ᠪᠦᠬᠦ ᠬᠤᠰᠢᠭᠤᠨ ᠤ ᠭᠤᠤᠯᠳᠠᠯᠭᠠᠲᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-04-26
     4 ᠰᠠᠷ᠎ᠠ ᠶᠢᠨ 22 ᠤᠨ ᠡᠳᠦᠷ ᠪᠦᠬᠦ ᠬᠤᠰᠢᠭᠤᠨ ᠤ ᠭᠤᠤᠯᠳᠠᠯᠭᠠᠲᠦ ᠠᠵᠢᠯ ᠤᠨ ᠳᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠤᠨ ᠲᠤᠬᠠᠢ ᠵᠠᠰᠠᠨ ᠴᠡᠭᠴᠡᠯᠡᠯᠲᠡ᠂ ᠶᠡᠷᠦᠩᠬᠡᠶᠢᠯᠡᠭᠰᠡᠨ ᠠᠵᠤ ᠠᠬᠤᠢ ᠶᠢᠨ ᠡᠷᠭᠢᠯᠲᠡ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ᠂ ᠡᠮᠴᠢᠯᠡᠭᠡᠨ ᠤ ᠬᠤᠯᠪᠤᠭᠠᠲᠦ ᠴᠤᠭᠴᠠ ᠵᠡᠷᠭᠡ ᠭᠤᠤᠯᠳᠠᠯᠭᠠᠲᠠᠢ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠬᠤ ᠶᠢᠨ ᠬᠠᠮᠲᠦ ᠣᠶᠢᠷ᠎ᠠ ᠶᠢᠨ ᠬᠤᠭᠤᠴᠠᠭᠠᠨ ᠤ ᠭᠤᠤᠯᠳᠠᠯᠭᠠᠲᠠᠢ ᠠᠵᠢᠯ ᠳᠤ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠪᠡ᠃
     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠬᠦᠬᠡᠪᠠᠭᠠᠳᠤᠷ᠂ ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠳᠣᠭᠤᠷᠢᠭ ︵ᠬᠦᠷᠢᠶᠡᠯᠡᠩ︶ ᠪᠤᠯᠤᠨ ᠰᠤᠮᠤ ᠪᠠᠯᠭᠠᠰᠤ ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠤ᠋ ᠬᠤᠷᠠᠯ ᠡᠷᠬᠢᠯᠡᠪᠡ᠃      ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠵᠤᠤ ᠹᠸᠢ ᠯᠤ᠋ ᠵᠢᠭᠠᠬᠤ ᠳᠤ ᠪᠠᠨ ᠤᠳᠤᠬᠠᠨ ᠳᠤ᠂ ᠡᠯ᠎ᠡ ᠲᠦᠷᠦᠯ ᠤᠨ ᠠᠵᠢᠯ ᠨᠢ ᠵᠢᠯ ᠤᠨ ᠡᠬᠢᠨ ᠤ ᠪᠠᠶᠢᠷᠢᠯᠠᠭᠤᠯᠤᠯᠲᠠ ᠶᠤᠰᠤᠭᠠᠷ ᠡᠮᠬᠢ ᠴᠡᠭᠴᠡᠲᠡᠢ ᠶᠠᠪᠤᠭᠳᠠᠵᠤ ᠪᠠᠰᠠ ᠴᠣ᠋ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠵᠡᠷᠭᠡ ᠲᠦᠷᠦ ᠶᠢᠨ ᠪᠣᠳᠤᠯᠭ᠎ᠠ ᠶᠢᠨ ᠨᠦᠯᠦᠭᠡᠯᠡᠯ  ᠢᠶᠠᠷ ᠪᠠᠭ᠎ᠠ ᠪᠤᠰᠤ ᠬᠦᠴᠢᠷᠳᠡᠯ ᠪᠤᠯᠤᠨ ᠠᠰᠠᠭᠤᠳᠠᠯ ᠤᠷᠤᠰᠢᠵᠤ ᠪᠤᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠷᠬᠡᠪᠰᠢ ᠠᠵᠢᠯ ᠤᠨ ᠬᠦᠴᠢᠷᠳᠡᠯ ᠢ ᠬᠦᠢᠴᠡᠳ ᠣᠶᠢᠯᠠᠭᠠᠵᠣ᠂ ᠵᠤᠷᠢᠭᠲᠠᠢ ᠪᠠᠷ ᠴᠢᠷᠮᠠᠶᠢᠨ ᠤᠷᠤᠭᠰᠢᠯᠠᠬᠤ ᠵᠤᠷᠢᠭ ᠰᠠᠨᠠᠭ᠎ᠠ ᠶᠢ ᠦᠨᠡᠨᠬᠦ ᠴᠢᠩᠭᠠᠳᠬᠠᠵᠤ᠂ ᠪᠦᠬᠦ ᠵᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠵᠤ᠂ ᠤᠷᠤᠨ ᠨᠤᠲᠤᠭ  ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠪᠠᠷ ᠴᠢᠷᠮᠠᠶᠢᠬᠤ ᠬᠡᠷᠡᠭᠲᠡᠢ ᠬᠡᠵᠡᠢ᠃      ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ  ᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ᠂ ᠳᠡᠭᠦᠨ ᠤ ᠵᠢᠷᠭᠤᠭ᠎ᠠ ᠤᠳᠠᠭᠠᠨ ᠤ ᠮᠤᠵᠢ ᠠᠯᠤᠰᠯᠠᠭᠰᠠᠨ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠣ ᠳᠡᠭᠡᠲᠦ ᠱᠠᠲᠤᠨ ᠤ ᠠᠵᠢᠯ ᠤᠨ ᠱᠠᠭᠠᠷᠳᠠᠯᠭ᠎ᠠ  ᠶᠢ ᠤᠨᠤᠪᠴᠢᠲᠠᠢ ᠠᠳᠬᠤᠨ ᠳᠠᠰᠤᠷᠠᠯᠲᠠ ᠦᠭᠡᠢ ᠰᠤᠷᠤᠯᠴᠠᠨ ᠦᠢᠯᠡᠳᠦᠯᠭᠡᠵᠢᠭᠦᠯᠬᠦ ᠪᠠᠷ ᠲᠠᠮᠵᠢᠨ ᠦᠢᠯᠡᠳᠦᠯᠭᠡ ᠶᠢ ᠵᠢᠯᠤᠭᠤᠳᠤᠭᠤᠯᠵᠤ᠂ ᠠᠵᠢᠯ ᠤᠨ ᠴᠢᠳᠠᠪᠬᠢ ᠶᠢ ᠳᠡᠭᠡᠭᠰᠢᠯᠡᠭᠦᠯᠦᠨ ᠲᠦᠪ᠂ ᠦᠪᠡᠷᠳᠡᠭᠡᠨ ᠵᠠᠰᠠᠬᠤ ᠤᠷᠤᠨ ᠪᠤᠯᠤᠨ ᠬᠤᠲᠠ ᠶᠢᠨ ᠨᠢᠭᠡ ᠪᠦᠯᠦᠭ ᠰᠢᠢᠳᠪᠦᠷᠢᠲᠤ ᠪᠣᠳᠣᠯᠭ᠎ᠠ ᠶᠢᠨ ᠳᠣᠭᠤᠰᠢᠯᠠᠭᠤᠯᠣᠯᠳᠠ ᠶᠢ ᠰᠠᠶᠢᠲᠤᠷ ᠠᠳᠬᠤᠬᠤ ᠬᠡᠷᠡᠭᠲᠡᠢ ᠭᠡᠪᠡ᠃      ᠵᠤᠤ ᠹᠸᠢ ᠯᠣ᠋ ᠴᠢᠬᠤᠯᠠᠴᠢᠯᠠᠬᠤ ᠳᠤ ᠪᠠᠨ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠡᠯ᠎ᠡ ᠲᠦᠷᠦᠯ ᠤᠨ ᠠᠵᠢᠯ ᠢ ᠠᠬᠢᠭᠤᠯᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠭᠠᠷ ᠭᠦᠢᠴᠡᠳᠬᠡᠯ ᠤᠨ ᠠᠵᠢᠯ ᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠠᠶᠢᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠴᠠᠭ ᠲᠤᠬᠠᠢ ᠳᠤᠨᠢ ᠠᠰᠠᠭᠤᠳᠠᠯ ᠢ ᠰᠢᠢᠳᠪᠣᠷᠢᠯᠡᠨ ᠲᠦᠷᠦᠯ ᠵᠦᠢᠯ ᠤᠨ ᠪᠠᠷᠢᠯᠭ᠎ᠠ ᠪᠠᠨ ᠡᠬᠢᠯᠡᠬᠦᠯᠬᠦ ᠨᠤᠷᠮ᠎ᠠ ᠶᠢ ᠳᠡᠭᠡᠭᠰᠢᠯᠡᠬᠦᠯᠬᠦ ᠬᠡᠷᠡᠭᠲᠡᠢ᠃ ᠤᠯᠠᠨ ᠠᠷᠭ᠎ᠠ ᠪᠠᠷᠢᠯ ᠢ ᠠᠰᠢᠭᠯᠠᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠬᠤ ᠵᠡᠷᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠤᠯᠠᠨ ᠲᠦᠮᠡᠨ ᠢ ᠳᠠᠶᠢᠴᠢᠯᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠵᠤ᠂ ᠵᠦᠷᠢᠴᠡᠯ ᠮᠦᠷᠭᠦᠯᠳᠦᠭᠡᠨ ᠢ ᠴᠠᠭ ᠲᠤᠬᠠᠢ ᠳᠤᠨᠢ ᠰᠢᠢᠳᠪᠣᠷᠢᠯᠡᠬᠦ ᠬᠡᠷᠡᠭᠲᠡᠢ᠃ ᠲᠦᠪ  ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ  ᠶᠢᠨ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠪᠠᠷ ᠲᠤᠬᠢᠶᠠᠯ ᠪᠤᠯᠭᠠᠵᠤ ᠶᠠᠳᠠᠭᠤ ᠶᠢ ᠳᠡᠳᠬᠦᠬᠦ ᠠᠷᠭ᠎ᠠ ᠪᠠᠷᠢᠯ ᠢ ᠬᠡᠷᠡᠭᠵᠢᠬᠦᠯᠬᠦ ᠴᠢᠭᠯᠡᠯᠲᠦ ᠴᠢᠨᠠᠷ ᠪᠤᠯᠤᠨ ᠳᠡᠳᠬᠦᠨ ᠳᠡᠮᠵᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠶᠠᠳᠠᠭᠤ ᠠᠴᠠ ᠠᠩᠬᠢᠵᠢᠷᠠᠭᠰᠠᠨ ᠦᠷ᠎ᠡ ᠪᠦᠲᠦᠮᠵᠢ ᠶᠢ ᠪᠠᠬᠢᠵᠢᠭᠦᠯᠬᠦ ᠬᠡᠷᠡᠭᠲᠡᠢ᠃ ᠬᠦᠬᠡᠮᠳᠣᠭ᠌ ᠠᠭᠤᠯᠠ ᠴᠡᠩᠬᠡᠭ ᠣᠰᠣ ᠪᠣᠯ ᠠᠯᠳᠠ ᠮᠦᠩᠬᠦᠨ ᠠᠭᠤᠯᠠ ᠮᠦᠨ ᠬᠡᠬᠦ ᠤᠨᠤᠯᠵᠢᠭᠤᠨ ᠢ ᠪᠠᠲᠦ ᠪᠤᠢ ᠪᠤᠯᠭᠠᠵᠤ᠂ ᠬᠠᠪᠤᠷ ᠤᠨ ᠤᠯᠠᠷᠢᠯ  ᠤᠨ ᠠᠯᠪᠠᠨ ᠵᠢᠷᠤᠮ ᠤᠨ ᠣᠶᠢᠵᠢᠭᠤᠯᠤᠯᠲᠠ ᠶᠢᠨ ᠠᠵᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠤ ᠠᠮᠢᠳᠤᠷᠠᠯ ᠢ ᠰᠢᠭᠤᠳ ᠨᠦᠯᠦᠭᠡᠯᠡᠬᠦ ᠬᠤᠲᠠ ᠶᠢᠨ ᠵᠠᠰᠠᠭ ᠵᠠᠬᠢᠷᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠳᠤᠳᠠᠭᠲᠠᠯ ᠲᠠᠢ ᠲᠠᠯ᠎ᠠ ᠶᠢ ᠨᠦᠬᠦᠪᠦᠷᠢᠯᠡᠵᠤ᠂ ᠪᠦᠬᠦ ᠤᠯᠤᠰ ᠤᠨ ᠰᠢᠶᠡᠨ ᠤ ᠳᠡᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠰᠢᠯᠢᠳᠡᠭ ᠰᠠᠶᠢᠨ ᠤᠷᠴᠢᠨ ᠢ ᠬᠠᠩᠭᠠᠬᠤ ᠬᠡᠷᠡᠭᠲᠡᠢ᠃ ᠲᠦᠷᠦᠯ ᠵᠦᠢᠯ ᠢᠶᠠᠷ ᠭᠠᠷᠳᠠᠴᠠ ᠪᠤᠯᠭᠠᠨ᠂ ᠬᠡᠪᠴᠢᠶ᠎ᠡ ᠲᠦᠯᠦᠪ ᠪᠤᠯᠤᠨ ᠬᠠᠷᠢᠭᠤᠴᠠᠯᠭᠠᠳᠣ ᠬᠦᠮᠦᠨ ᠢ ᠲᠤᠲᠤᠷᠬᠠᠶᠢᠯᠠᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠳᠣᠭᠤᠰᠢᠯᠠᠭᠤᠯᠣᠯᠳᠠ ᠶᠢ ᠠᠬᠢᠭᠤᠯᠤᠨ᠂ ᠬᠦᠮᠦᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠵᠠᠰᠠᠨ ᠴᠡᠭᠴᠡᠯᠡᠯᠲᠡ ᠶᠢᠨ ᠤᠷᠲᠦ ᠬᠤᠭᠤᠴᠠᠭᠠᠨ ᠤ ᠲᠤᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠳᠠᠯᠲᠠ ᠭᠡᠮ ᠢ ᠪᠠᠶᠢᠴᠠᠭᠠᠨ ᠢᠯᠡᠷᠡᠬᠦᠯᠵᠤ ᠴᠡᠭᠴᠡᠯᠡᠯᠲᠡ ᠬᠢᠵᠤ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠳᠣᠭᠤᠰᠢᠯᠠᠭᠤᠯᠣᠯᠳᠠ ᠳᠤ ᠬᠢᠨᠠᠯᠲᠠ ᠲᠠᠯᠪᠢᠵᠤ᠂ ᠠᠶᠦᠯᠭᠦᠢ ᠦᠢᠯᠡᠳᠪᠦᠷᠢᠯᠡᠯ ᠤᠨ ᠳᠤᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠬᠡᠵᠡᠢ᠃      ᠵᠤᠤ ᠹᠸᠢ ᠯᠣ᠋ ᠱᠠᠭᠠᠷᠳᠠᠬᠤ ᠳᠤ ᠪᠠᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠳᠤᠯᠤᠭᠠᠶᠢᠯᠠᠨ ᠳᠠᠭᠤᠷᠢᠶᠠᠯ ᠦᠵᠡᠭᠦᠯᠵᠤ᠂ ᠪᠦᠬᠦ ᠰᠡᠳᠬᠢᠯ ᠪᠦᠬᠦ ᠬᠦᠴᠦᠨ ᠢᠶᠠᠷ ᠴᠢᠷᠮᠠᠶᠢᠨ ᠠᠵᠢᠯᠯᠠᠵᠤ᠂ ᠤᠬᠠᠮᠰᠠᠷ ᠠᠴᠠ ᠪᠠᠨ ᠦᠨᠳᠦᠰᠦᠨ ᠱᠠᠲᠤᠨ ᠳᠤ ᠬᠦᠨᠵᠡᠭᠡᠶᠢᠷᠡᠨ᠂ ᠠᠰᠠᠭᠤᠳᠠᠯ ᠢ ᠰᠢᠢᠳᠪᠣᠷᠢᠯᠡᠵᠣ ᠡᠯ᠎ᠡ ᠲᠦᠷᠦᠯ ᠤᠨ ᠠᠵᠢᠯ ᠢ ᠯᠠᠪᠳᠠᠭᠤᠨ ᠢᠶᠠᠷ ᠠᠬᠢᠭᠤᠯᠤᠨ᠂ ᠪᠦᠬᠦ ᠵᠢᠯ ᠤᠨ ᠡᠭᠦᠷᠭᠡ ᠪᠠᠨ ᠪᠡᠶᠡᠯᠡᠭᠦᠯᠦᠨ᠂ ᠰᠢᠨ᠎ᠡ ᠳᠤᠮᠳᠠᠳᠦ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠳᠤ ᠢᠳᠡᠪᠬᠢᠲᠠᠢ ᠦᠢᠯᠡᠳᠦᠯ ᠢᠶᠠᠨ ᠦᠵᠡᠬᠦᠯᠬᠦ ᠪᠠᠷ ᠴᠢᠷᠮᠠᠶᠢᠬᠤ ᠬᠡᠷᠡᠭᠲᠡᠢ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号