ᠣᠶᠢᠷ᠎ᠠ ᠳᠤ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠰᠥᠯᠳᠠ | ᠰᠤᠮᠤᠨ ᠳᠤ ᠭᠥᠨᠵᠡᠭᠡᠶᠢᠷᠠᠨ ᠬᠤᠯᠪᠤᠭᠳᠠᠯ ᠪᠥᠭᠦᠢ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ ᠵᠢᠯᠤᠭᠤᠳᠤᠯᠭ᠎ᠠ | ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠥᠵᠢ ᠰᠤᠷᠭᠠᠯᠳᠤ᠂ ᠬᠤᠰᠢᠭᠤ ᠤᠳᠤᠷᠢᠳᠤᠯᠭ᠎ᠠ ᠸᠠᠩ ᠶᠥᠩ ᠴᠢᠩ᠂ ᠪᠠᠶᠠᠠᠴᠠᠩᠭᠡᠯ ᠪᠤᠯᠤᠨ | ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠰᠥᠯᠳᠠ | ᠰᠤᠮᠤᠨ ᠤ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃ | ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠤᠷᠢᠳ ᠬᠤᠵᠢᠳ ᠰᠥᠯᠳᠠ ᠰᠤᠮᠤᠨ ᠤ | ᠲᠤᠭᠤᠷᠢᠮ ᠭᠠᠴᠠᠭ᠎ᠠ᠂ ᠲᠠᠪᠤᠨ ᠬᠤᠰᠢᠭᠤ ᠮᠠᠯ ᠤᠨ ᠰᠤᠶᠤᠯ ᠤᠨ ᠲᠤᠰᠬᠠᠢ ᠬᠤᠷᠰᠢᠶᠠᠵᠢᠯ᠂ ᠡᠾᠧ ᠨᠢᠤ ᠥᠭᠡᠷ ᠤᠨ | ᠲᠠᠵᠢᠭᠡᠪᠤᠷᠢ ᠶᠢᠨ ᠰᠠᠭᠤᠷᠢᠨ ᠭᠠᠵᠠᠷ ᠢᠶᠠᠷ ᠭᠥᠨᠵᠡᠭᠡᠶᠢᠷᠠᠨ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ | ᠲᠥᠰᠤᠯ ᠢ ᠨᠠᠶᠢᠷᠠᠭᠤᠯᠤᠨ ᠵᠤᠭᠢᠶᠠᠬᠤ᠂ ᠠᠵᠤ ᠥᠢᠯᠠᠰ ᠢ ᠲᠥᠯᠥᠪᠯᠡᠨ ᠲᠤᠭᠳᠠᠭᠠᠬᠤ᠂ ᠲᠤᠯᠤᠭᠠᠶᠢᠯᠠᠬᠤ ᠠᠵᠤ | ᠠᠬᠤᠶᠢᠯᠠᠯ ᠤᠨ ᠭᠥᠭᠵᠢᠯᠳᠠ ᠶᠢᠨ ᠪᠠᠶᠢᠳᠠᠯ ᠪᠠ ᠮᠠᠯᠴᠢᠨ ᠲᠠᠷᠢᠶᠠᠴᠢᠳ ᠤᠨ ᠠᠰᠢᠭ ᠲᠤᠰᠠ ᠶᠢᠨ ᠭᠡᠯᠭᠢᠶᠠᠵᠢᠯ ᠤᠨ | ᠲᠤᠭᠳᠠᠯᠴᠠᠭᠠᠨ ᠤ ᠪᠠᠶᠢᠭᠤᠯᠤᠯᠳᠠ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ ᠡᠯ᠎ᠠ ᠭᠠᠵᠠᠷ ᠡᠯ᠎ᠠ ᠰᠠᠯᠠᠭ᠎ᠠ ᠮᠥᠴᠢᠷ ᠤᠨ ᠬᠢᠨ ᠰᠢ ᠶᠢᠨ ᠫᠢᠩ | ᠶᠠᠷᠤᠩᠭᠡᠢ ᠱᠥᠵᠢ ᠶᠢᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠶᠢ ᠠᠭᠢᠭᠤᠯᠬᠤ ᠲᠤᠬᠠᠢ ᠰᠢᠷᠢᠰ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠳᠣᠭᠤᠰᠢᠯᠠᠭᠤᠯᠵᠣ ︽ᠲᠠᠪᠤ ᠶᠢ ᠭᠥᠭᠵᠢᠭᠦᠯᠤᠨ | ᠮᠠᠨᠳᠤᠭᠤᠯᠬᠤ︾ ᠱᠠᠭᠠᠷᠳᠠᠯᠭ᠎ᠠ ᠶᠢᠨ ᠲᠤᠭᠤᠷᠢᠨ ᠳᠤ ᠲᠤᠬᠠᠢ ᠶᠢᠨ ᠭᠠᠵᠠᠷ ᠤᠨ ᠢᠶᠠᠨ ᠡᠭᠢ ᠪᠠᠶᠠᠯᠢᠭ ᠤᠨ | ᠲᠠᠪᠠᠭᠤᠯᠢᠭ ᠲᠤ ᠪᠠᠨ ᠲᠥᠰᠢᠭᠯᠡᠨ ᠶᠠᠷᠤᠩᠭᠡᠢ ᠲᠥᠯᠥᠪᠵᠢᠭᠦᠯᠭᠡ ᠪᠠᠷ ᠭᠥᠳᠤᠯᠤᠨ ᠲᠠᠭᠠᠭᠤᠯᠬᠤ᠂ ᠵᠢᠱᠢᠶ᠎ᠠ | ᠥᠵᠠᠭᠦᠯᠤᠨ ᠲᠠᠶᠢᠴᠢᠯᠠᠬᠤ᠂ ᠤᠷᠴᠢᠨ ᠲᠤᠭᠤᠷᠢᠨ ᠢ ᠴᠡᠭᠴᠡᠯᠠᠨ ᠵᠠᠰᠠᠬᠤ ᠠᠵᠢᠯ ᠢ ᠴᠢᠩᠭ᠎ᠠ ᠠᠳᠬᠤᠵᠤ᠂ ᠭᠥᠳᠡᠭᠡ | ᠲᠤᠰᠬᠤᠨ ᠢ ᠭᠥᠭᠵᠢᠭᠦᠯᠤᠨ ᠮᠠᠨᠳᠤᠭᠤᠯᠬᠤ ᠵᠡᠷᠬᠡ ᠠᠵᠢᠯ ᠢ ᠲᠥᠷᠭᠡᠨ ᠠᠭᠢᠭᠤᠯᠬᠤ ᠭᠡᠷᠡᠭᠳᠠᠢ ᠭᠡᠵᠡᠢ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠭᠤᠤᠯᠯᠠᠬᠤ ᠠᠵᠤ ᠠᠬᠤᠶᠢᠯᠠᠯ ᠤᠨ ᠰᠣᠩᠭᠤᠯᠳᠠ ᠶᠢᠨ ᠠᠵᠢᠯ | ᠲᠡᠭᠡᠷ᠎ᠡ ᠰᠤᠮᠤ ᠪᠠᠯᠭᠠᠰᠤ ᠪᠠ ᠭᠠᠴᠠᠭ᠎ᠠ ᠲᠤᠰᠬᠤᠨ ᠥᠷᠭᠡᠨ ᠢᠶᠠᠷ ᠰᠠᠨᠠᠯ ᠬᠤᠷᠢᠶᠠᠵᠤ᠂ ᠰᠢᠨᠵᠢᠯᠠᠭᠦ ᠤᠬᠠᠭᠠᠨᠴᠢ ᠪᠠᠷ | ᠨᠤᠳᠠᠯᠠᠯᠳᠠ ᠭᠢᠵᠤ᠂ ᠥᠷ᠎ᠠ ᠠᠰᠢᠭ ᠢ ᠲᠥᠰᠥᠪᠯᠠᠨ᠂ ᠭᠥᠭᠵᠢᠯᠳᠠ ᠶᠢᠨ ᠶᠠᠰᠣ ᠴᠢᠨᠠᠷ ᠢ ᠲᠡᠭᠡᠭᠰᠢᠯᠠᠭᠦᠯᠭᠦ ᠭᠡᠷᠡᠭᠳᠠᠢ᠃ | ︽ᠨᠠᠮ ᠤᠨ ᠡᠭᠦᠷ + ᠬᠤᠷᠰᠢᠶᠠᠵᠢᠯ + ᠮᠠᠯᠴᠢᠨ ᠲᠠᠷᠢᠶᠠᠴᠢᠨ ᠡᠷᠤᠭᠡ + ᠶᠠᠳᠠᠭᠤ ᠭᠥᠴᠢᠷᠳᠠᠯᠳᠠᠢ ᠡᠷᠤᠭᠡ︾ | ᠶᠢᠨ ᠭᠥᠭᠵᠢᠯᠳᠠ ᠶᠢᠨ ᠭᠡᠯᠪᠠᠷᠢ ᠶᠢ ᠭᠡᠷᠡᠭᠵᠢᠭᠦᠯᠵᠤ᠂ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠂ ᠠᠰᠢᠭ | ᠲᠤᠰᠠ ᠶᠢᠨ ᠬᠤᠯᠪᠤᠭᠠᠳᠤ ᠲᠤᠭᠳᠠᠯᠴᠠᠭ᠎ᠠ ᠶᠢ ᠲᠠᠭᠦᠯᠳᠠᠷᠵᠢᠭᠦᠯᠵᠤ ᠰᠤᠮᠤ ᠪᠠᠯᠭᠠᠰᠤ᠂ ᠮᠠᠯ ᠲᠠᠷᠢᠶᠠᠯᠠᠩ ᠤᠨ | ᠲᠤᠪᠴᠢᠶ᠎ᠠ ᠮᠠᠯᠴᠢᠨ ᠲᠠᠷᠢᠶᠠᠴᠢᠳ ᠲᠤ ᠲᠠᠷᠢᠮᠠᠯ ᠪᠠ ᠲᠠᠵᠢᠭᠡᠪᠤᠷᠢ ᠶᠢᠨ ᠮᠠᠷᠭᠡᠵᠢᠯ ᠤᠨ ᠲᠠᠮᠵᠢᠯᠭᠡ ᠬᠠᠩᠭᠠᠵᠤ᠂ | ᠮᠠᠯᠴᠢᠨ ᠲᠠᠷᠢᠶᠠᠴᠢᠳ ᠤᠨ ᠥᠷᠭᠦᠯᠵᠢᠯᠠᠨ ᠤᠷᠤᠯᠭ᠎ᠠ ᠪᠠᠨ ᠨᠡᠮᠡᠭᠳᠡᠭᠦᠯᠤᠨ ᠪᠠᠶᠠᠵᠢᠨ ᠴᠢᠨᠠᠭᠡᠯᠢᠭᠵᠢᠭᠦ ᠶᠢ ᠲᠠᠶᠢᠴᠢᠯᠠᠬᠤ | ᠭᠡᠷᠡᠭᠳᠠᠢ ᠭᠡᠵᠡᠢ᠃ | ᠪᠤᠷᠤᠬᠦ᠋ᠳᠡᠭᠡ ᠭᠠᠴᠠᠭᠠᠨ ᠤ ᠪᠠᠭᠢᠵᠢᠭᠦᠯᠤᠨ ᠲᠠᠳᠭᠦᠨ ᠳᠠᠮᠵᠢᠵᠣ ᠪᠠᠶᠢᠬᠤ ᠡᠷᠤᠭᠡ ᠭᠡᠰᠢᠭᠳᠡᠯᠠᠢ ᠶᠢᠨ ᠬᠢᠨ ᠤ | ᠳᠤ ᠵᠤᠤ ᠹᠸᠢ ᠯᠤ᠋ ᠨᠡᠷ ᠲᠠᠭᠦᠨ ᠲᠠᠢ ᠲᠤᠳᠤᠨᠤᠰᠤᠭ ᠢᠶᠠᠷ ᠶᠠᠷᠢᠯᠴᠠᠨ᠂ ᠲᠠᠳᠠᠨ ᠤ ᠥᠢᠯᠡᠳᠪᠤᠷᠢᠯᠠᠯ ᠠᠮᠢᠳᠤᠷᠠᠯ ᠤᠨ | ᠬᠢᠨᠢ ᠪᠠᠶᠢᠳᠠᠯ᠂ ᠠᠵᠢᠯ ᠤᠯᠭᠤᠯᠳᠠ᠂ ᠪᠠᠶ᠎ᠠ ᠶᠢᠨ ᠡᠷᠡᠭᠦᠯ ᠴᠢᠭᠢᠷᠠᠭ ᠤᠨ ᠪᠠᠶᠢᠳᠠᠯ ᠪᠠ ᠶᠠᠳᠠᠭᠤ ᠶᠢ ᠲᠠᠳᠭᠦᠭᠦ | ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠵᠠᠷᠭᠡ ᠲᠠᠯ᠎ᠠ ᠶᠢᠨ ᠪᠠᠶᠢᠳᠠᠯ ᠢ ᠯᠠᠪᠯᠠᠨ ᠠᠰᠠᠭᠤᠬᠤ ᠶᠢᠨ | ᠬᠠᠮᠳᠤ ᠲᠠᠭᠦᠨ ᠢ ᠪᠠᠶᠠᠵᠢᠨ ᠴᠢᠨᠠᠭᠡᠯᠢᠭᠵᠢᠭᠦ ᠢᠳᠡᠭᠡᠯ ᠢᠶᠠᠨ ᠪᠠᠳᠤᠳᠬᠠᠨ᠂ ᠨᠠᠮ ᠵᠠᠰᠠᠭ ᠤᠨ ᠬᠠᠪᠰᠤᠷᠤᠯᠭ᠎ᠠ | ᠲᠠᠮᠵᠢᠯᠭᠡ ᠲᠤᠤᠷ᠎ᠠ ᠥᠪᠠᠷ ᠤᠨ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠵᠣ᠂ ᠠᠮᠢᠳᠤᠷᠠᠯ ᠢᠶᠠᠨ | ᠴᠢᠨᠡᠬᠡᠯᠢᠭᠵᠢᠬᠦᠯᠬᠦ ᠶᠢ ᠵᠤᠷᠢᠭᠵᠢᠭᠤᠯᠵᠠᠢ᠃ | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠡᠨᠡ ᠵᠢᠯ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ | 70 ᠵᠢᠯ ᠤᠢ᠂ ᠴᠢᠨᠡᠭᠡᠯᠢᠭ ᠨᠠᠶᠢᠭᠡᠮ ᠢ ᠪᠥᠭᠦ ᠲᠠᠯ᠎ᠠ ᠪᠠᠷ ᠪᠥᠳᠥᠭᠡᠨ ᠪᠠᠶᠢᠭᠤᠯᠬᠤ ᠪᠠ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠵᠠᠩᠬᠢᠯᠠᠭ᠎ᠠ ᠶᠢᠨ ᠤᠨ ᠪᠤᠯᠬᠤᠷ | ᠴᠠᠭ ᠪᠠᠴᠢᠮ ᠡᠭᠦᠷᠭᠡ ᠭᠥᠨᠳᠤ ᠪᠠᠶᠢᠭ᠎ᠠ ᠶᠤᠮ᠂ ᠡᠯ᠎ᠠ ᠰᠤᠮᠤ ᠪᠠᠯᠭᠠᠰᠤ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ | ᠤᠨ ᠬᠢᠨ ᠰᠢ ᠶᠢᠨ ᠫᠢᠩ ᠶᠠᠷᠤᠩᠭᠡᠢ ᠱᠥᠵᠢ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ | ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠣᠶᠢᠯᠠᠭᠠᠵᠣ | ᠂ ᠤᠯᠤᠰ ᠲᠥᠷᠥ ᠶᠢᠨ ᠵᠤᠭᠰᠤᠴᠠ ᠪᠠᠨ ᠳᠡᠬᠡᠭᠰᠢᠯᠡᠬᠦᠯᠥᠨ ᠥᠵᠠᠯ ᠰᠠᠨᠠᠭ᠎ᠠ ᠪᠠᠨ ᠨᠢᠭᠡᠳᠭᠡᠵᠤ᠂ ᠡᠷᠳᠡ ᠠᠴᠠ | ᠲᠥᠯᠥᠪᠵᠢᠭᠦᠯᠤᠨ᠂ ᠡᠯ᠎ᠠ ᠲᠥᠷᠤᠯ ᠤᠨ ᠲᠠᠳᠭᠦᠨ ᠲᠠᠮᠵᠢᠭᠦ ᠠᠷᠭ᠎ᠠ ᠭᠡᠮᠵᠢᠶ᠎ᠠ ᠶᠢ ᠤᠨᠤᠪᠴᠢᠳᠠᠢ | ᠨᠠᠶᠢᠳᠠᠪᠤᠷᠢᠵᠢᠭᠤᠯᠤᠨ ᠴᠢᠨᠡᠭᠡᠯᠢᠭᠵᠢᠯ ᠤᠨ ᠵᠠᠮ ᠲᠡᠭᠡᠷ᠎ᠡ ᠬᠡᠨ ᠢ ᠴᠤ ᠤᠷᠭᠢᠭᠳᠠᠭᠤᠯᠬᠤ ᠥᠭᠡᠢ ᠪᠠᠶᠢᠬᠤ ᠶᠢ | ᠪᠠᠳᠤᠯᠠᠬᠤ ᠭᠡᠷᠡᠭᠳᠠᠢ ᠭᠡᠵᠡᠢ᠃ |