ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠬᠤᠰᠢᠭᠤ ᠠᠶᠦᠯᠭᠦᠢ ᠦᠢᠯᠡᠳᠪᠦᠷᠢᠯᠡᠯ ᠤᠨ ᠵᠦᠪᠯᠡᠯ ᠤᠨ ᠬᠤᠷᠠᠯ ᠵᠢᠴᠢ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠤᠨ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-04-26
      4 ᠰᠠᠷ᠎ᠠ ᠶᠢᠨ 22 ᠤᠨ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠬᠤᠰᠢᠭᠤ ᠠᠶᠦᠯᠭᠦᠢ ᠦᠢᠯᠡᠳᠪᠦᠷᠢᠯᠡᠯ ᠤᠨ ᠵᠦᠪᠯᠡᠯ ᠤᠨ ᠬᠤᠷᠠᠯ ᠵᠢᠴᠢ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠸᠢ ᠯᠦ ᠬᠤᠷᠠᠯ ᠡᠷᠬᠢᠯᠡᠭᠰᠡᠨ ᠤ ᠬᠠᠮᠲᠦ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠬᠤᠰᠢᠭᠤ ᠤᠳᠤᠷᠢᠳᠤᠯᠭ᠎ᠠ ᠭᠤᠤ ᠬᠣ᠋᠂ ᠵᠸᠦ ᠱᠤᠸᠠᠢ᠂ ᠪᠠᠶᠠᠠᠴᠡᠩᠭᠡᠯ᠂ ᠪᠠᠶᠠᠨᠴᠢᠮᠡᠭ᠂ ᠯᠢ ᠬᠤᠩ ᠯᠢᠶᠠᠩ᠂ ᠡᠯ᠎ᠡ ᠰᠤᠮᠤ ᠪᠠᠯᠭᠠᠰᠤ ᠪᠤᠯᠤᠨ ᠠᠶᠦᠯᠭᠦᠢ ᠦᠢᠯᠡᠳᠪᠦᠷᠢᠯᠡᠯ ᠤᠨ ᠵᠦᠪᠯᠡᠯ ᠤᠨ ᠪᠦᠷᠢᠯᠳᠦᠭᠦᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠬᠡᠷ᠎ᠡ᠂ ᠬᠤᠰᠢᠭᠤ ᠠᠶᠦᠯᠭᠦᠢ ᠦᠢᠯᠡᠳᠪᠦᠷᠢᠯᠡᠯ ᠤᠨ ᠵᠦᠪᠯᠡᠯ ᠤᠨ ᠵᠢᠷᠭᠤᠭᠠᠨ ᠲᠤᠰᠬᠠᠢ ᠲᠦᠷᠦᠯ ᠤᠨ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠤᠶᠢᠷ᠎ᠠ ᠶᠢᠨ ᠬᠤᠭᠤᠴᠠᠭᠠᠨ ᠳᠠᠬᠢ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠤᠨ ᠲᠤᠬᠠᠢ ᠳᠣᠰ ᠳᠣᠰ ᠬᠠᠷᠢᠭᠤ ᠮᠡᠳᠡᠭᠦᠯᠪᠡ᠃      ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠵᠤᠤ ᠹᠸᠢ ᠯᠦ ᠵᠢᠭᠠᠬᠤ ᠳᠤ ᠪᠠᠨ᠂ ᠤᠳᠤᠬᠠᠨ ᠳᠤ ᠶᠠᠭ ᠰᠠᠶᠢᠬᠠᠨ ᠡᠯ᠎ᠡ ᠲᠦᠷᠦᠯ ᠵᠦᠢᠯ ᠤᠨ ᠪᠠᠷᠢᠯᠭ᠎ᠠ ᠵᠡᠷᠭᠡᠪᠡᠷ ᠡᠬᠢᠯᠡᠵᠤ ᠪᠠᠶᠢᠭ᠎ᠠ ᠬᠤᠭᠤᠴᠠᠭ᠎ᠠ ᠪᠠᠶᠢᠵᠤ᠂ ᠪᠦᠬᠦ ᠤᠯᠤᠰ ᠤᠨ ᠡᠯ᠎ᠡ ᠭᠠᠵᠠᠷ ᠣᠷᠣᠨ ᠳᠤ ᠠᠶᠦᠯᠭᠦᠢ ᠦᠢᠯᠡᠳᠪᠦᠷᠢᠯᠡᠯ ᠤᠨ ᠠᠳᠠᠯ ᠭᠡᠨᠡᠳᠡᠯ ᠤᠨ ᠬᠡᠷᠡᠭ ᠤᠯᠠᠨ ᠡᠬᠦᠰᠴᠣ ᠪᠠᠶᠢᠨ᠎ᠠ᠂ ᠡᠶᠢᠨᠬᠦ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠬᠠᠷᠢᠭᠤᠴᠠᠯᠭ᠎ᠠ ᠶᠢᠨ ᠳᠣᠭᠤᠰᠢᠯᠠᠭᠤᠯᠣᠯᠳᠠ᠂ ᠳᠠᠯᠳᠠ ᠭᠡᠮ ᠤᠨ ᠪᠠᠶᠢᠴᠠᠭᠠᠯᠲᠠ᠂ ᠠᠰᠠᠭᠤᠳᠠᠯ ᠤᠨ ᠵᠠᠰᠠᠨ ᠴᠡᠭᠴᠡᠯᠡᠯᠲᠡ ᠶᠢ ᠦᠨᠡᠨᠬᠦ ᠴᠢᠩᠭᠠᠳᠬᠠᠨ ᠠᠶᠦᠯᠭᠦᠢ ᠦᠢᠯᠡᠳᠪᠦᠷᠢᠯᠡᠯ ᠤᠨ ᠦᠷᠬᠦᠯᠵᠢᠯᠡᠬᠦᠶᠢᠴᠡ ᠲᠤᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ᠃ ᠵᠤᠤ ᠹᠸᠢ ᠯᠦ ᠴᠢᠬᠤᠯᠠᠴᠢᠯᠠᠬᠤ ᠳᠤ ᠪᠠᠨ ᠠᠵᠤ ᠠᠬᠤᠶᠢᠯᠠᠯ ᠤᠨ ᠭᠤᠣᠯ ᠴᠤᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠣᠷᠢᠵᠢᠭᠤᠯᠣᠯᠳᠠ ᠶᠢ ᠴᠢᠩᠭᠠᠳᠬᠠᠨ ᠠᠵᠤ ᠠᠬᠤᠶᠢᠯᠠᠯ ᠤᠨ ᠬᠢᠨ ᠢ ᠳᠠᠶᠢᠴᠢᠯᠠᠨ ︽ᠠᠶᠦᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠨᠢ ᠬᠠᠮᠤᠭ ᠶᠡᠭᠡ ᠦᠷ᠎ᠡ ᠠᠰᠢᠭ ᠲᠠᠢ ᠪᠣᠯᠬᠤ︾ ᠤᠨᠤᠯᠵᠢᠭᠤᠨ ᠢ ᠪᠠᠲᠤ ᠪᠤᠢ ᠪᠤᠯᠭᠠᠵᠤ᠂ ᠠᠶᠦᠯᠭᠦᠢ ᠦᠢᠯᠡᠳᠪᠦᠷᠢᠯᠡᠯ ᠤᠨ ᠪᠡᠯᠡ ᠣᠷᠣᠭᠤᠯᠣᠯᠲᠠ ᠪᠤᠯᠤᠨ ᠪᠤᠯᠪᠠᠰᠤᠷᠠᠯ ᠬᠢᠬᠦ ᠬᠦᠴᠦᠯᠡᠴᠡ ᠪᠠᠨ ᠨᠡᠮᠡᠭᠳᠡᠭᠦᠯᠦᠨ᠂ ᠳᠦᠷᠢᠮ ᠲᠤᠭᠲᠠᠭᠠᠯ ᠪᠤᠯᠤᠨ ᠦᠢᠯᠡᠳᠪᠦᠷᠢᠯᠡᠯ ᠤᠨ ᠠᠯᠬᠤᠮ ᠶᠠᠪᠤᠴᠠ ᠶᠢ ᠴᠢᠩᠭ᠎ᠠ ᠨᠠᠶᠢᠲᠠᠪᠤᠷᠢᠵᠢᠭᠤᠯᠵᠤ ᠰᠢᠨ᠎ᠡ ᠤᠷ᠎ᠠ ᠮᠡᠷᠭᠡᠵᠢᠯ᠂ ᠰᠢᠨ᠎ᠡ ᠲᠤᠨᠤᠭ ᠲᠦᠬᠦᠭᠡᠷᠦᠮᠵᠢ ᠬᠡᠷᠡᠭᠯᠡᠬᠦ ᠶᠢ ᠲᠦᠭᠡᠮᠡᠯᠵᠢᠭᠦᠯᠦᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠬᠢᠷᠢ ᠳᠦᠪᠰᠢᠨ ᠢ ᠦᠨᠡᠨᠬᠦ ᠳᠡᠭᠡᠭᠰᠢᠯᠡᠬᠦᠯᠬᠦ ᠬᠡᠷᠡᠭᠲᠡᠢ᠃ ᠲᠤᠮᠤ ᠬᠡᠯᠪᠡᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠲᠤᠰᠬᠠᠶᠢᠵᠢᠭᠰᠠᠨ ᠬᠢᠷᠢ ᠳᠦᠪᠰᠢᠨ ᠢ ᠳᠡᠭᠡᠭᠰᠢᠯᠡᠭᠦᠯᠦᠨ ᠳᠠᠯᠳᠠ ᠭᠡᠮ  ᠤᠨ ᠪᠠᠶᠢᠴᠠᠭᠠᠯᠳᠠ ᠶᠢ ᠪᠦᠬᠦ ᠲᠠᠯ᠎ᠠ ᠪᠠᠷ ᠰᠢᠰᠲ᠋ᠧᠮ ᠲᠠᠢ ᠪᠠᠷ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠪᠤᠯᠤᠨ ᠠᠵᠢᠯ ᠲᠦᠷᠦᠯ ᠤᠨ ᠰᠠᠯᠠᠭ᠎ᠠ ᠮᠦᠴᠢᠷ ᠤᠨ ᠬᠢᠨ ᠵᠢᠵᠢᠭ ᠠᠵᠤ ᠠᠬᠤᠶᠢᠯᠠᠯ᠂ ᠵᠢᠵᠢᠭ ᠬᠤᠳᠠᠯᠳᠤᠭᠠᠴᠢᠨ᠂ ᠵᠢᠵᠢᠭ ᠦᠢᠯᠡᠳᠬᠡᠯ ᠬᠢᠬᠦ ᠭᠠᠵᠠᠷ ᠳᠠᠬᠢ ᠪᠠᠶᠢᠴᠠᠭᠠᠯᠲᠠ ᠪᠤᠯᠤᠨ ᠬᠦᠮᠦᠵᠢᠯ ᠢᠶᠠᠨ ᠴᠢᠩᠭᠠᠳᠬᠠᠵᠤ᠂ ᠢᠯᠡᠷᠡᠬᠦᠯᠦᠭᠰᠡᠨ ᠳᠠᠯᠳᠠ ᠭᠡᠮ ᠢ ᠴᠠᠭ ᠲᠠᠷᠤᠢ ᠳᠤᠨᠢ ᠴᠡᠭᠴᠡᠯᠡᠨ ᠵᠠᠰᠠᠬᠤ ᠬᠡᠷᠡᠭᠲᠡᠢ᠃ ᠪᠠᠶᠢᠴᠠᠭᠠᠨ ᠢᠯᠡᠷᠡᠭᠦᠯᠦᠭᠰᠡᠨ ᠳᠠᠯᠳᠠ ᠭᠡᠮ ᠳᠤ ᠲᠠᠩᠰᠠ ᠡᠪᠬᠡᠮᠡᠯ ᠪᠠᠶᠢᠭᠤᠯᠵᠤ᠂ ᠲᠦᠷᠦᠯ ᠳᠠᠷᠠᠭᠠᠯᠠᠨ ᠴᠡᠭᠴᠡᠯᠡᠨ ᠵᠠᠰᠠᠬᠤ ᠬᠡᠷᠡᠭᠲᠡᠢ᠃ ᠬᠠᠤᠯᠢ ᠶᠢ ᠴᠢᠩᠭ᠎ᠠ ᠬᠡᠷᠡᠭᠵᠢᠭᠦᠯᠦᠨ ᠪᠠᠶᠢᠴᠠᠭᠠᠬᠤ ᠶᠢ ᠪᠠᠷᠢᠮᠲᠠᠯᠠᠵᠤ᠂ ᠬᠠᠤᠯᠢ ᠳᠦᠷᠢᠮ ᠢ ᠵᠦᠷᠢᠴᠡᠨ ᠦᠢᠯᠡᠳᠪᠦᠷᠢᠯᠡᠯ ᠬᠢᠭᠰᠡᠨ ᠠᠵᠤ ᠠᠬᠤᠶᠢᠯᠠᠯ ᠢ ᠴᠢᠩᠭ᠎ᠠ ᠰᠡᠷᠡᠮᠵᠢᠯᠡᠭᠦᠯᠬᠦ ᠬᠡᠷᠡᠭᠲᠡᠢ᠃ ᠳᠠᠯᠳᠠ ᠭᠡᠮ ᠤᠨ ᠰᠢᠯᠲᠠᠭᠠᠨ ᠢ ᠰᠠᠶᠢᠲᠤᠷ ᠵᠠᠳᠠᠯᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠣᠷᠢᠯᠡᠬᠦ ᠬᠡᠷᠡᠭᠲᠡᠢ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号