4 ᠰᠠᠷ᠎ᠠ ᠶᠢᠨ 22 ᠤᠨ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ | ᠹᠸᠢ ᠯᠦ ᠭᠠᠯᠠᠭᠤᠲᠦ ᠪᠠᠯᠭᠠᠰᠤᠨ ᠲᠤᠭᠤᠷᠢᠭ ᠤᠨ ᠬᠤᠲᠠ ᠶᠢᠨ ᠪᠠᠶᠢᠭᠤᠯᠤᠯᠲᠠ᠂ ᠴᠡᠴᠡᠷᠯᠢᠭᠵᠢᠭᠦᠯᠦᠯᠲᠡ | ᠨᠤᠭᠤᠭᠠᠷᠠᠭᠤᠯᠤᠯᠲᠠ ᠂ ᠰᠤᠷᠭᠠᠨ ᠬᠦᠮᠦᠵᠢᠯ ᠤᠨ ᠭᠤᠤᠯᠳᠠᠯᠭᠠᠲᠦ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠤᠳᠤᠷᠢᠳᠤᠯᠭ᠎ᠠ ᠪᠤᠶᠠᠨᠮᠠᠨᠳᠤᠬᠤ᠂ | ᠬᠤᠤ ᠸᠧᠢ᠂ ᠹᠧᠩ ᡁᠢ ᠮᠢᠩ᠂ ᠵᠧᠦ ᠱᠤᠸᠠᠢ᠂ ᠪᠠᠶᠠᠨᠴᠢᠮᠡᠭ ᠵᠢᠴᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ | ᠂ ᠤᠷᠤᠨ ᠰᠠᠭᠤᠴᠠ ᠪᠠ ᠬᠤᠲᠠ ᠬᠦᠳᠡᠭᠡ ᠶᠢᠨ ᠲᠦᠯᠦᠪᠵᠢᠬᠦᠯᠭᠡ ᠪᠦᠲᠦᠭᠡᠨ ᠪᠠᠶᠢᠭᠤᠯᠤᠯᠲᠠ ᠶᠢᠨ ᠳᠣᠪᠴᠢᠶ᠎ᠠ᠂ | ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ ᠶᠢᠨ ᠳᠤᠪᠴᠢᠶ᠎ᠠ᠂ ᠬᠤᠲᠠ ᠬᠦᠳᠡᠭᠡ ᠶᠢᠨ ᠨᠢᠭᠡᠳᠦᠯᠲᠡᠢ | ᠲᠦᠯᠦᠪᠵᠢᠭᠦᠯᠬᠡ ᠶᠢᠨ ᠠᠵᠢᠯ ᠤᠨ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ | ᠪᠠᠷᠠᠳᠠᠨ ᠪᠠᠶᠢᠴᠠᠭᠠᠪᠠ᠃ | | | | | | | ᠵᠤᠤ ᠹᠸᠢ ᠯᠦ ᠨᠠᠷ ᠤᠷᠢᠳ ᠬᠤᠵᠢᠳ ᠵᠡᠭᠦᠨ ᠭᠡᠰᠡᠭ ᠤᠨ ᠲᠤᠭᠤᠷᠢᠭᠤᠯ ᠵᠠᠮ᠂ ᠭᠠᠯᠠᠭᠤᠲᠦ | ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠲᠦᠷᠪᠡᠳᠦᠭᠡᠷ ᠬᠡᠦᠬᠡᠳ ᠤᠨ ᠴᠡᠴᠡᠷᠯᠢᠭ᠂ ᠰᠤᠪᠤᠷᠭ᠎ᠠ | ᠵᠡᠭᠡᠯᠢ ᠶᠢᠨ ᠤᠷᠳᠤᠳᠬᠠᠭᠰᠠᠨ ᠭᠡᠰᠡᠭ᠂ ᠦᠦᠰᠢᠨ ᠨᠢᠭᠡᠳᠦᠭᠡᠷ ᠳᠤᠮᠳᠠᠳᠦ ᠰᠤᠷᠭᠠᠭᠤᠯᠢ ᠶᠢᠨ ᠣᠷᠳᠣ ᠳᠠᠯ᠎ᠠ ᠳᠠᠬᠢ | ᠳᠡᠷᠬᠡᠨ ᠵᠣᠭᠰᠣᠭᠠᠯ ᠤᠨ ᠲᠠᠯᠠᠪᠤᠷ᠂ ᠢ ᠯᠢᠨ ᠶᠤᠸᠠᠨ ᠰᠠᠭᠤᠭᠠᠯᠢ ᠠᠷᠠᠳ ᠤᠨ ᠲᠤᠭᠤᠷᠢᠭ ᠵᠡᠷᠭᠡ ᠭᠠᠵᠠᠷ ᠢᠶᠠᠷ | ᠬᠦᠷᠴᠦ᠂ ᠲᠦᠷᠦᠯ ᠵᠦᠢᠯ ᠤᠨ ᠲᠦᠯᠦᠪᠵᠢᠭᠦᠯᠭᠡ ᠶᠢᠨ ᠪᠠᠶᠢᠳᠠᠯ᠂ ᠪᠠᠷᠢᠯᠭ᠎ᠠ ᠶᠢᠨ ᠠᠬᠢᠴᠠ ᠶᠢᠨ ᠲᠤᠬᠠᠢ ᠪᠠᠶᠢᠴᠠᠭᠠᠨ | ᠦᠵᠡᠬᠦ ᠶᠢᠨ ᠬᠠᠮᠲᠦ ᠲᠤᠬᠠᠢ ᠶᠢᠨ ᠲᠠᠯᠠᠪᠤᠷ ᠲᠤ ᠠᠰᠠᠭᠤᠳᠠᠯ ᠢ ᠵᠤᠬᠢᠴᠠᠭᠤᠯᠤᠨ ᠰᠢᠢᠳᠪᠣᠷᠢᠯᠡᠪᠠ᠃ | | | | | | | ᠭᠠᠯᠠᠭᠤᠲᠦ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠲᠦᠷᠪᠡᠳᠦᠭᠡᠷ ᠬᠡᠦᠬᠡᠳ ᠤᠨ | ᠴᠡᠴᠡᠷᠯᠢᠭ᠂ ᠰᠤᠪᠤᠷᠭ᠎ᠠ ᠵᠡᠭᠡᠯᠢ ᠶᠢᠨ ᠤᠷᠳᠤᠳᠬᠠᠭᠰᠠᠨ ᠭᠡᠰᠡᠭ ᠵᠡᠷᠬᠡ ᠭᠠᠵᠠᠷ ᠢᠶᠠᠷ ᠬᠦᠷᠴᠣ ᠪᠠᠷᠢᠯᠭ᠎ᠠ ᠶᠢᠨ ᠲᠤᠬᠠᠢ | ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠵᠤᠤ ᠹᠸᠢ ᠯᠦ ᠵᠢᠭᠠᠬᠤ ᠳᠤ ᠪᠠᠨ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠳᠠᠬᠢ ᠬᠦᠰᠡᠯ ᠡᠷᠡᠮᠡᠯᠵᠡᠯ ᠨᠢ ᠪᠢᠳᠠᠨ ᠤ ᠴᠢᠷᠮᠠᠶᠢᠬᠤ ᠴᠢᠭᠯᠡᠯ ᠪᠣᠯᠬᠤ ᠶᠤᠮ᠂ ᠡᠷᠬᠡᠪᠰᠢ | ᠠᠷᠠᠳ ᠲᠦᠮᠡᠨ ᠤ ᠠᠮᠢᠳᠤᠷᠠᠯ ᠢ ᠰᠢᠭᠤᠳ ᠨᠦᠯᠦᠭᠡᠯᠡᠵᠤ ᠪᠠᠶᠢᠭ᠎ᠠ ᠠᠰᠠᠭᠤᠳᠠᠯ ᠠᠴᠠ ᠭᠠᠷᠲᠠᠵᠤ ᠰᠤᠷᠭᠠᠨ ᠬᠦᠮᠦᠵᠢᠯ | ᠂ ᠪᠤᠷᠤᠭᠠᠨ ᠤᠰᠤᠨ ᠤ ᠭᠠᠳᠠᠭᠰᠢᠯᠠᠭᠤᠯᠤᠯᠲᠠ᠂ ᠳᠣᠯᠠᠭᠠᠯᠠᠯᠭ᠎ᠠ ᠶᠢᠨ ᠬᠤᠭᠤᠯᠠᠢ ᠰᠤᠪᠠᠭ᠂ ᠵᠠᠰᠠᠮᠠᠯ ᠵᠠᠮ ᠵᠡᠷᠭᠡ | ᠭᠤᠤᠯᠳᠠᠯᠭᠠᠲᠠᠢ ᠲᠦᠷᠦᠯ ᠵᠦᠢᠯ ᠢ ᠰᠠᠶᠢᠲᠤᠷ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠷᠢᠯᠭ᠎ᠠ ᠶᠢᠨ ᠠᠬᠢᠴᠠ ᠶᠢ | ᠲᠦᠷᠬᠡᠳᠬᠡᠨ ᠪᠠᠷᠢᠯᠭ᠎ᠠ ᠶᠢᠨ ᠶᠠᠰᠣ ᠴᠢᠨᠠᠷ ᠢ ᠴᠢᠩᠭ᠎ᠠ ᠠᠳᠬᠤᠨ ᠰᠠᠭᠤᠭᠠᠯᠢ ᠠᠷᠠᠳ ᠲᠤ ᠰᠢᠯᠢᠳᠡᠭ ᠰᠠᠶᠢᠨ | ᠠᠮᠢᠳᠤᠷᠠᠯ ᠤᠨ ᠤᠷᠴᠢᠨ ᠢ ᠬᠠᠩᠭᠠᠬᠤ ᠬᠡᠷᠡᠭᠲᠡᠢ ᠭᠡᠵᠡᠢ᠃ | ᠨᠣᠭᠤᠭᠠᠷᠠᠭᠤᠯᠤᠯᠲᠠ ᠶᠢ ᠦᠷᠬᠦᠯᠵᠢᠯᠡᠨ ᠰᠠᠶᠢᠵᠢᠷᠠᠭᠤᠯᠵᠣ ᠪᠠᠷᠢᠯᠭ᠎ᠠ ᠶᠢᠨ ᠲᠠᠯᠠᠪᠤᠷ ᠲᠤ ᠵᠤᠤ ᠹᠸᠢ ᠯᠦ | ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠵᠢᠭᠠᠵᠤ ᠭᠠᠷᠭᠠᠬᠤ ᠳᠤ ᠪᠠᠨ᠂ ᠡᠨᠡ ᠵᠢᠯ ᠪᠣᠯ ᠮᠠᠨ ᠤ ᠬᠤᠰᠢᠭᠤ ᠪᠦᠬᠦ | ᠤᠯᠤᠰ ᠤᠨ ᠬᠤᠰᠢᠭᠤ ᠰᠢᠶᠡᠨ ᠤ ᠳᠡᠰ ᠤᠨ ᠪᠤᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠵᠠᠩᠭᠢᠯᠠᠭ᠎ᠠ ᠶᠢᠨ ᠵᠢᠯ | ᠪᠤᠯᠬᠤ ᠶᠤᠮ᠂ ᠡᠷᠬᠡᠪᠰᠢ ᠠᠷᠠᠳ ᠤᠨ ᠲᠦᠯᠦᠭᠡ ᠪᠠᠶᠢᠭᠤᠯᠵᠤ ᠠᠷᠠᠳ ᠲᠤ ᠬᠠᠷᠠᠭᠠᠯᠵᠠᠯ ᠬᠦᠷᠲᠡᠭᠡᠬᠦ ᠤᠨᠤᠯᠵᠢᠭᠤᠨ ᠢ | ᠪᠠᠷᠢᠮᠲᠠᠯᠠᠨ ᠴᠡᠴᠡᠷᠯᠢᠭᠵᠢᠭᠦᠯᠦᠯᠲᠡ ᠨᠤᠭᠤᠭᠠᠷᠠᠭᠤᠯᠤᠯᠲᠠ ᠶᠢᠨ ᠦᠵᠡᠮᠵᠢ ᠶᠢ ᠳᠡᠭᠡᠭᠰᠢᠯᠡᠬᠦᠯᠬᠦ ᠢᠨᠵᠧᠨᠧᠷᠢᠩ ᠢ | ᠰᠠᠶᠢᠲᠤᠷ ᠬᠢᠵᠤ᠂ ᠬᠤᠲᠠ ᠪᠠᠯᠭᠠᠰᠤ ᠶᠢᠨ ᠦᠵᠡᠮᠵᠢ ᠶᠢ ᠰᠠᠶᠢᠵᠢᠷᠠᠭᠤᠯᠬᠤ ᠬᠡᠷᠡᠭᠲᠡᠢ ᠭᠡᠪᠡ᠃ ᠵᠤᠤ ᠹᠸᠢ ᠯᠦ | ᠴᠢᠬᠤᠯᠠᠴᠢᠯᠠᠬᠤ ᠳᠤ ᠪᠠᠨ᠂ ᠤᠳᠤᠬᠠᠨ ᠪᠣᠯ ᠶᠠᠭ ᠰᠠᠶᠢᠬᠠᠨ ᠨᠤᠭᠤᠭᠠᠷᠠᠭᠤᠯᠤᠯᠲᠠ ᠬᠢᠬᠦ ᠬᠠᠮᠤᠭ ᠤᠨ ᠰᠠᠶᠢᠨ ᠴᠠᠭ | ᠪᠣᠯᠬᠤ ᠶᠤᠮ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠪᠠᠶᠢᠭᠤᠯᠤᠯᠲᠠ ᠬᠢᠬᠦ ᠪᠠᠶᠢᠭᠤᠯᠭ᠎ᠠ ᠶᠢᠨ ᠬᠢᠨ | ᠡᠷᠬᠡᠪᠰᠢ ᠰᠤᠶᠤᠭ᠎ᠠ ᠮᠤᠳᠤ ᠴᠡᠴᠡᠭ ᠡᠪᠡᠰᠦ ᠰᠠᠶᠢᠳᠣᠷ ᠲᠠᠷᠢᠵᠤ᠂ ᠨᠣᠭᠤᠭᠠᠷᠠᠭᠤᠯᠣᠯᠳᠠ ᠶᠢᠨ ᠬᠢᠷᠢ ᠳᠦᠪᠰᠢᠨ ᠢ | ᠳᠡᠭᠡᠭᠰᠢᠯᠡᠭᠦᠯᠦᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠰᠠᠶᠢᠲᠤᠷ ᠬᠢᠵᠤ᠂ ᠴᠡᠴᠡᠭ | ᠮᠤᠳᠤᠨ ᠤ ᠤᠷᠭᠤᠯᠲᠠ ᠶᠢᠨ ᠨᠤᠷᠮ᠎ᠠ ᠶᠢ ᠳᠡᠭᠡᠭᠰᠢᠯᠡᠭᠦᠯᠦᠨ ᠬᠤᠲᠠ ᠪᠠᠯᠭᠠᠰᠤ ᠶᠢᠨ ᠴᠡᠴᠡᠷᠯᠢᠭᠵᠢᠭᠦᠯᠦᠯᠲᠡ | ᠨᠤᠭᠤᠭᠠᠷᠠᠭᠤᠯᠤᠯᠲᠠ ᠶᠢᠨ ᠪᠦᠬᠦᠶᠢᠯᠡ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃ |