ᠮᠠᠨ ᠤ ᠬᠤᠰᠢᠭᠤ ᠠᠵᠢᠯᠲᠠᠨ ᠠᠵᠢᠯᠴᠢᠨ ᠤ ᠰᠤᠶᠤᠯ ᠤᠨ ᠠᠵᠢᠯᠯᠠᠭᠠᠨ ᠤ ᠲᠥᠪ ᠪᠤᠯᠤᠨ ᠬᠤᠲᠠ ᠪᠠᠯᠭᠠᠰᠤ ᠶᠢᠨ ᠦᠵᠡᠮᠵᠢ ᠶᠢᠨ ᠤᠰᠤᠨ ᠰᠢᠰᠲ᠋ᠧᠮ ᠤᠨ ᠵᠢᠷᠤᠭ ᠲᠦᠯᠦᠪᠯᠡᠭᠡ ᠶᠢᠨ ᠲᠦᠰᠦᠯ ᠤᠨ ᠬᠢᠨᠠᠨ ᠳᠣᠭᠳᠠᠭᠠᠯᠳᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-04-26
     4 ᠰᠠᠷ᠎ᠠ ᠶᠢᠨ 19 ᠤ ᠡᠳᠦᠷ ᠮᠠᠨ ᠤ ᠬᠤᠰᠢᠭᠤ ᠠᠵᠢᠯᠲᠠᠨ ᠠᠵᠢᠯᠴᠢᠨ ᠤ ᠰᠤᠶᠤᠯ ᠤᠨ ᠠᠵᠢᠯᠯᠠᠭᠠᠨ ᠤ ᠲᠥᠪ ᠪᠤᠯᠤᠨ ᠬᠤᠲᠠ ᠪᠠᠯᠭᠠᠰᠣᠨ ᠤ ᠦᠵᠡᠮᠵᠢ ᠶᠢᠨ ᠤᠰᠤᠨ ᠰᠢᠰᠲ᠋ᠧᠮ ᠤᠨ ᠵᠢᠷᠤᠭ ᠲᠦᠯᠦᠪᠯᠡᠭᠡ ᠶᠢᠨ ᠲᠦᠰᠦᠯ ᠢ ᠬᠢᠨᠠᠨ ᠲᠤᠭᠲᠠᠭᠠᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠵᠢᠷᠤᠭ ᠲᠦᠯᠦᠪᠯᠡᠭᠡ ᠶᠢᠨ ᠲᠦᠰᠦᠯ ᠤᠨ ᠲᠤᠬᠠᠢ ᠰᠤᠳᠤᠯᠤᠨ ᠶᠠᠷᠢᠯᠴᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ ᠵᠢᠴᠢ ᠰᠢᠶᠡᠨ ᠤ ᠳᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠠᠯᠪᠠᠨ ᠭᠡᠷ᠂ ᠤᠷᠤᠨ ᠰᠠᠭᠤᠴᠠ ᠪᠤᠯᠤᠨ ᠬᠤᠲᠠ ᠬᠥᠳᠡᠭᠡ ᠶᠢᠨ ᠲᠦᠯᠦᠪᠵᠢᠬᠦᠯᠭᠡ ᠪᠦᠲᠦᠭᠡᠨ ᠪᠠᠶᠢᠭᠤᠯᠤᠯᠲᠠ ᠶᠢᠨ ᠳᠣᠪᠴᠢᠶ᠎ᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠳᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ ᠣᠷᠳᠣᠰ ᠬᠤᠲᠠ ᠶᠢᠨ ᠬᠤᠲᠠ ᠬᠥᠳᠡᠭᠡ ᠶᠢᠨ ᠨᠢᠭᠡᠳᠦᠯᠲᠡᠢ ᠲᠦᠯᠦᠪᠵᠢᠭᠦᠯᠭᠡ ᠶᠢᠨ ᠳᠣᠪᠴᠢᠶᠠᠨ ᠤ ᠳᠡᠳ᠋ ᠳᠠᠷᠤᠭ᠎ᠠ ᠬᠤᠤ ᠶᠦᠨ᠂ ᠤᠷᠳᠤᠰ ᠬᠤᠲᠠ ᠶᠢᠨ ᠬᠤᠩ ᠲᠤ ᠪᠠᠷᠢᠯᠭ᠎ᠠ ᠶᠢᠨ ᠬᠠᠶᠢᠨ ᠬᠡᠮᠵᠢᠯᠲᠡ ᠵᠢᠷᠤᠭ ᠲᠦᠯᠦᠪᠯᠡᠭᠡᠨ ᠤ ᠬᠦᠷᠢᠶᠡᠯᠡᠩ ᠤᠨ ᠳᠠᠷᠤᠭ᠎ᠠ ᠴᠢᠶᠡᠨ ᠪᠣᠣ ᠴᠧᠩ᠂ ᠤᠷᠳᠤᠰ ᠬᠤᠲᠠ ᠶᠢᠨ ᠲᠢᠶᠡᠨ ᠭᠦᠩ ᠪᠠᠷᠢᠯᠭ᠎ᠠ ᠶᠢᠨ ᠢᠨᠵᠧᠨᠧᠷᠢᠩ ᠤᠨ ᠵᠢᠷᠤᠭ ᠲᠦᠯᠦᠪᠯᠡᠭᠡᠨ ᠤ ᠬᠢᠵᠠᠭᠠᠷᠲᠦ ᠬᠠᠷᠢᠭᠤᠴᠠᠯᠭᠠᠲᠦ ᠺᠣᠮᠫᠠᠨᠢ ᠶᠢᠨ ᠬᠦᠷᠢᠶᠡᠯᠡᠩ ᠤᠨ ᠳᠠᠷᠤᠭ᠎ᠠ ᠹᠠᠨ ᠵᠢᠩ ᠰᠢᠶᠠ ᠵᠢᠴᠢ ᠵᠢᠷᠤᠭ ᠲᠦᠯᠦᠪᠯᠡᠭᠡᠨ ᠤ ᠺᠣᠮᠫᠠᠨᠢ ᠶᠢᠨ ᠬᠠᠷᠢᠭᠤᠴᠠᠯᠭᠠᠲᠠᠨ ᠬᠤᠷᠠᠯ ᠳᠤ ᠤᠷᠢᠭᠳᠠᠨ ᠤᠷᠤᠯᠴᠠᠪᠠ᠃     ᠬᠤᠷᠠᠯ ᠳᠡᠭᠡᠷ᠎ᠡ᠂ ᠬᠤᠰᠢᠭᠤ ᠬᠤᠲᠠ ᠬᠥᠳᠡᠭᠡ ᠶᠢᠨ ᠲᠦᠯᠦᠪᠵᠢᠭᠦᠯᠭᠡ ᠶᠢᠨ ᠬᠢᠨᠠᠨ ᠰᠢᠯᠭᠠᠬᠤ ᠲᠥᠪ ᠪᠤᠯᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠷᠢᠭᠤᠴᠠᠯᠭᠠᠲᠠᠨ ᠬᠠᠮᠢᠶ᠎ᠠ ᠪᠦᠬᠦᠢ ᠠᠵᠢᠯ ᠤᠨ ᠠᠬᠢᠴᠠ ᠶᠢᠨ ᠲᠤᠬᠠᠢ ᠲᠦᠭᠦᠮ ᠲᠠᠨᠢᠯᠴᠠᠭᠤᠯᠪᠠ᠃ ᠦᠪᠥᠷ ᠮᠣᠩᠭᠤᠯ ᠤᠨ ᠵᠦᠩ ᠶᠤᠸᠠᠨ ᠵᠢᠷᠤᠭ ᠲᠦᠯᠦᠪᠯᠡᠬᠡᠨ ᠤ ᠬᠦᠷᠢᠶᠡᠯᠡᠩ᠂ ᠦᠪᠦᠷ ᠮᠣᠩᠭᠤᠯ ᠤᠨ ᠵᠣ᠋ ᠶᠸᠦ ᠵᠢᠷᠤᠭ ᠲᠦᠯᠦᠪᠯᠡᠭᠡ ᠪᠤᠯᠤᠨ ᠯᠠᠪᠯᠠᠯᠲᠠ ᠶᠢᠨ ᠺᠤᠮᠫᠠᠨᠢ᠂ ᠴᠢᠩᠬᠤᠸᠠ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠵᠢᠷᠤᠭ ᠲᠦᠯᠦᠪᠯᠡᠭᠡ ᠶᠢᠨ ᠰᠣᠳᠣᠯᠭᠠᠨ ᠤ ᠬᠦᠷᠢᠶᠡᠯᠡᠩ ᠤᠨ ᠬᠢᠨ ᠠᠵᠢᠯᠲᠠᠨ  ᠤ ᠰᠤᠶᠤᠯ ᠤᠨ ᠠᠵᠢᠯᠯᠠᠭᠠᠨ ᠤ ᠲᠥᠪ ᠤᠨ ᠵᠢᠷᠤᠭ ᠲᠦᠯᠦᠪᠯᠡᠭᠡ ᠤᠨ ᠲᠤᠬᠠᠢ ᠲᠤᠰ ᠲᠤᠰ ᠲᠠᠨᠢᠯᠴᠠᠭᠤᠯᠵᠤ᠂ ᠪᠡᠭᠡᠵᠢᠩ ᠤᠨ ᠲᠤᠮᠳᠠᠳᠦ ᠭᠠᠳᠠᠭᠠᠲᠦ ᠶᠢᠨ ᠪᠠᠷᠢᠯᠭ᠎ᠠ ᠶᠢᠨ ᠢᠨᠵᠧᠨᠧᠷᠢᠩ ᠤᠨ ᠵᠢᠷᠤᠭ ᠲᠦᠯᠦᠪᠯᠡᠭᠡᠨ ᠤ ᠬᠢᠵᠠᠭᠠᠷᠲᠦ ᠺᠣᠮᠫᠠᠨᠢ ᠶᠢᠨ ᠬᠢᠨ ᠬᠤᠲᠠ ᠪᠠᠯᠭᠠᠰᠤ ᠶᠢᠨ ᠦᠵᠡᠮᠵᠢ ᠶᠢᠨ ᠤᠰᠤᠨ ᠰᠢᠰᠲ᠋ᠧᠮ ᠤᠨ ᠵᠢᠷᠤᠭ ᠲᠦᠯᠦᠪᠯᠡᠭᠡ ᠶᠢᠨ ᠲᠤᠬᠠᠢ ᠲᠠᠨᠢᠯᠴᠠᠭᠤᠯᠭ᠎ᠠ ᠬᠢᠪᠡ᠃      ᠳᠠᠨᠢᠯᠴᠠᠭᠤᠯᠭ᠎ᠠ ᠶᠢ ᠰᠤᠨᠤᠰᠤᠭᠰᠠᠨ ᠤ ᠳᠠᠷᠠᠭ᠎ᠠ ᠬᠤᠷᠠᠯ ᠳᠤ ᠤᠷᠤᠯᠴᠠᠭᠰᠠᠨ ᠲᠤᠰᠬᠠᠢ ᠮᠡᠷᠭᠡᠵᠢᠯᠲᠡᠳ ᠡᠯ᠎ᠡ ᠵᠢᠷᠤᠭ ᠲᠥᠯᠦᠪᠯᠡᠭᠡ ᠶᠢᠨ ᠲᠤᠬᠠᠢ ᠨᠠᠨᠳᠢᠨ ᠰᠠᠨᠠᠭᠤᠯᠭ᠎ᠠ ᠪᠠᠨ ᠳᠤᠷᠠᠳᠴᠦ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠦᠢᠯᠡᠳᠦᠯ ᠴᠢᠳᠠᠮᠵᠢ ᠶᠢᠨ ᠬᠤᠪᠢᠶᠠᠷᠢ ᠲᠣᠭᠤᠷᠢᠭ ᠪᠤᠯᠤᠨ ᠭᠠᠵᠠᠷ ᠰᠢᠷᠣᠢ ᠶᠢᠨ ᠠᠰᠢᠭᠯᠠᠯᠲᠠ ᠵᠡᠷᠭᠡ ᠲᠠᠯ᠎ᠠ ᠠᠴᠠ ᠰᠤᠳᠤᠯᠤᠨ ᠶᠠᠷᠢᠯᠴᠠᠵᠤ ᠰᠠᠨᠠᠯ ᠳᠤᠷᠠᠳᠤᠯᠭ᠎ᠠ ᠪᠠᠨ ᠳᠡᠪᠰᠢᠭᠦᠯᠵᠡᠭᠡᠪᠡ᠃      ᠵᠤᠤ ᠹᠸᠢ ᠯᠦ ᠵᠢᠭᠠᠬᠤ ᠳᠤ ᠪᠠᠨ ᠠᠵᠢᠯᠲᠠᠨ ᠤ ᠰᠤᠶᠤᠯ ᠤᠨ ᠠᠵᠢᠯᠯᠠᠭᠠᠨ ᠤ ᠲᠥᠪ ᠪᠤᠯᠤᠨ ᠬᠤᠲᠠ ᠪᠠᠯᠭᠠᠰᠤ ᠶᠢᠨ ᠦᠵᠡᠮᠵᠢ ᠶᠢᠨ ᠤᠰᠤᠨ ᠰᠢᠰᠲ᠋ᠧᠮ ᠪᠣᠯ ᠮᠠᠨ ᠤ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭᠠᠳᠣ ᠢᠨᠵᠧᠨᠧᠷᠢᠩ᠂ ᠰᠤᠶᠤᠯ ᠤᠨ ᠢᠨᠵᠧᠨᠧᠷᠢᠩ ᠪᠤᠯᠤᠨ ᠠᠷᠠᠳ ᠤᠨ ᠠᠮᠢᠵᠢᠷᠠᠯ ᠤᠨ ᠢᠨᠵᠧᠨᠧᠷᠢᠩ ᠪᠠᠶᠢᠵᠤ᠂ ᠬᠤᠲᠠ ᠪᠠᠯᠭᠠᠰᠤ ᠶᠢᠨ ᠦᠢᠯᠡᠳᠦᠯ ᠴᠢᠲᠠᠮᠵᠢ ᠶᠢ ᠲᠡᠭᠦᠯᠳᠡᠷᠵᠢᠭᠦᠯᠦᠨ᠂ ᠬᠤᠲᠠ ᠪᠠᠯᠭᠠᠰᠤ ᠶᠢᠨ ᠲᠡᠰ ᠲᠠᠪᠬᠤᠷᠭ᠎ᠠ ᠶᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠦᠷᠢ ᠳᠦᠷᠬᠦ ᠶᠢ ᠢᠯᠡᠷᠡᠭᠦᠯᠬᠦ ᠳᠤ ᠢᠳᠡᠪᠬᠢᠲᠠᠢ ᠦᠢᠯᠡᠳᠦᠯ ᠲᠠᠢ ᠶᠤᠮ᠃ ᠵᠢᠷᠤᠭ ᠲᠦᠯᠦᠪᠯᠡᠭᠡ ᠶᠢᠨ ᠺᠣᠮᠫᠠᠨᠢ ᠶᠢᠨ ᠬᠢᠨ ᠡᠷᠬᠡᠪᠰᠢ ᠬᠤᠷᠠᠯ ᠳᠤ ᠤᠷᠤᠯᠴᠠᠭᠰᠠᠳ ᠤᠨ ᠳᠤᠷᠠᠳᠤᠭᠰᠠᠨ ᠰᠠᠨᠠᠯ ᠳᠤᠷᠠᠳᠤᠯᠭ᠎ᠠ ᠶᠢ ᠦᠨᠳᠦᠰᠦᠯᠡᠨ᠂ ᠵᠢᠷᠤᠭ ᠲᠦᠯᠦᠪᠯᠡᠭᠡ ᠪᠠᠨ ᠵᠠᠰᠠᠨ ᠳᠡᠭᠦᠯᠳᠡᠷᠵᠢᠭᠦᠯᠵᠤ᠂ ᠴᠠᠭ ᠢ ᠵᠠᠪᠳᠤᠨ ᠪᠦᠷᠢᠨ ᠭᠦᠢᠴᠡᠳ ᠵᠢᠷᠤᠭ ᠲᠦᠯᠦᠪᠯᠡᠭᠡ  ᠪᠠᠨ ᠳᠤᠰᠢᠶᠠᠵᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠢᠨᠠᠮᠠᠭᠠᠢ ᠲᠦᠯᠦᠪᠵᠢᠭᠦᠯᠵᠤ᠂ ᠬᠠᠮᠲᠤᠷᠠᠯᠴᠠᠨ ᠵᠦᠪᠲᠡᠯᠴᠡᠵᠤ᠂ ᠲᠦᠷᠦᠯ ᠵᠦᠢᠯ ᠤᠨ ᠪᠠᠷᠢᠯᠭ᠎ᠠ ᠶᠢ ᠡᠷᠳᠡᠬᠡᠨ ᠡᠬᠢᠯᠡᠬᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠵᠣᠣ ᠹᠸᠢ ᠯᠦ ᠴᠢᠬᠤᠯᠠᠴᠢᠯᠠᠬᠤ ᠳᠤ ᠪᠠᠨ ᠬᠠᠮᠢᠶ᠎ᠠ ᠪᠦᠬᠦᠢ ᠰᠠᠯᠠᠭ᠎ᠠ ᠮᠦᠴᠢᠷ᠂ ᠵᠢᠷᠤᠭ ᠲᠦᠯᠦᠪᠯᠡᠭᠡ ᠶᠢᠨ ᠺᠣᠮᠫᠠᠨᠢ ᠡᠷᠬᠡᠪᠰᠢ ᠪᠠᠭ᠎ᠠ ᠵᠤᠭᠤᠰ ᠵᠠᠷᠤᠴᠠᠭᠤᠯᠵᠤ᠂ ᠶᠡᠭᠡ ᠠᠵᠢᠯ ᠪᠦᠲᠦᠭᠡᠬᠦ ᠵᠠᠷᠴᠢᠮ ᠢ ᠪᠠᠷᠢᠮᠲᠠᠯᠠᠨ᠂ ᠦᠢᠯᠡᠳᠦᠯ ᠴᠢᠳᠠᠮᠵᠢ ᠶᠢ ᠤᠨᠤᠪᠴᠢᠲᠠᠢ ᠲᠤᠭᠲᠠᠭᠠᠨ ᠦᠢᠯᠡᠳᠦᠯ ᠴᠢᠲᠠᠮᠵᠢ ᠶᠢᠨ ᠬᠤᠪᠢᠶᠠᠷᠢ ᠲᠤᠭᠤᠷᠢᠭ ᠢ ᠴᠢᠩᠭᠠᠳᠬᠠᠨ᠂ ᠲᠦᠷᠦᠯ ᠵᠦᠢᠯ ᠤᠨ ᠪᠤᠳᠠᠳᠤ ᠬᠡᠷᠡᠭᠴᠡᠭᠡ ᠶᠢ ᠬᠦᠢᠴᠡᠳ ᠪᠤᠳᠤᠯᠬᠢᠯᠠᠵᠤ᠂ ᠲᠦᠷᠦᠯ ᠵᠦᠢᠯ ᠤᠨ ᠤᠷᠤᠨ ᠳᠤᠭᠤᠷᠢᠭ ᠤᠨ ᠭᠠᠵᠠᠷ ᠰᠢᠷᠤᠢ ᠶᠢᠨ ᠠᠰᠢᠭᠯᠠᠯᠲᠠ ᠶᠢ ᠳᠡᠭᠡᠭᠰᠢᠯᠡᠬᠦᠯᠬᠦ ᠬᠡᠷᠡᠭᠲᠡᠢ᠃ ᠭᠠᠳᠠᠷ ᠬᠡᠪ ᠪᠠᠶᠢᠳᠠᠯ ᠤᠨ ᠲᠦᠯᠦᠪᠯᠡᠭᠡ ᠶᠢᠨ ᠲᠠᠯ᠎ᠠ ᠪᠠᠷ ᠮᠣᠩᠭᠤᠯ ᠶᠤᠸᠠᠨ ᠤ ᠰᠤᠶᠤᠯ ᠢ ᠳᠣᠪᠣᠶᠢᠯᠭᠠᠭᠰᠠᠨ ᠭᠤᠶᠢᠲᠠ ᠦᠵᠡᠮᠵᠢᠲᠠᠢ ᠪᠠᠶᠢᠬᠤ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠤ ᠰᠤᠶᠤᠯ ᠤᠨ ᠠᠵᠢᠯᠯᠠᠭᠠᠨ ᠤ ᠲᠥᠪ ᠪᠣᠯᠣᠨ ᠬᠤᠲᠠ ᠪᠠᠯᠭᠠᠰᠤ ᠶᠢᠨ ᠦᠵᠡᠮᠵᠢ ᠶᠢᠨ ᠤᠰᠤᠨ ᠰᠢᠰᠲ᠋ᠧᠮ ᠢ ᠦᠦᠰᠢᠨ ᠢᠶᠠᠨ ᠤᠬᠠᠭᠤᠯᠵᠤ᠂ ᠬᠤᠲᠠ ᠪᠠᠯᠭᠠᠰᠤ ᠶᠢᠨ ᠳᠦᠷᠢ ᠳᠦᠷᠬᠦ ᠶᠢ ᠢᠯᠡᠷᠡᠭᠦᠯᠬᠦ ᠨᠡᠶᠢᠳᠡᠯᠢᠭ ᠲᠦᠯᠦᠭᠡᠯᠡᠭᠴᠢ ᠴᠢᠨᠠᠷᠲᠠᠢ ᠪᠠᠷᠢᠯᠭ᠎ᠠ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号