ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ 2019 ᠣᠨ ᠤ ᠬᠤᠶᠠᠳᠣᠭᠠᠷ ᠣᠳᠠᠭᠠᠨ ᠤ ᠬᠠᠮᠲᠣ ᠶᠢᠨ ᠰᠣᠷᠣᠯᠴᠠᠯᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-04-02
     3 ᠰᠠᠷ᠎ᠠ ᠶᠢᠨ 31 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ 2019 ᠣᠨ ᠤ ᠬᠤᠶᠠᠳᠣᠭᠠᠷ ᠣᠳᠠᠭᠠᠨ ᠤ ᠬᠠᠮᠲᠣ ᠶᠢᠨ ᠰᠣᠷᠣᠯᠴᠠᠯᠭ᠎ᠠ ᠶᠢᠨ ᠬᠤᠷᠠᠯ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠳᠡᠳ᠋ ᠳᠠᠷᠤᠭ᠎ᠠ ᠳᠣᠳᠣᠭᠠᠲᠣ ᠶᠢ ᠬᠠᠮᠠᠭᠠᠯᠠᠬᠤ ᠳᠣᠪᠴᠢᠶᠠᠨ ᠤ ᠲᠤᠪᠴᠢᠶᠠᠨ ᠳᠠᠷᠤᠭ᠎ᠠ ᠭᠤᠣ ᠬᠣ᠋᠂ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠡᠩᠬᠡᠯ᠂ ᠪᠠᠶᠠᠨᠴᠢᠮᠡᠭ ᠬᠤᠷᠠᠯ ᠳᠤ ᠣᠷᠣᠯᠴᠠᠪᠠ᠃
     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ 2019 ᠣᠨ ᠤ 6 ᠳ᠋ᠣᠭᠠᠷ ᠬᠤᠭᠤᠴᠠᠭᠠᠨ ᠤ ︽ᠦᠨᠡᠨ︾  ᠰᠡᠳᠬᠦᠯ ᠳᠤ ᠨᠡᠶᠢᠳᠡᠯᠡᠭᠳᠡᠭᠰᠡᠨ ︽ᠵᠠᠭᠤᠴᠢᠯᠠᠭᠤᠷ ᠤᠨ ᠠᠭᠤᠰᠣᠯᠴᠠᠨ ᠬᠦᠭᠵᠢᠬᠦ ᠶᠢ ᠠᠬᠢᠭᠤᠯᠵᠦ ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠪᠠᠶᠢᠷᠢᠰᠢᠯ ᠢ ᠴᠣᠭᠴᠠᠯᠠᠶ᠎ᠠ︾ ᠬᠡᠬᠦ ᠵᠣᠬᠢᠶᠠᠯ ᠢ ᠰᠣᠷᠣᠯᠴᠠᠪᠠ᠃      ᠵᠣᠣ ᠹᠧᠢ ᠯᠣ᠋ ᠱᠠᠭᠠᠷᠳᠠᠬᠤ ᠳᠠᠭᠠᠨ᠂ ᠶᠡᠷᠦᠩᠬᠡᠢ ᠱᠦᠵᠢ ᠶᠢᠨ ᠵᠣᠬᠢᠶᠠᠯ ᠢ ᠨᠠᠷᠢᠨ ᠬᠢᠨᠠᠮᠠᠭᠠᠢ ᠰᠣᠷᠣᠯᠴᠠᠵᠦ ᠵᠠᠰᠠᠭ ᠤᠨ ᠣᠷᠳᠣᠨ ᠤ ᠰᠢᠰᠲ᠋ᠧᠮ ᠤᠨ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠣᠷ ᠠᠳᠬᠤᠵᠦ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠢ ᠣᠬᠠᠭᠤᠯᠬᠤ ᠭᠤᠣᠯ ᠡᠷᠭᠡ ᠪᠠ ᠬᠦᠳᠡᠯᠦᠩᠬᠦᠢ ᠡᠷᠭᠡ ᠶᠢ ᠴᠢᠩᠭ᠎ᠠ ᠠᠳᠬᠤᠨ ᠪᠦᠬᠦ ᠬᠤᠰᠢᠭᠤᠨ ᠤ ᠴᠢᠨᠠᠷ ᠰᠠᠶᠢᠳᠠᠢ ᠬᠦᠭᠵᠢᠯᠲᠡ᠂ ᠨᠣᠮᠢᠨ ᠳᠠᠩᠰᠤᠭ ᠬᠦᠭᠵᠢᠨ ᠮᠠᠨᠳᠣᠯᠳᠠ  ᠳᠤ ᠠᠷᠢᠭᠤᠨ ᠴᠢᠭᠡᠴᠢ ᠲᠦᠪ ᠴᠢᠩᠭ᠎ᠠ᠂ ᠪᠦᠯᠬᠦᠮᠳᠡᠯ ᠲᠠᠢ ᠡᠶ᠎ᠡ ᠵᠣᠬᠢᠴᠠᠯᠲᠣ ᠣᠬᠢ ᠰᠠᠶᠢᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠬᠡᠪᠡ᠃      ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ  ᠤᠨ ᠦᠵᠡᠯ ᠣᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠲᠤᠭᠤᠰᠢᠯᠠᠭᠤᠯᠵᠦ ︽ᠨᠢᠬᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢᠨ ᠱᠠᠭᠠᠷᠳᠠᠯᠭ᠎ᠠ ᠶᠣᠰᠣᠭᠠᠷ ᠳᠣᠰ ᠳᠣᠰ ᠤᠨ ᠢᠶᠠᠨ ᠠᠵᠢᠯ  ᠤᠨ ᠬᠦᠷᠢᠶ᠎ᠡ ᠬᠡᠪᠴᠢᠶᠠᠨ ᠳᠤ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠣᠷ ᠠᠳᠬᠤᠵᠦ᠂ ᠣᠬᠠᠭᠤᠯᠣᠨ ᠮᠡᠳᠡᠭᠡᠯᠡᠬᠦ ᠠᠷᠭ᠎ᠠ ᠪᠠᠨ ᠰᠢᠨᠡᠳᠭᠡᠨ ᠴᠢᠮᠡᠭᠡ ᠵᠠᠩᠬᠢ ᠢᠯᠡ ᠳᠣᠳᠣ ᠪᠠᠶᠢᠬᠤ ᠪᠠ ᠲᠥᠷᠤ ᠶᠢᠨ ᠪᠣᠳᠣᠯᠭ᠎ᠠ ᠶᠢᠨ ᠳᠠᠶᠢᠯᠣᠮᠵᠢ ᠶᠢ ᠴᠢᠩᠭᠠᠳᠬᠠᠵᠦ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠭᠤᠯᠤᠨ ᠠᠷᠠᠳ ᠣᠯᠠᠨ ᠤ ᠪᠠᠶᠢᠳᠠᠯ ᠢ ᠣᠶᠢᠯᠠᠭᠠᠬᠤ ᠡᠷᠬᠡ ᠶᠢ ᠪᠠᠳᠣᠯᠠᠵᠦ ᠰᠣᠶᠣᠯ᠂ ᠰᠣᠷᠭᠠᠨ ᠬᠦᠮᠦᠵᠢᠯ᠂ ᠱᠠᠰᠢᠨ ᠰᠣᠷᠳᠠᠬᠤᠨ ᠪᠠ ᠰᠦᠯᠵᠢᠶ᠎ᠡ ᠵᠡᠷᠭᠡ  ᠶᠢᠨ ᠶᠠᠷᠢᠶ᠎ᠠ ᠬᠡᠯᠡᠯᠴᠡᠭᠡ ᠶᠢ ᠭᠤᠣᠯᠳᠠᠯᠭ᠎ᠠ ᠲᠠᠢ ᠠᠩᠬᠠᠷᠴᠦ ᠡᠬᠦᠷᠭᠡ ᠬᠠᠷᠢᠭᠤᠴᠠᠯᠭ᠎ᠠ ᠪᠠᠨ ᠰᠠᠶᠢᠳᠣᠷ ᠬᠦᠢᠴᠡᠳᠬᠡᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号