤᠭᠤᠯᠤᠨ ᠪᠤᠯᠪᠠᠰᠤᠷᠠᠯ ᠬᠦᠷᠳᠡᠭᠡᠬᠦ᠂ ᠨᠤᠭᠤᠭ᠎ᠠ ᠵᠢᠮᠢᠰ ᠲᠠᠷᠢᠬᠤ᠂ ᠨᠠᠷᠢᠨ | ᠨᠤᠤᠰᠤᠳᠤ ᠬᠤᠨᠢ ᠮᠠᠯᠵᠢᠬᠤ᠂ ᠡᠪᠡᠰᠤ ᠪᠤᠷᠳᠤᠭ᠎ᠠ ᠪᠤᠯᠤᠨ ᠡᠷᠳᠡᠨᠢ ᠰᠢᠰᠢ ᠲᠠᠷᠢᠬᠤ ᠵᠡᠷᠭᠡ ᠭᠤᠤᠯᠳᠠᠯᠭ᠎ᠠ ᠲᠠᠢ | ᠤᠨᠴᠠᠯᠢᠭᠳᠤ ᠦᠢᠯᠡᠰ ᠤᠨ ᠲᠤᠭᠤᠷᠢᠨ ᠳᠤ ᠪᠦᠬᠦ ᠬᠤᠰᠢᠭᠤᠨ ᠤ 6 ᠰᠤᠮᠦ ᠪᠠᠯᠭᠠᠰᠤ ᠶᠢᠨ 12 ᠭᠠᠴᠠᠭ᠎ᠠ | ᠲᠤᠰᠬᠤᠨ ᠳᠤ 13 ᠲᠠᠯᠠᠪᠠᠢ ᠠᠵᠢᠯᠯᠠᠭ᠎ᠠ ᠦᠷᠨᠢᠭᠦᠯᠵᠦ᠂ 140 ᠭᠠᠷᠤᠢ ᠮᠠᠯᠴᠢᠨ ᠲᠠᠷᠢᠶᠠᠴᠢᠨ ᠪᠤᠯᠪᠠᠰᠤᠷᠠᠯ ᠳᠤ | ᠤᠷᠤᠯᠴᠠᠨ᠂ ᠪᠦᠬᠦ ᠬᠤᠰᠢᠭᠤᠨ ᠤ ᠲᠠᠷᠢᠮᠠᠯ ᠤᠨ ᠪᠦᠳᠤᠴᠡ ᠳᠤ ᠲᠤᠬᠢᠷᠠᠭᠤᠯᠤᠯᠲᠠ ᠬᠢᠬᠦ ᠪᠠ ᠮᠠᠯᠴᠢᠨ | ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠳᠤ ᠮᠡᠷᠭᠡᠵᠢᠯ ᠤᠨ ᠪᠠᠳᠤᠯᠠᠭ᠎ᠠ ᠬᠠᠩᠭᠠᠭᠰᠠᠨ ᠪᠠᠶᠢᠨ᠎ᠠ᠃ ᠮᠦᠨ ᠴᠤ ︽ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠭᠠᠴᠠᠭ᠎ᠠ ᠲᠤᠰᠬᠤᠨ᠂ ᠠᠵᠦ ᠠᠬᠤᠢᠢᠯᠠᠯ ᠪᠤᠯᠤᠨ ᠲᠠᠷᠢᠵᠦ ᠲᠠᠵᠢᠭᠡᠬᠦ | ᠡᠷᠦᠬᠡ ᠲᠠᠢ ᠬᠠᠷᠢᠯᠴᠠᠵᠦ᠂ ᠲᠦᠷᠦ ᠶᠢᠨ ᠪᠤᠳᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠦᠢᠯᠡᠴᠢᠯᠡᠭᠡ ᠬᠦᠷᠭᠡᠬᠦ︾ | ᠠᠵᠢᠯᠯᠠᠭ᠎ᠠ ᠶᠢ ᠦᠷᠨᠢᠭᠦᠯᠵᠦ᠂ ᠤᠯᠠᠨ ᠲᠦᠮᠡᠨ ᠤ ᠬᠦᠰᠡᠯ ᠪᠠ ᠠᠵᠢᠯ ᠤᠨ ᠱᠠᠭᠠᠷᠳᠠᠯᠭ᠎ᠠ ᠶᠢ ᠦᠨᠳᠤᠰᠤᠯᠡᠨ | ᠦᠢᠯᠡᠴᠢᠯᠡᠭᠡ ᠬᠠᠩᠭᠠᠵᠦ᠂ ᠤᠷᠢᠳ ᠬᠤᠵᠢᠳ ᠰᠢᠨᠵᠢᠯᠡᠬᠦ ᠤᠬᠠᠭᠠᠨ ᠮᠡᠷᠭᠡᠵᠢᠯ ᠤᠨ ᠪᠤᠯᠪᠠᠰᠤᠷᠠᠯ ᠢ 20 ᠭᠠᠷᠤᠢ | ᠤᠳᠠᠭ᠎ᠠ ᠦᠷᠨᠢᠭᠦᠯᠵᠦ᠂ ᠲᠤᠬᠠᠢ ᠶᠢᠨ ᠲᠡᠯᠡᠪᠡᠢ ᠳᠤ ᠬᠦᠷᠴᠤ ᠲᠠᠷᠢᠵᠦ ᠲᠡᠵᠢᠭᠡᠬᠦ ᠮᠡᠷᠭᠡᠵᠢᠯ ᠤᠨ ᠵᠢᠯᠤᠭᠤᠳᠤᠯᠭ᠎ᠠ ᠶᠢ | 10 ᠭᠠᠷᠤᠢ ᠤᠳᠠᠭ᠎ᠠ ᠶᠠᠪᠤᠭᠳᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡᠨ ᠤ ᠴᠢᠳᠠᠪᠤᠷᠢᠲᠠᠨ ᠦᠢᠯᠡᠰ | ᠪᠦᠳᠦᠭᠡᠬᠦ ᠶᠠᠪᠤᠴᠠ ᠳᠤ ᠲᠤᠯᠭᠠᠷᠠᠭᠰᠠᠨ ᠮᠡᠷᠭᠡᠵᠢᠯ ᠤᠨ ᠲᠠᠯ᠎ᠠ ᠶᠢᠨ ᠬᠦᠴᠢᠷᠳᠡᠯ ᠢ ᠲᠤᠬᠠᠢ ᠶᠢᠨ ᠴᠠᠭ ᠲᠤᠨᠢ | ᠰᠢᠢᠳᠪᠤᠷᠢᠯᠡᠵᠦ ᠦᠭᠬᠦ ᠶᠢ ᠪᠠᠳᠤᠯᠠᠵᠠᠢ᠃ ᠤᠳᠤᠬᠠᠨ ᠳᠤ ᠪᠦᠬᠦ ᠬᠤᠰᠢᠭᠤᠨ ᠳᠤ ᠲᠠᠷᠢᠶᠠᠯᠠᠩ ᠤᠨ ᠮᠡᠷᠭᠡᠵᠢᠯ ᠢ | ᠲᠦᠭᠡᠮᠡᠯᠵᠢᠭᠦᠯᠬᠦ ᠴᠢᠳᠠᠪᠤᠷᠢᠲᠠᠨ ᠢ 123 ᠬᠦᠮᠦᠨ᠂ ᠠᠮᠢᠲᠠᠨ ᠤ ᠬᠢᠵᠢᠭ ᠢ ᠰᠡᠷᠭᠡᠶᠢᠯᠡᠬᠦ ᠴᠢᠳᠠᠪᠤᠷᠢᠲᠠᠨ ᠢ 130 | ᠬᠦᠮᠦᠨ᠂ ᠮᠠᠯ ᠵᠢᠭᠦᠷᠳᠡᠨ ᠤ ᠦᠷᠡᠵᠢᠵᠦ ᠲᠦᠯᠵᠢᠬᠦ ᠮᠡᠷᠭᠡᠵᠢᠯ ᠤᠨ ᠲᠠᠯ᠎ᠠ ᠶᠢᠨ ᠴᠢᠳᠠᠪᠤᠷᠢᠲᠠᠨ ᠢ 294 ᠬᠦᠮᠦᠨ᠂ | 620 ᠮᠠᠯᠴᠢᠨ ᠲᠠᠷᠢᠶᠠᠴᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠠ ᠦᠵᠡᠭᠦᠯᠬᠦ ᠡᠷᠦᠬᠡ ᠶᠢ | ᠬᠦᠮᠦᠵᠢᠭᠦᠯᠦᠭᠰᠡᠨ ᠪᠠᠶᠢᠨ᠎ᠠ᠃ | ᠭᠤᠷᠪᠠ ᠳᠤ᠂ ᠨᠡᠶᠢᠬᠡᠮ ᠤᠨ ᠦᠢᠯᠡᠴᠢᠯᠡᠭᠡᠨ ᠤ ᠬᠡᠯᠪᠡᠷᠢ ᠶᠢᠨ ᠴᠢᠳᠠᠪᠤᠷᠢᠲᠠᠨ ᠤ ᠡ᠊ᠩᠨᠡᠭᠡ ᠶᠢ | ᠪᠤᠶᠢᠵᠢᠭᠤᠯᠬᠤ ᠶᠢ ᠪᠠᠷᠢᠮᠳᠠᠯᠠᠪᠠ᠃ ᠤᠢᠢᠷ᠎ᠠ ᠶᠢᠨ ᠵᠢᠯ ᠠᠴᠠ ᠦᠤᠰᠢᠨ ᠬᠤᠰᠢᠭᠤ ︽ᠰᠤᠶᠤᠯ ᠤᠨ ᠲᠤᠭᠤᠢᠢᠯᠠᠩ︾ | ᠢ ᠪᠦᠳᠦᠭᠡᠨ ᠪᠠᠶᠢᠭᠤᠯᠬᠤ ᠪᠠ ︽ᠲᠤᠮᠳᠠᠳᠤ ᠤᠯᠤᠰ ᠤᠨ ᠮᠤᠷᠢᠨ ᠬᠤᠭᠤᠷ ᠤᠨ ᠰᠤᠶᠤᠯ ᠤᠨ ᠲᠦᠪ︾ ᠢ | ᠪᠠᠶᠢᠭᠤᠯᠬᠤ ᠪᠠᠷ ᠤᠷᠢᠳᠠᠯ ᠪᠤᠯᠭᠠᠵᠦ᠂ ᠲᠤᠮᠳᠠᠳᠤ ᠤᠯᠤᠰ ᠤᠨ ᠮᠤᠷᠢᠨ ᠬᠤᠭᠤᠷ ᠤᠨ ᠰᠤᠶᠤᠯ ᠢ ᠤᠯᠠᠮᠵᠢᠯᠠᠬᠤ | ᠰᠠᠭᠤᠷᠢᠨ ᠢ ᠪᠠᠶᠢᠭᠤᠯᠵᠦ ︽ᠲᠤᠰᠬᠠᠢ ᠮᠡᠷᠭᠡᠵᠢᠯ ᠤᠨ ᠪᠦᠯᠬᠦᠮ + ᠨᠡᠶᠢᠬᠡᠮᠯᠢᠭ ᠤᠨ ᠵᠤᠬᠢᠶᠠᠨ ᠪᠠᠶᠢᠭᠤᠯᠤᠯᠲᠠ + | ᠰᠤᠳᠤᠯᠭᠠᠨ ᠤ ᠲᠦᠪ︾ ᠤᠨ ᠬᠡᠯᠪᠡᠷᠢ ᠶᠢᠨ ᠠᠷᠭ᠎ᠠ ᠠᠪᠴᠠᠯ ᠢ ᠠᠪᠴᠤ ᠮᠤᠷᠢᠨ ᠬᠤᠭᠤᠷ᠂ ᠠᠷᠠᠳ ᠤᠨ | ᠤᠷᠠᠯᠢᠭᠴᠢᠨ ᠢᠶᠠᠷ ᠭᠤᠤᠯ ᠪᠤᠯᠭᠠᠭᠰᠠᠨ ᠨᠡᠶᠢᠬᠡᠮ ᠤᠨ ᠦᠢᠯᠡᠴᠢᠯᠡᠭᠡᠨ ᠤ ᠬᠡᠯᠪᠡᠷᠢ ᠶᠢᠨ ᠴᠢᠳᠠᠪᠤᠷᠢᠲᠠᠨ ᠢ | ᠭᠤᠤᠯᠳᠠᠯᠭ᠎ᠠ ᠲᠠᠢ ᠬᠦᠮᠦᠵᠢᠭᠦᠯᠦᠭᠰᠡᠨ ᠪᠠᠶᠢᠨ᠎ᠠ᠃ ᠤᠳᠤᠬᠠᠨ ᠳᠤ ᠦᠤᠰᠢᠨ ᠬᠤᠰᠢᠭᠤ 64 ᠮᠤᠷᠢᠨ ᠬᠤᠭᠤᠷ ᠤᠨ | ᠰᠤᠶᠤᠯ ᠤᠨ ᠲᠤᠭᠤᠢᠢᠯᠠᠩ ᠢ ᠡᠭᠦᠰᠭᠡᠨ ᠪᠠᠶᠢᠭᠤᠯᠵᠦ᠂ ᠠᠩᠬ᠎ᠠ ᠠᠯᠬᠤᠮ 7100 ᠭᠠᠷᠤᠢ ᠮᠤᠷᠢᠨ ᠬᠤᠭᠤᠷ ᠤᠨ | ᠪᠠᠭ᠋ᠠᠳᠠᠳ ᠢ ᠬᠦᠮᠦᠵᠢᠭᠦᠯᠦᠭᠰᠡᠨ ᠪᠦᠭᠡᠳ 38 ︽ᠰᠤᠶᠤᠯ ᠤᠷᠠᠯᠢᠭ ᠤᠨ ᠲᠤᠭᠤᠢᠢᠯᠠᠩ︾ ᠢ ᠡᠭᠦᠰᠭᠡᠨ ᠪᠠᠶᠢᠭᠤᠯᠵᠦ | ᠮᠠᠯᠴᠢᠨ ᠲᠠᠷᠢᠶᠠᠴᠢᠨ ᠤᠷᠤᠯᠴᠠᠭᠰᠠᠨ ᠰᠤᠶᠤᠯ ᠤᠨ ᠠᠵᠢᠯᠯᠠᠭ᠎ᠠ ᠶᠢ ᠦᠷᠭᠡᠨ ᠢᠶᠠᠷ ᠵᠤᠬᠢᠶᠠᠨ ᠪᠠᠶᠢᠭᠤᠯᠵᠦ᠂ ᠵᠢᠯ ᠳᠤ | ᠡᠯ᠎ᠠ ᠲᠦᠷᠦᠯ ᠤᠨ ᠰᠤᠶᠤᠯ ᠤᠨ ᠲᠤᠭᠯᠠᠯᠲᠠ ᠶᠢ 100 ᠭᠠᠷᠤᠢ ᠲᠠᠯᠠᠪᠠᠢ ᠭᠠᠷᠭᠠᠨ᠂ ᠦᠷᠭᠡᠨ ᠤᠯᠠᠨ ᠮᠠᠯᠴᠢᠨ | ᠲᠠᠷᠢᠶᠠᠴᠢᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ | |