ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠳᠣᠯᠣᠳᠤᠭᠠᠷ ᠤᠳᠠᠭᠠᠨ ᠤ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-04-26
     4 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠳᠣᠯᠣᠳᠤᠭᠠᠷ ᠤᠳᠠᠭᠠᠨ ᠤ ᠰᠤᠷᠤᠯᠴᠠᠬᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠦ ᠬᠤᠷᠠᠯ ᠡᠷᠬᠢᠯᠡᠬᠦ ᠶᠢᠨ ᠬᠠᠮᠲᠣ ᠶᠠᠷᠢᠶ᠎ᠠ ᠲᠠᠯᠪᠢᠵᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠤ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠨᠠᠮ ᠶᠢᠨ ᠬᠤᠷᠢᠶᠠᠨ ᠤ ᠪᠠᠶᠢᠩᠭᠤ ᠶᠢᠨ ᠬᠡᠰᠢᠭᠦᠨ ᠵᠣᠬᠢᠶᠠᠨ ᠪᠠᠶᠢᠭᠤᠯᠬᠤ ᠬᠡᠯᠲᠡᠰ ᠶᠢᠨ ᠳᠠᠷᠤᠭ᠎ᠠ ᠰᠦ᠋ ᠰᠢᠨ ᠹᠠ᠂ ᠬᠤᠰᠢᠭᠤ ᠨᠠᠮ ᠶᠢᠨ ᠬᠤᠷᠢᠶᠠᠨ ᠤ ᠪᠠᠶᠢᠩᠭᠤ ᠶᠢᠨ ᠬᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ ᠵᠡᠷᠭᠡ ᠬᠤᠰᠢᠭᠤ ᠰᠢᠶᠠᠨ ᠱᠠᠲᠤᠨ ᠤ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠠᠶᠢᠨ᠎ᠠ᠃      ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠴᠦᠩᠴᠢᠩ ᠳᠤ ᠰᠢᠨᠵᠢᠯᠡᠨ ᠪᠠᠶᠢᠴᠠᠭᠠᠯᠳᠠ ᠬᠢᠭᠰᠡᠨ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠮᠤᠵᠢ ᠶᠢᠨ ᠭᠦᠩᠱᠠᠨ ᠰᠢᠶᠠᠨ ᠤ ᠳ᠋ᠦ᠋ ᠯᠦᠩ ᠵᠢᠶᠠᠩ ᠪᠠᠯᠭᠠᠰᠤᠨ ᠤ ᠣᠯᠠᠨ ᠲᠥᠮᠡᠨ ᠳᠤ ᠢᠯᠡᠭᠡᠭᠰᠡᠨ ᠬᠠᠷᠢᠭᠤ ᠵᠠᠬᠢᠳᠠᠯ᠂ ᠶᠡᠷᠦᠩᠬᠡᠢ ᠱᠦᠵᠢ ᠰᠢ ᠶᠢᠨ ᠫᠢᠩ ᠤᠨ ᠠᠯᠳᠠᠷᠲᠤ ᠵᠣᠬᠢᠶᠠᠯ ︽ᠬᠡᠪᠯᠡᠯ ᠮᠡᠳᠡᠭᠡᠯᠡᠯ ᠤᠨ ᠠᠭᠤᠰᠤᠯᠴᠠᠨ ᠬᠥᠭᠵᠢᠬᠦ ᠶᠢ ᠲᠦᠷᠭᠡᠨ ᠠᠬᠢᠭᠤᠯᠵᠤ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠪᠠᠶᠢᠷᠢᠰᠢᠯ ᠢ ᠪᠠᠶᠢᠭᠤᠯᠬᠤ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠯᠢ ᠵᠢᠢ ᠡᠾᠧᠩ ᠤᠨ ︽ᠡᠭᠦᠷᠭᠡᠯᠡᠯ ᠬᠠᠷᠢᠭᠤᠴᠠᠯᠭ᠎ᠠ ᠪᠠᠨ ᠴᠢᠩᠭᠠᠳᠬᠠᠵᠤ᠂ ᠴᠡᠭᠴᠡᠯᠡᠯᠲᠡ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠥᠪᠰᠢᠨ ᠤ ᠴᠢᠬᠤᠯᠠ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠬᠦ︾ ᠵᠡᠷᠭᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠵᠣᠣ ᠹᠸᠢ ᠯᠦ ᠵᠢᠭᠠᠵᠤ ᠭᠠᠷᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠪᠢᠳᠠᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠴᠢᠭᠯᠡᠯ ᠢ ᠲᠣᠲᠣᠷᠬᠠᠢ ᠵᠢᠭᠠᠨ ᠦᠭᠴᠦ᠂ ᠠᠵᠢᠯ ᠢᠶᠠᠨ ᠥᠷᠨᠢᠭᠦᠯᠬᠦ ᠶᠢᠨ ᠦᠨᠳᠦᠰᠦᠨ ᠵᠢᠷᠤᠮᠯᠠᠯ ᠪᠠ ᠴᠢᠬᠤᠯᠠ ᠵᠢᠯᠣᠭᠤᠳᠣᠯᠭ᠎ᠠ ᠪᠣᠯᠣᠭᠰᠠᠨ ᠪᠠᠶᠢᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ᠂ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠣᠶᠢᠯᠠᠭᠠᠨ ᠵᠢᠭᠠᠪᠤᠷᠢ ᠶᠢᠨ ᠱᠠᠭᠠᠷᠳᠠᠯᠭ᠎ᠠ ᠪᠣᠯᠣᠨ ᠶᠠᠷᠢᠶᠠᠨ ᠤ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠦᠢᠯᠡᠳᠦᠯᠭᠡ ᠪᠠᠨ ᠵᠢᠯᠣᠭᠤᠳᠣᠭᠤᠯᠬᠤ ᠬᠡᠷᠡᠭᠲᠡᠢ ᠭᠡᠵᠡᠢ᠃     ᠵᠣᠣ ᠹᠸᠢ ᠯᠦ ᠴᠢᠬᠤᠯᠠᠴᠢᠯᠠᠬᠤ ᠳᠠᠭᠠᠨ᠂ 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠵᠠᠩᠭᠢᠯᠠᠭ᠎ᠠ ᠶᠢᠨ ᠵᠢᠯ᠂ ᠮᠥᠨᠴᠦ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠬᠢᠷᠳᠣᠯ ᠦᠭᠡᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠨ ᠡᠯ᠎ᠡ ᠲᠠᠯ᠎ᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠬᠦᠮᠦᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ ᠤᠨ ᠪᠦᠲᠦᠭᠡᠭᠲᠡᠭᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠨᠡᠨ ᠬᠦ ᠴᠢᠩᠭᠠᠳᠬᠠᠨ᠂ ᠬᠠᠪᠤᠷ ᠤᠨ ᠣᠯᠠᠷᠢᠯ ᠤᠨ ᠲᠠᠷᠢᠶᠠᠯᠠᠩ ᠦᠢᠯᠡᠳᠪᠦᠷᠢᠯᠡᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠣᠯᠠᠨ  ᠲᠠᠯ᠎ᠠ ᠶᠢᠨ ᠠᠷᠭ᠎ᠠ ᠬᠡᠮᠵᠢᠶ᠎ᠡ ᠪᠠᠷ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠢᠳᠪᠦᠷᠢᠯᠡᠨ ᠡᠯ᠎ᠡ ᠬᠦᠷᠢᠶ᠎ᠡ ᠴᠠᠷᠠᠭᠠᠨ ᠤ ᠠᠶᠤᠯ ᠳᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠠᠬᠤ ᠠᠵᠢᠯ ᠤᠨ ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠳᠣᠭᠤᠰᠢᠯᠠᠭᠤᠯᠵᠣ ᠬᠠᠪᠰᠤᠷᠤᠨ ᠳᠡᠳᠬᠦᠬᠦ ᠺᠠᠳ᠋ᠷ ᠠᠵᠢᠯᠲᠠᠳ ᠶᠠᠳᠠᠭᠤ ᠬᠦᠴᠢᠷᠳᠡᠯᠲᠡᠢ ᠡᠷᠦᠬᠡ ᠳᠤ ᠪᠠᠶᠢᠩᠭᠤ ᠭᠦᠨᠵᠡᠭᠡᠶᠢᠷᠡᠨ ᠵᠢᠯ ᠤᠨ ᠬᠥᠭᠵᠢᠯᠲᠡ ᠶᠢᠨ ᠲᠥᠯᠥᠪᠯᠡᠭᠡ ᠶᠢ ᠬᠠᠮᠵᠢᠯᠴᠠᠨ ᠲᠣᠭᠲᠠᠭᠠᠵᠤ ᠣᠷᠣᠯᠭ᠎ᠠ ᠶᠢ ᠣᠨᠣᠪᠴᠢᠲᠠᠢ ᠲᠥᠰᠦᠭᠡᠯᠡᠨ ᠪᠣᠳᠣᠵᠤ᠂ ᠣᠷᠣᠯᠭ᠎ᠠ  ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠲᠣᠲᠣᠷᠬᠠᠶᠢᠯᠠᠨ ᠦᠢᠯᠡᠳᠪᠦᠷᠢᠯᠡᠯ ᠤᠨ ᠬᠥᠭᠵᠢᠯᠲᠡ ᠶᠢ ᠵᠢᠯᠣᠭᠤᠳᠴᠤ᠂ ᠶᠠᠳᠠᠭᠤ ᠬᠦᠴᠢᠷᠳᠡᠯᠲᠡᠢ ᠡᠷᠦᠬᠡ ᠶᠢ ᠠᠵᠢᠯ ᠠᠮᠢᠳᠤᠷᠠᠯ ᠳᠤ ᠪᠠᠨ ᠢᠲᠡᠭᠡᠯ ᠵᠣᠷᠢᠭ ᠲᠠᠢ ᠪᠠᠶᠢᠯᠭᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠯᠠᠪᠳᠠᠭᠤᠨ ᠪᠠᠲᠤᠲᠠᠢ ᠴᠡᠭᠴᠡᠯᠡᠨ ᠰᠠᠶᠢᠵᠢᠷᠠᠭᠤᠯᠵᠤ᠂ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠣᠶᠢᠵᠢᠭᠤᠯᠤᠯᠲᠠ ᠶᠢᠨ ᠠᠵᠢᠯ ᠢ ᠰᠠᠶᠢᠳᠤᠷ ᠠᠩᠬᠠᠷᠴᠤ᠂ ᠪᠡᠯᠴᠢᠭᠡᠷᠯᠡᠭᠦᠯᠬᠦ ᠶᠢ ᠬᠤᠷᠢᠭᠯᠠᠬᠤ ᠪᠠ ᠠᠲᠠᠷ ᠬᠠᠭᠠᠯᠪᠤᠷᠢᠯᠠᠬᠤ ᠶᠢ ᠬᠤᠷᠢᠭᠯᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠪᠠ ᠠᠲᠠᠷ ᠬᠠᠭᠠᠯᠪᠤᠷᠢᠯᠠᠬᠤ ᠶᠢ ᠬᠤᠷᠢᠭᠯᠠᠬᠤ ᠤᠬᠠᠮᠰᠠᠷ ᠢ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠠᠶᠢᠳᠤᠷ ᠬᠠᠮᠠᠭᠠᠯᠠᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠰᠠᠶᠢᠳᠤᠷ ᠠᠳᠬᠤᠵᠤ᠂ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠪᠣᠯᠣᠨ ᠰᠠᠯᠠᠭ᠎ᠠ ᠮᠥᠴᠢᠷ ᠤᠨ ᠬᠢᠨ ᠣᠷᠣᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠢ ᠰᠢᠢᠳᠪᠦᠷᠢᠯᠡᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠴᠠᠭ ᠦᠷᠭᠦᠯᠵᠢ ᠴᠢᠬᠤᠯᠠᠴᠢᠯᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠵᠤ᠂ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠡᠢ᠃     ᠵᠣᠣ ᠹᠸᠢ ᠯᠦ ᠴᠢᠬᠤᠯᠠᠴᠢᠯᠠᠬᠤ ᠳᠠᠭᠠᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠰᠡᠳᠬᠢᠯᠭᠡ ᠪᠣᠯᠣᠨ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ ᠬᠦᠴᠢᠷᠳᠡᠯ ᠢ ᠢᠯᠠᠨ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ᠂ ᠡᠴᠦᠰ ᠲᠤᠨᠢ ᠲᠤᠯᠲᠠᠯ᠎ᠠ ᠠᠳᠬᠤᠬᠤ ᠡᠷᠴᠢ ᠵᠣᠷᠢᠭ᠂ ᠴᠥᠬᠦᠷᠡᠰᠢ ᠦᠭᠡᠢ ᠲᠡᠮᠡᠴᠡᠬᠦ ᠬᠠᠳᠠᠨ ᠵᠣᠷᠢᠭ ᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号