ᠪᠦᠬᠦ ᠬᠤᠳᠠ ᠶᠢᠨ ᠵᠢᠷᠤᠭ᠎ᠠ ᠮᠤᠷᠢᠨ ᠤ ᠬᠠᠪᠤᠷ ᠤᠨ ᠰᠤᠷᠢᠯᠲᠠ ᠶᠢᠨ ᠤᠷᠤᠯᠳᠤᠭᠠᠨ ᠮᠠᠨ ᠤ ᠬᠤᠰᠢᠭᠤᠨ  ᠳᠤ ᠶᠠᠪᠤᠭᠳᠠᠪᠠ
ᠨᠡᠶᠢᠲᠡᠯᠡᠭᠰᠡᠨ ᠴᠠᠭ᠄
2019-04-02
     ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ︽ᠵᠢᠩᠭᠢᠨ ᠰᠢᠲᠦᠭᠡᠨ︾ ᠠᠳᠤᠭᠤᠨ ᠰᠤᠶᠤᠯ ᠤᠨ ᠬᠤᠪᠢᠶᠠᠷᠢ ᠨᠡᠶᠢᠭᠡᠮᠯᠢᠭ ᠠᠴᠠ ᠡᠷᠬᠢᠯᠡᠭᠰᠡᠨ ᠪᠦᠬᠦ ᠬᠤᠳᠠ ᠶᠢᠨ ᠵᠢᠷᠤᠭ᠎ᠠ ᠮᠤᠷᠢᠨ ᠤ ᠬᠠᠪᠤᠷ ᠤᠨ ᠰᠤᠷᠢᠯᠲᠠ ᠶᠢᠨ ᠤᠷᠤᠯᠳᠤᠭᠠᠨ ᠤᠯᠠᠭᠠᠨᠲᠤᠯᠤᠭᠠᠢ ᠪᠠᠯᠭᠠᠰᠤᠨ ᠳᠤ ᠶᠠᠪᠤᠭᠳᠠᠪᠠ᠃      ᠠᠳᠤᠭᠤᠨ ᠰᠤᠶᠤᠯ ᠢᠶᠠᠨ ᠳᠡᠭᠡᠳᠦᠯᠡᠵᠦ ᠤᠶᠠᠭᠠᠴᠢᠳ ᠤᠨ ᠤᠷᠮ᠎ᠠ ᠶᠢ ᠬᠦᠭᠵᠢᠭᠡᠨ ᠦᠷᠬᠡᠨ ᠤᠯᠠᠨ ᠠᠳᠤᠭᠤᠨ ᠳᠤ ᠪᠠᠭ᠋ᠠᠲᠠᠢ ᠬᠦᠮᠦᠰ ᠲᠤ ᠦᠦᠰᠢᠨ ᠠᠳᠤᠭᠤᠨ ᠰᠤᠶᠤᠯ ᠢ ᠬᠦᠨᠵᠡᠬᠡᠢ ᠤᠢᠢᠯᠠᠭᠠᠭᠤᠯᠵᠤ ᠵᠢᠷᠤᠭ᠎ᠠ ᠮᠤᠷᠢᠨ ᠤ ᠬᠠᠪᠤᠷ ᠤᠨ ᠣᠯᠠᠷᠢᠯ ᠤᠨ ᠰᠣᠷᠢᠭ᠎ᠠ ᠪᠣᠯᠪᠠᠰᠣᠷᠠᠯ ᠢ ᠴᠢᠩᠭᠠᠳᠬᠠᠨ ᠤᠰᠤᠨ ᠵᠢᠷᠤᠭ᠎ᠠ ᠶᠢᠨ ᠠᠯᠳᠠᠷ ᠢ ᠤᠯᠠᠮᠵᠢᠯᠠᠨ ᠲᠠᠭᠤᠷᠢᠰᠬᠠᠭᠤᠯᠬᠤ ᠪᠠᠷ ︽ᠵᠢᠩᠭᠢᠨ ᠰᠢᠲᠦᠭᠡᠨ︾ ᠠᠳᠤᠭᠤᠨ ᠰᠤᠶᠤᠯ ᠤᠨ ᠬᠤᠪᠢᠶᠠᠷᠢ ᠨᠡᠶᠢᠭᠡᠮᠯᠢᠭ  ᠤᠨ ᠭᠡᠰᠢᠬᠦᠨ ᠢᠨᠢᠶ᠎ᠡ᠂ ᠪᠠᠶᠠᠨ᠎ᠠ ᠬᠤᠶᠠᠭᠤᠯᠠ ᠡᠨ᠋ᠨ ᠣᠳᠠᠭᠠᠨ ᠤ ᠣᠷᠣᠯᠳᠣᠭᠠᠨ ᠢ ᠡᠷᠬᠢᠯᠡᠨ ᠬᠢᠪᠡ᠃      ᠤᠷᠤᠯᠳᠤᠭᠠᠨ ᠨᠢ 1.4 ᠮᠧᠲᠷ ᠠᠴᠠ ᠳᠤᠷᠤᠭᠰᠢᠬᠢ ᠵᠢᠷᠤᠭ᠎ᠠ ᠮᠤᠷᠢᠨ ᠤ ᠤᠷᠤᠯᠳᠤᠭᠠᠨ᠂ 1.4 ᠮᠧᠲᠷ  ᠠᠴᠠ 1.48 ᠮᠧᠲᠷ ᠤᠨ ᠬᠤᠭᠤᠷᠤᠨᠳᠤᠬᠢ ᠵᠢᠷᠤᠭ᠎ᠠ ᠮᠤᠷᠢᠨ ᠤ ᠤᠷᠤᠯᠳᠤᠭᠠᠨ ᠭᠡᠬᠦ ᠬᠤᠶᠠᠷ ᠲᠦᠷᠦᠯ ᠢᠶᠠᠷ ᠶᠠᠪᠤᠭᠳᠠᠵᠦ ᠡᠵᠡᠨ ᠬᠤᠷᠤᠭ᠎ᠠ ᠬᠤᠰᠢᠭᠤ᠂ ᠤᠲᠤᠭ ᠬᠤᠰᠢᠭᠤ᠂ ᠤᠲᠤᠭ ᠤᠨ ᠡᠮᠦᠨᠡᠲᠦ ᠬᠤᠰᠢᠭᠤ ᠵᠡᠷᠭᠡ ᠤᠶᠢᠷ᠎ᠠ ᠵᠡᠷᠭᠡᠯᠡᠳᠡᠭᠡ ᠬᠤᠰᠢᠭᠤ ᠲᠤᠭᠤᠷᠢᠭ ᠤᠨ ᠤᠶᠠᠭᠠᠴᠢ ᠪᠠ ᠭᠠᠨᠰᠤ ᠮᠤᠵᠢ᠂ ᠳᠠᠮᠠᠭᠡᠳᠣ ᠬᠤᠳᠠ ᠶᠢᠨ ᠵᠠᠭᠤ ᠳᠠᠪᠢ ᠭᠠᠷᠤᠢ ᠤᠶᠠᠭᠠᠴᠢᠳ ᠴᠣᠭᠯᠡᠷᠡᠨ ᠤᠰᠤᠨ ᠵᠢᠷᠤᠭ᠎ᠠ ᠮᠤᠷᠢᠨ ᠤ ᠪᠢᠷ᠎ᠠ ᠴᠢᠳᠡᠯ᠂ ᠣᠷ᠎ᠠ ᠰᠢᠨᠳᠠᠰᠤ ᠶᠢ ᠰᠣᠷᠢᠵᠣ ᠱᠠᠩᠨᠠᠨ ᠬᠦᠭᠢᠬᠦᠯᠵᠣ ᠣᠷᠮᠠᠰᠢᠭᠤᠯᠣᠯ᠎ᠠ᠃      ᠮᠠᠨ ᠤ ᠬᠤᠰᠢᠭᠤ ᠨᠢ 2004 ᠤᠨ ᠠᠴᠠ ᠡᠬᠢᠯᠡᠨ ᠦᠦᠰᠢᠨ ᠠᠳᠤᠭᠤ ᠪᠠᠨ ᠬᠢᠮᠠᠭᠠᠳᠠᠨ ᠬᠠᠮᠠᠭᠠᠯᠠᠵᠦ ᠠᠳᠤᠭᠤᠨ ᠰᠤᠶᠤᠯ ᠢ ᠤᠯᠠᠮᠵᠢᠯᠠᠨ ᠪᠠᠳᠠᠷᠠᠭᠤᠯᠬᠤ ᠡᠭᠦᠳᠡᠨ ᠠᠴᠠ ᠦᠦᠰᠢᠨ ᠬᠤᠰᠢᠭᠤᠨ ᠤ ᠠᠳᠤᠭᠤᠨ ᠤ ᠠᠵᠦ ᠦᠢᠯᠡᠰ ᠤᠨ ᠨᠡᠶᠢᠭᠡᠮᠯᠢᠭ ᠢ ᠡᠭᠦᠰᠭᠡᠨ ᠪᠠᠶᠢᠭᠤᠯᠤᠭᠰᠠᠨ ᠠᠴᠠ ᠨᠠᠰᠢ ᠣᠳᠣ ᠪᠣᠯᠬᠤ ᠳᠤ ᠦᠨᠳᠡᠭᠡᠨ ᠴᠠᠭᠠᠨ ᠮᠤᠷᠢᠨ ᠰᠤᠶᠤᠯ ᠤᠨ ᠬᠤᠪᠢᠶᠠᠷᠢ ᠨᠡᠶᠢᠭᠡᠮᠯᠢᠭ᠂ ᠡᠷ᠎ᠡ ᠶᠢᠨ ᠭᠤᠷᠪᠠᠨ ᠨᠠᠭᠠᠳᠤᠮ ᠢ ᠤᠯᠠᠮᠵᠢᠯᠠᠨ ᠬᠠᠮᠠᠭᠠᠯᠠᠬᠤ ᠨᠡᠶᠢᠭᠡᠮᠯᠢᠭ᠂ ᠵᠢᠩᠭᠢᠨ ᠰᠢᠲᠦᠭᠡᠨ ᠠᠳᠤᠭᠤᠨ ᠰᠤᠶᠤᠯ ᠤᠨ ᠬᠤᠪᠢᠶᠠᠷᠢ ᠨᠡᠶᠢᠭᠡᠮᠯᠢᠭ ᠵᠡᠷᠭᠡ 12 ᠬᠤᠪᠢᠶᠠᠷᠢ ᠨᠡᠶᠢᠭᠡᠮᠯᠢᠭ ᠲᠠᠢ ᠪᠤᠯᠵᠦ ᠬᠦᠭᠵᠢᠨ ᠵᠢᠯ ᠪᠦᠷᠢ ᠤᠯᠠᠨ ᠤᠳᠠᠭᠠᠨ ᠤ ᠤᠰᠤᠨ ᠵᠢᠷᠤᠭ᠎ᠠ ᠮᠤᠷᠢᠨ ᠤ ᠤᠷᠤᠯᠳᠤᠭᠠᠨ ᠦᠷᠨᠢᠭᠦᠯᠵᠦ ᠠᠳᠤᠭᠤᠨ ᠰᠤᠶᠤᠯ ᠪᠣᠯᠣᠨ ᠠᠳᠣᠭᠤᠨ ᠤ ᠠᠵᠣ ᠣᠶᠢᠯᠡᠰ ᠤᠨ ᠡᠷᠡᠭᠦᠯ ᠬᠦᠭᠵᠢᠯᠳᠡ ᠶᠢ ᠠᠬᠢᠭᠤᠯᠵᠣ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号